2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/8/13
                         ——2018 ᠤᠨ ᠤ 3 ᠰᠠᠷ᠎ᠡ ᠶᠢᠨ 7 ᠤ ᠡᠳᠦᠷ ᠱᠠᠩᠳᠤ ᠰᠢᠶᠠᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠬᠡᠷ᠎ᠡ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠳᠠᠷᠤᠭ᠎ᠠ ᠼᠣᠣ ᠺᠠᠢ ᠬᠤᠩᠲᠦᠯᠦᠬᠡᠯᠡᠭᠴᠢᠳ ᠡ᠄      ᠤᠳᠤ᠂ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠂ ᠬᠢᠨᠠᠨ ᠵᠦᠪᠯᠡᠬᠦ ᠪᠤᠯᠪᠠᠤ᠂ ᠳᠡᠷᠡᠴᠢᠯᠡᠨ ᠰᠤᠯᠠ ᠤᠷᠤᠯᠴᠠᠭᠰᠡᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠨᠦᠬᠦᠳ ᠰᠠᠨᠠᠯ ᠪᠠ ᠰᠠᠨᠠᠭᠤᠯᠭ᠎ᠠ ᠪᠠᠨ ᠳᠤᠷᠠᠳᠬᠤ ᠪᠤᠯᠪᠠᠤ᠃      ᠨᠢᠬᠡ᠂ 2017 ᠤᠨ ᠤ ᠠᠵᠢᠯ ᠤᠨ ᠡᠷᠬᠢᠴᠡᠬᠦᠯᠦᠯ      ᠦᠩᠭᠡᠷᠡᠭᠰᠡᠨ ᠨᠢᠬᠡ ᠵᠢᠯ ᠳᠤ᠂ ᠰᠢᠶᠠᠨ ᠤ ᠠᠷᠠᠳ ᠤᠨ ᠵᠠᠰᠠᠭ ᠤᠨ ᠤᠷᠳᠤᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠡ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠷᠠᠳ ᠤᠨ ᠠᠮᠢᠳᠤᠷᠠᠯ ᠤᠨ ᠳᠡᠷᠢᠬᠦᠨ ᠢᠨᠵᠧᠨᠧᠷᠢᠩ ᠤᠨ ᠨᠢᠭᠳᠠ ᠳᠤᠭᠤᠷᠢᠨ ᠳᠤ᠂ ᠬᠦᠭᠵᠢᠯᠳᠡ ᠪᠤᠯ ᠨᠢᠬᠡᠳᠦᠬᠡᠷ ᠴᠢᠬᠤᠯᠠ ᠶᠠᠪᠤᠳᠠᠯ ᠪᠤᠯᠬᠤ ᠶᠢ ᠪᠠᠲᠤ ᠡᠵᠡᠮᠰᠢᠵᠤ᠂ ᠳᠤᠭᠳᠠᠭᠤᠨ ᠢᠶᠠᠷ ᠨᠡᠮᠡᠭᠳᠡᠬᠦᠯᠬᠦ᠂ ᠦᠬᠡᠷᠡᠴᠢᠯᠡᠯᠳᠡ ᠶᠢ ᠠᠬᠢᠭᠤᠯᠬᠤ᠂ᠪᠦᠲᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠬᠦ᠂ ᠬᠡᠨᠡᠨ ᠲᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢᠶᠠᠨ ᠨᠢᠬᠡᠳᠦᠯᠳᠡᠢ ᠲᠦᠯᠦᠪᠯᠡᠨ ᠰᠠᠶᠢᠲᠤᠷ ᠬᠢᠵᠤ᠂ ᠪᠦᠬᠦ ᠰᠢᠶᠠᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠡᠭᠡᠨ ᠰᠢᠨ᠎ᠡ ᠦᠷ᠎ᠡ ᠪᠦᠲᠦᠭᠡᠯ ᠰᠢᠨ᠎ᠡ ᠠᠬᠢᠯᠳᠠ ᠳᠠᠪᠰᠢᠯᠳᠠ ᠶᠢ ᠤᠯᠵᠠᠢ᠃ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠰᠢᠶᠠᠨ ᠤ ᠬᠤᠳᠠ ᠶᠢ ᠠᠮᠵᠢᠯᠳᠠ ᠲᠠᠢ ᠴᠤᠭᠴᠠᠯᠠᠵᠤ᠂ ᠳᠦᠷᠪᠡᠳᠦᠬᠡᠷ ᠪᠦᠯᠦᠭ ᠤᠨ ᠤᠯᠤᠰ ᠤᠨ ᠳᠡᠰ ᠤᠨ ᠬᠦᠳᠡᠭᠡ ᠳᠤᠰᠬᠤᠨ ᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠬᠦᠯᠬᠦ ᠡᠬᠦᠳᠦᠨ ᠪᠠᠶᠢᠭᠤᠯᠤᠯᠳᠠ ᠶᠢᠨ ᠰᠢᠶᠠᠨ ᠤ ᠬᠡᠪᠴᠢᠶᠡᠨ ᠳᠤ ᠤᠷᠤᠵᠤ᠂ ᠦᠪᠡᠷᠳᠡᠬᠡᠨ ᠵᠠᠰᠠᠬᠤ ᠤᠷᠤᠨ ᠤ ᠴᠤᠷ ᠤᠨ ᠭᠠᠭᠴᠠ ᠪᠦᠬᠦ ᠤᠯᠤᠰ ᠤᠨ ᠲᠦᠯᠦᠪᠯᠡᠬᠡᠳᠦ ᠦᠷᠡᠵᠢᠯ ᠤᠨ ᠦᠨᠳᠦᠰᠦᠨ ᠱᠠᠲᠤᠨ ᠤ ᠤᠯᠠᠨ ᠲᠦᠮᠡᠨ ᠤ ᠦᠪᠡᠷᠳᠡᠬᠡᠨ ᠵᠠᠰᠠᠬᠤ ᠤᠷᠤᠨ ᠤ ᠵᠢᠱᠢᠶ᠎ᠡ ᠦᠵᠡᠬᠦᠯᠬᠦ ᠰᠢᠶᠠᠨ ᠢᠶᠠᠷ ᠳᠤᠭᠳᠠᠭᠠᠭᠳᠠᠭᠰᠠᠨ ᠪᠠᠶᠢᠨ᠎ᠠ᠃      ᠨᠢᠬᠡ ᠵᠢᠯ ᠤᠨ ᠳᠤᠷᠰᠢ᠂ ᠪᠢᠳᠡ ᠳᠤᠤᠷᠡᠬᠢ ᠠᠵᠢᠯ ᠤᠳ ᠢ ᠭᠤᠤᠯᠳᠠᠯᠭ᠎ᠠ ᠲᠠᠢ ᠶᠠᠪᠤᠭᠳᠠᠭᠤᠯᠪᠠ᠄      —— ᠠᠵᠤ ᠠᠬᠤᠢ ᠶᠢᠨ ᠵᠢᠭᠠᠯᠳᠠ ᠳᠤᠭ᠎ᠠ ᠶᠢ ᠰᠠᠨᠠᠭᠠᠴᠢᠯᠠᠭ᠎ᠠ ᠠᠴᠠ ᠪᠠᠨ ᠪᠤᠳᠠᠳᠠᠢ ᠬᠢᠵᠤ᠂ ᠠᠵᠤ ᠠᠬᠤᠢ ᠶᠢᠨ ᠡᠷᠬᠢᠯᠳᠡ ᠶᠢᠨ ᠶᠠᠰᠤ ᠴᠢᠨᠠᠷ ᠢ ᠳᠡᠭᠡᠭᠰᠢᠯᠡᠬᠦᠯᠪᠡ᠃ ᠦᠨᠡᠨ ᠠᠴᠠ ᠵᠦᠪ ᠢ ᠡᠷᠢᠬᠦ᠂ ᠬᠦᠭᠵᠢᠯᠳᠡ ᠶᠢᠨ ᠶᠠᠰᠤ ᠴᠢᠨᠠᠷ ᠢ ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠤ᠂ ᠲᠦᠪ᠂ ᠦᠪᠡᠷᠳᠡᠬᠡᠨ ᠵᠠᠰᠠᠬᠤ ᠤᠷᠤᠨ ᠤ ᠨᠢᠬᠡᠳᠦᠯᠳᠡᠢ ᠱᠠᠭᠠᠷᠳᠠᠯᠭ᠎ᠠ ᠶᠤᠰᠤᠭᠠᠷ᠂ ᠠᠵᠤ ᠠᠬᠤᠢ ᠶᠢᠨ ᠰᠠᠭᠤᠷᠢ ᠳ᠋ᠠᠶᠢᠲ᠋ᠠ ᠶᠢ ᠰᠠᠨᠠᠭᠠᠴᠢᠯᠠᠭ᠎ᠠ ᠠᠴᠠ ᠪᠠᠨ ᠦᠨᠡᠨᠬᠦ ᠬᠢᠪᠡ᠃ ᠳᠤᠯᠤᠭᠠᠨ ᠲᠦᠷᠦᠯ ᠤᠨ ᠠᠵᠤ ᠠᠬᠤᠢ ᠶᠢᠨ ᠭᠤᠤᠯ ᠵᠢᠭᠠᠯᠳᠠ ᠳᠤᠭᠠᠨ ᠤ ︽ᠳᠠᠪᠤ ᠨᠢ ᠳᠡᠭᠡᠭᠰᠢᠯᠡᠵᠤ᠂ ᠬᠤᠶᠠᠷ ᠨᠢ ᠳᠤᠷᠤᠭᠰᠢᠯᠠᠪᠠ︾᠂ ᠡᠬᠦᠨ ᠳᠤ᠄ ᠭᠡᠷ ᠭᠠᠵᠠᠷ ᠬᠦᠷᠦᠩᠭᠡ ᠶᠢᠨ ᠵᠠᠬ᠎ᠠ ᠳᠡᠯᠬᠡᠬᠦᠷ ᠪᠦᠷᠦᠭ ᠪᠠᠷᠤᠭ ᠮᠠᠭᠤᠳᠠᠭᠰᠠᠨ ᠪᠠ ᠨᠢᠬᠡᠳᠦᠬᠡᠷ ᠠᠵᠤ ᠦᠢᠯᠡᠰ ᠤᠨ ᠲᠦᠷᠦᠯ ᠵᠦᠢᠯ ᠤᠨ ᠬᠡᠰᠡᠭ ᠠᠵᠢᠯ ᠲᠦᠷᠦᠯ ᠤᠨ ᠪᠡᠯᠡ ᠤᠷᠤᠭᠤᠯᠤᠯᠳᠠ ᠮᠠᠰᠢ ᠶᠡᠭᠡ ᠪᠠᠷ ᠳᠤᠷᠤᠭᠰᠢᠯᠠᠭᠰᠠᠨ ᠠᠴᠠ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 30 ᠳ᠋ᠦᠩᠰᠢᠭᠤᠷ ᠳᠦᠬᠦᠷᠢᠭ ᠪᠡᠶᠡᠯᠡᠬᠦᠯᠵᠤ᠂ 16.9% ᠪᠠᠷ ᠳᠤᠷᠤᠭᠰᠢᠯᠠᠭᠰᠠᠨ ᠪᠠᠶᠢᠨ᠎ᠠ᠃ ᠤᠯᠠᠨ ᠨᠡᠶᠢᠳᠡ ᠶᠢᠨ ᠡᠩ ᠤᠨ ᠲᠦᠰᠦᠪ ᠤᠨ ᠤᠷᠤᠯᠭ᠎ᠠ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠤᠯᠭᠠᠬᠤ︾ ᠶᠢ ᠪᠦᠬᠦ ᠳᠠᠯ᠎ᠠ ᠪᠠᠷ ᠳᠡᠯᠬᠡᠷᠡᠬᠦᠯᠬᠦ᠂ ᠴᠤᠭᠭᠠᠷ ᠡᠳ᠋ᠯᠡᠬᠦ ᠤᠷᠤᠯᠭ᠎ᠠ ᠶᠢᠨ ᠬᠤᠪᠢᠶᠠᠷᠢᠯᠠᠯᠳᠠ ᠶᠢᠨ ᠬᠠᠷᠢᠴᠡᠯ ᠤᠨ ᠳᠤᠬᠢᠷᠠᠭᠤᠯᠤᠯᠳᠠ ᠪᠠ ᠭᠠᠶᠢᠯᠢ ᠶᠢ ᠬᠠᠰᠤᠵᠤ ᠵᠠᠷᠤᠳᠠᠯ ᠢ ᠪᠠᠭᠤᠷᠠᠭᠤᠯᠬᠤ ᠵᠡᠷᠬᠡ ᠲᠦᠷᠦ ᠶᠢᠨ ᠪᠤᠳᠤᠯᠭ᠎ᠠ ᠶᠢᠨ ᠴᠢᠨᠠᠷᠳᠠᠢ ᠳᠠᠳᠠᠪᠤᠷᠢ ᠶᠢᠨ ᠬᠠᠰᠤᠯᠳᠠ ᠶᠢᠨ ᠨᠦᠯᠦᠬᠡᠯᠡᠯ ᠠᠴᠠ ᠪᠤᠯᠵᠤ 1.56 ᠳ᠋ᠦᠩᠰᠢᠭᠤᠷ ᠳᠦᠬᠦᠷᠢᠭ ᠪᠡᠶᠡᠯᠡᠬᠦᠯᠵᠤ᠂ 8.6% ᠪᠠᠷ ᠳᠤᠷᠤᠭᠰᠢᠯᠠᠪᠠ᠃ ᠪᠤᠰᠤᠳ ᠳᠠᠪᠤᠨ ᠲᠦᠷᠦᠯ ᠤᠨ ᠵᠢᠭᠠᠯᠳᠠ ᠳᠤᠭ᠎ᠠ ᠳᠤ ᠴᠦᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠯ ᠲᠠᠢ ᠪᠤᠯᠵᠤ᠂ ᠡᠬᠦᠨ ᠳᠤ ᠪᠦᠬᠦ ᠰᠢᠶᠠᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 47.6 ᠳ᠋ᠦᠩᠰᠢᠭᠤᠷ ᠳᠦᠬᠦᠷᠢᠭ ᠪᠡᠶᠡᠯᠡᠬᠦᠯᠵᠤ᠂ 5.5% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ  ᠤ ᠬᠢ ᠠᠴᠠ 5.8% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠭᠡᠢ ᠳᠤᠭ᠎ᠠ 35.47 ᠳ᠋ᠦᠩᠰᠢᠭᠤᠷ ᠳᠦᠬᠦᠷᠢᠭ ᠪᠡᠶᠡᠯᠡᠬᠦᠯᠵᠤ᠂ 7.7% ᠪᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠳᠤᠰᠪᠤᠷᠢ 25801 ᠳᠦᠬᠦᠷᠢᠭ ᠪᠠ 9257 ᠳᠦᠬᠦᠷᠢᠭ ᠲᠤ ᠬᠦᠷᠴᠦ᠂ 8.55%  ᠪᠠ 8.28% ᠪᠠᠷ ᠨᠡᠮᠡᠭᠳᠡᠪᠡ᠃ ᠰᠠᠭᠤᠷᠢ ᠳᠤᠭ᠎ᠠ ᠶᠢ ᠪᠤᠳᠠᠳᠠᠢ ᠬᠢᠭᠰᠡᠨ ᠤ ᠳᠠᠷᠠᠭ᠎ᠠ᠂ ᠦᠨᠳᠦᠷ ᠶᠠᠰᠤ ᠴᠢᠨᠠᠷ ᠲᠠᠢ ᠬᠦᠭᠵᠢᠯᠳᠡ ᠶᠢ ᠪᠡᠶᠡᠯᠡᠬᠦᠯᠬᠦ ᠳᠤ ᠠᠰᠢᠭᠳᠠᠢ ᠨᠦᠬᠦᠴᠡᠯ ᠪᠦᠷᠢᠯᠳᠦᠬᠦᠯᠪᠡ᠃ ᠪᠦᠬᠦ ᠵᠢᠯ ᠤᠨ ᠠᠵᠤ ᠦᠢᠯᠡᠳᠪᠦᠷᠢ ᠶᠢᠨ ᠬᠡᠷᠡᠭᠯᠡᠬᠡᠨ ᠤ ᠴᠠᠬᠢᠯᠭᠠᠨ ᠤ ᠬᠡᠮᠵᠢᠶ᠎ᠡ 15.12 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 10.5% ᠪᠠᠷ ᠨᠡᠮᠡᠭᠳᠡᠪᠡ︔ ᠬᠡᠪᠴᠢᠶᠡᠵᠢᠯ  ᠠᠴᠠ ᠳᠡᠬᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠤᠷᠤᠯᠠᠭᠤᠯᠭ᠎ᠠ ᠶᠢᠨ ᠨᠤᠷᠮ᠎ᠡ 94.7% ᠳᠤ ᠬᠦᠷᠴᠦ ᠂ 9.1% ᠪᠠᠷ ᠨᠡᠮᠡᠭᠳᠡᠪᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 27.48 ᠳ᠋ᠦᠩᠰᠢᠭᠤᠷ ᠳᠦᠬᠦᠷᠢᠭ᠂ 12.4% ᠪᠠᠷ ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ ᠶᠢᠨ ᠡᠵᠡᠯᠡᠭᠰᠡᠨ ᠬᠠᠷᠢᠴᠡᠯ ᠳᠡᠬᠡᠷ᠎ᠡ ᠵᠢᠯ ᠤᠨ 29.2% ᠠᠴᠠ 24.95% ᠪᠤᠯᠵᠤ ᠳᠤᠷᠤᠭᠰᠢᠯᠠᠪᠠ︔ ᠭᠤᠷᠪᠠᠳᠤᠭᠠᠷ ᠠᠵᠤ ᠦᠢᠯᠡᠰ ᠤᠨ ᠪᠦᠲᠦᠴᠡ ᠳᠡᠬᠡᠷ᠎ᠡ ᠵᠢᠯ ᠤᠨ 27.8᠄ 31.7᠄ 40.5 ᠠᠴᠠ 26.8᠄ 32.1᠄ 41.1 ᠪᠤᠯᠭᠠᠨ ᠴᠢᠨᠠᠭᠰᠢᠳᠡ ᠳᠤᠬᠢᠷᠠᠭᠤᠯᠵᠤ᠂ ᠠᠵᠤ ᠠᠬᠤᠢ ᠳᠤᠭᠳᠠᠭᠤᠨ ᠤ ᠳᠤᠮᠳᠠ ᠰᠠᠶᠢᠵᠢᠷᠠᠵᠤ᠂ ᠳᠤᠭᠳᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠬᠦᠯᠬᠦ ᠰᠠᠶᠢᠨ ᠰᠠᠶᠢᠬᠠᠨ ᠬᠠᠨᠳᠤᠰᠢ ᠲᠠᠢ ᠪᠤᠯᠪᠠ᠃      — ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠠᠯᠬᠤᠴᠠ ᠪᠠᠨ ᠳᠦᠷᠭᠡᠳᠭᠡᠪᠡ᠃ ᠶᠠᠳᠠᠭᠤ  ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠳᠠᠯ᠎ᠠ ᠶᠢ ᠬᠠᠮᠤᠷᠠᠭᠤᠯᠵᠤ᠂ ᠪᠦᠬᠦ ᠰᠢᠶᠠᠨ ᠤ ᠠᠵᠢᠯ ᠤᠨ ᠴᠢᠭᠯᠡᠯ᠂ ᠠᠵᠢᠯ ᠤᠨ ᠬᠦᠴᠦᠨ᠂ ᠠᠵᠢᠯ ᠤᠨ ᠭᠤᠤᠯᠳᠠᠯᠭ᠎ᠠ ᠪᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠡᠬᠡᠷ᠎ᠡ ᠲᠦᠪᠯᠡᠷᠡᠬᠦᠯᠦᠨ ᠰᠢᠯᠵᠢᠬᠦᠯᠵᠤ᠂ ᠶᠠᠳᠠᠭᠤ  ᠶᠢ ᠳᠡᠳᠬᠦᠬᠦ ᠨᠡᠶᠢᠬᠡᠮ ᠤᠨ ᠡᠬᠢ ᠪᠠᠶᠠᠯᠢᠭ᠂ ᠳᠡᠳᠬᠦᠨ ᠳᠡᠮᠵᠢᠬᠦ ᠪᠡᠯᠡ ᠮᠦᠩᠭᠦ᠂ ᠲᠦᠷᠦ ᠶᠢᠨ ᠪᠤᠳᠤᠯᠭ᠎ᠠ ᠪᠠᠷ ᠳᠡᠮᠵᠢᠬᠦ ᠶᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠳᠡᠬᠡᠷ᠎ᠡ ᠭᠤᠤᠯᠳᠠᠯᠭ᠎ᠠ ᠲᠠᠢ ᠬᠡᠯᠪᠡᠶᠢᠯᠬᠡᠵᠤ᠂ ᠺᠠᠳ᠋ᠷ ᠠᠵᠢᠯᠳᠠᠨ ᠤ ᠳᠠᠨᠢᠯᠳᠠ ᠪᠠ ᠦᠢᠯᠡᠳᠦᠯᠬᠡ ᠶᠢ ᠬᠦᠳᠡᠭᠡ ᠳᠤᠰᠬᠤᠨ ᠳᠠᠷᠢᠶᠠᠴᠢᠨ ᠳᠠᠷᠢᠶᠠᠯᠠᠩ  ᠳᠤ ᠲᠦᠪᠯᠡᠷᠡᠬᠦᠯᠦᠨ ᠤᠷᠤᠭᠤᠯᠵᠤ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠶᠢ ᠳᠡᠳᠬᠦᠬᠦ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ᠂ ᠠᠵᠢᠯ ᠤᠨ ᠰᠢᠰᠲ᠋ᠧᠮᠵᠢ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠴᠢᠨᠠᠭᠰᠢᠳᠡ ᠳᠡᠬᠦᠯᠳᠡᠷᠵᠢᠬᠦᠯᠦᠨ ᠪᠦᠷᠢᠨᠰᠢᠬᠦᠯᠵᠤ᠂ ᠭᠤᠤᠯᠳᠠᠯᠭ᠎ᠠ ᠲᠠᠢ ᠶᠠᠳᠠᠭᠤ ᠶᠢ ᠳᠡᠳᠬᠦᠬᠦ 12 ᠲᠦᠷᠦᠯ ᠤᠨ ᠢᠨᠵᠧᠨᠧᠷᠢᠩ ᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠪᠠ᠃ ᠶᠠᠳᠠᠭᠤ ᠶᠢ ᠳᠡᠳᠬᠦᠬᠦ ᠤᠷᠤᠭᠤᠯᠤᠯᠳᠠ ᠦᠷᠬᠦᠯᠵᠢᠯᠡᠨ ᠨᠡᠮᠡᠭᠳᠡᠵᠤ᠂ ᠪᠦᠬᠦ ᠵᠢᠯ ᠳᠤ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠪᠡᠯᠡ ᠮᠦᠩᠭᠦ ᠨᠡᠶᠢᠳᠡ 2.59 ᠳ᠋ᠦᠩᠰᠢᠭᠤᠷ ᠳᠦᠬᠦᠷᠢᠭ ᠤᠷᠤᠭᠤᠯᠵᠤ᠂ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ᠃ ᠤᠨᠢᠨ ᠳᠡᠬᠡᠷ᠎ᠡ ᠨᠢ ᠶᠠᠳᠠᠭᠤ ᠶᠢ ᠳᠡᠳᠬᠦᠭᠰᠡᠨ ᠰᠠᠭᠤᠷᠢᠨ ᠳᠡᠬᠡᠷ᠎ᠡ ᠪᠠᠨ ᠤᠯᠠᠮ ᠢᠯᠡᠬᠦᠦ ᠪᠠᠬᠢᠯᠡᠵᠤ᠂ ᠶᠠᠳᠠᠭᠤ ᠬᠦᠴᠢᠷᠳᠡᠯᠳᠡᠢ ᠬᠦᠮᠦᠨ ᠠᠮᠠ 2021 ᠡᠷᠦᠬᠡ᠂ 4280 ᠬᠦᠮᠦᠨ ᠢ ᠰᠢᠨ᠎ᠡ ᠪᠠᠷ ᠳᠠᠨᠢᠵᠤ᠂ ᠬᠡᠳᠡᠷᠬᠡᠨ ᠶᠠᠳᠠᠭᠤᠷᠠᠭᠰᠠᠨ ᠨᠢ 556 ᠡᠷᠦᠬᠡ᠂ 1340 ᠬᠦᠮᠦᠨ᠂ 253 ᠬᠦᠮᠦᠨ ᠢ ᠠᠶᠠᠨᠳᠠᠭᠠᠨ ᠬᠤᠪᠢᠷᠠᠭᠤᠯᠤᠨ ᠨᠡᠮᠡᠵᠤ᠂ 611 ᠬᠦᠮᠦᠨ ᠢ ᠬᠠᠰᠤᠵᠤ᠂ ᠶᠠᠳᠠᠭᠤ ᠠᠴᠠ ᠪᠠᠨ ᠠᠩᠭᠢᠵᠢᠷᠠᠭᠠᠳᠤᠢ ᠶᠠᠳᠠᠭᠤ ᠬᠦᠴᠢᠷᠳᠡᠯ ᠲᠠᠢ ᠬᠦᠮᠦᠨ ᠠᠮᠠ 13387 ᠪᠤᠢ᠃ ᠵᠢᠯ ᠤᠨ ᠳᠤᠳᠤᠷ᠎ᠡ 11321 ᠶᠠᠳᠠᠭᠤ ᠬᠦᠴᠢᠷᠳᠡᠯᠳᠡᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ ᠨᠢ ᠠᠩᠭᠢᠵᠢᠷᠠᠭᠤᠯᠵᠤ᠂ 16 ᠶᠠᠳᠠᠭᠤ ᠬᠦᠴᠢᠷᠳᠡᠯᠳᠡᠢ ᠳᠤᠰᠬᠤᠨ ᠶᠠᠳᠠᠭᠤ ᠬᠦᠴᠢᠷᠳᠡᠯᠳᠡᠢ ᠵᠢᠭᠰᠠᠭᠠᠯ ᠠᠴᠠ ᠤᠬᠤᠷᠢᠨ ᠭᠠᠷᠴᠦ᠂ ᠶᠠᠳᠠᠭᠤ ᠬᠦᠴᠢᠷᠳᠡᠯ ᠲᠠᠢ ᠪᠤᠯᠬᠤ ᠨᠤᠷᠮ᠎ᠡ 7.47% ᠪᠠᠶᠢᠭᠰᠠᠨ ᠠᠴᠠ 5.15% ᠪᠤᠯᠵᠤ ᠳᠤᠷᠤᠭᠰᠢᠯᠠᠪᠠ᠃      — ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠳᠤᠭᠳᠠᠭᠤᠨ ᠢᠶᠠᠷ ᠠᠬᠢᠵᠢᠵᠤ᠂ ᠬᠦᠭᠵᠢᠯᠳᠡ ᠶᠢᠨ ᠬᠢᠷᠢ ᠲᠦᠪᠰᠢᠨ ᠳᠠᠰᠤᠷᠠᠯᠳᠠ ᠦᠭᠡᠢ ᠳᠡᠭᠡᠭᠰᠢᠯᠡᠪᠡ᠃ ᠳᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠯᠳᠡ᠂ ᠨᠡᠷᠡᠳᠤ ᠳᠡᠮᠳᠡᠭᠵᠢᠯᠳᠡ᠂ ᠵᠠᠬ᠎ᠠ ᠳᠡᠯᠬᠡᠬᠦᠷᠵᠢᠯᠳᠡ᠂ ᠬᠡᠪᠴᠢᠶᠡᠵᠢᠯᠳᠡ᠂ ᠠᠵᠤ ᠦᠢᠯᠡᠰᠵᠢᠯᠳᠡ ᠶᠢ ᠦᠷᠬᠦᠯᠵᠢᠯᠡᠨ ᠲᠦᠯᠬᠢᠨ ᠠᠬᠢᠭᠤᠯᠵᠤ᠂ ᠪᠦᠬᠦ ᠤᠷᠤᠨ ᠤ ᠪᠠᠷᠢᠮᠵᠢᠶᠠᠵᠢᠭᠤᠯᠤᠯᠳᠠ ᠶᠢ ᠲᠦᠯᠬᠢᠨ ᠠᠬᠢᠭᠤᠯᠤᠭᠰᠠᠨ ᠭᠤᠷᠪᠠᠨ ᠵᠢᠯ  ᠤᠨ ᠠᠵᠢᠯᠯᠠᠭᠠᠨ ᠤ ᠲᠦᠯᠦᠪᠯᠡᠭᠡ ᠶᠢᠨ ᠬᠢᠷᠢ ᠪᠦᠲᠦᠮᠵᠢ ᠪᠠᠷ ᠳᠤᠪᠤᠶᠢᠮ᠎ᠡ ᠬᠤᠰᠢᠭᠤ ᠰᠢᠶᠠᠨ ᠢᠶᠠᠷ ᠦᠨᠡᠯᠡᠭᠳᠡᠪᠡ᠃ ︽ᠭᠤᠷᠪᠠᠨ ᠳᠠᠸᠠᠷ ᠨᠢᠬᠡ ᠪᠠᠷᠢᠮᠵᠢᠶ᠎ᠠ︾ ᠶᠢᠨ ᠪᠦᠲᠦᠭᠡᠨ ᠪᠠᠶᠢᠭᠤᠯᠤᠯᠳᠠ ᠶᠢ ᠦᠷᠬᠦᠯᠵᠢᠯᠡᠨ ᠲᠦᠯᠬᠢᠨ ᠠᠬᠢᠭᠤᠯᠵᠤ ᠂ 7.29 ᠲᠦᠮᠡᠨ ᠮᠤ᠋ ᠳᠠᠯᠠᠪᠠᠢ ᠳᠤ ᠰᠢᠨ᠎ᠡ ᠪᠠᠷ ᠬᠡᠷᠡᠴᠢᠯᠡᠭᠡ ᠬᠢᠵᠤ᠂ ᠨᠡᠶᠢᠳᠡ 78.89 ᠲᠦᠮᠡᠨ ᠮᠤ᠋ ᠳᠤ ᠬᠦᠷᠪᠡ ︔ ᠤᠷᠭᠠᠨᠢᠭ ᠪᠤᠬᠢᠷᠳᠤᠯ ᠦᠭᠡᠢ ᠳᠠᠷᠢᠶᠠᠯᠠᠩ ᠤᠨ ᠭᠠᠷᠤᠯᠳᠠ 32 ᠳᠤ ᠰᠢᠨ᠎ᠡ ᠬᠡᠷᠡᠴᠢᠯᠡᠭᠡ ᠬᠢᠵᠤ᠂ ᠨᠡᠶᠢᠳᠡ 42  ᠳᠤ ᠬᠦᠷᠪᠡ︔ ︽ᠱᠠᠩᠳᠤ ᠶᠢᠨ ᠰᠢ ᠵᠢᠩ ᠨᠤᠭᠤᠭ᠎ᠠ︾ ᠳᠠᠷᠢᠶᠠᠯᠠᠩ ᠤᠨ ᠭᠠᠷᠤᠯᠳᠠ ᠶᠢᠨ ᠭᠠᠵᠠᠷ ᠤᠨ ᠰᠢᠨᠵᠢ ᠳᠡᠮᠳᠡᠭ ᠤᠨ ᠬᠡᠷᠡᠴᠢᠯᠡᠭᠡ ᠶᠢᠨ ᠵᠦᠪᠰᠢᠶᠡᠷᠡᠯ ᠢ ᠤᠯᠤᠭᠰᠠᠨ ᠰᠠᠭᠤᠷᠢᠨ ᠳᠡᠬᠡᠷ᠎ᠡ᠂ ᠪᠠᠰᠠ ᠤᠯᠤᠰ ᠤᠨ ᠭᠠᠵᠠᠷ ᠤᠨ ᠰᠢᠨᠵᠢ ᠳᠡᠮᠳᠡᠭ ᠤᠨ ᠬᠡᠷᠡᠴᠢᠯᠡᠭᠰᠡᠨ ᠳᠠᠸᠠᠷ ᠤᠨ ᠱᠣᠰᠢᠭ᠎ᠠ ᠪᠠ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠮᠢ ᠠᠬᠤᠢ ᠶᠢᠨ ᠤᠤᠯ ᠭᠠᠷᠤᠯᠳᠠ ᠶᠢᠨ ᠭᠠᠵᠠᠷ ᠤᠨ ᠬᠠᠮᠠᠭᠠᠯᠠᠯᠳᠠ ᠶᠢᠨ ᠪᠦᠲᠦᠭᠡᠭᠳᠡᠬᠦᠨ ᠢ ᠤᠯᠪᠠ᠃ ᠠᠯᠳᠠᠷᠳᠤ ᠳᠠᠸᠠᠷ ᠤᠨ ᠱᠣᠰᠢᠭ᠎ᠠ 1᠂ ᠨᠡᠷᠡᠳᠤ ᠳᠠᠸᠠᠷ ᠤᠨ ᠱᠣᠰᠢᠭ᠎ᠠ 4 ᠰᠢᠨ᠎ᠡ ᠪᠠᠷ ᠨᠡᠮᠡᠭᠳᠡᠪᠡ᠃ ᠣᠣ ᠴᠦᠨ ᠠᠷᠢᠬᠢᠨ ᠤ ᠦᠢᠯᠡᠰ ᠤᠨ ᠵᠦᠬᠡᠯᠡᠨ ᠬᠠᠷ᠎ᠠ ᠠᠷᠢᠬᠢ ᠵᠡᠷᠬᠡ 3 ᠦᠢᠯᠡᠳᠬᠦᠨ ︽ᠦᠪᠦᠷ ᠮᠤᠩᠭᠤᠯ ᠤᠨ ᠨᠡᠷᠡᠳᠤ ᠳᠡᠮᠳᠡᠭᠳᠤ ᠦᠢᠯᠡᠳᠬᠦᠨ︾ ᠢᠶᠠᠷ ᠦᠨᠡᠯᠡᠭᠳᠡᠪᠡ᠃ ᠤᠯᠤᠰ ᠤᠨ ᠳᠠᠷᠢᠶᠠᠯᠠᠩ ᠤᠨ ᠭᠠᠷᠤᠯᠳᠠ ᠶᠢᠨ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠬᠦᠳᠦᠨ ᠪᠠᠶᠢᠭᠤᠯᠵᠤ᠂ ᠰᠢᠶᠠᠨ᠂ ᠰᠢᠶᠠᠩ᠂ ᠳᠤᠰᠬᠤᠨ ᠭᠤᠷᠪᠠᠨ ᠱᠠᠲᠤᠨ ᠤ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠦᠯᠵᠢᠶᠡᠵᠢᠯᠳᠡ ᠶᠢᠨ ᠬᠠᠮᠢᠶᠠᠷᠤᠯᠳᠠ ᠶᠢᠨ ᠰᠢᠰᠲ᠋ᠧᠮᠵᠢ ᠶᠢ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠤ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠦᠯ ᠦᠭᠡᠢ ᠶᠢᠨ ᠬᠢᠨᠠᠨ ᠬᠠᠮᠢᠶᠠᠷᠤᠯᠳᠠ ᠶᠢᠨ ᠮᠦᠷᠳᠡᠯᠳᠡ ᠶᠢᠨ ᠮᠡᠳᠡᠭᠡ ᠵᠠᠩᠭᠢ ᠶᠢᠨ ᠳᠡᠪᠴᠡᠩ ᠳᠤ ᠰᠢᠨ᠎ᠡ ᠪᠠᠷ ᠤᠷᠤᠭᠤᠯᠤᠭᠰᠠᠨ ᠠᠵᠤ ᠠᠬᠤᠶᠢᠯᠠᠯ ᠪᠤᠶᠤ ᠬᠤᠷᠰᠢᠶᠠᠵᠢᠯ 7.10 ᠳᠤ ᠬᠦᠷᠦᠭᠰᠡᠨ ᠪᠠᠶᠢᠨ᠎ᠠ᠃ ︽ᠨᠢᠬᠡ ᠲᠦᠮᠦᠰᠦ ᠬᠤᠶᠠᠷ ᠨᠤᠭᠤᠭ᠎ᠠ ︾ ᠳᠠᠪᠠᠭᠤᠯᠢᠭ ᠤᠨᠴᠠᠯᠢᠭᠳᠤ ᠳᠠᠷᠢᠮᠡᠯ ᠳᠠᠷᠢᠭᠰᠠᠨ ᠡᠵᠡᠯᠡᠬᠦᠨ 45% ᠪᠠᠶᠢᠭᠰᠠᠨ ᠠᠴᠠ ᠪᠠᠨ 51% ᠪᠤᠯᠵᠤ ᠳᠡᠭᠡᠭᠰᠢᠯᠡᠵᠤ᠂ 6 ᠵᠠᠭᠤᠨ ᠤ ᠬᠤᠪᠢ ᠶᠢᠨ ᠴᠡᠭ ᠢᠶᠠᠷ ᠨᠡᠮᠡᠭᠳᠡᠪᠡ᠃ ᠢᠳᠡᠰᠢᠨ ᠨᠤᠭᠤᠭ᠎ᠠ᠂ ᠲᠦᠮᠦᠰᠦᠨ ᠤ ᠳᠤᠰᠬᠠᠢ ᠬᠤᠷᠰᠢᠶᠠᠵᠢᠯ ᠨᠡᠶᠢᠳᠡ 164 ᠡᠷᠦᠬᠡ ᠳᠤ ᠬᠦᠷᠴᠦ᠂ ᠵᠢᠯ ᠳᠤ᠂ ᠭᠠᠳᠠᠭᠰᠢ ᠰᠤᠷᠭᠤᠭ ᠲᠦᠮᠦᠰᠦ 20 ᠲᠦᠮᠡᠨ ᠳᠤᠨ᠂ ᠬᠦᠢᠳᠡᠨ ᠰᠡᠷᠢᠬᠦᠨ ᠢᠳᠡᠰᠢᠨ ᠨᠤᠭᠤᠭ᠎ᠠ 13 ᠳ᠋ᠦᠩᠰᠢᠭᠤᠷ ᠵᠢᠩ ᠪᠤᠷᠤᠯᠠᠭᠤᠯᠵᠤ᠂ ᠳᠦᠬᠦᠬᠡᠷᠦᠮᠵᠢᠳᠦ ᠢᠳᠡᠰᠢᠨ ᠨᠤᠭᠤᠭ᠎ᠠ ᠨᠢ ᠲᠦᠪᠡᠳ ᠬᠠᠰᠢ᠂ ᠦᠩᠭᠡᠳᠦ ᠴᠢᠨᠵᠤᠤ᠂ ᠪᠠᠨᠠᠨᠠ᠂ ᠰᠢᠬᠤᠯᠤ᠂ ᠭᠤᠸᠠ  ᠶᠢᠨ ᠲᠦᠷᠦᠯ ᠢᠶᠠᠷ ᠭᠤᠤᠯᠳᠠᠭᠤᠯᠵᠤ᠂ ᠵᠠᠳᠠᠭᠠᠢ ᠭᠠᠵᠠᠷ ᠤᠨ ᠢᠳᠡᠰᠢᠨ ᠨᠤᠭᠤᠭ᠎ᠠ ᠨᠢ ᠰᠢ ᠵᠢᠩ᠂ ᠳᠤᠮᠤ ᠴᠠᠭᠠᠨ ᠨᠤᠭᠤᠭ᠎ᠠ᠂ ᠤᠯᠠᠭᠠᠨ ᠬᠤᠯᠤᠤᠪᠠᠩ᠂ ᠪᠦᠬᠡᠷᠡᠩᠭᠡᠢ ᠡᠰᠢᠳᠦ ᠨᠤᠭᠤᠭ᠎ᠠ᠂ ᠡᠰᠢᠨ ᠰᠢᠯᠦᠬᠡᠢ ᠨᠤᠭᠤᠭ᠎ᠠ᠂ ᠤᠷᠤᠰ ᠰᠤᠩᠭᠢᠨ᠎ᠡ ᠵᠡᠷᠬᠡ ᠪᠠᠷ ᠭᠤᠤᠯᠳᠠᠭᠤᠯᠤᠭᠰᠠᠨ ᠤᠨᠴᠠᠯᠢᠭᠳᠤ ᠬᠦᠢᠳᠡᠨ ᠰᠡᠷᠢᠬᠦᠨ ᠨᠤᠭᠤᠭ᠎ᠠ ᠶᠢ ᠪᠦᠷᠢᠳᠦᠬᠦᠯᠪᠡ᠃ ᠰᠠᠭᠠᠯᠢ ᠶᠢᠨ ᠦᠨᠢᠶ᠎ᠡ᠂ ᠠᠯᠠᠰᠢᠨ ᠤ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ᠂ ᠦᠨᠳᠡᠬᠡᠯᠡᠬᠦ ᠳᠠᠬᠢᠶ᠎ᠠ ᠶᠢ ᠬᠡᠪᠴᠢᠶᠡᠵᠢᠬᠦᠯᠦᠭᠰᠡᠨ ᠳᠡᠵᠢᠬᠡᠨ ᠦᠷᠡᠵᠢᠬᠦᠯᠬᠦ ᠳᠠᠯᠠᠪᠠᠢ ᠨᠡᠶᠢᠳᠡ 71 ᠶᠢ ᠪᠠᠶᠢᠭᠤᠯᠵᠤ᠂ ᠳᠡᠵᠢᠬᠡᠨ ᠦᠷᠡᠵᠢᠬᠦᠯᠬᠦ ᠬᠡᠪᠴᠢᠶᠡᠵᠢᠯᠳᠡ ᠶᠢᠨ ᠡᠵᠡᠯᠡᠬᠦᠨ 22% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠯᠠᠨᠸᠢᠰᠳᠦ᠋ᠨ ᠹᠷᠠᠨᠽᠢ ᠮᠠᠶ᠋ᠢᠭ ᠤᠨ ᠲᠦᠮᠦᠰᠦᠨ ᠤ ᠬᠡᠷᠴᠢᠮᠡᠯ ᠢ ᠪᠠᠭᠯᠠᠵᠤ ᠦᠩᠭᠡᠯᠡᠬᠦ ᠦᠢᠯᠡᠳᠪᠦᠷᠢᠯᠡᠯ  ᠤᠨ ᠱᠣᠭᠤᠮ᠂ ᠯᠢ ᠶᠤᠸᠠᠨ ᠲᠦᠮᠦᠰᠦᠨ ᠤ ᠰᠢᠮ᠎ᠡ ᠳᠡᠵᠢᠬᠡᠯᠳᠦ ᠼᠣᠣ ᠶᠢᠨ ᠦᠢᠯᠡᠳᠪᠦᠷᠢ ᠶᠢᠨ ᠱᠣᠭᠤᠮ᠂ ᠵᠢᠶᠠᠨ ᠱᠧᠩ ᠳᠠᠷᠢᠶᠠᠯᠠᠩ ᠤᠨ ᠭᠠᠷᠤᠯᠳᠠ ᠶᠢᠨ ᠨᠤᠭᠤᠭ᠎ᠠ ᠶᠢ ᠴᠡᠪᠡᠷᠰᠢᠬᠦᠯᠦᠨ ᠡᠳ᠋ᠰᠢᠬᠦᠯᠬᠦ ᠦᠢᠯᠡᠳᠪᠦᠷᠢᠯᠡᠯ ᠤᠨ ᠨᠢᠬᠡᠳᠦᠬᠡᠷ ᠱᠣᠭᠤᠮ ᠵᠡᠷᠬᠡ ᠪᠤᠬᠢᠷᠳᠤᠯ ᠦᠭᠡᠢ ᠳᠠᠷᠢᠶᠠᠯᠠᠩ ᠦᠰᠦᠭᠳᠤ ᠨᠤᠮᠧᠷᠳᠤ ᠶᠢᠨ ᠠᠵᠤ ᠦᠢᠯᠡᠰ ᠤᠨ ᠨᠢᠬᠡ ᠪᠦᠯᠦᠭ ᠲᠦᠷᠦᠯ ᠵᠦᠢᠯ ᠵᠠᠯᠭᠠᠪᠡᠷ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ︽ᠵᠢᠷᠭᠤᠭᠠᠨ ᠨᠢᠬᠡ︾ ᠪᠤᠬᠢᠷᠳᠤᠯ ᠦᠭᠡᠢ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠡᠳ᠋ᠰᠢᠬᠦᠯᠦᠯᠳᠡ ᠶᠢᠨ ᠠᠵᠤ ᠦᠢᠯᠡᠳᠪᠦᠷᠢ ᠶᠢᠨ ᠪᠦᠬᠦᠶᠢᠯᠡ ᠴᠤᠭᠴᠠ ᠶᠢᠨ ᠪᠤᠳᠠᠳᠤ ᠬᠦᠴᠦᠨ ᠴᠢᠨᠠᠭᠰᠢᠳᠡ ᠨᠡᠮᠡᠭᠳᠡᠵᠤ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢ ᠭᠠᠵᠠᠷ ᠲᠤᠨᠢ ᠡᠳ᠋ᠰᠢᠬᠦᠯᠵᠤ ᠤᠯᠠᠷᠢᠭᠤᠯᠬᠤ ᠨᠤᠷᠮ᠎ᠡ 58% ᠠᠴᠠ ᠳᠡᠬᠡᠭᠰᠢ  ᠳᠤ ᠬᠦᠷᠴᠦ᠂ ᠦᠪᠡᠷᠳᠡᠬᠡᠨ ᠵᠠᠰᠠᠬᠤ ᠤᠷᠤᠨ ᠤ ᠳᠡᠰ ᠪᠠ ᠬᠤᠳᠠ ᠶᠢᠨ ᠳᠡᠰ ᠤᠨ ᠳᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰᠵᠢᠯᠳᠡ ᠶᠢᠨ ᠳᠤᠯᠤᠭᠠᠶᠢᠯᠠᠭᠴᠢ ᠠᠵᠤ ᠠᠬᠤᠶᠢᠯᠠᠯ ᠨᠡᠶᠢᠳᠡ 10 ᠶᠢ ᠡᠬᠦᠳᠦᠨ ᠪᠠᠶᠢᠭᠤᠯᠪᠠ᠃      — ᠪᠦᠲᠦᠴᠡ ᠶᠢᠨ ᠳᠤᠬᠢᠷᠠᠭᠤᠯᠤᠯᠳᠠ ᠪᠠᠷ ᠭᠤᠤᠯ ᠰᠢᠵᠢᠮ ᠪᠤᠯᠭᠠᠵᠤ᠂ ᠠᠵᠤ ᠦᠢᠯᠡᠰ ᠤᠨ ᠬᠡᠯᠪᠡᠷᠢ  ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠪᠠ᠃ ᠬᠦᠷᠢᠶᠡᠯᠡᠩ ᠳᠤᠭᠤᠷᠢᠭ ᠢ ᠬᠦᠴᠦᠷᠬᠡᠭᠵᠢᠬᠦᠯᠬᠦ᠂ ᠲᠦᠷᠦᠯ ᠵᠦᠢᠯ ᠢ ᠳᠠᠳᠠᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠵᠡᠷᠬᠡᠪᠡᠷ ᠴᠢᠬᠤᠯᠠᠴᠢᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠪᠠ ᠬᠤᠳᠠᠯᠳᠤᠭ᠎ᠠ ᠠᠷᠠᠯᠵᠢᠶᠠᠨ ᠤ ᠬᠦᠢᠯᠬᠡᠬᠡ ᠵᠢᠭᠳᠡ ᠪᠠᠷ ᠬᠦᠭᠵᠢᠵᠠᠢ᠃ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠤᠨ ᠤᠰᠤ ᠬᠠᠩᠭᠠᠬᠤ ᠦᠢᠯᠡᠳᠪᠦᠷᠢ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠪᠠᠷᠢᠯᠭ᠎ᠠ ᠪᠠ 110 ᠺᠢᠯᠤᠸᠠᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠵᠠᠯᠭᠠᠪᠡᠷ ᠠᠰᠢᠭᠯᠠᠯᠳᠠ  ᠳᠤ ᠤᠷᠤᠵᠤ ᠡᠷᠬᠢᠯᠳᠦᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠤᠤᠯ ᠬᠤᠭᠤᠯᠠᠢ ᠶᠢᠨ ᠵᠠᠮ ᠢ 14.3 ᠺᠢᠯᠤᠮᠧᠲᠷ ᠳᠠᠪᠢᠰᠴᠦ᠂ ᠠᠵᠤ ᠠᠬᠤᠶᠢᠯᠠᠯ ᠲᠠᠢ ᠵᠤᠯᠭᠠᠯᠳᠤᠭᠤᠯᠬᠤ ᠬᠠᠷᠢᠯᠴᠠᠨ ᠨᠡᠪᠳᠡᠷᠡᠯᠴᠡᠬᠦ ᠶᠢ ᠪᠡᠶᠡᠯᠡᠬᠦᠯᠪᠡ᠃ ᠬᠤᠸᠠ ᠱᠧᠩ ᠯᠢᠥᠢ ᠨᠧᠩ ᠪᠠᠷᠢᠮᠵᠢᠶᠠᠵᠢᠭᠤᠯᠤᠭᠰᠠᠨ ᠠᠵᠤ ᠦᠢᠯᠡᠰ ᠤᠨ ᠨᠡᠪᠴᠢᠬᠦᠯᠦᠯᠳᠡ ᠶᠢᠨ ᠬᠦᠷᠢᠶᠡᠯᠡᠩ ᠠᠩᠬ᠎ᠠ ᠬᠡᠪᠴᠢᠶᠡᠵᠢᠵᠤ᠂ ᠬᠦᠷᠢᠶᠡᠯᠡᠩ ᠳᠤᠭᠤᠷᠢᠭ ᠤᠨ ᠳᠠᠭᠠᠭᠠᠴᠠ ᠶᠢᠨ ᠴᠢᠳᠠᠪᠤᠷᠢ ᠪᠠ ᠴᠤᠭᠯᠠᠭᠤᠯᠬᠤ ᠦᠢᠯᠡᠴᠢᠯᠡᠭᠡ ᠴᠢᠨᠠᠭᠰᠢᠳᠡ ᠨᠡᠮᠡᠭᠳᠡᠪᠡ᠃ ᠬᠦᠷᠢᠶᠡᠯᠡᠩ ᠳᠤᠭᠤᠷᠢᠭ ᠪᠦᠬᠦ ᠵᠢᠯ ᠳᠤ ᠦᠢᠯᠡᠳᠬᠦᠨ ᠤ ᠶᠡᠷᠦᠩᠭᠡᠢ ᠦᠷᠳᠡᠭ 32.3 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠪᠦᠬᠦ ᠰᠢᠶᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠭᠡᠢ ᠦᠷᠳᠡᠭ ᠤᠨ 84.2% ᠡᠵᠡᠯᠡᠪᠡ᠃ ᠳᠡᠳᠠᠬᠤ ᠪᠠ ᠰᠢᠭᠰᠢᠭᠳᠡᠬᠦᠯᠬᠦ ᠶᠢ ᠵᠡᠷᠬᠡᠪᠡᠷ ᠴᠢᠬᠤᠯᠠᠴᠢᠯᠠᠵᠤ᠂ ᠰᠢᠨ᠎ᠡ ᠬᠠᠭᠤᠴᠢᠨ ᠡᠨᠧᠷᠬᠢ ᠶᠢᠨ ᠬᠦᠴᠦᠨ ᠤ ᠰᠤᠯᠢᠭᠳᠠᠯ ᠤᠨ ᠠᠯᠬᠤᠴᠠ ᠶᠢ ᠲᠦᠷᠭᠡᠳᠭᠡᠪᠡ᠃ ᠪᠦᠬᠦ ᠵᠢᠯ ᠳᠤ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ 18 ᠶᠢ ᠶᠠᠪᠤᠭᠳᠠᠭᠤᠯᠵᠤ᠂ ᠪᠡᠯᠡ ᠤᠷᠤᠭᠤᠯᠤᠯᠳᠠ 1589 ᠳ᠋ᠦᠩᠰᠢᠭᠤᠷ ᠳᠦᠬᠦᠷᠢᠭ ᠢ ᠪᠡᠶᠡᠯᠡᠬᠦᠯᠪᠡ᠃ ᠭᠡᠷ᠎ᠡ ᠳᠤᠭᠳᠠᠭᠰᠠᠨ ᠲᠦᠷᠦᠯ ᠵᠦᠢᠯ 26  ᠶᠢ ᠳᠠᠳᠠᠨ ᠤᠷᠤᠭᠤᠯᠵᠤ᠂ 7.07 ᠳ᠋ᠦᠩᠰᠢᠭᠤᠷ ᠳᠦᠬᠦᠷᠢᠭ ᠤᠨ ᠤᠷᠤᠨ ᠪᠠᠶᠢᠷᠢ ᠶᠢ ᠨᠢ ᠤᠯᠭᠤᠪᠠ᠃ ᠺᠠᠢ ᠶᠤᠸᠠᠨ ᠡᠨᠧᠷᠬᠢ ᠶᠢᠨ ᠯᠢᠲ ᠤᠨ ᠴᠠᠬᠢᠯᠭᠠᠨ ᠴᠡᠨᠡᠭ ᠤᠨ ᠮᠠᠲ᠋ᠧᠷᠢᠶᠠᠯ᠂ ᠾᠧᠩ ᠱᠧᠩ ᠯᠢᠲ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠬᠤᠸᠠ ᠲᠧᠩ ᠡᠷᠳᠡᠨᠢ ᠶᠢᠨ ᠰᠤᠪᠤᠳ ᠡᠯᠡᠰᠦ᠂ ᠬᠤᠸᠠ ᠰᠢᠨ ᠤ ᠴᠤᠯ ᠴᠠᠬᠢᠭᠤᠷ ᠵᠡᠷᠬᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠦᠷᠦᠯ ᠵᠦᠢᠯ ᠭᠠᠵᠠᠷ ᠲᠤ ᠪᠤᠰᠤᠨ ᠪᠦᠲᠦᠭᠡᠨ ᠪᠠᠶᠢᠭᠤᠯᠤᠭᠳᠠᠵᠤ᠂ ᠰᠢᠨ᠎ᠡ ᠪᠠᠷ ᠪᠤᠢ ᠪᠤᠯᠤᠭᠰᠠᠨ ᠬᠦᠴᠦᠨ ᠬᠡᠨᠡᠳᠳᠡ ᠢᠯᠡᠷᠡᠨ ᠭᠠᠷᠴᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠳᠤ ᠰᠢᠨ᠎ᠡ ᠬᠦᠳᠡᠯᠬᠡᠬᠦ ᠴᠢᠳᠠᠯ ᠢ ᠨᠡᠮᠡᠷᠢᠯᠡᠭᠰᠡᠨ ᠪᠠᠶᠢᠨ᠎ᠠ᠃ ᠤᠯᠠᠮᠵᠢᠯᠠᠯᠳᠤ ᠳᠡᠮᠦᠷ  ᠤᠨ ᠬᠠᠶᠢᠯᠤᠰᠢ ᠶᠢᠨ ᠠᠵᠤ ᠦᠢᠯᠡᠰ ᠤᠨ ᠦᠢᠯᠡᠳᠬᠦᠨ ᠤ ᠡᠵᠡᠯᠡᠬᠦ ᠬᠠᠷᠢᠴᠡᠯ 42% ᠪᠠᠷ ᠳᠤᠷᠤᠭᠰᠢᠯᠠᠵᠤ᠂ ᠭᠠᠶᠢᠯᠢ ᠳᠠᠳᠠᠪᠤᠷᠢ ᠶᠢᠨ ᠡᠵᠡᠯᠡᠬᠦ ᠬᠠᠷᠢᠴᠡᠯ 18.5% ᠪᠠᠷ ᠳᠤᠷᠤᠭᠰᠢᠯᠠᠪᠠ᠃ ᠤᠳᠤ ᠦᠶ᠎ᠡ ᠶᠢᠨ ᠦᠢᠯᠡᠴᠢᠯᠡᠬᠡᠨ  ᠤ ᠦᠢᠯᠡᠰ ᠢᠶᠠᠷ ᠭᠤᠤᠯᠯᠠᠭᠰᠠᠨ ᠭᠤᠷᠪᠠᠳᠤᠭᠠᠷ ᠠᠵᠤ ᠦᠢᠯᠡᠰ ᠠᠭᠠᠵᠢᠮ ᠢᠶᠠᠷ ᠦᠭᠰᠦᠵᠦ᠂ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠤ᠂ 19.6 ᠳ᠋ᠦᠩᠰᠢᠭᠤᠷ ᠳᠦᠬᠦᠷᠢᠭ ᠲᠤ ᠬᠦᠷᠪᠡ᠃ ᠵᠢᠤᠢ ᠬᠤᠩ ᠸᠧᠨᠵᠸᠤ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠤᠳᠠ ᠪᠠᠶᠢᠭᠤᠯᠤᠭᠳᠠᠨ ᠠᠵᠢᠯᠯᠠᠵᠤ ᠡᠵᠡᠩᠨᠡᠵᠤ᠂ ᠵᠢᠤᠢ ᠬᠤᠩ ᠬᠤᠳᠠᠯᠳᠤᠭᠠᠨ ᠤ ᠶᠠᠪᠠᠭᠠᠨ ᠵᠡᠬᠡᠯᠢ᠂ 3D ᠺᠢᠨᠤ᠋ ᠶᠢᠨ ᠤᠷᠳᠤᠨ᠂ ᠵᠢᠤᠢ ᠬᠤᠩ ᠪᠠᠭᠤᠳᠠᠯ᠂ ᠳ᠋ᠠ ᠳᠠᠩ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠦᠷᠦᠯ ᠵᠦᠢᠯ ᠵᠡᠷᠬᠡ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠪᠦᠬᠦᠨ ᠢ ᠪᠠᠷᠠᠭᠠᠵᠤ᠂ ᠬᠤᠸᠠ ᠯᠢᠶᠠᠨ ᠬᠤᠳᠠᠯᠳᠤᠭᠠᠨ ᠤ ᠠᠰᠠᠷ ᠤᠨ ᠵᠠᠰᠠᠯ ᠴᠢᠮᠡᠭᠯᠡᠯ ᠨᠢ ᠰᠡᠬᠦᠯ ᠬᠤᠷᠢᠶᠠᠬᠤ ᠰᠢᠬᠠᠵᠠᠢ᠃ ᠰᠢᠶᠠᠨ ᠤ ᠱᠠᠲᠤᠨ ᠤ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠲᠦᠪ᠂ ᠬᠦᠳᠡᠭᠡ ᠳᠤᠰᠬᠤᠨ ᠤ ᠲᠦᠷᠭᠡᠨ ᠬᠦᠷᠬᠡᠯᠳᠡ ᠡᠳ᠋ ᠪᠠᠷᠠᠭᠠᠨ ᠤ ᠬᠦᠢᠯᠬᠡᠬᠡᠨ ᠤ ᠲᠦᠪᠯᠡᠷᠡᠬᠦᠯᠦᠨ ᠳᠠᠷᠬᠠᠭᠠᠬᠤ ᠲᠦᠪ ᠪᠠ ᠳᠤᠰᠬᠤᠨ ᠱᠠᠲᠤᠨ ᠤ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ 91 ᠦᠷᠳᠡᠭᠡ ᠶᠢ ᠪᠠᠶᠢᠭᠤᠯᠵᠤ᠂ 52 ᠬᠤᠷᠰᠢᠶᠠᠵᠢᠯ ᠪᠠ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠡᠳ᠋ᠰᠢᠬᠦᠯᠦᠯᠳᠡ ᠶᠢᠨ 13 ᠠᠵᠤ ᠠᠬᠤᠶᠢᠯᠠᠯ᠂ ᠳᠤᠰ ᠭᠠᠵᠠᠷ ᠤᠨ ᠡᠯᠧᠺᠲᠷᠤᠨ ᠬᠤᠳᠠᠯᠳᠤᠭᠠᠨ ᠤ 8 ᠠᠵᠤ ᠠᠬᠤᠶᠢᠯᠠᠯ᠂ ᠲᠦᠷᠭᠡᠨ ᠬᠦᠷᠬᠡᠯᠳᠡ ᠡᠳ᠋ ᠪᠠᠷᠠᠭᠠᠨ ᠤ ᠬᠦᠢᠯᠬᠡᠬᠡᠨ ᠤ 5 ᠬᠤᠷᠰᠢᠶᠠᠵᠢᠯ ᠢ ᠠᠵᠢᠯᠯᠠᠭᠤᠯᠤᠨ ᠡᠵᠡᠩᠨᠡᠬᠦᠯᠬᠦ ᠶᠢ ᠳᠠᠳᠠᠵᠤ᠂ 2000 ᠭᠠᠷᠤᠢ ᠪᠢᠴᠢᠯ ᠡᠯᠧᠺᠲᠷᠤᠨ ᠬᠤᠳᠠᠯᠳᠤᠭ᠎ᠠ ᠦᠷᠨᠢᠨ ᠬᠦᠭᠵᠢᠵᠤ᠂ ᠪᠦᠬᠦ ᠵᠢᠯ ᠤᠨ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠶᠡᠷᠦᠩᠭᠡᠢ ᠳᠤᠭ᠎ᠠ 2.16 ᠳ᠋ᠦᠩᠰᠢᠭᠤᠷ ᠳᠦᠬᠦᠷᠢᠭ ᠲᠤ ᠬᠦᠷᠴᠦ᠂ ᠳᠡᠬᠡᠷ᠎ᠡ ᠵᠢᠯ ᠤᠨ ᠬᠢ ᠠᠴᠠ 19.6 ᠳᠠᠬᠢᠨ ᠪᠤᠯᠪᠠ᠃ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠳᠤᠰᠬᠤᠨ ᠳᠤ ᠤᠷᠤᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠬᠦᠯᠬᠦ ᠲᠦᠷᠦᠯ ᠵᠦᠢᠯ ᠪᠦᠬᠦ ᠤᠷᠤᠨ ᠤ ᠠᠩᠬᠠᠳᠠᠭᠴᠢ ᠬᠢᠷᠢ ᠪᠦᠲᠦᠮᠵᠢ ᠶᠢᠨ ᠦᠨᠡᠯᠡᠯᠳᠡ ᠪᠠᠷ ᠨᠢᠬᠡᠳᠦᠬᠡᠷ ᠲᠤ ᠵᠢᠭᠰᠠᠭᠠᠭᠳᠠᠪᠠ᠃ ᠠᠩᠬᠠᠳᠠᠭᠴᠢ ᠬᠤᠭᠤᠴᠠᠭᠠᠨ ᠤ ᠳᠤᠮᠳᠠᠳᠤ ᠤᠯᠤᠰ ᠤᠨ ᠱᠠᠩᠳᠤ ᠶᠢᠨ ᠲᠦᠮᠦᠰᠦᠨ ᠤ ᠠᠮᠳᠠᠳᠤ ᠢᠳᠡᠬᠡᠨ ᠤ ᠨᠠᠶᠢᠷ ᠢ ᠠᠮᠵᠢᠯᠳᠠ ᠲᠠᠢ ᠡᠷᠬᠢᠯᠡᠵᠤ᠂ ᠲᠦᠮᠦᠰᠦᠨ  ᠤ ᠵᠠᠭᠤᠨ ᠵᠠᠭᠤᠰᠢ ᠶᠢᠨ ᠳᠠᠶᠢᠯᠠᠯᠭ᠎ᠠ ᠬᠢᠨᠢᠰ ᠤᠨ ᠱᠠᠩᠬᠠᠢ ᠶᠢᠨ ᠳᠡᠯᠡᠬᠡᠢ ᠶᠢᠨ ᠳᠡᠮᠳᠡᠭᠯᠡᠯ ᠢ ᠡᠬᠦᠳᠪᠡ᠃ ᠪᠦᠲᠦᠬᠦᠨ ᠭᠤᠤᠯ ᠤᠨ 3Aᠦᠵᠡᠮᠵᠢ ᠶᠢᠨ ᠤᠷᠤᠨ ᠤ ᠰᠠᠭᠤᠷᠢ ᠳᠦᠬᠦᠬᠡᠷᠦᠮᠵᠢ ᠨᠡᠩ ᠪᠦᠷᠢᠨᠰᠢᠵᠤ᠂ ᠳᠤᠯᠤᠭᠠᠨ ᠦᠩᠭᠡᠳᠦ ᠨᠠᠭᠤᠷ ᠤᠨ ᠵᠤᠭᠠᠴᠠᠯ ᠤᠨ ᠦᠵᠡᠮᠵᠢ ᠶᠢᠨ ᠳᠤᠭᠤᠷᠢᠭ ᠦᠪᠦᠷ ᠮᠤᠩᠭᠤᠯ ᠤᠨ ᠨᠡᠷᠡᠳᠤ ᠬᠠᠭᠤᠳᠠᠰᠤ ᠶᠢᠨ ᠰᠢᠯᠢᠳᠡᠭ ᠰᠤᠶᠤᠯ ᠵᠤᠭᠠᠴᠠᠯ ᠤᠨ ᠦᠵᠡᠮᠵᠢ ᠶᠢᠨ ᠤᠷᠤᠨ ᠤ ᠨᠡᠷᠡᠳᠤ ᠳᠡᠮᠳᠡᠭ ᠢ ᠦᠩᠭᠡ ᠬᠡᠷᠡᠯᠳᠡᠢ ᠤᠯᠵᠤ᠂ ᠵᠤᠭᠠᠴᠠᠯ ᠤᠨ ᠦᠢᠯᠡᠰ ᠬᠦᠭᠵᠢᠯᠳᠡ ᠶᠢᠨ ᠵᠦᠭ ᠲᠡᠭᠡᠨ ᠤᠷᠤᠭᠰᠠᠨ ᠢ ᠠᠩᠬ᠎ᠠ ᠠᠯᠬᠤᠮ ᠢᠯᠡᠷᠡᠬᠦᠯᠪᠡ᠃      — ︽ᠳᠠᠪᠤᠨ ᠬᠤᠳᠠ ᠶᠢ ᠬᠠᠮᠳᠤ ᠳᠤᠨᠢ ᠴᠤᠭᠴᠠᠯᠠᠬᠤ︾ ᠪᠠᠷ ᠪᠠᠷᠢᠴᠠ ᠪᠤᠯᠭᠠᠵᠤ᠂ ᠬᠤᠳᠠ ᠪᠠᠯᠭᠠᠰᠤᠨ  ᠤ ᠳᠡᠰ ᠵᠡᠷᠬᠡ ᠶᠢ ᠦᠷᠬᠦᠯᠵᠢᠯᠡᠨ ᠳᠡᠭᠡᠭᠰᠢᠯᠡᠬᠦᠯᠪᠡ᠃ ᠲᠦᠯᠦᠪᠵᠢᠬᠦᠯᠬᠡ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠵᠤ᠂ ᠰᠢᠢᠳᠪᠦᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠠᠷᠠᠳᠴᠢᠯᠠᠯᠳᠤ ᠴᠢᠨᠠᠷ ᠢ ᠳᠡᠭᠡᠭᠰᠢᠯᠡᠬᠦᠯᠪᠡ᠃ ︽ᠴᠢ ᠲᠠᠢ ᠪᠠᠯᠭᠠᠰᠤᠨ ᠤ ᠶᠡᠷᠦᠩᠭᠡᠢ ᠲᠦᠯᠦᠪᠵᠢᠬᠦᠯᠬᠡ︾ ᠶᠢᠨ ᠦᠨᠡᠯᠡᠯᠳᠡ ᠶᠢ ᠪᠠᠷᠠᠭᠠᠵᠤ᠂ ᠴᠢ ᠲᠠᠢ ᠪᠠᠯᠭᠠᠰᠤᠨ ᠤ ᠳᠡᠷᠬᠡᠨ ᠵᠤᠭᠰᠤᠭᠠᠯ ᠤᠨ ᠳᠠᠯᠠᠪᠠᠢ ᠶᠢᠨ ᠳᠤᠰᠬᠠᠢ ᠲᠦᠯᠦᠪᠵᠢᠬᠦᠯᠬᠡ ᠪᠠ ᠱᠠᠩᠳᠤ ᠰᠢᠶᠠᠨ ᠤ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢᠨ ᠳᠤᠰᠬᠠᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ ᠬᠡᠷᠡᠭᠵᠢᠬᠦᠯᠵᠤ᠂ ᠳᠤᠯᠤᠭᠠᠨ ᠦᠩᠭᠡᠳᠦ ᠨᠠᠭᠤᠷ᠂ ᠴᠠᠭᠠᠨᠨᠠᠭᠤᠷ ᠤᠨ ᠶᠦᠨ ᠳ᠋ᠠᠨ ︵ᠤᠳᠠᠢ ᠨᠠᠭᠤᠷ︶ ᠤ ᠬᠤᠶᠠᠷ ᠵᠤᠭᠠᠴᠠᠯ ᠤᠨ ᠶᠡᠷᠦᠩᠭᠡᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ ᠪᠠᠷᠠᠭᠠᠵᠤ᠂ ᠰᠢᠶᠤᠤ ᠬᠠᠢ ᠽᠢ ᠪᠠᠯᠭᠠᠰᠤᠨ ᠤ ᠤᠨᠴᠠᠯᠢᠭᠳᠤ ᠵᠢᠵᠢᠭ ᠪᠠᠯᠭᠠᠰᠤᠨ ᠤ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ ᠪᠠᠷᠠᠭᠠᠭᠰᠠᠨ ᠪᠦᠬᠡᠳ ᠦᠪᠡᠷᠳᠡᠬᠡᠨ ᠵᠠᠰᠠᠬᠤ ᠤᠷᠤᠨ ᠤ ᠤᠨᠴᠠᠯᠢᠭᠳᠤ ᠵᠢᠵᠢᠭ ᠪᠠᠯᠭᠠᠰᠤᠨ ᠤ ᠴᠤᠯᠠ ᠶᠢ ᠤᠯᠪᠠ᠃ ᠵᠢᠯ ᠤᠨ ᠳᠤᠳᠤᠷ᠎ᠡ ᠵᠠᠮ ᠤᠨ ᠰᠢᠯᠤᠭᠤᠳᠬᠠᠯ᠂ ᠰᠠᠭᠤᠷᠢ ᠳᠦᠬᠦᠬᠡᠷᠦᠮᠵᠢ᠂ ᠤᠷᠴᠢᠨ ᠳᠤᠭᠤᠷᠢᠨ ᠤ ᠰᠠᠶᠢᠵᠢᠷᠠᠭᠤᠯᠤᠯᠳᠠ ᠪᠠᠷ ᠭᠤᠤᠯᠳᠠᠯᠭ᠎ᠠ ᠪᠤᠯᠭᠠᠭᠰᠠᠨ ᠬᠤᠳᠠ ᠶᠢᠨ ᠶᠠᠪᠤᠳᠠᠯ ᠤᠨ 10 ᠪᠠᠷᠢᠯᠭ᠎ᠠ ᠶᠢ ᠶᠠᠪᠤᠭᠳᠠᠭᠤᠯᠵᠤ᠂ ᠶᠡᠷᠦᠩᠭᠡᠢ ᠪᠡᠯᠡ ᠤᠷᠤᠭᠤᠯᠤᠯᠳᠠ ᠪᠠᠷ 2.1 ᠳ᠋ᠦᠩᠰᠢᠭᠤᠷ ᠳᠦᠬᠦᠷᠢᠭ᠃ 56 ᠵᠤᠷᠪᠤᠰ 26.7 ᠲᠦᠮᠡᠨ ᠳᠡᠭᠰᠢ ᠳᠦᠷᠪᠡᠯᠵᠢᠨ ᠮᠧᠲᠷ ᠴᠠᠷᠳᠠᠭᠤᠯ ᠳᠡᠪᠢᠰᠦᠭᠰᠡᠨ ᠪᠠ ᠵᠠᠮ ᠬᠠᠳᠠᠭᠤᠷᠠᠭᠤᠯᠵᠤ᠂ ᠵᠠᠮ ᠤᠨ ᠮᠦᠷᠦ 15.6 ᠲᠦᠮᠡᠨ ᠳᠡᠭᠰᠢ ᠲᠦᠷᠪᠡᠯᠵᠢᠨ ᠮᠧᠲᠷ ᠬᠠᠳᠠᠭᠤᠷᠠᠭᠤᠯᠵᠤ᠂ 21 ᠵᠤᠷᠪᠤᠰ ᠳᠠᠰᠤᠷᠬᠠᠢ ᠵᠠᠮ ᠢ ᠵᠠᠯᠭᠠᠵᠤ ᠨᠡᠪᠳᠡᠷᠡᠬᠦᠯᠵᠤ᠂ ᠪᠤᠭᠤᠮᠢ ᠵᠠᠮ ᠢ ᠦᠷᠭᠡᠳᠭᠡᠪᠡ︔ ᠵᠠᠮ ᠬᠠᠷᠢᠯᠴᠠᠭᠠᠨ ᠤ ᠬᠠᠯᠬᠠᠪᠴᠢ 55000 ᠮᠧᠲᠷ᠂ ᠳᠤᠬᠢᠶᠠᠨ ᠳ᠋ᠧᠩ 9 ᠢᠵᠢ᠂ ᠠᠮᠢ ᠠᠬᠤᠢ ᠶᠢᠨ ᠬᠦᠷᠢᠶᠡᠯᠡᠨ ᠬᠠᠯᠬᠠᠯᠠᠬᠤ ᠬᠠᠪᠳᠠᠰᠤ 8000 ᠤᠷᠴᠢᠮ ᠮᠧᠲᠷ ᠤᠭᠰᠠᠷᠠᠪᠠ᠃ ᠤᠰᠤ ᠰᠦᠷᠴᠢᠬᠦ ᠮᠠᠶ᠋ᠢᠭ ᠤᠨ ᠵᠤᠷᠯᠤᠩ 21 ᠶᠢ ᠰᠢᠨ᠎ᠡ ᠪᠠᠷ ᠪᠠᠶᠢᠭᠤᠯᠵᠤ᠂ ᠰᠢᠨᠡᠳᠬᠡᠨ ᠦᠬᠡᠷᠡᠴᠢᠯᠡᠵᠤ᠂ ᠨᠡᠶᠢᠳᠡ 46 ᠳᠤ ᠬᠦᠷᠪᠡ ︔ ᠤᠰᠤ ᠬᠠᠩᠭᠠᠬᠤ᠂ ᠤᠰᠤ ᠳᠠᠳᠠᠷᠠᠭᠤᠯᠬᠤ᠂ ᠪᠠᠶᠢᠭᠠᠯᠢ ᠶᠢᠨ ᠰᠢᠳᠠᠮᠠᠬᠠᠢ ᠬᠡᠢ᠂ ᠢᠯᠴᠢ ᠬᠠᠩᠭᠠᠬᠤ ᠬᠤᠭᠤᠯᠠᠢ  ᠶᠢᠨ ᠲᠤᠤᠷ 68.2 ᠺᠢᠯᠤᠮᠧᠲᠷ ᠰᠢᠨ᠎ᠡ ᠪᠠᠷ ᠪᠠᠶᠢᠭᠤᠯᠵᠤ ᠳᠡᠪᠢᠰᠪᠡ᠃ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠬᠤᠳᠠ  ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠳᠤᠪᠴᠢᠶ᠎ᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠰᠢᠳᠬᠡᠨ ᠳᠤᠷᠭᠠᠬᠤ ᠡᠷᠬᠡ ᠶᠢᠨ ᠨᠠᠷᠢᠨ ᠳᠠᠩᠰᠠ 172 ᠵᠤᠷᠪᠤᠰ ᠲᠢᠭ᠍ᠯᠢᠵᠤ ᠬᠤᠪᠢᠶᠠᠷᠢᠯᠠᠨ ᠰᠢᠯᠵᠢᠬᠦᠯᠵᠤ᠂ ᠡᠷᠬᠡ ᠳᠤᠰᠢᠶᠠᠯ ᠡᠬᠦᠷᠬᠡ ᠬᠠᠷᠢᠭᠤᠴᠠᠯᠭ᠎ᠠ ᠶᠢ ᠬᠤᠪᠢᠶᠠᠷᠢᠯᠠᠨ ᠪᠤᠴᠠᠭᠠᠬᠤ ᠠᠵᠢᠯ ᠡᠮᠬᠢ ᠲᠢᠭᠯᠢᠮ  ᠲᠠᠢ ᠠᠬᠢᠵᠢᠪᠠ᠃ ᠬᠠᠤᠯᠢ ᠬᠡᠷᠡᠭᠵᠢᠬᠦᠯᠦᠯᠳᠡ ᠶᠢᠨ 12 ᠨᠢᠬᠡᠴᠢ ᠶᠢᠨ ᠬᠤᠯᠪᠤᠭᠠᠯᠠᠨ ᠪᠦᠷᠢᠯᠳᠦᠭᠰᠡᠨ ᠶᠡᠷᠦᠩᠭᠡᠶᠢᠯᠡᠭᠰᠡᠨ ᠴᠡᠭᠴᠡᠯᠡᠨ ᠰᠠᠶᠢᠵᠢᠷᠠᠭᠤᠯᠤᠯᠳᠠ ᠶᠢᠨ ᠬᠠᠤᠯᠢ ᠬᠡᠷᠡᠭᠵᠢᠬᠦᠯᠦᠯᠳᠡ ᠶᠢᠨ ᠠᠩᠭᠢ ᠪᠠᠶᠢᠭᠤᠯᠵᠤ᠂ ᠬᠠᠤᠯᠢ ᠪᠤᠰᠤ ᠪᠠᠷ ᠭᠤᠷᠪᠠᠨ ᠬᠦᠷᠳᠦᠳᠦ ᠮᠤᠲ᠋ᠤᠷ ᠢᠶᠠᠷ ᠵᠦᠬᠡᠬᠡᠪᠤᠷᠢᠯᠡᠵᠤ ᠡᠵᠡᠩᠨᠡᠬᠦ ᠵᠢᠴᠢ ᠵᠠᠮ ᠡᠵᠡᠯᠡᠨ ᠡᠵᠡᠩᠨᠡᠬᠦ᠂ ᠳᠤᠭᠳᠠᠭᠠᠯ ᠢ ᠵᠦᠷᠢᠴᠡᠨ ᠳᠡᠷᠬᠡ ᠵᠤᠭᠰᠤᠭᠠᠬᠤ᠂ ᠬᠠᠤᠯᠢ ᠶᠢ ᠵᠦᠷᠢᠴᠡᠨ ᠪᠠᠷᠢᠯᠭ᠎ᠠ ᠶᠢᠨ ᠠᠵᠢᠯ ᠬᠢᠬᠦ ᠳᠤ ᠳᠤᠰᠬᠠᠢ ᠠᠵᠢᠯᠯᠠᠭ᠎ᠠ ᠦᠷᠨᠢᠬᠦᠯᠵᠤ᠂ ᠪᠦᠬᠦ ᠵᠢᠯ ᠳᠤ ᠵᠠᠮ ᠡᠵᠡᠯᠡᠨ ᠡᠵᠡᠩᠨᠡᠭᠰᠡᠨ ᠦᠢᠯᠡ ᠠᠵᠢᠯᠯᠠᠭ᠎ᠠ ᠶᠢ 900 ᠭᠠᠷᠤᠢ ᠴᠡᠪᠡᠷᠯᠡᠵᠤ᠂ ᠵᠠᠮ ᠡᠵᠡᠯᠡᠵᠤ ᠵᠤᠭᠰᠤᠭᠠᠭᠰᠠᠨ ︽ᠬᠦᠳᠡᠯᠬᠦ ᠦᠭᠡᠢ ᠳᠡᠷᠬᠡ︾ 68 ᠶᠢ ᠴᠡᠪᠡᠷᠯᠡᠵᠤ᠂ ᠬᠠᠤᠯᠢ ᠵᠦᠷᠢᠴᠡᠭᠰᠡᠨ ᠪᠠᠷᠢᠯᠭ᠎ᠠ ᠶᠢᠨ ︵ᠪᠦᠲᠦᠴᠡ︶ ᠪᠤᠳᠠᠰ 48 ᠶᠢ ᠨᠤᠷᠠᠭᠠᠵᠤ᠂ ᠳᠤᠭᠳᠠᠭᠠᠯ ᠢ ᠵᠦᠷᠢᠴᠡᠵᠤ ᠭᠠᠷᠭᠠᠭᠰᠠᠨ ᠳᠠᠯᠪᠢᠴᠠᠳᠤ ᠫᠠᠶᠢᠰᠠ ᠢᠯᠡᠷᠬᠡᠶᠢᠯᠡᠯ᠂ ᠡᠯᠬᠦᠷᠳᠤ ᠳ᠋ᠧᠩ ᠤᠨ ᠬᠠᠶᠢᠷᠴᠠᠭ᠂ ᠬᠦᠨᠳᠡᠯᠡᠨ ᠪᠢᠴᠢᠭᠡᠰᠦ ᠵᠡᠷᠬᠡ ᠨᠡᠶᠢᠳᠡ 1400 ᠭᠠᠷᠤᠢ ᠶᠢ ᠴᠡᠪᠡᠷᠯᠡᠵᠤ᠂ ᠭᠤᠤᠯ ᠵᠡᠬᠡᠯᠢ ᠳᠤᠭᠤᠷᠢᠭ ᠲᠤ ᠳᠡᠷᠬᠡᠨ ᠵᠤᠭᠰᠤᠭᠠᠯ ᠤᠨ ᠪᠠᠶᠢᠷᠢ 1700 ᠰᠢᠨ᠎ᠡ ᠪᠠᠷ ᠨᠡᠮᠡᠵᠤ᠂ ᠳᠠᠷᠬᠠᠢ ᠪᠤᠳᠠᠷᠬᠠᠢ ᠡᠵᠡᠩᠨᠡᠵᠤ ᠪᠠᠶᠢᠭ᠎ᠠ ᠪᠠᠷᠢᠯᠭ᠎ᠠ ᠶᠢᠨ ᠮᠠᠰᠢᠨ᠂ ᠪᠠᠷᠢᠯᠭ᠎ᠠ ᠶᠢᠨ ᠮᠠᠲ᠋ᠧᠷᠢᠶᠠᠯ ᠮᠠᠰᠢᠨ ᠳᠡᠷᠬᠡ ᠶᠢᠨ ᠡᠵᠡᠩᠨᠡᠨ ᠪᠤᠷᠤᠯᠠᠭᠤᠯᠤᠯᠳᠠ ᠶᠢᠨ ᠬᠤᠳᠠᠯᠳᠤᠭ᠎ᠠ ᠶᠢ ᠵᠢᠤᠢ ᠬᠤᠩ ᠪᠠᠷᠢᠯᠭ᠎ᠠ ᠶᠢᠨ ᠮᠠᠲ᠋ᠧᠷᠢᠶᠠᠯ ᠤᠨ ᠬᠤᠳᠠ ᠳᠤ ᠲᠦᠪᠯᠡᠷᠡᠬᠦᠯᠵᠤ᠂ ᠬᠤᠳᠠ ᠶᠢᠨ ᠦᠩᠭᠡ ᠵᠢᠰᠦ ᠲᠦᠷᠢ ᠳᠦᠷᠬᠦ ᠬᠤᠳᠠ ᠶᠢᠨ ᠶᠠᠪᠤᠳᠠᠯ  ᠤᠨ ᠬᠠᠮᠢᠶᠠᠷᠤᠯᠳᠠ ᠴᠢᠨᠠᠭᠰᠢᠳᠡ ᠰᠠᠶᠢᠵᠢᠷᠠᠭᠰᠠᠨ ᠪᠠ ᠴᠢᠩᠭᠠᠳᠬᠠᠭᠳᠠᠪᠠ᠃ ᠴᠢᠩ ᠾᠧ ᠭᠤᠳᠤᠮᠵᠢ ᠶᠢᠨ ᠡᠮᠦᠨᠡᠬᠢ᠂ ᠬᠤᠩ ᠰᠢᠩ ᠵᠡᠬᠡᠯᠢ ᠶᠢᠨ ᠪᠠᠷᠠᠭᠤᠨᠳᠡᠬᠢ ᠬᠤᠶᠠᠷ ᠬᠡᠰᠡᠭ ᠭᠠᠵᠠᠷ ᠲᠤ ᠪᠦᠷᠬᠡ ᠬᠡᠷ ᠤᠨ ᠳᠤᠭᠤᠷᠢᠭ ᠤᠨ ᠰᠢᠨᠡᠳᠬᠡᠨ ᠦᠬᠡᠷᠡᠴᠢᠯᠡᠯᠳᠡ ᠶᠢᠨ ᠪᠠᠷᠢᠯᠭ᠎ᠠ ᠶᠢ ᠶᠠᠪᠤᠭᠳᠠᠭᠤᠯᠵᠤ᠂ 2500 ᠡᠷᠦᠬᠡ ᠶᠢ ᠲᠦᠪᠬᠢᠨᠡᠬᠦᠯᠬᠦ ᠡᠬᠦᠷᠬᠡ ᠶᠢ ᠪᠡᠶᠡᠯᠡᠬᠦᠯᠵᠤ᠂ ᠪᠦᠷᠬᠡ ᠬᠡᠷ ᠤᠨ ᠳᠤᠭᠤᠷᠢᠭ ᠤᠨ ᠨᠡᠶᠢᠳᠡ 5800 ᠡᠷᠦᠬᠡ ᠶᠢ ᠨᠡᠬᠦᠯᠬᠡᠨ ᠰᠢᠯᠵᠢᠬᠦᠯᠵᠤ ᠳᠦᠪᠬᠢᠨᠡᠬᠦᠯᠵᠤ᠂ ᠪᠦᠲᠦᠭᠡᠨ ᠪᠠᠶᠢᠭᠤᠯᠤᠯᠳᠠ ᠶᠢᠨ ᠬᠡᠷᠡᠭᠯᠡᠬᠡᠨ ᠤ ᠭᠠᠵᠠᠷ 2500 ᠮᠤ᠋ ᠲᠢᠭᠯᠢᠪᠡ᠃ ᠬᠤᠳᠠ ᠪᠠᠯᠭᠠᠰᠤᠨ ᠤ ᠪᠤᠵᠠᠷ ᠤᠰᠤ ᠰᠢᠢᠳᠪᠦᠷᠢᠯᠡᠭᠰᠡᠨ ᠨᠤᠷᠮ᠎ᠡ 90% ᠳᠤ ᠬᠦᠷᠴᠦ᠂ ᠠᠮᠢᠳᠤᠷᠠᠯ ᠤᠨ ᠬᠤᠭ ᠨᠤᠪᠰᠢ ᠰᠢᠢᠳᠪᠦᠷᠢᠯᠡᠭᠰᠡᠨ ᠨᠤᠷᠮ᠎ᠡ 93% ᠳᠤ ᠬᠦᠷᠴᠦ᠂ ᠲᠦᠪᠯᠡᠷᠡᠩᠭᠦᠢ ᠢᠯᠴᠢ ᠬᠠᠩᠭᠠᠬᠤ ᠨᠤᠷᠮ᠎ᠡ 78% ᠳᠤ ᠬᠦᠷᠴᠦ᠂ ᠤᠰᠤ ᠬᠠᠩᠭᠠᠯᠳᠠ ᠶᠢᠨ ᠲᠦᠬᠡᠮᠡᠯᠵᠢᠬᠦᠯᠦᠯᠳᠡ ᠶᠢᠨ ᠨᠤᠷᠮ᠎ᠡ 97.4% ᠳᠤ ᠬᠦᠷᠴᠦ᠂ ᠳᠤᠭᠤᠷᠢᠭ ᠤᠨ ᠨᠤᠭᠤᠭᠠᠷᠠᠭᠤᠯᠤᠯᠳᠠ ᠶᠢᠨ ᠬᠤᠴᠢᠯᠳᠠ ᠶᠢᠨ ᠨᠤᠷᠮ᠎ᠡ 35.9% ᠳᠤ ᠬᠦᠷᠴᠦ᠂ ᠤᠷᠤᠨ ᠰᠠᠭᠤᠴᠠ ᠳᠤᠬᠢᠯᠢᠭ ᠰᠢᠶᠠᠨ ᠤ ᠬᠤᠳᠠ ᠶᠢᠨ ᠰᠠᠭᠤᠷᠢ ᠤᠯᠠᠮ ᠪᠠᠬᠢᠵᠢᠭ᠍ᠰᠡᠨ ᠪᠠᠶᠢᠨ᠎ᠠ᠃      — ᠦᠵᠡᠰᠬᠦᠯᠡᠩᠳᠤ ᠭᠤᠶᠤ ᠬᠦᠳᠡᠭᠡ ᠳᠤᠰᠬᠤᠨ ᠤ ᠪᠦᠲᠦᠭᠡᠨ ᠪᠠᠶᠢᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠬᠦ ᠬᠢᠷᠢ ᠲᠦᠪᠰᠢᠨ ᠴᠢᠨᠠᠭᠰᠢᠳᠡ ᠳᠡᠭᠡᠭᠰᠢᠯᠡᠪᠡ᠃ ᠠᠮᠢ ᠠᠬᠤᠢ᠂ ᠤᠰᠤᠨ ᠠᠰᠢᠭᠯᠠᠯᠳᠠ᠂ ᠭᠠᠵᠠᠷ ᠰᠢᠷᠤᠢ᠂ ᠠᠭᠤᠷᠬᠠᠢ ᠪᠠᠷ ᠭᠤᠤᠯᠯᠠᠭᠰᠠᠨ ᠬᠦᠳᠡᠭᠡ ᠳᠤᠰᠬᠤᠨ ᠤ ᠶᠡᠷᠦᠩᠭᠡᠢ ᠴᠡᠭᠴᠡᠯᠡᠨ ᠵᠠᠰᠠᠯᠳᠠ ᠶᠢᠨ ᠳᠡᠭᠡᠭᠰᠢᠯᠡᠬᠦᠯᠦᠯᠳᠡ ᠶᠢᠨ ᠠᠵᠢᠯᠯᠠᠭ᠎ᠠ ᠶᠢ ᠦᠷᠨᠢᠬᠦᠯᠪᠡ᠃ ᠠᠵᠤ ᠠᠬᠤᠢ ᠶᠢᠨ ᠳᠠᠯᠠᠪᠠᠢ 7565 ᠮᠤ᠋᠂ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠳᠠᠯᠠᠪᠠᠢ 1.64 ᠲᠦᠮᠡᠨ ᠮᠤ᠋ ᠰᠢᠨ᠎ᠡ ᠪᠠᠷ ᠨᠡᠮᠡᠭᠳᠡᠬᠦᠯᠪᠡ᠃ ᠬᠦᠷᠦᠰᠦ ᠰᠢᠷᠤᠢ ᠶᠢᠨ ᠢᠳᠡᠭᠳᠡᠯ ᠤᠨ ᠵᠠᠰᠠᠯᠳᠠ ᠶᠢᠨ ᠳᠠᠯᠠᠪᠠᠢ 19.8 ᠳᠡᠭᠰᠢ ᠳᠦᠷᠪᠡᠯᠵᠢᠨ ᠺᠢᠯᠤᠮᠧᠲᠷ᠂ ᠬᠦᠲᠦᠯ ᠢ ᠱᠠᠲᠤ ᠪᠤᠯᠭᠠᠬᠤ 8325 ᠮᠤ᠋᠂ ᠤᠰᠤ ᠠᠷᠪᠢᠯᠠᠬᠤ ᠤᠰᠤᠯᠠᠯᠳᠠ ᠶᠢᠨ ᠳᠠᠯᠠᠪᠠᠢ 1.15 ᠲᠦᠮᠡᠨ ᠮᠤ᠋ ᠶᠠᠪᠤᠭᠳᠠᠭᠤᠯᠪᠠ᠃ ᠠᠮᠤᠷ ᠲᠦᠪᠰᠢᠨ ᠤᠤᠭᠤᠬᠤ ᠤᠰᠤᠨ ᠤ ᠪᠠᠷᠢᠯᠭ᠎ᠠ 69 ᠶᠢ ᠰᠢᠨ᠎ᠡ ᠪᠠᠷ ᠪᠠᠶᠢᠭᠤᠯᠪᠠ᠃ ᠬᠦᠳᠡᠭᠡ ᠳᠤᠰᠬᠤᠨ ᠤ ᠴᠠᠬᠢᠯᠭᠠᠨ ᠲᠤᠤᠷ 10 ᠺᠢᠯᠤᠸᠠᠲ ᠵᠢᠴᠢ ᠡᠬᠦᠨ ᠠᠴᠠ ᠳᠤᠤᠷᠡᠬᠢ ᠱᠣᠭᠤᠮ ᠤᠨ ᠦᠬᠡᠷᠡᠴᠢᠯᠡᠯᠳᠡ 553.9 ᠺᠢᠯᠤᠮᠧᠲᠷ ᠶᠠᠪᠤᠭᠳᠠᠭᠤᠯᠪᠠ᠃ ᠦᠨᠡᠮᠯᠡᠯ ᠦᠬᠡᠢ ᠨᠡᠬᠦᠷᠡᠰᠦ ᠪᠤᠰᠤ ᠠᠭᠤᠷᠬᠠᠢ ᠶᠢᠨ ᠠᠵᠤ ᠠᠬᠤᠶᠢᠯᠠᠯ 51 ᠪᠠᠶᠢᠴᠠᠭᠠᠨ ᠰᠢᠳᠬᠡᠵᠤ᠂ 42 ᠶᠢ ᠨᠢ ᠪᠦᠷᠢᠮᠦᠰᠦᠨ ᠬᠦᠴᠦᠨ ᠦᠭᠡᠢ ᠪᠤᠯᠭᠠᠵᠤ᠂ ᠤᠯᠤᠰ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠨᠠᠩᠭᠢ ᠰᠢᠷᠤᠢ ᠶᠢᠨ ᠳᠤᠭᠤᠰᠬ᠎ᠠ ᠶᠢᠨ ᠦᠢᠯᠡᠳᠪᠦᠷᠢ 13 ᠶᠢ ᠬᠦᠴᠦᠨ ᠦᠭᠡᠢ ᠪᠤᠯᠭᠠᠪᠠ︔ ᠳᠤᠰᠬᠤᠨ ᠤ ᠪᠠᠶᠢᠷᠢᠯᠠᠭᠤᠯᠤᠯᠳᠠ ᠶᠢ ᠰᠢᠯᠢᠳᠡᠭᠵᠢᠬᠦᠯᠪᠡ᠃ ᠨᠡᠶᠢᠳᠡ 124 ᠳᠤᠰᠬᠤᠨ ᠤ ᠵᠢᠵᠢᠭ ᠳᠤᠰᠬᠤᠨ ᠢ ᠨᠡᠶᠢᠳᠬᠡᠬᠦ ᠡᠬᠦᠷᠬᠡ ᠪᠠ 53 ᠳᠤᠰᠬᠤᠨ ᠤ ᠤᠨᠳᠤᠤ ᠭᠠᠵᠠᠷ ᠲᠤ ᠨᠡᠬᠦᠯᠬᠡᠨ ᠰᠢᠯᠵᠢᠬᠦᠯᠬᠦ ᠠᠵᠢᠯ ᠢ ᠪᠡᠶᠡᠯᠡᠬᠦᠯᠪᠡ᠃ ᠰᠢᠶᠠᠩ ᠶᠠᠩ ᠳᠤᠰᠬᠤᠨ ᠪᠠ ᠪᠠᠳᠮᠠᠳᠤ ᠶᠢᠨ ᠰᠦᠮ᠎ᠡ ᠭᠠᠴᠠᠭ᠎ᠠ ᠬᠤᠶᠠᠷ ᠰᠠᠭᠤᠷᠢᠰᠢᠬᠤ ᠪᠠᠷ ᠳᠤᠬᠢᠯᠢᠭ ᠭᠤᠶᠤ ᠦᠵᠡᠰᠬᠦᠯᠡᠩᠳᠤ ᠬᠦᠳᠡᠭᠡ ᠳᠤᠰᠬᠤᠨ ᠤ ᠪᠦᠲᠦᠭᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ ᠪᠠᠷᠠᠭᠠᠵᠤ᠂ ᠨᠡᠶᠢᠳᠡ 375 ᠳᠤᠰᠬᠤᠨ ᠤ ᠲᠦᠯᠦᠪᠵᠢᠬᠦᠯᠬᠡ ᠶᠢ ᠪᠠᠷᠠᠭᠠᠵᠤ᠂ ᠴᠢ ᠲᠠᠢ ᠪᠠᠯᠭᠠᠰᠤᠨ ᠤ ᠹᠠᠩ ᠵᠢᠶᠠ ᠳᠤᠰᠬᠤᠨ᠂ ᠶᠡᠭᠡ ᠬᠦᠷᠢᠶ᠎ᠡ ᠰᠢᠶᠠᠩ ᠤᠨ ᠬᠦ᠋ ᠴᠧᠩ ᠽᠢ ᠳᠤᠰᠬᠤᠨ ᠵᠡᠷᠬᠡ 5 ᠳᠤᠰᠬᠤᠨ ᠢ ᠦᠪᠡᠷᠳᠡᠬᠡᠨ ᠵᠠᠰᠠᠬᠤ ᠤᠷᠤᠨ ᠤ ᠰᠢᠨ᠎ᠡ ᠳᠠᠷᠢᠶᠠᠯᠠᠬᠤ ᠤᠷᠤᠨ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠳᠤᠰᠬᠤᠨ ᠢᠶᠠᠷ ᠭᠤᠶᠤᠴᠢᠯᠠᠨ ᠮᠡᠳᠡᠬᠦᠯᠪᠡ︔ ᠬᠦᠳᠡᠭᠡ ᠳᠤᠰᠬᠤᠨ ᠤ ᠰᠠᠭᠤᠷᠢ ᠳᠦᠬᠦᠬᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠲᠦᠪᠰᠢᠨ ᠤ ᠪᠠᠶᠢᠭᠤᠯᠤᠯᠳᠠ ᠶᠢ ᠴᠢᠩᠭᠠᠳᠬᠠᠪᠠ᠃ 4837 ᠡᠷᠦᠬᠡ ᠶᠢᠨ ᠠᠶᠦᠯᠳᠡᠢ ᠭᠡᠷ ᠪᠠᠶᠢᠰᠢᠩ ᠢ ᠰᠢᠨᠡᠳᠬᠡᠨ ᠦᠬᠡᠷᠡᠴᠢᠯᠡᠵᠤ᠂ ᠨᠡᠶᠢᠳᠡ 37448 ᠳᠤ ᠬᠦᠷᠴᠦ᠂ ᠪᠦᠬᠦ ᠰᠢᠶᠠᠨ ᠤ 85.2% ᠤᠨ ᠬᠦᠳᠡᠭᠡ ᠳᠤᠰᠬᠤᠨ ᠤ ᠪᠠᠶᠢᠩᠭᠤ ᠰᠠᠭᠤᠭ᠎ᠠ ᠡᠷᠦᠬᠡ  ᠶᠢ ᠰᠢᠨ᠎ᠡ ᠰᠠᠭᠤᠷᠢᠰᠢᠯ ᠳᠤ ᠨᠡᠬᠦᠯᠬᠡᠪᠡ᠃ ᠪᠦᠬᠦ ᠰᠢᠶᠠᠨ ᠤ 212 ᠵᠠᠰᠠᠭ ᠵᠠᠬᠢᠷᠭᠠᠨ ᠤ ᠳᠤᠰᠬᠤᠨ ᠳᠤ ᠴᠠᠬᠢᠯᠭᠠᠨ ᠬᠠᠩᠭᠠᠯᠳᠠ ᠤᠰᠤ ᠬᠠᠩᠭᠠᠯᠳᠠ ᠷᠡᠳᠢᠤ᠋ ᠲᠧᠯᠸᠢᠰ ᠵᠢᠴᠢ ᠬᠡᠷᠡᠯᠯᠢᠭ ᠳᠠᠳᠠᠯᠭ᠎ᠠ ᠶᠢᠨ ᠳᠠᠪᠢᠰᠤᠯᠳᠡ ᠶᠢ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠬᠦᠯᠪᠡ᠃ ᠨᠦᠬᠦᠴᠡᠯ ᠲᠠᠢ ᠵᠠᠰᠠᠭ ᠵᠠᠬᠢᠷᠭᠠᠨ ᠤ ᠳᠤᠰᠬᠤᠨ ᠪᠦᠬᠦᠨ ᠯᠢᠴᠢᠩ ᠱᠦᠢᠨᠢ ᠵᠠᠮ ᠨᠡᠪᠳᠡᠷᠡᠬᠦᠯᠵᠤ᠂ ᠡᠮᠨᠡᠯᠬᠡ ᠶᠢᠨ ᠡᠷᠡᠬᠦᠯ ᠬᠠᠮᠠᠭᠠᠯᠠᠯ ᠤᠨ ᠳᠠᠰᠤᠭ᠂ ᠰᠤᠶᠤᠯ ᠤᠨ ᠠᠵᠢᠯᠯᠠᠭᠠᠨ ᠤ ᠳᠠᠰᠤᠭ ᠪᠠ ᠴᠢᠯᠦᠬᠡᠳᠦ ᠳᠡᠯᠬᠡᠬᠦᠷ ᠤᠨ ᠦᠪᠴᠢ ᠪᠦᠷᠬᠦᠬᠦᠯᠳᠡ ᠶᠢ ᠪᠡᠶᠡᠯᠡᠬᠦᠯᠵᠤ᠂ ᠨᠡᠶᠢᠬᠡᠮ ᠤᠨ ᠪᠠᠳᠤᠯᠠᠪᠤᠷᠢ ᠴᠦ ᠪᠠᠳᠤᠯᠠᠪᠤᠷᠢ  ᠳᠤ ᠤᠷᠤᠭᠤᠯᠬᠤ ᠶᠢ ᠨᠢ ᠠᠯᠢ ᠪᠤᠯᠬᠤ ᠪᠠᠷ ᠤᠷᠤᠭᠤᠯᠵᠤ᠂ ᠳᠤᠰᠬᠤᠨ ᠪᠠᠯᠭᠠᠰᠤᠨ ᠤ ᠨᠡᠶᠢᠳᠡ ᠶᠢᠨ ᠠᠰᠠᠷᠠᠮᠵᠢ ᠶᠢᠨ ᠴᠢᠨᠠᠷ ᠪᠦᠬᠦᠢ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠠᠵᠢᠯ ᠤᠯᠭᠤᠯᠳᠠ ᠶᠢᠨ ᠠᠵᠢᠯ ᠤᠨ ᠪᠠᠶᠢᠷᠢ 1105 ᠶᠢ ᠨᠡᠬᠡᠬᠡᠵᠤ᠂ ᠬᠦᠳᠡᠭᠡ ᠳᠤᠰᠬᠤᠨ ᠤ ᠰᠠᠭᠤᠷᠢ ᠳᠦᠬᠦᠬᠡᠷᠦᠮᠵᠢ ᠶᠢᠨ ᠬᠢᠷᠢ ᠲᠦᠪᠰᠢᠨ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠴᠢᠳᠠᠪᠤᠷᠢ ᠳᠤ ᠳᠠᠪᠠᠯᠳᠠᠳᠤ ᠮᠠᠶ᠋ᠢᠭ ᠢᠶᠠᠷ ᠬᠦᠭᠵᠢᠵᠤ᠂ ᠬᠦᠳᠡᠭᠡ ᠳᠤᠰᠬᠤᠨ ᠤ ᠳᠦᠷᠰᠦ ᠪᠠᠶᠢᠳᠠᠯ ᠳᠤ ᠳᠡᠤᠬᠡᠳᠦ ᠴᠢᠨᠠᠷᠳᠠᠢ ᠬᠤᠪᠢᠷᠠᠯᠳᠠ ᠭᠠᠷᠪᠠ᠃      — ᠨᠡᠶᠢᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠳᠠᠪᠰᠢᠵᠤ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠪᠦᠲᠦᠮᠵᠢᠳᠡᠢ ᠪᠠᠷ ᠪᠠᠳᠤᠯᠠᠭᠳᠠᠪᠠ᠃ ᠡᠳ᠋ ᠤᠨ ᠬᠦᠴᠦᠨ ᠪᠠᠴᠢᠮ ᠪᠠᠶᠢᠳᠠᠯ ᠳᠤᠤᠷ᠎ᠡ᠂ ᠠᠷᠠᠳ ᠤᠨ ᠠᠮᠢᠳᠤᠷᠠᠯ ᠢ ᠪᠠᠳᠤᠯᠠᠬᠤ ᠡᠷᠴᠢᠮ ᠦᠷᠬᠦᠯᠵᠢᠯᠡᠨ ᠴᠢᠩᠭᠠᠷᠠᠵᠤ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 15.23 ᠳ᠋ᠦᠩᠰᠢᠭᠤᠷ ᠳᠦᠬᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠭᠡᠢ ᠵᠠᠷᠤᠯᠭ᠎ᠠ ᠶᠢᠨ 55.4% ᠶᠢ ᠡᠵᠡᠯᠡᠪᠡ᠃ ᠠᠵᠢᠯ ᠤᠯᠭᠤᠯᠳᠠ ᠠᠳᠠᠯ ᠪᠤᠰᠬᠠᠯᠳᠠ ᠶᠢᠨ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠠᠵᠢᠯ ᠤᠯᠤᠭᠰᠠᠨ ᠬᠦᠮᠦᠨ 1320 ᠰᠢᠨ᠎ᠡ ᠪᠠᠷ ᠨᠡᠮᠡᠭᠳᠡᠪᠡ᠃ ᠸᠧᠨ ᠨᠢᠩ᠂ ᠵᠢᠤᠢ ᠬᠤᠩ ᠪᠠᠷᠢᠯᠭ᠎ᠠ ᠶᠢᠨ ᠮᠠᠲ᠋ᠧᠷᠢᠶᠠᠯ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠳᠤᠭᠤᠷᠢᠭ᠂ ᠰᠢᠶᠧ ᠨᠦᠩ ᠤᠶᠤᠳᠠᠨ ᠤ ᠡᠯᠧᠺᠲᠷᠤᠨ ᠬᠤᠳᠠᠯᠳᠤᠭᠠᠨ ᠤ ᠠᠳᠠᠯ ᠪᠤᠰᠬᠠᠯᠳᠠ ᠶᠢᠨ ᠨᠡᠪᠴᠢᠬᠦᠯᠦᠯᠳᠡ  ᠶᠢᠨ ᠳᠡᠪᠴᠡᠩ ᠵᠢᠴᠢ ᠤᠯᠠᠨ ᠲᠦᠮᠡᠨᠴᠢ ᠡᠬᠦᠳᠦᠭᠴᠢ ᠶᠢᠨ ᠲᠦᠪ ᠪᠠᠶᠢᠭᠤᠯᠵᠤ᠂ ᠨᠢᠬᠡᠨᠳᠡ 163 ᠠᠳᠠᠯ ᠪᠤᠰᠬᠠᠯᠳᠠ ᠶᠢᠨ ᠪᠦᠯᠬᠦᠮ ᠨᠡᠶᠢᠳᠡ ᠵᠢᠴᠢ ᠠᠳᠠᠯ ᠪᠤᠰᠬᠠᠭᠴᠢ ᠤᠷᠤᠵᠤ ᠰᠠᠭᠤᠵᠤ᠂ ᠠᠳᠠᠯ ᠪᠤᠰᠬᠠᠯᠳᠠ ᠪᠠᠷ ᠠᠵᠢᠯ ᠤᠯᠤᠭᠰᠠᠨ ᠬᠦᠮᠦᠨ 1200 ᠭᠠᠷᠤᠢ ᠠᠪᠴᠢᠷᠠᠪᠠ︔ ᠨᠡᠶᠢᠬᠡᠮ ᠤᠨ ᠪᠠᠳᠤᠯᠠᠪᠤᠷᠢ ᠶᠢᠨ ᠰᠢᠰᠲ᠋ᠧᠮᠵᠢ ᠴᠢᠨᠠᠭᠰᠢᠳᠡ ᠳᠡᠬᠦᠯᠳᠡᠷᠵᠢᠵᠤ᠂ ᠰᠢᠶᠠᠩ ᠪᠠᠯᠭᠠᠰᠤ᠂ ᠨᠡᠶᠢᠬᠡᠮ ᠳᠤᠭᠤᠷᠢᠭ ᠵᠢᠴᠢ ᠳᠤᠰᠬᠤᠨ ᠱᠠᠲᠤ ᠶᠢ ᠪᠦᠷᠬᠦᠭᠰᠡᠨ ᠬᠦᠳᠡᠯᠮᠦᠷᠢ  ᠶᠢᠨ ᠪᠠᠳᠤᠯᠠᠭᠠᠨ ᠤ ᠪᠠᠶᠢᠭᠤᠯᠤᠮᠵᠢ᠂ ᠳᠡᠪᠴᠡᠩ ᠢ ᠪᠠᠶᠢᠭᠤᠯᠵᠤ ᠠᠵᠢᠯᠳᠠᠨ ᠢ ᠪᠦᠷᠢᠨ ᠳᠤᠬᠢᠷᠠᠭᠤᠯᠪᠠ᠃ ᠰᠢᠶᠠᠨ᠂ ᠰᠢᠶᠠᠩ᠂ ᠳᠤᠰᠬᠤᠨ ᠭᠤᠷᠪᠠᠨ ᠱᠠᠲᠤᠨ ᠤ ᠭᠠᠳᠠᠭᠰᠢ ᠭᠠᠷᠴᠦ ᠬᠦᠯᠦᠰᠦᠨ ᠠᠵᠢᠯ ᠬᠢᠬᠦ ᠬᠦᠮᠦᠰ ᠲᠤ ᠶᠡᠷᠦᠩᠭᠡᠶᠢᠯᠡᠨ ᠦᠢᠯᠡᠴᠢᠯᠡᠵᠤ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠵᠤ᠂ ᠭᠠᠳᠠᠭᠰᠢ ᠭᠠᠷᠴᠦ ᠬᠦᠯᠦᠰᠦᠨ ᠠᠵᠢᠯ ᠬᠢᠬᠦ ᠬᠦᠮᠦᠰ ᠲᠤ ᠶᠡᠷᠦᠩᠭᠡᠶᠢᠯᠡᠨ ᠦᠢᠯᠡᠴᠢᠯᠡᠬᠦ ᠴᠤᠩᠬᠤ ᠭᠠᠷᠭᠠᠵᠤ᠂ ᠡᠩ ᠳᠡᠷᠢᠬᠦᠨ ᠳᠤ ᠬᠦᠬᠡᠬᠤᠳᠠ ᠪᠠ ᠪᠤᠭᠤᠳᠤ ᠶᠢᠨ ᠦᠢᠯᠡᠴᠢᠯᠡᠬᠡᠨ ᠤ ᠲᠦᠪ ᠲᠤ ︽ᠨᠢᠬᠡ ᠺᠠᠷᠲ ᠪᠠᠷ ᠨᠡᠪᠳᠡᠷᠡᠬᠦ︾ ᠤᠨᠳᠤᠤ ᠭᠠᠵᠠᠷ ᠲᠤ ᠵᠢᠯ ᠤᠨ ᠪᠠᠶᠢᠴᠠᠭᠠᠯᠳᠠ ᠬᠢᠬᠦ ᠶᠢ ᠨᠡᠪᠳᠡᠷᠡᠬᠦᠯᠵᠤ᠂ 12.8 ᠲᠦᠮᠡᠨ ᠬᠦᠮᠦᠨ ᠭᠠᠳᠠᠭᠰᠢ ᠭᠠᠷᠴᠦ᠂ ᠬᠦᠯᠦᠰᠦᠨ ᠠᠵᠢᠯ ᠬᠢᠭᠰᠡᠳ ᠢ ᠬᠠᠮᠤᠷᠠᠭᠰᠠᠨ ᠰᠠᠭᠤᠷᠢ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠦᠮᠦᠷᠬᠡ ᠶᠢ ᠪᠠᠶᠢᠭᠤᠯᠵᠤ᠂ ᠭᠠᠳᠠᠭᠰᠢ ᠭᠠᠷᠴᠦ ᠬᠦᠯᠦᠰᠦᠨ ᠠᠵᠢᠯ ᠬᠢᠬᠦ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠬᠢᠷᠢ ᠲᠦᠪᠰᠢᠨ ᠢ ᠴᠢᠨᠠᠭᠰᠢᠳᠡ ᠳᠡᠭᠡᠭᠰᠢᠯᠡᠬᠦᠯᠪᠡ᠃ ᠨᠡᠶᠢᠬᠡᠮ ᠤᠨ ᠨᠠᠰᠤᠵᠢᠯ ᠤᠨ ᠪᠠᠳᠤᠯᠠᠪᠤᠷᠢ ᠶᠢᠨ ᠲᠦᠷᠢᠮ ᠤᠨ ᠦᠪᠴᠢ ᠪᠦᠷᠬᠦᠬᠦᠯᠳᠡ ᠶᠢ ᠪᠡᠶᠡᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠳᠤ ᠤᠷᠤᠯᠴᠠᠬᠤ ᠶᠢ ᠨᠢ ᠠᠯᠢ ᠪᠤᠯᠬᠤ ᠪᠠᠷ ᠤᠷᠤᠯᠴᠠᠭᠤᠯᠪᠠ᠃ ᠬᠤᠳᠠ ᠪᠠᠯᠭᠠᠰᠤᠨ ᠤ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ 3 ᠶᠢ ᠰᠢᠨ᠎ᠡ ᠪᠠᠷ ᠪᠠᠶᠢᠭᠤᠯᠤᠭᠰᠠᠨ ᠪᠠ ᠰᠢᠨᠡᠳᠬᠡᠨ ᠦᠬᠡᠷᠡᠴᠢᠯᠡᠨ ᠪᠠᠶᠢᠭᠤᠯᠵᠤ᠂ ᠨᠡᠶᠢᠳᠡ 10 ᠳᠤ ᠬᠦᠷᠴᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠤᠨ ᠴᠡᠴᠡᠷᠯᠢᠭ ᠲᠤ ᠤᠷᠤᠭᠰᠠᠨ ᠨᠤᠷᠮ᠎ᠡ 78.7% ᠳᠤ ᠬᠦᠷᠪᠡ᠃ ᠴᠦᠨ ᠮᠦᠩ ᠪᠠᠭ᠎ᠠ ᠰᠤᠷᠭᠠᠭᠤᠯᠢ᠂ ᠨᠢᠬᠡᠳᠦᠬᠡᠷ ᠳᠤᠮᠳᠠᠳᠤ ᠰᠤᠷᠭᠠᠭᠤᠯᠢ ᠵᠡᠷᠬᠡ 7 ᠰᠤᠷᠭᠠᠭᠤᠯᠢ ᠳᠤ ᠬᠤᠯᠪᠤᠭᠳᠠᠭᠰᠠᠨ ᠵᠢᠭᠠᠨ ᠰᠤᠷᠭᠠᠯᠳᠠ ᠶᠢᠨ ᠠᠰᠠᠷ᠂ ᠪᠠᠶᠢᠷᠢ᠂ ᠳᠠᠮᠢᠷ ᠤᠨ ᠳᠠᠯᠠᠪᠤᠷ᠂ ᠬᠦᠯ ᠪᠦᠮᠪᠦᠭᠡ ᠶᠢᠨ ᠤᠷᠳᠤᠨ ᠵᠡᠷᠬᠡ ᠭᠤᠤᠯᠳᠠᠯᠭ᠎ᠠ ᠲᠠᠢ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠰᠠᠭᠤᠷᠢ ᠳᠦᠬᠦᠬᠡᠷᠦᠮᠵᠢ ᠶᠢ ᠰᠢᠨ᠎ᠡ ᠪᠠᠶᠢᠭᠤᠯᠤᠭᠰᠠᠨ ᠪᠠ ᠰᠢᠨᠡᠳᠬᠡᠨ ᠰᠠᠶᠢᠵᠢᠷᠠᠭᠤᠯᠪᠠ᠃ 3.5 ᠲᠦᠮᠡᠨ ᠳᠡᠭᠰᠢ ᠮᠧᠲᠷ ᠤᠨ ᠰᠢᠶᠠᠨ ᠤ ᠡᠮᠨᠡᠯᠬᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠳᠤᠮᠤ ᠠᠰᠠᠷ ᠳᠤᠷᠰᠢᠨ ᠠᠵᠢᠯᠯᠠᠵᠤ ᠡᠵᠡᠩᠨᠡᠬᠦ  ᠳᠡᠭᠡᠨ ᠤᠷᠤᠭᠰᠠᠨ ᠪᠠᠶᠢᠨ᠎ᠠ᠃ ᠬᠤᠳᠠ ᠶᠢᠨ ᠳᠡᠰ ᠤᠨ ᠳᠠᠷᠢᠶᠠᠴᠢᠨ ᠮᠠᠯᠴᠢᠨ ᠳᠤ ᠬᠠᠨᠤᠮᠵᠢ ᠲᠠᠢ ᠰᠢᠶᠠᠩ ᠪᠠᠯᠭᠠᠰᠤᠨ ᠤ 3 ᠡᠷᠡᠬᠦᠯ ᠬᠠᠮᠠᠭᠠᠯᠠᠯ ᠤᠨ ᠬᠤᠷᠢᠶ᠎ᠠ ᠪᠠ ᠳᠠᠷᠢᠶᠠᠴᠢᠨ ᠮᠠᠯᠴᠢᠨ ᠳᠤ ᠬᠠᠨᠤᠮᠵᠢ ᠲᠠᠢ ᠳᠤᠰᠬᠤᠨ ᠤ ᠡᠷᠡᠬᠦᠯ ᠬᠠᠮᠠᠭᠠᠯᠠᠯ ᠤᠨ ᠳᠠᠰᠤᠭ ᠢ ᠡᠬᠦᠳᠦᠨ ᠪᠠᠶᠢᠭᠤᠯᠪᠠ᠃ ᠪᠦᠬᠦ ᠳᠠᠯ᠎ᠠ ᠪᠠᠷ ᠬᠤᠶᠠᠷ ᠬᠡᠤᠬᠡᠳ ᠤᠨ ᠲᠦᠷᠦ ᠶᠢᠨ ᠪᠤᠳᠤᠯᠭ᠎ᠠ ᠡᠮᠬᠢ ᠲᠠᠢ ᠬᠡᠷᠡᠭᠵᠢᠬᠦᠯᠦᠭᠳᠡᠵᠤ᠂ ᠬᠦᠮᠦᠨ ᠠᠮᠠ ᠶᠢᠨ ᠲᠦᠯᠦᠪᠯᠡᠬᠡᠳᠦ ᠦᠷᠡᠵᠢᠯ ᠤᠨ ᠠᠵᠢᠯ ᠪᠦᠬᠦ ᠳᠠᠯ᠎ᠠ  ᠪᠠᠷ ᠴᠢᠩᠭᠠᠷᠠᠪᠠ᠃ ᠰᠤᠶᠤᠯ ᠢᠶᠠᠷ ᠠᠷᠠᠳ ᠲᠤ ᠠᠰᠢᠭ ᠬᠦᠷᠳᠡᠬᠡᠬᠦ ᠢᠨᠵᠧᠨᠧᠷᠢᠩ ᠪᠦᠬᠦ ᠳᠠᠯ᠎ᠠ ᠪᠠᠷ ᠠᠬᠢᠵᠢᠵᠤ᠂ ᠤᠯᠠᠭᠠᠨᠮᠦ᠋ᠴᠢᠷ᠂ ᠰᠤᠶᠤᠯ ᠤᠨ ᠤᠷᠳᠤᠨ ᠤ ︽ᠪᠠᠶᠠᠷ ᠪᠠᠶᠠᠰᠤᠯ ᠢ ᠬᠦᠷᠬᠡᠬᠦ᠂ ᠦᠨᠳᠦᠰᠦᠨ ᠱᠠᠲᠤᠨ ᠳᠤ ᠪᠠᠭᠤᠬᠤ︾ ᠳᠤᠭᠯᠠᠯᠳᠠ ᠨᠡᠶᠢᠳᠡ 116 ᠳᠠᠯᠠᠪᠠᠢ ᠬᠦᠷᠴᠦ᠂ 9 ᠲᠦᠮᠡ ᠭᠠᠷᠤᠢ ᠬᠦᠮᠦᠨ ᠤᠳᠠᠭ᠎ᠠ ᠳᠤ ᠠᠰᠢᠭ ᠬᠦᠷᠳᠡᠬᠡᠪᠡ᠃ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ︽ᠪᠠᠬᠢᠯᠡᠯᠳᠡ ᠶᠢᠨ ᠤᠬᠠᠮᠰᠡᠷ︾᠂ ︽ᠪᠤᠭᠤᠮᠳᠠ ᠶᠢᠨ ᠤᠬᠠᠮᠰᠡᠷ︾ ᠢᠶᠠᠨ ᠴᠢᠩᠭᠠᠷᠠᠭᠤᠯᠵᠤ᠂ ᠶᠠᠷᠢᠶ᠎ᠠ ᠬᠡᠯᠡᠯᠬᠡ  ᠪᠠᠷ ᠬᠦᠲᠦᠯᠦᠨ ᠳᠠᠭᠠᠭᠤᠯᠬᠤ ᠪᠦᠲᠦᠮᠵᠢᠳᠤ ᠴᠢᠨᠠᠷ ᠳᠠᠰᠤᠷᠠᠯᠳᠠ ᠦᠭᠡᠢ ᠨᠡᠮᠡᠭᠳᠡᠪᠡ᠃      —— ᠨᠡᠶᠢᠬᠡᠮ ᠤᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠠᠮᠤᠷ ᠠᠮᠤᠭᠤᠯᠠᠩ ᠱᠠᠩᠳᠤ ᠪᠠᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠪᠠ᠃ ᠨᠡᠶᠢᠬᠡᠮ ᠤᠨ ᠠᠮᠤᠷ ᠲᠦᠪᠰᠢᠨ ᠤ ᠵᠠᠰᠠᠯᠳᠠ ᠶᠢᠨ ᠰᠡᠷᠬᠡᠶᠢᠯᠡᠯ ᠬᠤᠷᠢᠭᠯᠠᠯᠳᠠ ᠶᠢᠨ ᠰᠢᠰᠲ᠋ᠧᠮᠵᠢ ᠶᠢᠨ ︽ᠵᠢᠷᠭᠤᠭᠠᠨ ᠲᠤᠤᠷ︾ ᠤᠨ ᠪᠠᠶᠢᠭᠤᠯᠤᠯᠳᠠ ᠳᠠᠰᠤᠷᠠᠯᠳᠠ ᠦᠭᠡᠢ ᠴᠢᠩᠭᠠᠷᠠᠵᠤ᠂ ︽ᠭᠤᠷᠪᠠ ᠳᠤ ᠴᠤᠬᠢᠯᠳᠡ ᠦᠭᠴᠦ ᠨᠢᠬᠡ ᠶᠢ ᠴᠡᠭᠴᠡᠯᠡᠨ ᠵᠠᠰᠠᠬᠤ︾ ᠳᠤᠰᠬᠠᠢ ᠠᠵᠢᠯᠯᠠᠭ᠎ᠠ ᠯᠠᠪᠳᠠᠭᠤᠨ ᠪᠠᠳᠤᠳᠠᠢ ᠶᠠᠪᠤᠭᠳᠠᠪᠠ᠃ ᠨᠡᠶᠢᠬᠡᠮ ᠤᠨ ᠵᠦᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ ᠠᠵᠢᠯ ᠢ ᠬᠦᠨᠵᠡᠬᠡᠢ ᠲᠦᠯᠬᠢᠨ ᠠᠬᠢᠭᠤᠯᠵᠤ᠂ ᠴᠢᠬᠤᠯᠠ ᠴᠠᠭ ᠬᠡᠰᠡᠭ ᠵᠠᠩᠭᠢᠯᠠᠭ᠎ᠠ ᠴᠡᠭ ᠲᠤ ᠪᠡᠬᠡᠵᠢᠩ  ᠳᠤ ᠤᠴᠢᠵᠤ ᠤᠷᠤᠨ ᠳᠤ ᠬᠦᠷᠴᠦ ᠬᠤᠳᠠ ᠳᠤ ᠶᠠᠪᠤᠵᠤ ᠱᠠᠲᠤ ᠳᠠᠪᠠᠭᠰᠠᠨ ᠰᠤᠷᠪᠤᠯᠵᠢᠯᠠᠭ᠎ᠠ ᠪᠠ ᠰᠦᠷᠦᠭᠵᠢᠯ ᠤᠨ ᠰᠤᠷᠪᠤᠯᠵᠢᠯᠠᠭ᠎ᠠ ᠡᠬᠦᠰᠦᠭᠰᠡᠨ ᠦᠭᠡᠢ᠃ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠳᠠ᠂ ᠠᠶᠦᠯᠬᠦᠢ ᠦᠢᠯᠡᠳᠪᠦᠷᠢᠯᠡᠯ ᠤᠨ ᠳᠤᠮᠤ ᠪᠠᠶᠢᠴᠠᠭᠠᠯᠳᠠ ᠪᠠ ᠭᠤᠤᠯᠳᠠᠯᠭ᠎ᠠ ᠲᠠᠢ ᠠᠵᠢᠯ ᠲᠦᠷᠦᠯ ᠬᠦᠷᠢᠶ᠎ᠡ ᠴᠠᠷᠠᠭ᠎ᠠ ᠶᠢᠨ ᠳᠤᠰᠬᠠᠢ ᠴᠡᠭᠴᠡᠯᠡᠨ ᠵᠠᠰᠠᠯᠳᠠ ᠪᠠᠷ ᠪᠠᠷᠢᠴᠠ ᠪᠤᠯᠭᠠᠵᠤ᠂ ᠡᠯ᠎ᠡ ᠵᠦᠢᠯ ᠤᠨ ᠠᠶᠦᠯᠬᠦᠢ ᠶᠢᠨ ᠳᠠᠯᠳᠠ ᠬᠡᠮ 1000 ᠤᠷᠴᠢᠮ ᠵᠢᠭᠰᠠᠭᠠᠨ ᠪᠠᠶᠢᠴᠠᠭᠠᠵᠤ ᠠᠷᠢᠯᠭᠠᠵᠤ᠂ ᠪᠦᠬᠦ ᠵᠢᠯ ᠳᠤ ᠠᠶᠦᠯᠬᠦᠢ ᠦᠢᠯᠡᠳᠪᠦᠷᠢᠯᠡᠯ ᠤᠨ ᠬᠡᠨᠡᠳᠡᠯ ᠭᠠᠷᠤᠭᠰᠠᠨ ᠦᠭᠡᠢ᠃ ᠠᠵᠤ ᠠᠬᠤᠶᠢᠯᠠᠯ ᠤᠨ ᠵᠢᠱᠢᠶ᠎ᠡ ᠦᠵᠡᠬᠦᠯᠦᠯᠳᠡ ᠪᠠᠷ ᠪᠠᠷᠢᠮᠵᠢᠶ᠎ᠠ ᠳᠤ ᠬᠦᠷᠬᠡᠬᠦ ᠠᠵᠢᠯ ᠢ ᠡᠬᠦᠳᠦᠨ ᠴᠤᠭᠴᠠᠯᠠᠬᠤ ᠪᠠᠷ ᠪᠠᠷᠢᠴᠠ ᠪᠤᠯᠭᠠᠵᠤ᠂ ᠢᠳᠡᠬᠡᠨ ᠡᠮ ᠤᠨ ᠦᠢᠯᠡᠳᠪᠦᠷᠢᠯᠡᠯ ᠤᠨ ᠡᠵᠡᠩᠨᠡᠯᠳᠡ ᠳᠤ ᠳᠠᠯᠳᠠᠯᠠᠭᠳᠠᠵᠤ ᠪᠠᠶᠢᠭ᠎ᠠ ᠬᠡᠨᠡᠨ ᠳᠦᠭᠰᠢᠬᠦᠷᠢ ᠶᠢ ᠴᠢᠩᠭ᠎ᠠ ᠬᠤᠷᠢᠭᠯᠠᠵᠤ᠂ ᠪᠦᠬᠦ ᠰᠢᠶᠠᠨ ᠤ 628 ᠬᠤᠭᠤᠯᠠ ᠤᠮᠳᠠᠭᠠᠨ ᠤ ᠠᠵᠤ ᠠᠬᠤᠶᠢᠯᠠᠯ ᠳᠤ ︽ᠭᠡᠷ ᠨᠡᠬᠦᠯᠬᠡᠬᠦ ᠮᠠᠶ᠋ᠢᠭ︾ ᠤᠨ ᠡᠷᠡᠬᠦᠯ ᠬᠠᠮᠠᠭᠠᠯᠠᠯ ᠤᠨ ᠶᠡᠭᠡ ᠴᠡᠪᠡᠷᠯᠡᠬᠦ ᠠᠵᠢᠯᠯᠠᠭ᠎ᠠ ᠶᠢ ᠦᠷᠨᠢᠬᠦᠯᠵᠤ᠂ ᠢᠯᠠ ᠳᠤᠭᠤᠭᠠᠴᠢ ᠬᠡᠬᠡᠨ ᠵᠤᠤᠬ᠎ᠠ ᠪᠠ ᠬᠡᠮᠵᠢᠶᠡᠵᠢᠬᠦᠯᠦᠨ ᠱᠠᠲᠤ ᠬᠤᠪᠢᠶᠠᠨ ᠬᠠᠮᠢᠶᠠᠷᠬᠤ ᠶᠢ ᠶᠡᠬᠡᠪᠡᠷ ᠲᠦᠯᠬᠢᠨ ᠠᠬᠢᠭᠤᠯᠪᠠ᠃ ᠳᠤᠭᠳᠠᠮᠠᠯ ᠬᠦᠷᠦᠩᠭᠡ ᠶᠢ ᠳᠠᠩᠰᠠᠯᠠᠬᠤ ᠠᠵᠢᠯ ᠳᠤ ︽ᠬᠠᠭᠤᠴᠢᠨ ᠢ ᠨᠢ ᠵᠤᠭᠰᠤᠭᠠᠵᠤ ᠰᠢᠨ᠎ᠡ ᠶᠢ ᠤᠯᠭᠤᠬᠤ︾ ᠶᠢ ᠪᠡᠶᠡᠯᠡᠬᠦᠯᠵᠤ᠂ ᠪᠦᠬᠦ ᠵᠢᠯ  ᠳᠤ ᠳᠤᠭᠳᠠᠮᠠᠯ ᠬᠦᠷᠦᠩᠭᠡ ᠶᠢᠨ ᠡᠷᠬᠡ ᠶᠢᠨ ᠦᠨᠡᠮᠯᠡᠯ ᠪᠠ ᠬᠡᠷᠡᠴᠢᠯᠡᠯᠳᠡ 3021 ᠳᠡᠪᠳᠡᠷ ᠤᠯᠭᠤᠭᠰᠠᠨ ᠪᠠᠶᠢᠨ᠎ᠠ᠃ ᠡᠬᠦᠨ ᠤ ᠳᠠᠭᠠᠤ᠂ ᠡᠮᠡᠭᠳᠡᠶᠢᠴᠤᠳ ᠬᠡᠤᠬᠡᠳ᠂ ᠤᠯᠠᠭᠠᠨ ᠵᠠᠭᠠᠯᠮᠠᠶᠢᠳᠠᠨ᠂ ᠨᠠᠰᠤᠳᠠᠶᠢᠴᠤᠳ ᠪᠠ ᠵᠡᠮᠳᠡᠭᠴᠤᠳ ᠤᠨ ᠦᠢᠯᠡᠰ ᠡᠷᠡᠬᠦᠯ ᠢᠶᠠᠷ ᠬᠦᠭᠵᠢᠪᠡ︔ ᠭᠠᠯ ᠤᠨᠳᠠᠷᠭᠠᠬᠤ᠂ ᠪᠠᠴᠢᠮ ᠪᠠᠶᠢᠳᠠᠯ ᠢ ᠠᠷᠭᠠᠴᠠᠬᠤ᠂ ᠳᠠᠩᠰᠠ ᠡᠪᠬᠡᠮᠡᠯ ᠳᠡᠤᠬᠡ ᠤᠶᠢᠯᠠᠯᠭ᠎ᠠ᠂ ᠠᠷᠠᠳ ᠤᠨ ᠵᠡᠪᠰᠡᠭᠳᠤ ᠬᠦᠴᠦᠨ ᠵᠡᠷᠬᠡ ᠠᠵᠢᠯ ᠳᠠᠭᠠᠨ ᠴᠦ ᠲᠦᠷᠬᠡᠨ ᠳᠠᠪᠰᠢᠯᠳᠠ ᠲᠠᠢ ᠪᠤᠯᠪᠠ︔ ᠦᠨᠳᠦᠰᠦᠳᠡᠨ ᠱᠠᠰᠢᠨ ᠰᠤᠷᠳᠠᠬᠤᠨ ᠤ ᠠᠵᠢᠯ ᠰᠢᠨ᠎ᠡ ᠪᠠᠷ ᠴᠢᠩᠭᠠᠷᠠᠵᠤ᠂ ᠡᠶ᠎ᠡ ᠵᠤᠬᠢᠴᠠᠯᠳᠤ ᠳᠤᠭᠳᠠᠭᠤᠨ ᠪᠠᠶᠢᠳᠠᠯ ᠤᠯᠠᠮ ᠪᠠᠬᠢᠵᠢᠪᠡ᠃      — ᠤᠯᠤᠰ ᠲᠦᠷᠦ ᠶᠢᠨ ᠪᠠᠶᠢᠭᠤᠯᠤᠯᠳᠠ ᠪᠠᠷ ᠳᠡᠷᠢᠬᠦᠨ ᠴᠢᠬᠤᠯᠠ ᠡᠬᠦᠷᠬᠡ ᠪᠤᠯᠭᠠᠵᠤ᠂ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠪᠠ᠃ ︽ᠬᠤᠶᠠᠷ ᠢ ᠰᠤᠷᠤᠯᠴᠠᠵᠤ ᠨᠢᠬᠡ ᠳᠤ ᠬᠢᠷᠢ ᠳᠡᠩᠴᠡᠬᠦ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠡ ᠲᠦᠷᠢᠮᠵᠢᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ ᠰᠤᠷᠤᠯᠴᠠᠨ ᠲᠤᠤᠱᠯᠠᠭᠤᠯᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠡᠬᠦᠷᠬᠡᠯᠡᠵᠤ ᠠᠵᠢᠯᠯᠠᠵᠤ᠂ ᠬᠦᠭᠵᠢᠯᠳᠡ ᠶᠢ ᠰᠦᠪᠡᠭᠴᠢᠯᠡᠵᠤ᠂ ᠬᠠᠷᠢᠭᠤᠴᠠᠯᠭ᠎ᠠ ᠪᠠᠨ ᠬᠦᠢᠴᠡᠳᠬᠡᠵᠤ᠂ ᠦᠨᠡᠨᠬᠦ ᠠᠵᠢᠯᠯᠠᠵᠤ ᠳᠠᠪᠠᠯᠳᠠ ᠶᠢ ᠠᠬᠢᠭᠤᠯᠤᠶ᠎ᠠ︾ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠠᠵᠢᠯᠯᠠᠭ᠎ᠠ ᠶᠢ ᠦᠷᠨᠢᠬᠦᠯᠵᠤ᠂ ︽ᠳᠦᠷᠪᠡᠨ ᠤᠬᠠᠮᠰᠡᠷ︾ ᠢ ᠪᠠᠲᠤ ᠪᠤᠢ ᠪᠤᠯᠭᠠᠵᠤ᠂ ︽ᠳᠦᠷᠪᠡᠨ ᠢᠳᠡᠬᠡᠯ︾  ᠢᠶᠠᠨ ᠴᠢᠩᠭᠠᠷᠠᠭᠤᠯᠪᠠ᠃ ᠰᠢᠶᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ᠂ ᠨᠡᠶᠢᠬᠡᠮ ᠤᠨ ᠡᠯ᠎ᠡ ᠡᠳᠡᠬᠡᠳ ᠤᠨ ᠤᠯᠠᠨ ᠲᠦᠮᠡᠨ ᠤ ᠬᠢᠨᠠᠯᠳᠠ ᠪᠠ ᠶᠠᠷᠢᠶ᠎ᠠ ᠬᠡᠯᠡᠯᠬᠡ ᠶᠢᠨ ᠬᠢᠨᠠᠯᠳᠠ ᠶᠢ ᠤᠬᠠᠮᠰᠡᠷ ᠠᠴᠠ ᠪᠠᠨ ᠬᠦᠯᠢᠶᠡᠨ ᠠᠪᠴᠦ᠂ ᠠᠷᠠᠳ ᠤᠨ ᠲᠦᠯᠦᠬᠡᠯᠡᠭᠴᠢᠳ ᠤᠨ 64 ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ 60 ᠳᠤᠷᠠᠳᠤᠯᠭ᠎ᠠ ᠪᠦᠬᠦᠨ ᠢ ᠬᠦᠢᠴᠡᠳᠬᠡᠵᠤ ᠳᠠᠭᠤᠰᠬᠠᠪᠠ᠃ ᠨᠡᠶᠢᠬᠡᠮ ᠤᠨ ᠬᠠᠯᠠᠮᠵᠢᠯᠠᠯ ᠳᠤ ᠴᠠᠭ ᠳᠤᠬᠠᠢ ᠳᠤᠨᠢ ᠬᠠᠷᠢᠭᠤᠯᠳᠠ ᠦᠭᠴᠦ᠂ ᠳᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢᠨ ᠦᠷᠢᠳᠦᠯ ᠤᠨ ᠴᠡᠪᠡᠷᠯᠡᠬᠦ ᠠᠵᠢᠯ ᠢ ᠶᠠᠪᠤᠭᠳᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠷᠬᠢᠯᠳᠡ ᠶᠢᠨ ᠮᠦᠩᠭᠦ ᠭᠠᠷᠭᠠᠬᠤ᠂ ᠡᠳ᠋ ᠤᠨ ᠵᠠᠰᠠᠭ ᠤᠨ ᠪᠡᠯᠡ ᠮᠦᠩᠭᠦ ᠶᠢ ᠨᠡᠶᠢᠳᠬᠡᠬᠦ ᠪᠠ ᠬᠠᠤᠯᠢ ᠶᠢ ᠴᠢᠩᠭ᠎ᠠ ᠬᠡᠷᠡᠭᠵᠢᠬᠦᠯᠵᠤ ᠦᠷᠢᠳᠦᠯ ᠢ ᠴᠡᠪᠡᠷᠯᠡᠬᠦ ᠵᠡᠷᠬᠡ ᠠᠷᠭ᠎ᠠ ᠪᠠᠷᠢᠯ ᠢᠶᠠᠷ ᠳᠠᠮᠵᠢᠭᠤᠯᠤᠨ᠂ ᠴᠠᠭ ᠳᠤᠬᠠᠢ ᠳᠤᠨᠢ ᠳᠡᠬᠡᠳᠦ ᠱᠠᠲᠤᠨ ᠤ ᠱᠠᠭᠠᠷᠳᠠᠯᠭ᠎ᠠ ᠶᠤᠰᠤᠭᠠᠷ ᠵᠠᠰᠠᠭ ᠤᠨ ᠴᠢᠨᠠᠷ ᠪᠦᠬᠦᠢ ᠪᠠᠷᠢᠯᠭ᠎ᠠ ᠶᠢᠨ ᠳᠠᠷᠢᠶᠠᠴᠢᠨ ᠬᠦᠯᠦᠰᠦᠨ ᠠᠵᠢᠯᠴᠢᠨ ᠳᠤ ᠦᠷᠢᠳᠦᠵᠤ ᠪᠠᠶᠢᠭ᠎ᠠ ᠴᠠᠯᠢᠩ ᠬᠦᠯᠦᠰᠦ ᠶᠢ ᠨᠢ ᠭᠠᠷᠳᠠᠭᠤᠯᠤᠭᠰᠠᠨ ᠤ ᠳᠠᠭᠠᠤ ᠠᠵᠤ ᠠᠬᠤᠶᠢᠯᠠᠯ ᠢ ᠱᠠᠯᠠᠪᠳᠠᠵᠤ ᠪᠠᠶᠢᠭᠠᠳ ᠳᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠨᠢ ᠤᠯᠭᠤᠪᠠ᠃ ᠪᠦᠬᠦ ᠵᠢᠯ ᠳᠤ᠂ ᠡᠯ᠎ᠡ ᠲᠦᠷᠦᠯ ᠤᠨ ᠬᠢᠨᠠᠨ ᠵᠦᠪᠰᠢᠶᠡᠷᠡᠯ ᠤᠨ ᠦᠢᠯᠡᠴᠢᠯᠡᠬᠡᠨ ᠤ ᠵᠦᠢᠯ ᠤᠳ 29 ᠶᠢ ᠬᠦᠢᠴᠡᠳᠬᠡᠵᠤ᠂ ᠬᠦᠢᠴᠡᠳᠬᠡᠵᠤ ᠳᠠᠭᠤᠰᠤᠭᠰᠠᠨ ᠨᠤᠷᠮ᠎ᠡ 99%︔ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠯᠳᠠ ᠶᠢ 30 ᠲᠦᠷᠦᠯ ᠪᠠᠶᠢᠭᠰᠠᠨ ᠠᠴᠠ 19 ᠲᠦᠷᠦᠯ ᠪᠤᠯᠭᠠᠵᠤ ᠬᠠᠰᠤᠪᠠ᠃ ᠨᠠᠮᠴᠢ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠᠳᠤ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ 4 ᠵᠢᠯ ᠳᠠᠷᠠᠭᠠᠯᠠᠨ ᠵᠠᠰᠠᠭ ᠤᠨ ᠤᠷᠳᠤᠨ ᠤ ᠰᠢᠰᠲ᠋ᠧᠮ ᠤᠨ ᠠᠷᠢᠭᠤᠨ ᠴᠢᠬᠡᠴᠢ ᠶᠢᠨ ᠠᠵᠢᠯ  ᠤᠨ ᠬᠤᠷᠠᠯ ᠢ ᠬᠤᠷᠠᠯᠳᠤᠭᠤᠯᠵᠤ᠂ ᠨᠠᠮ ᠤᠨ ᠳᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠨᠠᠭᠰᠢᠳᠡ ᠲᠦᠪ ᠴᠢᠩᠭ᠎ᠠ ᠪᠤᠯᠭᠠᠵᠤ᠂ ︽ᠭᠤᠷᠪᠠᠨ ᠴᠢᠬᠤᠯᠠ ᠨᠢᠬᠡ ᠳᠤᠮᠤ︾ ᠶᠢᠨ ᠬᠠᠮᠳᠤ ᠪᠠᠷ ᠢᠶᠠᠨ ᠰᠢᠢᠳᠪᠦᠷᠢᠳᠦ ᠪᠤᠳᠤᠯᠭ᠎ᠠ ᠭᠠᠷᠭᠠᠬᠤ ᠲᠦᠷᠢᠮ ᠢ ᠪᠤᠳᠠᠳᠠᠢ ᠨᠠᠷᠢᠯᠢᠭ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ  ᠤᠨ ᠨᠠᠮᠴᠢ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠳᠠᠰᠤᠷᠠᠯᠳᠠ ᠦᠭᠡᠢ ᠴᠢᠩᠭᠠᠷᠠᠪᠠ᠃      ᠲᠦᠯᠦᠬᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠤᠯᠤᠭᠰᠠᠨ ᠠᠮᠵᠢᠯᠳᠠ ᠪᠤᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠵᠢᠴᠢ ᠰᠢᠶᠠᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠦᠲᠦᠮᠵᠢᠳᠡᠢ ᠬᠢᠨᠠᠯᠳᠠ ᠪᠠ ᠤᠯᠤᠰ ᠲᠦᠷᠦ ᠶᠢᠨ ᠵᠦᠪᠯᠡᠯᠬᠡᠨ ᠤ ᠬᠦᠴᠦᠨ ᠪᠦᠬᠦᠢ ᠳᠡᠮᠵᠢᠯᠬᠡ ᠶᠢᠨ ᠦᠷ᠎ᠡ ᠳ᠋ᠦᠩ ᠮᠥᠨ᠂ ᠪᠦᠬᠦ ᠰᠢᠶᠠᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠮᠳᠤ ᠪᠠᠷ ᠴᠢᠷᠮᠠᠶᠢᠨ ᠳᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠪᠦᠬᠦ ᠰᠢᠶᠠᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ᠂ ᠪᠦᠬᠦ ᠰᠢᠶᠠᠨ ᠤ ᠦᠬᠡᠷᠡᠴᠢᠯᠡᠯᠳᠡ ᠨᠡᠬᠡᠬᠡᠯᠳᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠳᠠ ᠳᠤ ᠬᠤᠪᠢ ᠨᠡᠮᠡᠷᠢ ᠭᠠᠷᠭᠠᠭᠰᠠᠨ ᠨᠦᠬᠦᠳ᠂ ᠱᠠᠩᠳᠤ ᠶᠢᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠬᠡᠳ ᠤᠨ ᠨᠠᠶᠢᠵᠢ ᠨᠠᠷ ᠲᠤ ᠴᠢᠩ ᠰᠡᠳᠬᠢᠯ ᠤᠨ ᠳᠠᠯᠠᠷᠬᠠᠯ ᠪᠠ ᠡᠷᠬᠢᠮ ᠳᠡᠬᠡᠳᠦ ᠬᠦᠨᠳᠦᠳᠬᠡᠯ ᠢᠶᠠᠨ ᠳᠡᠪᠰᠢᠬᠦᠯᠵᠤ ᠪᠠᠶᠢᠬᠤ ᠪᠠᠨ ᠢᠯᠡᠳᠬᠡᠶ᠎ᠡ︕      ᠠᠮᠵᠢᠯᠳᠠ ᠪᠠᠨ ᠨᠤᠳᠠᠯᠠᠬᠤ ᠶᠢᠨ ᠳᠠᠭᠠᠤ᠂ ᠬᠦᠭᠵᠢᠯᠳᠡ ᠪᠠᠷ ᠳᠡᠩᠴᠡᠬᠦᠷᠢ ᠦᠭᠡᠢ᠂ ᠬᠦᠢᠴᠡᠳ ᠦᠭᠡᠢ ᠪᠤᠯ ᠬᠦᠭᠵᠢᠯᠳᠡ ᠶᠢ ᠬᠦᠯᠢᠶᠡᠰᠦᠯᠡᠬᠦ ᠶᠢᠨ ᠭᠤᠤᠯ ᠵᠦᠷᠢᠴᠡᠯ ᠪᠠ ᠡᠯᠧᠮᠧᠨ᠋ᠲ ᠮᠥᠨ ᠬᠡᠳᠡᠭ ᠢ ᠪᠢᠳᠡ ᠳᠤᠳᠤᠷᠬᠠᠢ ᠳᠠᠨᠢᠪᠠ ᠃ ᠰᠢᠶᠠᠨ ᠤ ᠠᠵᠤ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ ᠬᠦᠭᠵᠢᠯᠳᠡ ᠶᠢᠨ ᠠᠷᠭ᠎ᠠ ᠠᠪᠴᠡᠯ ᠪᠦᠳᠦᠬᠦᠯᠢᠭ᠂ ᠠᠵᠤ ᠦᠢᠯᠡᠰ ᠤᠨ ᠪᠦᠲᠦᠴᠡ ᠳᠠᠩ ᠭᠠᠭᠴᠠ᠂ ᠠᠵᠤ ᠠᠬᠤᠢ ᠶᠢᠨ ᠦᠷ᠎ᠡ ᠠᠰᠢᠭ ᠦᠨᠳᠦᠷ ᠪᠤᠰᠤ᠂ ᠠᠰᠠᠭᠤᠳᠠᠯ ᠮᠥᠨ ᠮᠠᠰᠢ ᠳᠤᠪᠤᠶᠢᠮ᠎ᠡ ᠪᠠᠶᠢᠨ᠎ᠠ᠃ ᠨᠢᠬᠡᠳᠦᠬᠡᠷ ᠠᠵᠤ ᠦᠢᠯᠡᠰ ᠬᠦᠴᠦᠷᠬᠡᠭ ᠪᠤᠰᠤ᠂ ᠬᠤᠶᠠᠳᠤᠭᠠᠷ ᠠᠵᠤ ᠦᠢᠯᠡᠰ ᠰᠢᠯᠢᠳᠡᠭ ᠪᠤᠰᠤ᠂ ᠭᠤᠷᠪᠠᠳᠤᠭᠠᠷ ᠠᠵᠤ ᠦᠢᠯᠡᠰ ᠳᠤᠮᠤ ᠪᠤᠰᠤ ᠪᠠᠶᠢᠵᠤ᠂ ︽ᠳᠠᠪᠤᠨᠵᠢᠭᠤᠯᠤᠯᠳᠠ︾ ᠶᠢᠨ ᠬᠦᠭᠵᠢᠯᠳᠡ ᠳᠡᠩᠴᠡᠬᠦᠷᠢ ᠦᠭᠡᠢ ᠪᠠᠶᠢᠭᠰᠠᠭᠠᠷ︔ ᠬᠦᠭᠵᠢᠯᠳᠡ ᠶᠢᠨ ᠰᠠᠭᠤᠷᠢ ᠪᠠᠷ ᠪᠠᠬᠢ ᠪᠢᠰᠢ᠂ ᠳᠤᠰ ᠪᠡᠶ᠎ᠡ ᠶᠢᠨ ᠡᠳ᠋ ᠤᠨ ᠵᠠᠰᠠᠭ ᠭᠠᠶᠢᠯᠢ ᠶᠢᠨ ᠳᠤᠯᠭᠠᠭᠤᠷᠢᠯᠠᠬᠤ ᠬᠦᠴᠦᠨ ᠢᠶᠠᠷ ᠬᠢᠵᠠᠭᠠᠷ ᠲᠠᠢ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ ᠠᠴᠠ ᠡᠳᠦᠷ ᠰᠢᠷᠦᠬᠦᠰᠴᠦ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠯᠦᠵᠤ ᠪᠤᠴᠠᠭᠠᠬᠤ ᠪᠡᠯᠡ ᠮᠦᠩᠭᠦᠨ ᠤ ᠢᠷᠡᠯᠳᠡ ᠬᠦᠷᠦᠯᠴᠡᠬᠦ ᠦᠭᠡᠢ᠂ ᠡᠩᠭᠡᠷ ᠢᠶᠠᠨ ᠰᠡᠬᠦᠪᠡᠯ ᠳᠤᠬᠤᠢ ᠦᠵᠡᠭᠳᠡᠵᠤ ᠪᠠᠶᠢᠨ᠎ᠠ᠃ ᠬᠦᠳᠡᠭᠡ ᠳᠤᠰᠬᠤᠨ ᠤ ᠬᠦᠮᠦᠨ ᠢ ᠶᠠᠳᠠᠭᠤ ᠠᠴᠠ ᠨᠢ ᠠᠩᠭᠢᠵᠢᠷᠠᠭᠤᠯᠬᠤ ᠡᠬᠦᠷᠬᠡ ᠬᠠᠳᠠᠭᠤᠵᠢᠯᠳᠡᠢ ᠪᠠᠶᠢᠭᠰᠠᠭᠠᠷ︔ ᠬᠦᠭᠵᠢᠯᠳᠡ ᠶᠢᠨ ᠳᠤᠳᠤᠭᠠᠳᠤ ᠬᠦᠳᠡᠯᠬᠡᠬᠦ ᠬᠦᠴᠦᠨ ᠵᠢᠴᠢ ᠵᠠᠰᠠᠭ ᠤᠨ ᠤᠷᠳᠤᠨ  ᠤ ᠴᠢᠳᠠᠪᠬᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠬᠦᠯᠬᠦ ᠴᠢᠬᠤᠯᠠ ᠲᠠᠢ ᠪᠠᠶᠢᠵᠤ᠂ ᠺᠠᠳ᠋ᠷ ᠤᠨ ᠡᠩᠨᠡᠬᠡᠨ ᠤ ᠶᠠᠪᠤᠳᠠᠯ ᠬᠢᠬᠦ ᠦᠢᠯᠡᠰ ᠪᠤᠰᠬᠠᠬᠤ ᠴᠤᠭ ᠰᠦᠯᠳᠡ ᠶᠢ ᠳᠡᠭᠡᠭᠰᠢᠯᠡᠬᠦᠯᠬᠦ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠬᠦᠯᠬᠦ᠂ ᠬᠦᠭᠵᠢᠯᠳᠡ ᠶᠢᠨ ᠤᠷᠴᠢᠨ ᠠᠬᠤᠢ ᠶᠢ ᠰᠢᠯᠢᠳᠡᠭᠵᠢᠬᠦᠯᠬᠦ ᠵᠡᠷᠬᠡ ᠳᠠᠯ᠎ᠠ ᠪᠠᠷ ᠬᠢ ᠡᠬᠦᠷᠬᠡ ᠮᠠᠰᠢ ᠳᠤᠯᠭᠠᠮ᠎ᠡ ᠪᠤᠢ︔ ᠬᠦᠭᠵᠢᠯᠳᠡ ᠶᠢᠨ ᠭᠠᠳᠠᠭᠠᠳᠤ ᠤᠷᠴᠢᠨ ᠳᠤᠭᠤᠷᠢᠨ ᠤ ᠪᠠᠶᠢᠳᠠᠯ ᠬᠠᠳᠠᠭᠤ ᠴᠢᠩᠭ᠎ᠠ᠂ ᠰᠢᠶᠠᠨ ᠤ ᠮᠦᠩᠭᠦᠨ ᠬᠦᠢᠯᠬᠡᠬᠡᠨ ᠤ ᠠᠵᠤ ᠠᠬᠤᠢ ᠶᠢᠨ ᠪᠦᠬᠦᠶᠢᠯᠡ ᠴᠤᠭᠴᠠ ᠶᠢᠨ ᠴᠢᠳᠠᠪᠤᠷᠢ ᠪᠠᠭᠤᠷᠠᠢ ᠪᠠ ᠪᠤᠳᠠᠳᠤ ᠴᠤᠭᠴᠠᠳᠤ ᠠᠵᠤ ᠠᠬᠤᠢ ᠶᠢᠨ ᠲᠦᠷᠦᠯ ᠵᠦᠢᠯ ᠤᠨ ᠪᠡᠯᠡ ᠮᠦᠩᠭᠦ ᠦᠯᠦ ᠬᠦᠷᠦᠯᠴᠡᠬᠦ ᠵᠡᠷᠬᠡᠪᠡᠷ ᠤᠷᠤᠰᠢᠵᠤ᠂ ᠬᠤᠰᠢᠭᠤ ᠰᠢᠶᠠᠨ ᠬᠤᠭᠤᠷᠤᠨᠳᠤᠬᠢ ᠢᠵᠢᠯᠢ ᠴᠢᠨᠠᠷᠵᠢᠯᠳᠡ ᠶᠢᠨ ᠦᠷᠢᠰᠦᠯᠳᠦᠬᠡᠨ ᠰᠢᠷᠦᠬᠦᠰᠴᠦ᠂ ᠨᠡᠶᠢᠬᠡᠮ ᠤᠨ ᠡᠯ᠎ᠡ ᠲᠦᠷᠦᠯ ᠤᠨ ᠰᠦᠷᠦᠭᠵᠢᠯ ᠤᠨ ᠠᠰᠢᠭ ᠳᠤᠰᠠ ᠶᠢᠨ ᠱᠠᠭᠠᠷᠳᠠᠯᠭ᠎ᠠ ᠶᠢᠨ ᠳᠤᠭᠠᠴᠢᠯᠳᠠ ᠤᠯᠠᠨ ᠡᠰᠢᠳᠦ ᠵᠡᠷᠬᠡ ᠡᠯᠧᠮᠧᠨ᠋ᠲ ᠨᠢ ᠰᠢᠨ᠎ᠡ ᠴᠠᠭ ᠦᠶ᠎ᠡ ᠶᠢᠨ ᠠᠵᠤ ᠠᠬᠤᠢ  ᠶᠢᠨ ᠬᠡᠯᠪᠡᠷᠢ ᠪᠠᠨ ᠬᠤᠪᠢᠷᠠᠭᠤᠯᠬᠤ ᠪᠠ ᠨᠡᠶᠢᠬᠡᠮ ᠤᠨ ᠬᠦᠭᠵᠢᠯᠳᠡ ᠶᠢ ᠳᠤᠭᠳᠠᠪᠤᠷᠢᠵᠢᠭᠤᠯᠬᠤ ᠳᠤ ᠲᠦᠢᠯ ᠤᠨ ᠶᠡᠭᠡ ᠦᠷᠢᠰᠦᠯᠳᠦᠬᠡᠨ ᠢ ᠠᠪᠴᠢᠷᠠᠪᠠ᠂ ᠳᠡᠬᠡᠷᠡᠬᠢ ᠠᠰᠠᠭᠤᠳᠠᠯ ᠢ ᠴᠦᠮ ᠪᠢᠳᠡ ᠬᠤᠶᠢᠰᠢᠳᠡ ᠶᠢᠨ ᠠᠵᠢᠯ ᠳᠠᠭᠠᠨ ᠨᠠᠷᠢᠨ ᠨᠢᠮᠪᠠᠢ ᠬᠠᠨᠳᠤᠬᠤ ᠮᠦᠷᠳᠡᠬᠡᠨ ᠰᠢᠢᠳᠪᠦᠷᠢᠯᠡᠨ᠎ᠡ᠃      ᠬᠤᠶᠠᠷ᠂ 2018 ᠤᠨ ᠤ ᠭᠤᠤᠯ ᠡᠬᠦᠷᠬᠡ      2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ  ᠶᠢᠨ ᠡᠬᠢᠯᠡᠯᠳᠡ ᠶᠢᠨ ᠵᠢᠯ ᠮᠥᠨ᠂ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ ᠮᠥᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠰᠢᠢᠳᠪᠦᠷᠢᠳᠦ ᠢᠯᠠᠯᠳᠠ ᠤᠯᠬᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠳᠦ ᠢᠯᠠᠯᠳᠠ ᠤᠯᠬᠤ ᠶᠢᠨ ᠵᠠᠩᠭᠢᠯᠠᠭ᠎ᠠ ᠶᠢᠨ ᠵᠢᠯ ᠮᠥᠨ᠂ ᠮᠥᠨ ᠴᠦ ᠰᠢᠨ᠎ᠡ ᠨᠢᠬᠡ ᠬᠤᠭᠤᠴᠠᠭᠠᠨ ᠤ ᠵᠠᠰᠠᠭ ᠤᠨ ᠤᠷᠳᠤᠨ ᠤ ᠰᠢᠨ᠎ᠡ ᠪᠠᠷ ᠡᠬᠦᠷᠬᠡ ᠳᠤᠰᠢᠶᠠᠯ ᠢᠶᠠᠨ ᠬᠦᠢᠴᠡᠳᠬᠡᠬᠦ ᠶᠢᠨ ᠵᠢᠯ ᠪᠤᠯᠤᠨ᠎ᠠ᠃ ᠪᠢᠳᠡ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠠᠪᠤᠳᠤᠭᠠᠷ ᠤᠳᠠᠭᠠᠨ ᠤ ᠪᠦᠬᠦᠳᠡ ᠬᠤᠷᠠᠯ ᠪᠤᠯᠤᠨ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠳᠦᠷᠪᠡᠳᠦᠬᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦᠳᠡ ᠬᠤᠷᠠᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠬᠦ ᠳᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠳᠠ ᠪᠠᠷ ᠬᠦᠲᠦᠯᠦᠮᠵᠢ ᠪᠤᠯᠭᠠᠬᠤ ᠪᠠ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠵᠤ᠂ ᠨᠢᠬᠡᠳᠦᠯᠳᠡᠢ ᠲᠦᠯᠦᠪᠯᠡᠵᠤ ᠨᠡᠶᠢᠳᠡᠮ ᠳᠤᠨᠢ ᠬᠠᠷᠠᠭᠠᠯᠵᠠᠵᠤ᠂ ᠭᠤᠤᠯᠳᠠᠯᠭ᠎ᠠ ᠶᠢ ᠳᠤᠪᠤᠶᠢᠯᠭᠠᠵᠤ᠂ ᠡᠯ᠎ᠡ ᠲᠦᠷᠦᠯ ᠤᠨ ᠠᠵᠢᠯ ᠢᠶᠠᠨ ᠬᠦᠴᠦᠳᠡᠢ ᠲᠢᠭᠯᠢᠮ ᠲᠠᠢ ᠶᠠᠪᠤᠭᠳᠠᠭᠤᠯᠵᠤ᠂ ᠮᠠᠨ ᠤ ᠰᠢᠶᠠᠨ ᠤ ᠠᠵᠤ ᠠᠬᠤᠢ ᠨᠡᠶᠢᠬᠡᠮ ᠤᠨ ᠦᠷᠬᠦᠯᠵᠢᠯᠡᠭᠰᠡᠨ ᠡᠷᠡᠬᠦᠯ ᠬᠦᠭᠵᠢᠯᠳᠡ ᠶᠢ ᠠᠬᠢᠭᠤᠯᠤᠨ᠎ᠠ᠃      ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ  ᠶᠢᠨ ᠨᠠᠮ ᠤᠨ ᠬᠤᠷᠢᠶᠠᠨ ᠤ ᠳᠤᠮᠤ ᠴᠢᠬᠤᠯᠠ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠬᠦᠨᠵᠡᠬᠡᠢ ᠲᠤᠤᠱᠯᠠᠭᠤᠯᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠡ ᠪᠤᠯ ᠨᠢᠬᠡᠳᠦᠬᠡᠷ ᠴᠢᠬᠤᠯᠠ ᠶᠠᠪᠤᠳᠠᠯ ᠪᠤᠯᠬᠤ ᠶᠢ ᠢᠮᠠᠭᠳᠠ ᠪᠠᠷᠢᠮᠳᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠᠷ ᠶᠡᠷᠦᠩᠭᠡᠶᠢᠯᠡᠨ ᠵᠠᠬᠢᠷᠴᠦ᠂ ᠬᠠᠩᠭᠠᠯᠭ᠎ᠠ ᠶᠢᠨ ᠪᠦᠲᠦᠴᠡ ᠶᠢᠨ ᠳᠠᠯ᠎ᠠ ᠶᠢᠨ ᠴᠢᠨᠠᠷᠳᠠᠢ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠪᠠᠷ ᠬᠦᠳᠡᠯᠬᠡᠬᠦ ᠬᠦᠴᠦᠨ ᠪᠤᠯᠭᠠᠵᠤ᠂ ᠳᠤᠮᠤ ᠴᠢᠬᠤᠯᠠ ᠬᠡᠨᠡᠨ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠭᠤᠷᠪᠠᠨ ᠳᠤᠮᠤ ᠳᠠᠶᠢᠯᠠᠯᠳᠤᠭᠠᠨ ᠢ ᠰᠠᠶᠢᠲᠤᠷ ᠬᠢᠵᠤ᠂ ᠪᠤᠬᠢᠷᠳᠤᠯ ᠦᠭᠡᠢ᠂ ᠡᠬᠢ ᠪᠠᠶᠠᠯᠢᠭ᠂ ᠤᠷᠤᠨ ᠪᠠᠶᠢᠷᠢᠰᠢᠯ ︽ᠭᠤᠷᠪᠠᠨ ᠳᠡᠮᠳᠡᠭ︾ ᠢ ᠪᠠᠷᠢᠮᠳᠠᠯᠠᠨ ᠰᠠᠶᠢᠲᠤᠷ ᠬᠡᠷᠡᠭᠯᠡᠵᠤ᠂ ︽ᠨᠢᠬᠡ ᠮᠦᠬᠦᠯᠢᠭ ᠲᠦᠮᠦᠰᠦ᠂ ᠨᠢᠬᠡ ᠤᠭᠤᠳᠠ ᠰᠢᠬᠢᠷ᠂ ᠨᠢᠬᠡ ᠰᠠᠭᠰᠤ ᠨᠤᠭᠤᠭ᠎ᠠ᠂ ᠨᠢᠬᠡ ᠯᠤᠩᠬᠤ ᠠᠷᠢᠬᠢ᠂ ᠨᠢᠬᠡ ᠳᠤᠯᠤᠭᠠᠢ ᠦᠬᠡᠷ᠂ ᠨᠢᠬᠡ ᠳᠤᠯᠤᠭᠠᠢ ᠭᠠᠭ᠋ᠠᠢ︾ ︽ᠵᠢᠷᠭᠤᠭᠠᠨ ᠨᠢᠬᠡ︾ ᠶᠢᠨ ᠪᠤᠬᠢᠷᠳᠤᠯ ᠦᠭᠡᠢ ᠳᠠᠷᠢᠶᠠᠯᠠᠩ ᠤᠨ ᠨᠡᠷᠡᠳᠤ ᠠᠵᠤ ᠦᠢᠯᠡᠰ ᠪᠠ ᠨᠡᠷᠡᠳᠤ ᠳᠡᠮᠳᠡᠭ ᠢ ᠰᠤᠩᠭᠠᠨ ᠪᠠᠶᠠᠯᠢᠭᠵᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ᠂ ᠰᠢᠨ᠎ᠡ ᠮᠠᠨᠳᠤᠬᠤ ᠦᠢᠯᠡᠴᠢᠯᠡᠬᠡᠨ ᠤ ᠦᠢᠯᠡᠰ ︽ᠭᠤᠷᠪᠠᠨ ᠳᠤᠮᠤ ᠠᠵᠤ ᠦᠢᠯᠡᠰ︾ ᠢ ᠪᠤᠶᠢᠵᠢᠭᠤᠯᠤᠨ ᠬᠦᠭᠵᠢᠬᠦᠯᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠵᠠᠮ ᠳᠤ ᠨᠡᠩ ᠪᠠᠲᠤ ᠴᠢᠩᠭ᠎ᠠ ᠠᠯᠬᠤᠮ ᠢ ᠠᠯᠬᠤᠬᠤ ᠪᠤᠯᠤᠨ᠎ᠠ᠃      ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 7%  ᠪᠠᠷ ᠨᠡᠮᠡᠭᠳᠡᠬᠦᠯᠦᠨ᠎ᠡ᠃ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠪᠠᠷ ᠨᠡᠮᠡᠭᠳᠡᠬᠦᠯᠦᠨ᠎ᠡ︔ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 10% ᠪᠠᠷ ᠨᠡᠮᠡᠭᠳᠡᠬᠦᠯᠦᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰᠪᠤᠷᠢ 8% ᠪᠠ 9% ᠪᠠᠷ ᠨᠡᠮᠡᠭᠳᠡᠬᠦᠯᠦᠨ᠎ᠡ᠃ ᠠᠶᠦᠯᠬᠦᠢ ᠦᠢᠯᠡᠳᠪᠦᠷᠢᠯᠡᠯ᠂ ᠡᠨᠧᠷᠬᠢ ᠶᠢ ᠠᠷᠪᠢᠯᠠᠵᠤ ᠪᠤᠬᠢᠷᠳᠤᠯ ᠢ ᠭᠠᠳᠠᠭᠰᠢᠭᠤᠯᠬᠤ ᠶᠢ ᠪᠠᠭᠠᠰᠬᠠᠬᠤ ᠡᠬᠦᠷᠬᠡ ᠪᠠᠨ ᠪᠦᠬᠦ ᠳᠠᠯ᠎ᠠ ᠪᠠᠷ ᠪᠡᠶᠡᠯᠡᠬᠦᠯᠦᠨ᠎ᠡ᠃      ᠦᠨᠦ ᠵᠢᠯ ᠳᠤᠤᠷᠡᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠬᠡ︶ ︽ᠪᠤᠭᠤᠮᠳᠠ ᠰᠢᠪᠳᠤᠯᠬᠤ ᠭᠤᠷᠪᠠᠨ ᠳᠤᠮᠤ ᠳᠠᠶᠢᠯᠠᠯᠳᠤᠭᠠᠨ︾ ᠢᠶᠠᠷ ᠶᠡᠷᠦᠩᠭᠡᠶᠢᠯᠡᠨ ᠵᠠᠬᠢᠷᠴᠦ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠶᠢ ᠬᠦᠯᠢᠶᠡᠰᠦᠯᠡᠵᠤ ᠪᠠᠶᠢᠭ᠎ᠠ ᠭᠤᠤᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠬᠦᠴᠦᠯᠡᠨ ᠳᠠᠶᠢᠯᠦᠨ᠎ᠡ      ᠪᠤᠭᠤᠮᠳᠠ ᠰᠢᠪᠳᠤᠯᠬᠤ ᠭᠤᠷᠪᠠᠨ ᠳᠤᠮᠤ ᠳᠠᠶᠢᠯᠠᠯᠳᠤᠭᠠᠨ ᠢ ᠰᠠᠶᠢᠲᠤᠷ ᠬᠢᠬᠦ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠭᠠᠷᠭᠠᠭᠰᠠᠨ ᠳᠤᠮᠤ ᠴᠢᠬᠤᠯᠠ ᠪᠠᠶᠢᠷᠢᠰᠢᠭᠤᠯᠤᠯᠳᠠ ᠮᠥᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠤᠯᠬᠤ ᠶᠢ ᠡᠷᠬᠡᠪᠰᠢ ᠳᠠᠪᠠᠵᠤ ᠭᠠᠷᠬᠤ ᠳᠤᠮᠤ ᠴᠢᠬᠤᠯᠠ ᠪᠤᠭᠤᠮᠳᠠ ᠮᠥᠨ᠃ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠬᠦᠯᠵᠤ᠂ ᠬᠦᠴᠢᠷ ᠢ ᠳᠤᠭᠤᠯᠤᠨ ᠭᠠᠷᠴᠦ᠂ ᠤᠨᠢᠨ ᠳᠡᠬᠡᠷ᠎ᠡ ᠨᠢ ᠬᠦᠴᠦ ᠪᠠᠨ ᠬᠡᠷᠡᠭᠯᠡᠵᠤ᠂ ᠪᠤᠭᠤᠮᠳᠠ ᠰᠢᠪᠳᠤᠯᠬᠤ ᠭᠤᠷᠪᠠᠨ ᠳᠤᠮᠤ ᠳᠠᠶᠢᠯᠠᠯᠳᠤᠭᠠᠨ  ᠳᠠᠭᠠᠨ ᠪᠤᠳᠠᠳᠤ ᠦᠷ᠎ᠡ ᠠᠰᠢᠭ ᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃      ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠲᠤᠷ ᠬᠢᠨ᠎ᠡ᠃ 2018 ᠤᠨ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠡᠪ ᠰᠤᠷᠳᠠᠯ  ᠤᠨ ᠴᠤᠭᠴᠠᠯᠠᠯᠳᠠ ᠶᠢᠨ ᠵᠢᠯ ᠮᠥᠨ ᠪᠤᠯᠬᠤᠷ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ ᠳᠠᠬᠢ ᠬᠡᠪ ᠰᠤᠷᠳᠠᠯ ᠤᠨ ᠠᠰᠠᠭᠤᠳᠠᠯ ᠤᠨ ᠳᠤᠰᠬᠠᠢ ᠵᠠᠰᠠᠯᠳᠠ ᠶᠢ ᠶᠠᠪᠤᠭᠳᠠᠭᠤᠯᠵᠤ᠂ ᠴᠢᠩᠭ᠎ᠠ ᠱᠠᠭᠠᠷᠳᠠᠯᠭ᠎ᠠ ᠵᠢᠩᠬᠢᠨᠢ ᠬᠡᠪ ᠰᠤᠷᠳᠠᠯ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠦᠬᠦ ᠶᠠᠪᠤᠴᠠ᠂ ᠡᠯ᠎ᠡ ᠬᠦᠷᠢᠶ᠎ᠡ ᠴᠠᠷᠠᠭ᠎ᠠ ᠳᠤ ᠲᠤᠤᠱᠯᠠᠭᠤᠯᠠᠭᠳᠠᠬᠤ ᠬᠡᠷᠡᠭᠳᠡᠢ᠃ ︽ᠵᠢᠷᠭᠤᠭᠠᠨ ᠤᠨᠤᠪᠴᠢᠳᠠᠢ︾ ︽ᠳᠠᠪᠤᠨ ᠨᠢᠬᠡ ᠪᠦᠯᠦᠭ︾ ᠤᠨ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠪᠤᠳᠠᠰ ᠡᠳ᠋ ᠤᠨ ᠬᠦᠴᠦᠨ ᠢᠶᠠᠨ ᠲᠦᠪᠯᠡᠷᠡᠬᠦᠯᠦᠨ᠂ 7 ᠬᠦᠨᠴᠡ ᠶᠠᠳᠠᠭᠤ ᠬᠦᠴᠢᠷᠳᠡᠯᠳᠡᠢ ᠳᠤᠰᠬᠤᠨ ᠢ ᠤᠨᠢᠯᠠᠵᠤ᠂ ᠤᠨᠢᠨ ᠳᠡᠬᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠡᠯ᠎ᠡ ᠲᠦᠷᠦᠯ ᠤᠨ ᠠᠵᠢᠯ ᠢ ᠠᠬᠢᠭᠤᠯᠵᠤ᠂ ᠵᠢᠯ ᠤᠨ ᠳᠤᠳᠤᠷ᠎ᠡ 7825 ᠶᠠᠳᠠᠭᠤ ᠬᠦᠴᠢᠷᠳᠡᠯᠳᠡᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠬᠦᠯᠬᠦ ᠶᠢ ᠡᠷᠬᠡᠪᠰᠢ ᠪᠠᠳᠤᠯᠠᠵᠤ᠂ ᠠᠶᠦᠯᠳᠡᠢ ᠭᠡᠷ ᠪᠠᠶᠢᠰᠢᠩ ᠤᠨ ᠰᠢᠨᠡᠳᠭᠡᠨ ᠦᠬᠡᠷᠡᠴᠢᠯᠡᠯᠳᠡ ᠪᠠ ᠠᠶᠦᠯ ᠦᠬᠡᠢ ᠤᠤᠭᠤᠬᠤ ᠤᠰᠤᠨ ᠤ ᠦᠪᠴᠢ ᠪᠦᠷᠬᠦᠬᠦᠯᠳᠡ ᠶᠢ ᠪᠡᠶᠡᠯᠡᠬᠦᠯᠦᠨ᠎ᠡ᠃ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠳᠤᠪᠤᠶᠢᠯᠭᠠᠬᠤ ᠪᠠᠷ ᠶᠠᠳᠠᠭᠤ ᠶᠢᠨ ᠳᠡᠳᠬᠦᠯᠳᠡ  ᠶᠢ ᠠᠳᠬᠤᠵᠤ᠂ ᠶᠠᠳᠠᠭᠤ ᠶᠢ ᠳᠡᠳᠬᠦᠬᠦ ᠠᠵᠢᠯ ᠤᠨ ᠳᠤᠭᠳᠠᠴᠠ ᠶᠢ ᠴᠢᠨᠠᠭᠰᠢᠳᠡ ᠳᠡᠬᠦᠯᠳᠡᠷᠵᠢᠬᠦᠯᠦᠨ᠎ᠡ᠃ ᠶᠠᠳᠠᠭᠤ  ᠶᠢ ᠳᠡᠳᠬᠦᠬᠦ ᠬᠦᠷᠢᠶ᠎ᠡ ᠴᠠᠷᠠᠭ᠎ᠠ ᠶᠢᠨ ᠳᠤᠪᠤᠶᠢᠮ᠎ᠡ ᠠᠰᠠᠭᠤᠳᠠᠯ ᠢ ᠴᠢᠩᠭ᠎ᠠ ᠤᠨᠢᠯᠠᠬᠤ ᠪᠠᠨ ᠰᠤᠯᠠᠷᠠᠭᠤᠯᠬᠤ ᠦᠬᠡᠢ ᠪᠠᠶᠢᠵᠤ᠂ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ ᠶᠢᠨ ᠬᠢᠨᠠᠯᠳᠠ ᠪᠠᠶᠢᠴᠠᠭᠠᠯᠳᠠ ᠪᠠ ᠬᠡᠪ ᠰᠤᠷᠳᠠᠯ ᠤᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠵᠤ᠂ ᠬᠢᠨᠠᠯᠳᠠ ᠪᠠᠶᠢᠴᠠᠭᠠᠯᠳᠠ ᠶᠢᠨ ᠦᠪᠴᠢ ᠪᠦᠷᠬᠦᠬᠦᠯᠬᠦ᠂ ᠨᠠᠶᠢᠳᠠᠯᠠᠨ ᠬᠠᠷᠢᠭᠤᠴᠠᠯᠭ᠎ᠠ ᠳᠤᠯᠭᠠᠬᠤ ᠶᠢ ᠪᠠᠶᠢᠩᠭᠤᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠦᠯᠦ ᠬᠦᠯᠢᠴᠡᠬᠦ ᠶᠢ ᠪᠡᠶᠡᠯᠡᠬᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠭᠤᠷᠪᠠᠳᠤᠭᠠᠷ ᠳᠠᠯ᠎ᠠ ᠶᠢᠨ ᠦᠨᠡᠯᠡᠯᠳᠡ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢᠨ ᠰᠤᠯᠢᠪᠴᠢᠭᠰᠠᠨ ᠪᠠᠶᠢᠴᠠᠭᠠᠯᠳᠠ᠂ ᠵᠢᠯ ᠤᠨ ᠳᠤᠮᠳᠠᠬᠢ ᠰᠢᠮᠳᠠᠭᠤᠯᠤᠨ ᠪᠠᠶᠢᠴᠠᠭᠠᠯᠳᠠ ᠵᠢᠴᠢ ᠬᠤᠳᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠮᠳᠠᠭᠤᠯᠤᠨ ᠪᠠᠶᠢᠴᠠᠭᠠᠯᠳᠠ ᠶᠢᠨ ᠬᠢᠨᠠᠨ ᠳᠤᠭᠳᠠᠭᠠᠯᠳᠠ ᠶᠢᠨ ᠤᠳᠤᠷᠢᠳᠬᠤ ᠳᠤᠭᠤᠶᠢᠯᠠᠩ ᠤᠨ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠬᠢᠬᠦ ᠰᠢᠮᠳᠠᠭᠤᠯᠤᠨ ᠪᠠᠶᠢᠴᠠᠭᠠᠯᠳᠠ᠂ ᠰᠢᠯᠭᠠᠨ ᠬᠢᠨᠠᠯᠳᠠ ᠦᠨᠡᠯᠡᠯᠳᠡ ᠳᠤ ᠢᠯᠡᠷᠡᠬᠦᠯᠦᠭᠰᠡᠨ ᠳᠤᠪᠤᠶᠢᠮ᠎ᠡ ᠠᠰᠠᠭᠤᠳᠠᠯ ᠳᠤ ᠴᠢᠭᠯᠡᠬᠦᠯᠦᠨ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠵᠤ᠂ ᠤᠴᠢᠷ ᠰᠢᠯᠳᠠᠭᠠᠨ ᠢ ᠬᠦᠨᠵᠡᠬᠡᠢ ᠵᠠᠳᠠᠯᠤᠵᠤ᠂ ᠬᠡᠬᠡᠭᠳᠡᠭᠰᠡᠨ ᠢ ᠪᠠᠶᠢᠴᠠᠭᠠᠵᠤ᠂ ᠳᠤᠳᠠᠭᠳᠠᠯ ᠢᠶᠠᠨ ᠨᠦᠬᠦᠪᠦᠷᠢᠯᠡᠵᠤ᠂ ᠶᠠᠳᠠᠭᠤ  ᠶᠢ ᠳᠡᠳᠬᠦᠬᠦ ᠠᠵᠢᠯ ᠤᠨ ᠳᠤᠭᠳᠠᠴᠠ ᠪᠠ ᠳᠦᠷᠢᠮ ᠤᠨ ᠰᠢᠰᠲ᠋ᠧᠮᠵᠢ ᠶᠢ ᠳᠠᠰᠤᠷᠠᠯᠳᠠ ᠦᠭᠡᠢ ᠳᠡᠬᠦᠯᠳᠡᠷᠵᠢᠬᠦᠯᠦᠨ᠎ᠡ ᠃ ᠠᠵᠤ ᠦᠢᠯᠡᠰ ᠤᠨ ᠬᠦᠭᠵᠢᠯᠳᠡ ᠶᠢ ᠳᠤᠪᠤᠶᠢᠯᠭᠠᠬᠤ ᠪᠠᠷ ᠶᠠᠳᠠᠭᠤ ᠶᠢᠨ ᠳᠡᠳᠬᠦᠯᠳᠡ ᠶᠢ ᠳᠠᠶᠢᠴᠢᠯᠠᠵᠤ᠂ ᠳᠤᠳᠤᠭᠠᠳᠤ ᠳᠤ ᠢᠯᠡᠷᠡᠬᠦ ᠬᠦᠳᠡᠯᠬᠡᠬᠦ ᠬᠦᠴᠦᠨ ᠢ ᠴᠢᠨᠠᠭᠰᠢᠳᠡ ᠬᠦᠭᠵᠢᠬᠡᠨ᠎ᠡ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠵᠠᠮ ᠮᠦᠷ ᠪᠠ ᠠᠷᠭ᠎ᠠ ᠪᠠᠷᠢᠯ ᠢ ᠢᠳᠡᠪᠬᠢᠳᠡᠢ ᠰᠦᠪᠡᠭᠴᠢᠯᠡᠵᠤ᠂ ᠳᠠᠷᠢᠶᠠᠴᠢᠨ ᠠᠵᠤ ᠠᠬᠤᠶᠢᠯᠠᠯ ᠤᠨ ᠠᠰᠢᠭ ᠳᠤᠰᠠ ᠶᠢᠨ ᠬᠤᠯᠪᠤᠭᠳᠠᠯ ᠤᠨ ᠳᠤᠭᠳᠠᠴᠠ ᠶᠢ ᠤᠯᠠᠨ ᠤᠷᠤᠨ ᠪᠠᠶᠢᠷᠢ ᠪᠠᠷ ᠰᠦᠪᠡᠭᠴᠢᠯᠡᠨ᠎ᠡ᠃ ᠶᠠᠳᠠᠭᠤ ᠬᠦᠴᠢᠷᠳᠡᠯᠳᠡᠢ ᠡᠷᠦᠬᠡ ᠶᠢᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠬᠤ ᠶᠢ ᠨᠢ ᠵᠦᠪ ᠤᠨᠤᠪᠴᠢᠳᠠᠢ ᠬᠦᠲᠦᠯᠵᠤ ︽ᠬᠤᠪᠢᠷᠠᠯᠳᠠ︾ ᠶᠢ ᠪᠡᠶᠡᠯᠡᠬᠦᠯᠦᠨ᠎ᠡ᠂ ᠳᠠᠷᠤᠢ ᠡᠬᠢ ᠪᠠᠶᠠᠯᠢᠭ ᠢ ᠬᠦᠷᠦᠩᠭᠡ ᠪᠤᠯᠭᠠᠨ ᠬᠤᠪᠢᠷᠠᠭᠤᠯᠵᠤ᠂ ᠪᠡᠯᠡ ᠮᠦᠩᠭᠦ ᠶᠢ ᠬᠤᠪᠢ ᠤᠷᠤᠭᠤᠯᠤᠭᠰᠠᠨ ᠮᠦᠩᠭᠦ ᠪᠤᠯᠭᠠᠨ ᠬᠤᠪᠢᠷᠠᠭᠤᠯᠵᠤ᠂ ᠳᠠᠷᠢᠶᠠᠴᠢᠨ ᠢ ᠬᠤᠪᠢ ᠶᠢᠨ ᠡᠵᠡᠨ ᠪᠤᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠳᠡᠢ ᠡᠷᠦᠬᠡ ᠶᠢᠨ ᠤᠷᠤᠯᠭ᠎ᠠ ᠶᠢᠨ ᠢᠷᠡᠯᠳᠡ ᠶᠢ ᠳᠠᠩ ᠭᠠᠭᠴᠠ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠪᠠᠶᠢᠭᠰᠠᠨ ᠠᠴᠠ ᠨᠢ ︽ᠴᠠᠯᠢᠩ ᠮᠦᠩᠭᠦ᠂ ᠬᠤᠪᠢ ᠤᠷᠤᠭᠤᠯᠤᠭᠰᠠᠨ ᠮᠦᠩᠭᠦ ᠪᠠ ᠦᠨ᠎ᠡ ᠵᠠᠰᠠᠬᠤ ᠵᠤᠭᠤᠰ︾ ᠤᠯᠬᠤ ᠳᠡᠰᠢ ᠬᠤᠪᠢᠷᠠᠭᠤᠯᠤᠨ᠎ᠠ᠃ ᠳᠤᠯᠤᠭᠠᠶᠢᠯᠠᠭᠴᠢ ᠠᠵᠤ ᠠᠬᠤᠶᠢᠯᠠᠯ ᠪᠤᠯᠤᠨ ᠬᠤᠷᠰᠢᠶᠠᠵᠢᠯ ᠢᠶᠠᠷ ᠳᠠᠶᠢᠴᠢᠯᠠᠨ ᠬᠦᠳᠡᠯᠬᠡᠬᠦ ᠳᠠᠯ᠎ᠠ ᠪᠠᠷ᠂ ︽ᠵᠢᠷᠭᠤᠭᠠᠨ ᠨᠢᠬᠡ︾ ᠶᠢᠨ ᠠᠵᠤ ᠦᠢᠯᠡᠰ ᠤᠨ ᠨᠢᠭᠳᠠ ᠳᠤᠭᠤᠷᠢᠨ ᠳᠤ᠂ ᠪᠠᠢ ᠡᠾᠦ᠋ᠢ ᠱᠧᠩ ᠰᠢᠬᠢᠷ ᠤᠨ ᠦᠢᠯᠡᠰ᠂ ᠯᠠᠨᠸᠢᠰᠳᠦ᠋ᠨ᠂ ᠰᠢ ᠱᠧᠨ ᠲᠦᠮᠦᠰᠦᠨ ᠤ ᠦᠢᠯᠡᠰ᠂ ᠵᠦᠩ ᠳ᠋ᠢ ᠰᠠᠭᠠᠯᠢ ᠶᠢᠨ ᠦᠨᠢᠶ᠎ᠡ ᠪᠠ ᠰᠢᠨ ᠯᠸᠢ ᠵᠡᠷᠬᠡ ᠳᠠᠷᠢᠶᠠᠯᠠᠩ ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ ᠠᠬᠤᠶᠢᠯᠠᠯ ᠪᠠ ᠬᠤᠷᠰᠢᠶᠠᠵᠢᠯ ᠳᠤ ᠲᠦᠰᠢᠭᠯᠡᠵᠤ᠂ ᠵᠠᠬᠢᠶᠠᠯᠭ᠎ᠠ ᠶᠢᠨ ᠬᠡᠷ᠎ᠡ ᠮᠠᠶ᠋ᠢᠭ᠂ ᠰᠢᠯᠵᠢᠬᠦᠯᠦᠨ ᠤᠷᠢᠨ ᠬᠡᠷᠭᠯᠡᠬᠦ ᠮᠠᠶ᠋ᠢᠭ ᠪᠠ ᠦᠢᠯᠡᠴᠢᠯᠡᠬᠦ ᠬᠠᠮᠵᠢᠯᠴᠠᠬᠤ ᠮᠠᠶ᠋ᠢᠭ᠂ ᠨᠡᠶᠢᠳᠡᠵᠤ ᠳᠡᠵᠢᠬᠡᠨ ᠦᠷᠡᠵᠢᠬᠦᠯᠵᠤ ᠠᠰᠢᠭ ᠬᠤᠨᠵᠢᠪᠤᠷᠢ ᠤᠯᠬᠤ ᠵᠡᠷᠬᠡ ᠶᠢᠨ ︽ᠳᠤᠯᠤᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠶᠠᠳᠠᠭᠤ ᠬᠦᠴᠢᠷᠳᠡᠯᠳᠡᠢ ᠡᠷᠦᠬᠡ︾ ᠶᠢᠨ ᠬᠦᠭᠵᠢᠯᠳᠡ ᠶᠢᠨ ᠵᠠᠭᠪᠤᠷ ᠢ ᠶᠡᠬᠡᠪᠡᠷ ᠳᠡᠯᠬᠡᠷᠡᠬᠦᠯᠦᠨ᠎ᠡ᠃ ᠳᠤᠮᠳᠠᠳᠤ ᠤᠯᠤᠰ ᠤᠨ ᠵᠠᠷ ᠵᠡᠪᠰᠡᠭ ᠤᠨ ᠪᠦᠯᠦᠭᠯᠡᠯ ᠤᠨ ᠤᠮᠠᠷᠠᠳᠤ ᠤᠷᠤᠨ ᠤ ᠡᠨᠧᠷᠬᠢ ᠠᠷᠪᠢᠯᠠᠵᠤ ᠤᠷᠴᠢᠨ ᠳᠤᠭᠤᠷᠢᠨ ᠢ ᠬᠠᠮᠠᠭᠠᠯᠠᠬᠤ ᠺᠤᠮᠫᠠᠨᠢ ᠶᠢᠨ ᠬᠡᠷᠡᠯ ᠸᠤᠯᠲ ᠤᠨ ᠳᠠᠷᠢᠶᠠᠯᠠᠩ ᠪᠠ ᠽᠠᠩ ᠬᠤᠩ ᠬᠤᠸᠠ ᠤᠷᠭᠤᠮᠡᠯ ᠤᠨ ᠦᠢᠯᠡᠳᠪᠦᠷᠢ  ᠶᠢ ᠬᠠᠷᠢᠯᠴᠠᠨ ᠤᠶᠠᠯᠳᠤᠭᠤᠯᠤᠭᠰᠠᠨ ᠠᠵᠤ ᠦᠢᠯᠡᠰ ᠤᠨ ᠠᠭᠤᠰᠤᠯᠳᠦᠯ ᠤᠨ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠲᠦᠷᠦᠯ ᠵᠦᠢᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠠᠨ ᠬᠡᠷ ᠤᠨ ᠡᠯᠵᠢᠬᠡ ᠳᠡᠵᠢᠬᠡᠵᠤ ᠶᠠᠳᠠᠭᠤ ᠶᠢ ᠳᠡᠳᠬᠦᠬᠦ ᠶᠢ ᠨᠡᠬᠡᠬᠡᠨ ᠬᠦᠭᠵᠢᠬᠦᠯᠵᠤ ᠵᠢᠭᠠᠨ ᠵᠢᠯᠤᠭᠤᠳᠬᠤ ᠠᠵᠢᠯ ᠤᠨ ᠠᠯᠪᠠᠨ ᠭᠡᠷ ᠤᠨ ᠤᠳᠤᠬᠢᠴᠢᠯᠠᠭᠰᠠᠨ ᠬᠠᠷ᠎ᠠ ᠡᠯᠵᠢᠬᠡ ᠳᠡᠵᠢᠬᠡᠨ ᠦᠷᠡᠵᠢᠬᠦᠯᠬᠦ ᠰᠠᠭᠤᠷᠢᠨ ᠤ ᠠᠵᠤ ᠦᠢᠯᠡᠰ ᠤᠨ ᠲᠦᠷᠦᠯ ᠵᠦᠢᠯ ᠢ ᠤᠯᠬᠤ ᠪᠠᠷ ᠢᠳᠡᠪᠬᠢᠳᠡᠢ ᠴᠢᠷᠮᠠᠶᠢᠨ᠎ᠠ᠃ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠳᠠᠯ᠎ᠠ  ᠪᠠᠷ᠂ ︽ᠳᠤᠰᠬᠤᠨ ᠱᠠᠲᠤᠨ ᠤ ᠡᠯᠧᠺᠲᠷᠤᠨ ᠬᠤᠳᠠᠯᠳᠤᠭ᠎ᠠ + ᠨᠠᠮ ᠤᠨ ᠪᠠᠶᠢᠭᠤᠯᠤᠯᠳᠠ ᠶᠢᠨ ᠰᠢᠭᠤᠳ ᠨᠡᠪᠳᠡᠷᠡᠬᠦ ᠳᠡᠷᠬᠡ + ᠠᠷᠠᠳ ᠲᠤ ᠳᠦᠬᠦᠮ ᠦᠵᠡᠬᠦᠯᠬᠦ ᠬᠤᠯᠪᠤᠭᠠᠳᠤ ᠴᠢᠯᠦᠬᠡᠳᠦ ᠳᠡᠯᠬᠡᠬᠦᠷ︾ ᠤᠨ ᠬᠦᠭᠵᠢᠯᠳᠡ ᠶᠢᠨ ᠵᠠᠭᠪᠤᠷ  ᠢ ᠢᠳᠡᠪᠬᠢᠳᠡᠢ ᠰᠦᠪᠡᠭᠴᠢᠯᠡᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢᠶᠠᠷ ᠭᠠᠷᠤᠯᠳᠠ᠂ ᠡᠳ᠋ᠰᠢᠬᠦᠯᠦᠯᠳᠡ᠂ ᠪᠤᠷᠤᠯᠠᠭᠤᠯᠤᠯᠳᠠ ᠶᠢᠨ ᠬᠤᠭᠤᠴᠠᠭ᠎ᠠ ᠶᠢ ᠵᠤᠯᠭᠠᠯᠳᠤᠭᠤᠯᠬᠤ ᠪᠤᠭᠤᠮᠠᠢ ᠶᠢ ᠰᠢᠯᠤᠭᠤᠳᠬᠤ ᠶᠢ ᠲᠦᠯᠬᠢᠨ ᠠᠬᠢᠭᠤᠯᠵᠤ ᠂ ᠳᠠᠷᠢᠶᠠᠯᠠᠩ ᠤᠨ ᠭᠠᠷᠤᠯᠳᠠ ᠪᠦᠲᠦᠭᠡᠭᠳᠡᠬᠦᠨ ᠤ ᠪᠤᠷᠤᠯᠠᠭᠤᠯᠤᠯᠳᠠ ᠶᠢᠨ ᠠᠷᠭ᠎ᠠ ᠵᠠᠮ ᠢ ᠦᠷᠬᠡᠳᠬᠡᠨ᠎ᠡ᠃ ᠬᠡᠷᠡᠯ ᠸᠤᠯᠲ ᠪᠠᠷ ᠶᠠᠳᠠᠭᠤ ᠶᠢ ᠳᠡᠳᠬᠦᠬᠦ ᠳᠠᠯ᠎ᠠ ᠪᠠᠷ᠂ ᠬᠤᠳᠠ ᠠᠴᠠ ᠮᠠᠨ ᠤ ᠰᠢᠶᠠᠨ ᠳᠤ ᠳᠤᠷᠤᠭᠰᠢ ᠪᠠᠭᠤᠯᠭᠠᠭᠰᠠᠨ 37.625 ᠰᠠᠶ᠎ᠠ ᠸᠠᠲ ᠶᠢᠨ ᠬᠡᠷᠡᠯ ᠸᠤᠯᠲ ᠤᠨ ᠵᠢᠭᠠᠯᠳᠠ ᠳᠤᠭ᠎ᠠ ᠶᠢ ᠬᠦᠢᠴᠡᠳ ᠠᠰᠢᠭᠯᠠᠵᠤ᠂ 1505 ᠶᠠᠳᠠᠭᠤ ᠬᠦᠴᠢᠷᠳᠡᠯᠳᠡᠢ ᠡᠷᠦᠬᠡ ᠪᠦᠷᠢ ᠳᠤ ᠵᠢᠯ ᠳᠤᠮᠳᠠᠴᠢ ᠪᠠᠷ 3000 ᠳᠦᠬᠦᠷᠢᠭ ᠤᠨ ᠤᠷᠤᠯᠭ᠎ᠠ ᠨᠡᠮᠡᠭᠳᠡᠬᠦᠯᠬᠦ ᠶᠢ ᠳᠠᠶᠢᠴᠢᠯᠠᠨ᠎ᠠ᠃ ᠮᠠᠰᠢᠨ ᠴᠤᠭᠴᠠᠯᠠᠪᠤᠷᠢ ᠶᠢᠨ ᠶᠡᠷᠦᠩᠭᠡᠢ ᠪᠠᠭᠳᠠᠭᠠᠮᠵᠢ 1.93 ᠲᠦᠮᠡᠨ ᠺᠢᠯᠤᠸᠠᠲ ᠤᠨ 39 ᠳᠤᠰᠬᠤᠨ ᠱᠠᠲᠤᠨ ᠤ ᠴᠠᠬᠢᠯᠭᠠᠨ ᠤ ᠦᠷᠳᠡᠭᠡ ᠶᠢ ᠠᠰᠢᠭᠯᠠᠵᠤ᠂ 5364 ᠶᠠᠳᠠᠭᠤ ᠬᠦᠴᠢᠷᠳᠡᠯᠳᠡᠢ ᠡᠷᠦᠬᠡ ᠪᠦᠷᠢ  ᠳᠤ ᠵᠢᠯ ᠳᠤᠮᠳᠠᠴᠢ ᠪᠠᠷ 1500 ᠳᠦᠬᠦᠷᠢᠭ ᠤᠨ ᠤᠷᠤᠯᠭ᠎ᠠ ᠨᠡᠮᠡᠭᠳᠡᠬᠦᠯᠬᠦ ᠶᠢ ᠳᠠᠶᠢᠴᠢᠯᠠᠨ᠎ᠠ︔ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢ ᠬᠦᠢᠴᠡᠳ ᠬᠦᠨᠳᠦᠳᠬᠡᠵᠤ᠂ ᠳᠤᠰᠬᠤᠨ ᠡᠷᠦᠬᠡ ᠶᠢᠨ ᠪᠠᠶᠢᠳᠠᠯ ᠳᠤᠨᠢ ᠳᠤᠬᠢᠷᠠᠭᠤᠯᠤᠨ ᠂ ᠳᠠᠷᠢᠶᠠᠯᠠᠵᠤ ᠪᠤᠯᠬᠤ ᠶᠢ ᠨᠢ ᠳᠠᠷᠢᠶᠠᠯᠠᠭᠤᠯᠵᠤ᠂ ᠮᠠᠯᠵᠢᠵᠤ ᠪᠤᠯᠬᠤ ᠶᠢ ᠨᠢ ᠮᠠᠯᠵᠢᠭᠤᠯᠵᠤ᠂ ᠶᠠᠳᠠᠭᠤ ᠬᠦᠴᠢᠷᠳᠡᠯ  ᠲᠠᠢ ᠤᠯᠠᠨ ᠲᠦᠮᠡᠨ ᠤ ᠦᠪᠡᠷᠳᠡᠬᠡᠨ ᠬᠦᠭᠵᠢᠬᠦᠯᠬᠦ ᠶᠢ ᠨᠢ ᠢᠳᠡᠪᠬᠢᠳᠡᠢ ᠵᠤᠷᠢᠭᠵᠢᠭᠤᠯᠵᠤ᠂ ︽ᠳᠤᠪᠶ᠋ᠢᠭ ᠮᠠᠶ᠋ᠢᠭ︾  ᠢᠶᠠᠷ ᠶᠠᠳᠠᠭᠤ ᠶᠢ ᠳᠡᠳᠬᠦᠨ᠎ᠡ᠃ ︽ᠵᠠᠰᠠᠭ ᠤᠨ ᠤᠷᠳᠤᠨ ᠠᠴᠠ ᠨᠤᠭᠤᠭ᠎ᠠ ᠵᠠᠭᠤᠰᠢ ᠪᠡᠯᠡᠳᠬᠡᠬᠦ᠂ ᠶᠠᠳᠠᠭᠤ ᠬᠦᠴᠢᠷᠳᠡᠯᠳᠡᠢ ᠡᠷᠦᠬᠡ ᠨᠤᠭᠤᠭ᠎ᠠ ᠵᠠᠭᠤᠰᠢ ᠳᠤᠭᠳᠠᠬᠤ︾ ᠮᠠᠶ᠋ᠢᠭ ᠢᠶᠠᠷ᠂ ︽ᠤᠷᠢᠳᠡᠪᠡᠷ ᠪᠠᠶᠢᠭᠤᠯᠵᠤ ᠰᠡᠬᠦᠯ ᠳᠤᠨᠢ ᠨᠦᠬᠦᠪᠦᠷᠢᠯᠡᠬᠦ︾ ︽ᠤᠷᠢᠳᠡᠪᠡᠷ ᠳᠠᠷᠢᠵᠤ ᠰᠡᠬᠦᠯ ᠳᠤᠨᠢ ᠨᠦᠬᠦᠪᠦᠷᠢᠯᠡᠬᠦ︾ ᠪᠠ ︽ᠤᠷᠢᠳᠡᠪᠡᠷ ᠳᠡᠵᠢᠬᠡᠵᠤ ᠰᠡᠬᠦᠯ  ᠳᠤᠨᠢ ᠨᠦᠬᠦᠪᠦᠷᠢᠯᠡᠬᠦ︾ ᠵᠠᠷᠴᠢᠮ ᠢ ᠵᠢᠷᠤᠮᠯᠠᠵᠤ᠂ ᠵᠢᠯ ᠤᠨ ᠡᠬᠢᠨ ᠳᠤ ᠶᠠᠳᠠᠭᠤ ᠬᠦᠴᠢᠷᠳᠡᠯᠳᠡᠢ ᠡᠷᠦᠬᠡ ᠠᠴᠠ ᠭᠤᠶᠤᠴᠢᠯᠠᠯ ᠳᠤᠷᠠᠳᠴᠦ᠂ ᠤᠷᠢᠳᠡᠪᠡᠷ ᠬᠠᠪᠤᠷ ᠤᠨ ᠳᠠᠷᠢᠶᠠᠯᠭ᠎ᠠ ᠪᠡᠯᠡᠳᠭᠡᠯ᠂ ᠮᠠᠯ ᠬᠤᠳᠠᠯᠳᠤᠨ ᠠᠪᠬᠤ ᠵᠡᠷᠬᠡ ᠦᠢᠯᠡᠳᠪᠦᠷᠢᠯᠡᠯ ᠤᠨ ᠴᠢᠨᠠᠷ ᠪᠦᠬᠦᠢ ᠪᠡᠯᠡᠳᠬᠡᠯ ᠤᠨ ᠪᠡᠯᠡ ᠮᠦᠩᠭᠦ ᠤᠯᠭᠤᠵᠤ᠂ ᠪᠠᠷᠢᠮᠵᠢᠶ᠎ᠠ ᠨᠢ ᠦᠢᠯᠡᠳᠪᠦᠷᠢᠯᠡᠯ  ᠢᠶᠠᠨ ᠬᠦᠭᠵᠢᠬᠦᠯᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠪᠦᠷᠢ ᠳᠤ 1500 ᠳᠦᠬᠦᠷᠢᠭ  ᠢᠶᠠᠷ ᠪᠤᠳᠤᠵᠤ᠂ ᠡᠷᠦᠬᠡ ᠪᠦᠷᠢ ᠳᠤᠮᠳᠠᠴᠢ ᠪᠠᠷ 4500 ᠳᠦᠬᠦᠷᠢᠭ ᠳᠠᠪᠠᠭᠤᠯᠬᠤ ᠦᠭᠡᠢ᠂ ᠬᠦᠳᠡᠯᠮᠦᠷᠢ ᠶᠢᠨ ᠴᠢᠳᠠᠪᠤᠷᠢ ᠪᠠᠷ ᠪᠠᠭᠤᠷᠠᠢ ᠶᠠᠳᠠᠭᠤ ᠬᠦᠴᠢᠷᠳᠡᠯᠳᠡᠢ ᠡᠷᠦᠬᠡ ᠶᠢᠨ ᠡᠷᠦᠬᠡ ᠪᠦᠷᠢ ᠳᠤ 1500 ᠳᠦᠬᠦᠷᠢᠭ᠃ ᠵᠢᠯ ᠤᠨ ᠡᠴᠦᠰ ᠲᠤ ᠶᠠᠳᠠᠭᠤ ᠬᠦᠴᠢᠷᠳᠡᠯᠳᠡᠢ ᠡᠷᠦᠬᠡ ᠶᠢᠨ ︽ᠳᠤᠪᠶ᠋ᠢᠭ ᠮᠠᠶ᠋ᠢᠭ︾ ᠤᠨ ᠬᠦᠭᠵᠢᠯᠳᠡ ᠶᠢᠨ ᠲᠦᠷᠦᠯ ᠵᠦᠢᠯ ᠢ ᠪᠤᠳᠠᠳᠤ ᠪᠠᠶᠢᠳᠠᠯ ᠢᠶᠠᠷ ᠨᠢ ᠬᠡᠮᠵᠢᠨ ᠪᠤᠳᠤᠵᠤ᠂ ᠰᠢᠯᠭᠠᠨ ᠬᠤᠷᠢᠶᠠᠯᠳᠠ ᠳᠤ ᠬᠢᠷᠢ ᠳᠡᠩᠴᠡᠭᠰᠡᠨ ᠤ ᠳᠠᠷᠠᠭ᠎ᠠ ᠪᠠᠷᠢᠮᠵᠢᠶ᠎ᠠ ᠠᠴᠠ ᠬᠡᠳᠤᠷᠡᠭᠰᠡᠨ ᠬᠡᠰᠡᠭ ᠤᠨ 10% ᠪᠠᠷ ᠨᠦᠬᠦᠪᠦᠷᠢ ᠦᠭᠬᠦᠨ᠎ᠡ᠃ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠳᠡᠢ ᠡᠷᠦᠬᠡ ᠳᠤ ᠬᠠᠮᠢᠶ᠎ᠠ ᠪᠦᠬᠦᠢ ᠶᠠᠳᠠᠭᠤ ᠶᠢ ᠳᠡᠳᠬᠦᠬᠦ ᠪᠡᠯᠡ ᠮᠦᠩᠭᠦ ᠪᠠᠷ ᠠᠵᠤ ᠠᠬᠤᠶᠢᠯᠠᠯ ᠳᠤ ᠬᠤᠪᠢ ᠤᠷᠤᠭᠤᠯᠤᠭᠰᠠᠨ ᠪᠤᠶᠤ ᠬᠦᠷᠦᠩᠭᠡ ᠶᠢᠨ ᠬᠠᠮᠢᠶᠠᠷᠤᠯᠳᠠ ᠳᠤ ᠤᠷᠤᠯᠴᠠᠭᠰᠠᠨ ᠢᠶᠠᠷ ᠨᠢ ᠡᠷᠦᠬᠡ ᠪᠦᠷᠢ ᠳᠤ 1000 ᠳᠦᠬᠦᠷᠢᠭ ᠤᠨ ᠬᠦᠷᠦᠩᠭᠡ ᠶᠢᠨ ᠠᠰᠢᠭ ᠬᠤᠨᠵᠢᠪᠤᠷᠢ ᠤᠯᠭᠤᠨ᠎ᠠ᠃ ᠮᠠᠨ ᠤ ᠰᠢᠶᠠᠨ ᠤ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠪᠦᠯᠦᠭ ᠤᠨ ᠰᠢᠶᠠᠨ ᠤ ᠮᠦᠩᠭᠦᠨ ᠬᠦᠢᠯᠬᠡᠬᠡᠨ ᠤ ᠢᠨᠵᠧᠨᠧᠷᠢᠩ ᠤᠨ ᠳᠤᠷᠰᠢᠯᠳᠠ ᠶᠢᠨ ᠴᠡᠭ ᠤᠨ ᠬᠤᠰᠢᠭᠤ ᠰᠢᠶᠠᠨ ᠳᠤ ᠤᠷᠤᠭᠰᠠᠨ ᠳᠤᠬᠢᠶᠠᠯᠳᠤᠯ ᠢ ᠬᠦᠢᠴᠡᠳ ᠠᠰᠢᠭᠯᠠᠵᠤ᠂ ᠶᠠᠳᠠᠭᠤ  ᠶᠢ ᠳᠡᠳᠬᠦᠬᠦ ᠵᠢᠬᠡᠯᠡᠯᠬᠡ ᠶᠢᠨ ᠳᠡᠮ ᠬᠦᠦ ᠮᠦᠩᠭᠦ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠮᠦᠩᠭᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠳᠠᠷᠢᠶᠠᠴᠢᠨ ᠢ ᠪᠠᠶᠠᠵᠢᠭᠤᠯᠬᠤ ᠵᠢᠬᠡᠯᠡᠯᠬᠡ ᠪᠠ ᠳᠠᠷᠢᠶᠠᠯᠠᠩ ᠢ ᠬᠦᠴᠦᠷᠬᠡᠭᠵᠢᠬᠦᠯᠬᠦ ᠵᠢᠬᠡᠯᠡᠯᠬᠡ ᠶᠢ ᠰᠠᠶᠢᠲᠤᠷ ᠬᠢᠵᠤ᠂ ᠳᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ ᠶᠢᠨ ︽ᠶᠠᠳᠠᠭᠤ ᠶᠢ ᠳᠡᠳᠬᠦᠬᠦ ᠠᠵᠤ ᠦᠢᠯᠡᠰ︾ ᠪᠠ ᠬᠦᠮᠦᠨ ᠤ ᠨᠠᠰᠤᠵᠢᠯ ᠤᠨ ᠳᠠᠭᠠᠳᠬᠠᠯ ᠡᠳ᠋ ᠬᠦᠷᠦᠩᠭᠡ ᠶᠢᠨ ᠳᠠᠭᠠᠳᠬᠠᠯ ᠤᠨ ︽ᠡᠳ᠋ ᠤᠨ ᠵᠠᠰᠠᠭ ᠮᠦᠩᠭᠦᠨ ᠬᠦᠢᠯᠭᠡᠬᠡ ᠪᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠢᠳᠡᠪᠬᠢᠳᠡᠢ ᠪᠠᠷ ᠲᠦᠯᠬᠢᠨ ᠠᠬᠢᠭᠤᠯᠵᠤ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠶᠠᠳᠠᠭᠤ ᠬᠦᠴᠢᠷᠳᠡᠯᠳᠡᠢ ᠡᠷᠦᠬᠡ᠂ ᠳᠤᠯᠤᠭᠠᠶᠢᠯᠠᠭᠴᠢ ᠠᠵᠤ ᠠᠬᠤᠶᠢᠯᠠᠯ ᠪᠠ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ ᠳᠤ ᠪᠡᠯᠡ ᠮᠦᠩᠭᠦ ᠤᠷᠤᠭᠤᠯᠬᠤ ᠶᠢ ᠨᠢ ᠬᠦᠲᠦᠯᠵᠤ᠂ ᠬᠦᠳᠡᠭᠡ ᠳᠤᠰᠬᠤᠨ ᠤ ᠢᠳᠡᠬᠡᠮᠵᠢ ᠶᠢᠨ ᠬᠤᠷᠰᠢᠶ᠎ᠠ᠂ ᠳᠠᠷᠢᠶᠠᠯᠠᠩ ᠤᠨ ᠪᠠᠩᠭᠢ  ᠶᠢᠨ ᠵᠢᠬᠡᠯᠡᠯᠬᠡ ᠶᠢᠨ ᠳᠤᠭ᠎ᠠ ᠬᠡᠮᠵᠢᠶ᠎ᠡ ᠶᠢ1.5 ᠳ᠋ᠦᠩᠰᠢᠭᠤᠷ ᠳᠦᠬᠦᠷᠢᠭ ᠳᠠᠯᠪᠢᠨ᠎ᠠ᠃ ᠪᠦᠬᠦ ᠰᠢᠶᠠᠨ ᠤ ᠮᠦᠩᠭᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠪᠦᠷᠬᠦᠬᠦᠯᠳᠡ ᠶᠢ 1 ᠲᠦᠮᠡ ᠠᠴᠠ ᠳᠡᠭᠡᠭᠰᠢ ᠶᠠᠳᠠᠭᠤ ᠬᠦᠴᠢᠷᠳᠡᠯᠳᠡᠢ ᠡᠷᠦᠬᠡ ᠳᠤ ᠬᠦᠷᠬᠡᠨ᠎ᠡ︔ ᠬᠦᠭᠵᠢᠬᠦᠯᠦᠯᠳᠡ ᠶᠢᠨ ᠴᠢᠳᠠᠪᠤᠷᠢ ᠲᠠᠢ ᠪᠠ ᠬᠦᠭᠵᠢᠬᠦᠯᠬᠦ ᠳᠤᠷᠠᠳᠠᠢ ᠶᠠᠳᠠᠭᠤ ᠬᠦᠴᠢᠷᠳᠡᠯᠳᠡᠢ ᠡᠷᠦᠬᠡ ᠶᠢᠨ ᠰᠢᠨᠵᠢᠯᠡᠬᠡᠨ ᠮᠡᠷᠬᠡᠵᠢᠯ ᠤᠨ ᠪᠤᠯᠪᠠᠰᠤᠷᠠᠭᠤᠯᠤᠯ ᠪᠠ ᠰᠢᠨᠵᠢᠯᠡᠬᠡᠨ ᠮᠡᠷᠬᠡᠵᠢᠯ ᠤᠨ ᠳᠡᠯᠬᠡᠷᠡᠬᠦᠯᠦᠯᠳᠡ ᠶᠢᠨ ᠦᠢᠯᠡᠴᠢᠯᠡᠬᠡᠨ ᠤ ᠡᠷᠴᠢᠮ ᠢᠶᠠᠨ ᠴᠢᠩᠭᠠᠳᠬᠠᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ  ᠤ ᠦᠢᠯᠡᠳᠪᠦᠷᠢᠯᠡᠯ ᠤᠨ ᠰᠢᠨᠵᠢᠯᠡᠬᠡᠨ ᠮᠡᠷᠬᠡᠵᠢᠯ ᠤᠨ ᠲᠦᠪᠰᠢᠨ ᠢ ᠨᠢ ᠨᠡᠮᠡᠭᠳᠡᠬᠦᠯᠦᠨ᠎ᠡ᠃ ᠳᠠᠷᠢᠶᠠᠯᠠᠩ ᠮᠠᠯ ᠠᠵᠤ ᠠᠬᠤᠢ ᠶᠢᠨ ᠭᠤᠤᠯᠯᠠᠭᠴᠢ ᠠᠵᠤ ᠦᠢᠯᠡᠰ ᠤᠨ ᠳᠤᠭᠤᠷᠢᠨ ᠳᠤ᠂ ᠰᠢᠨ᠎ᠡ ᠲᠦᠷᠦᠯ᠂ ᠰᠢᠨ᠎ᠡ ᠮᠡᠷᠬᠡᠵᠢᠯ᠂ ᠰᠢᠨ᠎ᠡ ᠮᠠᠲ᠋ᠧᠷᠢᠶᠠᠯ ᠢ ᠳᠠᠳᠠᠨ ᠤᠷᠤᠭᠤᠯᠬᠤ᠂ ᠲᠦᠪᠯᠡᠷᠡᠬᠦᠯᠬᠦ᠂ ᠳᠤᠷᠰᠢᠬᠤ᠂ ᠵᠢᠱᠢᠶ᠎ᠡ ᠦᠵᠡᠬᠦᠯᠬᠦ ᠪᠠ ᠳᠡᠯᠭᠡᠷᠡᠬᠦᠯᠬᠦ ᠶᠢ ᠰᠠᠶᠢᠲᠤᠷ ᠠᠳᠬᠤᠨ᠎ᠠ᠃ ᠪᠦᠬᠦ ᠰᠢᠶᠠᠨ ᠤ ᠳᠠᠷᠢᠶᠠᠯᠠᠩ ᠮᠠᠯ ᠠᠵᠤ ᠠᠬᠤᠢ ᠶᠢᠨ ᠦᠷᠭᠡᠨ ᠤᠯᠠᠨ ᠰᠢᠨᠵᠢᠯᠡᠬᠡᠨ ᠮᠡᠷᠬᠡᠵᠢᠯᠳᠡᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠳᠠᠶᠢᠯᠠᠯᠳᠤᠭᠠᠨ ᠤ ᠳᠠᠯᠠᠪᠤᠷ ᠲᠤ ᠬᠠᠨᠳᠤᠵᠤ᠂ ᠰᠢᠨᠵᠢᠯᠡᠬᠡᠨ ᠮᠡᠷᠭᠡᠵᠢᠯ ᠢ ᠬᠦᠳᠡᠭᠡ ᠬᠦᠷᠬᠡᠬᠦ᠂ ᠰᠢᠨᠵᠢᠯᠡᠬᠡᠨ ᠮᠡᠷᠬᠡᠵᠢᠯᠳᠡᠨ ᠢ ᠴᠢᠩᠭ᠎ᠠ ᠳᠤᠬᠢᠷᠠᠭᠤᠯᠬᠤ ᠵᠡᠷᠬᠡ ᠮᠠᠶ᠋ᠢᠭ ᠢᠶᠠᠷ ᠳᠠᠷᠢᠶᠠᠯᠠᠩ ᠮᠠᠯ ᠠᠵᠤ ᠠᠬᠤᠢ ᠶᠢᠨ ᠤᠨᠠᠯᠳᠠ ᠭᠠᠷᠤᠯᠳᠠ ᠨᠡᠮᠡᠭᠳᠡᠬᠦᠯᠬᠦ ᠬᠡᠷᠡᠭᠯᠡᠬᠡᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦ ᠨᠡᠮᠡᠷᠢᠯᠡᠬᠦ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠳᠡᠢ︔ ᠳᠤᠰᠬᠤᠨ ᠤ ᠬᠠᠮᠳᠤ ᠶᠢᠨ ᠠᠵᠤ ᠠᠬᠤᠢ ᠶᠢᠨ ᠰᠠᠴᠤᠷᠠᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠪᠢ ᠤᠷᠤᠭᠤᠯᠵᠤ᠂ ᠠᠰᠢᠭ ᠬᠤᠪᠢᠶᠠᠷᠢᠯᠠᠬᠤ᠂ ᠡᠬᠢ ᠪᠠᠶᠠᠯᠢᠭ ᠢ ᠨᠡᠬᠡᠬᠡᠨ ᠬᠦᠭᠵᠢᠬᠦᠯᠬᠦ᠂ ᠤᠷᠤᠯᠭ᠎ᠠ ᠶᠢ ᠡᠬᠦᠳᠬᠦ ᠳᠤ ᠦᠢᠯᠡᠴᠢᠯᠡᠬᠦ᠂ ᠬᠦᠷᠦᠩᠭᠡ ᠶᠢ ᠴᠢᠯᠦᠬᠡᠳᠡᠢ ᠪᠤᠯᠭᠠᠬᠤ᠂ ᠭᠠᠵᠠᠷ ᠰᠢᠷᠤᠢ ᠰᠢᠯᠵᠢᠬᠦᠯᠬᠦ᠂ ᠪᠤᠳᠠᠳᠤ ᠴᠤᠭᠴᠠ ᠶᠢ ᠡᠷᠬᠢᠯᠡᠨ ᠬᠦᠭᠵᠢᠬᠦᠯᠬᠦ᠂ ᠬᠦᠳᠡᠭᠡ ᠳᠤᠰᠬᠤᠨ ᠤ ᠵᠤᠭᠠᠴᠠᠯ ᠪᠠ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠵᠡᠷᠬᠡ ᠨᠠᠢᠮᠠᠨ ᠵᠦᠢᠯ ᠤᠨ ᠬᠡᠯᠪᠡᠷᠢ ᠮᠠᠶ᠋ᠢᠭ ᠢᠶᠠᠷ ᠪᠤᠵᠠᠭᠠᠶᠢᠷᠠᠭᠰᠠᠨ ᠬᠠᠮᠳᠤ ᠶᠢᠨ ᠠᠵᠤ ᠠᠬᠤᠢ ᠶᠢ ᠢᠳᠡᠪᠬᠢᠳᠡᠢ ᠰᠦᠪᠡᠭᠴᠢᠯᠡᠨ ᠳᠡᠯᠬᠡᠷᠡᠬᠦᠯᠵᠤ᠂ ᠵᠢᠯ ᠤᠨ ᠳᠤᠳᠤᠷ᠎ᠠ 70% ᠶᠢᠨ ᠵᠠᠰᠠᠭ ᠵᠠᠬᠢᠷᠭᠠᠨ ᠤ ᠳᠤᠰᠬᠤᠨ ᠤ ᠬᠠᠮᠳᠤ ᠶᠢᠨ ᠠᠵᠤ ᠠᠬᠤᠢ ᠶᠢ 5 ᠲᠦᠮᠡᠨ ᠳᠦᠬᠦᠷᠢᠭ ᠠᠴᠠ ᠳᠡᠭᠡᠭᠰᠢ ᠳᠤ ᠬᠦᠷᠬᠡᠨ᠎ᠡ᠃ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠪᠠᠷ ᠶᠠᠳᠠᠭᠤ ᠶᠢᠨ ᠳᠡᠳᠬᠦᠯᠳᠡ ᠶᠢ ᠠᠬᠢᠭᠤᠯᠬᠤ ᠶᠢ ᠳᠤᠪᠤᠶᠢᠯᠭᠠᠵᠤ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠪᠠᠳᠤᠯᠠᠭᠠᠨ ᠤ ᠲᠤᠤᠷ ᠢ ᠴᠢᠨᠠᠭᠰᠢᠳᠡ ᠨᠢᠭᠳᠠ ᠰᠦᠯᠵᠢᠨ᠎ᠡ᠃ ᠤᠨᠳᠤᠤ ᠭᠠᠵᠠᠷ ᠶᠠᠳᠠᠭᠤ ᠶᠢ ᠳᠡᠳᠬᠦᠵᠤ ᠨᠡᠬᠦᠯᠬᠡᠨ ᠰᠢᠯᠵᠢᠬᠦᠯᠵᠤ᠂ ᠶᠠᠳᠠᠭᠤ ᠶᠢᠨ ᠳᠡᠳᠬᠦᠯᠳᠡ ᠶᠢᠨ ᠨᠡᠬᠦᠳᠡᠯ ᠠᠷᠠᠳ ᠪᠤᠯᠤᠨ ᠠᠮᠢ ᠠᠬᠤᠢ ᠶᠢᠨ ᠨᠡᠬᠦᠳᠡᠯ ᠠᠷᠠᠳ ᠤᠨ ᠬᠡᠷ ᠪᠠᠶᠢᠰᠢᠩ ᠤᠨ ᠢᠷᠡᠯᠳᠡ  ᠶᠢ ᠨᠢᠬᠡᠳᠦᠯᠳᠡᠢ ᠲᠦᠯᠦᠪᠯᠡᠨ ᠨᠡᠶᠢᠳᠬᠡᠵᠤ᠂ ᠨᠡᠬᠦᠳᠡᠯ ᠤᠨ ᠠᠷᠠᠳ ᠤᠨ ᠨᠡᠬᠦᠯᠬᠡᠨ ᠰᠢᠯᠵᠢᠬᠦᠯᠦᠯᠳᠡ ᠪᠠ ᠪᠦᠷᠬᠡ ᠬᠡᠷ  ᠤᠨ ᠳᠤᠭᠤᠷᠢᠭ ᠤᠨ ᠰᠢᠨᠡᠳᠬᠡᠨ ᠦᠬᠡᠷᠡᠴᠢᠯᠡᠯᠳᠡ᠂ ᠬᠡᠷ ᠭᠠᠵᠠᠷ ᠬᠦᠷᠦᠩᠭᠡ ᠶᠢᠨ ᠬᠦᠮᠦᠷᠬᠡᠯᠡᠯᠳᠡ ᠶᠢᠨ ᠬᠠᠰᠤᠯᠳᠠ  ᠶᠢ ᠤᠷᠭᠠᠨᠢᠭ ᠢᠶᠠᠷ ᠤᠶᠠᠯᠳᠤᠭᠤᠯᠵᠤ᠂ ᠬᠤᠳᠠ ᠪᠠᠯᠭᠠᠰᠤᠨ ᠤ ᠲᠦᠪᠬᠢᠨᠡᠬᠦᠯᠦᠯᠳᠡ ᠶᠢᠨ ᠨᠤᠷᠮ᠎ᠡ ᠶᠢ ᠴᠢᠨᠠᠭᠰᠢᠳᠡ ᠳᠡᠭᠡᠭᠰᠢᠯᠡᠬᠦᠯᠦᠨ᠎ᠡ᠃ ᠵᠢᠯ ᠤᠨ ᠳᠤᠳᠤᠷ᠎ᠠ ᠤᠨᠳᠤᠤ ᠭᠠᠵᠠᠷ ᠲᠤ ᠶᠠᠳᠠᠭᠤ ᠶᠢᠨ ᠳᠡᠳᠬᠦᠯᠳᠡ ᠶᠢᠨ ᠬᠦᠮᠦᠨ ᠠᠮᠠ4103 ᠶᠢ ᠨᠡᠬᠦᠯᠬᠡᠨ ᠰᠢᠯᠵᠢᠬᠦᠯᠦᠨ᠎ᠡ᠃ ᠨᠡᠬᠦᠯᠬᠡᠨ ᠰᠢᠯᠵᠢᠬᠦᠯᠦᠭᠰᠡᠨ ᠤ ᠬᠤᠶᠢᠰᠢᠬᠢ ᠬᠦᠭᠵᠢᠬᠦᠯᠦᠯᠳᠡ ᠶᠢᠨ ᠠᠵᠢᠯ ᠢ ᠰᠠᠶᠢᠲᠤᠷ ᠬᠢᠵᠤ᠂ ᠨᠡᠬᠦᠵᠤ ᠰᠢᠯᠵᠢᠭᠰᠡᠨ ᠤᠯᠠᠨ ᠲᠦᠮᠡᠨ ᠤ ᠤᠶᠢᠷ᠎ᠡ ᠤᠷᠴᠢᠮ ᠢᠶᠠᠷ ᠬᠤᠳᠠ ᠪᠠᠯᠭᠠᠰᠤᠨ  ᠤ ᠡᠷᠬᠢᠨ ᠳᠤᠭᠤᠷᠢᠨ ᠤ ᠠᠵᠤ ᠠᠬᠤᠶᠢᠯᠠᠯ ᠳᠤ ᠬᠦᠯᠦᠰᠦᠨ ᠠᠵᠢᠯ ᠬᠢᠬᠦ ᠪᠠ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠬᠡᠨ ᠤ ᠦᠢᠯᠡᠰ ᠬᠢᠬᠦ ᠶᠢ ᠨᠢ ᠢᠳᠡᠪᠬᠢᠳᠡᠢ ᠪᠠᠷ ᠬᠦᠲᠦᠯᠬᠦ ᠪᠠ ᠬᠠᠪᠰᠤᠷᠴᠦ᠂ ᠨᠡᠬᠦᠵᠤ ᠳᠠᠶᠢᠯᠬᠦ᠂ ᠳᠤᠭᠳᠠᠪᠤᠷᠢᠳᠡᠢ ᠰᠠᠭᠤᠷᠢᠰᠢᠵᠤ ᠳᠡᠶᠢᠯᠬᠦ ᠶᠢ ᠨᠢ ᠦᠨᠡᠨᠬᠦ ᠪᠠᠳᠤᠯᠠᠨ᠎ᠠ᠃ ᠡᠬᠦᠨ ᠤ ᠳᠠᠭᠠᠤ᠂ ᠨᠡᠬᠦᠨ ᠰᠢᠯᠵᠢᠭᠰᠡᠨ ᠳᠤᠰᠬᠤᠨ᠂ ᠨᠡᠶᠢᠳᠬᠡᠭᠰᠡᠨ ᠳᠤᠰᠬᠤᠨ ᠢᠶᠠᠷ ᠭᠤᠤᠯᠳᠠᠯᠭ᠎ᠠ ᠪᠤᠯᠭᠠᠵᠤ᠂ ᠭᠠᠵᠠᠷ ᠰᠢᠷᠤᠢ ᠶᠢᠨ ᠳᠠᠬᠢᠨ ᠬᠠᠭᠠᠯᠪᠤᠷᠢᠯᠠᠯᠳᠠ ᠶᠢᠨ ᠠᠵᠢᠯ ᠢ ᠲᠦᠯᠬᠢᠨ ᠠᠬᠢᠭᠤᠯᠤᠨ᠎ᠠ᠂ ᠳᠠᠬᠢᠨ ᠬᠠᠭᠠᠯᠪᠤᠷᠢᠯᠠᠬᠤ ᠳᠠᠯᠠᠪᠠᠢ 3000 ᠮᠤ᠋ ᠪᠡᠶᠡᠯᠡᠬᠦᠯᠬᠦ ᠪᠠᠷ ᠬᠦᠴᠦᠯᠡᠨ ᠴᠢᠷᠮᠠᠶᠢᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠵᠤ᠂ ᠰᠤᠷᠭᠠᠨ ᠬᠦᠮᠦᠵᠢᠯ ᠤᠨ ᠪᠡᠯᠡ ᠪᠠᠷ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠬᠤᠷ᠎ᠠ ᠪᠤᠷᠤᠭᠠᠨ ᠲᠦᠯᠦᠪᠯᠡᠭᠡ︾᠂ ︽ᠶᠠᠳᠠᠭᠤ ᠶᠢ ᠳᠡᠳᠬᠦᠵᠤ ᠬᠦᠴᠢᠷᠳᠡᠢ ᠶᠢ ᠨᠢ ᠳᠡᠮᠵᠢᠬᠦ᠂ ᠵᠡᠬᠦᠳᠦ ᠪᠠᠨ ᠳᠡᠷᠬᠡᠯᠰᠢᠯᠡᠬᠦᠯᠬᠦ ᠰᠤᠷᠤᠭᠴᠢ︾᠂ ︽ᠨᠠᠷᠮᠠᠢ ᠳᠠᠯᠠᠢ ᠰᠤᠷᠤᠯᠭ᠎ᠠ ᠶᠢᠨ ᠳᠡᠳᠬᠦᠮᠵᠢ︾᠂ ︽ᠨᠡᠶᠢᠳᠡᠮ ᠬᠡᠷᠡᠭᠯᠡᠬᠡᠨ ᠤ ᠮᠡᠷᠬᠡᠵᠢᠯ ᠤᠨ ᠰᠤᠷᠤᠯᠭ᠎ᠠ ᠶᠢᠨ ᠱᠠᠩᠨᠠᠯ ᠤᠨ ᠮᠦᠩᠭᠦ︾ ᠪᠠ ᠠᠵᠤ ᠠᠬᠤᠢ ᠪᠠᠷ ᠬᠦᠴᠢᠷᠳᠡᠯᠳᠡᠢ ᠤᠶᠤᠳᠠᠨ ᠤ ᠰᠢᠨ᠎ᠡ ᠪᠠᠷ ᠰᠤᠷᠭᠠᠭᠤᠯᠢ ᠳᠤ ᠤᠷᠤᠬᠤ ᠪᠡᠯᠡ ᠮᠦᠩᠭᠦᠨ ᠤ ᠳᠡᠳᠬᠦᠮᠵᠢ ᠵᠡᠷᠬᠡ ᠰᠤᠷᠤᠯᠭ᠎ᠠ ᠶᠢᠨ ᠳᠡᠳᠬᠦᠮᠵᠢ ᠶᠢᠨ ᠠᠵᠢᠯᠯᠠᠭ᠎ᠠ ᠶᠢ ᠬᠦᠨᠵᠡᠬᠡᠢ ᠶᠠᠪᠤᠭᠳᠠᠭᠤᠯᠵᠤ᠂ ᠶᠠᠭᠠᠬᠢᠭᠰᠠᠨ ᠴᠦ ᠨᠢᠬᠡ ᠰᠤᠷᠤᠭᠴᠢ ᠶᠢ ᠶᠠᠳᠠᠭᠤ ᠠᠴᠠ ᠪᠤᠯᠵᠤ ᠰᠤᠷᠤᠯᠭ᠎ᠠ ᠠᠯᠳᠠᠭᠤᠯᠬᠤ ᠦᠭᠡᠢ᠂ ᠨᠢᠬᠡ ᠭᠡᠷ ᠪᠦᠯᠢ ᠶᠢ ᠰᠤᠷᠤᠯᠭ᠎ᠠ ᠠᠴᠠ ᠪᠤᠯᠵᠤ ᠬᠡᠳᠡᠷᠬᠦ ᠶᠠᠳᠠᠷᠠᠭᠤᠯᠬᠤ ᠦᠭᠡᠢ᠃ ᠡᠷᠡᠬᠦᠯ ᠴᠢᠬᠢᠷᠠᠭ ᠢᠶᠠᠷ ᠶᠠᠳᠠᠭᠤ ᠶᠢ ᠳᠡᠳᠬᠦᠵᠤ᠂ ︽ᠭᠤᠷᠪᠠᠨ ᠨᠢᠬᠡ ᠪᠦᠯᠦᠭ︾ ᠤᠨ ᠠᠵᠢᠯᠯᠠᠭ᠎ᠠ ᠶᠢᠨ ᠲᠦᠯᠦᠪᠯᠡᠭᠡ ᠶᠢ ᠰᠠᠶᠢᠲᠤᠷ ᠬᠡᠷᠡᠭᠵᠢᠬᠦᠯᠵᠤ᠂ ︽ᠤᠷᠢᠳᠡᠪᠡᠷ ᠡᠮᠨᠡᠨ ᠵᠠᠰᠠᠵᠤ᠂ ᠰᠡᠬᠦᠯ ᠳᠤᠨᠢ ᠰᠦᠢᠳᠬᠡᠯ ᠦᠭᠬᠦ︾᠂ ︽ᠨᠢᠬᠡ ᠦᠷᠳᠡᠭᠡ ᠮᠠᠶ᠋ᠢᠭ︾ ᠪᠠᠷ ᠳᠠᠩᠰᠠ ᠴᠠᠶᠢᠯᠭᠠᠬᠤ᠂ ᠭᠡᠷ ᠪᠦᠯᠢ ᠶᠢᠨ ᠡᠮᠴᠢ ᠲᠠᠢ ᠭᠡᠷ᠎ᠡ ᠳᠤᠭᠳᠠᠬᠤ ᠭᠤᠷᠪᠠᠨ ᠵᠦᠢᠯ ᠤᠨ ᠦᠢᠯᠡᠴᠢᠯᠡᠭᠡ ᠶᠢ ᠰᠠᠶᠢᠲᠤᠷ ᠠᠳᠬᠤᠵᠤ᠂ ᠦᠨᠳᠦᠰᠦᠨ ᠡᠮᠨᠡᠯᠬᠡ  ᠶᠢᠨ ᠳᠠᠭᠠᠳᠬᠠᠯ᠂ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ᠂ ᠠᠷᠠᠳ ᠤᠨ ᠶᠠᠪᠤᠳᠠᠯ ᠤᠨ ᠡᠮᠨᠡᠯᠬᠡ  ᠶᠢᠨ ᠠᠪᠤᠷᠠᠨ ᠳᠤᠰᠠᠯᠳᠠ᠂ ᠬᠤᠳᠠᠯᠳᠤᠭᠠᠨ ᠤ ᠡᠷᠡᠬᠦᠯ ᠮᠡᠨᠳᠦ ᠶᠢᠨ ᠳᠠᠭᠠᠳᠬᠠᠯ᠂ ᠵᠠᠰᠠᠭ ᠤᠨ ᠤᠷᠳᠤᠨ ᠤ ᠬᠠᠶᠢᠷ᠎ᠡ ᠬᠠᠯᠠᠮᠵᠢ ᠶᠢᠨ ᠰᠠᠭᠤᠷᠢ ᠮᠦᠩᠭᠦ᠂ ᠤᠨᠴᠠ ᠬᠦᠨᠳᠦ ᠡᠪᠡᠳᠴᠢᠨ ᠤ ᠠᠪᠤᠷᠠᠨ ᠳᠤᠰᠠᠯᠳᠠ᠂ ᠰᠦᠢᠳᠬᠡᠯ ᠦᠭᠡᠢ ᠪᠡᠶ᠎ᠡ  ᠶᠢᠨ ᠪᠠᠶᠢᠴᠠᠭᠠᠯᠳᠠ ᠪᠠ ᠡᠷᠡᠬᠦᠯᠵᠢᠯ ᠤᠨ ᠦᠢᠯᠡᠴᠢᠯᠡᠭᠡ ᠵᠡᠷᠬᠡ ᠨᠠᠢᠮᠠᠨ ᠵᠦᠢᠯ ᠤᠨ ᠪᠠᠳᠤᠯᠠᠭᠠᠨ ᠤ ᠠᠷᠭ᠎ᠠ ᠪᠠᠷᠢᠯ ᠢ ᠨᠢᠬᠡᠳᠦᠯᠳᠡᠢ ᠲᠦᠯᠦᠪᠯᠡᠨ ᠪᠦᠷᠢᠨᠰᠢᠬᠦᠯᠦᠨ᠎ᠡ᠃ ᠡᠮᠨᠡᠯᠬᠡ ᠶᠢᠨ ᠬᠤᠷᠢᠶ᠎ᠠ ᠵᠢᠴᠢ ᠤᠯᠠᠨ ᠨᠡᠶᠢᠳᠡ ᠶᠢᠨ ᠦᠢᠯᠡᠴᠢᠯᠡᠬᠡᠨ  ᠤ ᠲᠦᠪ ᠲᠤ ᠴᠦᠮ ᠳᠤᠰᠬᠠᠢ ᠴᠤᠩᠬᠤ ᠭᠠᠷᠭᠠᠵᠤ᠂ ᠵᠠᠢ ᠵᠠᠪᠰᠠᠷ ᠦᠭᠡᠢ ᠵᠤᠯᠭᠠᠯᠳᠤᠭᠤᠯᠬᠤ᠂ ᠡᠮᠬᠢ ᠲᠢᠭᠯᠢᠮ ᠲᠠᠢ ᠬᠤᠯᠪᠤᠭᠤᠯᠤᠨ ᠬᠦᠳᠡᠯᠬᠡᠬᠦ ᠳᠠᠩᠰᠠ ᠴᠠᠶᠢᠯᠭᠠᠬᠤ ᠳᠤᠭᠳᠠᠴᠠ ᠶᠢ ᠪᠠᠶᠢᠭᠤᠯᠵᠤ᠂ ᠳᠠᠷᠤᠢ ᠬᠠᠶᠢᠷ᠎ᠡ ᠬᠠᠯᠠᠮᠵᠢ ᠶᠢᠨ ᠰᠠᠭᠤᠷᠢ ᠮᠦᠩᠭᠦ ᠠᠴᠠ ᠤᠷᠢᠳᠡᠪᠡᠷ 95% ᠪᠠᠷ ᠳᠠᠩᠰᠠ ᠴᠠᠶᠢᠯᠭᠠᠬᠤ ᠮᠦᠩᠭᠦᠨ ᠤ ᠳᠤᠭ᠎ᠠ ᠶᠢ ᠦᠭᠴᠦ᠂ ᠪᠤᠰᠤᠳ ᠭᠤᠭᠴᠤᠭ᠎ᠠ ᠶᠢᠨ ᠬᠢ ᠬᠤᠪᠢᠶᠠᠵᠤ ᠳᠠᠩᠰᠠ ᠴᠠᠶᠢᠯᠭᠠᠵᠤ᠂ ᠬᠤᠭᠤᠴᠠᠭ᠎ᠠ ᠲᠠᠢ ᠳᠠᠰᠤᠯᠤᠨ ᠪᠤᠳᠤᠵᠤ᠂ ᠰᠢᠶᠠᠨ ᠤ ᠳᠤᠳᠤᠷ᠎ᠠ ᠢᠯᠡᠷᠡᠭᠰᠡᠨ ᠡᠮᠨᠡᠯᠬᠡ ᠶᠢᠨ ᠰᠦᠢᠳᠬᠡᠯ ᠳᠤ ᠴᠠᠭ ᠳᠤᠬᠠᠢ ᠳᠤᠨᠢ ᠳᠠᠩᠰᠠ ᠴᠠᠶᠢᠯᠭᠠᠬᠤ ᠶᠢ ᠪᠡᠶᠡᠯᠡᠬᠦᠯᠵᠤ᠂ ᠬᠠᠮᠤᠭ ᠤᠷᠤᠢ ᠳᠠᠭᠠᠨ 3 ᠠᠵᠢᠯᠯᠠᠬᠤ ᠡᠳᠦᠷ ᠠᠴᠠ ᠬᠡᠳᠦᠷᠡᠬᠦᠯᠬᠦ ᠦᠭᠡᠢ᠃ ᠪᠦᠬᠦ ᠰᠢᠶᠠᠨ ᠤ ᠶᠠᠳᠠᠭᠤ ᠬᠦᠴᠢᠷᠳᠡᠯᠳᠡᠢ ᠬᠦᠮᠦᠨ ᠤ ᠬᠦᠨᠳᠦ ᠡᠪᠡᠳᠴᠢᠨ ᠢᠶᠠᠷ ᠡᠮᠨᠡᠯᠬᠡ ᠶᠢᠨ ᠬᠤᠷᠢᠶᠠᠨ ᠳᠤ ᠰᠠᠭᠤᠬᠤ ᠪᠠ ᠤᠴᠢᠭ ᠡᠪᠡᠳᠴᠢᠨ ᠳᠤ ᠡᠮ ᠬᠦᠷᠬᠡᠭᠰᠡᠨ ᠳᠠᠩᠰᠠ ᠴᠠᠶᠢᠯᠭᠠᠬᠤ ᠬᠠᠷᠢᠴᠠᠯ ᠢ 95% ᠳᠤ ᠬᠦᠷᠬᠡᠨ᠎ᠡ᠃ ᠳᠤᠰᠬᠤᠨ ᠱᠠᠲᠤᠨ  ᠤ ᠡᠷᠡᠬᠦᠯ ᠬᠠᠮᠠᠭᠠᠯᠠᠯ ᠤᠨ ᠳᠠᠰᠤᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠮᠨᠡᠯᠬᠡ ᠬᠦᠷᠬᠡᠬᠦ ᠡᠮ ᠬᠦᠷᠬᠡᠬᠦ ᠵᠢᠴᠢ ᠡᠪᠡᠳᠴᠢᠨ ᠡᠮᠬᠡᠭ ᠤᠨ ᠤᠷᠢᠳᠴᠢᠯᠡᠨ ᠰᠡᠷᠬᠡᠶᠢᠯᠡᠯᠳᠡ ᠵᠡᠷᠬᠡ ᠠᠵᠢᠯ ᠢ ᠰᠠᠶᠢᠲᠤᠷ ᠬᠢᠨ᠎ᠡ᠃ ᠳᠤᠰᠬᠤᠨ ᠱᠠᠲᠤᠨ ᠤ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠪᠠ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠳᠤᠰᠬᠠᠢ ᠬᠠᠮᠢᠶᠠᠷᠤᠭᠴᠢ ᠶᠢᠨ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠠᠵᠢᠯ ᠤᠨ ᠳᠤᠰᠢᠶᠠᠯ ᠬᠠᠷᠢᠭᠤᠴᠠᠯᠭ᠎ᠠ  ᠪᠠᠨ ᠨᠠᠷᠢᠨ ᠨᠢᠮᠪᠠᠢ ᠬᠦᠢᠴᠡᠳᠬᠡᠬᠦ ᠶᠢ ᠨᠢ ᠰᠢᠮᠳᠠᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠡᠷᠡᠬᠦᠯ ᠮᠡᠨᠳᠦ ᠶᠢᠨ ᠠᠬᠢᠭᠤᠯᠤᠯᠳᠠ ᠪᠠ ᠰᠤᠷᠭᠠᠨ ᠬᠦᠮᠦᠵᠢᠯ ᠵᠡᠷᠬᠡ ᠳᠠᠯ᠎ᠠ ᠶᠢᠨ ᠠᠵᠢᠯ ᠢ ᠦᠨᠡᠨᠬᠦ ᠰᠠᠶᠢᠲᠤᠷ ᠬᠢᠵᠤ᠂ ᠤᠯᠠᠨ ᠲᠦᠮᠡᠨ ᠤ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠮᠡᠳᠡᠴᠡ ᠪᠠ ᠬᠠᠨᠤᠮᠵᠢ  ᠶᠢ ᠳᠡᠭᠡᠭᠰᠢᠯᠡᠬᠦᠯᠦᠨ᠎ᠡ᠃ ᠠᠮᠢ ᠠᠬᠤᠢ ᠶᠢᠨ ᠨᠦᠬᠦᠪᠦᠷᠢ ᠪᠠᠷ ᠶᠠᠳᠠᠭᠤ ᠶᠢ ᠳᠡᠳᠬᠦᠵᠤ᠂ ᠤᠯᠤᠰ ᠤᠨ ᠳᠠᠷᠢᠶᠠᠯᠠᠬᠤ  ᠪᠠᠨ ᠵᠤᠭᠰᠤᠵᠤ ᠮᠤᠳᠤ ᠳᠠᠷᠢᠬᠤ᠂ ᠪᠡᠬᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠪᠠ ᠨᠡᠶᠢᠳᠡ ᠶᠢᠨ ᠠᠰᠠᠷᠠᠮᠵᠢ  ᠶᠢᠨ ᠤᠢ ᠰᠢᠭᠤᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠬᠦᠢᠴᠡᠳ ᠪᠠᠳᠠᠷᠠᠭᠤᠯᠵᠤ᠂ 1338 ᠶᠠᠳᠠᠭᠤ ᠬᠦᠴᠢᠷᠳᠡᠯᠳᠡᠢ ᠬᠦᠮᠦᠨ ᠠᠮᠠ ᠶᠢ ᠤᠢ ᠶᠢᠨ ᠬᠠᠮᠠᠭᠠᠯᠠᠭᠴᠢ ᠪᠠᠷ ᠦᠷᠬᠦᠯᠵᠢᠯᠡᠨ ᠤᠷᠢᠨ ᠬᠡᠷᠡᠭᠯᠡᠨ᠎ᠡ᠃ ᠨᠡᠶᠢᠬᠡᠮ ᠤᠨ ᠪᠠᠳᠤᠯᠠᠪᠤᠷᠢ ᠪᠠᠷ ᠶᠠᠳᠠᠭᠤ ᠶᠢ ᠳᠡᠳᠬᠦᠵᠤ᠂ ᠨᠦᠬᠦᠴᠡᠯ ᠳᠤ ᠨᠡᠶᠢᠴᠡᠬᠦ ᠬᠦᠴᠢᠷᠳᠡᠯᠳᠡᠢ ᠬᠡᠷ ᠪᠦᠯᠢ ᠪᠦᠬᠦᠨ ᠢ ᠳᠤᠤᠷ᠎ᠡ ᠪᠠᠳᠤᠯᠠᠪᠤᠷᠢ ᠶᠢᠨ ᠬᠡᠪᠴᠢᠶᠡᠨ ᠳᠤ ᠤᠨᠤᠪᠴᠢᠳᠠᠢ ᠤᠷᠤᠭᠤᠯᠤᠨ᠎ᠠ᠃ ᠳᠤᠤᠷ᠎ᠡ ᠪᠠᠳᠤᠯᠠᠪᠤᠷᠢ᠂ ᠪᠡᠯᠡᠨ ᠮᠦᠩᠭᠦ ᠪᠠᠷ ᠰᠢᠭᠤᠳ ᠨᠦᠬᠦᠪᠦᠷᠢᠯᠡᠬᠦ᠂ ᠳᠠᠪᠤᠨ ᠪᠠᠳᠤᠯᠠᠭᠠᠳᠤ ᠡᠷᠦᠬᠡ ᠶᠢᠨ ᠠᠰᠠᠷᠠᠯᠳᠠ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠵᠡᠷᠬᠡ ᠨᠡᠶᠢᠬᠡᠮ ᠤᠨ ᠳᠤᠰᠠᠯᠠᠯᠳᠠ ᠶᠢᠨ ᠲᠦᠷᠢᠮ ᠢ ᠨᠢᠬᠡᠳᠦᠯᠳᠡᠢ ᠲᠦᠯᠦᠪᠯᠡᠨ ᠵᠤᠯᠭᠠᠯᠳᠤᠭᠤᠯᠬᠤ ᠶᠢ ᠰᠠᠶᠢᠲᠤᠷ ᠬᠢᠵᠤ᠂ ᠶᠠᠳᠠᠭᠤ ᠬᠦᠴᠢᠷᠳᠡᠯᠳᠡᠢ ᠬᠦᠮᠦᠨ ᠳᠤ ᠪᠦᠷᠬᠦᠭᠰᠡᠨ ᠤᠯᠠᠨ ᠳᠡᠰ ᠳᠠᠪᠬᠤᠷᠭ᠎ᠠ ᠶᠢᠨ ᠨᠡᠶᠢᠬᠡᠮ ᠤᠨ ᠪᠠᠳᠤᠯᠠᠪᠤᠷᠢ ᠶᠢᠨ ᠰᠢᠰᠲ᠋ᠧᠮ  ᠢ ᠪᠦᠷᠢᠯᠳᠦᠬᠦᠯᠦᠨ ᠪᠠᠶᠢᠭᠤᠯᠵᠤ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠪᠠ ᠨᠡᠶᠢᠬᠡᠮ ᠤᠨ ᠪᠠᠳᠤᠯᠠᠪᠤᠷᠢ ᠶᠢ ᠬᠤᠤᠰ ᠴᠢᠭᠯᠡᠯ ᠢᠶᠠᠷ ᠵᠢᠭᠳᠡ ᠶᠠᠪᠤᠭᠳᠠᠭᠤᠯᠬᠤ ᠶᠢ ᠪᠡᠶᠡᠯᠡᠬᠦᠯᠬᠦ ᠶᠢ ᠲᠦᠯᠬᠢᠨ ᠠᠬᠢᠭᠤᠯᠤᠨ᠎ᠠ᠃ ᠠᠵᠢᠯ ᠤᠯᠭᠤᠯᠳᠠ  ᠪᠠᠷ ᠶᠠᠳᠠᠭᠤ ᠶᠢ ᠳᠡᠳᠬᠦᠵᠤ᠂ ᠨᠢᠬᠡᠨᠳᠡ ᠪᠠᠶᠢᠭᠤᠯᠤᠭᠰᠠᠨ 5 ︽ᠬᠤᠪᠴᠠᠰᠤ ᠬᠤᠨᠠᠷ ᠬᠢᠬᠦ ᠶᠠᠳᠠᠭᠤ ᠶᠢᠨ ᠳᠡᠳᠬᠦᠯᠳᠡ ᠶᠢᠨ ᠦᠢᠯᠡᠳᠪᠦᠷᠢ ᠶᠢᠨ ᠳᠠᠰᠤᠯᠭ᠎ᠠ︾ ᠶᠢ ᠡᠵᠡᠩᠨᠡᠨ ᠠᠵᠢᠯᠯᠠᠭᠤᠯᠵᠤ᠂ ᠳᠤᠰᠬᠤᠨ ᠤ ᠬᠤᠷᠰᠢᠶᠠᠵᠢᠯ  ᠤᠨ ᠤᠷᠤᠯᠠᠨ ᠠᠵᠢᠯᠯᠠᠬᠤ ᠴᠡᠭ ᠵᠢᠴᠢ ᠭᠠᠷ ᠤᠷᠠᠯᠠᠯ ᠨᠡᠬᠡᠮᠡᠯ ᠵᠡᠷᠬᠡ ᠬᠡᠷ ᠲᠡᠭᠡᠨ ᠰᠠᠭᠤᠭᠰᠠᠨ ᠠᠵᠢᠯ ᠤᠯᠭᠤᠯᠳᠠ ᠪᠠ ᠠᠮᠢᠳᠤᠯᠢᠭ ᠠᠵᠢᠯ ᠤᠯᠭᠤᠯᠳᠠ ᠶᠢᠨ ᠡᠵᠡᠩᠨᠡᠯᠳᠡ ᠶᠢᠨ ᠲᠦᠯᠦᠪ ᠪᠠᠶᠢᠳᠠᠯ ᠢ ᠢᠳᠡᠪᠬᠢᠳᠡᠢ ᠰᠦᠪᠡᠭᠴᠢᠯᠡᠵᠤ᠂ ᠭᠠᠵᠠᠷ ᠳᠡᠬᠡᠷ᠎ᠡ ᠪᠠᠨ ᠤᠶᠢᠷ᠎ᠡ ᠬᠠᠪᠢ ᠲᠠᠭᠠᠨ ᠠᠵᠢᠯ ᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠶᠠᠳᠠᠭᠤ  ᠶᠢ ᠳᠡᠳᠬᠦᠵᠤ ᠨᠡᠬᠡᠬᠡᠨ ᠬᠦᠭᠵᠢᠬᠦᠯᠬᠦ ᠨᠡᠶᠢᠭᠡᠮᠯᠢᠭ ᠤᠨ ︽ᠠᠶᠠᠯᠠᠯ ᠢᠶᠠᠨ ᠡᠬᠢᠯᠡᠬᠦᠯᠬᠦ ᠲᠦᠯᠦᠪᠯᠡᠭᠡ︾ ᠳᠤ ᠲᠦᠰᠢᠭᠯᠡᠵᠤ᠂ ᠳᠤᠮᠳᠠᠳᠤ ᠤᠯᠤᠰ ᠤᠨ ᠭᠠᠳᠠᠭᠠᠳᠤ ᠠᠵᠤ ᠠᠬᠤᠢ ᠶᠢᠨ ᠬᠠᠮᠳᠤᠷᠠᠯᠴᠠᠭᠠᠨ ᠤ ᠶᠡᠷᠦᠩᠭᠡᠢ ᠺᠤᠮᠫᠠᠨᠢ  ᠲᠠᠢ ᠬᠠᠮᠳᠤᠷᠠᠯᠴᠠᠵᠤ᠂ ᠵᠢᠯ ᠤᠨ ᠳᠤᠳᠤᠷ᠎ᠡ ᠶᠠᠳᠠᠭᠤ ᠬᠦᠴᠢᠷᠳᠡᠯᠳᠡᠢ ᠬᠡᠷ ᠪᠦᠯᠢ ᠶᠢᠨ ᠳᠡᠬᠦᠰᠦᠭᠰᠡᠨ ᠰᠤᠷᠤᠭᠴᠢ ᠳᠤ ᠬᠠᠨᠳᠤᠭᠤᠯᠤᠭᠰᠠᠨ ᠭᠠᠳᠠᠭᠠᠳᠤ ᠳᠤ ᠭᠠᠷᠴᠦ ᠬᠦᠯᠦᠰᠦᠨ ᠠᠵᠢᠯ ᠬᠢᠬᠦ ᠬᠦᠮᠦᠰ ᠢ ᠴᠢᠭᠯᠡᠯ ᠲᠠᠢ ᠬᠦᠮᠦᠵᠢᠬᠦᠯᠬᠦ ᠠᠵᠢᠯ  ᠳᠠᠭᠠᠨ ᠰᠢᠪᠳᠤᠯᠤᠯᠳᠠ ᠲᠠᠢ ᠪᠤᠯᠬᠤ ᠪᠠᠷ ᠬᠦᠴᠦᠯᠡᠨ ᠴᠢᠷᠮᠠᠶᠢᠨ᠎ᠠ᠃ ᠳ᠋ᠠ ᠲᠠᠩ ᠴᠠᠬᠢᠯᠭᠠᠨ ᠬᠤᠯᠪᠤᠭᠠᠨ ᠤ ᠳᠠᠭᠤᠳᠠᠬᠤ ᠲᠦᠪ ᠤᠨ ᠲᠦᠷᠦᠯ ᠵᠦᠢᠯ ᠢ 5 ᠰᠠᠷ᠎ᠡ ᠳᠤ ᠳᠤᠷᠰᠢᠨ ᠠᠵᠢᠯᠯᠠᠭᠤᠯᠵᠤ ᠡᠵᠡᠩᠨᠡᠬᠦᠯᠬᠦ ᠪᠠᠷ ᠬᠦᠴᠦᠯᠡᠨ ᠴᠢᠷᠮᠠᠶᠢᠵᠤ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠳᠡᠬᠦᠰᠦᠭᠰᠡᠨ ᠤᠶᠤᠳᠠᠨ ᠳᠤ ᠠᠵᠢᠯ ᠤᠯᠭᠤᠯᠳᠠ ᠶᠢᠨ ᠰᠢᠯᠢᠳᠡᠭ ᠴᠢᠨᠠᠷ ᠤᠨ ᠠᠵᠢᠯ ᠤᠨ ᠪᠠᠶᠢᠷᠢ ᠤᠯᠭᠤᠨ᠎ᠠ᠃ ᠡᠬᠢ ᠪᠠᠶᠠᠯᠢᠭ ᠢ ᠨᠡᠶᠢᠳᠬᠡᠵᠤ ᠬᠠᠮᠳᠤ ᠪᠠᠷ ᠶᠠᠳᠠᠭᠤ ᠶᠢ ᠳᠡᠳᠬᠦᠬᠦ ᠶᠢ ᠳᠤᠪᠤᠶᠢᠯᠭᠠᠵᠤ᠂ ᠬᠠᠪᠰᠤᠷᠤᠨ ᠳᠡᠳᠬᠦᠬᠦ ᠬᠦᠴᠦᠨ ᠢ ᠴᠢᠨᠠᠭᠰᠢᠳᠡ ᠨᠢᠭᠳᠠᠷᠠᠭᠤᠯᠤᠨ᠎ᠠ᠃ ᠮᠤᠵᠢ ᠶᠢᠨ ᠳᠡᠰ ᠤᠨ ᠤᠳᠤᠷᠢᠳᠤᠯᠭ᠎ᠠ ᠶᠠᠳᠠᠭᠤ ᠬᠦᠴᠢᠷᠳᠡᠯ ᠲᠠᠢ ᠰᠢᠶᠠᠨ ᠲᠠᠢ ᠬᠠᠷᠢᠯᠴᠠᠬᠤ ᠶᠢᠨ ᠵᠤᠯᠭᠠᠯᠳᠤᠭᠤᠯᠤᠨ ᠨᠠᠶᠢᠳᠠᠪᠤᠷᠢᠵᠢᠭᠤᠯᠬᠤ ᠠᠵᠢᠯ ᠰᠠᠶᠢᠲᠤᠷ ᠬᠢᠬᠦ ᠶᠢ ᠳᠤᠪᠤᠶᠢᠯᠭᠠᠵᠤ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠡᠨ ᠤ ᠮᠡᠷᠬᠡᠵᠢᠯ ᠤᠨ ᠪᠦᠯᠦᠭᠯᠡᠯ᠂ ᠤᠯᠤᠰ ᠤᠨ ᠠᠵᠤ ᠦᠢᠯᠡᠳᠪᠦᠷᠢ ᠰᠤᠷᠠᠭ ᠵᠠᠩᠭᠢᠵᠢᠯᠳᠡ ᠶᠢᠨ ᠶᠠᠮᠤᠨ ᠤ ᠴᠡᠷᠢᠭ ᠠᠷᠠᠳ ᠤᠶᠠᠯᠳᠤᠨ ᠠᠬᠢᠭᠤᠯᠬᠤ ᠵᠤᠷᠭᠠᠨ ᠤ ᠬᠠᠪᠰᠤᠷᠤᠨ ᠳᠡᠳᠬᠦᠬᠦ ᠬᠠᠮᠵᠢᠯᠴᠠᠭ᠎ᠠ ᠪᠠᠨ ᠪᠦᠬᠦ ᠳᠠᠯ᠎ᠠ ᠪᠠᠷ ᠴᠢᠩᠭᠠᠳᠬᠠᠵᠤ᠂ ᠨᠡᠩ ᠠᠷᠪᠢᠨ ᠲᠦᠷᠦᠯ ᠵᠦᠢᠯ ᠪᠠ ᠪᠡᠯᠡ ᠮᠦᠩᠭᠦᠨ ᠤ ᠳᠡᠮᠵᠢᠯᠬᠡ ᠶᠢ ᠨᠢ ᠢᠳᠡᠪᠬᠢᠳᠡᠢ ᠤᠯᠬᠤ ᠪᠠᠷ ᠴᠢᠷᠮᠠᠶᠢᠨ᠎ᠠ︔ ︽ᠪᠡᠬᠡᠵᠢᠩ ᠬᠤᠳᠠ ᠶᠢᠨ ᠫᠢᠩ ᠭᠦ᠋ ᠳᠤᠭᠤᠷᠢᠭ ᠪᠠ ᠱᠠᠩᠳᠤ ᠰᠢᠶᠠᠨ ᠭᠠᠷ ᠭᠠᠷ ᠢᠶᠠᠨ ᠬᠤᠯᠪᠤᠨ ᠴᠢᠨᠡᠬᠡᠯᠢᠭ ᠦᠬᠡᠳᠡ ᠳᠡᠮᠡᠤᠯᠡᠬᠦᠯᠬᠦ ᠬᠠᠪᠰᠤᠷᠤᠨ ᠳᠡᠳᠬᠦᠬᠦ ᠬᠡᠯᠡᠯᠴᠡᠬᠡᠷ︾ ᠶᠤᠰᠤᠭᠠᠷ᠂ ᠫᠢᠩ ᠭᠦ᠋ ᠳᠤᠭᠤᠷᠢᠭ ᠤᠨ ᠺᠠᠳ᠋ᠷ ᠴᠢᠳᠠᠪᠤᠷᠢᠳᠡᠨ ᠤ ᠰᠤᠯᠢᠯᠴᠠᠭ᠎ᠠ ᠪᠠ ᠨᠦᠬᠡᠴᠡ᠂ ᠡᠬᠢ ᠪᠠᠶᠠᠯᠢᠭ ᠤᠨ ᠳᠡᠮᠵᠢᠬᠡ᠂ ᠠᠵᠤ ᠦᠢᠯᠡᠰ ᠤᠨ ᠬᠠᠮᠳᠤᠷᠠᠯᠴᠠᠭ᠎ᠠ ᠵᠡᠷᠬᠡ ᠵᠢᠷᠭᠤᠭᠠᠨ ᠳᠠᠯ᠎ᠠ ᠶᠢᠨ ᠵᠤᠯᠭᠠᠯᠳᠤᠨ ᠳᠡᠳᠬᠦᠬᠦ ᠡᠷᠴᠢᠮ ᠢ ᠲᠦᠯᠬᠢᠨ ᠬᠦᠨᠵᠡᠬᠡᠢ ᠲᠦᠯᠬᠢᠨ ᠠᠬᠢᠭᠤᠯᠤᠨ᠎ᠠ︔ ᠡᠯ᠎ᠡ ᠰᠢᠶᠠᠩ ᠪᠠᠯᠭᠠᠰᠤ ᠪᠤᠯᠤᠨ ᠳᠤᠭᠤᠷᠢᠭ᠂ ᠬᠤᠳᠠ 24 ᠬᠠᠪᠰᠤᠷᠤᠨ ᠳᠡᠳᠬᠦᠬᠦ ᠰᠠᠯᠠᠭ᠎ᠠ ᠮᠦᠴᠢᠷ ᠲᠠᠢ ᠵᠤᠯᠭᠠᠯᠳᠤᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠳᠡᠳᠬᠦᠯᠳᠡ ᠶᠢᠨ ᠬᠦᠷᠢᠶ᠎ᠡ ᠬᠡᠪᠴᠢᠶ᠎ᠡ ᠶᠢ ᠴᠢᠨᠠᠭᠰᠢᠳᠡ ᠦᠷᠭᠡᠳᠭᠡᠵᠤ᠂ ᠬᠠᠪᠰᠤᠷᠤᠨ ᠳᠡᠳᠬᠦᠯᠳᠡ ᠶᠢᠨ ᠦᠷ᠎ᠡ ᠪᠦᠲᠦᠮᠵᠢ ᠶᠢ ᠳᠡᠬᠡᠭᠰᠢᠯᠡᠬᠦᠯᠦᠨ᠎ᠡ︔ ︽ᠳᠤᠰᠬᠤᠨ ᠠᠵᠤ ᠠᠬᠤᠶᠢᠯᠠᠯ ᠤᠨ ᠬᠠᠮᠳᠤᠷᠠᠯᠴᠠᠭ᠎ᠠ︾ ᠶᠢ ᠶᠡᠬᠡᠪᠡᠷ ᠶᠠᠪᠤᠭᠳᠠᠭᠤᠯᠵᠤ᠂ ᠪᠦᠬᠦ ᠰᠢᠶᠠᠨ ᠤ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠤᠨᠢᠨ ᠳᠡᠬᠡᠷ᠎ᠡ  ᠨᠢ ᠶᠠᠳᠠᠭᠤ ᠶᠢ ᠳᠡᠳᠬᠦᠬᠦ ᠳᠤ ᠤᠷᠤᠯᠴᠠᠬᠤ ᠶᠢ ᠨᠢ ᠬᠦᠲᠦᠯᠵᠤ᠂ ᠬᠤᠤᠰᠯᠠᠨ ᠬᠠᠪᠰᠤᠷᠤᠨ ᠳᠡᠮᠵᠢᠬᠦ ᠶᠢ ᠢᠳᠡᠪᠬᠢᠳᠡᠢ ᠶᠠᠪᠤᠭᠳᠠᠭᠤᠯᠤᠨ᠎ᠠ︔ ᠳᠤᠮᠳᠠᠳᠤ ᠤᠯᠤᠰ ᠤᠨ ᠹᠠᠨ ᠬᠠᠢ ᠪᠦᠯᠦᠭᠯᠡᠯ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠬᠢᠭᠤᠯᠤᠯᠳᠠ ᠶᠢᠨ ᠨᠡᠶᠢᠬᠡᠮᠯᠢᠭ ᠪᠠ ᠵᠠᠯᠠᠭᠤᠴᠤᠳ ᠤᠨ ᠰᠠᠭᠤᠷᠢ ᠨᠡᠶᠢᠬᠡᠮᠯᠢᠭ᠂ ᠱᠦᠢ ᠰᠢᠤᠸᠠᠨ ᠰᠠᠶᠢᠨ ᠳᠤᠷᠠᠴᠤᠳ ᠤᠨ ᠨᠡᠶᠢᠬᠡᠮᠯᠢᠭ ᠵᠡᠷᠬᠡ ᠨᠡᠶᠢᠬᠡᠮ ᠤᠨ ᠪᠦᠯᠬᠦᠮ ᠤᠨ ᠬᠠᠨᠳᠢᠪ ᠡᠷᠬᠦᠵᠤ ᠶᠠᠳᠠᠭᠤ ᠶᠢ ᠳᠡᠳᠬᠦᠬᠦ ᠶᠢ ᠬᠦᠴᠦᠯᠡᠨ ᠤᠯᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠯᠳᠠ ᠪᠠᠷ ᠶᠠᠳᠠᠭᠤ ᠶᠢ ᠳᠡᠳᠬᠦᠬᠦ ᠶᠢ ᠴᠢᠩᠭᠠᠳᠬᠠᠬᠤ ᠶᠢ ᠳᠤᠪᠤᠶᠢᠯᠭᠠᠵᠤ᠂ ᠵᠤᠬᠢᠶᠠᠨ ᠪᠠᠶᠢᠭᠤᠯᠬᠤ ᠰᠢᠰᠲ᠋ᠧᠮᠵᠢ ᠶᠢ  ᠴᠢᠨᠠᠭᠰᠢᠳᠡ ᠪᠦᠷᠢᠨᠰᠢᠬᠦᠯᠦᠨ᠎ᠡ᠃ ᠭᠤᠷᠪᠠᠨ ᠱᠠᠲᠤᠨ ᠤ ᠱᠦᠵᠢ ᠶᠠᠳᠠᠭᠤ ᠶᠢ ᠳᠡᠳᠬᠦᠬᠦ ᠶᠢ ᠠᠳᠬᠤᠬᠤ ᠶᠢ ᠪᠠᠷᠢᠮᠳᠠᠯᠠᠵᠤ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠡᠯ᠎ᠡ ᠰᠢᠶᠠᠩ ᠪᠠᠯᠭᠠᠰᠤ ᠵᠢᠴᠢ ᠬᠠᠪᠰᠤᠷᠤᠨ ᠳᠡᠳᠬᠦᠬᠦ ᠬᠠᠷᠢᠭᠤᠴᠠᠭᠴᠢ ᠶᠢᠨ ᠬᠠᠷᠢᠭᠤᠴᠠᠯᠭ᠎ᠠ ᠶᠢ ᠴᠢᠨᠠᠭᠰᠢᠳᠡ ᠪᠠᠳᠤᠳᠬᠠᠵᠤ᠂ ᠨᠢᠬᠡᠳᠦᠬᠡᠷ ᠹᠷᠤᠨᠲ ᠳᠤ ᠠᠵᠢᠯᠯᠠᠭᠤᠯᠵᠤ᠂ ᠠᠵᠢᠯ ᠤᠨ ᠪᠠᠶᠢᠷᠢ ᠶᠢ ᠨᠢᠬᠡᠳᠦᠬᠡᠷ ᠹᠷᠤᠨᠲ  ᠳᠤ ᠪᠠᠶᠢᠯᠭᠠᠵᠤ᠂ ᠦᠷ᠎ᠡ ᠪᠦᠲᠦᠮᠵᠢ ᠶᠢ ᠨᠢᠬᠡᠳᠦᠬᠡᠷ ᠹᠷᠤᠨᠲ ᠳᠤ ᠭᠠᠷᠭᠠᠭᠤᠯᠤᠨ᠎ᠠ᠃ ︽ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ︿ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠲᠤ ᠶᠢᠨ ᠬᠤᠤᠰ ᠰᠢᠯᠭᠠᠨ ᠬᠢᠨᠠᠯᠳᠠ﹀ ᠶᠢᠨ ᠲᠦᠰᠦᠯ︾ ᠤᠨ ᠱᠠᠭᠠᠷᠳᠠᠯᠭ᠎ᠠ ᠶᠤᠰᠤᠭᠠᠷ᠂ ︽ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠵᠢᠯ ᠤᠨ ᠳᠤᠰᠬᠠᠢ ᠰᠢᠯᠭᠠᠨ ᠬᠢᠨᠠᠯᠳᠠ ᠦᠨᠡᠯᠡᠯᠳᠡ ᠶᠢᠨ ᠠᠷᠭ᠎ᠠ︾ ᠳᠤᠰᠬᠤᠨ ᠳᠤ ᠰᠠᠭᠤᠬᠤ ᠨᠢᠬᠡᠳᠦᠬᠡᠷ ᠱᠦᠵᠢ᠂ ᠳᠤᠰᠬᠤᠨ ᠳᠤ ᠰᠠᠭᠤᠬᠤ ᠠᠵᠢᠯᠯᠠᠬᠤ ᠠᠩᠭᠢ ᠪᠠ ᠬᠠᠪᠰᠤᠷᠤᠨ ᠳᠡᠳᠬᠦᠬᠦ ᠬᠠᠷᠢᠭᠤᠴᠠᠭᠴᠢ ᠶᠢᠨ ᠪᠠᠶᠢᠷᠢᠨ ᠳᠤ ᠪᠠᠶᠢᠬᠤ ᠪᠠ ᠠᠵᠢᠯ  ᠤᠨ ᠪᠠᠶᠢᠳᠠᠯ ᠤᠨ ᠰᠢᠮᠳᠠᠭᠤᠯᠤᠨ ᠪᠠᠶᠢᠴᠠᠭᠠᠯᠳᠠ ᠶᠢ ᠴᠢᠨᠠᠭᠰᠢᠳᠡ ᠴᠢᠩᠭᠠᠳᠬᠠᠨ᠎ᠠ᠃ ᠡᠬᠦᠨ ᠤ ᠳᠠᠭᠠᠤ ᠳᠤᠰᠬᠤᠨ  ᠳᠤ ᠰᠠᠭᠤᠬᠤ ᠠᠵᠢᠯᠳᠠᠨ ᠤ ᠬᠠᠮᠢᠶ᠎ᠠ ᠪᠦᠬᠦᠢ ᠬᠦᠷᠳᠡᠬᠡᠮᠵᠢ ᠶᠢᠨ ᠨᠠᠶᠢᠳᠠᠪᠤᠷᠢᠵᠢᠭᠤᠯᠤᠯᠳᠠ ᠶᠢᠨ ᠪᠠᠳᠤᠯᠠᠭᠠᠨ ᠤ ᠠᠵᠢᠯ ᠢ ᠵᠢᠩᠬᠢᠨᠢ ᠬᠦᠴᠦᠯᠡᠨ ᠰᠠᠶᠢᠲᠤᠷ ᠬᠢᠵᠤ᠂ ᠳᠠᠳᠠᠨ ᠢ ᠡᠷᠡᠬᠡᠯᠵᠢᠬᠡ ᠶᠢ ᠨᠢ ᠠᠯᠳᠠᠷᠠᠭᠤᠯᠵᠤ᠂ ᠬᠦᠩᠭᠡᠨ ᠱᠠᠯᠠᠮᠠᠭᠠᠢ ᠪᠠᠷ ᠠᠵᠢᠯᠯᠠᠭᠤᠯᠤᠨ᠎ᠠ᠃ ᠡᠳ᠋ ᠤᠨ ᠵᠠᠰᠠᠭ ᠢᠶᠠᠷ ᠶᠠᠳᠠᠭᠤ ᠶᠢ ᠳᠡᠳᠬᠦᠬᠦ ᠳᠤᠰᠬᠠᠢ ᠪᠡᠯᠡ ᠮᠦᠩᠭᠦᠨ ᠤ ᠬᠠᠮᠢᠶᠠᠷᠤᠯᠳᠠ ᠶᠢ ᠴᠢᠩᠭᠠᠷᠠᠭᠤᠯᠵᠤ᠂ ᠠᠯᠪᠠᠨ ᠵᠠᠷ ᠢᠶᠠᠷ ᠨᠠᠶᠢᠳᠡᠯᠡᠭᠰᠡᠨ ᠢᠯᠡ ᠳᠤᠳᠤ ᠪᠤᠯᠭᠠᠭᠰᠠᠨ ᠬᠠᠮᠢᠶᠠᠷᠤᠯᠳᠠ  ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠶᠠᠳᠠᠭᠤ ᠶᠢ ᠳᠡᠳᠬᠦᠬᠦ ᠪᠡᠯᠡ ᠮᠦᠩᠭᠦᠨ ᠤ ᠳᠤᠭᠤᠴᠠᠭ᠎ᠠ ᠶᠢᠨ ᠳᠠᠩᠰᠠ ᠮᠡᠳᠡᠬᠦᠯᠬᠦ ᠲᠦᠷᠢᠮ ᠢ ᠬᠡᠷᠡᠭᠵᠢᠬᠦᠯᠵᠤ᠂ ᠬᠠᠮᠢᠶᠠᠷᠤᠯᠳᠠ ᠶᠢᠨ ᠭᠤᠤᠯ ᠴᠤᠭᠴᠠ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠳᠠ ᠬᠢᠨᠠᠨ ᠪᠤᠳᠤᠯᠳᠠ ᠶᠢ ᠴᠢᠩᠭᠠᠳᠬᠠᠵᠤ᠂ ᠶᠠᠳᠠᠭᠤ ᠶᠢ ᠳᠡᠳᠬᠦᠬᠦ ᠪᠡᠯᠡ ᠮᠦᠩᠭᠦᠨ ᠤ ᠬᠡᠷᠡᠭᠯᠡᠯᠳᠡ ᠬᠠᠮᠢᠶᠠᠷᠤᠯᠳᠠ ᠶᠢ ︽ᠤᠯᠠᠨ ᠠᠮᠠ ᠪᠠᠷ ᠤᠷᠤᠭᠤᠯᠬᠤ᠂ ᠨᠢᠬᠡ ᠠᠮᠠ ᠪᠠᠷ ᠭᠠᠷᠭᠠᠬᠤ︾ ᠶᠢ ᠪᠡᠶᠡᠯᠡᠬᠦᠯᠵᠤ᠂ ᠶᠠᠳᠠᠭᠤ  ᠶᠢ ᠳᠡᠳᠬᠦᠬᠦ ᠪᠡᠯᠡ ᠮᠦᠩᠭᠦ ᠶᠢ ᠬᠠᠮᠢᠭ᠎ᠠ ᠨᠢ ᠤᠷᠤᠭᠤᠯᠪᠠᠯ᠂ ᠳᠡᠨᠳᠡ ᠨᠢ ᠳᠠᠭᠠᠵᠤ ᠬᠢᠨᠠᠯᠳᠠ ᠳᠠᠯᠪᠢᠵᠤ᠂ ᠪᠡᠯᠡ ᠮᠦᠩᠭᠦᠨ ᠤ ᠠᠮᠤᠷ ᠲᠦᠪᠰᠢᠨ᠂ ᠪᠠᠷᠢᠯᠭ᠎ᠠ ᠶᠢᠨ ᠠᠮᠤᠷ ᠲᠦᠪᠰᠢᠨ᠂ ᠺᠠᠳ᠋ᠷ ᠤᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃      ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠲᠤᠷ ᠬᠢᠨ᠎ᠡ᠃ ᠪᠤᠬᠢᠷᠳᠤᠯ ᠢ ᠡᠷᠡᠰ ᠳᠠᠰᠤ ᠬᠦᠴᠦᠳᠡᠢ ᠵᠠᠰᠠᠨ᠎ᠠ᠃ ︽ᠨᠠᠮ ᠵᠠᠰᠠᠭ ᠬᠠᠮᠳᠤ ᠪᠠᠷ ᠬᠠᠷᠢᠭᠤᠴᠠᠬᠤ᠂ ᠨᠢᠬᠡ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠠᠭᠠᠷ ᠮᠠᠨᠳᠤᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠤᠨ ᠰᠡᠷᠬᠡᠶᠢᠯᠡᠨ ᠵᠠᠰᠠᠬᠤ ᠲᠦᠯᠦᠪᠯᠡᠭᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠠᠭᠠᠷ ᠮᠠᠨᠳᠤᠯ ᠤᠨ ᠠᠷᠪᠠᠨ ᠵᠦᠢᠯ︾ ︽ᠤᠰᠤᠨ ᠤ ᠠᠷᠪᠠᠨ ᠵᠦᠢᠯ︾ ᠢ ᠴᠢᠩᠭ᠎ᠠ ᠨᠠᠶᠢᠳᠠᠪᠤᠷᠢᠵᠢᠭᠤᠯᠵᠤ᠂ ᠪᠤᠬᠢᠷᠳᠤᠯ ᠤᠨ ︽ᠨᠡᠮᠡᠭᠳᠡᠯ ᠤᠨ ᠬᠡᠮᠵᠢᠶ᠎ᠡ︾ ᠶᠢ ᠳᠠᠰᠤ ᠬᠤᠷᠢᠭᠯᠠᠵᠤ᠂ ᠪᠤᠬᠢᠷᠳᠤᠯ ᠤᠨ ︽ᠳᠤᠭᠳᠠᠬᠤ ᠬᠡᠮᠵᠢᠶ᠎ᠡ︾ ᠶᠢ ᠪᠠᠭᠠᠰᠬᠠᠨ᠎ᠠ᠃ ᠠᠭᠠᠷ ᠮᠠᠨᠳᠤᠯ ᠤᠨ ᠪᠤᠬᠢᠷᠳᠤᠯ ᠤᠨ ᠰᠡᠷᠬᠡᠶᠢᠯᠡᠨ ᠵᠠᠰᠠᠯᠳᠠ ᠶᠢ ᠲᠦᠯᠬᠢᠨ ᠠᠬᠢᠭᠤᠯᠤᠨ᠎ᠠ᠃ ᠵᠢᠵᠢᠭ ᠠᠭᠤᠷ ᠤᠨ ᠳᠤᠭᠤᠭ᠎ᠠ ᠶᠢᠨ ᠳᠤᠰᠬᠠᠢ ᠴᠡᠭᠴᠡᠯᠡᠨ ᠵᠠᠰᠠᠯᠳᠠ ᠶᠢ ᠲᠦᠯᠬᠢᠨ ᠠᠬᠢᠭᠤᠯᠵᠤ᠂ ︽ᠨᠡᠬᠦᠷᠡᠰᠦ ᠰᠢᠳᠠᠭᠠᠬᠤ ᠵᠠᠳᠠᠭᠠᠢ ᠰᠢᠳᠠᠭᠠᠬᠤ︾ ᠠᠰᠠᠭᠤᠳᠠᠯ ᠢ ᠰᠢᠢᠳᠪᠦᠷᠢᠯᠡᠵᠤ᠂ ︽ᠬᠡᠢ ᠪᠠᠷ ᠨᠡᠬᠦᠷᠡᠰᠦ ᠶᠢ ᠤᠷᠤᠯᠠᠭᠤᠯᠬᠤ᠂ ᠢᠯᠴᠢ ᠴᠠᠬᠢᠯᠭᠠᠨ ᠢᠶᠠᠷ ᠲᠦᠪᠯᠡᠷᠡᠬᠦᠯᠦᠨ ᠢᠯᠴᠢ ᠬᠠᠩᠭᠠᠬᠤ ᠵᠢᠴᠢ ᠬᠤᠭ ᠨᠤᠪᠰᠢ  ᠶᠢᠨ ᠰᠢᠳᠠᠭᠠᠯᠭ᠎ᠠ ᠶᠢᠨ ᠦᠯᠡᠳᠡᠪᠦᠷᠢ ᠢᠯᠴᠢ ᠪᠠᠷ ᠢᠯᠴᠢ ᠬᠠᠩᠭᠠᠬᠤ ᠵᠡᠷᠬᠡ ᠠᠷᠭ᠎ᠠ ᠮᠠᠶ᠋ᠢᠭ ᠢ ᠰᠦᠪᠡᠭᠴᠢᠯᠡᠬᠦ ᠪᠠᠷ ᠳᠠᠮᠵᠢᠭᠤᠯᠤᠨ᠂ ᠬᠤᠳᠠ ᠶᠢᠨ ᠳᠤᠭᠤᠷᠢᠭ ᠪᠠ ᠬᠦᠷᠢᠶᠡᠯᠡᠩ ᠳᠤᠭᠤᠷᠢᠭ ᠤᠨ ᠢᠯᠴᠢ ᠬᠠᠩᠭᠠᠯᠳᠠ ᠪᠠᠷ ᠳᠠᠷᠬᠠᠢ᠂ ᠰᠠᠮᠠᠭᠤᠨ᠂ ᠪᠠᠭ᠎ᠠ ᠠᠰᠠᠭᠤᠳᠠᠯ ᠢ ᠰᠢᠢᠳᠪᠦᠷᠢᠯᠡᠵᠤ᠂ ᠬᠦᠬᠡ ᠳᠡᠭᠷᠢ ᠪᠠᠨ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠢᠭᠤᠷᠬᠠᠢ ᠬᠢᠵᠤ ᠢᠯᠠᠯᠳᠠ ᠤᠯᠤᠨ᠎ᠠ᠃ ᠭᠤᠤᠯ ᠠᠵᠤ ᠦᠢᠯᠡᠳᠪᠦᠷᠢ ᠶᠢᠨ ᠪᠤᠬᠢᠷᠳᠤᠯ ᠤᠨ ᠡᠬᠢ ᠶᠢᠨ ᠰᠡᠷᠬᠡᠶᠢᠯᠡᠨ ᠵᠠᠰᠠᠯᠳᠠ ᠶᠢ ᠭᠤᠤᠯᠳᠠᠯᠭ᠎ᠠ ᠲᠠᠢ ᠴᠢᠩᠭᠠᠳᠬᠠᠵᠤ ᠳᠤᠰᠬᠠᠢ ᠬᠠᠶᠠᠭᠳᠠᠯ ᠤᠨ ᠳᠠᠯᠠᠪᠤᠷ ᠤᠨ ᠪᠦᠲᠦᠭᠡᠨ ᠪᠠᠶᠢᠭᠤᠯᠤᠯᠳᠠ  ᠶᠢ ᠢᠳᠡᠪᠬᠢᠳᠡᠢ ᠲᠦᠯᠬᠢᠨ ᠠᠬᠢᠭᠤᠯᠵᠤ᠂ ᠳᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠬᠠᠶᠠᠭᠳᠠᠯ ᠢ ᠨᠢᠬᠡᠳᠦᠯᠳᠡᠢ ᠲᠦᠪᠯᠡᠷᠡᠬᠦᠯᠬᠦ᠂ ᠴᠡᠭ ᠳᠤᠭᠳᠠᠭᠠᠨ ᠴᠠᠭ ᠲᠠᠢ ᠴᠢᠳᠬᠤᠬᠤ ᠪᠠᠭᠤᠯᠭᠠᠬᠤ ᠲᠦᠷᠢᠮ ᠢ ᠦᠷᠬᠦᠯᠵᠢᠯᠡᠨ ᠬᠡᠷᠡᠭᠵᠢᠬᠦᠯᠦᠨ᠎ᠡ᠃ ᠠᠮᠢᠳᠤᠷᠠᠯ ᠤᠨ ᠬᠤᠭ ᠨᠤᠪᠰᠢ ᠶᠢ ᠬᠤᠤᠷ ᠦᠬᠡᠶᠢᠳᠡᠬᠦᠯᠦᠨ ᠶᠡᠷᠦᠩᠭᠡᠶᠢᠯᠡᠨ ᠰᠢᠢᠳᠪᠦᠷᠢᠯᠡᠬᠦ ᠲᠦᠷᠦᠯ ᠵᠦᠢᠯ ᠢ ᠢᠳᠡᠪᠬᠢᠳᠡᠢ ᠡᠬᠢᠯᠡᠬᠦᠯᠵᠤ᠂ ᠬᠤᠭ ᠨᠤᠪᠰᠢ ᠶᠢ ᠪᠦᠭᠯᠡᠵᠤ ᠪᠤᠯᠬᠤ ᠳᠠᠯᠠᠪᠠᠢ ᠶᠢᠨ ᠤᠪᠤᠭᠠᠷᠠᠭᠤᠯᠵᠤ ᠳᠠᠯᠪᠢᠬᠤ ᠳᠠᠷᠤᠭᠠᠰᠤ ᠶᠢ ᠨᠠᠮᠳᠠᠭᠤᠯᠵᠤ᠂ ᠬᠤᠶᠠᠷᠳᠡᠬᠢ ᠪᠤᠬᠢᠷᠳᠠᠭᠤᠯᠬᠤ ᠪᠤᠯᠤᠮᠵᠢᠳᠦ ᠴᠢᠨᠠᠷ ᠢ ᠳᠠᠰᠤ ᠬᠤᠷᠢᠭᠯᠠᠨ᠎ᠠ᠃ ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢ ᠲᠦᠯᠬᠢᠨ ᠠᠬᠢᠭᠤᠯᠤᠨ᠎ᠠ᠃ ᠬᠦᠷᠢᠶᠡᠯᠡᠩ ᠳᠤᠭᠤᠷᠢᠭ ᠤᠨ ᠠᠵᠤ ᠠᠬᠤᠶᠢᠯᠠᠯ ᠢᠯᠠᠩᠭᠤᠶ᠎ᠠ ᠲᠦᠮᠦᠰᠦ ᠡᠳ᠋ᠰᠢᠬᠦᠯᠬᠦ ᠠᠵᠤ ᠠᠬᠤᠶᠢᠯᠠᠯ ᠤᠨ ᠪᠤᠵᠠᠷ ᠤᠰᠤ ᠰᠢᠢᠳᠪᠦᠷᠢᠯᠡᠬᠦ ᠳᠦᠬᠦᠬᠡᠷᠦᠮᠵᠢ ᠶᠢᠨ ᠡᠷᠬᠢᠯᠳᠡ ᠬᠡᠪ ᠤᠨ ᠪᠤᠰᠤ ᠪᠠᠶᠢᠬᠤ ᠪᠠ ᠪᠤᠵᠠᠷ ᠤᠰᠤ ᠶᠢᠨ ᠭᠠᠳᠠᠭᠰᠢᠯᠠᠭᠤᠯᠤᠯᠳᠠ ᠨᠢ ᠪᠠᠷᠢᠮᠵᠢᠶᠠᠨ ᠳᠤ ᠦᠯᠦ ᠬᠦᠷᠦᠭᠰᠡᠨ ᠬᠡᠵᠤ ᠡᠷᠡᠰ ᠰᠢᠭᠤᠷᠬᠠᠢ ᠪᠠᠷ ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠨ ᠰᠠᠶᠢᠵᠢᠷᠠᠭᠤᠯᠵᠤ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠵᠤ᠂ ᠳᠤᠷ᠎ᠡ ᠪᠠᠷ ᠢᠶᠠᠨ ᠦᠢᠯᠡᠳᠪᠦᠷᠢᠯᠡᠵᠤ᠂ ᠪᠤᠵᠠᠷ ᠤᠰᠤ ᠶᠢ ᠳᠠᠯᠳᠠᠭᠤᠷ ᠭᠠᠳᠠᠭᠰᠢᠯᠠᠭᠤᠯᠤᠭᠰᠠᠨ ᠦᠢᠯᠡ ᠠᠵᠢᠯᠯᠠᠭ᠎ᠠ ᠶᠢ ᠰᠢᠳᠭᠡᠨ ᠳᠤᠷᠭᠠᠵᠤ᠂ ︽ᠤᠭᠳᠤᠬᠠᠨ ᠴᠦ ᠠᠭᠤᠴᠢᠯᠠᠵᠤ ᠦᠷᠦᠰᠢᠶᠡᠬᠦ ᠦᠭᠡᠢ︾᠃ PPP ᠤᠨ ᠵᠠᠭᠪᠤᠷ ᠢ ᠬᠡᠷᠡᠭᠯᠡᠵᠤ᠂ ᠴᠢ ᠲᠠᠢ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ ᠪᠠᠷᠢᠯᠭ᠎ᠠ ᠶᠢ ᠶᠠᠪᠤᠭᠳᠠᠭᠤᠯᠤᠨ᠎ᠠ᠃ ᠴᠠᠩ ᠱᠧᠩ ᠠᠵᠤ ᠦᠢᠯᠡᠳᠪᠦᠷᠢ ᠶᠢᠨ ᠳᠤᠭᠤᠷᠢᠭ ᠤᠨ 5000 ᠳᠤᠨ ᠤ ᠪᠤᠵᠠᠷ ᠤᠰᠤ ᠰᠢᠢᠳᠪᠦᠷᠢᠯᠡᠬᠦ ᠳᠤᠬᠢᠷᠠᠭᠤᠯᠤᠯᠳᠠ ᠶᠢᠨ ᠤᠩᠭᠤᠴᠠ ᠪᠠ ᠪᠠᠢ ᠬᠠᠢ ᠽᠢ ᠶᠢᠨ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠤᠵᠠᠷ ᠤᠰᠤ ᠰᠢᠢᠳᠪᠦᠷᠢᠯᠡᠬᠦ ᠬᠠᠮᠢᠶ᠎ᠠ ᠪᠦᠬᠦᠢ ᠲᠦᠷᠦᠯ ᠵᠦᠢᠯ ᠢ ᠴᠢᠨᠠᠭᠰᠢᠳᠡ ᠬᠡᠷᠡᠴᠢᠯᠡᠯᠳᠡ ᠬᠢᠵᠤ ᠡᠬᠢᠯᠡᠬᠦᠯᠦᠨ᠎ᠡ᠃ ᠭᠠᠵᠠᠷ ᠳᠤᠤᠷᠡᠬᠢ ᠤᠰᠤᠨ ᠤ ᠬᠡᠷᠡᠭᠯᠡᠯᠳᠡ ᠪᠠ ᠬᠠᠮᠢᠶᠠᠷᠤᠯᠳᠠ ᠪᠠᠨ ᠴᠢᠩᠭᠠᠳᠬᠠᠵᠤ᠂ ᠭᠠᠵᠠᠷ ᠳᠤᠤᠷᠡᠬᠢ ᠤᠰᠤᠨ  ᠤ ᠬᠡᠷᠡᠭᠯᠡᠯᠳᠡ ᠶᠢ ᠰᠢᠨ᠎ᠡ ᠨᠡᠮᠡᠭᠳᠡᠬᠦᠯᠬᠦ ᠲᠦᠷᠦᠯ ᠵᠦᠢᠯ ᠤᠨ ᠬᠢᠨᠠᠨ ᠵᠦᠪᠰᠢᠶᠡᠷᠡᠯ ᠢ ᠴᠢᠩᠭ᠎ᠠ ᠬᠤᠷᠢᠭᠯᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠢᠶᠠᠷᠤᠯᠳᠠ ᠪᠠᠨ ᠴᠢᠨᠠᠭᠰᠢᠳᠡ ᠲᠦᠷᠢᠮᠵᠢᠬᠦᠯᠵᠤ᠂ ᠤᠰᠤᠨ ᠤ ᠡᠬᠢ ᠰᠤᠷᠪᠤᠯᠵᠢ ᠶᠢᠨ ᠭᠠᠵᠠᠷ᠂ ᠬᠡᠳᠦ ᠮᠠᠯᠳᠠᠬᠤ ᠳᠤᠭᠤᠷᠢᠭ᠂ ᠮᠠᠯᠳᠠᠬᠤ ᠶᠢ ᠴᠠᠭᠠᠵᠠᠯᠠᠭᠰᠠᠨ ᠳᠤᠭᠤᠷᠢᠭ  ᠲᠤ ᠳᠤᠷ᠎ᠡ ᠪᠠᠷ ᠢᠶᠠᠨ ᠭᠠᠵᠠᠷ ᠳᠤᠤᠷᠡᠬᠢ ᠤᠰᠤᠨ ᠤ ᠡᠬᠢ ᠰᠤᠷᠪᠤᠯᠵᠢ ᠮᠠᠯᠳᠠᠬᠤ ᠦᠢᠯᠡ ᠠᠵᠢᠯᠯᠠᠭ᠎ᠠ ᠳᠤ ᠬᠦᠴᠦᠳᠡᠢ ᠴᠤᠬᠢᠯᠳᠡ ᠦᠭᠬᠦᠨ᠎ᠡ᠃ ᠤᠰᠤᠨ ᠤ ᠡᠬᠢ ᠪᠠᠶᠠᠯᠢᠭ ᠤᠨ ᠬᠤᠷᠢᠭᠯᠠᠯᠳᠠ ᠶᠢᠨ ᠤᠯᠠᠭᠠᠨ ᠱᠣᠭᠤᠮ ᠤᠨ ᠶᠤᠰᠤᠭᠠᠷ᠂ ᠰᠦᠷᠴᠢᠨ ᠤᠰᠤᠯᠠᠬᠤ ᠴᠠᠭᠠᠷᠢᠭ ᠢ ᠠᠭᠠᠵᠢᠮ ᠢᠶᠠᠷ ᠰᠢᠭᠰᠢᠭᠳᠡᠬᠦᠯᠬᠦ ᠮᠦᠷᠳᠡᠬᠡᠨ ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠪᠢᠴᠢᠯ ᠤᠰᠤᠯᠤᠯᠳᠠ ᠪᠠ ᠳᠤᠰᠤᠯᠠᠭᠤᠯᠤᠭᠰᠠᠨ ᠤᠰᠤᠯᠤᠯᠳᠠ ᠪᠤᠯᠭᠠᠨ ᠦᠬᠡᠷᠡᠴᠢᠯᠡᠵᠤ᠂ ᠰᠦᠷᠴᠢᠨ ᠤᠰᠤᠯᠠᠬᠤ ᠴᠠᠭᠠᠷᠢᠭ ᠤᠨ ᠭᠠᠵᠠᠷ ᠰᠢᠷᠤᠢ ᠶᠢᠨ ᠬᠠᠮᠢᠶ᠎ᠠ ᠪᠦᠬᠦᠢ ᠳᠠᠭᠠᠭᠠᠴᠢᠯᠠᠯᠳᠠ  ᠶᠢᠨ ᠬᠡᠷ᠎ᠡ ᠶᠢᠨ ᠬᠤᠭᠤᠴᠠᠭᠠᠨ ᠳᠠᠭᠠᠨ ᠬᠦᠷᠦᠭᠰᠡᠨ ᠲᠦᠷᠦᠯ ᠵᠦᠢᠯ ᠢ ᠬᠤᠯᠪᠤᠭᠳᠠᠯ ᠪᠦᠬᠦᠢ ᠰᠢᠶᠠᠩ ᠳᠤᠰᠬᠤᠨ ᠤ ᠳᠤᠷ᠎ᠡ ᠪᠠᠷ ᠢᠶᠠᠨ ᠳᠠᠭᠠᠭᠠᠴᠢᠯᠠᠯᠳᠠ ᠶᠢᠨ ᠬᠡᠷ᠎ᠡ ᠶᠢ ᠦᠷᠬᠦᠯᠵᠢᠯᠡᠨ ᠵᠠᠯᠭᠠᠭᠤᠯᠬᠤ ᠶᠢ ᠴᠢᠩᠭ᠎ᠠ ᠴᠠᠭᠠᠵᠠᠯᠠᠨ᠎ᠠ᠃      ᠤᠰᠤᠨ ᠤ ᠡᠬᠢ ᠪᠠᠶᠠᠯᠢᠭ ᠤᠨ ᠭᠠᠶᠢᠯᠢ ᠳᠠᠳᠠᠪᠤᠷᠢᠯᠠᠯᠳᠠ ᠶᠢᠨ ᠠᠵᠢᠯ ᠢ ᠴᠢᠩᠭᠠᠳᠬᠠᠵᠤ᠂ ᠬᠦᠨᠳᠦ ᠨᠤᠴᠢᠳᠠᠢ ᠬᠡᠳᠦ ᠮᠠᠯᠳᠠᠭᠰᠠᠨ ᠭᠠᠵᠠᠷ ᠤᠷᠤᠨ᠂ ᠬᠡᠳᠦ ᠮᠠᠯᠳᠠᠭᠰᠠᠨ ᠭᠠᠵᠠᠷ ᠤᠷᠤᠨ ᠪᠠ ᠬᠡᠳᠦ ᠪᠤᠰᠤ ᠮᠠᠯᠳᠠᠭᠰᠠᠨ ᠭᠠᠵᠠᠷ ᠤᠷᠤᠨ ᠳᠤ ᠵᠦᠷᠢᠶᠡᠳᠦ ᠭᠠᠶᠢᠯᠢ ᠶᠢᠨ ᠳᠤᠭ᠎ᠠ ᠭᠠᠷᠭᠠᠵᠤ᠂ ᠭᠠᠵᠠᠷ ᠳᠤᠤᠷᠠᠬᠢ ᠤᠰᠤ ᠶᠢ ᠠᠪᠴᠤ ᠬᠡᠷᠡᠭᠯᠡᠬᠦ᠂ ᠤᠨᠴᠠ ᠠᠵᠢᠯ ᠲᠦᠷᠦᠯ ᠤᠨ ᠤᠰᠤ ᠠᠪᠴᠤ ᠬᠡᠷᠡᠭᠯᠡᠬᠦ᠂ ᠲᠦᠯᠦᠪᠯᠡᠭᠡ ︵ᠲᠤᠭᠳᠠᠭᠰᠠᠨ ᠲᠤᠭ᠎ᠠ︶ ᠠᠴᠠ ᠬᠡᠳᠦᠷᠡᠬᠦᠯᠵᠦ ᠤᠰᠤ ᠬᠡᠷᠡᠭᠯᠡᠬᠦ ᠳᠤ᠂ ᠦᠨᠳᠦᠷ ᠢᠶᠠᠷ ᠨᠢ ᠭᠠᠶᠢᠯᠢ ᠶᠢᠨ ᠳᠤᠭ᠎ᠠ ᠶᠢ ᠲᠤᠭᠳᠠᠭᠠᠨ᠎ᠠ᠃ ︽ᠭᠤᠤᠯ ᠤᠨ ᠳᠠᠷᠤᠭ᠎ᠠ ᠶᠢᠨ ᠳᠦᠷᠢᠮ︾ ᠤᠨ ᠠᠵᠢᠯ ᠢ ᠪᠦᠬᠦ ᠳᠠᠯ᠎ᠠ ᠪᠠᠷ ᠲᠡᠯᠭᠡᠷᠡᠬᠦᠯᠵᠦ᠂ ᠪᠦᠳᠦᠬᠦᠨ ᠭᠤᠤᠯ ᠤᠨ ᠭᠤᠤᠯ ᠤᠨ ᠵᠠᠮ ᠤᠨ ᠵᠠᠰᠠᠯᠳᠠ ᠶᠢᠨ ᠡᠷᠴᠢᠮ ᠢᠶᠠᠨ ᠴᠢᠩᠭᠠᠳᠬᠠᠨ᠎ᠠ᠃ ᠬᠦᠷᠦᠰᠦ ᠰᠢᠷᠤᠢ ᠶᠢᠨ ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠤᠷᠳᠤᠭᠤᠷ ᠤᠨ ᠡᠵᠡᠮᠰᠢᠯ᠂ ᠡᠮ ᠤᠨ ᠡᠵᠡᠮᠰᠢᠯ᠂ ᠰᠦᠯᠢᠶᠤᠤ ᠪᠦᠷᠬᠦᠪᠴᠢ ᠶᠢᠨ ᠡᠵᠡᠮᠰᠢᠯ ᠤᠨ ᠠᠵᠢᠯᠯᠠᠭ᠎ᠠ ᠪᠠᠨ ᠭᠤᠤᠯᠳᠠᠯᠭ᠎ᠠ ᠲᠠᠢ ᠶᠠᠪᠤᠭᠳᠠᠭᠤᠯᠤᠨ᠎ᠠ᠃ ᠨᠡᠬᠦᠷᠡᠰᠦ ᠪᠤᠰᠤ ᠠᠭᠤᠷᠬᠠᠢ ᠶᠢᠨ ᠠᠮᠢ ᠠᠬᠤᠢ ᠶᠢᠨ ᠰᠡᠷᠬᠦᠯᠳᠡ ᠵᠠᠰᠠᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠪᠠᠷᠠᠭᠤᠨ ᠠᠭᠤᠯᠠ ᠶᠢᠨ ᠬᠠᠶᠠᠭᠳᠠᠯ ᠠᠭᠤᠷᠬᠠᠢ ᠶᠢᠨ ᠭᠠᠵᠠᠷ ᠤᠨ ᠤᠷᠴᠢᠨ ᠲᠤᠭᠤᠷᠢᠨ ᠤ ᠵᠠᠰᠠᠯᠳᠠ  ᠶᠢᠨ ᠲᠦᠷᠦᠯ ᠵᠦᠢᠯ ᠢ ᠵᠦᠪᠰᠢᠶᠡᠷᠡᠵᠦ ᠶᠠᠪᠤᠭᠳᠠᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢ ᠴᠢᠩᠭᠠᠳᠬᠠᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠳᠠ  ᠶᠢ ᠨᠢᠭᠡᠳᠦᠯᠳᠡᠢ ᠲᠦᠯᠦᠪᠯᠡᠵᠦ᠂ ᠵᠢᠯ ᠤᠨ ᠳᠤᠳᠤᠷ᠎ᠠ ᠨᠤᠭᠤᠭᠠᠷᠠᠭᠤᠯᠤᠯᠳᠠ ᠶᠢᠨ ᠳᠠᠯᠠᠪᠠᠢ 5500 ᠮᠦ᠂ ᠪᠠᠷᠠᠭᠤᠨ ᠠᠭᠤᠯᠠ ᠶᠢᠨ ᠠᠯᠪᠠᠨ ᠵᠢᠷᠤᠮ ᠤᠨ ᠮᠤᠳᠤ ᠳᠠᠷᠢᠬᠤ ᠰᠠᠭᠤᠷᠢᠨ 1000 ᠮᠦ᠂ ᠠᠵᠤ ᠠᠬᠤᠢ ᠶᠢᠨ ᠤᠢ 7500 ᠮᠦ ᠶᠢ ᠪᠡᠶᠡᠯᠡᠬᠦᠯᠦᠨ᠎ᠡ᠃ ᠵᠢᠵᠢᠭ ᠰᠠᠪᠠ ᠭᠠᠵᠠᠷ ᠤᠨ ᠵᠠᠰᠠᠯᠳᠠ ᠶᠢ ᠴᠢᠩᠭᠠᠳᠬᠠᠵᠤ᠂ ᠵᠢᠯ ᠤᠨ ᠳᠤᠳᠤᠷ᠎ᠠ 13 ᠳᠡᠭᠰᠢ ᠳᠦᠷᠪᠡᠯᠵᠢᠨ ᠺᠢᠯᠤᠮᠧᠲᠷ ᠳᠠᠯᠠᠪᠠᠢ ᠵᠠᠰᠠᠬᠤ ᠶᠢ ᠪᠡᠶᠡᠯᠡᠬᠦᠯᠦᠨ᠎ᠡ᠃ ᠤᠢ ᠪᠡᠯᠴᠢᠭᠡᠷ ᠢ ᠡᠪᠳᠡᠵᠦ ᠬᠠᠭᠠᠯᠪᠤᠷᠢᠯᠠᠬᠤ ᠠᠰᠠᠭᠤᠳᠠᠯ ᠢ ᠵᠠᠯᠬᠠᠭᠠᠵᠤ᠂ ᠪᠡᠯᠴᠢᠭᠡᠷᠯᠡᠬᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠳᠡ ᠶᠢᠨ ᠠᠵᠢᠯ ᠢ ᠳᠠᠰᠤᠷᠠᠯᠳᠠ ᠦᠭᠡᠢ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠎ᠡ᠃      ᠲᠤᠮᠤ ᠬᠦᠨᠳᠦ ᠬᠡᠨᠡᠨ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠳᠤᠷ ᠬᠢᠨ᠎ᠡ᠃ ᠨᠢᠭᠡ ᠳᠤ ᠵᠠᠰᠠᠭ ᠤᠨ ᠤᠷᠳᠤᠨ ᠤ ᠴᠢᠨᠠᠷ ᠪᠦᠬᠦᠢ ᠦᠷᠢ ᠦᠭᠴᠡᠭᠡ ᠶᠢ ᠬᠠᠳᠠᠭᠠᠯᠠᠬᠤ ᠬᠡᠮᠵᠢᠶ᠎ᠡ ᠶᠢ ᠯᠠᠪᠳᠠᠭᠤᠨ ᠪᠠᠳᠤᠳᠠᠢ ᠡᠮᠬᠢ ᠳᠢᠭᠯᠢᠮ ᠲᠠᠢ ᠠᠷᠢᠯᠭᠠᠬᠤ ᠬᠡᠷᠡᠭᠳᠡᠢ᠃ ᠲᠦᠪ ᠪᠠ ᠳᠡᠭᠡᠳᠦ ᠱᠠᠲᠤᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠭᠤᠯᠤᠯᠳᠠ ᠶᠤᠰᠤᠭᠠᠷ᠂ ᠮᠠᠨ ᠤ ᠰᠢᠶᠠᠨ ᠨᠢᠭᠡᠳᠦᠯᠳᠡᠢ ᠲᠦᠯᠦᠪᠯᠡᠬᠦ ᠶᠢ ᠪᠤᠳᠤᠯᠬᠢᠯᠠᠬᠤ᠂ ᠠᠭᠠᠵᠢᠮ ᠢᠶᠠᠷ ᠰᠢᠩᠭᠡᠭᠡᠬᠦ ᠵᠠᠷᠴᠢᠮ ᠢ ᠪᠠᠷᠢᠮᠳᠠᠯᠠᠵᠤ᠂ ᠡᠳ᠋ ᠤᠨ ᠵᠠᠰᠠᠭ ᠤᠨ ᠤᠷᠤᠯᠭ᠎ᠠ ᠶᠢ ᠪᠠᠭᠠᠰᠬᠠᠬᠤ᠂ ᠨᠦᠭᠡᠴᠡ ᠪᠡᠯᠡ ᠮᠦᠩᠬᠦ ᠶᠢ ᠴᠢᠯᠦᠭᠡᠳᠡᠢ ᠪᠤᠯᠭᠠᠬᠤ᠂ ᠲᠤᠰᠬᠠᠢ ᠲᠦᠷᠦᠯ ᠤᠨ ᠪᠡᠯᠡ ᠮᠦᠩᠬᠦ ᠶᠢ ᠨᠡᠶᠢᠳᠭᠡᠬᠦ᠂ ᠭᠠᠵᠠᠷ ᠰᠢᠷᠤᠢ ᠶᠢᠨ ᠤᠷᠤᠯᠭ᠎ᠠ ᠶᠢᠨ ᠨᠡᠮᠡᠭᠳᠡᠯ ᠦᠷᠳᠡᠭ ᠢᠶᠠᠷ ᠠᠰᠢᠭ ᠤᠯᠬᠤ᠂ ᠤᠯᠤᠰ  ᠤᠨ ᠦᠮᠴᠢᠯᠡᠯᠳᠦ ᠡᠳ᠋ ᠬᠦᠷᠦᠩᠭᠡ ᠶᠢ ᠲᠤᠬᠢᠷᠠᠭᠤᠯᠬᠤ᠂ ᠳᠡᠭᠡᠳᠦ ᠱᠠᠲᠤᠨ ᠤ ᠨᠦᠬᠦᠪᠦᠷᠢ ᠶᠢ ᠴᠢᠷᠮᠠᠶᠢᠨ ᠤᠯᠬᠤ᠂ ᠭᠠᠶᠢᠯᠢ ᠶᠢᠨ ᠤᠷᠤᠯᠭ᠎ᠠ ᠶᠢ ᠨᠡᠮᠡᠭᠳᠡᠬᠦᠯᠬᠦ᠂ ppp ᠵᠠᠭᠪᠤᠷ ᠢ ᠳᠡᠯᠭᠡᠷᠡᠬᠦᠯᠬᠦ ᠪᠠ ᠪᠡᠯᠡ ᠮᠦᠩᠬᠦ ᠤᠷᠤᠭᠤᠯᠤᠯᠳᠠ ᠶᠢᠨ ᠳᠠᠪᠴᠠᠩ ᠤᠨ ᠵᠠᠬ᠎ᠠ ᠳᠡᠯᠭᠡᠬᠦᠷᠵᠢᠭᠰᠡᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢ ᠲᠦᠷᠭᠡᠳᠬᠡᠬᠦ ᠬᠠᠮ ᠬᠦᠴᠦ ᠶᠢ ᠦᠷᠬᠦᠯᠵᠢᠯᠡᠨ ᠰᠠᠶᠢᠨ ᠭᠠᠷᠭᠠᠵᠤ᠂ ᠭᠤᠷᠪᠠᠨ ᠵᠢᠯ ᠤᠨ ᠴᠠᠭ ᠬᠡᠷᠡᠭᠯᠡᠵᠦ ᠪᠠᠷᠢᠯᠭ᠎ᠠ ᠶᠢᠨ ᠬᠠᠮᠢᠶ᠎ᠠ ᠪᠦᠬᠦᠢ ᠦᠷᠢ ᠦᠭᠴᠡᠭᠡ ᠶᠢ ᠠᠷᠢᠯᠭᠠᠬᠤ ᠪᠠᠷ ᠴᠢᠷᠮᠠᠶᠢᠨ᠎ᠠ᠃ ᠦᠨᠦ ᠵᠢᠯ ᠵᠠᠰᠠᠭ ᠤᠨ ᠤᠷᠳᠤᠨ ᠤ ᠴᠢᠨᠠᠷ ᠪᠦᠬᠦᠢ ᠦᠷᠢ ᠦᠭᠴᠡᠭᠡ ᠶᠢ 2.76 ᠳ᠋ᠦᠩᠰᠢᠭᠤᠷ ᠲᠦᠬᠦᠷᠢᠭ ᠠᠷᠢᠯᠭᠠᠵᠤ᠂ 2020 ᠤᠨ ᠪᠤᠯᠬᠤ ᠳᠤ ᠪᠦᠬᠦ ᠰᠢᠶᠠᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ ᠨᠤᠷᠮ᠎ᠠ ᠶᠢ 100% ᠳᠤᠳᠤᠷ᠎ᠠ ᠴᠢᠷᠮᠠᠶᠢᠨ ᠪᠠᠭᠤᠷᠠᠭᠤᠯᠬᠤ ᠪᠠᠷ ᠲᠦᠯᠦᠪᠯᠡᠵᠦ᠂ ᠵᠤᠬᠢᠰᠳᠠᠢ ᠬᠡᠪᠴᠢᠶᠡᠨ ᠳᠤᠳᠤᠷ᠎ᠠ ᠬᠤᠷᠢᠭᠯᠠᠵᠤ᠂ ᠳᠡᠭᠡᠳᠦ ᠱᠠᠲᠤᠨ ᠤ ᠲᠤᠭᠳᠠᠭᠠᠭᠰᠠᠨ ᠠᠷᠢᠯᠭᠠᠬᠤ ᠡᠬᠦᠷᠭᠡ ᠶᠢ ᠪᠡᠶᠡᠯᠡᠬᠦᠯᠦᠨ᠎ᠡ᠃ ᠬᠤᠶᠠᠷ ᠲᠤ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠨ᠎ᠡ ᠪᠠᠷ ᠨᠡᠮᠡᠭᠳᠡᠬᠦᠯᠬᠦ  ᠶᠢ ᠴᠢᠩᠭ᠎ᠠ ᠬᠤᠷᠢᠭᠯᠠᠬᠤ ᠬᠡᠷᠡᠭᠳᠡᠢ᠃ ︽ᠲᠦᠰᠦᠪ ᠤᠨ ᠬᠠᠤᠯᠢ︾ ᠶᠢ ᠴᠢᠩᠭ᠎ᠠ ᠬᠡᠷᠡᠭᠵᠢᠬᠦᠯᠵᠦ᠂ ᠲᠦᠰᠦᠪ ᠤᠨ ᠬᠦᠯᠢᠶᠡᠰᠦᠯᠡᠯ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠲᠦᠰᠦᠪ ᠤᠨ ᠬᠡᠪᠴᠢᠶᠡᠨ ᠠᠴᠠ ᠭᠠᠳᠠᠨᠠᠬᠢ ᠳᠠᠩ ᠪᠢᠷ  ᠲᠤ ᠬᠤᠯᠪᠤᠭᠳᠠᠭᠰᠠᠨ 200 ᠲᠦᠮᠡᠨ ᠲᠦᠬᠦᠷᠢᠭ ᠠᠴᠠ ᠳᠡᠭᠡᠭᠰᠢᠬᠢ ᠪᠡᠯᠡ ᠮᠦᠩᠬᠦ ᠶᠢ ᠴᠦᠮ ᠬᠠᠮᠳᠤ ᠶᠢᠨ ᠰᠤᠳᠤᠯᠤᠯᠳᠠ ᠪᠠᠷ ᠳᠤᠭᠳᠠᠭᠠᠨ᠎ᠠ᠃ ᠤᠷᠤᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠳᠤᠬᠢᠷᠠᠭᠤᠯᠬᠤ ᠪᠠ ᠬᠢᠨᠠᠮᠠᠭᠠᠢ  ᠪᠠᠷ ᠦᠷᠢ ᠳᠠᠯᠪᠢᠬᠤ ᠵᠠᠷᠴᠢᠮ ᠢ ᠪᠠᠷᠢᠮᠳᠠᠯᠠᠵᠤ᠂ ᠠᠵᠤ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠪᠠ ᠡᠳ᠋ ᠤᠨ ᠵᠠᠰᠠᠭ ᠤᠨ ᠦᠷᠢ ᠦᠭᠴᠡᠭᠡ ᠶᠢ ᠪᠤᠴᠠᠭᠠᠬᠤ ᠴᠢᠳᠠᠪᠤᠷᠢ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠱᠠᠭᠠᠷᠳᠠᠯᠭ᠎ᠠ ᠪᠠᠷ ᠭᠠᠵᠠᠷ ᠤᠷᠤᠨ ᠤ ᠦᠷᠢ ᠦᠭᠴᠡᠭᠡ ᠳᠤ ᠶᠡᠷᠦᠩᠭᠡᠢ ᠬᠡᠮᠵᠢᠶ᠎ᠡ ᠪᠠᠷ ᠬᠤᠷᠢᠭᠯᠠᠬᠤ ᠶᠢ ᠬᠡᠷᠡᠭᠵᠢᠬᠦᠯᠦᠨ᠎ᠡ᠃ ᠵᠠᠰᠠᠭ ᠤᠨ ᠤᠷᠳᠤᠨ ᠠᠴᠠ ᠪᠡᠯᠡ ᠤᠷᠤᠭᠤᠯᠬᠤ ᠲᠦᠷᠦᠯ ᠵᠦᠢᠯ᠂ ᠰᠠᠭᠤᠷᠢ ᠮᠦᠩᠬᠦᠨ ᠤ ᠡᠷᠬᠢᠯᠳᠡ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠴᠢᠩᠭ᠎ᠠ ᠳᠦᠷᠢᠮᠵᠢᠬᠦᠯᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠨᠡᠮᠡᠭᠳᠡᠯ ᠢ ᠴᠢᠩᠭ᠎ᠠ ᠪᠠᠴᠢᠮ ᠬᠤᠷᠢᠭᠯᠠᠨ᠎ᠠ᠃ ᠪᠡᠯᠡ ᠮᠦᠩᠬᠦᠨ ᠤ ᠢᠷᠡᠯᠳᠡ ᠦᠭᠡᠢ ᠲᠦᠷᠦᠯ ᠵᠦᠢᠯ ᠶᠠᠪᠤᠭᠳᠠᠭᠤᠯᠬᠤ ᠶᠢ ᠴᠢᠩᠭ᠎ᠠ ᠴᠠᠭᠠᠵᠠᠯᠠᠵᠤ᠂ ᠠᠯᠢᠪᠠ ᠰᠢᠨ᠎ᠡ  ᠪᠠᠷ ᠭᠠᠷᠭᠠᠬᠤ ᠵᠠᠰᠠᠭ ᠤᠨ ᠤᠷᠳᠤᠨ ᠠᠴᠠ ᠪᠡᠯᠡ ᠤᠷᠤᠭᠤᠯᠬᠤ ᠲᠦᠷᠦᠯ ᠵᠦᠢᠯ ᠳᠤ ᠦᠷᠢ ᠦᠭᠴᠡᠭᠡ ᠶᠢᠨ ᠬᠡᠨᠡᠨ ᠲᠦᠭᠰᠢᠬᠦᠷᠢ ᠶᠢᠨ ᠦᠨᠡᠯᠡᠯᠳᠡ ᠪᠠ ᠬᠠᠤᠯᠢ ᠶᠤᠰᠤᠨ ᠤ ᠴᠢᠨᠠᠷ ᠪᠦᠬᠦᠢ ᠬᠢᠨᠠᠨ ᠪᠠᠶᠢᠴᠠᠭᠠᠯᠳᠠ ᠬᠢᠵᠦ᠂ ᠬᠠᠮᠢᠶ᠎ᠠ ᠪᠦᠬᠦᠢ ᠶᠠᠪᠤᠴᠠ ᠪᠠᠷ ᠬᠢᠨᠠᠨ ᠵᠦᠪᠰᠢᠶᠡᠷᠡᠯ ᠢ ᠬᠦᠢᠴᠡᠳᠭᠡᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠶᠠᠩ ᠪᠠᠯᠭᠠᠰᠤ ᠪᠠᠷ ᠶᠠᠪᠤᠭᠳᠠᠭᠤᠯᠬᠤ ᠶᠢ ᠵᠦᠪᠰᠢᠶᠡᠷᠡᠬᠦᠯᠦᠭᠰᠡᠨ ᠦᠭᠡᠢ ᠲᠦᠷᠦᠯ ᠵᠦᠢᠯ ᠢ ᠴᠦᠮ ︽ᠬᠡᠨ ᠦᠷᠢ ᠳᠠᠯᠪᠢᠪᠠᠯ᠂ ᠬᠡᠨ ᠨᠢ ᠲᠦᠯᠦᠵᠦ ᠪᠤᠴᠠᠭᠠᠬᠤ︾ ᠵᠠᠷᠴᠢᠮ ᠶᠤᠰᠤᠭᠠᠷ ᠰᠢᠢᠳᠪᠦᠷᠢᠯᠡᠵᠦ᠂ ᠲᠦᠷᠢᠮ ᠢ ᠵᠦᠷᠢᠴᠡᠨ ᠳᠤᠷ᠎ᠠ ᠪᠠᠷ ᠢᠶᠠᠨ ᠦᠷᠢ ᠳᠠᠯᠪᠢᠬᠤ ᠦᠢᠯᠡ ᠠᠵᠢᠯᠯᠠᠭ᠎ᠠ ᠶᠢ ᠳᠠᠰᠤ ᠬᠤᠷᠢᠭᠯᠠᠨ᠎ᠠ᠃ ᠭᠤᠷᠪᠠ ᠳᠤ ᠬᠦᠭᠵᠢᠯᠳᠡ ᠶᠢ ᠲᠦᠷᠭᠡᠳᠬᠡᠬᠦ ᠪᠠ ᠵᠤᠬᠢᠰᠳᠠᠢ ᠪᠠᠷ ᠦᠷᠢᠳᠦᠬᠦ᠂ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠬᠦ ᠬᠡᠷᠡᠭᠳᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠪᠠ ᠲᠦᠷᠢᠮᠵᠢᠬᠦᠯᠬᠦ ᠶᠢ ᠴᠢᠩᠭᠠᠳᠬᠠᠬᠤ ᠶᠢᠨ ᠳᠠᠭᠠᠤ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠪᠦᠷ ︽ᠭᠠᠳᠠᠭᠰᠢ ᠬᠠᠷᠠᠬᠤ︾ ︽ᠬᠦᠯ ᠬᠦᠩᠭᠡᠨ ᠭᠠᠷ ᠳᠦᠷᠭᠡᠨ︾ ᠪᠠᠶᠢᠵᠤ᠂ ᠳᠡᠭᠡᠳᠦ ᠱᠠᠲᠤᠨ ᠤ ᠲᠤᠰᠬᠠᠢ ᠪᠡᠯᠡ ᠮᠦᠩᠬᠦ᠂ ᠲᠤᠰᠬᠠᠢ ᠠᠯᠪᠠᠨ ᠵᠢᠭᠡᠯᠡᠯᠭᠡ ᠶᠢᠨ ᠳᠡᠮᠳᠡᠭᠳᠦ ᠪᠠ ᠲᠦᠷᠦ ᠶᠢᠨ ᠪᠤᠳᠤᠯᠭ᠎ᠠ  ᠶᠢᠨ ᠴᠢᠨᠠᠷᠳᠠᠢ ᠵᠢᠭᠡᠯᠡᠯᠭᠡ ᠶᠢᠨ ᠳᠡᠮᠵᠢᠯᠭᠡ ᠶᠢ ᠢᠳᠡᠪᠬᠢᠳᠡᠢ ᠪᠠᠷ ᠴᠢᠷᠮᠠᠶᠢᠨ ᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠪᠦᠷᠭᠡ ᠬᠡᠷ ᠤᠨ ᠲᠤᠭᠤᠷᠢᠭ ᠢ ᠰᠢᠨᠡᠳᠭᠡᠨ ᠦᠭᠡᠷᠡᠴᠢᠯᠡᠬᠦ ᠪᠠ ᠠᠵᠤ ᠠᠬᠤᠢ ᠨᠡᠶᠢᠭᠡᠮ ᠠᠷᠠᠳ ᠤᠨ ᠠᠮᠢᠳᠤᠷᠠᠯ ᠳᠤ ᠬᠤᠯᠪᠤᠭᠳᠠᠬᠤ ᠲᠤᠮᠤ ᠴᠢᠬᠤᠯᠠ ᠲᠦᠷᠦᠯ ᠵᠦᠢᠯ ᠤᠨ ᠪᠡᠯᠡ ᠮᠦᠩᠬᠦᠨ  ᠤ ᠬᠡᠷᠡᠭᠴᠡᠭᠡ ᠶᠢ ᠪᠠᠳᠤᠯᠠᠬᠤ ᠬᠡᠷᠡᠭᠳᠡᠢ᠃ ᠵᠠᠰᠠᠭ ᠤᠨ ᠤᠷᠳᠤᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ  ᠶᠢ ᠬᠠᠤᠯᠢ ᠲᠤᠭᠳᠠᠭᠠᠯ ᠶᠤᠰᠤᠭᠠᠷ ᠲᠦᠯᠬᠢᠨ ᠠᠬᠢᠭᠤᠯᠵᠤ᠂ ppp ᠲᠦᠷᠦᠯ ᠵᠦᠢᠯ ᠢ ᠶᠠᠪᠤᠭᠳᠠᠭᠤᠯᠵᠤ᠂ ᠦᠷᠢ ᠦᠭᠴᠡᠭᠡ ᠶᠢᠨ ᠨᠡᠮᠡᠭᠳᠡᠯ ᠢ ᠬᠠᠤᠯᠢ ᠳᠤᠭᠳᠠᠭᠠᠯ ᠳᠤ ᠨᠡᠶᠢᠴᠡᠬᠦᠯᠬᠦ ᠶᠢ ᠦᠨᠡᠨᠬᠦ ᠪᠠᠲᠤᠯᠠᠬᠤ ᠬᠡᠷᠡᠭᠳᠡᠢ᠃ ᠡᠬᠦᠨ ᠤ ᠳᠠᠭᠠᠤ ᠲᠦᠷᠦᠯ ᠵᠦᠢᠯ ᠤᠨ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠬᠢᠨᠠᠨ ᠲᠤᠭᠳᠠᠭᠠᠯᠳᠠ ᠪᠠ ᠪᠦᠬᠦ ᠶᠠᠪᠤᠴᠠ ᠪᠠᠷ ᠮᠦᠷᠳᠡᠬᠦ ᠬᠢᠨᠠᠨ ᠪᠤᠳᠤᠯᠳᠠ ᠵᠡᠷᠭᠡ ᠲᠦᠷᠢᠮ ᠢ ᠴᠢᠩᠭ᠎ᠠ ᠬᠡᠷᠡᠭᠵᠢᠬᠦᠯᠵᠦ᠂ ᠲᠦᠷᠦᠯ ᠵᠦᠢᠯ ᠤᠨ ᠪᠡᠯᠡ ᠮᠦᠩᠬᠦ ᠶᠢ ᠤᠨᠢᠨ ᠳᠡᠭᠡᠷ᠎ᠡ ᠨᠢ ᠵᠠᠷᠤᠬᠤ ᠶᠢ ᠦᠨᠡᠨᠬᠦ ᠪᠠᠲᠤᠯᠠᠬᠤ ᠬᠡᠷᠡᠭᠳᠡᠢ᠃ ᠲᠦᠷᠪᠡ ᠳᠤ ᠮᠦᠩᠬᠦᠨ ᠬᠦᠢᠯᠭᠡᠭᠡᠨ  ᠤ ᠬᠡᠨᠡᠨ ᠲᠦᠭᠰᠢᠬᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠤᠷ ᠬᠢᠬᠦ ᠬᠡᠷᠡᠭᠳᠡᠢ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠲᠤᠭᠳᠠᠭᠠᠯ ᠢ ᠵᠦᠷᠢᠴᠡᠭᠰᠡᠨ ᠮᠦᠩᠬᠦᠨ ᠬᠦᠢᠯᠭᠡᠭᠡᠨ ᠤ ᠠᠵᠢᠯᠯᠠᠭ᠎ᠠ  ᠳᠤ ᠴᠢᠩᠭ᠎ᠠ ᠴᠤᠬᠢᠯᠳᠠ ᠦᠭᠴᠦ᠂ ᠠᠵᠤ ᠠᠬᠤᠶᠢᠯᠠᠯ ᠤᠨ ᠡᠵᠡᠩᠨᠡᠯᠳᠡ ᠶᠢᠨ ᠦᠷᠢᠳᠦᠬᠦ ᠦᠢᠯᠡ ᠠᠵᠢᠯᠯᠠᠭ᠎ᠠ ᠶᠢ ᠳᠦᠷᠢᠮᠵᠢᠬᠦᠯᠵᠦ᠂ ᠵᠠᠬ᠎ᠠ ᠳᠡᠯᠭᠡᠬᠦᠷᠵᠢᠭᠰᠡᠨ ᠬᠠᠤᠯᠢ ᠲᠦᠷᠢᠮᠵᠢᠭᠰᠡᠨ ᠦᠷᠢ ᠦᠭᠴᠡᠭᠡ ᠶᠢ ᠬᠤᠪᠢ ᠤᠷᠤᠭᠤᠯᠤᠯᠳᠠ ᠪᠤᠯᠭᠠᠬᠤ ᠶᠢ ᠲᠦᠯᠬᠢᠨ ᠠᠬᠢᠭᠤᠯᠵᠤ᠂ ᠠᠬᠤ ᠠᠬᠤᠶᠢᠯᠠᠯ ᠤᠨ ᠬᠦᠰᠢᠬᠦᠷᠭᠡ ᠶᠢᠨ ᠨᠤᠷᠮ᠎ᠠ ᠶᠢ ᠳᠤᠷᠤᠭᠰᠢᠯᠠᠭᠤᠯᠵᠤ᠂ ᠰᠢᠰᠲ᠋ᠧᠮ ᠤᠨ ᠴᠢᠨᠠᠷᠳᠠᠢ ᠮᠦᠩᠬᠦᠨ ᠬᠦᠢᠯᠭᠡᠭᠡᠨ ᠤ ᠬᠡᠨᠡᠨ ᠲᠦᠭᠰᠢᠬᠦᠷᠢ ᠭᠠᠷᠬᠤ ᠦᠭᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ᠃      ︵ᠬᠤᠶᠠᠷ︶ ︽ᠭᠤᠷᠪᠠᠨ ᠨᠡᠷᠡᠳᠦ ᠳᠡᠮᠳᠡᠭ︾ ᠢ ᠴᠤᠤᠷᠢᠶᠠᠳᠤᠭᠤᠯᠬᠤ ᠪᠠᠷ ᠭᠤᠤᠯᠳᠠᠯᠭ᠎ᠠ ᠪᠤᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠨᠢ ᠪᠦᠬᠦ ᠳᠠᠯ᠎ᠠ ᠪᠠᠷ ᠲᠦᠷᠭᠡᠳᠭᠡᠨ᠎ᠡ᠃      ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠡᠷᠭᠡᠪᠰᠢ ᠭᠤᠶᠢᠪᠢᠰᠢ ᠦᠭᠡᠢ ᠲᠤᠤᠱᠯᠠᠭᠤᠯᠵᠤ᠂ ᠦᠨᠳᠦᠷ ᠶᠠᠰᠤ ᠴᠢᠨᠠᠷ ᠤᠨ ᠬᠦᠭᠵᠢᠯᠳᠡ ᠶᠢᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠢᠨᠧᠷᠼᠢ ᠶᠢᠨ ᠰᠡᠳᠬᠢᠬᠦᠢ ᠪᠠ ᠵᠠᠮ ᠳᠤ ᠨᠠᠶᠢᠳᠠᠬᠤ ᠶᠢ ᠳᠠᠰᠤ ᠳᠡᠪᠴᠢᠵᠦ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ  ᠤᠨ ᠬᠤᠪᠢᠰᠤᠯᠳᠠ᠂ ᠦᠷ᠎ᠡ ᠠᠰᠢᠭ ᠤᠨ ᠬᠤᠪᠢᠰᠤᠯᠳᠠ ᠪᠠ ᠬᠦᠳᠡᠯᠭᠡᠬᠦ ᠬᠦᠴᠦᠨ ᠤ ᠬᠤᠪᠢᠰᠤᠯᠳᠠ ᠶᠢ ᠲᠦᠯᠬᠢᠨ ᠠᠬᠢᠭᠤᠯᠬᠤ ᠬᠡᠷᠡᠭᠳᠡᠢ᠃      ︽ᠪᠤᠬᠢᠷᠳᠤᠯ ᠦᠭᠡᠢ ᠳᠡᠮᠳᠡᠭ︾ ᠢ ᠰᠠᠶᠢᠳᠤᠷ ᠪᠤᠢ ᠪᠤᠯᠭᠠᠬᠤ ᠶᠢ ᠪᠠᠷᠢᠮᠳᠠᠯᠠᠵᠤ᠂ ︽ᠵᠢᠷᠭᠤᠭᠠᠨ ᠨᠢᠭᠡ︾  ᠶᠢᠨ ᠪᠤᠬᠢᠷᠳᠤᠯ ᠦᠭᠡᠢ ᠲᠠᠷᠢᠶᠠᠯᠠᠩ ᠨᠡᠷᠡᠳᠦ ᠠᠵᠤ ᠦᠢᠯᠡᠰ ᠪᠠ ᠨᠡᠷᠡᠳᠦ ᠳᠡᠮᠳᠡᠭ ᠢᠶᠠᠷ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠵᠤ᠂ ︽ᠪᠤᠬᠢᠷᠳᠤᠯ ᠦᠭᠡᠢ ᠳᠠᠪᠠᠭᠤᠯᠢᠭ︾ ᠢᠶᠠᠨ ︽ᠵᠠᠬ᠎ᠠ ᠳᠡᠯᠭᠡᠭᠦᠷ ᠤᠨ ᠳᠠᠪᠠᠭᠤᠯᠢᠭ︾ ᠪᠤᠯᠭᠠᠨ ᠤᠯᠠᠷᠢᠭᠤᠯᠬᠤ ᠶᠢ ᠲᠦᠯᠬᠢᠨ ᠠᠬᠢᠭᠤᠯᠤᠨ᠎ᠠ᠃ ︽ᠨᠢᠭᠡ ᠰᠢᠷᠭᠡᠭ ᠲᠦᠮᠦᠰᠦ︾ ᠲᠦᠮᠦᠰᠦ ᠪᠠᠷ ᠭᠤᠤᠯ ᠠᠮᠤ ᠪᠤᠳᠠᠭᠠᠵᠢᠭᠤᠯᠬᠤ ᠠᠵᠠ ᠲᠤᠬᠢᠶᠠᠯ ᠢ ᠵᠠᠪᠳᠤᠵᠤ᠂ ᠪᠠᠭ᠎ᠠ ᠪᠤᠯᠬᠤ ᠲᠦᠮᠦᠰᠦ ᠶᠢ ᠲᠤᠮᠤ ᠠᠵᠤ ᠦᠢᠯᠡᠰ ᠪᠤᠯᠭᠠᠨ ᠬᠢᠵᠦ᠂ ︽ᠳᠤᠮᠳᠠᠳᠤ ᠤᠯᠤᠰ ᠤᠨ ᠲᠦᠮᠦᠰᠦᠨ ᠤ ᠲᠦᠪ︾ ᠭᠤᠤᠯ ᠳᠠᠷᠢᠮᠠᠯ ᠤᠨ ᠤᠷᠤᠨ ᠢ ᠪᠠᠶᠢᠭᠤᠯᠤᠨ᠎ᠠ᠃ ᠲᠦᠮᠦᠰᠦᠨ ᠤ ᠳᠠᠷᠢᠮᠠᠯ ᠤᠨ ᠳᠠᠯᠠᠪᠠᠢ ᠶᠢ 48 ᠲᠦᠮᠡᠨ ᠮᠦ ᠳᠤ ᠬᠦᠷᠭᠡᠵᠦ᠂ ᠡᠬᠦᠨ ᠳᠤ ᠲᠤᠰᠬᠠᠢ ᠬᠡᠷᠡᠭᠯᠡᠭᠡᠨ ᠤ ᠲᠦᠮᠦᠰᠦ ᠶᠢ 25.5 ᠲᠦᠮᠡᠨ ᠮᠦ ᠪᠤᠯᠳᠠᠯ᠎ᠠ ᠬᠦᠭᠵᠢᠬᠦᠯᠦᠨ᠎ᠡ︔ ᠯᠠᠨᠸᠢᠰᠳᠦ᠋ᠨ ᠺᠤᠮᠫᠠᠨᠢ ᠶᠢᠨ ᠦᠢᠯᠡᠳᠪᠦᠷᠢᠯᠡᠯ ᠤᠨ ᠴᠢᠳᠠᠪᠤᠷᠢ ᠪᠠᠨ ᠴᠢᠨᠠᠭᠰᠢᠳᠠ ᠦᠷᠭᠡᠳᠭᠡᠬᠦ ᠶᠢ ᠨᠢ ᠳᠡᠮᠵᠢᠵᠦ᠂ ᠮᠠᠢ ᠳ᠋ᠠᠩ ᠯᠤᠤ᠂ ᠺᠧᠨ ᠳ᠋ᠧ ᠵᠢᠢ ᠪᠠ ᠪᠢ ᠱᠧᠩ ᠺᠧ ᠯᠤᠭ᠎ᠠ ᠶᠢᠨ ᠲᠤᠬᠢᠷᠠᠭᠤᠯᠤᠨ ᠬᠦᠷᠭᠡᠬᠦ ᠬᠠᠮᠳᠤᠷᠠᠯᠴᠠᠭ᠎ᠠ ᠪᠠᠨ ᠴᠢᠩᠭᠠᠳᠬᠠᠵᠤ᠂ ᠡᠬᠦᠨ ᠤ ᠳᠠᠭᠠᠤ ᠬᠦᠮᠦᠷᠭᠡ ᠳᠤ ᠬᠠᠳᠠᠭᠠᠯᠠᠨ ᠨᠦᠭᠡᠴᠡ ᠶᠢ ᠦᠷᠭᠡᠳᠭᠡᠬᠦ ᠪᠠᠷᠢᠯᠭ᠎ᠠ ᠶᠢ ᠶᠠᠪᠤᠭᠳᠠᠭᠤᠯᠤᠨ᠎ᠠ︔ ᠰᠢ ᠱᠧᠨ ᠺᠤᠮᠫᠠᠨᠢ ᠶᠢᠨ ᠦᠢᠯᠡᠳᠬᠦᠨ ᠪᠤᠯᠭᠠᠬᠤ ᠳᠡᠰᠢ ᠰᠤᠩᠭᠠᠬᠤ ᠶᠢ ᠨᠢ ᠬᠦᠳᠦᠯᠵᠦ᠂ ᠵᠤᠬᠢᠶᠠᠨ ᠪᠠᠶᠢᠭᠤᠯᠦᠨ ᠪᠤᠶᠢᠵᠢᠭᠤᠯᠬᠤ ᠳᠠᠰᠤᠭ ᠤᠨ ᠪᠠᠶᠢᠭᠤᠯᠤᠯᠳᠠ ᠶᠢ ᠲᠦᠷᠭᠡᠳᠭᠡᠵᠦ᠂ ᠲᠦᠮᠦᠰᠦᠨ ᠤ ᠦᠷ᠎ᠡ ᠶᠢᠨ ᠢᠨᠵᠧᠨᠧᠷᠢᠩ ᠢ ᠬᠦᠭᠵᠢᠬᠦᠯᠦᠨ᠎ᠡ︔ ᠢ ᠶᠤᠸᠠᠨ ᠼᠣᠣ ᠶᠢᠨ ᠦᠢᠯᠡᠰ᠂ ᠳ᠋ᠧ ᠢ ᠪᠤᠯᠤᠷ ᠴᠠᠷᠳᠠᠭᠤᠯ ᠵᠡᠷᠭᠡ ᠲᠦᠮᠦᠰᠦ ᠡᠳ᠋ᠰᠢᠬᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠦᠷᠭᠡᠳᠭᠡᠵᠦ ᠳᠡᠰ ᠳᠡᠪᠰᠢᠬᠦᠯᠬᠦ ᠶᠢ ᠨᠢ ᠳᠡᠮᠵᠢᠵᠦ᠂ ᠲᠦᠮᠦᠰᠦᠨ ᠤ ᠠᠵᠤ ᠦᠢᠯᠡᠰ ᠤᠨ ᠪᠦᠬᠦ ᠬᠡᠯᠬᠢᠶᠡᠵᠢᠯ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ︽ᠨᠢᠭᠡ ᠤᠭᠤᠳᠠ ᠰᠢᠬᠢᠷ︾ ᠪᠠᠢ ᠾᠦᠢ ᠱᠧᠩ ᠺᠤᠮᠫᠠᠨᠢ ᠳᠤ ᠲᠦᠰᠢᠭᠯᠡᠵᠦ᠂ ᠵᠠᠬᠢᠶᠠᠯᠠᠭ᠎ᠠ ᠶᠢᠨ ᠳᠠᠷᠢᠶᠠᠯᠠᠩ ᠢ ᠶᠡᠬᠡᠪᠡᠷ ᠬᠦᠭᠵᠢᠬᠦᠯᠵᠦ᠂ ᠰᠢᠬᠢᠷ ᠯᠤᠤᠪᠠᠩ ᠤᠨ ᠳᠠᠷᠢᠮᠠᠯ ᠤᠨ ᠳᠠᠯᠠᠪᠠᠢ ᠶᠢ 15 ᠲᠦᠮᠡᠨ ᠮᠦ ᠳᠤ ᠳᠤᠭᠳᠠᠪᠤᠷᠢᠵᠢᠭᠤᠯᠵᠤ᠂ ᠲᠤᠬᠠᠢ ᠶᠢᠨ ᠭᠠᠵᠠᠷ ᠲᠤ  ᠨᠢ ᠤᠯᠠᠷᠢᠭᠤᠯᠬᠤ ᠴᠢᠳᠠᠪᠤᠷᠢ ᠶᠢ 65 ᠲᠦᠮᠡᠨ ᠲᠤᠨ ᠳᠤ ᠬᠦᠷᠭᠡᠨ᠎ᠡ᠃ ︽ᠨᠢᠭᠡ ᠰᠠᠭᠰᠤ ᠨᠤᠭᠤᠭ᠎ᠠ︾ ᠲᠦᠬᠦᠭᠡᠷᠦᠮᠵᠢᠳᠦ ᠲᠠᠷᠢᠶᠠᠯᠠᠩ ᠢ ᠶᠡᠬᠡᠪᠡᠷ ᠬᠦᠭᠵᠢᠬᠦᠯᠵᠦ᠂ ᠬᠦᠢᠳᠡᠨ ᠰᠡᠷᠢᠬᠦᠨ ᠢᠳᠡᠰᠢᠨ ᠨᠤᠭᠤᠭᠠᠨ ᠤ ᠲᠠᠷᠢᠮᠠᠯ  ᠤᠨ ᠳᠠᠯᠠᠪᠠᠢ ᠶᠢ 13 ᠲᠦᠮᠡᠨ ᠲᠤᠨ ᠳᠤ ᠳᠤᠭᠳᠠᠪᠤᠷᠢᠵᠢᠭᠤᠯᠵᠤ᠂ ᠡᠬᠦᠨ ᠳᠤ ᠲᠦᠬᠦᠭᠡᠷᠦᠮᠵᠢᠳᠦ ᠢᠳᠡᠰᠢᠨ ᠨᠤᠭᠤᠭ᠎ᠠ 2.2 ᠲᠦᠮᠡᠨ ᠮᠦ᠃ ᠵᠢᠶᠠᠨ ᠺᠦᠨ ᠴᠡᠪᠡᠷ ᠨᠤᠭᠤᠭ᠎ᠠ ᠡᠳ᠋ᠰᠢᠬᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ ᠴᠠᠭ ᠲᠤ ᠪᠠᠨ ᠲᠤᠬᠢᠷᠠᠭᠤᠯᠵᠤ ᠱᠧᠩ ᠠᠨ ᠺᠤᠮᠫᠠᠨᠢ ᠤᠷᠤᠨᠵᠢᠯ ᠤᠨ ᠲᠤᠯᠠᠭᠠᠨ ᠭᠡᠷ ᠤᠨ ᠲᠦᠷᠦᠯ ᠵᠦᠢᠯ ᠤᠨ ᠴᠢᠨᠠᠷ ᠢ ᠳᠡᠭᠡᠭᠰᠢᠯᠡᠬᠦᠯᠦᠨ ᠴᠢᠳᠠᠪᠤᠷᠢ ᠶᠢ ᠦᠷᠭᠡᠳᠭᠡᠬᠦ ᠶᠢ ᠲᠦᠯᠬᠢᠨ ᠠᠬᠢᠭᠤᠯᠤᠨ᠎ᠠ᠃ ︽ᠨᠢᠭᠡ ᠯᠤᠩᠬᠤ ᠠᠷᠢᠬᠢ︾ ᠤᠤ ᠴᠦᠨ ᠠᠷᠢᠬᠢᠨ ᠤ ᠦᠢᠯᠡᠰ ᠤᠨ ᠬᠤᠲᠠ ᠠᠴᠠ ᠤᠬᠤᠷᠢᠵᠤ ᠬᠦᠷᠢᠶᠡᠯᠠᠩ ᠳᠤ ᠤᠷᠤᠬᠤ ᠲᠦᠷᠦᠯ ᠵᠦᠢᠯ ᠡᠷᠳᠡ ᠨᠢᠭᠡᠨ ᠡᠳᠦᠷ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠶᠢ ᠰᠢᠮᠳᠠᠭᠤᠯᠵᠤ᠂ ᠡᠬᠦᠨ ᠤ ᠵᠡᠷᠭᠡᠪᠡᠷ ᠭᠤᠴᠢᠨ ᠦᠢᠯᠡᠳᠪᠦᠷᠢ ᠶᠢ 4A ᠳᠡᠰ ᠤᠨ ᠠᠷᠢᠬᠢᠨ ᠮᠤᠬᠤᠯᠠᠭ ᠤᠨ ᠵᠤᠭᠠᠴᠠᠯ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠤᠨ᠎ᠠ᠃ ︽ᠨᠢᠭᠡ ᠲᠤᠯᠤᠭᠠᠢ ᠦᠭᠡᠷ︾ ᠵᠦᠩ ᠳ᠋ᠢ ᠠᠮᠢ ᠠᠬᠤᠢ ᠶᠢᠨ ᠮᠠᠯ ᠠᠵᠤ ᠠᠬᠤᠢ ᠶᠢᠨ 2 ᠲᠦᠮᠡᠨ ᠰᠠᠶᠢᠨ ᠡᠬᠦᠯᠳᠡᠷ ᠤᠨ ᠰᠠᠭᠠᠯᠢ ᠶᠢᠨ ᠦᠨᠢᠶᠡᠨ ᠤ ᠰᠠᠭᠤᠷᠢᠨ ᠢ ᠠᠯᠢ ᠪᠤᠯᠬᠤ ᠪᠠᠷ ᠡᠷᠳᠡ ᠪᠠᠷᠢᠯᠭ᠎ᠠ ᠶᠢᠨ ᠠᠵᠢᠯ ᠢ ᠨᠢ ᠡᠬᠢᠯᠡᠬᠦᠯᠦᠨ ᠪᠦᠲᠦᠭᠡᠨ ᠪᠠᠶᠢᠭᠤᠯᠵᠤ᠂ ᠪᠦᠬᠦ ᠤᠷᠤᠨ ᠤ ᠰᠢᠶᠠᠨ ᠤ ᠪᠦᠰᠡ ᠶᠢᠨ ᠰᠠᠶᠢᠨ ᠡᠬᠦᠯᠳᠡᠷ ᠤᠨ ᠰᠠᠭᠠᠯᠢ ᠶᠢᠨ ᠦᠨᠢᠶᠡᠨ ᠤ ᠴᠢᠬᠤᠯᠠ ᠰᠠᠭᠤᠷᠢᠨ ᠪᠠ ᠰᠢᠯᠢᠳᠡᠭ ᠶᠠᠰᠤ ᠴᠢᠨᠠᠷ ᠤᠨ ᠰᠦᠨ ᠤ ᠢᠷᠡᠯᠳᠡ ᠶᠢᠨ ᠬᠠᠩᠭᠠᠯᠭ᠎ᠠ ᠶᠢᠨ ᠰᠠᠭᠤᠷᠢᠨ ᠪᠤᠯᠭᠠᠵᠤ ᠪᠦᠲᠦᠭᠡᠨ ᠪᠠᠶᠢᠭᠤᠯᠤᠨ᠎ᠠ᠃ ︽ᠨᠢᠭᠡ ᠲᠤᠯᠤᠭᠠᠢ ᠭᠠᠭ᠋ᠠᠢ︾ ᠴᠦ᠋ ᠶᠢᠩ ᠪᠦᠯᠦᠭᠯᠡᠯ ᠤᠨ ᠵᠠᠭᠤᠨ ᠲᠦᠮᠡᠨ ᠠᠮᠢᠳᠤ ᠭᠠᠭ᠋ᠠᠢ ᠶᠢᠨ ᠠᠵᠤ ᠦᠢᠯᠡᠰᠵᠢᠬᠦᠯᠦᠭᠰᠡᠨ ᠳᠡᠵᠢᠭᠡᠨ ᠦᠷᠡᠵᠢᠬᠦᠯᠬᠦ ᠰᠠᠭᠤᠷᠢᠨ ᠪᠠ ᠳᠡᠵᠢᠭᠡᠯ ᠪᠤᠷᠳᠤᠭᠠᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠬᠤ ᠶᠢ ᠲᠦᠷᠭᠡᠳᠭᠡᠵᠦ᠂ 16 ᠳᠡᠵᠢᠭᠡᠨ ᠦᠷᠡᠵᠢᠬᠦᠯᠬᠦ ᠲᠤᠭᠤᠷᠢᠭ  ᠤᠨ ᠰᠡᠬᠦᠯ ᠬᠤᠷᠢᠶᠠᠬᠤ ᠪᠠᠷᠢᠯᠭ᠎ᠠ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ ᠵᠢᠯ ᠤᠨ ᠳᠤᠳᠤᠷ᠎ᠠ ᠪᠠᠶᠢᠭᠤᠯᠤᠨ ᠡᠵᠡᠩᠨᠡᠨ ᠠᠵᠢᠯᠯᠠᠭᠤᠯᠬᠤ ᠶᠢ ᠦᠨᠡᠨᠬᠦ ᠪᠠᠳᠤᠯᠠᠨ᠎ᠠ︔ ᠵᠧᠩ ᠳ᠋ᠠ ᠪᠦᠯᠦᠭᠯᠡᠯ ᠤᠨ ᠵᠠᠭᠤᠨ ᠲᠦᠮᠡᠨ ᠠᠮᠢᠳᠤ ᠭᠠᠭ᠋ᠠᠢ  ᠶᠢᠨ ᠠᠵᠤ ᠦᠢᠯᠡᠰ ᠤᠨ ᠪᠦᠬᠦ ᠬᠡᠯᠬᠢᠶᠡᠵᠢᠯ ᠤᠨ ᠲᠦᠷᠦᠯ ᠵᠦᠢᠯ ᠢ ᠡᠷᠳᠡ ᠨᠢᠭᠡᠨ ᠡᠳᠦᠷ ᠪᠤᠰᠬᠠᠬᠤ ᠪᠠᠷ ᠬᠦᠴᠦᠯᠡᠵᠦ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠠᠵᠤ ᠦᠢᠯᠡᠰ ᠤᠨ ᠴᠢᠭᠯᠡᠯ ᠳᠤ ᠲᠤᠬᠢᠷᠠᠭᠰᠠᠨ ᠪᠦᠬᠦ ᠬᠤᠲᠠ ᠶᠢᠨ ᠵᠠᠭᠤᠨ ᠲᠦᠮᠡᠨ ᠠᠮᠢᠳᠤ ᠭᠠᠭ᠋ᠠᠢ ᠲᠠᠢ ᠰᠢᠶᠠᠨ ᠢ ᠢᠳᠡᠪᠬᠢᠳᠡᠢ ᠪᠠᠶᠢᠭᠤᠯᠤᠨ᠎ᠠ︔ ︽ᠵᠢᠷᠭᠤᠭᠠᠨ ᠨᠢᠭᠡ︾ ᠶᠢᠨ ᠠᠵᠤ ᠦᠢᠯᠡᠰ ᠤᠨ ᠠᠭᠤᠯᠠᠭᠳᠠᠬᠤᠨ ᠪᠠ ᠬᠡᠯᠬᠢᠶᠡᠵᠢᠯ ᠢ ᠰᠤᠩᠭᠠᠨ ᠪᠠᠶᠠᠯᠢᠭᠵᠢᠭᠤᠯᠤᠨ᠎ᠠ᠃ ᠵᠢᠶᠠ ᠯᠢ ᠺᠤᠮᠫᠠᠨᠢ ᠶᠢᠨ ᠲᠤᠰᠤᠯᠠᠭᠤᠯᠤᠨ ᠤᠰᠤᠯᠠᠬᠤ ᠲᠦᠬᠦᠭᠡᠷᠦᠮᠵᠢᠳᠦ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠡᠳᠬᠡᠬᠦ  ᠶᠢ ᠨᠢ ᠳᠡᠮᠵᠢᠵᠦ᠂ ᠲᠤᠰᠤᠯᠠᠭᠤᠯᠤᠨ ᠤᠰᠤᠯᠠᠬᠤ ᠠᠵᠤ ᠦᠢᠯᠡᠰ ᠤᠨ ᠬᠦᠷᠢᠶᠡᠯᠠᠩ ᠢ ᠪᠦᠲᠦᠭᠡᠨ ᠪᠠᠶᠢᠭᠤᠯᠤᠨ᠎ᠠ︔ ᠯᠢ ᠱᠧᠩ ᠶᠤᠸᠠᠨ ᠶᠠᠮᠠ ᠶᠢᠨ ᠦᠷ᠎ᠡ ᠶᠢᠨ ᠲᠤᠰᠤ᠂ ᠯᠢ ᠺᠠᠩ ᠼᠣᠣ ᠶᠢᠨ ᠦᠢᠯᠡᠰ᠂ ᠰᠢᠨ ᠸᠠᠩ ᠲᠦᠩ ᠨᠠᠷᠠᠨ ᠬᠤᠸᠠᠷ ᠤᠨ ᠦᠷ᠎ᠡ ᠵᠡᠷᠭᠡ ᠳᠠᠷᠢᠶᠠᠯᠠᠩ ᠮᠠᠯ ᠠᠵᠤ ᠠᠬᠤᠢ ᠶᠢᠨ ᠨᠢᠭᠡ ᠪᠦᠯᠦᠭ ᠲᠤᠯᠤᠭᠠᠶᠢᠯᠠᠭᠴᠢ ᠠᠵᠤ ᠠᠬᠤᠶᠢᠯᠠᠯ  ᠢ ᠲᠦᠷᠭᠡᠳᠭᠡᠨ ᠬᠦᠭᠵᠢᠬᠦᠯᠦᠨ ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢ ᠮᠠᠨᠳᠤᠭᠤᠯᠬᠤ ᠪᠠ ᠨᠡᠷᠡᠳᠦ ᠳᠡᠮᠳᠡᠭ ᠢᠶᠠᠷ ᠬᠦᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠪᠦᠬᠦ ᠤᠯᠤᠰ ᠬᠦᠯ ᠳᠤᠭᠳᠠᠵᠤ ᠴᠢᠳᠠᠬᠤ᠂ ᠠᠯᠳᠠᠷ ᠮᠠᠨᠳᠤᠵᠤ ᠴᠢᠳᠠᠬᠤ᠂ ᠬᠤᠳᠠᠯᠳᠤᠵᠤ ᠳᠡᠶᠢᠯᠬᠦ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠨᠢᠭᠡ ᠪᠦᠯᠦᠭ ᠨᠡᠷᠡᠲᠦ ᠳᠡᠮᠳᠡᠭ ᠢ ᠪᠤᠶᠢᠵᠢᠭᠤᠯᠤᠨ᠎ᠠ᠃ ᠤᠯᠤᠰ ᠤᠨ ᠳᠠᠷᠢᠶᠠᠯᠠᠩ ᠤᠨ ᠭᠠᠷᠤᠯᠳᠠ ᠶᠢᠨ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠠᠮᠵᠢᠯᠳᠠ ᠲᠠᠢ ᠡᠬᠦᠳᠦᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠮᠠᠨ ᠤ ᠰᠢᠶᠠᠨ ᠢᠶᠠᠨ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠭᠠᠳᠠᠭᠠᠳᠤ ᠭᠠᠷᠭᠠᠯᠳᠠ ᠶᠢᠨ ᠶᠠᠰᠤ ᠴᠢᠨᠠᠷ ᠤᠨ ᠵᠢᠱᠢᠶ᠎ᠡ ᠦᠵᠡᠬᠦᠯᠬᠦ ᠰᠢᠶᠠᠨ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃      ︽ᠡᠬᠢ ᠪᠠᠶᠠᠯᠢᠭ ᠤᠨ ᠳᠡᠮᠳᠡᠭ︾ ᠢ ᠰᠠᠶᠢᠳᠤᠷ ᠪᠤᠰᠬᠠᠬᠤ ᠶᠢ ᠪᠠᠷᠢᠮᠳᠠᠯᠠᠵᠤ᠂ ᠰᠢᠨ᠎ᠡ ᠮᠠᠲ᠋ᠧᠷᠢᠶᠠᠯ ᠰᠢᠨ᠎ᠡ ᠡᠨᠧᠷᠭᠡ ᠶᠢᠨ ᠠᠵᠤ ᠦᠢᠯᠡᠰ ᠢ ᠪᠤᠶᠢᠵᠢᠭᠤᠯᠤᠨ ᠬᠦᠭᠵᠢᠬᠦᠯᠵᠦ᠂ ︽ᠡᠬᠢ ᠪᠠᠶᠠᠯᠢᠭ ᠤᠨ ᠳᠠᠪᠠᠭᠤᠯᠢᠭ︾ ᠢ ︽ᠠᠵᠤ ᠦᠢᠯᠡᠰ ᠤᠨ ᠳᠠᠪᠠᠭᠤᠯᠢᠭ︾ ᠳᠡᠰᠢ ᠤᠯᠠᠷᠢᠭᠤᠯᠬᠤ ᠶᠢ ᠲᠦᠯᠬᠢᠨ ᠠᠬᠢᠭᠤᠯᠵᠤ᠂ ᠤᠯᠠᠨ ᠡᠰᠢᠳᠦ ᠬᠦᠭᠵᠢᠯᠳᠡ᠂ ᠤᠯᠠᠨ ᠲᠦᠢᠯᠳᠦ ᠲᠤᠯᠭᠠᠭᠤᠷᠢ ᠲᠠᠢ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠾᠧᠩ ᠯᠢ ᠺᠤᠮᠫᠠᠨᠢ ᠶᠢᠨ ᠴᠡᠷᠢᠭ ᠠᠷᠠᠳ ᠤᠨ ᠬᠤᠶᠠᠷ ᠬᠡᠷᠡᠭᠯᠡᠭᠡᠨ ᠤ ᠤᠨᠴᠠ ᠲᠦᠷᠦᠯ ᠤᠨ ᠸᠠᠭᠠᠷ ᠱᠠᠭᠠᠵᠠᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠪᠠᠨ ᠲᠦᠷᠭᠡᠳᠭᠡᠬᠦ ᠶᠢ ᠨᠢ ᠳᠡᠮᠵᠢᠵᠦ᠂ ᠤᠯᠤᠰ ᠤᠨ ︽863︾ ᠲᠦᠯᠦᠪᠯᠡᠭᠡ ᠶᠢᠨ ᠲᠦᠷᠦᠯ ᠵᠦᠯ ᠤᠨ ᠳ᠋ᠦᠩ ᠱᠧᠩ ᠴᠠᠬᠢᠭᠤᠷ ᠵᠠᠮᠠᠭᠳᠤ ᠰᠢᠷᠤᠢ ᠶᠢᠨ ᠰᠢᠨᠵᠢᠯᠡᠭᠡᠨ ᠮᠡᠷᠭᠡᠵᠢᠯ ᠤᠨ ᠰᠢᠨ᠎ᠡ ᠶᠢ ᠡᠬᠦᠳᠬᠦ ᠠᠵᠤ ᠦᠢᠯᠡᠰ ᠤᠨ ᠬᠦᠷᠢᠶᠡᠯᠠᠩ ᠤᠨ ᠬᠤᠶᠠᠳᠤᠭᠠᠷ ᠦᠶ᠎ᠡ ᠶᠢᠨ ᠪᠦᠲᠦᠭᠡᠭᠳᠡᠬᠦᠨ ᠢ ᠨᠡᠭᠡᠭᠡᠨ ᠬᠦᠭᠵᠢᠬᠦᠯᠬᠦ ᠶᠢ ᠨᠢ ᠲᠦᠯᠬᠢᠨ ᠠᠬᠢᠭᠤᠯᠵᠤ᠂ ᠲᠦᠩ ᠱᠧᠩ ᠺᠤᠮᠫᠠᠨᠢ ᠶᠢᠨ ᠵᠢᠯ ᠤᠨ ᠭᠠᠷᠤᠯᠳᠠ ᠪᠠᠷ 6 ᠲᠦᠮᠡᠨ ᠲᠤᠨ ᠤ ᠴᠠᠬᠢᠭᠤᠷᠳᠤ ᠬᠦᠴᠢᠯ ᠤᠨ ᠲᠤᠭᠤᠯᠭᠠᠨ ᠰᠢᠷᠭᠡᠭ ᠤᠨ ᠵᠡᠬᠦᠨ ᠬᠠᠳᠬᠤᠮᠠᠯ ᠤᠨ ᠳᠠᠩᠰᠠ ᠶᠢᠨ ᠲᠦᠷᠦᠯ ᠵᠦᠢᠯ᠂ ᠬᠤᠸᠠ ᠰᠢᠨ ᠺᠤᠮᠫᠠᠨᠢ ᠶᠢᠨ ᠵᠢᠯ ᠤᠨ ᠭᠠᠷᠤᠯᠳᠠ ᠪᠠᠷ 5 ᠲᠦᠮᠡᠨ ᠲᠦᠨ ᠤ ᠦᠨᠳᠦᠷ ᠴᠡᠪᠡᠷ ᠴᠠᠬᠢᠭᠤᠷ  ᠤᠨ ᠲᠦᠷᠦᠯ ᠵᠦᠢᠯ᠂ ᠬᠤᠸᠠ ᠲᠢᠩ ᠺᠤᠮᠫᠠᠨᠢ ᠶᠢᠨ ᠡᠷᠳᠡᠨᠢ ᠶᠢᠨ ᠡᠯᠡᠰᠦ ᠶᠢᠨ ᠬᠤᠶᠠᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠲᠦᠷᠦᠯ ᠵᠦᠢᠯ᠂ ᠴᠢ ᠴᠠᠩ ᠺᠤᠮᠫᠠᠨᠢ ᠶᠢᠨ ᠵᠢᠯ ᠤᠨ ᠭᠠᠷᠤᠯᠳᠠ ᠪᠠᠷ 10 ᠲᠦᠮᠡᠨ ᠲᠤᠨ ᠤ ᠴᠠᠬᠢᠭᠤᠷᠳᠤ ᠬᠦᠴᠢᠯ ᠤᠨ ᠲᠤᠭᠤᠯᠭᠠᠨ ᠸᠠᠭᠠᠷ ᠱᠠᠭᠠᠵᠠᠩ ᠤᠨ ᠰᠢᠷᠭᠡᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠺᠠᠢ ᠵᠢ᠊ ᠺᠤᠮᠫᠠᠨᠢ ᠪᠠ ᠾᠧᠩ ᠱᠧᠩ ᠺᠤᠮᠫᠨᠠᠢ ᠶᠢᠨ ᠴᠠᠬᠢᠯᠭᠠᠨ ᠴᠡᠨᠡᠭ  ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠠᠩ ᠤᠨ ᠲᠦᠷᠦᠯ ᠵᠦᠢᠯ ᠢ ᠲᠦᠷᠭᠡᠳᠭᠡᠨ ᠪᠦᠲᠦᠭᠡᠨ ᠪᠠᠶᠢᠭᠤᠯᠵᠤ᠂ ᠵᠢᠢ ᠮᠸᠢ ᠺᠤᠮᠫᠠᠨᠢ ᠶᠢᠨ ᠪᠠᠯ ᠴᠢᠯᠠᠭᠤᠵᠢᠭᠰᠠᠨ ᠦᠢᠯᠡᠳᠪᠦᠷᠢᠯᠡᠯ ᠤᠨ ᠱᠤᠭᠤᠮ ᠤᠨ ᠡᠨᠧᠷᠬᠢ ᠶᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠵᠤ᠂ ᠬᠡᠪᠴᠢᠶ᠎ᠡ ᠪᠠᠨ ᠦᠷᠭᠡᠳᠭᠡᠵᠦ᠂ ᠮᠡᠷᠭᠡᠵᠢᠯ ᠢᠶᠠᠨ ᠰᠢᠨᠡᠴᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠨᠢ ᠳᠡᠮᠵᠢᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ᠃ ᠰᠢᠨ᠎ᠡ ᠡᠨᠧᠷᠬᠢ ᠶᠢᠨ ᠠᠵᠤ ᠦᠢᠯᠡᠰ ᠢ ᠪᠤᠶᠢᠵᠢᠭᠤᠯᠤᠨ ᠬᠦᠭᠵᠢᠬᠦᠯᠦᠨ᠎ᠡ᠃ ᠤᠯᠠᠭᠠᠨᠴᠠᠪ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠭᠠᠳᠠᠭᠰᠢ ᠬᠦᠷᠭᠡᠬᠦ ᠨᠡᠪᠳᠡᠷᠡᠯᠭᠡ ᠶᠢᠨ ᠵᠠᠮ ᠪᠠ ᠮᠠᠨ ᠤ ᠰᠢᠶᠠᠨ ᠤ ᠲᠦᠯᠦᠪᠯᠡᠨ ᠪᠦᠲᠦᠭᠡᠨ ᠪᠠᠶᠢᠭᠤᠯᠬᠤ ᠪᠠᠷ 700 ᠲᠦᠮᠡᠨ ᠺᠢᠯᠤᠸᠠᠲ ᠳᠡᠰ ᠤᠨ ᠰᠠᠯᠬᠢᠨ ᠬᠦᠴᠦᠨ ᠤ ᠳᠠᠯᠠᠪᠠᠢ ᠳᠤ ᠲᠦᠰᠢᠭᠯᠡᠵᠦ᠂ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ  ᠤᠨ ᠬᠦᠭᠵᠢᠯᠳᠡ ᠶᠢ ᠲᠦᠯᠬᠢᠨ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠴᠤᠭᠴᠠᠯᠠᠪᠤᠷᠢ ᠶᠢᠨ ᠪᠠᠭᠳᠠᠭᠠᠮᠵᠢ  ᠶᠢ ᠠᠭᠠᠵᠢᠮ ᠢᠶᠠᠷ ᠨᠡᠮᠡᠭᠳᠡᠬᠦᠯᠦᠨ᠎ᠡ᠃ ︽ᠬᠡᠷᠡᠯ ᠸᠤᠯᠲ ᠶᠢᠨ ᠳᠠᠭᠠᠭᠤᠯᠤᠨ ᠬᠦᠶᠦᠭᠴᠢ ᠶᠢᠨ ᠲᠦᠯᠦᠪᠯᠡᠭᠡ︾ ᠶᠢ ᠳᠦᠯᠬᠢᠨ ᠠᠬᠢᠭᠤᠯᠵᠤ᠂ ᠱᠠᠨ ᠰᠢ ᠶᠢᠨ ᠠᠭᠤᠷᠬᠠᠢ ᠶᠢᠨ ᠬᠠᠶᠠᠭᠳᠠᠯ ᠤᠨ ᠭᠠᠵᠠᠷ 12 ᠳᠡᠭᠰᠢ ᠲᠦᠷᠪᠡᠯᠵᠢᠨ ᠺᠢᠯᠤᠮᠧᠲᠷ ᠶᠡᠷᠦᠩᠭᠡᠶᠢᠯᠡᠨ ᠵᠠᠰᠠᠵᠤ᠂ ᠬᠤᠸᠠ ᠱᠧᠩ ᠤᠨ ᠴᠡᠪᠡᠷ ᠡᠨᠧᠷᠬᠢ ᠶᠢᠨ ᠬᠡᠷᠡᠯ ᠸᠤᠯᠲ ᠤᠨ ᠳᠠᠷᠢᠶᠠᠯᠠᠩ ᠤᠨ ᠲᠦᠷᠦᠯ ᠵᠦᠢᠯ ᠢ ᠠᠯᠢ ᠲᠦᠷᠭᠡᠨ ᠢᠶᠠᠷ ᠡᠵᠡᠩᠨᠡᠨ ᠠᠵᠢᠯᠯᠠᠬᠤ ᠶᠢ ᠲᠦᠯᠬᠢᠨ ᠠᠬᠢᠭᠤᠯᠤᠨ᠎ᠠ᠃ ᠴᠢᠤᠸᠠᠨ ᠳ᠋ᠠ ᠲᠠᠷᠢᠶᠠᠯᠠᠩ ᠤᠨ ᠰᠢᠨᠵᠢᠯᠡᠭᠡᠨ ᠮᠡᠷᠭᠡᠵᠢᠯ ᠤᠨ ᠺᠤᠮᠫᠠᠨᠢ ᠶᠢᠨ ᠵᠢᠯ ᠤᠨ ᠭᠠᠷᠤᠯᠳᠠ ᠪᠠᠷ 20 ᠲᠤᠨ ᠤ ᠠᠮᠢᠳᠤ ᠪᠤᠳᠠᠰ  ᠤᠨ ᠮᠠᠰ ᠡᠨᠧᠷᠬᠢ ᠤᠨ ᠬᠠᠳᠠᠭᠤ ᠲᠦᠯᠦᠪᠳᠦ ᠰᠢᠳᠠᠭᠠᠯᠭ᠎ᠠ ᠶᠢᠨ ᠲᠦᠷᠦᠯ ᠵᠦᠢᠯ ᠪᠠ ᠾᠧᠩ ᠾᠦᠢ ᠺᠤᠮᠫᠠᠨᠢ ᠶᠢᠨ ᠢᠯᠴᠢ ᠴᠠᠬᠢᠯᠭᠠᠨ ᠤ ᠲᠦᠷᠦᠯ ᠵᠦᠢᠯ ᠤᠨ ᠡᠷᠳᠡ ᠨᠢᠭᠡᠨ ᠡᠳᠦᠷ ᠪᠠᠶᠢᠭᠤᠯᠤᠭᠳᠠᠨ ᠠᠰᠢᠭᠯᠠᠯᠳᠠ ᠳᠤ ᠤᠷᠤᠬᠤ ᠶᠢ  ᠨᠢ ᠲᠦᠯᠬᠢᠨ ᠠᠬᠢᠭᠤᠯᠤᠨ᠎ᠠ᠃      ︽ᠤᠷᠤᠨ ᠪᠠᠶᠢᠷᠢᠰᠢᠯ ᠤᠨ ᠳᠡᠮᠳᠡᠭ︾ ᠢ ᠰᠠᠶᠢᠳᠤᠷ ᠪᠤᠰᠬᠠᠬᠤ ᠶᠢ ᠪᠠᠷᠢᠮᠳᠠᠯᠠᠵᠤ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠦᠭᠵᠢᠬᠦᠯᠵᠦ᠂ ︽ᠤᠷᠤᠨ ᠪᠠᠶᠢᠷᠢᠰᠢᠯ ᠤᠨ ᠳᠠᠪᠠᠭᠤᠯᠢᠭ︾ ᠢ ︽ᠨᠡᠭᠡᠭᠡᠯᠳᠡ ᠶᠢᠨ ᠳᠠᠪᠠᠭᠤᠯᠢᠭ︾ ᠳᠡᠰᠢ ᠤᠯᠠᠷᠢᠭᠤᠯᠬᠤ ᠶᠢ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠠᠷᠠᠯᠵᠢᠶ᠎ᠠ ᠬᠦᠢᠯᠭᠡᠭᠡᠨ ᠤ ᠦᠢᠯᠡᠰ ᠤᠷᠤᠨ ᠪᠦᠰᠡ ᠶᠢᠨ ᠴᠢᠨᠠᠷᠳᠠᠢ ᠬᠤᠳᠠᠯᠳᠤᠭ᠎ᠠ ᠠᠷᠠᠯᠵᠢᠶ᠎ᠠ ᠡᠳ᠋ᠪᠠᠷᠠᠭᠠᠨ ᠤ ᠬᠦᠢᠯᠭᠡᠭᠡᠨ ᠤ ᠲᠦᠪ ᠢ ᠪᠦᠲᠦᠭᠡᠨ ᠪᠠᠶᠢᠭᠤᠯᠬᠤ ᠨᠢᠭᠳᠠ ᠲᠤᠭᠤᠷᠢᠨ ᠳᠤ᠂ ᠵᠦᠢ ᠬᠤᠩ ᠠᠷᠠᠳ ᠲᠤ ᠠᠰᠢᠭ ᠬᠦᠷᠳᠡᠭᠡᠬᠦ ᠬᠦᠷᠢᠶᠡᠯᠡᠩ᠂ ᠢ ᠳ᠋ᠠ ᠰᠢᠶᠤᠤ ᠬᠠᠢ ᠽᠢ ᠶᠢᠨ ᠶᠡᠷᠦᠩᠭᠡᠢ ᠦᠢᠯᠡᠴᠢᠯᠡᠭᠡᠨ ᠤ ᠲᠦᠷᠦᠯ ᠵᠦᠢᠯ᠂ ᠵᠦᠢ ᠬᠤᠩ ᠪᠠᠭᠤᠳᠠᠯ ᠵᠢᠴᠢ 3D ᠺᠢᠨᠣ᠋ ᠶᠢᠨ ᠤᠷᠳᠤᠨ᠂ ᠬᠡᠦᠭᠡᠳ ᠤᠨ ᠴᠠᠩᠬᠢᠯ ᠤᠨ ᠬᠦᠷᠢᠶᠡᠯᠠᠩ ᠵᠢᠴᠢ ᠵᠠᠯᠠᠭᠤᠴᠤᠳ ᠪᠠᠭᠠᠴᠤᠳ ᠤᠨ ᠪᠤᠯᠪᠠᠰᠤᠷᠠᠭᠤᠯᠤᠯ ᠨᠡᠪᠴᠢᠬᠦᠯᠦᠯᠳᠡ ᠶᠢᠨ ᠬᠦᠷᠢᠶᠡᠯᠠᠩ᠂ ᠵᠦᠢ ᠬᠤᠩ ᠶᠠᠪᠠᠭᠠᠨ ᠵᠡᠭᠡᠯᠢ ᠵᠡᠷᠭᠡ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠶᠠᠳᠠᠭᠤ ᠶᠢ ᠳᠡᠳᠬᠦᠬᠦ ᠪᠡᠯᠡ ᠮᠦᠩᠬᠦ ᠶᠢ ᠨᠡᠶᠢᠳᠭᠡᠵᠤ᠂ ᠲᠤᠮᠤ ᠬᠡᠯᠪᠡᠷᠢ ᠶᠢᠨ ᠦᠨᠢ ᠲᠤᠯᠠᠭᠠᠨ ᠬᠦᠮᠦᠷᠭᠡ ᠪᠠ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠬᠦᠮᠦᠷᠭᠡ ᠳᠤ ᠬᠠᠳᠠᠭᠠᠯᠠᠵᠤ᠂ ᠡᠳ᠋ ᠪᠠᠷᠠᠭ᠎ᠠ ᠬᠦᠢᠯᠭᠡᠬᠦ ᠶᠡᠷᠦᠩᠭᠡᠢ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠠᠩ ᠪᠦᠲᠦᠭᠡᠨ ᠪᠠᠶᠢᠭᠤᠯᠵᠤ᠂ ᠭᠤᠤᠯᠯᠠᠭᠴᠢ ᠠᠵᠤ ᠦᠢᠯᠡᠰ ᠤᠨ ᠬᠦᠭᠵᠢᠯᠳᠡ ᠲᠠᠢ ᠨᠢᠭᠳᠠ ᠤᠶᠠᠯᠳᠤᠭᠰᠠᠨ ᠶᠠᠳᠠᠭᠤ ᠶᠢ ᠳᠡᠳᠬᠦᠬᠦ ᠳᠤ ᠬᠦᠴᠦ ᠨᠠᠮᠠᠷᠢᠯᠡᠬᠦ ᠰᠢᠨ᠎ᠡ ᠵᠠᠭᠪᠤᠷ ᠢ ᠢᠳᠡᠪᠬᠢᠳᠡᠢ ᠰᠦᠪᠡᠭᠴᠢᠯᠡᠨ᠎ᠡ᠃ ᠢᠳᠡᠭᠡᠨ ᠢ ᠡᠳ᠋ᠰᠢᠬᠦᠯᠬᠦ ᠵᠢᠵᠢᠭ ᠬᠢᠳᠡᠯ ᠤᠨ ᠭᠠᠵᠠᠷ ᠤᠨ ᠬᠦᠷᠢᠶᠡᠯᠠᠩ ᠲᠤᠭᠤᠷᠢᠭ ᠪᠠ ᠪᠢᠳᠡᠬᠦᠮᠵᠢᠯᠡᠭᠰᠡᠨ ᠮᠠᠶ᠋ᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠶᠢ ᠲᠦᠯᠦᠪᠯᠡᠨ ᠪᠦᠲᠦᠭᠡᠨ ᠪᠠᠶᠢᠭᠤᠯᠤᠨ᠎ᠠ᠃ ᠵᠤᠭᠠᠴᠠᠯ ᠤᠨ ᠦᠢᠡᠯᠰ ︽ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ᠂ ᠵᠤᠭᠠᠴᠠᠯ +︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ︽ᠪᠡᠭᠡᠵᠢᠩ ᠤᠨ ᠳᠡᠬᠦᠷᠭᠡ ᠶᠢᠨ ᠳᠠᠯ᠎ᠠ ᠨᠤᠲᠤᠭ᠂ ᠵᠤᠰᠠᠯᠠᠩ ᠤᠨ ᠲᠦᠪ︾ ᠤᠨ ᠵᠤᠭᠠᠴᠠᠯ ᠤᠨ ᠨᠡᠷᠡᠳᠦ ᠳᠡᠮᠳᠡᠭ ᠢ ᠠᠰᠢᠭᠯᠠᠵᠤ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠪᠠ ᠵᠠᠬ᠎ᠠ ᠳᠡᠯᠭᠡᠭᠦᠷ ᠪᠤᠶᠢᠵᠢᠭᠤᠯᠬᠤ ᠶᠢ ᠵᠢᠭᠳᠡ ᠪᠠᠷ ᠲᠦᠯᠬᠢᠨ ᠠᠬᠢᠭᠤᠯᠤᠨ᠎ᠠ᠃ 3A᠂ 4A ᠳᠡᠰ ᠤᠨ ᠦᠵᠡᠮᠵᠢ ᠶᠢᠨ ᠤᠷᠤᠨ ᠢ ᠡᠬᠦᠳᠦᠨ ᠪᠠᠶᠢᠭᠤᠯᠬᠤ  ᠪᠠᠷ ᠪᠠᠷᠢᠴᠠ ᠪᠤᠯᠭᠠᠵᠤ᠂ ᠪᠦᠳᠦᠬᠦᠨ ᠭᠤᠤᠯ ᠢ ᠦᠪᠡᠷᠳᠡᠭᠡᠨ ᠵᠠᠰᠠᠬᠤ ᠤᠷᠤᠨ ᠤ ᠳᠡᠰ ᠤᠨ ᠤᠰᠤᠨ ᠠᠰᠢᠭᠯᠠᠯᠳᠠ  ᠶᠢᠨ ᠦᠵᠡᠮᠵᠢ ᠶᠢᠨ ᠤᠷᠤᠨ ᠳᠡᠰ ᠪᠤᠯᠭᠠᠨ ᠴᠢᠨᠠᠭᠰᠢᠳᠠ ᠳᠡᠭᠡᠭᠰᠢᠯᠡᠬᠦᠯᠵᠦ᠂ 4A ᠳᠡᠰ ᠤᠨ ᠨᠤᠭᠤ ᠭᠠᠵᠠᠷ ᠤᠨ ᠦᠵᠡᠮᠵᠢ ᠶᠢᠨ ᠤᠷᠤᠨ ᠤ ᠦᠨᠡᠯᠡᠯᠳᠡ ᠳᠡᠰ ᠳᠡᠪᠰᠢᠯᠳᠡ ᠶᠢ ᠡᠷᠳᠡ ᠨᠢᠭᠡᠨ ᠡᠳᠦᠷ ᠡᠬᠢᠯᠡᠬᠦᠯᠦᠨ᠎ᠡ᠃ ᠡᠮᠦᠨ᠎ᠡ ᠨᠠᠭᠤᠷ ᠤᠨ ᠴᠡᠴᠡᠷᠯᠢᠭ ᠤᠨ ᠢᠵᠢ ᠪᠦᠷᠢᠳᠦᠭᠰᠡᠨ ᠲᠦᠬᠦᠭᠡᠷᠦᠮᠵᠢ ᠶᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ 3A ᠳᠡᠰ ᠤᠨ ᠦᠵᠡᠮᠵᠢ ᠶᠢᠨ ᠤᠷᠤᠨ ᠢ ᠡᠬᠦᠳᠦᠨ ᠪᠠᠶᠢᠭᠤᠯᠬᠤ ᠠᠵᠢᠯ ᠢ ᠵᠢᠭᠳᠡ ᠪᠠᠷ ᠲᠦᠯᠬᠢᠨ ᠠᠬᠢᠭᠤᠯᠤᠨ᠎ᠠ︔ ᠪᠠᠳᠮᠠᠳᠤ ᠶᠢᠨ ᠰᠦᠮ᠎ᠡ ᠶᠢᠨ ᠵᠠᠩ ᠢᠷᠭᠡᠨᠰᠢᠯ ᠤᠨ ᠵᠤᠭᠠᠴᠠᠯ ᠤᠨ ᠦᠵᠡᠮᠢ ᠶᠢᠨ ᠤᠷᠤᠨ ᠢ ᠳᠡᠰ ᠳᠡᠪᠰᠢᠬᠦᠯᠦᠨ ᠰᠢᠨᠡᠳᠭᠡᠨ ᠦᠭᠡᠷᠡᠴᠢᠯᠡᠵᠦ᠂ ᠮᠠᠯᠴᠢᠳ ᠤᠨ ᠬᠡᠷ ᠤᠨ ᠵᠤᠭᠠᠴᠠᠯ ᠤᠨ ᠳᠡᠰ ᠵᠡᠷᠭᠡ ᠶᠢ ᠳᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠳᠡᠰ ᠤᠨ ᠭᠠᠵᠠᠷ ᠤᠨ ᠴᠡᠴᠡᠷᠯᠢᠭ ᠤᠨ ᠲᠤᠮᠤ ᠴᠢᠯᠠᠭᠤᠨ ᠳᠠᠯᠪᠢᠭᠤᠷ ᠴᠢᠯᠠᠭᠤᠨ ᠰᠢᠭᠤᠢ ᠶᠢᠨ ᠦᠵᠡᠮᠵᠢ ᠶᠢᠨ ᠤᠷᠤᠨ ᠤ ᠲᠦᠯᠦᠪᠵᠢᠬᠦᠯᠭᠡ ᠶᠢ ᠦᠪᠡᠷᠳᠡᠭᠡᠨ ᠵᠠᠰᠠᠬᠤ ᠤᠷᠤᠨ  ᠤ ᠬᠢᠨᠠᠨ ᠲᠤᠭᠳᠠᠭᠠᠯᠳᠠ ᠶᠢ ᠦᠩᠭᠡᠷᠡᠬᠦᠯᠬᠦ ᠪᠦᠭᠡᠳ ᠶᠠᠪᠤᠭᠳᠠᠭᠤᠯᠬᠤ ᠶᠢ ᠠᠯᠢ ᠲᠦᠷᠭᠡᠨ ᠢᠶᠠᠷ ᠲᠦᠯᠬᠢᠨ ᠠᠬᠢᠭᠤᠯᠵᠤ᠂ ᠲᠤᠮᠤ ᠴᠢᠯᠠᠭᠤᠨ ᠳᠠᠯᠪᠢᠭᠤᠷ ᠠᠴᠠ ᠰᠢᠶᠤᠤ ᠬᠠᠢ ᠽᠢ ᠶᠢᠨ ᠭᠠᠵᠠᠷ ᠤᠨ ᠢᠯᠴᠢ ᠶᠢᠨ ᠨᠡᠶᠢᠳᠡᠮ ᠪᠠᠶᠢᠴᠠᠭᠠᠯᠳᠠ ᠶᠢᠨ ᠦᠪᠡᠷᠳᠡᠭᠡᠨ ᠵᠠᠰᠠᠬᠤ ᠤᠷᠤᠨ ᠤ ᠰᠠᠭᠤᠷᠢ ᠮᠦᠩᠬᠦᠨ ᠤ ᠲᠦᠷᠦᠯ ᠵᠦᠢᠯ ᠢ ᠠᠯᠢ ᠪᠤᠯᠬᠤ ᠪᠠᠷ ᠡᠷᠳᠡ ᠠᠴᠠ ᠬᠦᠴᠦᠯᠡᠨ ᠠᠬᠢᠭᠤᠯᠤᠨ᠎ᠠ᠃ ᠲᠦᠮᠦᠰᠦᠨ ᠤ ᠠᠮᠳᠠᠳᠤ ᠢᠳᠡᠭᠡᠨ ᠤ ᠠᠨᠢᠷ ᠢᠶᠠᠷ ᠪᠡᠯᠭᠡ ᠳᠡᠮᠳᠡᠭ ᠪᠤᠯᠭᠠᠭᠰᠠᠨ ᠪᠠᠶᠠᠷ ᠲᠤᠷᠠᠰᠬᠠᠯ ᠤᠨ ᠵᠤᠭᠠᠴᠠᠯ ᠤᠨ ᠠᠵᠢᠯᠯᠠᠭ᠎ᠠ ᠶᠢ ᠢᠳᠡᠪᠬᠢᠳᠡᠢ ᠬᠠᠷᠢᠯᠴᠠᠵᠤ ᠨᠡᠭᠡᠭᠡᠨ ᠬᠦᠭᠵᠢᠬᠦᠯᠵᠦ᠂ ᠵᠤᠭᠠᠴᠠᠯ ᠤᠨ ᠦᠢᠯᠡᠰ ᠤᠨ ᠬᠦᠭᠵᠢᠯᠳᠡ ᠶᠢᠨ ᠬᠠᠮᠤᠭ ᠤᠨ ᠰᠠᠶᠢᠨ ᠬᠦᠴᠦᠯᠡᠬᠦ ᠴᠡᠭ ᠢ ᠡᠷᠢᠯᠬᠢᠯᠡᠨ᠎ᠡ᠃ ᠬᠠᠭᠤᠴᠢᠨ ᠬᠤᠲᠠ ᠶᠢᠨ ᠪᠦᠷᠭᠡ ᠬᠡᠷ ᠤᠨ ᠲᠤᠭᠤᠷᠢᠭ ᠤᠨ ᠰᠢᠨᠡᠳᠭᠡᠨ ᠦᠭᠡᠷᠡᠴᠢᠯᠡᠬᠦ ᠲᠠᠢ ᠤᠶᠠᠯᠳᠤᠭᠤᠯᠤᠨ᠂ ᠨᠡᠶᠢᠭᠡᠮᠴᠢᠯᠡᠭᠰᠡᠨ᠂ ᠬᠦᠷᠦᠩᠭᠡ ᠶᠢᠨ ᠡᠷᠬᠢᠯᠳᠡ᠂ ᠵᠠᠬ᠎ᠠ ᠳᠡᠯᠭᠡᠭᠦᠷᠵᠢᠭᠰᠡᠨ ᠨᠡᠭᠡᠭᠡᠨ ᠬᠦᠭᠵᠢᠬᠦᠯᠦᠯᠳᠡ᠂ ᠨᠡᠷᠡᠳᠦ ᠳᠡᠮᠳᠡᠭᠵᠢᠭᠰᠡᠨ ᠡᠵᠡᠩᠨᠡᠯᠳᠡ ᠪᠠᠷ ᠭᠤᠤᠯ ᠰᠦᠪᠡᠭᠴᠢᠯᠡᠯᠳᠡ ᠪᠠᠨ ᠪᠤᠯᠭᠠᠵᠤ᠂ ︽ᠱᠠᠩᠲᠤ ᠶᠢᠨ ᠡᠷᠳᠡᠨ ᠤ ᠬᠤᠲᠠ︾ ᠶᠢᠨ ᠰᠤᠶᠤᠯ ᠵᠤᠭᠠᠴᠠᠯ ᠤᠨ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠦᠢᠯᠡᠰ ᠡᠯᠧᠺᠲᠷᠦᠨ ᠬᠤᠳᠠᠯᠳᠤᠭᠠᠨ ᠤ ᠵᠢᠱᠢᠶ᠎ᠠ ᠦᠵᠡᠬᠦᠯᠬᠦ ᠰᠢᠶᠠᠨ ᠢᠶᠠᠷ ᠪᠠᠷᠢᠴᠠ ᠪᠤᠯᠭᠠᠵᠤ᠂ ︽ᠤᠨᠴᠠᠯᠢᠭᠳᠤ ᠦᠢᠯᠡᠳᠭᠦᠨ ᠢ ᠭᠠᠷᠭᠠᠵᠤ ᠶᠠᠪᠤᠭᠤᠯᠬᠤ︾ ᠪᠠ ︽ᠨᠡᠷᠡᠳᠦ ᠰᠢᠯᠢᠳᠡᠭ ᠳᠠᠸᠠᠷ ᠢ ᠤᠷᠤᠭᠤᠯᠤᠨ ᠠᠪᠴᠢᠷᠠᠬᠤ︾ ᠪᠠᠷ ᠬᠠᠷᠠᠯᠳᠠ ᠪᠤᠯᠭᠠᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ ᠪᠤᠯᠤᠨ ᠬᠦᠳᠡᠭᠡ ᠲᠤᠰᠬᠤᠨ ᠤ ᠡᠯᠧᠺᠲᠷᠦᠨ ᠦᠢᠯᠡᠴᠢᠯᠡᠭᠡᠨ ᠤ ᠦᠷᠳᠡᠭᠡ ᠴᠡᠭ ᠤᠨ ᠡᠷᠬᠢᠯᠳᠡ ᠶᠢᠨ ᠶᠠᠰᠤ ᠴᠢᠨᠠᠷ ᠢ ᠴᠢᠨᠠᠭᠰᠢᠳᠠ ᠳᠡᠬᠦᠯᠳᠡᠷᠵᠢᠬᠦᠯᠦᠨ ᠳᠡᠭᠡᠭᠰᠢᠯᠡᠬᠦᠯᠵᠦ᠂ ᠬᠦᠳᠡᠭᠡ ᠲᠤᠰᠬᠤᠨ ᠤ ᠲᠦᠷᠭᠡᠨ ᠬᠦᠷᠭᠡᠯᠳᠡ ᠡᠳ᠋ ᠪᠠᠷᠠᠭᠠᠨ ᠤ ᠬᠦᠢᠯᠭᠡᠭᠡᠨ ᠤ ᠦᠪᠡᠷ ᠤᠨ ᠦᠷᠳᠡᠭ ᠢ ᠨᠡᠶᠢᠳᠭᠡᠨ ᠲᠤᠷᠤᠭᠰᠢᠯᠠᠭᠤᠯᠵᠤ᠂ ᠠᠷᠠᠳ ᠢᠷᠭᠡᠳ ᠤᠨ ᠦᠢᠯᠡᠳᠪᠦᠷᠢᠯᠡᠯ ᠠᠮᠢᠳᠤᠷᠠᠯ ᠳᠤ ᠨᠢ ᠠᠰᠢᠭ ᠬᠦᠷᠳᠡᠭᠡᠬᠦ ᠦᠢᠯᠡᠴᠢᠯᠡᠭᠡ ᠶᠢ ᠨᠡᠩ ᠰᠠᠶᠢᠨ ᠬᠢᠵᠦ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠪᠠ ᠰᠢᠶᠠᠨ ᠤ ᠪᠦᠰᠡ ᠶᠢᠨ ᠠᠵᠤ ᠠᠬᠤᠢ ᠶᠢ ᠬᠦᠭᠵᠢᠬᠦᠯᠬᠦ ᠶᠢ ᠬᠠᠪᠰᠤᠷᠤᠨ ᠲᠦᠯᠬᠢᠨ ᠠᠬᠢᠭᠤᠯᠤᠨ᠎ᠠ᠃ ᠵᠢᠯ ᠤᠨ ᠳᠤᠳᠤᠷ᠎ᠠ ᠡᠯᠧᠺᠲᠷᠦᠨ ᠬᠤᠳᠠᠯᠳᠤᠭᠠᠨ ᠤ ᠶᠠᠪᠤᠳᠠᠯ ᠢ ᠭᠦᠳᠡᠭᠡ ᠲᠤᠰᠬᠤᠨ ᠤ ᠵᠢᠱᠢᠶ᠎ᠡ ᠦᠵᠡᠬᠦᠯᠬᠦ ᠰᠢᠶᠠᠨ  ᠤ ᠲᠦᠷᠦᠯ ᠵᠦᠢᠯ ᠢ ᠤᠯᠤᠰ ᠤᠨ ᠰᠢᠯᠭᠠᠨ ᠬᠤᠷᠢᠶᠠᠯᠳᠠ ᠪᠠᠷ ᠦᠩᠭᠡᠷᠡᠬᠦᠯᠬᠦ ᠶᠢ ᠦᠨᠡᠨᠬᠦ ᠪᠠᠲᠤᠯᠠᠨ᠎ᠠ᠃      ︵ᠭᠤᠷᠪᠠ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠪᠠᠷ ᠲᠦᠰᠢᠭ ᠪᠤᠯᠭᠠᠵᠤ᠂ ᠬᠤᠳᠠ ᠬᠦᠳᠡᠭᠡ ᠶᠢ ᠨᠢᠭᠡ ᠴᠤᠭᠴᠠᠵᠢᠭᠤᠯᠤᠭᠰᠠᠨ ᠬᠦᠭᠵᠢᠯᠳᠡ ᠶᠢ ᠲᠦᠷᠭᠡᠳᠭᠡᠨ ᠲᠦᠯᠬᠢᠨ ᠠᠬᠢᠭᠤᠯᠵᠤ᠂ ᠠᠮᠢ ᠠᠬᠤᠢ ᠶᠢ ᠰᠠᠭᠤᠷᠢᠰᠢᠬᠤ ᠳᠤ ᠲᠤᠬᠢᠷᠠᠮᠵᠢᠳᠠᠢ ᠬᠤᠲᠠ ᠪᠠᠯᠭᠠᠰᠤ ᠶᠢ ᠬᠦᠴᠦᠯᠠᠨ ᠪᠠᠶᠢᠭᠤᠯᠤᠨ᠎ᠠ᠃ ᠠᠷᠠᠳ ᠲᠦᠮᠡᠨ ᠤ ᠡᠳᠦᠷ ᠢᠷᠡᠬᠦᠶᠢᠶ᠎ᠡ ᠨᠡᠮᠡᠭᠳᠡᠵᠦ ᠪᠠᠶᠢᠭ᠎ᠠ ᠭᠤᠶᠤ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠤᠯ ᠰᠢᠵᠢᠮ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠪᠤᠯᠪᠠᠰᠤᠨ ᠰᠢᠶᠠᠨ  ᠤ ᠬᠤᠳᠠ ᠶᠢ ᠡᠬᠦᠳᠦᠨ ᠪᠠᠶᠢᠭᠤᠯᠬᠤ ᠪᠠᠷ ᠬᠠᠷᠠᠯᠳᠠ ᠪᠤᠯᠭᠠᠵᠤ᠂ ᠬᠤᠳᠠ ᠪᠠᠯᠭᠠᠰᠤ ᠳᠤ ᠲᠦᠯᠦᠪᠵᠢᠬᠦᠯᠦᠨ ᠪᠦᠲᠦᠭᠡᠨ ᠪᠠᠶᠢᠭᠤᠯᠬᠤ ᠬᠠᠮᠢᠶᠠᠷᠬᠤ ᠡᠨᠡᠬᠦ ᠲᠤᠮᠤ ᠶᠠᠪᠤᠳᠠᠯ ᠢ ᠰᠠᠶᠢᠳᠤᠷ ᠬᠢᠨ᠎ᠡ᠃ ᠲᠦᠯᠦᠪᠵᠢᠬᠦᠯᠭᠡ ᠶᠢ ᠨᠡᠩ ᠲᠡᠷᠢᠬᠦᠨ ᠳᠤ ᠪᠠᠶᠢᠯᠭᠠᠬᠤ ᠶᠢ ᠪᠠᠷᠢᠮᠳᠠᠯᠠᠨ᠎ᠠ᠃ ᠬᠤᠲᠠ ᠪᠠᠯᠭᠠᠰᠤᠨ ᠤ ᠤᠷᠤᠨ ᠵᠠᠢ ᠶᠢᠨ ᠪᠠᠶᠢᠷᠢᠰᠢᠯᠠᠭᠤᠯᠤᠯᠳᠠ ᠶᠢ ᠰᠢᠯᠢᠳᠡᠭᠵᠢᠬᠦᠯᠵᠦ᠂ ᠤᠳᠤ ᠦᠶ᠎ᠡ ᠶᠢᠨ ᠬᠤᠳᠠ ᠪᠠᠯᠭᠠᠰᠤᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠵᠢᠯ  ᠤᠨ ᠳᠤᠳᠤᠷ᠎ᠠ ︽ᠴᠢ ᠲᠠᠢ ᠪᠠᠯᠭᠠᠰᠤᠨ ᠤ ᠡᠵᠡᠮᠰᠢᠯ ᠤᠨ ᠴᠢᠨᠠᠷ ᠪᠦᠬᠦᠢ ᠨᠠᠷᠢᠨ ᠲᠦᠯᠦᠪᠵᠢᠬᠦᠯᠭᠡ︾ ᠶᠢ ᠨᠠᠶᠢᠷᠠᠭᠤᠯᠤᠨ ᠵᠤᠬᠢᠶᠠᠬᠤ ᠠᠵᠢᠯ ᠢ ᠪᠡᠶᠡᠯᠡᠬᠦᠯᠵᠦ᠂ ᠬᠤᠲᠠ ᠪᠠᠯᠭᠠᠰᠤᠨ ᠤ ᠨᠡᠶᠢᠳᠡ ᠶᠢᠨ ᠵᠤᠷᠯᠤᠩ ᠢᠶᠠᠷ ᠭᠤᠤᠯᠳᠠᠯᠭ᠎ᠠ ᠪᠤᠯᠭᠠᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠦᠬᠦᠭᠡᠷᠦᠮᠵᠢ ᠶᠢᠨ ᠲᠤᠰᠬᠠᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠨ᠎ᠠ᠃ ᠬᠠᠳᠠᠭᠤᠷᠠᠭᠤᠯᠤᠯᠳᠠ᠂ ᠬᠡᠭᠡᠷᠡᠬᠦᠯᠦᠯᠳᠡ᠂ ᠨᠤᠭᠤᠭᠠᠷᠠᠭᠤᠯᠤᠯᠳᠠ ᠂ ᠭᠤᠶᠤᠵᠢᠭᠤᠯᠤᠯᠳᠠ ᠪᠠ ᠤᠰᠤ ᠬᠠᠩᠭᠠᠬᠤ ᠤᠰᠤ ᠳᠠᠳᠠᠷᠠᠭᠤᠯᠬᠤ᠂ ᠢᠯᠴᠢ ᠬᠠᠩᠭᠠᠬᠤ ᠬᠡᠢ ᠬᠠᠩᠭᠠᠬᠤ ᠪᠠᠷ ᠭᠤᠤᠯᠳᠠᠯᠭ᠎ᠠ  ᠪᠤᠯᠭᠠᠭᠰᠠᠨ ᠬᠤᠲᠠ ᠶᠢᠨ ᠶᠠᠪᠤᠳᠠᠯ ᠤᠨ ᠢᠨᠵᠢᠨᠧᠷᠢᠩ ᠢ ᠰᠠᠶᠢᠳᠤᠷ ᠶᠠᠪᠤᠭᠳᠠᠭᠤᠯᠤᠨ᠎ᠠ᠃ ︽ᠵᠤᠷᠯᠤᠩ ᠤᠨ ᠬᠤᠪᠢᠰᠬᠠᠯ︾ ᠢ ᠬᠦᠴᠦᠯᠡᠨ ᠰᠠᠶᠢᠳᠤᠷ ᠠᠳᠬᠤᠵᠤ᠂ ᠰᠢᠨ᠎ᠡ ᠬᠤᠲᠠ ᠶᠢᠨ ᠲᠤᠭᠤᠷᠢᠭ ᠢ ᠲᠦᠯᠦᠪᠵᠢᠬᠦᠯᠦᠨ ᠪᠦᠲᠦᠭᠡᠨ ᠪᠠᠶᠢᠭᠤᠯᠬᠤ ᠳᠤ ᠪᠠᠨ ᠦᠷᠢ ᠰᠢᠷᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠬᠠᠭᠤᠴᠢᠨ ᠬᠤᠲᠠ ᠶᠢᠨ ᠲᠤᠭᠤᠷᠢᠭ ᠤᠨ ᠬᠠᠭᠤᠷᠠᠢ ᠵᠤᠷᠯᠤᠩ ᠤᠨ ᠰᠢᠨᠡᠳᠭᠡᠨ ᠦᠭᠡᠷᠡᠴᠢᠯᠡᠯᠳᠡ ᠶᠢᠨ ᠳᠤᠳᠠᠭᠤᠳᠠᠯ ᠢ ᠨᠦᠬᠦᠪᠦᠷᠯᠡᠵᠦ᠂ ᠬᠡᠷᠡᠭᠯᠡᠭᠡᠨ ᠲᠠᠢ ᠪᠠᠶᠢᠬᠤ ᠶᠢ ᠴᠢᠬᠤᠯᠠᠴᠢᠯᠠᠵᠤ᠂ ᠭᠤᠶᠢᠳᠠ ᠬᠡᠬᠡᠨᠴᠢᠷ ᠪᠠᠶᠢᠬᠤ ᠶᠢ ᠴᠡᠭᠡᠷᠯᠡᠨ᠎ᠡ᠃ ᠨᠡᠶᠢᠳᠡ ᠶᠢᠨ ᠵᠤᠷᠯᠤᠩ ᠤᠨ ᠴᠢᠳᠠᠮᠵᠢ ᠶᠢ ︽ᠬᠤᠲᠠ ᠶᠢᠨ ᠤᠯᠠᠭ᠎ᠠ︾᠂ ᠲᠠᠸᠠᠷ ᠤᠨ ᠡᠵᠡᠩᠨᠡᠯᠳᠡ᠂ ᠠᠷᠠᠳ ᠲᠤ ᠲᠦᠬᠦᠮ ᠦᠵᠡᠬᠦᠯᠦᠭᠰᠡᠨ ᠦᠢᠯᠡᠴᠢᠯᠡᠭᠡ ᠪᠠ ᠴᠠᠭᠳᠠᠭᠠᠨ ᠤ ᠶᠠᠪᠤᠳᠠᠯ ᠠᠮᠤᠷ ᠢ ᠬᠠᠮᠠᠭᠠᠯᠠᠬᠤ ᠲᠠᠢ ᠤᠶᠠᠯᠳᠤᠭᠤᠯᠵᠤ᠂ ᠬᠠᠮᠢᠶᠠᠷᠤᠯᠳᠠ ᠪᠠ ᠠᠷᠢᠭᠤᠨ ᠴᠡᠪᠡᠷ ᠤᠨ ᠬᠢᠷᠢ ᠲᠦᠪᠰᠢᠨ ᠢ ᠳᠡᠭᠡᠭᠰᠢᠯᠡᠬᠦᠯᠵᠦ᠂ ︽ᠲᠦᠷᠪᠡ ᠶᠢ ᠴᠡᠪᠡᠷᠰᠢᠬᠦᠯᠬᠦ ᠭᠤᠷᠪᠠ ᠶᠢ ᠦᠭᠡᠢ ᠪᠤᠯᠭᠠᠬᠤ ᠬᠤᠶᠠᠷ ᠢ ᠨᠡᠪᠳᠡᠷᠡᠬᠦᠯᠬᠦ‍ ᠨᠢᠭᠡ ᠶᠢ ᠬᠡᠷᠡᠯᠳᠦᠬᠦᠯᠬᠦ︾ ᠳᠤ ᠬᠦᠷᠦᠬᠦᠯᠬᠦ  ᠪᠠᠷ ᠬᠦᠴᠦᠯᠡᠨ ᠴᠢᠷᠮᠠᠶᠢᠨ᠎ᠠ᠃ ᠴᠢ ᠲᠠᠢ ᠪᠠᠯᠭᠠᠰᠤᠨ ᠤ ᠤᠰᠤ ᠬᠠᠩᠭᠠᠯᠳᠠ ᠶᠢᠨ ᠤᠰᠤᠨ ᠤ ᠶᠠᠰᠤ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠢ ᠶᠠᠪᠤᠭᠳᠠᠭᠤᠯᠬᠤ ᠶᠢ ᠲᠦᠷᠭᠡᠳᠭᠡᠵᠦ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠨᠢ ᠡᠷᠳᠡ ᠨᠢᠭᠡᠨ ᠡᠳᠦᠷ ᠪᠠᠷᠠᠭᠠᠵᠤ ᠠᠰᠢᠭᠯᠠᠯᠳᠠ ᠳᠤ ᠤᠷᠤᠭᠤᠯᠵᠤ ᠡᠷᠬᠢᠯᠳᠦᠬᠦᠯᠬᠦ ᠪᠠᠷ ᠬᠦᠴᠦᠯᠡᠵᠦ᠂ ᠴᠢ ᠲᠠᠢ ᠪᠠᠯᠭᠠᠰᠤᠨ ᠤ ᠠᠮᠢᠳᠤᠷᠠᠯ ᠤᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠦᠷᠭᠡᠳᠭᠡᠨ ᠪᠠᠶᠢᠭᠤᠯᠬᠤ ᠪᠠᠷᠢᠯᠭ᠎ᠠ ᠶᠢ ᠴᠢᠷᠮᠠᠶᠢᠨ ᠤᠯᠵᠤ ᠠᠵᠢᠯ ᠢ ᠨᠢ ᠡᠬᠢᠯᠡᠬᠦᠯᠵᠦ ᠪᠦᠲᠦᠭᠡᠨ ᠪᠠᠶᠢᠭᠤᠯᠤᠨ᠎ᠠ᠃ ᠶᠡᠷᠦᠩᠭᠡᠢ ᠪᠡᠯᠡ ᠤᠷᠤᠭᠤᠯᠤᠯᠳᠠ ᠪᠠᠷ 3.65 ᠳ᠋ᠦᠩᠰᠢᠭᠤᠷ ᠲᠦᠭᠦᠷᠢᠭ ᠤᠨ ᠴᠢᠩ ᠶᠦᠨ ᠭᠤᠳᠤᠮᠵᠢ ᠶᠢᠨ ᠬᠤᠶᠢᠳᠤᠬᠢ ᠪᠦᠷᠭᠡ ᠭᠡᠷ ᠤᠨ ᠲᠤᠭᠤᠷᠢᠭ ︵ᠬᠤᠲᠠ ᠶᠢᠨ ᠳᠤᠮᠳᠠᠬᠢ ᠲᠤᠰᠬᠤᠨ︶ ᠢ ᠰᠢᠨᠡᠳᠭᠡᠨ ᠦᠭᠡᠷᠡᠴᠢᠯᠡᠬᠦ ᠪᠠᠷᠢᠯᠭ᠎ᠠ ᠶᠢ ᠶᠠᠪᠤᠭᠳᠠᠭᠤᠯᠵᠤ᠂ ᠪᠦᠷᠭᠡ ᠭᠡᠷ ᠤᠨ ᠲᠤᠭᠤᠷᠢᠭ ᠢ ᠰᠢᠨᠡᠳᠭᠡᠨ ᠦᠭᠡᠷᠡᠴᠢᠯᠡᠬᠦ 1600 ᠡᠷᠦᠭᠡ ᠶᠢᠨ ᠡᠬᠦᠷᠭᠡ ᠶᠢ ᠪᠡᠶᠡᠯᠡᠬᠦᠯᠵᠦ᠂ ᠪᠦᠷᠭᠡ ᠭᠡᠷ ᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠢᠵᠢ ᠪᠦᠷᠢᠳᠦᠬᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢ ᠵᠢᠭᠳᠡ ᠪᠠᠷ ᠲᠦᠯᠬᠢᠨ ᠠᠬᠢᠭᠤᠯᠤᠨ᠎ᠠ᠃ ︽ᠬᠤᠲᠠ ᠪᠠᠯᠭᠠᠰᠤᠨ ᠤ ᠬᠠᠮᠢᠶᠠᠷᠤᠯᠳᠠ ᠶᠢ ᠪᠦᠬᠦ ᠲᠠᠯ᠎ᠠ ᠪᠠᠷ ᠳᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠶᠡᠬᠡᠪᠡᠷ ᠦᠷᠨᠢᠬᠦᠯᠦᠨ᠎ᠡ᠃ ᠲᠤᠭᠠᠴᠢᠯᠠᠭᠰᠠᠨ ᠬᠤᠲᠠ ᠶᠢᠨ ᠬᠠᠮᠢᠶᠠᠷᠤᠯᠳᠠ᠂ ᠤᠶᠤᠨᠵᠢᠯ ᠬᠤᠲᠠ ᠶᠢᠨ ᠳᠠᠪᠴᠠᠩ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠤᠲᠠ ᠶᠢᠨ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠬᠤᠲᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠡᠷᠴᠢᠮ ᠢ ᠴᠢᠩᠭᠠᠷᠠᠭᠤᠯᠵᠤ᠂ ︽ᠡᠬᠦᠳᠡᠨ ᠡᠮᠦᠨᠡᠬᠢ ᠳᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠬᠤᠲᠠ ᠶᠢᠨ ᠲᠦᠷᠰᠦ ᠦᠩᠭᠡ ᠶᠢᠨ ᠪᠤᠷᠤᠩᠬᠠᠢ ᠬᠡᠮ ᠢ ᠵᠠᠰᠠᠬᠤ ᠪᠠ ᠬᠠᠤᠯᠢ ᠶᠢ ᠵᠦᠷᠢᠴᠡᠵᠦ ᠪᠦᠲᠦᠭᠡᠨ ᠪᠠᠶᠢᠭᠤᠯᠤᠯᠳᠠ ᠶᠢ ᠵᠠᠰᠠᠬᠤ ᠪᠠᠨ ᠴᠢᠩᠭᠠᠳᠬᠠᠨ᠎ᠠ︔ ︽ᠵᠠᠮ ᠤᠨ ᠳᠠᠷᠤᠭ᠎ᠠ ᠶᠢᠨ ᠲᠦᠷᠢᠮ︾ ᠢ ᠬᠡᠷᠡᠭᠵᠢᠬᠦᠯᠬᠦ ᠶᠢ ᠢᠳᠡᠪᠬᠢᠳᠡᠢ ᠰᠦᠪᠡᠭᠴᠢᠯᠡᠵᠦ᠂ ᠨᠢᠭᠡ ᠪᠦᠯᠦᠭ ᠵᠱᠢᠶ᠎ᠡ ᠦᠵᠡᠬᠦᠯᠬᠦ ᠭᠤᠳᠤᠮᠵᠢ᠂ ᠵᠱᠢᠶ᠎ᠡ ᠦᠵᠡᠬᠦᠯᠬᠦ ᠵᠡᠭᠡᠯᠢ ᠪᠠ ᠵᠢᠱᠢᠶ᠎ᠡ ᠦᠵᠡᠬᠦᠯᠬᠦ ᠤᠷᠤᠨ ᠰᠠᠭᠤᠴᠠ ᠶᠢᠨ ᠲᠤᠭᠤᠷᠢᠭ ᠢ ᠴᠤᠭᠴᠠᠯᠠᠨ᠎ᠠ︔ ᠶᠡᠷᠦ  ᠶᠢᠨ ᠪᠠᠶᠢᠰᠢᠩ ᠤᠨ ᠳᠤᠭᠤᠷᠢᠭ᠂ ᠬᠤᠲᠠ ᠬᠦᠳᠡᠭᠡ ᠶᠢᠨ ᠤᠶᠠᠯᠳᠤᠯ ᠤᠨ ᠬᠡᠰᠡᠭ ᠵᠢᠴᠢ ᠵᠡᠭᠡᠯᠢ ᠵᠢᠵᠢᠭ ᠭᠤᠳᠤᠮᠵᠢ ᠵᠡᠷᠭᠡ ᠤᠷᠤᠨ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠨ ᠰᠠᠶᠢᠵᠢᠷᠠᠭᠤᠯᠤᠯᠳᠠ ᠶᠢ ᠰᠠᠶᠢᠳᠤᠷ ᠠᠳᠬᠤᠵᠤ᠂ ᠴᠡᠪᠡᠷ ᠲᠤᠬᠢᠯᠢᠭ᠂ ᠬᠠᠮᠢᠶᠠᠷᠤᠯᠳᠠ ᠪᠠᠷ ᠡᠮᠬᠢ ᠲᠢᠭᠯᠢᠮ ᠲᠠᠢ᠂ ᠪᠤᠯᠪᠠᠰᠤᠨ ᠶᠤᠰᠤᠷᠬᠠᠭ ᠡᠶ᠎ᠡ ᠵᠤᠬᠢᠴᠠᠭᠰᠠᠨ ᠬᠤᠲᠠ ᠶᠢᠨ ᠤᠷᠴᠢᠨ ᠠᠬᠤᠢ ᠶᠢ ᠪᠤᠢ ᠪᠤᠯᠭᠠᠨ᠎ᠠ᠃      ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡᠪᠡᠷ ᠬᠡᠷᠡᠭᠵᠢᠬᠦᠯᠦᠨ᠎ᠡ᠃ ᠠᠵᠤ ᠦᠢᠯᠡᠰ ᠬᠦᠭᠵᠢᠨ ᠮᠠᠨᠳᠤᠭᠰᠠᠨ᠂ ᠠᠮᠢ ᠠᠬᠤᠢ ᠶᠢᠨ ᠲᠤᠬᠢᠯᠢᠭ ᠰᠠᠭᠤᠷᠢᠰᠢᠯ ᠲᠠᠢ᠂ ᠨᠤᠲᠤᠭ ᠤᠨ ᠵᠠᠩ ᠰᠤᠷᠳᠠᠬᠤᠨ ᠪᠤᠯᠪᠠᠰᠤᠨ᠂ ᠵᠠᠰᠠᠯᠳᠠ ᠪᠠᠷ ᠪᠦᠲᠦᠮᠵᠢᠳᠡᠢ᠂ ᠠᠮᠢᠳᠤᠷᠠᠯ ᠢᠶᠠᠷ ᠪᠠᠶᠠᠵᠢᠭᠰᠠᠨ ᠶᠡᠷᠦᠩᠭᠡᠢ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠠᠵᠤ ᠦᠢᠯᠡᠰ ᠤᠨ ᠬᠦᠭᠵᠢᠨ ᠮᠠᠨᠳᠤᠯᠳᠠ ᠡᠨᠡᠬᠦ ᠭᠤᠤᠯᠳᠠᠯᠭ᠎ᠠ ᠶᠢ ᠰᠠᠶᠢᠳᠤᠷ ᠠᠳᠬᠤᠵᠤ᠂ ᠲᠠᠷᠢᠶᠠᠴᠢᠨ ᠡᠷᠦᠭᠡ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠲᠠᠢ ᠤᠶᠠᠯᠳᠤᠭᠤᠯᠬᠤ ᠪᠠᠷ ᠭᠤᠤᠯᠯᠠᠭᠰᠠᠨ ᠬᠦᠷᠢᠶ᠎ᠡ ᠬᠠᠰᠢᠶᠠᠨ ᠤ ᠠᠵᠤ ᠠᠬᠤᠢ ᠪᠠᠨ ᠬᠦᠭᠵᠢᠬᠦᠯᠬᠦ ᠶᠢ ᠨᠢ ᠬᠦᠲᠦᠯᠵᠦ᠂ ᠬᠦᠰᠡᠯ ᠵᠤᠷᠢᠯᠳᠠ ᠪᠠᠷ ᠴᠢᠩᠭ᠎ᠠ ᠲᠠᠷᠢᠶᠠᠴᠢᠨ ᠡᠷᠦᠭᠡ ᠪᠠ ᠨᠤᠲᠤᠭ ᠲᠤ ᠪᠠᠨ ᠪᠤᠴᠠᠭᠰᠠᠨ ᠴᠢᠳᠠᠪᠤᠷᠢᠳᠠᠨ ᠤ ᠲᠤᠮᠤ ᠡᠷᠦᠭᠡ ᠶᠢᠨ ᠦᠪᠡᠷᠰᠡᠳ ᠢᠶᠠᠨ ᠡᠵᠡᠨ ᠮᠡᠳᠡᠵᠦ ᠭᠡᠷ ᠪᠦᠯᠢ  ᠶᠢᠨ ᠳᠠᠷᠢᠶᠠᠯᠠᠩ ᠮᠠᠯᠵᠢᠯ ᠤᠨ ᠳᠠᠯᠠᠪᠠᠢ᠂ ᠭᠡᠷ ᠪᠦᠯᠢ ᠶᠢᠨ ᠭᠠᠷ ᠦᠢᠯᠡᠳᠭᠡᠯ ᠤᠨ ᠭᠠᠵᠠᠷ ᠪᠠ ᠲᠠᠷᠢᠶᠠᠴᠢᠨ ᠠᠵᠢᠯ  ᠤᠨ ᠴᠡᠩᠭᠡᠬᠦᠨ ᠵᠡᠷᠭᠡ ᠲᠦᠷᠦᠯ ᠵᠦᠢᠯ ᠢ ᠡᠷᠬᠢᠯᠡᠨ ᠨᠡᠭᠡᠭᠡᠨ ᠬᠦᠭᠵᠢᠬᠦᠯᠬᠦ ᠶᠢ ᠨᠢ ᠵᠤᠷᠢᠭᠵᠢᠭᠤᠯᠵᠤ᠂ ᠤᠷᠤᠯᠭ᠎ᠠ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠨ᠎ᠡ᠃ ᠤᠨᠴᠠᠯᠢᠭᠳᠤ ᠠᠵᠤ ᠠᠬᠤᠢ ᠶᠢᠨ ᠤᠢ ᠪᠠ ᠠᠮᠢ ᠠᠬᠤᠢ ᠶᠢᠨ ᠤᠢ  ᠶᠢᠨ ᠪᠦᠲᠦᠭᠡᠨ ᠪᠠᠶᠢᠭᠤᠯᠤᠯᠳᠠ ᠶᠢᠨ ᠡᠷᠴᠢᠮ ᠢ ᠴᠢᠩᠭᠠᠳᠬᠠᠵᠤ᠂ ᠤᠢ ᠰᠢᠭᠤᠢ ᠶᠢᠨ ᠳᠤᠤᠷᠠᠬᠢ ᠠᠵᠤ ᠠᠬᠤᠢ ᠶᠢ ᠬᠦᠭᠵᠢᠬᠦᠯᠵᠦ᠂ ᠵᠡᠷᠡᠮᠳᠡᠭ ᠤᠢ ᠶᠢ ᠢᠳᠡᠪᠬᠢᠳᠡᠢ ᠦᠭᠡᠷᠡᠴᠢᠯᠡᠵᠦ᠂ ᠠᠵᠤ ᠠᠬᠤᠶᠢᠯᠠᠯ ᠪᠠ ᠬᠤᠷᠰᠢᠶᠠᠵᠢᠯ ᠤᠨ ᠪᠡᠯᠡ ᠤᠷᠤᠭᠤᠯᠵᠤ ᠬᠠᠮᠢᠶᠠᠷᠬᠤ ᠶᠢ ᠳᠠᠳᠠᠨ ᠤᠷᠤᠭᠤᠯᠵᠤ ᠬᠠᠪᠰᠤᠷᠴᠤ᠂ ᠲᠤᠰᠬᠤᠨ ᠤ ᠬᠠᠮᠳᠤ ᠪᠤᠯᠤᠨ ᠶᠠᠳᠠᠭᠤ ᠬᠦᠴᠢᠷᠳᠡᠯᠳᠡᠢ ᠡᠷᠦᠭᠡ ᠶᠢᠨ ᠠᠰᠢᠭ ᠤᠯᠬᠤ ᠶᠢ ᠨᠢ ᠳᠠᠶᠢᠴᠢᠯᠠᠨ᠎ᠠ᠃ ᠤᠨᠴᠠᠯᠢᠭᠳᠤ ᠵᠢᠵᠢᠭ ᠪᠠᠯᠭᠠᠰᠤ ᠪᠠ ᠪᠤᠯᠪᠠᠰᠤᠨ ᠲᠤᠰᠬᠤᠨ ᠪᠠᠯᠭᠠᠰᠤᠨ ᠤ ᠪᠠᠶᠢᠭᠤᠯᠤᠯᠳᠠ ᠶᠢ ᠲᠦᠷᠭᠡᠳᠭᠡᠵᠦ᠂ ᠪᠠᠢ ᠬᠠᠢ ᠽᠢ ᠪᠠᠯᠭᠠᠰᠤ ᠶᠢ ᠤᠯᠤᠰ ᠤᠨ ᠳᠡᠰ ᠤᠨ ᠤᠨᠴᠠᠯᠢᠭᠳᠤ ᠵᠢᠵᠢᠭ ᠪᠠᠯᠭᠠᠰᠤ ᠪᠠᠷ ᠭᠤᠶᠤᠴᠢᠯᠠᠨ ᠮᠡᠳᠡᠬᠦᠯᠦᠨ᠎ᠡ᠃ ᠦᠪᠡᠷᠳᠡᠭᠡᠨ ᠵᠠᠰᠠᠬᠤ᠂ ᠮᠤᠷᠠᠯ ᠢᠶᠠᠷ ᠵᠠᠰᠠᠬᠤ᠂ ᠬᠠᠤᠯᠢᠵᠢᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠳᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠬᠦᠳᠡᠭᠡ ᠶᠢᠨ ᠰᠤᠷᠳᠠᠯ ᠨᠤᠲᠤᠭ ᠤᠨ ᠵᠠᠩᠰᠢᠯ᠂ ᠲᠤᠰᠬᠤᠨ ᠤ ᠲᠦᠷᠢᠮ᠂ ᠠᠷᠠᠳ ᠤᠨ ᠬᠡᠷ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠲᠤᠰᠬᠤᠨ ᠤ ᠶᠠᠪᠤᠳᠠᠯ ᠤᠨ ᠬᠢᠨᠠᠯᠳᠠ ᠶᠢᠨ ᠵᠦᠪᠯᠡᠯ  ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠤᠰᠬᠤᠨ ᠤ ᠶᠠᠪᠤᠳᠠᠯ ᠢ ᠢᠯᠡ ᠪᠤᠯᠭᠠᠬᠤ ᠶᠢ ᠪᠦᠬᠦ ᠳᠠᠯ᠎ᠠ ᠪᠠᠷ ᠬᠡᠷᠡᠭᠵᠢᠬᠦᠯᠵᠦ᠂ ︽ᠤᠯᠠᠨ ᠤ ᠶᠠᠪᠤᠳᠠᠯ ᠢ ᠤᠯᠠᠨ ᠢᠶᠠᠷ ᠢᠶᠠᠨ ᠵᠦᠪᠯᠡᠭᠰᠡᠨ᠂ ᠤᠯᠠᠨ ᠢᠶᠠᠷ ᠢᠶᠠᠨ ᠬᠠᠮᠢᠶᠠᠷᠤᠭᠰᠠᠨ︾ ᠰᠠᠶᠢᠨ ᠰᠠᠶᠢᠬᠠᠨ ᠤᠷᠴᠢᠨ ᠠᠬᠤᠢ ᠶᠢ ᠪᠦᠷᠢᠯᠳᠦᠬᠦᠯᠦᠨ᠎ᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠢ ᠡᠬᠢᠯᠡᠬᠦᠯᠦᠨ᠎ᠡ᠃ ᠲᠦᠪ ᠤᠨ ᠬᠦᠳᠡᠭᠡ ᠲᠤᠰᠬᠤᠨ ᠤ ᠬᠦᠮᠦᠨ ᠰᠠᠭᠤᠷᠢᠰᠢᠯ ᠤᠨ ᠤᠷᠴᠢᠨ ᠲᠤᠭᠤᠷᠢᠨ ᠤ ᠴᠡᠭᠴᠡᠯᠡᠨ ᠰᠠᠶᠢᠵᠢᠷᠠᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠢ ᠡᠬᠢᠯᠡᠬᠦᠯᠵᠦ᠂ ᠵᠢᠯ ᠤᠨ ᠳᠤᠳᠤᠷ᠎ᠠ ᠬᠦᠳᠡᠭᠡ ᠲᠤᠰᠬᠤᠨ ᠤ ᠠᠶᠤᠯᠳᠠᠢ ᠭᠡᠷ ᠪᠠᠶᠢᠰᠢᠩ ᠤᠨ ᠰᠢᠨᠡᠳᠭᠡᠨ ᠦᠭᠡᠷᠡᠴᠢᠯᠡᠯᠳᠡ 5000 ᠡᠷᠦᠭᠡ ᠶᠢ ᠪᠡᠶᠡᠯᠡᠬᠦᠯᠬᠦ ᠪᠠᠷ ᠬᠦᠴᠦᠯᠡᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ  ᠤ ᠡᠷᠡᠬᠦᠯ ᠬᠠᠮᠠᠭᠠᠯᠠᠯ ᠪᠠ ᠲᠤᠰᠬᠤᠨ ᠤ ᠲᠦᠷᠰᠦ ᠪᠠᠶᠢᠳᠠᠯ ᠤᠨ ᠴᠡᠭᠴᠡᠯᠡᠨ ᠰᠠᠶᠢᠵᠢᠷᠠᠭᠤᠯᠤᠯᠳᠠ ᠶᠢᠨ ᠡᠷᠴᠢᠮ ᠢ ᠵᠢᠭᠳᠡ ᠪᠠᠷ ᠴᠢᠩᠭᠠᠳᠬᠠᠵᠤ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠎ᠡ᠃ ᠲᠤᠮᠤ ᠴᠢᠬᠤᠯᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ  ᠶᠢ ᠲᠦᠯᠬᠢᠨ ᠠᠬᠢᠭᠤᠯᠵᠤ᠂ 53 ᠺᠢᠯᠤᠮᠧᠲᠷ ᠤᠨ ᠲᠤᠰᠬᠤᠨ ᠳᠤ ᠨᠡᠪᠳᠡᠷᠡᠬᠦ ᠵᠠᠰᠠᠮᠠᠯ ᠵᠠᠮ ᠤᠨ ᠬᠤᠯᠪᠤᠭᠠᠰᠤ ᠪᠠ 233 ᠮᠤᠵᠢ ᠶᠢᠨ ᠵᠠᠮ ᠤᠨ ᠰᠢᠩ ᠾᠧ ᠠᠴᠠ ᠱᠠᠩᠳᠤ ᠳᠤ ᠬᠦᠷᠬᠦ ᠬᠡᠰᠡᠭ ᠤᠨ ᠠᠵᠢᠯ ᠤᠨ ᠪᠠᠷᠠᠬᠤ ᠶᠢ ᠦᠨᠡᠨᠬᠦ ᠪᠠᠲᠤᠯᠠᠵᠤ᠂ ᠱᠠᠩᠳᠤ ᠠᠴᠠ ᠬᠦᠪᠡᠭᠡᠳᠦ ᠰᠢᠷ᠎ᠠ ᠬᠦᠷᠬᠦ ᠬᠡᠰᠡᠭ ᠤᠨ 86 ᠺᠢᠯᠤᠮᠧᠲᠷ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠪᠠ ᠱᠠᠩᠳᠤ ᠠᠴᠠ ᠤᠯᠠᠭᠠᠨᠬᠠᠳᠠ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ  ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠷᠳᠡ ᠨᠢᠭᠡᠨ ᠡᠳᠦᠷ ᠪᠤᠰᠬᠠᠬᠤ ᠪᠠᠷ ᠬᠦᠴᠦᠯᠡᠨ ᠴᠢᠷᠮᠠᠶᠢᠵᠤ ᠂ ᠱᠠᠩᠳᠤ ᠴᠢᠭᠤᠯᠤᠯᠳᠤ ᠬᠠᠭᠠᠯᠭ᠎ᠠ ᠵᠠᠮ ᠪᠠ ᠱᠠᠩᠳᠤ ᠵᠢᠨᠢᠩ ᠵᠠᠮ ᠤᠨ ᠳᠡᠭᠡᠳᠦ ᠳᠡᠰ ᠤᠨ ᠵᠠᠰᠠᠮᠠᠯ ᠵᠠᠮ ᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠴᠢᠷᠮᠠᠶᠢᠨ ᠤᠯᠵᠤ᠂ ᠠᠯᠢ ᠲᠦᠷᠭᠡᠨ ᠢᠶᠠᠷ ᠲᠦᠷᠦᠯ ᠵᠦᠢᠯ ᠢ ᠪᠤᠰᠬᠠᠵᠤ ᠪᠠᠷᠢᠯᠭ᠎ᠠ ᠶᠢᠨ ᠠᠵᠢᠯ ᠢ ᠨᠢ ᠡᠬᠢᠯᠡᠬᠦᠯᠵᠦ᠂ ᠮᠤᠵᠢ ᠶᠢᠨ ᠲᠤᠮᠤ ᠨᠡᠪᠳᠡᠷᠡᠯᠭᠡ ᠶᠢᠨ ᠵᠠᠮ ᠤᠨ ᠦᠨᠳᠦᠷ ᠬᠤᠷᠳᠤᠴᠠᠳᠤ ᠵᠠᠰᠠᠮᠠᠯ ᠵᠠᠮ ᠤᠨ ᠪᠠᠷᠢᠯᠭ᠎ᠠ ᠶᠢᠨ ᠪᠠᠷᠢᠯᠭ᠎ᠠ ᠶᠢᠨ ᠠᠵᠢᠯ ᠡᠬᠢᠯᠡᠬᠦᠯᠬᠦ ᠠᠴᠠ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ ᠰᠠᠶᠢᠳᠤᠷ ᠬᠢᠵᠦ᠂ ᠰᠢᠶᠠᠨ ᠰᠢᠶᠠᠩ ᠤᠨ 15 ᠵᠤᠷᠪᠤᠰ ᠵᠠᠰᠠᠮᠠᠯ ᠵᠠᠮ ᠤᠨ ᠠᠷᠠᠴᠢᠯᠠᠯᠳᠠ ᠬᠠᠮᠢᠶᠠᠷᠤᠯᠳᠠ ᠶᠢᠨ ᠡᠬᠦᠷᠭᠡ ᠶᠢ ᠪᠡᠶᠡᠯᠡᠬᠦᠯᠵᠦ᠂ ᠪᠦᠬᠦ ᠤᠯᠤᠰ ᠤᠨ ︽ᠲᠦᠷᠪᠡᠨ ᠰᠠᠶᠢᠨᠳᠠᠢ︾ ᠬᠦᠳᠡᠭᠡ ᠲᠤᠰᠬᠤᠨ  ᠤ ᠵᠠᠰᠠᠮᠠᠯ ᠵᠠᠮ ᠤᠨ ᠵᠢᠱᠢᠶ᠎ᠡ ᠦᠵᠡᠬᠦᠯᠬᠦ ᠰᠢᠶᠠᠨ ᠢ ᠴᠤᠭᠴᠠᠯᠠᠬᠤ ᠪᠠᠷ ᠴᠢᠷᠮᠠᠶᠢᠨ᠎ᠠ᠃ ᠬᠤᠲᠠ ᠬᠦᠳᠡᠭᠡ ᠶᠢᠨ ᠴᠠᠬᠢᠯᠭᠠᠨ ᠲᠤᠤᠷ ᠤᠨ ᠰᠢᠨᠡᠳᠭᠡᠨ ᠦᠭᠡᠷᠡᠴᠢᠯᠡᠯᠳᠡ ᠶᠢᠨ ᠪᠠᠷᠢᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠴᠠᠬᠢᠯᠭᠠᠨ ᠤ ᠲᠤᠤᠷ ᠤᠨ ᠰᠢᠨᠡᠳᠭᠡᠨ ᠦᠭᠡᠷᠡᠴᠢᠯᠡᠯᠳᠡ ᠶᠢᠨ ᠪᠠᠷᠢᠯᠭ᠎ᠠ ᠪᠠᠷ 20 ᠲᠦᠷᠦᠯ ᠢ ᠪᠡᠶᠡᠯᠡᠬᠦᠯᠦᠨ᠎ᠡ᠃      ︵ᠲᠦᠷᠪᠡ︶ ᠦᠭᠡᠷᠡᠴᠢᠯᠡᠯᠳᠡ᠂ ᠬᠦᠭᠵᠢᠯᠳᠡ᠂ ᠲᠤᠭᠳᠠᠭᠤᠨ ᠭᠤᠷᠪᠠ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠭᠤᠤᠯ ᠪᠤᠯᠭᠠᠵᠤ᠂ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃      ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ᠬᠡᠷᠡᠭ ᠵᠦᠪᠳᠡᠯᠴᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠤᠯᠠᠨ ᠦᠨᠡᠮᠯᠡᠯ ᠢ ᠨᠢᠭᠡ ᠪᠤᠯᠭᠠᠬᠤ᠂ ᠨᠢᠭᠡ ᠬᠡᠷᠡᠴᠢ ᠳᠤ ᠨᠢᠭᠡ ᠨᠤᠮᠧᠷ ᠲᠠᠢ ᠪᠠᠶᠢᠯᠭᠠᠬᠤ᠂ ᠦᠨᠡᠮᠯᠡᠯ ᠬᠡᠷᠡᠴᠢ ᠶᠢ ᠰᠠᠯᠭᠠᠬᠤ︾ ᠶᠢ ᠪᠦᠬᠦ ᠳᠠᠯ᠎ᠠ ᠪᠠᠷ ᠳᠡᠯᠭᠡᠷᠡᠬᠦᠯᠦᠨ᠎ᠡ᠃ ᠱᠠᠲᠤᠯᠢᠭ ᠮᠠᠶ᠋ᠢᠭ ᠤᠨ ᠤᠰᠤᠨ ᠤ ᠦᠨ᠎ᠡ ᠬᠠᠩᠰᠢ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ᠂ ᠬᠤᠳᠠᠯᠳᠤᠭᠠᠨ ᠤ ᠡᠷᠦᠭᠡ ᠪᠤᠯᠤᠨ ᠠᠵᠤ ᠠᠬᠤᠶᠢᠯᠠᠯ ᠤᠨ ᠨᠢᠭᠡᠴᠢ ᠳᠤ ᠱᠠᠲᠤᠯᠢᠭ ᠮᠠᠶ᠋ᠢᠭ ᠤᠨ ᠦᠨ᠎ᠡ ᠬᠠᠩᠰᠢ ᠶᠢᠨ ᠲᠦᠷᠢᠮ ᠢ ᠬᠡᠷᠡᠭᠵᠢᠬᠦᠯᠦᠨ᠎ᠡ᠃ ᠦᠮᠴᠢᠯᠡᠯ ᠤᠨ ᠡᠷᠭᠡ᠂ ᠳᠠᠭᠠᠭᠠᠴᠢᠯᠠᠯᠳᠠ ᠶᠢᠨ ᠡᠷᠭᠡ᠂ ᠡᠵᠡᠩᠨᠡᠯᠳᠡ ᠶᠢᠨ ᠡᠷᠭᠡ ︽ᠭᠤᠷᠪᠠᠨ ᠡᠷᠭᠡ︾ ᠶᠢᠨ ᠬᠤᠪᠢᠶᠠᠷᠢᠯᠠᠯᠳᠠ ᠶᠢᠨ ᠲᠦᠷᠢᠮ  ᠢ ᠳᠡᠬᠦᠯᠳᠡᠷᠵᠢᠬᠦᠯᠵᠦ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢᠨ ᠡᠮᠬᠢ ᠲᠢᠭᠯᠢᠮ ᠲᠠᠢ ᠰᠢᠯᠵᠢᠬᠦᠯᠬᠦ ᠶᠢ ᠬᠦᠳᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠭᠡ ᠶᠢ ᠳᠤᠳᠤᠷᠬᠠᠶᠢᠯᠠᠨ ᠳᠠᠩᠰᠠᠯᠠᠵᠤ ᠦᠨᠡᠮᠯᠡᠯ ᠤᠯᠭᠤᠬᠤ ᠠᠵᠢᠯ ᠢ ᠪᠡᠶᠡᠯᠡᠬᠦᠯᠦᠨ᠎ᠡ᠃ ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢᠨ ᠲᠦᠷᠢᠮ᠂ ᠬᠠᠮᠳᠤ ᠶᠢᠨ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠶᠢ ᠪᠠᠶᠢᠴᠠᠭᠠᠨ ᠬᠠᠷᠭᠤᠭᠤᠯᠬᠤ ᠵᠢᠵᠢ ᠬᠤᠪᠢ ᠤᠷᠤᠭᠤᠯᠵᠤ ᠬᠤᠷᠰᠢᠬᠤ ᠲᠦᠷᠢᠮ ᠤᠨ ᠦᠭᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠪᠤᠢ ᠪᠦᠬᠦᠢ ᠲᠤᠰᠬᠤᠨ ᠤ ᠦᠭᠡᠷᠡᠴᠢᠯᠡᠯᠳᠡ ᠶᠢᠨ ᠡᠬᠦᠷᠭᠡ ᠶᠢ ᠪᠡᠶᠡᠯᠡᠬᠦᠯᠦᠨ᠎ᠡ᠃ ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠮᠡᠳᠡᠭᠡ ᠵᠠᠩᠬᠢᠵᠢᠯᠳᠠ ᠶᠢᠨ ︽ᠭᠤᠷᠪᠠᠨ ᠪᠦᠬᠦ ᠳᠠᠯ᠎ᠠ ᠶᠢᠨ ᠬᠠᠷᠠᠯᠳᠠ︾ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠤ᠂ ᠭᠤᠷᠪᠠᠨ ᠵᠢᠯ ᠤᠨ ᠴᠠᠭ ᠵᠠᠷᠤᠴᠠᠭᠤᠯᠵᠤ ᠪᠠᠶᠢᠭᠠᠳ ᠬᠦᠳᠡᠭᠡ ᠲᠤᠰᠬᠤᠨ ᠤ ᠬᠠᠮᠳᠤ ᠶᠢᠨ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠶᠢ ᠴᠡᠪᠡᠷᠯᠡᠨ᠎ᠡ᠃ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠴᠡᠪᠡᠷᠯᠡᠨ ᠪᠠᠶᠢᠴᠠᠭᠠᠬᠤ ᠠᠵᠢᠯ ᠢ ᠶᠠᠪᠤᠭᠳᠠᠭᠤᠯᠵᠤ᠂ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ᠃ ᠠᠵᠤ ᠠᠬᠤᠶᠢᠯᠠᠯ  ᠤᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ᠶᠠᠳᠠᠭᠤ ᠶᠢ ᠳᠡᠳᠬᠦᠬᠦ IPO ᠰᠢᠭᠤᠳ ᠨᠡᠪᠲᠡᠷᠡᠯᠭᠡ ᠶᠢᠨ ᠲᠦᠷᠦ ᠶᠢᠨ ᠪᠤᠳᠤᠯᠭ᠎ᠠ ᠶᠢ ᠠᠰᠢᠭᠯᠠᠵᠤ᠂ ᠬᠤᠸᠠ ᠱᠧᠩ ᠯᠢᠤᠢ ᠨᠧᠩ ᠲᠠᠷᠢᠶᠠᠯᠠᠩ ᠤᠨ ᠰᠢᠨᠵᠢᠯᠡᠭᠡᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠡᠷᠳᠡ ᠨᠢᠭᠡᠨ ᠡᠳᠦᠷ ᠵᠠᠬ᠎ᠠ ᠳᠡᠯᠭᠡᠬᠦᠷ ᠲᠤ ᠭᠠᠷᠬᠤ ᠮᠡᠳᠡᠬᠦᠯᠦᠯᠳᠡ ᠳᠡᠪᠰᠢᠬᠦᠯᠦᠨ ᠦᠭᠭᠦ ᠶᠢ ᠬᠦᠴᠦᠯᠡᠨ ᠠᠬᠢᠭᠤᠯᠵᠤ᠂ ᠵᠢᠯ ᠤᠨ ᠳᠤᠳᠤᠷ᠎ᠠ ᠦᠪᠤᠷ ᠮᠤᠩᠭᠤᠯ ᠤᠨ ᠰᠲ᠋ᠤᠺ ᠤᠨ ᠡᠷᠭᠡ ᠶᠢᠨ ᠠᠷᠠᠯᠵᠢᠶᠠᠨ ᠤ ᠲᠦᠪ ᠤᠨ ᠨᠡᠪᠴᠢᠬᠦᠯᠦᠯᠳᠡ ᠶᠢᠨ ᠬᠡᠪ ᠲᠤ ᠫᠠᠶᠢᠰᠠ ᠡᠯᠬᠦᠭᠰᠡᠨ 3 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ ᠨᠠᠵᠠᠭᠠᠢ ᠳᠠᠯ᠎ᠠ ᠶᠢᠨ ᠨᠠᠷᠢᠨ ᠳᠠᠩᠰᠠ ᠶᠢ ᠪᠦᠬᠦ ᠳᠠᠯ᠎ᠠ ᠪᠠᠷ ᠶᠠᠪᠤᠭᠳᠠᠭᠤᠯᠵᠤ᠂ ᠤᠯᠠᠨ ᠨᠡᠶᠢᠳᠡ ᠶᠢᠨ ᠡᠬᠢ ᠪᠠᠶᠠᠯᠢᠭ  ᠤᠨ ᠠᠷᠠᠯᠵᠢᠶᠠᠨ ᠤ ᠡᠯᠧᠺᠲᠷᠤᠨᠴᠢᠯᠠᠭᠰᠠᠨ ᠳᠠᠪᠴᠠᠩ ᠤᠨ ᠪᠦᠲᠦᠭᠡᠨ ᠪᠠᠶᠢᠭᠤᠯᠤᠯᠳᠠ ᠶᠢ ᠪᠡᠶᠡᠯᠡᠬᠦᠯᠵᠦ᠂ ᠳᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ ᠳᠤ ᠤᠷᠤᠯᠴᠠᠬᠤ ᠶᠢᠨ ᠰᠦᠯᠵᠢᠶᠡᠵᠢᠯᠳᠡ ᠶᠢ ᠡᠷᠳᠡᠭᠡᠨ ᠪᠡᠶᠡᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠬᠠᠮᠳᠤ ᠶᠢᠨ ᠦᠮᠴᠢᠯᠡᠯᠳᠦ ᠠᠵᠤ ᠠᠬᠤᠢ ᠶᠢᠨ ᠬᠦᠭᠵᠢᠯᠳᠡ ᠶᠢ ᠳᠦᠷᠭᠡᠳᠭᠡᠬᠦ ᠶᠢ ᠵᠤᠷᠢᠭᠵᠢᠭᠤᠯᠬᠤ ᠪᠠ ᠳᠡᠮᠵᠢᠬᠦ ᠲᠤᠯᠤᠭᠠᠨ ᠳᠠᠯ᠎ᠠ ᠶᠢᠨ 76 ᠵᠦᠢᠯ ᠤᠨ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠬᠦᠷᠭᠡ ᠴᠢᠳᠠᠪᠬᠢ ᠶᠢ ᠬᠦᠢᠴᠡᠳ ᠪᠠᠳᠠᠷᠠᠭᠤᠯᠵᠤ᠂ ᠠᠷᠠᠳ  ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ ᠪᠦᠬᠦ ᠬᠦᠴᠦᠨ ᠢᠶᠠᠷ ᠳᠡᠮᠵᠢᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠷᠴᠢᠨ ᠲᠤᠭᠤᠷᠢᠨ ᠤ ᠬᠠᠮᠠᠭᠠᠯᠠᠯᠳᠠ  ᠶᠢᠨ ᠭᠠᠶᠢᠯᠢ ᠵᠡᠷᠭᠡ ᠭᠠᠶᠢᠯᠢ ᠲᠦᠷᠢᠮ ᠤᠨ ᠦᠭᠡᠷᠡᠴᠢᠯᠡᠯᠳᠡ ᠶᠢᠨ ᠠᠵᠢᠯ ᠢ ᠰᠠᠶᠢᠳᠤᠷ ᠬᠢᠨ᠎ᠡ᠃ ︽ᠬᠠᠮᠢᠶᠠᠷᠤᠯᠳᠠ  ᠶᠢᠨ ᠵᠦᠪᠯᠡᠯ + ᠺᠤᠮᠫᠠᠨᠢ︾ ᠶᠢᠨ ᠵᠠᠭᠪᠤᠷ ᠢ ᠳᠡᠯᠭᠡᠷᠡᠬᠦᠯᠵᠦ᠂ ᠬᠦᠷᠢᠶᠡᠯᠠᠩ ᠲᠤᠭᠤᠷᠢᠭ ᠤᠨ ᠬᠠᠮᠢᠶᠠᠷᠤᠯᠳᠠ ᠶᠢᠨ ᠪᠠᠶᠢᠭᠤᠯᠤᠮᠵᠢ ᠪᠠ ᠠᠵᠢᠯ ᠤᠨ ᠳᠤᠭᠳᠠᠴᠠ ᠶᠢ ᠰᠢᠯᠤᠭᠤᠳᠬᠠᠨ᠎ᠠ᠃ ᠬᠤᠳᠠ ᠪᠠᠯᠭᠠᠰᠤᠨ ᠤ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠦᠭᠡᠷᠡᠴᠢᠯᠡᠯᠳᠡ ᠶᠢ ᠳᠤᠭᠳᠠᠭᠤᠨ ᠢᠶᠠᠷ ᠲᠦᠯᠬᠢᠨ ᠠᠬᠢᠭᠤᠯᠤᠨ᠎ᠠ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠷᠤᠰᠢᠭᠤᠯᠭ᠎ᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠵᠢᠯ ᠤᠨ ᠳᠤᠳᠤᠷ᠎ᠠ ᠤᠷᠤᠰᠢᠭᠤᠯᠭ᠎ᠠ ᠶᠢᠨ ᠶᠤᠰᠤᠯᠠᠯ ᠤᠨ ᠤᠷᠳᠤᠨ ᠤ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠬᠦᠯᠦᠨ᠎ᠡ᠃      ᠨᠡᠭᠡᠭᠡᠯᠳᠡ ᠬᠦᠭᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠶᠡᠬᠡᠪᠡᠷ ᠨᠡᠭᠡᠭᠡᠪᠡᠯ ᠶᠡᠬᠡᠪᠡᠷ ᠬᠦᠭᠵᠢᠨ᠎ᠡ᠂ ᠪᠠᠭ᠎ᠠ ᠪᠠᠷ ᠨᠡᠭᠡᠭᠡᠪᠡᠯ ᠪᠠᠭ᠎ᠠ ᠪᠠᠷ ᠬᠦᠭᠵᠢᠨ᠎ᠡ᠂ ᠨᠡᠭᠡᠭᠡᠬᠦ ᠦᠭᠡᠢ ᠪᠣᠯ ᠬᠦᠭᠵᠢᠬᠦ ᠳᠤ ᠬᠦᠴᠢᠷ ᠲᠠᠢ᠃ ︽ᠦᠨᠳᠦᠷ ᠲᠤ ᠵᠤᠭᠰᠤᠵᠤ ᠠᠯᠤᠰ ᠢ ᠪᠠᠷᠠᠯᠠᠬᠤ︾ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠲᠤᠰ ᠭᠠᠵᠠᠷ  ᠠᠴᠠ ᠪᠠᠨ ᠦᠰᠦᠷᠦᠨ ᠭᠠᠷᠴᠤ᠂ ᠪᠠᠶᠢᠭᠠᠯᠢ ᠶᠢᠨ ᠨᠦᠬᠦᠴᠡᠯ ᠤᠨ ᠬᠦᠯᠢᠶᠡᠰᠦᠯᠡᠯ ᠠᠴᠠ ᠦᠰᠦᠷᠦᠨ ᠭᠠᠷᠴᠤ᠂ ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠪᠠᠷ ᠬᠦᠭᠵᠢᠯᠳᠡ ᠪᠠᠨ ᠰᠦᠪᠡᠭᠴᠢᠯᠡᠨ᠎ᠡ᠃ ᠵᠢᠯ ᠤᠨ ᠳᠤᠳᠤᠷ᠎ᠠ ᠤᠶᠤᠨ ᠬᠦᠴᠦᠨ ᠢᠶᠠᠨ ᠲᠦᠪᠯᠡᠷᠡᠬᠦᠯᠦᠨ ᠨᠢᠭᠡᠨᠳᠡ ᠬᠡᠷ᠎ᠡ ᠲᠤᠭᠳᠠᠭᠰᠠᠨ ᠵᠢᠴᠢ ᠰᠠᠨᠠᠮᠵᠢ ᠶᠢᠨ ᠴᠢᠨᠠᠷ ᠪᠦᠬᠦᠢ 51 ᠲᠦᠷᠦᠯ ᠵᠦᠢᠯ ᠢ ᠮᠦᠷᠳᠡᠨ ᠰᠠᠶᠢᠳᠤᠷ ᠨᠠᠶᠢᠳᠠᠪᠤᠷᠢᠵᠢᠭᠤᠯᠵᠤ᠂ ᠨᠠᠩ ᠤᠯᠠᠨ ᠲᠦᠷᠦᠯ ᠢ ᠪᠤᠰᠬᠠᠵᠤ ᠪᠦᠲᠦᠭᠡᠨ ᠪᠠᠶᠢᠭᠤᠯᠬᠤ  ᠪᠠᠷ ᠬᠦᠴᠦᠯᠡᠨ ᠴᠢᠷᠮᠠᠶᠢᠨ᠎ᠠ᠃ ᠨᠢᠭᠡ ᠳᠤ ᠪᠡᠭᠡᠵᠢᠩ ᠲᠢᠶᠠᠨᠵᠢᠨ ᠾᠧᠪᠸᠢ ᠶᠢᠨ ᠬᠠᠮᠳᠤ ᠶᠢᠨ ᠬᠦᠭᠵᠢᠯᠳᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠳᠤᠨ᠎ᠠ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠤᠭᠤᠳᠤᠨ ᠨᠡᠪᠲᠡᠷᠡᠬᠦᠯᠵᠦ᠂ ᠠᠵᠤ ᠦᠢᠯᠡᠰ ᠢ ᠰᠢᠯᠵᠢᠬᠦᠯᠬᠦ ᠪᠠ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠳᠡᠳᠬᠦᠬᠦ ᠬᠠᠮᠳᠤᠷᠠᠯᠴᠠᠭᠠᠨ ᠤ ᠠᠵᠠ ᠲᠤᠬᠢᠶᠠᠯ ᠢ ᠵᠠᠪᠳᠤᠵᠤ᠂ ᠰᠠᠨᠠᠭᠠᠴᠢᠯᠠᠭ᠎ᠠ ᠠᠴᠠ ᠪᠠᠨ ᠳᠠᠭᠠᠷᠢᠨ ᠵᠤᠯᠭᠠᠯᠳᠤᠭᠤᠯᠵᠤ᠂ ᠨᠢᠭᠡ ᠪᠦᠯᠦᠭ ᠰᠠᠶᠢᠨ ᠲᠦᠷᠦᠯ ᠵᠦᠢᠯ᠂ ᠲᠤᠮᠤ ᠲᠦᠷᠦᠯ ᠵᠦᠢᠯ ᠪᠠ ᠰᠢᠯᠢᠳᠡᠭ ᠠᠵᠤ ᠠᠬᠤᠶᠢᠯᠠᠯ ᠤᠨ ᠱᠠᠩᠳᠤ ᠳᠤ ᠨᠤᠲᠤᠭᠰᠢᠬᠤ ᠶᠢ ᠨᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠰᠢᠯᠵᠢᠯᠳᠡ ᠶᠢ ᠲᠤᠰᠬᠤ ᠪᠠ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠬᠦ ᠳᠡᠭᠡᠷ᠎ᠡ ᠰᠢᠨ᠎ᠡ ᠰᠢᠪᠲᠤᠯᠤᠯᠳᠠ ᠲᠠᠢ ᠪᠤᠯᠭᠠᠨ᠎ᠠ᠃ ᠬᠤᠶᠠᠷ  ᠲᠤ ᠨᠡᠭᠡᠭᠡᠯᠳᠡ ᠬᠦᠭᠵᠢᠯᠳᠡ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠤᠷᠴᠢᠨ ᠠᠬᠤᠢ ᠪᠣᠯ ᠨᠡᠭᠡᠭᠡᠯᠳᠡ ᠬᠦᠭᠵᠢᠯᠳᠡ ᠶᠢᠨ ᠨᠢᠭᠡᠳᠦᠭᠡᠷ ᠦᠷᠢᠰᠦᠯᠳᠦᠬᠦ ᠬᠦᠴᠦᠨ ᠮᠥᠨ᠃ 2018 ᠤᠨ ᠪᠣᠯ ᠪᠦᠬᠦ ᠬᠤᠲᠠ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠤᠨ ᠮᠥᠨ ᠪᠤᠯᠬᠤᠷ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ︽ᠠᠪᠤᠨ ᠳᠤᠤᠷ᠎ᠠ ᠪᠠᠨ ᠬᠦᠢᠴᠡᠳᠭᠡᠬᠦ︾ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠬᠦᠶᠦᠬᠦ︾ ᠠᠷᠭ᠎ᠠ ᠪᠠᠷᠢᠯ ᠢ ᠳᠡᠯᠭᠡᠷᠡᠬᠦᠯᠵᠦ᠂ ︽ᠡᠬᠦᠳᠡ ᠤᠷᠤᠬᠤ ᠳᠤ ᠰᠠᠶᠢᠨ᠂ ᠴᠢᠷᠠᠢ ᠦᠵᠡᠬᠦ ᠳᠤ ᠰᠠᠶᠢᠬᠠᠨ᠂ ᠶᠠᠪᠤᠳᠠᠯ ᠬᠢᠬᠦ ᠳᠤ ᠬᠦᠴᠢᠷ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠢᠳᠡᠬᠦ ᠠᠪᠬᠤ ᠬᠠᠰᠢᠬᠤ︾ ᠵᠡᠷᠭᠡ ᠡᠵᠡᠩᠨᠡᠯᠳᠡ ᠬᠤᠳᠠᠯᠳᠤᠭ᠎ᠠ ᠶᠢᠨ ᠤᠷᠴᠢᠨ ᠠᠬᠤᠢ ᠶᠢ ᠡᠪᠳᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠢᠩᠬᠢᠮ ᠳᠤ ᠰᠠᠭᠤᠭ᠎ᠠ ᠨᠢᠭᠡᠴᠢ ᠶᠢᠨ ᠬᠦᠮᠦᠰ ᠤᠨ ᠬᠢᠷᠢ ᠪᠦᠲᠦᠮᠵᠢ ᠶᠢᠨ ᠬᠠᠮᠢᠶᠠᠷᠤᠯᠳᠠ ᠶᠢ ᠴᠢᠩᠭᠠᠳᠬᠠᠬᠤ ᠶᠢ ᠰᠦᠪᠡᠭᠴᠢᠯᠡᠵᠦ᠂ ᠴᠤᠩᠬᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠨᠤᠲᠤᠭᠰᠢᠭᠰᠠᠨ ᠠᠵᠤ ᠠᠬᠤᠶᠢᠯᠠᠯ ᠤᠨ ︽ᠠᠰᠠᠷᠠᠭᠴᠢ ᠮᠠᠶ᠋ᠢᠭ︾ ᠤᠨ ᠮᠦᠷᠳᠡᠨ ᠦᠢᠯᠡᠴᠢᠯᠡᠭᠡ ᠪᠠᠨ ᠴᠢᠩᠭᠠᠳᠬᠠᠵᠤ᠂ ︽ᠳᠤᠳᠤᠨᠤ︾ ︽ᠠᠷᠢᠭᠤᠨ︾ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠢᠳᠡᠪᠬᠢᠳᠡᠢ ᠪᠠᠶᠢᠭᠤᠯᠤᠨ᠎ᠠ᠃ ᠭᠤᠷᠪᠠ ᠳᠤ ᠠᠵᠤ ᠦᠢᠯᠡᠰ ᠤᠨ ᠴᠤᠭᠯᠠᠷᠠᠯ ᠤᠨ ᠳᠠᠪᠴᠠᠩ ᠢ ᠪᠠᠶᠢᠭᠤᠯᠤᠨ᠎ᠠ᠃ ᠬᠦᠷᠢᠶᠡᠯᠡᠩ ᠲᠤᠭᠤᠷᠢᠭ ᠢ ᠬᠦᠭᠵᠢᠬᠦᠯᠦᠨ ᠮᠠᠨᠳᠤᠭᠤᠯᠬᠤ ᠲᠦᠯᠦᠪᠯᠡᠭᠡ ᠶᠢ ᠶᠡᠬᠡᠪᠡᠷ ᠬᠡᠷᠡᠭᠵᠢᠬᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠢ ᠪᠦᠲᠦᠭᠡᠨ ᠪᠠᠶᠢᠭᠤᠯᠬᠤ ᠶᠢ ᠴᠤᠭᠯᠠᠷᠠᠯ ᠰᠦᠷᠦᠭᠵᠢᠯ ᠤᠨ ᠮᠠᠶ᠋ᠢᠭ ᠢᠶᠠᠷ ᠠᠵᠤ ᠠᠬᠤᠶᠢᠯᠠᠯ ᠢ ᠳᠠᠳᠠᠨ ᠤᠷᠤᠭᠤᠯᠬᠤ ᠲᠠᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ︽ᠠᠳᠠᠯ ᠪᠤᠰᠬᠠᠯᠳᠠ ᠶᠢ ᠨᠡᠪᠴᠢᠬᠦᠯᠬᠦ︾ ᠢᠨᠵᠧᠨᠧᠷᠢᠩ ᠢ ᠬᠡᠷᠡᠭᠵᠢᠬᠦᠯᠬᠦ ᠶᠢ ᠲᠦᠷᠭᠡᠳᠭᠡᠵᠦ᠂ ᠬᠤᠸᠠ ᠱᠧᠩ ᠯᠢᠤᠢ ᠨᠧᠩ᠂ ᠵᠢᠶᠠ ᠯᠢ ᠲᠤᠰᠤᠯᠠᠭᠤᠯᠤᠨ ᠤᠰᠤᠯᠠᠯᠳᠠ᠂ ᠰᠦ᠋ ᠮᠧᠩ ᠴᠠᠬᠢᠯᠭᠠᠨ ᠬᠡᠷᠡᠭᠰᠡᠯ ᠵᠡᠷᠭᠡ ᠨᠢᠭᠡ ᠪᠦᠯᠦᠭ ᠠᠵᠤ ᠦᠢᠯᠡᠰ ᠤᠨ ᠨᠡᠪᠴᠢᠬᠦᠯᠦᠯᠳᠡ ᠶᠢᠨ ᠬᠦᠷᠢᠶᠡᠯᠡᠩ ᠢ ᠭᠤᠤᠯᠳᠠᠯᠭ᠎ᠠ ᠲᠠᠢ ᠪᠠᠶᠢᠭᠤᠯᠤᠨ᠎ᠠ᠃ ᠬᠦᠷᠢᠶᠡᠯᠠᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ 220 ᠺᠢᠯᠤᠸᠠᠲ ᠴᠠᠬᠢᠯᠭᠠᠨ ᠬᠤᠪᠢᠰᠬᠠᠭᠤᠷ ᠤᠨ ᠦᠷᠳᠡᠭᠡ ᠶᠢ ︽ᠤᠯᠠᠭᠠᠨᠴᠠᠪ ᠬᠤᠲᠠ ᠶᠢᠨ ᠴᠠᠬᠢᠯᠭᠠᠨ ᠲᠤᠤᠷ ᠤᠨ ᠪᠦᠲᠦᠭᠡᠨ ᠪᠠᠶᠢᠭᠤᠯᠤᠯᠳᠠ ᠶᠢᠨ ᠠᠷᠪᠠᠨ ᠭᠤᠷᠪᠠᠳᠤᠭᠠᠷ ᠳᠠᠪᠤᠨ ᠵᠢᠯ ᠤᠨ ᠲᠦᠯᠦᠪᠵᠢᠬᠦᠯᠭᠡ︾ ᠳᠤ ᠤᠷᠤᠭᠤᠯᠬᠤ ᠶᠢ ᠴᠢᠷᠮᠠᠶᠢᠨ ᠤᠯᠵᠤ᠂ ᠬᠦᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ 110 ᠺᠢᠯᠤᠸᠠᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠶᠢᠨ ᠪᠠᠷᠢᠯᠭ᠎ᠠ ᠶᠢᠨ ᠠᠵᠢᠯ ᠢ ᠡᠬᠢᠯᠡᠬᠦᠯᠬᠦ ᠶᠢ ᠦᠨᠡᠨᠬᠦ ᠪᠠᠲᠤᠯᠠᠨ᠎ᠠ᠃ ᠲᠦᠷᠪᠡ ᠳᠤ ᠬᠦᠷᠢᠶᠡᠯᠠᠩ ᠲᠤᠭᠤᠷᠢᠭ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢ ᠳᠦᠷᠢᠮᠵᠢᠬᠦᠯᠦᠨ᠎ᠡ᠃ ᠲᠤᠮᠤ ᠶᠢᠨ ᠬᠢᠨᠢ ᠪᠠᠭ᠎ᠠ ᠶᠢ ᠨᠢ ᠪᠠᠶᠢᠭᠤᠯᠬᠤ᠂ ᠬᠠᠩᠭᠠᠬᠤ ᠠᠴᠠ ᠪᠢᠰᠢ ᠦᠯᠦ ᠪᠠᠶᠢᠭᠤᠯᠬᠤ ᠵᠡᠷᠭᠡ ︽ᠦᠬᠦᠮᠡᠯ︾ ᠠᠵᠤ ᠠᠬᠤᠶᠢᠯᠠᠯ᠂ ᠪᠠᠷᠢᠵᠤ ᠳᠠᠭᠤᠰᠬᠠᠭᠰᠠᠨ ᠦᠭᠡᠢ ᠪᠠᠷᠢᠯᠭ᠎ᠠ ᠤᠳ ᠢ ᠴᠡᠪᠡᠷᠯᠡᠬᠦ ᠡᠷᠴᠢᠮ  ᠢᠶᠠᠨ ᠴᠢᠩᠭᠠᠷᠠᠭᠤᠯᠵᠤ᠂ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠭᠰᠠᠨ ᠮᠦᠩᠬᠦ ᠪᠠ ᠳᠠᠷᠢᠶᠠᠨ ᠭᠠᠵᠠᠷ ᠡᠵᠡᠯᠡᠭᠰᠡᠨ ᠭᠠᠶᠢᠯᠢ ᠶᠢ ᠴᠠᠭ ᠲᠤᠬᠠᠢ ᠳᠤ ᠨᠢ ᠴᠡᠪᠡᠷᠯᠡᠨ ᠲᠤᠰᠢᠶᠠᠯᠭᠠᠨ᠎ᠠ᠃ ᠪᠠᠶᠢᠯᠳᠤᠬᠤ ᠪᠤᠳᠤᠯᠭ᠎ᠠ ᠶᠢᠨ ᠪᠡᠯᠡ ᠤᠷᠤᠭᠤᠯᠤᠯᠳᠠ ᠶᠢᠨ ᠳᠠᠯ᠎ᠠ ᠶᠢ ᠢᠳᠡᠪᠬᠢᠳᠡᠢ ᠳᠠᠳᠠᠨ ᠤᠷᠤᠭᠤᠯᠵᠤ᠂ ︽ᠬᠠᠭᠠᠰ ᠳᠤᠳᠠᠭᠤ︾ ᠪᠠᠷᠢᠯᠭ᠎ᠠ ᠶᠢ ᠰᠠᠶᠢᠲᠤᠷ ᠰᠢᠢᠳᠪᠦᠷᠢᠯᠡᠨ᠎ᠡ᠃ ︽ᠰᠢᠩᠬᠡᠯᠢᠭ ᠢ ᠠᠭᠤᠳᠠᠯᠯᠠᠵᠤ ᠰᠢᠪᠠᠭᠤ ᠶᠢ ᠰᠤᠯᠢᠬᠤ︾ ᠮᠠᠶ᠋ᠢᠭ ᠢᠶᠠᠷ᠂ ᠦᠢᠯᠡᠳᠪᠦᠷᠢᠯᠡᠯ ᠢᠶᠠᠨ ᠵᠤᠭᠰᠤᠭᠠᠭᠰᠠᠨ ᠠᠵᠤ ᠠᠬᠤᠶᠢᠯᠠᠯ ᠤᠨ ᠭᠠᠵᠠᠷ ᠡᠵᠡᠯᠡᠬᠦ ᠠᠰᠠᠭᠤᠳᠠᠯ ᠢ ᠲᠤᠮᠤ ᠬᠦᠴᠦ ᠭᠠᠷᠭᠠᠵᠤ ᠪᠠᠶᠢᠭᠠᠳ ᠰᠢᠢᠳᠪᠦᠷᠢᠯᠡᠵᠦ᠂ ᠠᠭᠤᠳᠠᠯᠯᠠᠵᠤ ᠪᠤᠴᠠᠭᠠᠭᠰᠠᠨ ᠪᠦᠲᠦᠭᠡᠨ ᠪᠠᠶᠢᠭᠤᠯᠤᠯᠳᠠ ᠶᠢᠨ ᠰᠢᠯᠢᠳᠡᠭ ᠶᠠᠰᠤ ᠴᠢᠨᠠᠷ ᠤᠨ ᠭᠠᠵᠠᠷ ᠢ ᠳᠠᠳᠠᠨ ᠤᠷᠤᠭᠤᠯᠤᠭᠰᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠳᠤ ᠤᠷᠢᠳᠠᠪᠠᠷ ᠬᠡᠷᠡᠭᠯᠡᠨ᠎ᠡ᠃      ᠨᠡᠶᠢᠭᠡᠮ ᠤᠨ ᠡᠶ᠎ᠡ ᠵᠤᠬᠢᠴᠠᠯ ᠲᠤᠭᠳᠠᠭᠤᠨ ᠢ ᠪᠦᠬᠦ ᠬᠦᠴᠦ ᠪᠠᠷ ᠬᠠᠮᠠᠭᠠᠯᠠᠨ᠎ᠠ᠃ ᠬᠠᠤᠯᠢᠵᠢᠯ ᠤᠨ ᠱᠠᠩᠲᠤ  ᠶᠢᠨ ᠪᠦᠲᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠳᠦᠯᠬᠢᠨ ᠠᠬᠢᠭᠤᠯᠵᠤ᠂ ︽ᠳᠤᠯᠤᠳᠤᠭᠠᠷ ᠳᠠᠪᠤᠨ ᠵᠢᠯ︾ ᠤᠨ ᠬᠠᠤᠯᠢ ᠲᠦᠭᠡᠮᠡᠯᠵᠢᠬᠦᠯᠦᠯᠳᠡ ᠶᠢᠨ ᠠᠵᠢᠯ ᠢ ᠴᠢᠩᠭᠠᠳᠬᠠᠵᠤ᠂ ᠪᠦᠬᠦ ᠤᠯᠤᠰ ᠤᠨ ᠬᠠᠤᠯᠢ ᠴᠠᠭᠠᠵᠠ ᠶᠢᠨ ᠬᠡᠪ ᠴᠢᠨᠠᠷ ᠢ ᠳᠡᠭᠡᠭᠰᠢᠯᠡᠬᠦᠯᠦᠨ᠎ᠡ᠃ ︽ᠬᠡᠪ ᠬᠡᠭᠡᠨ ᠢᠨᠵᠧᠨᠧᠷᠢᠩ︾ ᠢ ᠬᠦᠨᠵᠡᠭᠡᠢ ᠲᠦᠯᠬᠢᠨ ᠠᠬᠢᠭᠤᠯᠵᠤ᠂ ᠨᠡᠶᠢᠭᠡᠮ  ᠤᠨ ᠠᠮᠤᠷ ᠤᠨ ᠬᠠᠮᠠᠭᠠᠯᠠᠯᠳᠠ ᠱᠤᠵᠢᠭᠰᠠᠨ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠳᠡᠮᠡᠴᠡᠯ ᠪᠠ ᠫᠤᠤ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ ᠲᠤᠰᠬᠠᠢ ᠵᠠᠰᠠᠯᠳᠠ ᠶᠢ ᠶᠡᠬᠡᠪᠡᠷ ᠶᠠᠪᠤᠭᠳᠠᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠ ︽ᠦᠮᠦᠭ ᠲᠦᠰᠢᠭ︾ ᠢ ᠬᠦᠨ ᠮᠠᠯᠳᠠᠬᠤ ᠶᠢ ᠨᠢᠭᠳᠠ ᠤᠶᠠᠯᠳᠤᠭᠤᠯᠵᠤ᠂ ᠡᠯ᠎ᠡ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠠᠷᠠᠳ ᠤᠯᠠᠨ  ᠤ ᠠᠮᠤᠷ ᠲᠦᠪᠰᠢᠨ ᠤ ᠲᠦᠷᠦᠭᠳᠡᠯ ᠢ ᠳᠠᠰᠤᠷᠠᠯᠳᠠ ᠦᠭᠡᠢ ᠨᠡᠮᠡᠭᠳᠡᠬᠦᠯᠦᠨ᠎ᠡ᠃ ᠨᠡᠶᠢᠭᠡᠮ ᠤᠨ ᠵᠦᠷᠢᠴᠡᠯ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠶᠡᠬᠡᠪᠡᠷ ᠵᠢᠭᠰᠠᠭᠠᠨ ᠪᠠᠶᠢᠴᠠᠭᠠᠬᠤ ᠶᠡᠬᠡᠪᠡᠷ ᠠᠷᠢᠯᠭᠠᠬᠤ ᠠᠵᠢᠯᠯᠠᠭ᠎ᠠ ᠶᠢ ᠬᠦᠨᠵᠡᠭᠡᠢ ᠶᠠᠪᠤᠭᠳᠠᠭᠤᠯᠵᠤ᠂ ᠭᠠᠵᠠᠷ ᠰᠢᠷᠤᠢ ᠦᠭᠡᠢ ᠳᠠᠷᠢᠶᠠᠴᠢᠨ ᠤ ᠭᠠᠵᠠᠷ ᠰᠢᠷᠤᠢ ᠶᠢᠨ ᠬᠠᠮᠢᠶ᠎ᠠ ᠪᠦᠬᠦᠢ ᠲᠤᠭᠠᠴᠢᠯᠳᠠ ᠱᠠᠭᠠᠷᠳᠠᠯᠭ᠎ᠠ ᠶᠢ ᠵᠤᠬᠢᠰᠳᠠᠢ ᠬᠠᠷᠢᠭᠤᠯᠵᠤ᠂ ᠤᠯᠠᠨ ᠲᠦᠮᠡᠨ ᠤ ᠬᠠᠤᠯᠢ ᠶᠤᠰᠤᠨ ᠤ ᠲᠤᠭᠠᠴᠢᠯᠳᠠ ᠱᠠᠭᠠᠷᠳᠠᠯᠭ᠎ᠠ ᠶᠢ ᠲᠤᠤᠱᠳᠠᠢ ᠰᠢᠢᠳᠪᠦᠷᠢᠯᠡᠨ᠎ᠡ᠃ ︽ᠭᠤᠷᠪᠠ ᠶᠢ ᠬᠢᠷᠢ ᠬᠡᠮᠵᠢᠶᠡᠨ ᠳᠤ ᠬᠦᠷᠭᠡᠬᠦ‍ ᠨᠢᠭᠡ ᠶᠢ ᠰᠢᠢᠳᠪᠦᠷᠢᠯᠡᠬᠦ︾ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠢᠯᠡ ᠳᠤᠳᠤ ᠵᠠᠬᠢᠳᠠᠯ ᠰᠤᠷᠪᠤᠯᠵᠢᠯᠠᠭ᠎ᠠ᠂ ᠬᠠᠤᠯᠢᠵᠢᠯᠳᠤ ᠵᠠᠬᠢᠳᠠᠯ ᠰᠤᠷᠪᠤᠯᠵᠢᠯᠠᠭ᠎ᠠ ᠶᠢᠨ ᠠᠬᠢᠴᠠ ᠶᠢ ᠲᠦᠯᠬᠢᠨ ᠠᠬᠢᠭᠤᠯᠵᠤ᠂ ᠬᠠᠤᠯᠢ ᠪᠤᠰᠤ ᠳᠡᠭᠡᠭᠰᠢ ᠰᠤᠷᠪᠤᠯᠵᠢᠯᠠᠬᠤ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ᠂ ᠨᠡᠶᠢᠭᠡᠮ ᠤᠨ ᠰᠠᠶᠢᠨ ᠰᠠᠶᠢᠬᠠᠨ ᠡᠮᠬᠢ ᠲᠢᠭᠯᠢᠮ ᠢ ᠦᠨᠡᠨᠬᠦ ᠬᠠᠮᠠᠭᠠᠯᠠᠨ᠎ᠠ᠃ ᠡᠮᠨᠡᠯᠭᠡ ᠡᠪᠡᠳᠴᠢᠳᠡᠨ ᠤ ᠵᠢᠭᠤᠷᠠᠯᠳᠤᠭᠠᠨ ᠢ ᠡᠶᠡᠳᠡᠬᠦᠯᠬᠦ ᠲᠦᠪ ᠢ ᠪᠠᠶᠢᠭᠤᠯᠵᠤ᠂ ᠡᠮᠨᠡᠯᠭᠡ ᠡᠪᠡᠳᠴᠢᠳᠡᠨ ᠤ ᠵᠢᠭᠤᠷᠠᠯᠳᠤᠭᠠᠨ ᠢ ᠡᠶᠡᠳᠡᠬᠦᠯᠬᠦ ᠤᠳᠠᠭᠠᠨ ᠳᠠᠭᠠᠭᠠᠮᠠᠭᠠᠢ ᠳᠤᠭᠳᠠᠴᠠ ᠶᠢ ᠪᠠᠶᠢᠭᠤᠯᠤᠨ᠎ᠠ᠃ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠭᠠᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠳᠤᠳᠠᠢ ᠬᠢᠵᠦ᠂ ᠬᠦᠨᠳᠦ ᠤᠨᠴᠠ ᠲᠤᠮᠤ ᠬᠡᠨᠡᠳᠡᠯ ᠭᠠᠷᠬᠤ ᠶᠢ ᠳᠠᠰᠤ ᠬᠤᠷᠢᠭᠯᠠᠨ᠎ᠠ᠃ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠲᠤᠤᠱᠯᠠᠭᠤᠯᠵᠤ᠂ ᠢᠳᠡᠭᠡᠨ ᠡᠮ ᠤᠨ ᠵᠦᠢᠯ ᠤᠨ ᠬᠠᠤᠯᠢ ᠪᠤᠰᠤ ᠦᠢᠯᠡᠳᠪᠦᠷᠢᠯᠡᠯ ᠡᠵᠡᠩᠨᠡᠯᠳᠡ ᠶᠢᠨ ᠦᠢᠯᠡ ᠠᠵᠢᠯᠯᠠᠭ᠎ᠠ ᠳᠤ ᠬᠦᠴᠦᠳᠡᠢ ᠴᠤᠬᠢᠯᠳᠠ ᠦᠭᠴᠦ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠪᠦᠷᠢ ᠶᠢ ᠴᠢᠩᠭ᠎ᠠ ᠰᠠᠬᠢᠨ᠎ᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠨᠡᠶᠢᠳᠡ ᠶᠢᠨ ᠠᠮᠤᠷ ᠲᠦᠪᠰᠢᠨ ᠢ ᠪᠠᠲᠤᠯᠠᠬᠤ ᠪᠠ ᠤᠯᠠᠨ ᠨᠡᠶᠢᠳᠡ  ᠶᠢᠨ ᠬᠡᠨᠡᠳᠳᠡ ᠶᠢᠨ ᠶᠠᠪᠤᠳᠠᠯ ᠢ ᠰᠢᠢᠳᠪᠦᠷᠢᠯᠡᠬᠦ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠲᠦᠭᠡᠨ ᠪᠠᠶᠢᠭᠤᠯᠤᠯᠳᠠ ᠪᠠ ᠬᠤᠶᠠᠷ ᠢ ᠬᠦᠷᠢᠶᠡᠯᠡᠵᠦ ᠬᠠᠮᠳᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠴᠡᠷᠢᠭ ᠠᠷᠠᠳ ᠤᠨ ᠠᠭᠤᠰᠤᠯᠳᠤᠯ ᠬᠦᠭᠵᠢᠯᠳᠡ ᠶᠢ ᠠᠬᠢᠭᠤᠯᠤᠨ᠎ᠠ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠡᠬᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠭᠡᠢ ᠬᠢᠵᠦ᠂ ᠬᠠᠤᠯᠢ ᠶᠤᠰᠤᠭᠠᠷ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠮᠢᠶᠠᠷᠤᠨ᠎ᠠ᠃ ᠠᠬᠠᠮᠠᠳ ᠺᠠᠳ᠋ᠷ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠤ ᠨᠡᠶᠢᠭᠡᠮᠯᠢᠭ᠂ ᠤᠳᠬ᠎ᠠ ᠤᠷᠠᠯᠢᠭ ᠤᠨ  ᠬᠢᠨ ᠤ ᠬᠤᠯᠪᠤᠭ᠎ᠠ ᠵᠡᠷᠭᠡ ᠵᠤᠬᠢᠶᠠᠨ ᠪᠠᠶᠢᠭᠤᠯᠤᠯᠳᠠ ᠶᠢᠨ ᠬᠦᠬᠦᠷᠭᠡ ᠬᠤᠯᠪᠤᠭᠠᠰᠤ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ᠃ ᠭᠠᠵᠠᠷ ᠬᠦᠳᠡᠯᠦᠯᠳᠡ᠂ ᠴᠠᠭ ᠠᠭᠤᠷ᠂ ᠭᠠᠯ ᠰᠡᠷᠭᠡᠶᠢᠯᠡᠯᠳᠡ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠳᠠᠩᠰᠠ ᠡᠪᠬᠡᠮᠡᠯ ᠳᠡᠦᠭᠡ ᠤᠶᠢᠯᠠᠯᠭ᠎ᠠ᠂ ᠦᠳᠡᠭᠦᠰ ᠪᠠ ᠵᠡᠮᠳᠡᠭᠴᠤᠳ ᠵᠡᠷᠭᠡ ᠠᠵᠢᠯ ᠢ ᠨᠠᠷᠢᠨ ᠨᠢᠮᠪᠠᠢ ᠰᠠᠶᠢᠳᠤᠷ ᠬᠢᠨ᠎ᠡ᠃      ᠠᠷᠠᠳ ᠤᠨ ᠠᠮᠢᠳᠤᠷᠠᠯ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠪᠦᠬᠦ ᠳᠠᠯ᠎ᠠ ᠪᠠᠷ ᠬᠦᠭᠵᠢᠬᠦ  ᠶᠢ ᠨᠢᠭᠡᠳᠦᠯᠳᠡᠢ ᠲᠦᠯᠦᠪᠯᠡᠨ ᠲᠦᠯᠬᠢᠨ ᠠᠬᠢᠭᠤᠯᠤᠨ᠎ᠠ᠃ ᠠᠵᠢᠯ ᠤᠯᠭᠤᠯᠳᠠ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠰᠠᠶᠢᠳᠤᠷ ᠬᠢᠨ᠎ᠠ᠃ ᠠᠵᠢᠯ ᠤᠯᠭᠤᠯᠳᠠ ᠦᠢᠯᠡᠰ ᠪᠤᠰᠬᠠᠯᠳᠠ ᠶᠢ ᠶᠠᠬᠡᠪᠡᠷ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠠᠴᠠ ᠳᠡᠬᠦᠰᠦᠭᠰᠡᠨ ᠰᠤᠷᠤᠭᠴᠢ᠂ ᠳᠡᠭ ᠠᠵᠢᠯ ᠤᠯᠤᠭᠰᠠᠨ ᠭᠡᠷ ᠪᠦᠯᠢ᠂ ᠳᠠᠷᠢᠶᠠᠯᠠᠩ ᠤᠨ ᠰᠢᠯᠵᠢᠬᠦᠯᠦᠯᠳᠡ ᠶᠢᠨ ᠬᠦᠮᠦᠨ ᠠᠮᠠ᠂ ᠴᠡᠷᠢᠭ ᠠᠴᠠ ᠪᠠᠭᠤᠭᠰᠠᠳ ᠵᠡᠷᠭᠡ ᠭᠤᠤᠯᠳᠠᠯᠭ᠎ᠠ ᠲᠠᠢ ᠰᠦᠷᠦᠭᠵᠢᠯ ᠤᠨ ᠠᠵᠢᠯ ᠤᠯᠭᠤᠯᠳᠠ ᠦᠢᠯᠡᠰ ᠪᠤᠰᠬᠠᠯᠳᠠ ᠶᠢ ᠯᠠᠪᠳᠠᠭᠤᠨ ᠪᠠᠳᠤᠳᠠᠢ ᠰᠠᠶᠢᠳᠤᠷ ᠬᠢᠨ᠎ᠠ︔ ︽ᠭᠠᠯᠠᠭᠤ ᠪᠤᠴᠠᠬᠤ ᠠᠵᠢᠯᠯᠠᠭ᠎ᠠ︾ ᠶᠢ ᠢᠳᠡᠪᠬᠢᠳᠠᠢ ᠶᠠᠪᠤᠭᠤᠯᠵᠤ᠂ ᠦᠢᠯᠡᠰ ᠪᠤᠰᠬᠠᠯᠳᠠ ᠶᠢᠨ ᠪᠤᠯᠪᠠᠰᠤᠷᠠᠭᠤᠯᠤᠯ᠂ ᠦᠢᠯᠡᠰ ᠪᠤᠰᠬᠠᠯᠳᠠ  ᠶᠢᠨ ᠪᠠᠲᠤᠯᠠᠭᠠᠨ ᠤ ᠵᠢᠭᠡᠯᠡᠯᠭᠡ᠂ ᠢᠳᠡᠭᠡᠮᠵᠢ ᠶᠢᠨ ᠵᠢᠭᠡᠯᠡᠯᠭᠡ ᠶᠢᠨ ᠤᠷᠤᠯᠭ᠎ᠠ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠤᠳ ᠢ ᠲᠤᠭᠳᠠᠭᠠᠵᠤ᠂ ᠱᠠᠩᠳᠤ ᠶᠢᠨ ᠤᠭ ᠨᠤᠲᠤᠭ ᠲᠠᠢ ᠭᠠᠳᠠᠭᠰᠢ ᠠᠵᠤ ᠠᠬᠤᠶᠢᠯᠠᠯᠳᠠᠨ᠂ ᠰᠢᠯᠢᠳᠡᠭ ᠴᠢᠳᠠᠪᠤᠷᠢᠳᠠᠨ ᠪᠠ ᠭᠠᠳᠠᠭᠰᠢ ᠭᠠᠷᠴᠤ ᠬᠦᠯᠦᠰᠦᠨ ᠠᠵᠢᠯ ᠬᠢᠭᠰᠡᠳ ᠨᠤᠲᠤᠭ ᠲᠤ ᠪᠠᠨ ᠪᠤᠴᠠᠵᠤ ᠠᠳᠠᠯ ᠦᠢᠯᠡᠰ ᠪᠤᠰᠬᠠᠬᠤ ᠶᠢ ᠨᠢ ᠵᠤᠷᠢᠭᠵᠢᠭᠤᠯᠬᠤ ᠪᠠ ᠬᠦᠲᠦᠯᠦᠨ᠎ᠡ᠃ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠨᠢ ᠦᠭᠭᠦ ᠪᠠᠲᠤᠯᠠᠭᠠᠨ ᠤ ᠲᠦᠷᠢᠮ ᠢ ᠪᠠᠶᠢᠭᠤᠯᠤᠨ ᠳᠡᠭᠦᠯᠳᠡᠷᠵᠢᠬᠦᠯᠵᠦ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠳᠠ ᠪᠠ ᠪᠠᠩᠬᠢ ᠪᠠᠷ ᠴᠠᠯᠢᠩ ᠤᠷᠤᠭᠤᠯᠤᠨ ᠤᠯᠭᠤᠬᠤ ᠶᠢ ᠳᠡᠯᠭᠡᠷᠡᠬᠦᠯᠵᠦ᠂ ᠳᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠨᠢ ᠦᠷᠢᠳᠦᠬᠦ ᠦᠢᠯᠡ ᠠᠵᠢᠯᠯᠠᠭ᠎ᠠ ᠶᠢᠨ ᠵᠠᠰᠠᠯᠳᠠ ᠶᠢᠨ ᠡᠷᠴᠢᠮ ᠢ ᠴᠢᠩᠭᠠᠷᠠᠭᠤᠯᠵᠤ᠂ ᠡᠶ᠎ᠡ ᠵᠤᠬᠢᠴᠠᠯᠳᠤ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠵᠢᠯ ᠤᠨ ᠳᠤᠳᠤᠷ᠎ᠠ ᠬᠤᠳᠠ ᠪᠠᠯᠭᠠᠰᠤᠨ ᠤ 1300 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠳᠠᠷᠢᠶᠠᠴᠢᠨ ᠬᠦᠯᠦᠰᠦᠨ ᠠᠵᠢᠯᠴᠢᠨ ᠢ ᠰᠢᠯᠵᠢᠬᠦᠯᠦᠨ 4.3 ᠲᠦᠮᠡᠨ ᠬᠦᠮᠦᠨ ᠳᠤ ᠠᠵᠢᠯ ᠤᠯᠭᠤᠨ᠎ᠠ᠃ ᠨᠡᠶᠢᠭᠡᠮ ᠤᠨ ᠪᠠᠳᠤᠯᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠳᠠᠯ᠎ᠠ ᠪᠠᠷ ᠬᠡᠷᠡᠭᠵᠢᠬᠦᠯᠵᠦ᠂ ᠬᠤᠲᠠ ᠤᠷᠤᠵᠤ ᠬᠦᠯᠦᠰᠦᠨ ᠠᠵᠢᠯ ᠬᠢᠬᠦ᠂ ᠭᠠᠵᠠᠷ ᠢᠶᠠᠨ ᠳᠠᠳᠠᠪᠤᠷᠢᠯᠠᠭᠳᠠᠭᠰᠠᠨ ᠲᠠᠷᠢᠶᠠᠴᠢᠨ ᠤ ᠠᠵᠢᠯᠳᠠᠨ ᠤ ᠨᠠᠰᠤᠵᠢᠯ ᠤᠨ ᠳᠠᠭᠠᠳᠬᠠᠯ ᠳᠤ ᠤᠷᠤᠯᠴᠠᠬᠤ ᠶᠢ ᠨᠢ ᠬᠦᠳᠦᠯᠬᠦ ᠪᠠ ᠵᠤᠷᠢᠭᠵᠢᠭᠤᠯᠤᠨ᠎ᠠ᠃ ᠠᠵᠢᠯᠳᠠᠨ᠂ ᠰᠠᠭᠤᠭᠠᠯᠢ ᠠᠷᠠᠳ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠴᠢᠨᠠᠭᠰᠢᠳᠠ ᠳᠡᠬᠦᠯᠳᠡᠷᠵᠢᠬᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠶᠢᠷ᠎ᠠ ᠬᠠᠪᠢ ᠳᠤ ᠪᠠᠨ ᠳᠠᠭᠠᠳᠬᠠᠯ ᠳᠤ ᠤᠷᠤᠯᠴᠠᠬᠤ ᠪᠠ ᠨᠢᠯᠬ᠎ᠠ ᠬᠡᠦᠬᠡᠳ ᠢ ᠰᠦᠢᠳᠭᠡᠯ ᠠᠴᠠ ᠬᠡᠯᠳᠦᠷᠢᠬᠦᠯᠦᠨ ᠳᠠᠭᠠᠳᠬᠠᠯ ᠳᠤ ᠤᠷᠤᠯᠴᠠᠭᠤᠯᠬᠤ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠪᠠᠷ ᠳᠤᠭᠳᠠᠭᠠᠭᠰᠠᠨ ᠬᠦᠮᠦᠨ ᠤ ᠦᠪᠴᠢ ᠪᠦᠷᠬᠦᠬᠦᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠰᠢᠨ᠎ᠡ ᠮᠠᠶ᠋ᠢᠭ ᠤᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠳᠡᠬᠦᠯᠳᠡᠷᠵᠢᠬᠦᠯᠵᠦ᠂ ᠨᠡᠶᠢᠳᠡ ᠶᠢᠨ ᠠᠰᠠᠷᠠᠮᠵᠢ ᠶᠢᠨ ᠨᠢᠭᠦᠯᠡᠰᠦᠩᠬᠦᠢ ᠶᠢᠨ ᠦᠢᠯᠡᠰ ᠤᠨ ᠬᠦᠭᠵᠢᠯᠳᠡ ᠶᠢ ᠳᠡᠮᠵᠢᠵᠦ᠂ ᠬᠤᠲᠠ ᠬᠦᠳᠡᠭᠡ ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠵᠢᠯ ᠤᠨ ᠳᠤᠳᠤᠷ᠎ᠠ ᠪᠡᠯᠡ ᠤᠷᠤᠭᠤᠯᠤᠯᠳᠠ 3200 ᠲᠦᠮᠡᠨ ᠲᠦᠬᠦᠷᠢᠭ ᠤᠨ ᠡᠮᠨᠡᠯᠭᠡ ᠰᠤᠪᠢᠯᠠᠯ ᠢ ᠤᠶᠠᠯᠳᠤᠭᠤᠯᠤᠭᠰᠠᠨ ᠲᠦᠷᠦᠯ ᠵᠦᠢᠯ ᠤᠨ ᠪᠠᠷᠢᠯᠭ᠎ᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠦᠨ᠎ᠡ᠃ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠠ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠬᠦᠴᠦᠨ ᠢ ᠨᠡᠶᠢᠳᠭᠡᠵᠦ᠂ ᠰᠤᠷᠭᠠᠭᠤᠯᠢ ᠶᠢᠨ ᠬᠦᠮᠦᠨ ᠬᠡᠷᠡᠭᠯᠡᠬᠦ ᠲᠦᠷᠢᠮ ᠢ ᠵᠢᠷᠤᠮᠵᠢᠭᠤᠯᠵᠤ᠂ ᠬᠢᠴᠢᠶᠡᠯ ᠤᠷᠤᠯᠠᠬᠤ ᠪᠠᠭᠰᠢ ᠶᠢ ᠳᠤᠷ᠎ᠠ ᠪᠠᠷ ᠢᠶᠠᠨ ᠤᠷᠢᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ︽ᠰᠤᠷᠭᠠᠭᠤᠯᠢ ᠶᠢᠨ ᠡᠳ᠋ ᠤᠨ ᠶᠠᠪᠤᠳᠠᠯ ᠢ ᠳᠤᠪᠴᠢᠶ᠎ᠠ ᠪᠠᠷ ᠬᠠᠮᠢᠶᠠᠷᠤᠭᠤᠯᠬᠤ︾ ᠶᠢ ᠢᠳᠡᠪᠬᠢᠳᠡᠢ ᠪᠠᠷ ᠳᠡᠯᠭᠡᠷᠡᠬᠦᠯᠦᠨ᠎ᠡ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠳ᠋ᠦᠩ ᠱᠧᠩ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠨᠡᠶᠢᠳᠡᠮ ᠬᠦᠷᠳᠡᠭᠡᠬᠦ ᠴᠢᠨᠠᠷ ᠪᠦᠬᠦᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠳᠡᠮᠵᠢᠨ ᠳᠦᠷᠢᠮᠵᠢᠬᠦᠯᠵᠦ᠂ ᠦᠨᠡᠮᠯᠡᠯ ᠦᠭᠡᠢ ᠬᠡᠦᠬᠡᠳ ᠤᠨ ᠴᠡᠴᠡᠷᠯᠢᠭ ᠢ ᠴᠡᠭᠴᠡᠯᠡᠬᠦ ᠡᠷᠴᠢᠮ ᠢ ᠴᠢᠩᠭᠠᠷᠠᠭᠤᠯᠵᠤ᠂ ᠨᠦᠬᠦᠴᠡᠯ ᠳᠤ ᠦᠯᠦ ᠨᠡᠶᠢᠴᠡᠬᠦ ᠬᠡᠦᠬᠡᠳ ᠤᠨ ᠴᠡᠴᠡᠷᠯᠢᠭ ᠢ ᠲᠦᠢᠯᠪᠤᠷᠢᠳᠠᠢ ᠬᠠᠭᠠᠨ᠎ᠠ︔ ᠲᠦᠩ ᠶᠦᠩ ᠪᠠᠭ᠎ᠠ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ᠂ ᠱᠢ ᠵᠢᠢ ᠪᠠᠭ᠎ᠠ ᠰᠤᠷᠭᠠᠭᠤᠯᠢ ᠬᠦᠴᠢᠷ ᠪᠡᠷᠭᠡᠰᠢᠶᠡᠯ ᠤᠨ ᠠᠵᠢᠯᠯᠠᠭᠠᠨ  ᠤ ᠭᠡᠷ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠷᠰᠢᠯᠳᠠ ᠪᠤᠯᠪᠠᠰᠤᠷᠠᠭᠤᠯᠤᠯ ᠤᠨ ᠰᠠᠭᠤᠷᠢᠨ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠬᠦᠴᠢᠷ ᠪᠡᠷᠭᠡᠰᠢᠶᠡᠯ ᠤᠨ ᠠᠵᠢᠯᠯᠠᠭᠠᠨ ᠤ ᠭᠡᠷ ᠢ ᠰᠢᠨ᠎ᠡ ᠪᠠᠷ ᠪᠠᠶᠢᠭᠤᠯᠤᠨ᠎ᠠ︔ ᠲᠦᠷᠪᠡᠳᠦᠭᠡᠷ ᠪᠦᠯᠦᠭ ᠤᠨ ᠤᠯᠤᠰ ᠤᠨ ᠳᠡᠰ ᠤᠨ ᠬᠦᠳᠡᠭᠡ ᠲᠤᠰᠬᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠬᠦᠯᠬᠦ ᠰᠢᠶᠠᠨ ᠢ ᠡᠬᠦᠳᠦᠨ ᠪᠠᠶᠢᠭᠤᠯᠬᠤ ᠠᠵᠢᠯ ᠢ ᠴᠢᠩᠭ᠎ᠠ ᠠᠳᠬᠤᠵᠤ᠂ ᠵᠢᠯ ᠤᠨ ᠡᠴᠦᠰ ᠲᠤ ᠤᠯᠤᠰ ᠤᠨ ᠰᠢᠯᠭᠠᠨ ᠬᠤᠷᠢᠶᠠᠯᠳᠠ ᠦᠩᠭᠡᠷᠡᠬᠦᠯᠬᠦ ᠶᠢ ᠦᠨᠡᠨᠬᠦ ᠪᠠᠲᠤᠯᠠᠨ᠎ᠠ᠃ ᠡᠷᠡᠬᠦᠯ ᠮᠡᠨᠳᠦ ᠶᠢᠨ ᠱᠠᠩᠲᠤ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ ᠂ ᠡᠮᠨᠡᠯᠭᠡ ᠶᠢᠨ ᠵᠠᠷᠤᠳᠠᠯ ᠤᠨ ᠶᠤᠰᠤ ᠪᠤᠰᠤ ᠨᠡᠮᠡᠭᠳᠡᠯ ᠢ ᠴᠢᠩᠭ᠎ᠠ ᠬᠤᠷᠢᠭᠯᠠᠵᠤ᠂ ᠡᠮ ᠤᠨ ᠵᠦᠢᠯ ᠤᠨ ᠬᠠᠩᠭᠠᠯᠳᠠ  ᠶᠢᠨ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠪᠠᠷᠢᠮᠳᠠ ᠶᠢᠨ ᠲᠦᠷᠢᠮ︾ ᠢ ᠴᠢᠩᠭ᠎ᠠ ᠬᠡᠷᠡᠭᠵᠢᠬᠦᠯᠵᠦ᠂ ᠡᠮ  ᠢᠶᠠᠷ ᠡᠮᠴᠢ ᠶᠢ ᠳᠡᠵᠢᠬᠡᠬᠦ ᠶᠢ ᠳᠡᠪᠴᠢᠨ᠎ᠡ᠃ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠳᠡᠳᠬᠦᠬᠦ ᠶᠢ ᠠᠰᠢᠭᠯᠠᠵᠤ᠂ ᠪᠡᠭᠡᠵᠢᠩ ᠤᠨ ᠫᠢᠩ ᠬᠦ᠋ ᠲᠤᠭᠤᠷᠢᠭ ᠤᠨ ᠠᠯᠳᠠᠷᠳᠤ ᠡᠮᠨᠡᠯᠭᠡ ᠶᠢᠨ ᠬᠤᠷᠢᠶ᠎ᠠ ᠯᠤᠭ᠎ᠠ  ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠨᠡᠷᠡᠳᠦ ᠡᠮᠴᠢ ᠤᠨᠤᠰᠢᠯᠠᠬᠤ᠂ ᠠᠯᠤᠰ ᠡᠵᠡᠮᠰᠢᠯ ᠢᠶᠠᠷ ᠡᠮᠨᠡᠬᠦ᠂ ᠲᠤᠰᠬᠠᠢ ᠮᠡᠷᠭᠡᠵᠢᠯᠳᠡᠨ ᠮᠡᠰᠡ ᠵᠠᠰᠠᠯ ᠬᠢᠬᠦ ᠵᠡᠷᠭᠡ ᠶᠢ ᠶᠠᠪᠤᠭᠳᠠᠭᠤᠯᠵᠤ᠂ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠨᠡᠷᠡᠳᠦ ᠡᠮᠴᠢ ᠶᠢᠨ ᠠᠵᠢᠯᠯᠠᠬᠤ ᠳᠠᠰᠤᠭ ᠢ ᠨᠡᠶᠢᠭᠡᠮ ᠲᠤᠭᠤᠷᠢᠭ  ᠲᠤ ᠤᠷᠤᠭᠤᠯᠬᠤ ᠶᠢ ᠲᠦᠯᠬᠢᠨ ᠠᠬᠢᠭᠤᠯᠵᠤ᠂ ︽ᠬᠦᠩᠭᠡᠨ ᠡᠪᠡᠳᠴᠢᠨ ᠢ ᠨᠡᠶᠢᠭᠡᠮ ᠲᠤᠭᠤᠷᠢᠭ ᠲᠤ ᠦᠵᠡᠬᠦᠯᠬᠦ᠂ ᠬᠦᠨᠳᠦ ᠡᠪᠡᠳᠴᠢᠨ ᠢ ᠡᠮᠨᠡᠯᠭᠡ ᠳᠤ ᠰᠢᠯᠵᠢᠬᠦᠯᠬᠦ᠂ ᠡᠷᠡᠬᠦᠯᠵᠢᠭᠰᠡᠨ ᠢ ᠨᠡᠶᠢᠭᠡᠮ ᠲᠤᠭᠤᠷᠢᠭ ᠲᠤ ᠡᠬᠡᠬᠦᠯᠬᠦ︾ ᠡᠮᠨᠡᠯᠭᠡ ᠶᠢᠨ ᠪᠠᠶᠢᠳᠠᠯ ᠢ ᠠᠭᠠᠵᠢᠮ ᠢᠶᠠᠷ ᠪᠦᠷᠢᠯᠳᠦᠬᠦᠯᠦᠨ᠎ᠡ᠃ ᠡᠬᠡ ᠤᠷᠤᠨᠴᠢ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ ᠦᠷᠨᠢᠬᠦᠯᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠪᠠ ᠬᠦᠨᠳᠦ ᠡᠪᠡᠳᠴᠢᠨ ᠡᠮᠭᠡᠭ  ᠤᠨ ᠰᠡᠷᠭᠡᠶᠢᠯᠡᠨ ᠬᠤᠷᠢᠭᠯᠠᠯᠳᠠ ᠶᠢ ᠰᠠᠶᠢᠳᠤᠷ ᠬᠢᠨ᠎ᠡ᠃ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢ ᠤᠯᠠᠮ ᠴᠢᠨᠠᠭᠰᠢᠳᠠ ᠳᠡᠬᠦᠯᠳᠡᠷᠵᠢᠬᠦᠯᠵᠦ᠂ ᠲᠦᠯᠦᠪᠯᠡᠭᠡᠳᠦ ᠦᠷᠡᠵᠢᠯ ᠤᠨ ᠱᠠᠩᠨᠠᠯ ᠳᠡᠳᠬᠦᠯᠳᠠ  ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠯ ᠤᠨ ᠳᠤᠳᠤᠷ᠎ᠠ ᠵᠡᠮᠳᠡᠭᠴᠤᠳ ᠢ ᠨᠠᠶᠢᠳᠠᠨ ᠰᠤᠪᠢᠯᠠᠬᠤ ᠲᠦᠪ ᠤᠨ ᠪᠦᠲᠦᠭᠡᠨ ᠪᠠᠶᠢᠭᠤᠯᠤᠯᠳᠠ ᠶᠢ ᠪᠡᠶᠡᠯᠡᠬᠦᠯᠬᠦ ᠮᠦᠷᠳᠡᠭᠡᠨ ᠠᠰᠢᠭᠯᠠᠯᠳᠠ ᠳᠤ ᠤᠷᠤᠭᠤᠯᠵᠤ ᠡᠷᠬᠢᠯᠳᠦᠬᠦᠯᠦᠨ᠎ᠡ᠃ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠭᠡ᠂ ᠬᠠᠮᠢᠶᠠᠷᠬᠤ ᠡᠷᠭᠡ᠂ ᠦᠭᠡ ᠶᠠᠷᠢᠬᠤ ᠡᠷᠭᠡ ᠶᠢ ᠪᠠᠳᠤ ᠡᠵᠡᠮᠰᠢᠵᠤ᠂ ᠪᠤᠷᠤᠭᠤ ᠦᠭᠡ ᠶᠠᠷᠢᠬᠤ ᠶᠢ ᠡᠰᠡᠷᠬᠦᠴᠡᠨ ᠬᠤᠷᠢᠭᠯᠠᠵᠤ᠂ ᠰᠦᠯᠵᠢᠶᠡᠨ ᠤ ᠤᠷᠤᠨ ᠵᠠᠢ ᠶᠢ ᠴᠡᠪᠡᠷᠰᠢᠬᠦᠯᠦᠨ᠎ᠡ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢ ᠶᠡᠬᠡᠪᠡᠷ ᠦᠢᠯᠡᠳᠦᠯᠭᠡᠵᠢᠬᠦᠯᠵᠦ ᠂ ᠱᠠᠩᠳᠤ ᠶᠢᠨ ᠳᠠᠭᠤᠨ ᠢ ᠰᠠᠶᠢᠳᠤᠷ ᠳᠠᠮᠵᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠳᠦᠯᠬᠢᠨ ᠠᠬᠢᠭᠤᠯᠵᠤ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠳᠡᠬᠦᠯᠳᠡᠷᠵᠢᠬᠦᠯᠵᠦ᠂ ᠰᠤᠶᠤᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠤᠯᠠᠭᠠᠨᠮᠦ᠋ᠴᠢᠷ ᠤᠨ ᠡᠩᠨᠡᠭᠡᠨ ᠤ ᠪᠠᠶᠢᠭᠤᠯᠤᠯᠳᠠ ᠪᠠ ᠦᠭᠡᠷᠡᠴᠢᠯᠡᠯᠳᠡ ᠶᠢ ᠲᠦᠷᠭᠡᠳᠭᠡᠵᠦ᠂ ᠪᠠᠶᠢᠭᠤᠯᠤᠮᠵᠢ᠂ ᠬᠦᠮᠦᠨ᠂ ᠵᠠᠷᠤᠳᠠᠯ᠂ ᠭᠠᠵᠠᠷ ᠳᠠᠯᠠᠪᠠᠢ ᠵᠡᠷᠭᠡ ᠳᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ︾ ᠢ ᠪᠤᠶᠢᠵᠢᠭᠤᠯᠤᠨ᠎ᠠ᠃ ᠪᠦᠬᠦ ᠠᠷᠠᠳ ᠢᠶᠠᠷ  ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠰᠠᠶᠢᠳᠤᠷ ᠬᠢᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠳᠦᠪ ᠢ ᠰᠢᠨ᠎ᠡ ᠪᠠᠷ ᠪᠠᠶᠢᠭᠤᠯᠵᠤ᠂ ᠪᠦᠬᠦ ᠰᠢᠶᠠᠨ ᠤ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠶᠤᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠳᠠᠰᠤᠷᠠᠯᠳᠠ ᠦᠭᠡᠢ ᠬᠠᠩᠭᠠᠨ᠎ᠠ᠃      ᠰᠢᠨ᠎ᠡ ᠴᠠᠭ ᠦᠶ᠎ᠡ ᠨᠢ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠢ ᠡᠷᠭᠡᠪᠰᠢ ᠰᠢᠨ᠎ᠡ ᠬᠡᠪ ᠪᠠᠶᠢᠳᠠᠯ᠂ ᠰᠢᠨ᠎ᠡ ᠦᠢᠯᠡ ᠠᠵᠢᠯᠯᠠᠭ᠎ᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠃ ᠤᠯᠤᠰ ᠲᠦᠷᠦ ᠶᠢᠨ ᠪᠠᠶᠢᠭᠤᠯᠤᠯᠳᠠ ᠪᠠᠷ ᠭᠤᠤᠯᠯᠠᠭᠤᠯᠵᠤ᠂ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠵᠤ  ᠂ ︽ᠬᠤᠶᠠᠷ ᠢ ᠰᠤᠷᠴᠤ ᠨᠢᠭᠡ ᠳᠤ ᠳᠡᠩᠴᠡᠬᠦᠯᠬᠦ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠠ ᠳᠦᠷᠢᠮᠵᠢᠯᠳᠡ ᠶᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ︾ ᠭᠤᠤᠯ ᠰᠡᠳᠦᠪᠳᠦ ᠬᠦᠮᠦᠵᠢᠯ ᠢ ᠦᠷᠨᠢᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠵᠦ᠂ ᠦᠢᠯᠡᠳᠦᠯᠭᠡ  ᠪᠠᠨ ᠵᠢᠯᠤᠭᠤᠳᠤᠭᠤᠯᠵᠤ᠂ ᠤᠯᠤᠰ ᠲᠦᠷᠦ ᠪᠠᠷ ᠬᠡᠳᠦ ᠬᠠᠳᠠᠭᠤ ᠵᠠᠰᠠᠭ ᠤᠨ ᠤᠷᠳᠤᠨ ᠢ ᠴᠢᠷᠮᠠᠶᠢᠨ ᠴᠤᠭᠴᠠᠯᠠᠨ᠎ᠠ︔ ᠢᠮᠠᠭᠳᠠ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠪᠠ ᠨᠠᠮ ᠤᠨ ᠤᠯᠠᠨ ᠲᠦᠮᠡᠨᠴᠢ ᠱᠤᠭᠤᠮ ᠢ ᠵᠠᠰᠠᠭ ᠤᠨ ᠤᠷᠳᠤᠨ ᠤ ᠠᠵᠢᠯ ᠤᠨ ᠡᠯ᠎ᠡ ᠳᠠᠯ᠎ᠠ᠂ ᠪᠦᠬᠦ ᠶᠠᠪᠤᠴᠠ ᠳᠤ ᠠᠭᠤᠰᠤᠯᠳᠤᠭᠤᠯᠵᠤ᠂ ᠡᠬᠦᠳᠡ ᠪᠠᠨ ᠨᠡᠭᠡᠭᠡᠬᠦ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠤᠯᠠᠨ ᠲᠦᠮᠡᠨ ᠲᠠᠢ ᠨᠢᠭᠳᠠ ᠬᠠᠷᠢᠯᠴᠠᠵᠤ᠂ ᠠᠷᠠᠳ ᠤᠨ ᠰᠠᠨᠠᠭ᠎ᠠ ᠶᠢ ᠢᠯᠡᠳᠭᠡᠬᠦ ᠠᠷᠭ᠎ᠠ ᠵᠠᠮ ᠢ ᠰᠢᠯᠤᠭᠤᠳᠬᠠᠵᠤ᠂ ᠠᠷᠠᠳ ᠤᠨ ᠤᠶᠤᠨ ᠤᠬᠠᠭᠠᠨ ᠢ ᠤᠯᠠᠨ ᠳᠠᠯ᠎ᠠ ᠠᠴᠠ ᠲᠦᠪᠯᠡᠷᠡᠬᠦᠯᠵᠦ᠂ ᠠᠷᠠᠳ ᠲᠦᠮᠡᠨ ᠳᠤ ᠪᠠᠨ ᠬᠠᠨᠤᠮᠵᠢ ᠲᠠᠢ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠴᠤᠭᠴᠠᠯᠠᠬᠤ ᠪᠠᠷ ᠴᠢᠷᠮᠠᠶᠢᠨ᠎ᠠ︔ ᠬᠠᠤᠯᠢᠵᠢᠯ ᠤᠨ ᠰᠡᠳᠬᠢᠬᠦᠢ ᠶᠢ ᠪᠠᠳᠤ ᠪᠤᠢ ᠪᠤᠯᠭᠠᠵᠤ᠂ ᠵᠠᠰᠠᠭ ᠤᠨ ᠤᠷᠳᠤᠨ ᠤ ᠠᠵᠢᠯ ᠢ ᠬᠠᠤᠯᠢᠵᠢᠯ ᠤᠨ ᠵᠠᠮ ᠳᠤ ᠦᠨᠡᠨᠬᠦ ᠤᠷᠤᠭᠤᠯᠵᠤ᠂ ᠵᠠᠰᠠᠭ ᠵᠠᠬᠢᠷᠭᠠᠨ ᠤ ᠡᠷᠭᠡ ᠶᠢ ᠨᠠᠷᠢᠨ ᠳᠠᠩᠰᠠᠵᠢᠭᠤᠯᠤᠨ ᠬᠠᠮᠢᠶᠠᠷᠬᠤ ᠶᠢ ᠪᠦᠬᠦ ᠳᠠᠯ᠎ᠠ ᠪᠠᠷ ᠳᠡᠯᠭᠡᠷᠡᠬᠦᠯᠵᠦ᠂ ᠶᠠᠪᠤᠴᠠ ᠶᠤᠰᠤᠭᠠᠷ ᠰᠢᠢᠳᠪᠦᠷᠢᠳᠦ ᠪᠤᠳᠤᠯᠭ᠎ᠠ ᠭᠠᠷᠭᠠᠬᠤ᠂ ᠶᠤᠰᠤ ᠳᠦᠷᠢᠮ ᠶᠤᠰᠤᠭᠠᠷ ᠤᠴᠢᠷ ᠶᠠᠪᠤᠳᠠᠯ ᠬᠢᠬᠦ ᠶᠢ ᠴᠢᠩᠭᠠᠳᠬᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠳᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠷ ᠢᠶᠠᠷ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠵᠠᠰᠠᠭ ᠤᠨ ᠲᠦᠰᠦᠪ ᠤᠨ ᠬᠦᠢᠴᠡᠳᠭᠡᠯ᠂ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ  ᠶᠢᠨ ᠡᠷᠬᠢᠯᠳᠡ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠬᠦᠷᠢᠶ᠎ᠡ ᠴᠠᠷᠠᠭ᠎ᠠ ᠶᠢᠨ ᠮᠡᠳᠡᠭᠡ ᠵᠠᠩᠬᠢ ᠶᠢ ᠢᠯᠡ ᠪᠠᠶᠢᠯᠭᠠᠬᠤ ᠶᠢ ᠦᠷᠭᠡᠳᠭᠡᠵᠦ᠂ ᠬᠠᠤᠯᠢᠵᠢᠯ ᠤᠨ ᠵᠠᠰᠠᠭ ᠤᠨ ᠤᠷᠳᠤᠨ ᠢ ᠴᠤᠭᠴᠠᠯᠠᠬᠤ ᠪᠠᠷ ᠴᠢᠷᠮᠠᠶᠢᠨ᠎ᠠ︔ ᠬᠦᠢᠴᠡᠳᠬᠡᠬᠦ ᠴᠢᠳᠠᠪᠤᠷᠢ᠂ ᠨᠠᠶᠢᠳᠠᠪᠤᠷᠢᠵᠢᠭᠤᠯᠬᠤ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ᠂ ᠤᠷᠮᠠᠰᠢᠭᠤᠯᠤᠯ ᠤᠨ ᠳᠤᠭᠳᠠᠴᠠ ᠪᠠ ᠪᠤᠷᠤᠭᠤ ᠶᠢ ᠪᠠᠭᠳᠠᠭᠠᠬᠤ᠂ ᠪᠤᠷᠤᠭᠤ ᠶᠢ ᠵᠠᠯᠠᠷᠠᠭᠤᠯᠬᠤ ᠲᠤᠭᠳᠠᠴᠠ ᠶᠢ ᠪᠦᠷᠢᠨᠰᠢᠬᠦᠯᠵᠦ᠂ ᠦᠷᠭᠡᠨ ᠤᠯᠠᠨ ᠺᠠᠳ᠋ᠷ ᠤᠨ ᠳᠤᠷᠠᠳᠠᠶᠢᠶ᠎ᠠ ᠶᠠᠪᠤᠳᠠᠯ ᠬᠢᠬᠦ᠂ ᠵᠤᠷᠢᠭᠳᠠᠢ ᠶᠠᠪᠤᠳᠠᠯ ᠬᠢᠬᠦ᠂ ᠴᠢᠳᠠᠮᠠᠭᠠᠢ ᠶᠠᠪᠤᠳᠠᠯ ᠬᠢᠬᠦ ᠳᠤ ᠨᠢ ᠠᠭᠤᠵᠢᠭᠤ ᠴᠢᠩᠭ᠎ᠠ ᠲᠤᠰᠠᠯᠠᠯᠴᠠᠭᠰᠠᠨ ᠵᠠᠰᠠᠭᠯᠠᠬᠤ ᠬᠦᠮᠦᠨ ᠨᠡᠶᠢᠭᠡᠮ ᠤᠨ ᠤᠷᠴᠢᠨ ᠠᠬᠤᠢ  ᠶᠢ ᠴᠢᠷᠮᠠᠶᠢᠨ ᠪᠤᠢ ᠪᠤᠯᠭᠠᠨ᠎ᠠ᠃ ᠢᠮᠠᠭᠳᠠ ᠠᠷᠢᠭᠤᠨ ᠴᠢᠭᠡᠴᠢ ᠪᠠᠷ ᠵᠠᠰᠠᠭᠯᠠᠬᠤ ᠪᠠᠷ ᠵᠠᠰᠠᠭ ᠤᠨ ᠤᠷᠳᠤᠨ ᠤ ᠠᠵᠢᠯ  ᠤᠨ ᠬᠤᠷᠢᠭ᠎ᠠ ᠱᠤᠭᠤᠮ ᠪᠤᠯᠭᠠᠵᠤ᠂ ᠶᠡᠷᠦᠮᠳᠡᠭ ᠵᠠᠰᠠᠭᠯᠠᠬᠤ᠂ ᠬᠤᠶᠢᠷᠭᠤ ᠵᠠᠰᠠᠭᠯᠠᠬᠤ᠂ ᠨᠠᠵᠠᠭᠠᠢ ᠵᠠᠰᠠᠭᠯᠠᠬᠤ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠴᠢᠩᠭᠠᠷᠠᠭᠤᠯᠤᠨ᠎ᠠ᠃ ︽ᠲᠠᠪᠤᠨ ᠲᠤᠮᠤ ᠬᠦᠷᠢᠶ᠎ᠡ ᠴᠠᠷᠠᠭ᠎ᠠ︾᠂ ︽ᠲᠦᠷᠪᠡᠨ ᠲᠤᠮᠤ ᠠᠰᠠᠭᠤᠳᠠᠯ︾ ᠳᠤ ᠲᠦᠪᠯᠡᠷᠡᠵᠦ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠲᠦᠪ ᠤᠨ ᠨᠠᠢᠮᠠᠨ ᠵᠤᠷᠪᠤᠰ ᠲᠤᠭᠳᠠᠭᠠᠯ ᠪᠠ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠲᠦᠬᠦᠷᠵᠢᠭᠰᠡᠨ ᠠᠷᠭ᠎ᠠ ᠶᠢ ᠴᠢᠩᠭ᠎ᠠ ᠬᠡᠷᠡᠭᠵᠢᠬᠦᠯᠵᠦ᠂ ᠬᠡᠪ ᠰᠤᠷᠳᠠᠯ ᠤᠨ ᠪᠠᠶᠢᠭᠤᠯᠤᠯᠳᠠ ᠶᠢᠨ ︽ᠡᠷᠬᠢ ᠱᠤᠷᠠᠭ︾  ᠢ ᠴᠢᠩᠭᠠᠯᠠᠵᠤ᠂ ︽ᠲᠦᠷᠪᠡᠨ ᠰᠤᠷᠳᠠᠯ︾ ᠳᠤ ᠬᠦᠯ ᠢᠶᠠᠨ ᠳᠠᠳᠠᠬᠤ ᠦᠭᠡᠢ ᠶᠢ ᠵᠠᠯᠠᠷᠠᠭᠤᠯᠬᠤ ᠶᠢ ᠤᠷᠳᠤᠨ ᠤᠳᠠᠭᠠᠨ ᠢᠶᠠᠷ ᠪᠠᠷᠢᠮᠳᠠᠯᠠᠵᠤ᠂ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ︽ᠠᠷᠪᠠᠨ ᠵᠦᠢᠯ ᠤᠨ ᠢᠯᠡᠷᠡᠯ︾ ᠢ ᠲᠦᠪᠯᠡᠷᠡᠩᠬᠦᠢ ᠪᠠᠷ ᠴᠡᠭᠴᠡᠯᠡᠨ ᠰᠠᠶᠢᠵᠢᠷᠠᠭᠤᠯᠤᠨ᠎ᠠ᠃ ᠠᠵᠢᠯᠴᠢ ᠠᠷᠪᠢᠴᠢ ᠪᠠᠷ ᠠᠯᠢᠪᠠ ᠦᠢᠯᠡᠰ ᠡᠷᠬᠢᠯᠡᠬᠦ ᠶᠢ ᠪᠠᠷᠢᠮᠳᠠᠯᠠᠵᠤ᠂ ᠡᠩ ᠤᠨ ᠴᠢᠨᠠᠷ ᠪᠦᠬᠦᠢ ᠵᠠᠷᠤᠯᠭ᠎ᠠ ᠶᠢ ᠴᠢᠩᠭ᠎ᠠ ᠬᠤᠷᠢᠭᠯᠠᠵᠤ᠂ ︽ᠭᠤᠷᠪᠠᠨ ᠠᠯᠪᠠᠨ︾ ᠤ ᠵᠠᠷᠤᠳᠠᠯ  ᠤᠨ ᠬᠠᠮᠢᠶᠠᠷᠤᠯᠳᠠ ᠶᠢ ᠴᠢᠩᠭᠠᠳᠬᠠᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ ᠴᠤᠭᠴᠠᠯᠠᠬᠤ ᠪᠠᠷ ᠴᠢᠷᠮᠠᠶᠢᠨ᠎ᠠ      ᠲᠦᠯᠦᠭᠡᠯᠡᠭᠴᠢᠳ ᠡ᠂ ᠵᠤᠯ ᠵᠢᠷᠭᠠᠯ ᠢ ᠳᠡᠮᠡᠴᠡᠭᠡᠳ ᠤᠯᠵᠤ ᠢᠷᠡᠳᠡᠭ ᠶᠤᠮ᠂ ᠰᠢᠨ᠎ᠡ ᠴᠠᠭ ᠦᠶ᠎ᠡ ᠪᠣᠯ ᠳᠡᠮᠡᠴᠡᠭᠰᠡᠳ ᠤᠨ ᠴᠠᠭ ᠦᠶ᠎ᠡ ᠮᠥᠨ᠃ ᠦᠨᠦᠳᠦᠷ᠂ ᠱᠠᠩᠳᠤ ᠶᠢᠨ ᠡᠨᠡᠬᠦ ᠤᠨᠠᠭᠰᠠᠨ ᠰᠢᠷᠤᠢ ᠳᠡᠭᠡᠷ᠎ᠡ ᠦᠷᠨᠢᠨ ᠬᠦᠭᠵᠢᠬᠦ ᠠᠮᠢᠵᠢᠷᠠᠯ ᠤᠨ ᠬᠦᠴᠦᠨ ᠪᠠᠳᠠᠷᠠᠵᠤ ᠪᠤᠢ᠂ ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠤᠤᠷ᠎ᠠ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ ᠲᠤ ᠪᠤᠶᠠᠨ ᠦᠢᠯᠡᠳᠴᠦ᠂ ︽ᠠᠵᠢᠯᠯᠠᠬᠤ︾ ᠶᠢ ᠳᠡᠷᠢᠬᠦᠨ ᠳᠤ ᠳᠠᠯᠪᠢᠵᠤ᠂ ᠪᠦᠯᠬᠦᠮᠳᠡᠨ ᠨᠢᠭᠡᠳᠴᠦ᠂ ᠪᠤᠭᠤᠮᠳᠠ ᠰᠢᠪᠳᠤᠯᠤᠨ ᠬᠦᠴᠢᠷ ᠢ ᠢᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠤᠷ ᠬᠢᠬᠦ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠳᠤ ᠰᠢᠢᠳᠪᠦᠷᠢᠳᠦ ᠢᠯᠠᠯᠳᠠ ᠤᠯᠬᠤ᠂ ᠵᠤᠯ ᠵᠢᠷᠭᠠᠯᠳᠤ ᠡᠶ᠎ᠡ ᠵᠤᠬᠢᠴᠠᠯᠳᠤ ᠭᠤᠶᠤ ᠦᠵᠡᠰᠬᠦᠯᠡᠩᠳᠤ ᠱᠠᠩᠳᠤ ᠪᠠᠨ ᠪᠦᠲᠦᠭᠡᠨ ᠪᠠᠶᠢᠭᠤᠯᠬᠤ ᠶᠢ ᠲᠦᠷᠭᠡᠳᠭᠡᠬᠦ ᠶᠢᠨ ᠲᠦᠯᠦᠭᠡ ᠳᠡᠮᠡᠴᠡᠰᠦᠭᠡᠢ︕
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2