ᠱᠠᠩᠳᠤ ᠰᠢᠶᠠᠨ
ᠨᠡᠶᠢᠲᠡᠯᠡᠭᠰᠡᠨ ᠴᠠᠭ᠄
2018-07-17
     ᠱᠠᠩᠳᠤ ᠰᠢᠶᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠤᠮᠳᠠ ᠬᠡᠰᠡᠭ ᠲᠤ ᠪᠠᠶᠢᠷᠢᠰᠢᠵᠦ᠂ ᠤᠯᠠᠭᠠᠨᠴᠠᠪ ᠬᠤᠲᠠ ᠶᠢᠨ ᠨᠡᠶᠢᠰᠯᠡᠯ ᠪᠡᠭᠡᠵᠢᠩ ᠬᠦᠷᠬᠦ ᠰᠢᠭᠤᠳ ᠱᠤᠭᠤᠮ ᠤᠨ ᠵᠠᠢ ᠪᠠᠷ ᠬᠠᠮᠤᠭ ᠤᠨ ᠤᠶᠢᠷ᠎ᠠ ᠬᠤᠰᠢᠭᠤ ᠰᠢᠶᠠᠨ ᠤ ᠨᠢᠭᠡ ᠮᠥᠨ᠃ ᠪᠦᠬᠦ ᠰᠢᠶᠠᠨ ᠤ ᠶᠡᠷᠦᠩᠭᠡᠢ ᠳᠠᠯᠠᠪᠠᠢ 4353 ᠳᠡᠭᠰᠢ ᠲᠦᠷᠪᠡᠯᠵᠢᠨ ᠺᠢᠯᠤᠮᠧᠲᠷ᠂ 6 ᠪᠠᠯᠭᠠᠰᠤ 4 ᠰᠢᠶᠠᠩ᠂ 212 ᠲᠤᠰᠬᠤᠨ ᠤ ᠠᠷᠠᠳ ᠤᠨ ᠵᠦᠪᠯᠡᠯ᠂ 694 ᠲᠤᠰᠬᠤᠨ ᠤ ᠠᠷᠠᠳ  ᠤᠨ ᠳᠤᠭᠤᠶᠢᠯᠠᠩ ᠬᠠᠷᠢᠶᠠᠯᠠᠭᠳᠠᠵᠤ᠂ ᠶᠡᠷᠦᠩᠭᠡᠢ ᠬᠦᠮᠦᠨ ᠠᠮᠠ 34.2 ᠲᠦᠮᠡ ᠪᠠᠶᠢᠵᠤ᠂ ᠡᠬᠦᠨ ᠳᠤ ᠳᠠᠷᠢᠶᠠᠯᠠᠩ  ᠤᠨ ᠬᠦᠮᠦᠨ ᠠᠮᠠ 26.3 ᠲᠦᠮᠡ ᠪᠤᠯᠤᠨ᠎ᠠ᠃ ᠤᠯᠠᠭᠠᠨᠴᠠᠪ ᠬᠤᠲᠠ ᠶᠢᠨ ᠬᠦᠮᠦᠨ ᠠᠮᠠ ᠪᠠᠷ ᠠᠷᠪᠢᠨ ᠰᠢᠶᠠᠨ᠂ ᠲᠠᠷᠢᠶᠠᠯᠠᠩ ᠤᠨ ᠳᠤᠮᠤ ᠰᠢᠶᠠᠨ᠂ ᠮᠥᠨ ᠴᠦ ᠤᠯᠤᠰ ᠤᠨ ᠶᠠᠨ ᠱᠠᠨ ᠠᠭᠤᠯᠠ —— ᠲᠠᠶᠢᠬᠠᠩᠱᠠᠨ ᠠᠭᠤᠯᠠ  ᠶᠢᠨ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠬᠡᠰᠡᠭ ᠤᠷᠤᠨ ᠤ ᠰᠢᠶᠠᠨ ᠮᠥᠨ᠃ ᠰᠢᠶᠠᠨ ᠤ ᠵᠠᠰᠠᠭ ᠤᠨ ᠤᠷᠳᠤᠨ ᠪᠠᠶᠢᠭ᠎ᠠ ᠭᠠᠵᠠᠷ ᠴᠢ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠭᠤᠷᠢᠭ ᠤᠨ ᠳᠠᠯᠠᠪᠠᠢ 17 ᠳᠡᠭᠰᠢ ᠲᠦᠷᠪᠡᠯᠵᠢᠨ ᠺᠢᠯᠤᠮᠧᠲᠷ᠂ ᠬᠦᠮᠦᠨ ᠠᠮᠠ 11 ᠲᠦᠮᠡ ᠤᠷᠴᠢᠮ ᠪᠤᠢ᠃ ᠱᠠᠩᠳᠤ ᠦᠨᠢ ᠤᠳᠠᠭᠠᠨ ᠲᠡᠦᠭᠡ  ᠲᠠᠢ᠂ ᠡᠷᠳᠡᠨ ᠤ ᠰᠤᠳᠤᠯᠤᠯ ᠤᠨ ᠬᠡᠷᠡᠴᠢᠯᠡᠭᠰᠡᠨ ᠢᠶᠠᠷ᠂ ᠪᠠᠯᠠᠷ ᠡᠷᠳᠡᠨ ᠤ ᠨᠡᠶᠢᠭᠡᠮ ᠤᠨ ᠰᠡᠬᠦᠯᠴᠢ ᠶᠢᠨ ᠬᠤᠭᠤᠴᠠᠭᠠᠨ ᠳᠤ ᠳᠠᠷᠤᠢ ᠬᠦᠮᠦᠨ ᠲᠦᠷᠦᠯᠬᠢᠳᠡᠨ ᠤ ᠠᠵᠢᠯᠯᠠᠭ᠎ᠠ ᠲᠠᠢ᠂ ᠯᠢᠶᠤᠤ᠂ ᠠᠯᠳᠠᠨ᠂ ᠶᠤᠸᠠᠨ ᠤᠯᠤᠰ ᠤᠨ ᠦᠶᠡᠰ ᠵᠢᠵᠢᠭ ᠰᠢᠷᠤᠢ ᠶᠢᠨ ᠬᠡᠷᠡᠮ ᠤᠨ ᠡᠷᠳᠡᠨ ᠤ ᠬᠤᠲᠠ᠂ ᠶᠢᠨ ᠤᠯᠤᠰ ᠤᠨ ᠬᠢᠯᠢ ᠶᠢᠨ ᠭᠤᠤ᠂ ᠬᠦᠩᠵᠦ ᠶᠢᠨ ᠬᠤᠲᠠ ᠨᠢ ᠱᠠᠩᠳᠤ ᠶᠢᠨ 5000 ᠭᠠᠷᠤᠢ ᠵᠢᠯ ᠤᠨ ᠰᠤᠶᠤᠯ ᠤᠨ ᠳᠡᠦᠭᠡ ᠶᠢ ᠬᠡᠷᠡᠴᠢᠯᠡᠪᠡ᠃ ︽ᠬᠦᠭᠡ ᠳᠡᠭᠷᠢ  ᠶᠢᠨ ᠳᠤᠤᠷ᠎ᠠ᠂ ᠬᠦᠳᠡᠭᠡ ᠠᠭᠤᠳᠠᠮ ᠳᠠᠯ᠎ᠠ ᠳᠤ᠂ ᠦᠬᠡᠷ ᠬᠤᠨᠢ ᠪᠡᠯᠴᠢᠭᠡᠷᠯᠡᠨ ᠦᠵᠡᠮᠵᠢ ᠰᠠᠶᠢᠬᠠᠨ ᠪᠦᠷᠢᠳᠦᠭᠰᠡᠨ︾ ᠲᠤᠮᠤ ᠭᠤᠪᠢ ᠶᠢᠨ ᠳᠠᠯ᠎ᠠ ᠨᠤᠲᠤᠭ ᠪᠠᠶᠢᠵᠤ᠂ ᠮᠠᠨᠵᠤ ᠴᠢᠩ ᠤᠨ ᠡᠶᠡᠪᠡᠷ ᠵᠠᠰᠠᠭᠴᠢ ᠶᠢᠨ ᠦᠶ᠎ᠡ ᠳᠤ ᠠᠯᠳᠠᠨ ᠤᠷᠤᠭᠳᠠᠨ ᠤ ᠲᠦᠷᠪᠡᠨ ᠲᠤᠮᠤ ᠮᠠᠯᠵᠢᠯ ᠤᠨ ᠳᠠᠯᠠᠪᠠᠢ ᠶᠢᠨ ᠨᠢᠭᠡ ᠪᠠᠷ ᠡᠷᠬᠦᠮᠵᠢᠯᠡᠭᠳᠡᠪᠡ᠃ ᠵᠠᠭᠤᠨ ᠵᠢᠯ ᠤᠨ ᠡᠮᠦᠨᠡᠬᠢ ᠳᠡᠯᠡᠭᠡᠢ ᠳᠠᠶᠠᠭᠠᠷ ᠲᠤ ᠠᠯᠳᠠᠷ ᠮᠠᠨᠳᠤᠭᠰᠠᠨ ᠤᠮᠠᠷᠠᠳᠤ ᠤᠷᠤᠨ ᠤ ᠴᠠᠢ ᠶᠢᠨ ᠵᠠᠮ ᠪᠤᠯᠬᠤ ︽ᠴᠢᠭᠤᠯᠤᠯᠳᠤ ᠶᠡᠭᠡ ᠬᠦᠷᠢᠶ᠎ᠡ ᠶᠢᠨ ᠵᠠᠮ︾ ︵ᠴᠢᠭᠤᠯᠤᠯᠳᠤ ᠬᠠᠭᠠᠯᠭ᠎ᠠ — ᠮᠤᠩᠭᠤᠯ ᠤᠨ ᠤᠯᠠᠭᠠᠨᠪᠠᠭᠠᠳᠤᠷ︶ ᠨᠢ  ᠱᠠᠩᠳᠤ ᠶᠢᠨ ᠪᠦᠬᠦ ᠭᠠᠵᠠᠷ ᠢ ᠤᠭᠳᠤᠯᠵᠤ᠂ ᠲᠠᠯ᠎ᠠ ᠨᠤᠲᠤᠭ ᠤᠨ ᠰᠤᠶᠤᠯ᠂ ᠲᠠᠷᠢᠶᠠᠯᠠᠩ ᠤᠨ ᠰᠤᠶᠤᠯ ᠪᠠ ᠦᠷᠳᠡᠭᠡ ᠤᠯᠠᠭ᠎ᠠ  ᠶᠢᠨ ᠰᠤᠶᠤᠯ ᠬᠠᠷᠢᠯᠴᠠᠨ ᠢᠳᠡᠭᠡᠰᠢᠵᠦ᠂ ᠠᠭᠠᠵᠢᠮ ᠢᠶᠠᠷ ᠢᠯᠭᠠᠮ᠎ᠠ ᠳᠤᠳᠤ ᠭᠠᠵᠠᠷ ᠤᠷᠤᠨ ᠤ ᠤᠨᠴᠠᠯᠢᠭ ᠲᠠᠢ ᠬᠤᠳᠠᠯᠳᠤᠭᠠᠨ ᠤ ᠵᠠᠮ ᠤᠨ ᠰᠤᠶᠤᠯ ᠢ ᠪᠦᠷᠢᠯᠳᠦᠬᠦᠯᠪᠡ᠃       ᠬᠤᠶᠢᠰᠢᠳᠠ ᠶᠢᠨ ᠨᠢᠭᠡ ᠬᠤᠭᠤᠴᠠᠭᠠᠨ ᠳᠤ᠂ ᠱᠠᠩᠳᠤ ᠰᠢᠶᠠᠨ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠲᠦᠷᠦ ᠶᠢ ᠵᠠᠰᠠᠨ ᠵᠠᠰᠠᠭ ᠢ ᠡᠷᠬᠢᠯᠡᠬᠦ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠰᠢᠨ᠎ᠡ ᠰᠢᠢᠳᠪᠦᠷᠢᠳᠦ ᠪᠤᠳᠤᠯᠭ᠎ᠠ ᠰᠢᠨ᠎ᠡ ᠪᠠᠶᠢᠷᠢᠰᠢᠯᠠᠭᠤᠯᠤᠯᠳᠠ ᠰᠢᠨ᠎ᠡ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠦᠯᠦᠪ ᠢ ᠤᠨᠤᠪᠴᠢᠳᠠᠢ ᠡᠵᠡᠮᠰᠢᠵᠤ᠂ ᠲᠤᠭᠳᠠᠭᠤᠨ ᠤ ᠳᠤᠮᠳᠠ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠤ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠪᠡᠯᠡ ᠤᠷᠤᠭᠤᠯᠤᠯᠳᠠ ᠪᠠ ᠲᠦᠷᠦᠯ ᠢᠶᠠᠷ ᠳᠠᠶᠢᠴᠢᠯᠠᠬᠤ  ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ ᠰᠠᠶᠢᠳᠤᠷ ᠠᠮᠢᠳᠤᠯᠢᠭ ᠬᠡᠷᠡᠭᠯᠡᠵᠦ᠂ ᠤᠷᠴᠢᠨ ᠲᠤᠭᠤᠷᠢᠨ ᠢ ᠭᠤᠶᠤ ᠦᠵᠡᠰᠬᠦᠯᠡᠩ ᠪᠤᠯᠭᠠᠵᠤ᠂ ᠪᠤᠬᠢᠷᠳᠤᠯ ᠦᠭᠡᠢ᠂ ᠡᠬᠢ ᠪᠠᠶᠠᠯᠢᠭ᠂ ᠤᠷᠤᠨ ᠪᠠᠶᠢᠷᠢᠰᠢᠯ ᠤᠨ ᠭᠤᠷᠪᠠᠨ ᠳᠡᠮᠳᠡᠭ ︾ ᠢ ᠰᠠᠶᠢᠳᠤᠷ ᠳᠤᠳᠤᠷᠠᠭᠤᠯᠵᠤ᠂ ︽ᠵᠢᠷᠭᠤᠭᠠᠨ ᠨᠢᠭᠡ︾ ᠶᠢᠨ ᠪᠤᠬᠢᠷᠳᠤᠯ ᠦᠭᠡᠢ ᠳᠠᠷᠢᠶᠠᠯᠠᠩ ᠤᠨ ᠨᠡᠷᠡᠳᠦ ᠠᠵᠤ ᠦᠢᠯᠡᠰ ᠪᠠ ᠨᠡᠷᠡᠳᠦ ᠳᠡᠮᠳᠡᠭ ᠢ ᠰᠤᠩᠭᠠᠨ ᠪᠠᠶᠠᠯᠢᠭᠵᠢᠭᠤᠯᠵᠤ᠂ ᠸᠠᠭᠠᠷ ᠱᠠᠭᠠᠵᠠᠩ ᠪᠠᠷᠢᠯᠭ᠎ᠠ ᠶᠢᠨ ᠮᠠᠲ᠋ᠧᠷᠢᠶᠠᠯ᠂ ᠡᠮᠨᠡᠯᠭᠡ ᠶᠢᠨ ᠪᠠᠭᠠᠵᠢ ᠬᠡᠷᠡᠭᠰᠡᠯ᠂ ᠰᠢᠨ᠎ᠡ ᠡᠨᠧᠷᠬᠢ᠂ ᠰᠤᠶᠤᠯ ᠵᠤᠭᠠᠴᠠᠯ᠂ ᠬᠤᠳᠠᠯᠳᠤᠭ᠎ᠠ ᠠᠷᠠᠯᠵᠢᠶᠠᠨ ᠤ ᠬᠦᠢᠯᠭᠡᠭᠡ ︽ᠳᠠᠪᠤᠨ ᠳᠤᠮᠤ ᠠᠵᠤ ᠦᠢᠯᠡᠰ︾ ᠢ ᠪᠤᠶᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠠ ᠳᠠᠪᠤᠨ ᠬᠤᠲᠠ ᠶᠢ ᠬᠠᠮᠳᠤ ᠳᠤ ᠨᠢ ᠴᠤᠭᠴᠠᠯᠠᠬᠤ ︽ᠬᠤᠶᠠᠷ ᠪᠤᠭᠤᠮᠳᠠ ᠰᠢᠪᠳᠤᠯᠬᠤ ᠳᠠᠶᠢᠯᠠᠯᠳᠤᠭᠠᠨ︾ ᠢ ᠡᠷᠡᠰ ᠰᠢᠭᠤᠷᠬᠠᠢ ᠬᠢᠵᠦ ᠢᠯᠠᠯᠳᠠ ᠤᠯᠵᠤ᠂ ᠪᠦᠬᠦ ᠤᠷᠤᠨ ᠪᠦᠬᠦ ᠬᠤᠲᠠ ᠲᠠᠢ ᠵᠢᠭᠳᠡ ᠪᠠᠷ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠤᠨ᠎ᠠ᠃       ᠱᠠᠩᠳᠤ ᠪᠣᠯ ᠬᠦᠰᠡᠯ ᠡᠷᠡᠮᠡᠯᠵᠡᠯ ᠪᠤᠶᠠᠨ ᠬᠡᠰᠢᠭ ᠢ ᠬᠤᠷᠤᠶᠢᠯᠠᠭᠰᠠᠨ ᠬᠠᠯᠠᠭᠤᠨ ᠬᠦᠷᠦᠰᠦ ᠮᠥᠨ᠂ ᠪᠡᠯᠡ ᠤᠷᠤᠭᠤᠯᠵᠤ ᠦᠢᠯᠡᠰ ᠢᠶᠠᠨ ᠮᠠᠨᠳᠤᠭᠤᠯᠬᠤ ᠶᠢᠨ ᠡᠷᠳᠡᠨᠢ ᠶᠢᠨ ᠭᠠᠵᠠᠷ ᠮᠥᠨ᠂ ᠪᠦᠬᠦ ᠰᠢᠶᠠᠨ ᠤ ᠠᠷᠠᠳ ᠲᠦᠮᠡᠨ ᠬᠠᠯᠠᠭᠤᠨ ᠦᠷᠦᠴᠡ ᠪᠠᠨ ᠳᠡᠯᠭᠡᠵᠦ᠂ ᠵᠦᠭ ᠪᠦᠷᠢ ᠶᠢᠨ ᠵᠤᠴᠢᠨ ᠢᠶᠠᠨ ᠤᠭᠳᠤᠵᠤ᠂ ᠦᠨᠡᠨᠴᠢ ᠰᠡᠳᠬᠢᠯᠭᠡ ᠪᠠ ᠬᠦᠯᠦᠰᠦ ᠬᠦᠴᠦ ᠪᠠᠷ ᠢᠶᠠᠨ ᠭᠤᠶᠤ ᠰᠠᠶᠢᠬᠠᠨ ᠢᠷᠡᠭᠡᠳᠦᠢ ᠪᠠᠨ ᠬᠠᠮᠳᠤᠪᠠᠷ ᠴᠤᠭᠴᠠᠯᠠᠶ᠎ᠠ︕
 
ᠢᠷᠡᠯᠲᠡ᠄ ᠱᠠᠩᠳᠤ ᠰᠢᠶᠠᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2