ᠱᠠᠩᠳᠤ ᠰᠢᠶᠠᠨ ᠤ ᠤᠨᠳᠤᠤ ᠭᠠᠵᠠᠷ ᠲᠤ ᠨᠡᠬᠦᠯᠬᠡᠨ ᠰᠢᠯᠵᠢᠬᠦᠯᠵᠤ ᠶᠠᠳᠠᠭᠤ ᠶᠢ ᠳᠡᠳᠬᠦᠬᠦ ᠪᠠᠷᠢᠯᠭ᠎ᠠ ᠶᠢᠨ ᠨᠦᠬᠡᠴᠡᠯᠡᠭᠰᠡᠨ ᠠᠰᠠᠷ ᠢ ᠬᠤᠪᠢᠶᠠᠷᠢᠯᠠᠬᠤ ᠳᠦᠰᠦᠯ ᠤᠨ ᠳᠤᠬᠠᠢ ᠱᠠᠩᠳᠤ ᠰᠢᠶᠠᠨ ᠤ ᠠᠷᠠᠳ ᠤᠨ ᠵᠠᠰᠠᠭ  ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018-08-13
                  ᠱᠠᠩᠳᠤ ᠵᠠᠰᠠᠭ ᠠᠯᠪᠠᠨ ᠳᠠᠷᠬᠠᠭᠠᠭᠰᠠᠨ ﹇2018﹈ 39 ᠳ᠋ᠣᠭᠡᠷ ᠳᠤᠭᠠᠳᠤ          ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠨᠢᠬᠡᠴᠢ᠄      ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠤ᠂ ᠡᠳᠦᠬᠡ ︽ᠱᠠᠩᠳᠤ ᠰᠢᠶᠠᠨ ᠤ ᠤᠨᠳᠤᠤ ᠭᠠᠵᠠᠷ ᠲᠤ ᠨᠡᠬᠦᠯᠬᠡᠨ ᠰᠢᠯᠵᠢᠬᠦᠯᠵᠤ ᠶᠠᠳᠠᠭᠤ ᠶᠢ ᠳᠡᠳᠬᠦᠬᠦ ᠪᠠᠷᠢᠯᠭ᠎ᠠ ᠶᠢᠨ ᠨᠦᠬᠡᠴᠡᠯᠡᠭᠰᠡᠨ ᠠᠰᠠᠷ ᠢ ᠬᠤᠪᠢᠶᠠᠷᠢᠯᠠᠬᠤ ᠲᠦᠰᠦᠯ︾ ᠢ ᠳᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠨᠢᠮᠪᠠᠢ ᠲᠤᠤᠱᠯᠠᠭᠤᠯᠤᠨ ᠬᠡᠷᠡᠭᠵᠢᠬᠦᠯᠬᠦ ᠪᠤᠯᠪᠠᠤ᠃                                                              2018 ᠤᠨ ᠤ 6 ᠰᠠᠷ᠎ᠡ ᠶᠢᠨ19 ᠤ ᠡᠳᠦᠷ     ᠱᠠᠩᠳᠤ ᠰᠢᠶᠠᠨ ᠤ ᠤᠨᠳᠤᠤ ᠭᠠᠵᠠᠷ ᠲᠤ ᠶᠠᠳᠠᠭᠤ ᠶᠢ ᠨᠡᠬᠦᠯᠬᠡᠨ ᠰᠢᠯᠵᠢᠬᠦᠯᠵᠤ ᠶᠠᠳᠠᠭᠤ ᠶᠢ ᠳᠡᠳᠬᠦᠬᠦ ᠪᠠᠷᠢᠯᠭ᠎ᠠ ᠶᠢᠨ ᠨᠦᠬᠡᠴᠡᠯᠡᠭᠰᠡᠨ ᠠᠰᠠᠷ ᠤᠨ ᠬᠤᠪᠢᠶᠠᠷᠢᠯᠠᠯᠳᠠ ᠶᠢᠨ ᠲᠦᠰᠦᠯ      2014 ᠤᠨ ᠳᠤ ᠤᠨᠳᠤᠤ ᠭᠠᠵᠠᠷ ᠲᠤ ᠨᠡᠬᠦᠯᠬᠡᠨ ᠰᠢᠯᠵᠢᠬᠦᠯᠵᠤ ᠶᠠᠳᠠᠭᠤ ᠶᠢ ᠳᠡᠳᠬᠦᠬᠦ ᠪᠠᠷᠢᠯᠭ᠎ᠠ ᠶᠢᠨ 480 ᠢᠵᠢ ᠨᠡᠬᠦᠳᠡᠯ ᠠᠷᠠᠳ ᠤᠨ ᠠᠰᠠᠷ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠡᠮᠦᠨ᠎ᠡ ᠨᠠᠭᠤᠷ  ᠤᠨ ᠨᠤᠭᠤ ᠭᠠᠵᠠᠷ ᠤᠨ ᠴᠡᠴᠡᠷᠯᠢᠭ ᠤᠨ ᠬᠤᠶᠢᠳᠤ ᠬᠡᠰᠡᠭ ᠲᠤ ᠪᠠᠶᠢᠷᠢᠯᠠᠵᠤ᠂ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠪᠦᠲᠦᠭᠡᠨ ᠪᠠᠶᠢᠭᠤᠯᠬᠤ ᠶᠢ ᠵᠦᠪᠰᠢᠶᠡᠷᠡᠭᠰᠡᠨ ᠨᠡᠬᠦᠳᠡᠯ ᠤᠨ ᠠᠷᠠᠳ ᠢ ᠨᠡᠬᠦᠯᠬᠡᠨ ᠰᠢᠯᠵᠢᠬᠦᠯᠬᠦ ᠲᠦᠷᠦᠯ ᠵᠦᠢᠯ ᠮᠥᠨ᠃ ᠨᠡᠬᠦᠯᠬᠡᠨ ᠰᠢᠯᠵᠢᠬᠦᠯᠵᠤ ᠤᠷᠤᠭᠤᠯᠵᠤ ᠰᠠᠭᠤᠯᠭᠠᠬᠤ ᠠᠵᠢᠯ ᠢ ᠬᠦᠢᠴᠡᠳ ᠰᠠᠶᠢᠲᠤᠷ ᠬᠢᠬᠦ ᠶᠢᠨ ᠳᠤᠰᠠᠳᠠ᠂ ᠤᠨᠴᠠᠭᠠᠶᠢᠯᠠᠨ ᠳᠤᠰ ᠲᠦᠰᠦᠯ ᠢ ᠳᠤᠭᠳᠠᠭᠠᠪᠠ᠃     ᠨᠢᠬᠡ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠵᠠᠷᠴᠢᠮ ᠪᠠ ᠠᠷᠭ᠎ᠠ      ︽ᠵᠠᠰᠠᠭ ᠤᠨ ᠤᠷᠳᠤᠨ ᠠᠴᠠ ᠭᠤᠤᠯᠯᠠᠨ ᠬᠦᠲᠦᠯᠬᠦ᠂ ᠳᠠᠷᠢᠶᠠᠴᠢᠨ ᠰᠠᠶᠢᠨ ᠳᠤᠷ᠎ᠡ ᠶᠢᠨ ᠪᠠᠶᠢᠬᠤ︾ ᠵᠠᠷᠴᠢᠮ ᠢ ᠪᠠᠷᠢᠮᠳᠠᠯᠠᠵᠤ᠂ ᠤᠷᠴᠢᠨ ᠳᠤᠭᠤᠷᠢᠨ ᠢᠶᠠᠷ ᠮᠠᠭᠤ᠂ ᠠᠮᠢ ᠠᠬᠤᠢ ᠪᠠᠷ ᠬᠡᠪᠡᠷᠡᠭ᠂ ᠦᠨᠳᠦᠰᠦᠨ ᠦᠢᠯᠡᠳᠪᠦᠷᠢᠯᠡᠯ ᠪᠠ ᠬᠦᠭᠵᠢᠯᠳᠡ ᠶᠢᠨ ᠨᠦᠬᠦᠴᠡᠯ ᠢ ᠪᠦᠷᠢᠯᠳᠦᠬᠦᠯᠦᠭᠰᠡᠨ ᠦᠬᠡᠢ ᠭᠠᠵᠠᠷ ᠤᠷᠤᠨ ᠳᠤ ᠰᠠᠭᠤᠷᠢᠰᠢᠵᠤ ᠪᠠᠶᠢᠭ᠎ᠠ ᠤᠯᠠᠨ ᠲᠦᠮᠡᠨ ᠢ ᠬᠤᠳᠠ ᠳᠤ ᠨᠡᠬᠦᠯᠬᠡᠨ ᠰᠢᠯᠵᠢᠬᠦᠯᠵᠤ ᠲᠦᠪᠬᠢᠨᠡᠬᠦᠯᠬᠦ ᠶᠢ ᠢᠳᠡᠪᠬᠢᠳᠡᠢ ᠬᠦᠲᠦᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠬᠡ ᠪᠠ ᠪᠡᠯᠡ ᠤᠷᠤᠭᠤᠯᠤᠯᠳᠠ ᠶᠢᠨ ᠵᠠᠷᠴᠢᠮ ᠢ ᠴᠢᠩᠭᠠᠳᠬᠠᠵᠤ᠂ ᠤᠯᠠᠨ ᠨᠡᠶᠢᠳᠡ ᠶᠢᠨ ᠦᠢᠯᠡᠴᠢᠯᠡᠬᠡᠨ ᠤ ᠳᠦᠬᠦᠬᠡᠷᠦᠮᠵᠢ ᠶᠢ ᠪᠦᠷᠢᠨᠰᠢᠬᠦᠯᠦᠨ ᠢᠵᠢ ᠪᠦᠷᠢᠳᠦᠬᠦᠯᠵᠤ᠂ ᠰᠡᠬᠦᠯᠡᠷᠬᠢ ᠠᠵᠤ ᠦᠢᠯᠡᠰ ᠤᠨ ᠬᠦᠭᠵᠢᠯᠳᠡ ᠶᠢ ᠳᠡᠮᠵᠢᠵᠤ᠂ ᠨᠡᠬᠦᠵᠤ ᠳᠡᠶᠢᠯᠬᠦ᠂ ᠳᠤᠭᠳᠠᠭᠤᠨ ᠰᠠᠭᠤᠬᠤ᠂ ᠬᠦᠭᠵᠢᠵᠤ ᠴᠢᠳᠠᠬᠤ ᠂ ᠪᠠᠶᠠᠵᠢᠵᠤ ᠪᠤᠯᠬᠤ ᠶᠢ ᠦᠨᠡᠨᠬᠦ ᠪᠠᠳᠤᠯᠠᠨ᠎ᠠ᠃ ᠨᠡᠬᠦᠳᠡᠯ ᠠᠷᠠᠳ ᠤᠨ ᠨᠡᠬᠦᠨ ᠰᠢᠯᠵᠢᠭᠰᠡᠨ ᠡᠷᠦᠬᠡ ᠶᠢᠨ ᠤᠤᠯ ᠤᠨ ᠤᠷᠤᠨ ᠰᠠᠭᠤᠴᠠ ᠭᠡᠷ ᠪᠠᠶᠢᠰᠢᠩ ᠢ ᠡᠷᠬᠡᠪᠰᠢ ᠳᠤᠭᠳᠠᠭᠠᠭᠰᠠᠨ ᠴᠠᠭ ᠤᠨ ᠬᠢᠵᠠᠭᠠᠷᠯᠠᠯ ᠳᠤᠳᠤᠷ᠎ᠠ ᠨᠤᠷᠠᠭᠠᠵᠤ᠂ ᠪᠠᠶᠢᠰᠢᠩ ᠤᠨ ᠰᠠᠭᠤᠷᠢ ᠭᠠᠵᠠᠷ ᠢ ᠬᠠᠮᠳᠤ ᠳᠤ ᠨᠢ ᠦᠮᠴᠢᠯᠡᠬᠦᠯᠬᠦ ᠬᠡᠷᠡᠭᠳᠡᠢ᠃      ᠠᠷᠭ᠎ᠠ ᠮᠠᠶ᠋ᠢᠭ ᠨᠢ ᠤᠯᠠᠨ ᠲᠦᠮᠡᠨ ᠰᠠᠶᠢᠨ ᠳᠤᠷ᠎ᠡ ᠠᠴᠠ ᠪᠠᠨ ᠨᠡᠷ᠎ᠡ ᠮᠡᠳᠡᠬᠦᠯᠵᠤ᠂ ᠭᠤᠶᠤᠴᠢᠯᠠᠯ ᠤᠨ ᠪᠢᠴᠢᠭ ᠢ ᠳᠠᠭᠯᠠᠵᠤ᠂ ᠳᠤᠰᠬᠤᠨ ᠤ ᠠᠷᠠᠳ ᠤᠨ ᠵᠦᠪᠯᠡᠯ ᠠᠩᠬ᠎ᠠ ᠬᠢᠨᠠᠨ ᠵᠦᠪᠯᠡᠵᠤ᠂ ᠰᠢᠶᠠᠩ ᠪᠠᠯᠭᠠᠰᠤᠨ ᠤ ᠵᠠᠰᠠᠭ ᠤᠨ ᠤᠷᠳᠤᠨ ᠳᠤ ᠮᠡᠳᠡᠬᠦᠯᠦᠨ ᠬᠢᠨᠠᠨ ᠬᠠᠷᠭᠤᠭᠤᠯᠤᠨ ᠵᠦᠪᠰᠢᠶᠡᠷᠡᠬᠦᠯᠵᠤ᠂ ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶ᠎ᠠ ᠳᠠᠩᠰᠠᠯᠠᠨ᠎ᠠ᠃ ᠦᠨᠡᠯᠡᠨ ᠵᠦᠪᠯᠡᠭᠰᠡᠨ ᠪᠠᠶᠢᠳᠠᠯ ᠪᠤᠯᠤᠨ ᠬᠢᠨᠠᠨ ᠵᠦᠪᠰᠢᠶᠡᠷᠡᠭᠰᠡᠨ ᠦᠷ᠎ᠡ ᠳ᠋ᠦᠩ ᠵᠢᠴᠢ ᠨᠦᠬᠦᠪᠦᠷᠢ ᠪᠡᠯᠡ ᠮᠦᠩᠭᠦ ᠵᠡᠷᠬᠡ ᠠᠭᠤᠯᠭ᠎ᠠ ᠶᠢ ᠳᠤᠰᠬᠤᠨ ᠤ ᠢᠯᠡ ᠨᠡᠶᠢᠳᠡᠯᠡᠬᠦ ᠰᠠᠮᠪᠠᠷ᠎ᠠ ᠳᠡᠬᠡᠷ᠎ᠡ ᠠᠯᠪᠠᠨ ᠵᠠᠷ ᠢᠶᠠᠷ ᠨᠡᠶᠢᠳᠡᠯᠡᠵᠤ᠂ ᠤᠯᠠᠨ ᠲᠦᠮᠡᠨ ᠤ ᠬᠢᠨᠠᠯᠳᠠ ᠶᠢ ᠬᠦᠯᠢᠶᠡᠨ ᠠᠪᠤᠨ᠎ᠠ᠃      ᠬᠤᠶᠠᠷ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠬᠦᠷᠢᠶ᠎ᠡ ᠪᠠ ᠡᠳᠡᠬᠡᠳ      ︽ᠱᠠᠩᠳᠤ ᠰᠢᠶᠠᠨ ᠤ 2018 ᠤᠨ ᠤ ᠬᠡᠷ ᠪᠠᠶᠢᠰᠢᠩ ᠤᠨ ᠰᠢᠨᠡᠳᠬᠡᠨ ᠦᠬᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ︾ ᠤᠨ ᠵᠤᠷᠢᠭ ᠰᠠᠨᠠᠭ᠎ᠠ ᠶᠢ ᠦᠨᠳᠦᠰᠦᠯᠡᠵᠤ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ  ᠤ ᠨᠡᠬᠦᠨ ᠰᠢᠯᠵᠢᠬᠦ ᠬᠦᠰᠡᠯ ᠲᠠᠢ 480 ᠳᠠᠷᠢᠶᠠᠯᠠᠩ ᠤᠨ ᠡᠷᠦᠬᠡ ᠶᠢ ᠳᠤᠰ ᠤᠳᠠᠭᠠᠨ ᠤ ᠨᠡᠬᠦᠳᠡᠯ ᠠᠷᠠᠳ ᠤᠨ ᠨᠡᠬᠦᠯᠬᠡᠨ ᠰᠢᠯᠵᠢᠬᠦᠯᠬᠦ ᠬᠦᠷᠢᠶ᠎ᠡ ᠬᠡᠪᠴᠢᠶᠡᠨ ᠳᠤ ᠢᠯᠭᠠᠨ ᠳᠤᠭᠳᠠᠭᠠᠵᠤ ᠪᠦᠬᠦᠨ ᠢ ᠬᠤᠳᠠ ᠳᠤ ᠤᠷᠤᠭᠤᠯᠵᠤ ᠲᠦᠪᠬᠢᠨᠡᠬᠦᠯᠦᠨ᠎ᠡ᠃ ᠨᠡᠬᠦᠯᠬᠡᠨ ᠰᠢᠯᠵᠢᠬᠦᠯᠬᠦ ᠡᠷᠦᠬᠡ ᠶᠢᠨ ᠠᠶᠦᠯᠳᠡᠢ ᠬᠡᠷ ᠪᠠᠶᠢᠰᠢᠩ ᠤᠨ ᠬᠢᠨᠠᠨ ᠳᠤᠭᠳᠠᠭᠠᠯᠳᠠ ᠶᠢ ᠰᠢᠶᠠᠨ ᠤ ᠤᠷᠤᠨ ᠰᠠᠭᠤᠴᠠ ᠪᠠ ᠪᠦᠲᠦᠭᠡᠨ ᠪᠠᠶᠢᠭᠤᠯᠤᠯᠳᠠ ᠶᠢᠨ ᠳᠤᠪᠴᠢᠶ᠎ᠠ ᠠᠴᠠ  ᠬᠠᠷᠢᠭᠤᠴᠠᠵᠤ᠂ ᠨᠡᠬᠦᠭᠰᠡᠳ  ᠤᠨ ᠮᠠᠭᠠᠳᠯᠠᠨ ᠳᠤᠭᠳᠠᠭᠠᠯᠳᠠ ᠶᠢ ᠡᠯ᠎ᠡ ᠰᠢᠶᠠᠩ ᠪᠠᠯᠭᠠᠰᠤ ᠠᠴᠠ ᠬᠠᠷᠭᠤᠭᠤᠯᠤᠨ ᠵᠦᠪᠰᠢᠶᠡᠷᠡᠨ᠎ᠡ᠃ ᠡᠯ᠎ᠡ ᠰᠢᠶᠠᠩ ᠪᠠᠯᠭᠠᠰᠤ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠳᠠᠶᠠᠭᠠᠷ ᠬᠦᠴᠦᠯᠡᠵᠤ᠂ ᠪᠦᠬᠦ ᠬᠤᠷᠳᠤᠴᠠ ᠪᠠᠷ ᠲᠦᠯᠬᠢᠨ ᠠᠬᠢᠭᠤᠯᠵᠤ᠂ ᠨᠡᠬᠦᠯᠬᠡᠨ ᠰᠢᠯᠵᠢᠬᠦᠯᠬᠦ ᠠᠵᠢᠯ ᠢᠶᠠᠨ ᠰᠠᠶᠢᠲᠤᠷ ᠬᠢᠬᠦ ᠶᠢ ᠦᠨᠡᠨᠬᠦ ᠪᠠᠳᠤᠯᠠᠬᠤ ᠬᠡᠷᠡᠭᠳᠡᠢ᠃      ᠵᠢᠱᠢᠭᠰᠡᠨ ᠨᠡᠬᠦᠯᠬᠡᠨ ᠰᠢᠯᠵᠢᠬᠦᠯᠬᠦ ᠡᠳᠡᠬᠡᠳ ᠨᠢ ᠡᠷᠬᠡᠪᠰᠢ ᠳᠡᠬᠡᠷ᠎ᠡ ᠳᠤᠷᠠᠳᠤᠭᠰᠠᠨ ᠢᠯᠭᠠᠨ ᠳᠤᠭᠳᠠᠭᠠᠭᠰᠠᠨ ᠬᠡᠪᠴᠢᠶᠡᠨ ᠳᠠᠬᠢ ᠳᠤᠰᠬᠤᠨ ᠳᠤ ᠪᠠᠶᠢᠩᠭᠤ ᠰᠠᠭᠤᠭ᠎ᠠ ᠳᠠᠷᠢᠶᠠᠴᠢᠨ ᠡᠷᠦᠬᠡ ᠪᠠᠶᠢᠬᠤ ᠬᠡᠷᠡᠭᠳᠡᠢ᠃     ᠭᠤᠷᠪᠠ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠲᠦᠷᠦ ᠶᠢᠨ ᠪᠤᠳᠤᠯᠭ᠎ᠠ ᠶᠢᠨ ᠴᠢᠨᠠᠷ ᠪᠦᠬᠦᠢ ᠦᠢᠯᠡᠴᠢᠯᠡᠬᠡᠨ ᠤ ᠠᠷᠭ᠎ᠠ ᠪᠠᠷᠢᠯ      1. ᠨᠡᠬᠦᠳᠡᠯ ᠠᠷᠠᠳ ᠨᠡᠬᠦᠨ ᠰᠢᠯᠵᠢᠭᠰᠡᠨ ᠤ ᠳᠠᠷᠠᠭ᠎ᠠ᠂ ᠬᠦᠳᠡᠭᠡ ᠳᠤᠰᠬᠤᠨ ᠤ ᠬᠠᠮᠳᠤ ᠶᠢᠨ ᠠᠵᠤ ᠠᠬᠤᠢ  ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠤ ᠭᠠᠷᠤᠯ ᠬᠤᠪᠢᠷᠠᠬᠤ ᠦᠭᠡᠢ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠬᠠᠷᠢᠶᠠᠯᠠᠯ ᠬᠤᠪᠢᠷᠠᠬᠤ ᠦᠭᠡᠢ᠂ ᠡᠳ᠋ᠯᠡᠬᠦ ᠳᠠᠷᠢᠶᠠᠴᠢᠨ ᠳᠤ ᠠᠰᠢᠭ ᠬᠦᠷᠳᠡᠬᠡᠬᠦ ᠲᠦᠷᠦ ᠶᠢᠨ ᠪᠤᠳᠤᠯᠭ᠎ᠠ ᠬᠤᠪᠢᠷᠠᠬᠤ ᠦᠭᠡᠢ᠃      2. ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ᠂ ᠨᠡᠶᠢᠬᠡᠮ ᠤᠨ ᠠᠪᠤᠷᠠᠨ ᠳᠤᠰᠠᠯᠠᠯᠳᠠ᠂ ᠠᠵᠢᠯ ᠤᠯᠭᠤᠯᠳᠠ ᠶᠢᠨ ᠳᠠᠯ᠎ᠠ ᠪᠠᠷ ᠬᠤᠳᠠ ᠪᠠᠯᠭᠠᠰᠤᠨ ᠤ ᠰᠠᠭᠤᠭᠠᠯᠢ ᠠᠷᠠᠳ ᠲᠠᠢ ᠵᠡᠷᠬᠡ ᠳᠡᠰ ᠤᠨ ᠬᠦᠷᠳᠡᠬᠡᠮᠵᠢ ᠶᠢ ᠡᠳ᠋ᠯᠡᠨ᠎ᠡ᠃      3. ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠪᠤᠷᠢ᠂ ᠰᠤᠷᠭᠠᠨ ᠬᠦᠮᠦᠵᠢᠯ᠂ ᠳᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠳᠠ᠂ ᠤᠢ ᠰᠢᠭᠤᠢ ᠪᠠ ᠠᠵᠤ ᠠᠬᠤᠢ ᠮᠡᠳᠡᠭᠡ ᠵᠠᠩᠭᠢᠴᠢᠯᠠᠯᠳᠠ᠂ ᠬᠤᠳᠠᠯᠳᠤᠭᠠᠨ ᠤ ᠶᠠᠪᠤᠳᠠᠯ ᠵᠡᠷᠬᠡ ᠰᠠᠯᠠᠭ᠎ᠠ ᠮᠦᠴᠢᠷ ᠭᠤᠤᠯᠯᠠᠭᠴᠢ ᠠᠵᠤ ᠦᠢᠯᠡᠰ ᠤᠨ ᠳᠤᠭᠤᠷᠢᠨ ᠳᠤ᠂ ᠬᠡᠷᠡᠭᠯᠡᠬᠡᠨ ᠤ ᠮᠡᠷᠬᠡᠵᠢᠯ ᠤᠨ ᠤᠷ᠎ᠡ ᠴᠢᠳᠠᠪᠤᠷᠢ ᠶᠢᠨ ᠪᠤᠯᠪᠠᠰᠤᠷᠠᠭᠤᠯᠤᠯ ᠢ ᠢᠳᠡᠪᠬᠢᠳᠡᠢ ᠪᠠᠷ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠨᠡᠬᠦᠨ ᠰᠢᠯᠵᠢᠭᠰᠡᠨ ᠨᠡᠬᠦᠳᠡᠯ ᠠᠷᠠᠳ ᠤᠨ ᠠᠵᠤ ᠠᠬᠤᠶᠢᠯᠠᠯ ᠳᠤ ᠬᠦᠯᠦᠰᠦᠨ ᠠᠵᠢᠯ ᠬᠢᠬᠦ ᠪᠠ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠬᠡᠨ ᠤ ᠦᠢᠯᠡᠰ ᠢ ᠡᠷᠬᠢᠯᠡᠬᠦ ᠳᠤᠨᠢ ᠰᠠᠭᠤᠷᠢ ᠳᠠᠯᠪᠢᠬᠤ ᠬᠡᠷᠡᠭᠳᠡᠢ᠃     ᠳᠦᠷᠪᠡ᠂ ᠨᠡᠬᠦᠳᠡᠯ ᠠᠷᠠᠳ ᠤᠨ ᠨᠡᠬᠦᠨ ᠰᠢᠯᠵᠢᠬᠦ ᠳᠡᠭᠡᠨ ᠦᠪᠡᠷᠳᠡᠬᠡᠨ ᠬᠤᠷᠠᠮᠳᠤᠭᠤᠯᠤᠭᠰᠠᠨ ᠵᠤᠭᠤᠰ ᠤᠨ ᠳᠤᠰᠢᠶᠠᠯᠳᠠ ᠪᠠ ᠤᠷᠤᠨ ᠰᠠᠭᠤᠴᠠ ᠶᠢᠨ ᠠᠰᠠᠷ ᠤᠨ ᠬᠤᠪᠢᠶᠠᠷᠢᠯᠠᠯᠳᠠ ᠶᠢᠨ ᠠᠷᠭ᠎ᠠ      ᠳᠤᠰ ᠤᠳᠠᠭᠠᠨ ᠤ ᠨᠡᠬᠦᠨ ᠰᠢᠯᠵᠢᠬᠦ ᠡᠷᠦᠬᠡ ᠨᠢ 2014 ᠤᠨ ᠤ ᠤᠨᠳᠤᠤ ᠭᠠᠵᠠᠷ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠪᠠᠷᠢᠯᠭ᠎ᠠ ᠶᠢᠨ 5#—13# ᠠᠰᠠᠷ ᠲᠤ ᠤᠷᠤᠵᠤ ᠰᠠᠭᠤᠵᠤ᠂ ᠶᠡᠷᠦᠩᠭᠡᠢ ᠵᠠᠷᠤᠳᠠᠯ ᠢ ᠠᠰᠠᠷ ᠤᠨ ᠪᠦᠲᠦᠭᠡᠨ ᠪᠠᠶᠢᠭᠤᠯᠤᠯᠳᠠ ᠶᠢᠨ ᠪᠤᠳᠠᠳᠠᠢ ᠡᠬᠦᠰᠦᠭᠰᠡᠨ ᠡᠯ᠎ᠡ ᠲᠦᠷᠦᠯ ᠤᠨ ᠵᠠᠷᠤᠳᠠᠯ ᠢᠶᠠᠷ ᠪᠤᠳᠤᠵᠤ᠂ ᠳᠤᠰᠬᠠᠢ ᠲᠦᠷᠤᠯ ᠤᠨ ᠪᠡᠯᠡ ᠤᠷᠤᠭᠤᠯᠤᠯᠳᠠ ᠪᠠ ᠡᠳ᠋ ᠤᠨ ᠵᠠᠰᠠᠭ ᠤᠨ ᠨᠦᠬᠦᠪᠦᠷᠢ ᠶᠢ ᠬᠠᠰᠤᠵᠤ᠂ ᠨᠡᠬᠦᠳᠡᠯ ᠠᠷᠠᠳ ᠤᠨ ᠨᠡᠬᠦᠨ ᠰᠢᠯᠵᠢᠭᠰᠡᠨ ᠡᠷᠦᠬᠡ ᠨᠢ ᠦᠪᠡᠷᠳᠡᠬᠡᠨ ᠬᠤᠷᠠᠮᠳᠤᠭᠤᠯᠤᠭᠰᠠᠨ ᠵᠤᠭᠤᠰ ᠳᠡᠭᠰᠢ ᠮᠧᠲᠷ ᠤᠨ ᠳᠤᠮᠳᠠᠴᠢ ᠦᠨ᠎ᠡ 1000 ᠳᠦᠬᠦᠷᠢᠭ ︵ᠠᠰᠠᠷ ᠤᠨ ᠳᠠᠪᠬᠤᠷ ᠢᠶᠠᠷ ᠤᠨᠤᠭᠳᠠᠭᠤᠯᠬᠤ ᠨᠢ᠄ ᠨᠢᠬᠡᠳᠦᠬᠡᠷ ᠳᠠᠪᠬᠤᠷ ᠠᠰᠠᠷ 1050 ᠳᠦᠬᠦᠷᠢᠭ \  ᠳᠡᠭᠰᠢ ᠮᠧᠲᠷ᠂ ᠬᠤᠶᠠᠳᠤᠭᠠᠷ ᠳᠠᠪᠬᠤᠷ ᠠᠰᠠᠷ 1100 ᠳᠦᠬᠦᠷᠢᠭ \ ᠳᠡᠭᠰᠢ ᠮᠧᠲᠷ᠂ ᠭᠤᠷᠪᠠᠳᠤᠭᠠᠷ ᠳᠠᠪᠬᠤᠷ ᠠᠰᠠᠷ 1150 ᠳᠦᠬᠦᠷᠢᠭ \ ᠳᠡᠭᠰᠢ ᠮᠧᠲᠷ᠂ ᠳᠦᠷᠪᠡᠳᠦᠬᠡᠷ ᠳᠠᠪᠬᠤᠷ ᠠᠰᠠᠷ 950 ᠳᠦᠬᠦᠷᠢᠭ \ ᠳᠡᠭᠰᠢ ᠮᠧᠲᠷ᠂ ᠳᠠᠪᠤᠳᠤᠭᠠᠷ ᠠᠰᠠᠷ 750 ᠳᠦᠬᠦᠷᠢᠭ \ ᠳᠡᠭᠰᠢ ᠮᠧᠲᠷ︶ ᠳᠤᠰᠢᠶᠠᠬᠤ ᠴᠢᠬᠤᠯᠠ ᠲᠠᠢ᠃ ᠡᠬᠦᠨ ᠤ ᠳᠠᠭᠠᠤ᠂ 4.9 ᠳᠦᠬᠦᠷᠢᠭ \ ᠰᠠᠷ᠎ᠡ ᠨᠢᠬᠡ ᠳᠡᠭᠰᠢ ᠮᠧᠲᠷ ᠠᠴᠠ ᠳᠤᠰ ᠵᠢᠯ ︵ᠵᠢᠷᠭᠤᠭᠠᠨ ᠰᠠᠷ᠎ᠡ︶ ᠤᠨ ᠳᠤᠯᠠᠭᠠᠯᠠᠮᠵᠢ ᠶᠢᠨ ᠰᠦᠢᠳᠬᠡᠯ ᠬᠤᠷᠢᠶᠠᠵᠤ᠂ 20 ᠳᠦᠬᠦᠷᠢᠭ \ ᠳᠡᠭᠰᠢ ᠮᠧᠲᠷ ᠠᠴᠠ ᠠᠰᠠᠷ ᠤᠨ ᠰᠡᠯᠪᠢᠨ ᠵᠠᠰᠠᠯᠳᠠ ᠶᠢᠨ ᠳᠤᠰᠬᠠᠢ ᠰᠠᠭᠤᠷᠢ ᠮᠦᠩᠭᠦ ᠬᠤᠷᠢᠶᠠᠨ᠎ᠠ᠃      ᠳᠦᠪᠬᠢᠨᠡᠬᠦᠯᠬᠦ ᠪᠠᠷᠢᠮᠵᠢᠶ᠎ᠠ ᠨᠢ᠄ ᠨᠡᠬᠦᠳᠡᠯ ᠠᠷᠠᠳ ᠤᠨ ᠵᠢᠵᠢᠭ ᠳᠤᠭᠤᠷᠢᠭ ᠤᠨ ᠤᠷᠤᠨ ᠰᠠᠭᠤᠴᠠ ᠶᠢᠨ ᠠᠰᠠᠷ ᠤᠨ ᠦᠷᠦᠬᠡ ᠶᠢᠨ ᠪᠦᠲᠦᠭᠡᠨ ᠪᠠᠶᠢᠭᠤᠯᠤᠯᠳᠠ ᠶᠢᠨ ᠳᠠᠯᠠᠪᠠᠢ ᠨᠢ ᠳᠤᠰᠪᠤᠷᠢ ᠵᠠᠬ᠎ᠠ ᠶᠢᠨ ᠡᠷᠦᠬᠡ 68.71 ᠳᠡᠭᠰᠢ ᠮᠧᠲᠷ ᠪᠠ ᠳᠤᠮᠳᠠ ᠡᠷᠦᠬᠡ 71.65 ᠳᠡᠭᠰᠢ ᠮᠧᠲᠷ᠂ ᠦᠷᠦᠬᠡ ᠨᠢ ᠨᠢᠬᠡ ᠱᠠᠲᠤᠨ ᠳᠤ ᠭᠤᠷᠪᠠᠨ ᠡᠷᠦᠬᠡ᠃ ᠡᠷᠦᠬᠡ ᠪᠤᠯᠭᠠᠨ ᠤ ᠤᠷᠤᠨ ᠰᠠᠭᠤᠴᠠ ᠳᠤ᠂ ᠪᠠᠳᠤ ᠡᠬᠦᠳᠡ ᠳᠠᠭᠠᠷᠠᠭᠤᠯᠵᠤ᠂ ᠳᠤᠯᠠᠭᠠᠯᠠᠬᠤ ᠮᠠᠶ᠋ᠢᠭ ᠨᠢ ᠭᠠᠵᠠᠷ  ᠤᠨ ᠳᠤᠯᠠᠭᠠᠯᠠᠭ᠎ᠠ᠂ ᠳᠤᠳᠤᠷ᠎ᠡ ᠬᠡᠷᠡᠮ ᠢ ᠴᠠᠭᠠᠨ ᠴᠤᠬᠤᠢ ᠪᠠᠷ ᠦᠩᠭᠡᠯᠡᠨ ᠬᠤᠰᠤᠵᠤ᠂ ᠱᠠᠯᠠ ᠶᠢᠨ ᠳᠤᠭᠤᠰᠬ᠎ᠠ ᠳᠡᠪᠢᠰᠴᠦ᠂ ᠠᠷᠢᠭᠤᠨ ᠴᠡᠪᠡᠷ ᠤᠨ ᠳᠠᠰᠤᠯᠭ᠎ᠠ ᠳᠤ ᠱᠠᠭᠠᠵᠢᠩ ᠳᠤᠭᠤᠰᠬ᠎ᠠ ᠨᠠᠭᠠᠭᠰᠠᠨ ᠪᠠ ᠭᠠᠳᠠᠭᠠᠯᠠᠬᠤ ᠰᠠᠭᠤᠳᠠᠯ ᠳᠠᠭᠠᠷᠠᠭᠤᠯᠵᠤ᠂ ᠴᠠᠬᠢᠯᠭᠠᠨ ᠤ ᠬᠡᠷᠡᠭᠯᠡᠬᠡᠨ ᠤ ᠬᠡᠰᠡᠭ ᠲᠤ ᠨᠡᠬᠡᠯᠡᠬᠡᠢ᠂ ᠤᠭᠯᠠᠭᠤᠷᠭ᠎ᠠ ᠵᠡᠷᠬᠡ ᠶᠢ ᠤᠭᠰᠠᠷᠠᠪᠠ᠃      ᠬᠠᠮᠢᠶ᠎ᠠ ᠪᠦᠬᠦᠢ ᠰᠢᠶᠠᠩ ᠪᠠᠯᠭᠠᠰᠤ ᠳᠤᠰ ᠰᠢᠶᠠᠩ ᠪᠠᠯᠭᠠᠰᠤᠨ ᠤ ᠪᠠᠨ ᠨᠡᠬᠦᠯᠬᠡᠨ ᠰᠢᠯᠵᠢᠬᠦᠯᠬᠦ ᠡᠷᠦᠬᠡ ᠶᠢ ᠪᠤᠳᠠᠳᠠᠢ ᠬᠤᠪᠢᠶᠠᠷᠢᠯᠠᠬᠤ ᠶᠢ ᠬᠠᠷᠢᠭᠤᠴᠠᠵᠤ᠂ ᠤᠷᠤᠨ ᠰᠠᠭᠤᠴᠠ ᠶᠢᠨ ᠠᠰᠠᠷ ᠢ ᠬᠤᠪᠢᠶᠠᠷᠢᠯᠠᠬᠤ ᠳᠠᠭᠠᠨ᠂ ᠭᠤᠶᠤᠴᠢᠯᠠᠭᠰᠠᠨ ᠬᠦᠮᠦᠨ ᠤ ᠨᠠᠰᠤ ᠵᠢᠯ ᠢᠶᠠᠷ ᠨᠢ ᠠᠰᠠᠷ ᠤᠨ ᠳᠠᠪᠬᠤᠷᠭ᠎ᠠ ᠶᠢ ᠳᠤᠭᠳᠠᠭᠠᠵᠤ᠂ ᠨᠠᠰᠤ ᠠᠬᠢᠭᠰᠠᠨ ᠬᠦᠮᠦᠨ ᠢ ᠳᠤᠤᠷ᠎ᠡ ᠳᠠᠪᠬᠤᠷ ᠲᠤ ᠰᠠᠭᠤᠯᠭᠠᠵᠤ᠂ ᠢᠳᠡᠷ ᠨᠠᠰᠤᠨ ᠤ ᠬᠦᠮᠦᠨ ᠢ ᠳᠤᠮᠳᠠ ᠳᠠᠪᠬᠤᠷ ᠲᠤ ᠰᠠᠭᠤᠯᠭᠠᠵᠤ᠂ ᠵᠠᠯᠠᠭᠤ ᠬᠦᠮᠦᠨ ᠢ ᠦᠨᠳᠦᠷ ᠳᠠᠪᠬᠤᠷᠭ᠎ᠠ ᠳᠤ ᠰᠠᠭᠤᠯᠭᠠᠨ᠎ᠠ᠃ ᠦᠷᠦᠬᠡ ᠶᠢᠨ ᠳᠠᠯᠠᠪᠠᠢ ᠶᠢᠨ ᠵᠦᠷᠢᠶ᠎ᠡ ᠶᠡᠭᠡ ᠪᠢᠰᠢ ᠪᠤᠯᠬᠤᠷ ᠭᠤᠶᠤᠴᠢᠯᠠᠭᠴᠢ ᠶᠢᠨ ᠬᠡᠷ ᠪᠦᠯᠢ ᠳᠤ ᠰᠠᠭᠤᠬᠤ ᠭᠡᠷ ᠬᠤᠪᠢᠶᠠᠷᠢᠯᠠᠬᠤ ᠳᠤ ᠦᠷᠦᠬᠡ  ᠶᠢᠨ ᠲᠦᠷᠦᠯ ᠢᠶᠠᠷ ᠢᠯᠭᠠᠬᠤ ᠦᠭᠡᠢ᠂ ᠴᠦᠮ ᠰᠢᠪᠠᠭ᠎ᠠ ᠶᠢᠨ ᠪᠢᠯᠧᠲ ᠳᠡᠬᠡᠷ᠎ᠡ ᠳᠤᠳᠤᠷᠬᠠᠶᠢᠯᠠᠭᠰᠠᠨ ᠠᠰᠠᠷ ᠤᠨ ᠨᠤᠮᠧᠷ᠂ ᠳᠠᠰᠤᠭ ᠤᠨ ᠨᠤᠮᠧᠷ᠂ ᠳᠠᠪᠬᠤᠷᠭ᠎ᠠ ᠶᠢᠨ ᠨᠤᠮᠧᠷ ᠪᠠ ᠡᠬᠦᠳᠡᠨ ᠨᠤᠮᠧᠷ ᠢᠶᠠᠷ ᠪᠠᠷᠢᠮᠵᠢᠶ᠎ᠠ ᠪᠤᠯᠭᠠᠨ᠎ᠠ᠃ ᠪᠤᠳᠠᠳᠠᠢ ᠬᠡᠷᠡᠭᠵᠢᠬᠦᠯᠬᠦ ᠲᠦᠰᠦᠯ ᠢ ᠡᠯ᠎ᠡ ᠰᠢᠶᠠᠩ ᠪᠠᠯᠭᠠᠰᠤᠨ ᠤ ᠵᠠᠰᠠᠭ ᠤᠨ ᠤᠷᠳᠤᠨ ᠠᠴᠠ ᠳᠤᠭᠳᠠᠭᠠᠬᠤ ᠪᠦᠬᠡᠳ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠬᠡᠨ ᠰᠢᠯᠵᠢᠬᠦᠯᠦᠭᠰᠡᠨ ᠡᠷᠦᠬᠡ ᠶᠢᠨ ᠭᠤᠶᠤᠴᠢᠯᠠᠯ ᠢ ᠬᠢᠨᠠᠨ ᠵᠦᠪᠰᠢᠶᠡᠷᠡᠬᠦ ᠨᠡᠬᠦᠯᠬᠡᠨ ᠰᠢᠯᠵᠢᠬᠦᠯᠬᠦ ᠵᠢᠴᠢ ᠭᠤᠴᠢᠨ ᠭᠡᠷ ᠪᠠᠶᠢᠰᠢᠩ ᠢ ᠨᠢ ᠨᠤᠷᠠᠭᠠᠬᠤ ᠬᠡᠯᠡᠯᠴᠡᠬᠡᠷ᠂ ᠨᠡᠬᠦᠨ ᠰᠢᠯᠵᠢᠵᠤ ᠤᠷᠤᠵᠤ ᠰᠠᠭᠤᠬᠤ ᠬᠡᠯᠡᠯᠴᠡᠬᠡᠷ ᠵᠡᠷᠬᠡ ᠳᠠᠩᠰᠠ ᠡᠪᠬᠡᠮᠡᠯ ᠤᠨ ᠮᠠᠲ᠋ᠧᠷᠢᠶᠠᠯ ᠢ ᠰᠠᠶᠢᠲᠤᠷ ᠬᠢᠨ᠎ᠡ᠃ ᠡᠬᠦᠨ  ᠤ ᠳᠠᠭᠠᠤ ᠤᠨᠳᠤᠤ ᠭᠠᠵᠠᠷ ᠲᠤ ᠨᠡᠬᠦᠨ ᠰᠢᠯᠵᠢᠭᠰᠡᠨ ᠡᠷᠦᠬᠡ ᠳᠤ ᠬᠡᠷ ᠬᠤᠪᠢᠶᠠᠷᠢᠯᠠᠭᠰᠠᠨ ᠳᠤ ᠭᠠᠷ ᠤᠨ ᠦᠰᠦᠭ ᠵᠢᠷᠤᠬᠤ ᠬᠦᠰᠦᠨᠦᠭ᠂ ᠨᠡᠷᠡᠰ ᠤᠨ ᠳᠡᠪᠳᠡᠷ᠂ ᠡᠷᠦᠬᠡ ᠶᠢᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠪᠦᠬᠦ ᠬᠡᠷ ᠤᠨ ᠡᠷᠦᠬᠡ ᠠᠮᠠ ᠶᠢᠨ ᠳᠡᠪᠳᠡᠷ ᠤᠨ ᠬᠠᠭᠤᠯᠪᠤᠷᠢ᠂ ᠪᠦᠬᠦ ᠭᠡᠷ ᠤᠨ ᠬᠡᠷᠡᠯ ᠵᠢᠷᠤᠭ ᠬᠠᠩᠭᠠᠨ᠎ᠠ᠃      ᠳᠠᠪᠤ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠠᠯᠬᠤᠮ ᠳᠠᠷᠠᠭ᠎ᠠ ᠪᠠ ᠴᠠᠭ ᠤᠨ ᠳᠤᠬᠢᠷᠠᠭᠤᠯᠤᠯᠳᠠ      ᠬᠢᠨᠠᠨ ᠬᠠᠷᠭᠤᠭᠤᠯᠵᠤ ᠵᠦᠪᠰᠢᠶᠡᠷᠡᠬᠦᠯᠦᠭᠰᠡᠨ ᠨᠡᠬᠦᠳᠡᠯ ᠠᠷᠠᠳ ᠨᠡᠬᠦᠨ ᠰᠢᠯᠵᠢᠬᠦ ᠭᠤᠶᠤᠴᠢᠯᠠᠯ ᠤᠨ ᠬᠦᠰᠦᠨᠦᠭ ᠢ ᠳᠠᠭᠯᠠᠭᠰᠠᠨ ᠤ ᠳᠠᠷᠠᠭ᠎ᠠ ᠰᠢᠶᠠᠩ ᠪᠠᠯᠭᠠᠰᠤᠨ ᠤ ᠵᠤᠬᠢᠶᠠᠨ ᠪᠠᠶᠢᠭᠤᠯᠤᠯᠳᠠ ᠠᠴᠠ ᠰᠠᠭᠤᠬᠤ ᠬᠡᠷ ᠢ ᠬᠤᠪᠢᠶᠠᠷᠢᠯᠠᠵᠤ᠂ ᠳᠤᠭᠳᠠᠭᠠᠭᠰᠠᠨ ᠬᠤᠭᠤᠴᠠᠭᠠᠨ ᠤ ᠬᠢᠵᠠᠭᠠᠷᠯᠠᠯ ᠳᠤᠳᠤᠷ᠎ᠡ ᠬᠠᠮᠢᠶ᠎ᠠ ᠪᠦᠬᠦᠢ ᠭᠠᠷ ᠬᠦᠢᠴᠡᠳᠬᠡᠯ ᠢ ᠬᠢᠨ᠎ᠡ᠃ ᠭᠠᠷ ᠬᠦᠢᠴᠡᠳᠬᠡᠯ ᠳᠤ ᠪᠠᠭᠳᠠᠬᠤ ᠨᠢ᠄ ᠨᠡᠬᠦᠳᠡᠯ ᠠᠷᠠᠳ ᠤᠨ ᠨᠡᠬᠦᠨ ᠰᠢᠯᠵᠢᠬᠦ ᠬᠡᠯᠡᠯᠴᠡᠬᠡᠷ ᠤᠨ ᠪᠢᠴᠢᠭ᠂ ᠨᠡᠬᠦᠳᠡᠯ ᠠᠷᠠᠳ ᠤᠨ ᠤᠷᠤᠵᠤ ᠰᠠᠭᠤᠬᠤ ᠬᠡᠯᠡᠯᠴᠡᠬᠡᠷ ᠤᠨ ᠪᠢᠴᠢᠭ᠂ ᠨᠡᠬᠦᠳᠡᠯ ᠠᠷᠠᠳ ᠤᠨ ᠬᠢᠨᠠᠨ ᠬᠠᠷᠭᠤᠭᠤᠯᠤᠯᠳᠠ ᠶᠢᠨ ᠭᠠᠷ ᠤᠨ ᠦᠰᠦᠭ ᠵᠢᠷᠤᠬᠤ ᠬᠦᠰᠦᠨᠦᠭ ᠵᠡᠷᠬᠡ ᠪᠤᠢ᠂ ᠡᠬᠦᠨ ᠤ ᠳᠠᠭᠠᠤ᠄ ᠦᠪᠡᠷᠳᠡᠬᠡᠨ ᠬᠤᠷᠠᠮᠳᠤᠭᠤᠯᠤᠭᠰᠠᠨ ᠵᠤᠭᠤᠰ᠂ ᠳᠤᠯᠠᠭᠠᠯᠠᠯᠭ᠎ᠠ ᠶᠢᠨ ᠰᠦᠢᠳᠬᠡᠯ᠂ ᠠᠰᠠᠷ ᠤᠨ ᠰᠠᠯᠪᠢᠨ ᠵᠠᠰᠠᠯᠳᠠ ᠶᠢᠨ ᠳᠤᠰᠬᠠᠢ ᠰᠠᠭᠤᠷᠢ ᠮᠦᠩᠭᠦ ᠪᠠ ᠬᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠤᠨ ᠰᠦᠢᠳᠬᠡᠯ ᠵᠡᠷᠬᠡ ᠶᠢ ᠳᠤᠰᠢᠶᠠᠬᠤ ᠪᠦᠬᠡᠳ ᠬᠡᠷ ᠪᠠᠶᠢᠰᠢᠩ ᠤᠨ ᠦᠮᠴᠢᠯᠡᠯ ᠤᠨ ᠡᠷᠬᠡ ᠶᠢ ᠳᠤᠳᠤᠷᠬᠠᠶᠢᠯᠠᠨ᠎ᠠ᠃ ᠭᠠᠷ ᠬᠦᠢᠴᠡᠳᠬᠡᠯ ᠢ ᠪᠦᠷᠢᠯᠳᠦᠬᠦᠯᠦᠭᠰᠡᠨ ᠤ ᠳᠠᠷᠠᠭ᠎ᠠ᠂ ᠰᠢᠶᠠᠩ ᠪᠠᠯᠭᠠᠰᠤᠨ ᠤ ᠭᠠᠷᠭᠠᠭᠰᠠᠨ ᠭᠡᠷ ᠪᠠᠶᠢᠰᠢᠩ ᠤᠨ ᠲᠦᠯᠬᠢᠬᠦᠷ ᠢ ᠠᠪᠤᠭᠰᠠᠨ ᠬᠡᠷᠡᠴᠢ ᠪᠠᠷ ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶᠠᠨ ᠳᠤ ᠤᠴᠢᠵᠤ ᠰᠠᠭᠤᠬᠤ ᠭᠡᠷ ᠤᠨ ᠢᠶᠠᠨ ᠲᠦᠯᠬᠢᠬᠦᠷ ᠢ ᠠᠪᠬᠤ ᠶᠢᠨ ᠳᠠᠭᠠᠤ ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶᠠᠨ  ᠳᠤ ᠨᠡᠬᠦᠳᠡᠯ ᠠᠷᠠᠳ ᠤᠨ ᠳᠠᠩᠰᠠ ᠡᠪᠬᠡᠮᠡᠯ ᠢᠶᠠᠨ ᠰᠢᠯᠵᠢᠬᠦᠯᠦᠨ ᠳᠤᠰᠢᠶᠠᠵᠤ᠂ ᠨᠡᠬᠦᠳᠡᠯ ᠠᠷᠠᠳ ᠤᠨ ᠰᠠᠭᠤᠭᠠᠯᠢ ᠳᠤᠭᠤᠷᠢᠭ ᠢ ᠨᠡᠶᠢᠬᠡᠮ ᠳᠤᠭᠤᠷᠢᠭ ᠲᠤ ᠨᠢᠬᠡᠳᠦᠯᠳᠡᠢ ᠰᠢᠯᠵᠢᠬᠦᠯᠦᠨ ᠳᠤᠰᠢᠶᠠᠵᠤ ᠬᠠᠮᠢᠶᠠᠷᠤᠭᠤᠯᠬᠤ ᠳᠤᠨᠢ ᠳᠦᠬᠦᠮ ᠦᠵᠡᠬᠦᠯᠦᠨ᠎ᠡ᠃      2018 ᠤᠨ ᠤ 5 ᠰᠠᠷ᠎ᠡ ᠪᠤᠯ ᠤᠬᠠᠭᠤᠯᠤᠨ ᠳᠠᠶᠢᠴᠢᠯᠠᠬᠤ ᠱᠠᠲᠤ᠂ ᠭᠤᠤᠯᠳᠠᠯᠭ᠎ᠠ ᠨᠢ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠲᠦᠷᠦ ᠶᠢᠨ ᠪᠤᠳᠤᠯᠭ᠎ᠠ᠂ ᠨᠡᠬᠦᠯᠬᠡᠨ ᠰᠢᠯᠵᠢᠬᠦᠯᠬᠦ ᠨᠦᠬᠦᠴᠡᠯ ᠵᠡᠷᠬᠡ ᠶᠢ ᠤᠬᠠᠭᠤᠯᠤᠨ᠎ᠠ︔ 6 ᠰᠠᠷ᠎ᠡ ᠪᠤᠯ ᠪᠠᠶᠢᠳᠠᠯ ᠢ ᠤᠶᠢᠯᠠᠭᠠᠨ ᠳᠠᠩᠰᠠᠯᠠᠬᠤ ᠱᠠᠲᠤ᠂ ᠭᠤᠤᠯᠳᠠᠯᠭ᠎ᠠ ᠨᠢ ᠴᠢᠨᠠᠭᠰᠢᠳᠡ ᠪᠠᠶᠢᠴᠠᠭᠠᠵᠤ ᠪᠠᠶᠢᠳᠠᠯ  ᠢ ᠤᠶᠢᠯᠠᠭᠠᠵᠤ᠂ ᠨᠡᠬᠦᠯᠬᠡᠨ ᠰᠢᠯᠵᠢᠬᠦᠯᠦᠭᠳᠡᠭᠰᠡᠳ ᠢ ᠳᠤᠭᠳᠠᠭᠠᠵᠤ᠂ ᠳᠠᠩᠰᠠᠯᠠᠨ᠎ᠠ︔ 7 ᠰᠠᠷ᠎ᠡ ᠪᠤᠯ ᠤᠷᠤᠨ ᠰᠠᠭᠤᠴᠠ ᠬᠤᠪᠢᠶᠠᠷᠢᠯᠠᠬᠤ᠂ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠬᠦ ᠱᠠᠲᠤ᠂ ᠨᠡᠬᠦᠯᠬᠡᠨ ᠰᠢᠯᠵᠢᠬᠦᠯᠬᠦ ᠡᠷᠦᠬᠡ ᠶᠢ ᠵᠤᠬᠢᠶᠠᠨ ᠪᠠᠶᠢᠭᠤᠯᠤᠨ ᠦᠪᠡᠷᠳᠡᠬᠡᠨ ᠬᠤᠷᠠᠮᠳᠤᠭᠤᠯᠤᠭᠰᠠᠨ ᠵᠤᠭᠤᠰ᠂ ᠳᠤᠯᠠᠭᠠᠯᠠᠯᠭ᠎ᠠ ᠶᠢᠨ ᠰᠦᠢᠳᠬᠡᠯ᠂ ᠠᠰᠠᠷ ᠤᠨ ᠰᠠᠯᠪᠢᠨ ᠵᠠᠰᠠᠯᠳᠠ ᠶᠢᠨ ᠳᠤᠰᠬᠠᠢ ᠰᠠᠭᠤᠷᠢ ᠮᠦᠩᠭᠦ ᠵᠡᠷᠬᠡ ᠶᠢ ᠳᠤᠰᠢᠶᠠᠯᠭᠠᠨ᠎ᠠ︔ 8 ᠰᠠᠷ᠎ᠡ ᠪᠤᠯ ᠨᠡᠬᠦᠯᠬᠡᠨ ᠰᠢᠯᠵᠢᠬᠦᠯᠵᠤ ᠤᠷᠤᠵᠤ ᠰᠠᠭᠤᠬᠤ ᠱᠠᠲᠤ᠂ ᠰᠢᠶᠠᠨ ᠤ ᠦᠬᠡᠷᠡᠴᠢᠯᠡᠯᠳᠡ ᠬᠦᠭᠵᠢᠬᠦᠯᠦᠯᠳᠡ ᠶᠢᠨ ᠳᠤᠪᠴᠢᠶ᠎ᠠ ᠪᠠ ᠡᠯ᠎ᠡ ᠰᠢᠶᠠᠩ ᠪᠠᠯᠭᠠᠰᠤ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠵᠤ ᠤᠷᠤᠵᠤ ᠰᠠᠭᠤᠯᠭᠠᠬᠤ ᠶᠢ ᠵᠤᠬᠢᠶᠠᠨ ᠪᠠᠶᠢᠭᠤᠯᠤᠨ᠎ᠠ᠃     ᠵᠢᠷᠭᠤᠭ᠎ᠠ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠠᠵᠢᠯ ᠤᠨ ᠱᠠᠭᠠᠷᠳᠠᠯᠭ᠎ᠠ      ᠰᠢᠯᠵᠢᠬᠦᠯᠦᠨ ᠭᠠᠷᠭᠠᠬᠤ ᠳᠤᠭᠤᠷᠢᠭ ᠤᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠵᠤ ᠲᠦᠪᠬᠢᠨᠡᠬᠦᠯᠬᠦ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠵᠤ᠂ ᠨᠢᠬᠡ ᠨᠡᠷ᠎ᠡ ᠤᠳᠤᠷᠢᠳᠤᠯᠭ᠎ᠠ ᠪᠠᠷ ᠳᠤᠰᠬᠠᠶᠢᠯᠠᠨ ᠠᠳᠬᠤᠭᠤᠯᠬᠤ ᠶᠢ ᠳᠤᠭᠳᠠᠭᠠᠵᠤ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠬᠦ ᠠᠵᠢᠯ ᠤᠨ ᠳᠤᠭᠤᠶᠢᠯᠠᠩ ᠢ ᠳᠤᠰᠬᠠᠢ ᠪᠠᠶᠢᠭᠤᠯᠵᠤ᠂ ᠳᠤᠰᠬᠤᠨ ᠡᠷᠦᠬᠡ ᠳᠠᠷᠠᠭᠠᠯᠠᠨ᠂ ᠨᠡᠬᠦᠳᠡᠯ ᠠᠷᠠᠳ ᠲᠤ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠦᠵᠡᠯ ᠰᠠᠨᠠᠭᠠᠨ ᠤ ᠠᠵᠢᠯ ᠬᠢᠵᠤ᠂ ᠨᠡᠬᠦᠳᠡᠯ ᠠᠷᠠᠳ ᠢ ᠨᠡᠬᠦᠯᠬᠡᠨ ᠰᠢᠯᠵᠢᠬᠦᠯᠦᠨ ᠲᠦᠪᠬᠢᠨᠡᠬᠦᠯᠬᠦ ᠡᠬᠦᠷᠬᠡ ᠶᠢ ᠠᠮᠵᠢᠯᠳᠠᠢ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠡᠢ︔ ᠡᠬᠦᠨ ᠤ ᠳᠠᠭᠠᠤ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠬᠡᠨ ᠰᠢᠯᠵᠢᠬᠦᠯᠬᠦ ᠲᠦᠷᠦ ᠶᠢᠨ ᠪᠤᠳᠤᠯᠭ᠎ᠠ ᠪᠠ ᠬᠦᠳᠡᠭᠡ ᠳᠤᠰᠬᠤᠨ ᠤ ᠠᠶᠦᠯᠳᠡᠢ ᠬᠡᠷ ᠪᠠᠶᠢᠰᠢᠩ ᠢ ᠦᠬᠡᠷᠡᠴᠢᠯᠡᠨ ᠰᠢᠨᠡᠳᠬᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠪᠠ ᠨᠡᠶᠢᠬᠡᠮ ᠤᠨ ᠬᠢᠨᠠᠯᠳᠠ  ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠠᠰᠠᠭᠤᠳᠠᠯ ᠢ ᠢᠯᠡᠷᠡᠬᠦᠯᠪᠡᠯ᠂ ᠴᠠᠭ ᠳᠤᠬᠠᠢ ᠳᠤᠨᠢ ᠵᠠᠯᠠᠷᠠᠭᠤᠯᠵᠤ᠂ ᠴᠢᠩᠭ᠎ᠠ ᠪᠠᠷ ᠰᠢᠢᠳᠬᠡᠬᠦ ᠬᠡᠷᠡᠭᠳᠡᠢ᠃                           ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2