ᠱᠠᠩᠳᠤ ᠰᠢᠶᠠᠨ ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠳᠤ ︽ᠰᠢᠯᠭᠠᠯᠳᠠ  ᠶᠢᠨ ᠰᠡᠳᠦᠪ ᠤᠨ ᠬᠠᠷᠢᠭᠤᠯᠳᠠ︾ ᠶᠢ ᠰᠠᠶᠢᠨ ᠳᠤᠰᠢᠶᠠᠪᠠ
ᠨᠡᠶᠢᠲᠡᠯᠡᠭᠰᠡᠨ ᠴᠠᠭ᠄
2018-08-14
      ᠱᠠᠩᠳᠤ ᠰᠢᠶᠠᠨ ᠤ ᠺᠠᠢ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠶᠢᠨ ᠪᠠᠶᠢᠭ᠎ᠠ ᠲᠡᠮᠦᠷᠯᠢᠭ ᠬᠠᠶᠢᠯᠤᠭᠤᠯᠬᠤ ᠬᠢᠮᠢ  ᠶᠢᠨ ᠠᠵᠤ ᠦᠢᠯᠡᠳᠪᠦᠷᠢ ᠶᠢᠨ ᠲᠤᠭᠤᠷᠢᠭ ᠨᠢ ᠤᠤᠯ ᠳᠠᠭᠠᠨ ᠪᠦᠬᠦ ᠤᠷᠤᠨ ᠤ ᠬᠠᠮᠤᠭ ᠤᠨ ᠳᠤᠮᠤ ᠨᠢᠺᠧᠯ ᠲᠡᠮᠦᠷ ᠤᠨ ᠦᠢᠯᠡᠳᠪᠦᠷᠢ ᠶᠢᠨ ᠰᠠᠭᠤᠷᠢᠨ ᠮᠥᠨ᠃ 2014 ᠤᠨ ᠠᠴᠠ ᠨᠠᠰᠢ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠳᠤᠮᠳᠠ᠂ ᠱᠠᠩᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠬᠦᠯᠬᠦ ᠲᠦᠷᠦ ᠶᠢᠨ ᠪᠤᠳᠤᠯᠭ᠎ᠠ ᠶᠤᠰᠤᠭᠠᠷ ︽ᠰᠢᠩᠭᠡᠯᠢᠭ ᠢ ᠶᠡᠬᠦᠯᠡᠨ ᠰᠢᠪᠠᠭᠤ ᠰᠤᠯᠢᠬᠤ︾ ᠪᠠᠷ ᠳᠠᠮᠵᠢᠭᠤᠯᠤᠨ ᠭᠤᠤᠯᠳᠠᠯᠭ᠎ᠠ ᠲᠠᠢ ᠪᠠᠷ ᠪᠤᠬᠢᠷᠳᠤᠯ ᠦᠭᠡᠢ ᠤᠷᠴᠢᠨ ᠲᠤᠭᠤᠷᠢᠨ ᠤ ᠬᠠᠮᠠᠭᠠᠯᠠᠯᠳᠠ ᠦᠭᠡᠳᠡ ᠤᠷᠤᠭᠰᠢᠯᠠᠪᠠ᠃ ᠲᠤᠮᠤ ᠬᠦᠴᠦ ᠭᠠᠷᠭᠠᠵᠤ ᠪᠠᠶᠢᠭᠠᠳ ᠰᠢᠶᠠᠩ ᠶᠦᠨ ᠲᠡᠮᠦᠷᠯᠢᠭ ᠬᠠᠶᠢᠯᠤᠭᠤᠯᠬᠤ ᠬᠢᠵᠠᠭᠠᠷᠳᠤ ᠺᠤᠮᠫᠠᠨᠢ  ᠶᠢᠨ 1.25 ᠲᠦᠮᠡᠨ KVA ᠠᠭᠤᠷᠬᠠᠢ ᠶᠢᠨ ᠬᠠᠯᠠᠭᠤᠨ ᠵᠤᠤᠬ᠎ᠠ 8 ᠶᠢ ᠰᠢᠭᠰᠢᠭᠳᠡᠬᠦᠯᠵᠦ᠂ ᠳ᠋ᠦᠩ ᠬᠤᠤ ᠲᠡᠮᠦᠷᠯᠢᠭ ᠬᠠᠶᠢᠯᠤᠭᠤᠯᠬᠤ ᠪᠦᠲᠦᠭᠡᠭᠳᠡᠬᠦᠨ ᠤ ᠬᠢᠵᠠᠭᠠᠷᠳᠤ ᠺᠤᠮᠫᠠᠨᠢ ᠶᠢᠨ 30 ᠲᠤᠨ ᠤ ᠴᠠᠬᠢᠯᠭᠠᠨ ᠳᠠᠪᠳᠠᠮᠵᠢᠳᠤ ᠵᠤᠤᠬ᠎ᠠ 8 ᠶᠢ ᠠᠷᠢᠯᠭᠠᠵᠤ᠂ ᠵᠢᠢ ᠶᠤᠸᠠᠨ ᠨᠧᠺᠧᠯ ᠺᠤᠪᠧᠯᠲ᠂ ᠽᠦᠩ ᠰᠢᠨ ᠲᠡᠮᠦᠷᠯᠢᠭ ᠬᠠᠶᠢᠯᠤᠭᠤᠯᠬᠤ ᠵᠡᠷᠭᠡ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ 5 ᠬᠠᠭᠠᠵᠤ ᠵᠤᠭᠰᠤᠭᠠᠵᠤ᠂ ᠵᠦᠩ ᠵᠢᠶᠠᠨ ᠶᠢᠨ ᠮᠠ᠂ ᠶᠧ ᠵᠤᠤ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠵᠡᠷᠭᠡ 6 ᠶᠢ ᠴᠡᠭᠴᠡᠯᠡᠨ ᠰᠠᠶᠢᠵᠢᠷᠠᠭᠤᠯᠬᠤ ᠶᠢ ᠨᠢ ᠵᠠᠷᠯᠢᠭᠳᠠᠪᠠ᠃       ᠡᠬᠦᠨ ᠤ ᠳᠠᠭᠠᠤ᠂ ᠱᠠᠩᠳᠤ ᠰᠢᠶᠠᠨ ᠨᠡᠶᠢᠳᠡᠯᠢᠭ ᠵᠢᠱᠢᠶ᠎ᠡ ᠦᠵᠡᠬᠦᠯᠬᠦ ᠲᠦᠷᠦᠯ ᠵᠦᠢᠯ ᠢᠶᠠᠷ ᠪᠠᠷᠢᠴᠠ ᠪᠤᠯᠭᠠᠵᠤ᠂ ᠭᠠᠵᠠᠷ ᠰᠢᠷᠤᠢ ᠶᠢ ᠬᠦᠢᠴᠡᠳ ᠴᠢᠯᠦᠭᠡᠳᠡᠢ ᠪᠤᠯᠭᠠᠨ ᠠᠰᠢᠭᠯᠠᠵᠤ᠂ ᠰᠢᠨ᠎ᠡ ᠮᠠᠶ᠋ᠢᠭ ᠤᠨ ᠠᠵᠤ ᠦᠢᠯᠡᠰ ᠤᠨ ᠲᠦᠷᠦᠯ ᠵᠦᠢᠯ 6 ᠶᠢ ᠠᠮᠵᠢᠯᠳᠠ ᠲᠠᠢ ᠪᠠᠷ ᠳᠠᠳᠠᠨ ᠤᠷᠤᠭᠤᠯᠪᠠ᠃ ᠺᠠᠢ ᠶᠢᠨ ᠰᠢᠨ᠎ᠡ ᠡᠨᠧᠷᠬᠢ᠂ ᠬᠤᠩ ᠶᠠᠩ ᠲᠤᠯᠠᠭᠠᠨ ᠢ ᠬᠠᠮᠠᠭᠠᠯᠠᠬᠤ ᠮᠠᠲ᠋ᠧᠷᠢᠶᠠᠯ ᠵᠡᠷᠭᠡ ᠤᠳ ᠢ ᠲᠦᠷᠭᠡᠳᠭᠡᠨ ᠭᠠᠷᠭᠠᠪᠠ᠃ ᠪᠡᠯᠡ ᠤᠷᠤᠭᠤᠯᠤᠯᠳᠠ ᠪᠠᠷ 10 ᠳ᠋ᠦᠩᠰᠢᠭᠤᠷ ᠲᠦᠬᠦᠷᠢᠭ ᠲᠤ ᠬᠦᠷᠦᠭᠰᠡᠨ ᠦᠪᠦᠷ ᠮᠤᠩᠭᠤᠯ ᠤᠨ ᠺᠠᠢ ᠶᠢᠨ ᠰᠢᠨ᠎ᠡ ᠡᠨᠧᠷᠬᠢ ᠶᠢᠨ ᠯᠢᠲ᠋ᠢ ᠴᠠᠬᠢᠯᠭᠠᠨ ᠴᠡᠨᠡᠭ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠳᠡᠭᠡᠳᠦ ᠰᠢᠨ᠎ᠡ ᠮᠡᠷᠭᠡᠵᠢᠯ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ ᠰᠢᠩ ᠳ᠋ᠦ᠋ ᠲᠡᠮᠦᠷᠯᠢᠭ ᠬᠠᠶᠢᠯᠤᠭᠤᠯᠬᠤ ᠪᠠ ᠽᠦᠩ ᠰᠢᠨ ᠲᠡᠮᠦᠷᠯᠢᠭ ᠬᠠᠶᠢᠯᠤᠭᠤᠯᠬᠤ ᠺᠤᠮᠫᠠᠨᠢ ᠶᠢᠨ ᠰᠤᠯᠠ ᠰᠡᠯᠡᠬᠦᠦ ᠭᠠᠵᠠᠷ ᠰᠢᠷᠤᠢ ᠶᠢ ᠠᠰᠢᠭᠯᠠᠵᠤ᠂ ᠠᠩᠬᠠᠳᠠᠭᠴᠢ ᠬᠤᠭᠤᠴᠠᠭᠠᠨ ᠳᠠᠭᠠᠨ ᠬᠡᠷᠡᠭᠯᠡᠭᠰᠡᠨ ᠳᠠᠯᠠᠪᠠᠢ ᠨᠢ 7 ᠲᠦᠮᠡ ᠭᠠᠷᠤᠢ ᠳᠡᠭᠰᠢ ᠳᠦᠷᠪᠡᠯᠵᠢᠨ ᠮᠧᠲᠷ ᠲᠤ ᠬᠦᠷᠪᠡ᠃ ᠺᠤᠮᠫᠠᠨᠢ ᠶᠢᠨ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠠᠷ᠂ ᠨᠢᠭᠡᠳᠦᠭᠡᠷ ᠬᠤᠭᠤᠴᠠᠭᠠᠨ ᠨᠢ ᠶᠠᠭ ᠪᠠᠴᠢᠮ ᠶᠠᠪᠤᠭᠳᠠᠭᠤᠯᠬᠤ ᠳᠤᠮᠳᠠ ᠪᠠᠨ ᠪᠠᠶᠢᠵᠤ᠂ ᠺᠤᠮᠫᠠᠨᠢ ᠨᠢ ᠯᠢᠲ᠋ᠢ ᠮᠤᠯᠧᠺᠦ᠋ᠯ ᠤᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠢ ᠬᠦᠴᠦᠯᠡᠨ ᠰᠤᠳᠤᠯᠤᠨ ᠬᠦᠭᠵᠢᠬᠦᠯᠬᠦ᠂ ᠦᠢᠯᠡᠳᠪᠦᠷᠢᠯᠡᠬᠦ᠂ ᠪᠤᠷᠤᠯᠠᠭᠤᠯᠬᠤ ᠬᠦᠭᠵᠢᠯᠳᠡ ᠶᠢᠨ ᠠᠯᠤᠰ ᠤᠨ ᠲᠦᠯᠦᠪ ᠢᠶᠠᠷ ᠦᠷᠭᠡᠨ ᠠᠭᠤᠳᠠᠮ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ  ᠢᠶᠠᠷ ᠰᠠᠶᠢᠨ ᠪᠠᠶᠢᠨ᠎ᠠ᠃ ᠤᠤᠯ ᠤᠨ ᠽᠢ ᠰᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠠᠬᠤᠶᠢᠯᠠᠯ ᠤᠨ ᠬᠡᠯᠪᠡᠷᠢ ᠶᠢ ᠪᠦᠲᠦᠮᠵᠢᠳᠠᠢ ᠬᠤᠪᠢᠷᠠᠭᠤᠯᠤᠨ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠳᠡ ᠶᠢᠨ ᠮᠡᠷᠭᠡᠵᠢᠯ ᠤᠨ ᠰᠢᠨᠡᠴᠢᠯᠡᠯᠳᠡ  ᠶᠢᠨ ᠪᠦᠲᠦᠭᠡᠭᠳᠡᠬᠦᠨ ᠢ ᠰᠢᠯᠵᠢᠬᠦᠯᠦᠭᠰᠡᠨ ᠲᠦᠷᠦᠯ ᠵᠦᠢᠯ ᠪᠤᠯᠭᠠᠵᠤ᠂ ᠤᠤᠯ ᠤᠨ ᠶᠢᠨ ᠳ᠋ᠢᠩ ᠴᠢᠳᠬᠤᠬᠤ ᠠᠵᠤ ᠦᠢᠯᠡᠰ  ᠤᠨ ᠺᠤᠮᠫᠠᠨᠢ ᠶᠢ ᠾᠧᠩ ᠾᠦᠢ ᠢᠯᠴᠢ ᠪᠠ ᠴᠠᠬᠢᠯᠭᠠᠨ ᠤ ᠬᠤᠯᠪᠤᠭᠠᠯᠠᠭᠰᠠᠨ ᠦᠢᠯᠡᠳᠪᠦᠷᠢᠯᠡᠯ ᠵᠢᠴᠢ ᠴᠢ ᠴᠠᠩ ᠳᠤᠯᠠᠭᠠᠨ ᠬᠠᠮᠠᠭᠠᠯᠠᠬᠤ ᠲᠦᠷᠦᠯ ᠵᠦᠢᠯ ᠳᠤ ᠠᠮᠵᠢᠯᠳᠠ ᠲᠠᠢ ᠳᠠᠳᠠᠨ ᠤᠷᠤᠭᠤᠯᠪᠠ᠃      ᠱᠠᠩᠳᠤ ᠰᠢᠶᠠᠨ ᠪᠠᠰᠠ ᠠᠵᠢᠯ ᠤᠨ ᠳᠤᠭᠳᠠᠴᠠ ᠶᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ ︽ᠭᠠᠷᠬ᠎ᠠ ᠴᠢᠩᠭᠠᠯᠠᠬᠤ ᠳᠠᠷᠨᠢ︾ ᠶᠢ ᠰᠠᠶᠢᠳᠤᠷ ᠬᠡᠷᠡᠭᠯᠡᠵᠦ᠂ ᠡᠨᠧᠷᠬᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ︽ᠮᠠᠨᠢ︾ ᠶᠢ ᠦᠷᠬᠦᠯᠵᠢ ᠤᠩᠰᠢᠵᠤ᠂ ᠰᠠᠷ᠎ᠠ ᠳᠤ ᠳᠤᠬᠢᠷᠠᠭᠤᠯᠬᠤ᠂ ᠤᠯᠠᠷᠢᠯ ᠳᠤ ᠲᠤᠭᠤᠷᠢᠨ ᠪᠠᠶᠢᠴᠠᠭᠠᠬᠤ᠂ ᠵᠢᠯ ᠳᠤ ᠰᠢᠯᠭᠠᠨ ᠬᠢᠨᠠᠬᠤ ᠠᠷᠭ᠎ᠠ ᠠᠪᠴᠠᠯ ᠢ ᠠᠪᠴᠤ᠂ ᠲᠦᠷᠦᠯ ᠵᠦᠢᠯ ᠤᠨ ᠪᠠᠶᠢᠩᠭᠤᠴᠢᠯᠠᠭᠰᠠᠨ ᠬᠠᠮᠢᠶᠠᠷᠤᠯᠳᠠ ᠶᠢ ᠯᠠᠪᠳᠠᠭᠤᠨ ᠪᠠᠳᠤᠳᠠᠢ ᠪᠦᠲᠦᠮᠵᠢᠳᠠᠢ ᠪᠠᠶᠢᠯᠭᠠᠬᠤ ᠶᠢ ᠦᠨᠡᠨᠬᠦ ᠪᠠᠳᠤᠯᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2