ᠱᠠᠩᠳᠤ ᠰᠢᠶᠠᠨ ᠳᠠᠪᠠᠭᠤᠯᠢᠭ ᠳᠠᠯ᠎ᠠ ᠳᠠᠭᠠᠨ ᠰᠠᠭᠤᠷᠢᠯᠠᠵᠤ ︽ᠭᠤᠷᠪᠠᠨ ᠶᠠᠪᠤᠳᠠᠯ︾ ᠢ ᠰᠠᠶᠢᠳᠤᠷ ᠬᠢᠵᠦ ᠠᠵᠤ ᠠᠬᠤᠢ ᠶᠢᠨ ᠦᠨᠳᠦᠷ ᠶᠠᠰᠤ ᠴᠢᠨᠠᠷ ᠤᠨ ᠬᠦᠭᠵᠢᠯᠳᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018-08-14
      ︽ᠪᠤᠬᠢᠷᠳᠤᠯ ᠦᠭᠡᠢ ᠶᠠᠪᠤᠳᠠᠯ︾ ᠢ ᠬᠢᠪᠡ᠃ ᠠᠵᠤ ᠦᠢᠯᠡᠳᠪᠦᠷᠢᠵᠢᠯᠡᠯᠳᠡ ᠶᠢᠨ ᠰᠡᠳᠬᠢᠬᠦᠢ᠂ ᠠᠵᠤ ᠦᠢᠯᠡᠰᠵᠢᠯᠳᠡ ᠶᠢᠨ ᠤᠨᠤᠯᠵᠢᠬᠤᠨ ᠢ ᠪᠠᠷᠢᠮᠳᠠᠯᠠᠨ ᠬᠡᠷᠡᠭᠯᠡᠵᠦ᠂ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠶᠢ ᠰᠦᠪᠡᠭᠴᠢᠯᠡᠬᠦ ᠪᠠ ᠬᠦᠭᠵᠢᠬᠦᠯᠵᠦ᠂ ᠰᠢᠯᠢᠳᠡᠭ ᠶᠠᠰᠤ ᠴᠢᠨᠠᠷ᠂ ᠠᠮᠤᠷ ᠲᠦᠪᠰᠢᠨ᠂ ᠪᠤᠬᠢᠷᠳᠤᠯ ᠦᠭᠡᠢ ᠬᠦᠳᠦᠯᠦᠮᠵᠢ ᠶᠢ ᠳᠤᠪᠤᠶᠢᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠵᠤ᠂ ︽ᠪᠤᠬᠢᠷᠳᠤᠯ ᠦᠭᠡᠢ ᠶᠠᠪᠤᠳᠠᠯ︾ ᠢ ᠬᠢᠵᠦ᠂ ᠤᠨᠴᠠᠯᠢᠭᠳᠤ ᠵᠠᠮ ᠢᠶᠠᠷ ᠵᠠᠮᠨᠠᠵᠤ᠂ ︽ᠵᠢᠷᠭᠤᠭᠠᠨ ᠨᠢᠭᠡ︾ ᠶᠢᠨ ᠪᠤᠬᠢᠷᠳᠤᠯ ᠦᠭᠡᠢ ᠳᠠᠷᠢᠶᠠᠯᠠᠩ ᠤᠨ ᠨᠡᠷᠡᠳᠦ ᠠᠵᠤ ᠦᠢᠯᠡᠰ ᠪᠠ ᠲᠦᠷᠦᠯ ᠳᠡᠮᠳᠡᠭ ᠢ ᠳᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠭᠡᠭᠵᠢᠬᠦᠯᠦᠭᠰᠡᠨ ᠪᠠ ᠰᠤᠩᠭᠠᠨ ᠪᠠᠶᠠᠯᠢᠭᠵᠢᠭᠤᠯᠵᠤ᠂ ᠳᠠᠷᠢᠶᠠᠯᠠᠩ ᠤᠨ ᠳᠤᠮᠤ ᠰᠢᠶᠠᠨ ᠠᠴᠠ ᠳᠠᠷᠢᠶᠠᠯᠠᠩ ᠤᠨ ᠬᠦᠴᠦᠷᠭᠡᠭ ᠰᠶ᠋ᠬᠠᠨ ᠦᠭᠡᠳᠡ ᠳᠠᠪᠰᠢᠬᠤ ᠶᠢ ᠳᠦᠯᠬᠢᠨ ᠠᠬᠢᠭᠤᠯᠪᠠ᠃ ᠨᠡᠶᠢᠰᠯᠡᠯ ᠤᠨ ᠳᠠᠷᠢᠶᠠᠯᠠᠩ ᠤᠨ ᠪᠦᠲᠦᠭᠡᠭᠳᠡᠬᠦᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠳᠠ  ᠶᠢᠨ ᠰᠠᠭᠤᠷᠢᠨ ᠪᠠ ᠲᠦᠪ ᠶᠢᠨ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ︽ᠬᠤᠶᠠᠷ ᠢᠯᠡᠷᠭᠡᠶᠢᠯᠡᠬᠦ ᠫᠠᠶᠢᠰᠠ︾ ᠶᠢ ᠬᠦᠢᠴᠡᠳ ᠰᠠᠶᠢᠳᠤᠷ ᠬᠡᠷᠡᠭᠯᠡᠵᠦ᠂ ᠲᠦᠮᠦᠰᠦᠨ ᠠᠮᠤ ᠪᠤᠳᠠᠭᠠᠵᠢᠯᠳᠠ᠂ ︽ᠴᠡᠪᠡᠷ ᠨᠤᠭᠤᠭ᠎ᠠ ᠶᠢ ᠪᠡᠭᠡᠵᠢᠩ ᠳᠤ ᠤᠷᠤᠭᠤᠯᠬᠤ︾ ᠵᠡᠷᠭᠡ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠢ ᠵᠠᠪᠳᠤᠵᠤ᠂ ᠳᠠᠷᠢᠮᠠᠯ ᠤᠨ ᠦᠢᠯᠡᠰ ᠤᠨ ᠪᠦᠲᠦᠴᠡ ᠶᠢ ᠴᠢᠨᠠᠭᠰᠢᠳᠠ ᠳᠤᠬᠢᠷᠠᠭᠤᠯᠵᠤ᠂ ᠪᠦᠬᠦ ᠰᠢᠶᠠᠨ ᠤ ︽ᠨᠢᠭᠡ ᠲᠦᠮᠦᠰᠦ ᠬᠤᠶᠠᠷ ᠢᠳᠡᠰᠢᠨ ᠨᠤᠭᠤᠭ᠎ᠠ︾ ᠶᠢᠨ ᠳᠠᠷᠢᠮᠠᠯ ᠤᠨ ᠳᠠᠯᠠᠪᠠᠢ 76.5 ᠲᠦᠮᠡᠨ ᠮᠦ ᠳᠤ ᠬᠦᠷᠴᠦ᠂ ᠪᠦᠬᠦ ᠰᠢᠶᠠᠨ ᠤ ᠶᠡᠷᠦᠩᠭᠡᠢ ᠳᠠᠷᠢᠮᠠᠯ ᠤᠨ ᠳᠠᠯᠠᠪᠠᠢ ᠶᠢᠨ 49% ᠶᠢ ᠡᠵᠡᠯᠡᠵᠦ᠂ ᠪᠤᠬᠢᠷᠳᠤᠯ ᠦᠭᠡᠢ ᠳᠠᠷᠢᠶᠠᠯᠠᠩ ᠤᠨ ᠨᠡᠷᠡᠳᠦ ᠠᠵᠤ ᠦᠢᠯᠡᠰ ᠤᠨ ᠰᠢᠯᠢᠳᠡᠭ ᠶᠠᠰᠤ ᠴᠢᠨᠠᠷ ᠲᠠᠢ ᠲᠦᠬᠦᠭᠡᠢ ᠮᠠᠲ᠋ᠧᠷᠢᠶᠠᠯ ᠤᠨ ᠬᠠᠩᠭᠠᠯᠳᠠ ᠶᠢᠨ ᠰᠠᠭᠤᠷᠢᠨ ᠢ ᠲᠦᠷᠭᠡᠳᠭᠡᠨ ᠪᠠᠶᠢᠭᠤᠯᠪᠠ᠃ ᠦᠷᠬᠦᠯᠵᠢᠯᠡᠨ ᠠᠵᠤ ᠦᠢᠯᠡᠰ ᠤᠨ ᠬᠡᠯᠬᠢᠶ᠎ᠡ ᠶᠢ ᠰᠤᠩᠭᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠬᠦᠯᠵᠦ᠂ ᠤᠷᠤᠯᠭ᠎ᠠ ᠶᠢ ᠨᠡᠮᠡᠭᠳᠡᠬᠦᠯᠬᠦ ᠬᠡᠯᠬᠢᠶ᠎ᠡ ᠶᠢ ᠦᠷᠭᠡᠳᠭᠡᠬᠦ ᠳᠡᠭᠡᠷ᠎ᠡ ᠬᠦᠴᠦ ᠭᠠᠷᠭᠠᠵᠤ᠂ ᠳ᠋ᠧ ᠢ ᠶᠢᠨ ᠵᠢᠯ ᠤᠨ ᠭᠠᠷᠤᠯᠳᠠ ᠪᠠᠷ 400 ᠲᠤᠨ ᠤ ᠤᠰᠤᠨ ᠪᠤᠯᠤᠷ ᠴᠠᠷᠳᠠᠭᠤᠯ ᠤᠨ ᠰᠢᠷᠢᠰ ᠪᠦᠲᠦᠭᠡᠭᠳᠡᠬᠦᠨ ᠤ ᠲᠦᠷᠦᠯ ᠵᠦᠢᠯ᠂ ᠵᠢᠶᠠᠨ ᠺᠦᠨ ᠤ ᠵᠢᠯ ᠤᠨ ᠭᠠᠷᠤᠯᠳᠠ ᠪᠠᠷ 3 ᠲᠦᠮᠡᠨ ᠲᠤᠨ ᠤ ᠴᠡᠪᠡᠷ ᠨᠤᠭᠤᠭ᠎ᠠ ᠶᠢ ᠡᠳ᠋ᠰᠢᠬᠦᠯᠬᠦ ᠲᠦᠷᠦᠯ ᠵᠦᠢᠯ᠂ ᠴᠦ᠋ ᠶᠢᠩ ᠪᠦᠯᠦᠭᠯᠡᠯ ᠤᠨ 55 ᠲᠦᠮᠡᠨ ᠭᠠᠭ᠋ᠠᠢ ᠳᠡᠵᠢᠭᠡᠨ ᠦᠷᠡᠵᠢᠬᠦᠯᠬᠦ ᠲᠦᠷᠦᠯ ᠵᠦᠢᠯ᠂  ᠯᠧ ᠺᠧᠨ ᠢᠳᠡᠰᠢᠨ ᠨᠤᠭᠤᠭ᠎ᠠ ᠳᠠᠷᠢᠵᠤ ᠬᠠᠳᠠᠭᠠᠯᠠᠬᠤ ᠡᠳ᠋ᠰᠢᠬᠦᠯᠬᠦ ᠲᠦᠷᠦᠯ ᠵᠦᠢᠯ᠂ ᠱᠧᠨ ᠠᠨ ᠤᠨᠴᠠᠯᠢᠭᠳᠤ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠲᠦᠷᠦᠯ ᠵᠦᠢᠯ᠂ ᠵᠦᠩ ᠳ᠋ᠢ ᠰᠠᠶᠢᠨ ᠡᠬᠦᠯᠳᠡᠷ ᠤᠨ ᠰᠠᠭᠠᠯᠢ ᠶᠢᠨ ᠦᠨᠢᠶ᠎ᠡ ᠦᠷᠡᠬᠦᠯᠬᠦ ᠳᠠᠯᠠᠪᠠᠢ ᠶᠢᠨ ᠪᠦᠲᠦᠭᠡᠨ ᠪᠠᠶᠢᠭᠤᠯᠤᠯᠳᠠ ᠶᠢᠨ ᠠᠬᠢᠴᠠ  ᠶᠢ ᠲᠦᠷᠭᠡᠳᠭᠡᠵᠦ᠂ ᠨᠢᠭᠡᠨᠳᠡ 3.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠳᠠᠷᠢᠶᠠᠯᠠᠩ  ᠤᠨ ᠭᠠᠷᠤᠯᠳᠠ ᠶᠢ ᠡᠳ᠋ᠰᠢᠬᠦᠯᠬᠦ ᠠᠵᠤ ᠦᠢᠯᠡᠳᠪᠦᠷᠢ ᠳᠤ ᠰᠦᠷᠦᠭᠵᠢᠯᠡᠭᠰᠡᠨ ᠬᠦᠭᠵᠢᠯᠳᠡ ᠶᠢᠨ ᠬᠠᠨᠳᠤᠰᠢ ᠢᠯᠡᠷᠡᠪᠡ᠃ ᠯᠠᠨᠸᠢᠰᠳᠦ᠋ᠨ᠂ ᠰᠢᠰᠧᠨ᠂ ᠳ᠋ᠧ ᠢ᠂ ᠪᠠᠢ ᠾᠦᠢ ᠱᠧᠩ᠂ ᠯᠸᠢ ᠺᠧᠨ᠂ ᠵᠢᠶᠠᠨ ᠺᠦᠨ᠂ ᠵᠦᠩ ᠳ᠋ᠢ ᠵᠡᠷᠭᠡ ᠳᠠᠷᠢᠶᠠᠯᠠᠩ ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ ᠠᠬᠤᠶᠢᠯᠠᠯ ᠤᠳ ᠢ ᠳᠡᠮᠵᠢᠵᠦ᠂ ︽ᠭᠠᠷᠭᠠᠵᠤ ᠶᠠᠪᠤᠭᠤᠯᠬᠤ︾ ᠪᠠᠶᠢᠯᠳᠤᠬᠤ ᠪᠤᠳᠤᠯᠭ᠎ᠠ ᠪᠠ ᠲᠦᠷᠦᠯ ᠳᠡᠮᠳᠡᠭ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠬᠤᠯᠪᠤᠭᠳᠠᠭᠤᠯᠤᠨ ᠬᠦᠳᠡᠯᠭᠡᠨ ᠬᠦᠭᠵᠢᠬᠦᠯᠬᠦ ᠶᠢ ᠠᠬᠢᠭᠤᠯᠵᠤ᠂ ᠨᠡᠶᠢᠰᠯᠡᠯ  ᠤᠨ ᠵᠠᠬ᠎ᠠ ᠳᠡᠯᠭᠡᠭᠦᠷ ᠲᠤ ᠬᠠᠨᠳᠤᠭᠰᠠᠨ ︽ᠲᠦᠪ ᠤᠨ ᠳᠤᠭᠤᠭᠠᠨ ᠭᠡᠷ︾ ᠢ ᠪᠠᠶᠢᠭᠤᠯᠵᠤ᠂ ᠳᠠᠷᠢᠶᠠᠯᠠᠩ ᠤᠨ ᠭᠠᠷᠤᠯᠳᠠ ᠶᠢ ᠲᠤᠬᠠᠢ ᠶᠢᠨ ᠭᠠᠵᠠᠷ ᠲᠤ ᠨᠢ ᠤᠯᠠᠷᠢᠭᠤᠯᠤᠨ ᠦᠷᠡᠳᠡᠭ ᠨᠡᠮᠡᠭᠳᠡᠬᠦᠯᠬᠦ ᠴᠢᠳᠠᠪᠤᠷᠢ ᠶᠢ ᠦᠷᠬᠦᠯᠵᠢᠯᠡᠨ ᠨᠡᠮᠡᠭᠳᠡᠬᠦᠯᠦᠨ ᠬᠦᠴᠦᠷᠭᠡᠭᠵᠢᠬᠦᠯᠪᠡ᠃      ︽ᠡᠬᠢ ᠪᠠᠶᠠᠯᠢᠭ ᠤᠨ ᠶᠠᠪᠤᠳᠠᠯ︾ ᠢ ᠬᠢᠪᠡ᠃ ︽ᠬᠦᠬᠡᠮᠳᠦᠭ ᠨᠤᠮᠢᠨ ᠠᠭᠤᠯᠠ ᠤᠰᠤ ᠶᠢ ᠠᠪᠬᠤ ᠮᠦᠷᠳᠡᠭᠡᠨ ᠠᠯᠳᠠᠨ ᠠᠭᠤᠯᠠ ᠮᠦᠩᠬᠦᠨ ᠠᠭᠤᠯᠠ ᠶᠢ ᠪᠠᠰᠠ ᠠᠪᠤᠨ᠎ᠠ᠂ ᠬᠦᠭᠡᠮᠳᠦᠭ ᠨᠤᠮᠢᠨ ᠠᠭᠤᠯᠠ ᠤᠰᠤ ᠪᠣᠯ ᠳᠠᠷᠤᠢ ᠠᠯᠳᠠᠨ ᠠᠭᠤᠯᠠ ᠮᠦᠩᠬᠦᠨ ᠠᠭᠤᠯᠠ ᠮᠥᠨ︾ ᠪᠤᠬᠢᠷᠳᠤᠯ ᠦᠭᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠤᠢ ᠪᠤᠯᠭᠠᠬᠤ ᠪᠠ ᠦᠢᠯᠡᠳᠦᠯᠭᠡᠵᠢᠬᠦᠯᠵᠦ᠂ ᠠᠮᠢ ᠠᠬᠤᠢ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠤ ᠦᠢᠯᠡᠰ ᠤᠨ ᠰᠢᠯᠵᠢᠬᠦᠯᠦᠯᠳᠡ ᠶᠢ ᠪᠤᠬᠢᠷᠳᠤᠯ ᠤᠨ ᠰᠢᠯᠵᠢᠬᠦᠯᠦᠯᠳᠡ ᠪᠤᠯᠭᠠᠨ ᠬᠤᠪᠢᠷᠠᠭᠤᠯᠬᠤ ᠶᠢ ᠲᠠᠰᠤ ᠬᠤᠷᠢᠭᠯᠠᠪᠠ᠃ ᠡᠬᠦᠨ ᠤ ᠳᠠᠭᠠᠤ᠂ ᠡᠬᠢ ᠪᠠᠶᠠᠯᠢᠭ ᠢ ᠪᠦᠲᠦᠮᠵᠢᠳᠡᠢ ᠬᠠᠮᠠᠭᠠᠯᠠᠬᠤ ᠪᠠ ᠵᠤᠬᠢᠰᠳᠠᠢ ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠵᠦ᠂ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ︽ᠨᠡᠮᠡᠵᠦ ᠬᠠᠰᠤᠬᠤ ᠠᠷᠭ᠎ᠠ︾ ᠶᠢ ᠰᠠᠶᠢᠳᠤᠷ ᠬᠡᠷᠡᠭᠯᠡᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠵᠠᠮ ᠢᠶᠠᠷ ᠶᠠᠪᠤᠵᠤ᠂ ᠡᠬᠢ ᠪᠠᠶᠠᠯᠢᠭ ᠤᠨ ᠳᠠᠪᠠᠭᠤᠯᠢᠭ ᠢ ᠤᠯᠠᠷᠢᠭᠤᠯᠤᠨ ᠠᠵᠤ ᠦᠢᠯᠡᠰ ᠤᠨ ᠳᠠᠪᠠᠭᠤᠯᠢᠭ ᠪᠤᠯᠭᠠᠵᠤ᠂ ᠬᠦᠨᠳᠦ ᠬᠢᠮᠢ ᠶᠢᠨ ᠠᠵᠤ ᠠᠬᠤᠶᠢᠯᠠᠯ ᠢ 15 ᠪᠠᠶᠢᠭᠰᠠᠨ ᠠᠴᠠ 5 ᠪᠤᠯᠭᠠᠵᠤ ᠪᠠᠭᠠᠰᠬᠠᠭᠰᠠᠨ ᠰᠠᠭᠤᠷᠢᠨ ᠳᠡᠭᠡᠷ᠎ᠡ ᠂ ᠰᠢᠩᠬᠡᠯᠢᠭ ᠢ ᠶᠡᠬᠦᠯᠡᠨ ᠰᠢᠪᠠᠭᠤ ᠶᠢ ᠰᠤᠯᠢᠵᠤ᠂ ᠤᠯᠠᠮᠵᠢᠯᠠᠯᠳᠤ ᠠᠵᠤ ᠦᠢᠯᠡᠰ ᠤᠨ ᠰᠢᠨᠡᠴᠢᠯᠡᠯᠳᠡ ᠶᠢᠨ ᠡᠷᠴᠢᠮ ᠢ ᠴᠢᠩᠭᠠᠳᠬᠠᠵᠤ᠂ ᠦᠬᠦᠮᠡᠯ ᠠᠵᠤ ᠠᠬᠤᠶᠢᠯᠠᠯ 9 ᠶᠢ ᠴᠡᠪᠡᠷᠯᠡᠵᠦ᠂ 1482 ᠮᠦ ᠭᠠᠵᠠᠷ ᠰᠢᠷᠤᠢ ᠶᠢ ᠨᠢ ᠭᠠᠷᠭᠠᠵᠤ ᠪᠤᠴᠠᠭᠠᠬᠤ᠂ ᠡᠬᠦᠷ ᠪᠠᠷᠢᠵᠤ ᠭᠠᠷᠤᠳᠢ ᠤᠷᠤᠭᠤᠯᠬᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ ᠤᠨ ᠠᠵᠤ ᠦᠢᠯᠡᠰ ᠢ ᠶᠡᠬᠡᠪᠡᠷ ᠳᠠᠳᠠᠨ ᠤᠷᠤᠭᠤᠯᠤᠭᠰᠠᠨ ᠪᠠ ᠪᠤᠶᠢᠵᠢᠭᠤᠯᠤᠨ ᠬᠦᠭᠵᠢᠬᠦᠯᠪᠡ᠃ ᠰᠢᠯᠢᠳᠡᠭ ᠶᠠᠰᠤ ᠴᠢᠨᠠᠷ ᠤᠨ ᠴᠠᠭᠠᠨ ᠰᠢᠪᠠᠷ ᠤᠨ ᠡᠬᠢ ᠪᠠᠶᠠᠯᠢᠭ ᠲᠤ ᠲᠦᠰᠢᠭᠯᠡᠵᠦ᠂ ᠪᠡᠭᠡᠵᠢᠩ ᠲᠢᠶᠠᠨᠵᠢᠨ ᠾᠧᠪᠸᠢ ᠶᠢᠨ ᠸᠠᠭᠠᠷ ᠱᠠᠭᠠᠵᠠᠩ ᠤᠨ ᠠᠵᠤ ᠦᠢᠯᠡᠰ ᠠᠴᠠ ᠤᠬᠤᠷᠢᠨ ᠭᠠᠷᠭᠠᠭᠰᠠᠨ ᠲᠦᠷᠦᠯ ᠵᠦᠢᠯ ᠢ ᠢᠳᠡᠪᠬᠢᠳᠡᠢ ᠪᠠᠷ ᠳᠤᠰᠴᠤ ᠵᠠᠯᠭᠠᠵᠤ᠂ ᠱᠠᠩᠬᠠᠢ ᠶᠢᠨ ᠾᠧᠩ ᠺᠧ ᠳ᠋ᠧ ᠸᠠᠭᠠᠷ  ᠤᠨ ᠰᠢᠨ᠎ᠡ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠪᠡᠯᠡ ᠤᠷᠤᠭᠤᠯᠤᠯᠳᠠ ᠪᠠᠷ 1.4 ᠳ᠋ᠦᠩᠰᠢᠭᠤᠷ ᠲᠦᠬᠦᠷᠢᠭ ᠤᠨ ᠤᠨᠴᠠ ᠲᠦᠷᠦᠯ ᠤᠨ ᠸᠠᠭᠠᠷ ᠱᠠᠭᠠᠵᠠᠩ ᠤᠨ ᠦᠨᠳᠦᠷ ᠰᠢᠨ᠎ᠡ ᠮᠡᠷᠭᠡᠵᠢᠯ ᠤᠨ ᠠᠵᠤ ᠦᠢᠯᠡᠰᠵᠢᠯᠳᠡ ᠶᠢᠨ ᠲᠦᠷᠦᠯ ᠵᠦᠢᠯ ᠪᠦᠲᠦᠭᠡᠨ ᠪᠠᠶᠢᠭᠤᠯᠬᠤ ᠶᠢ ᠳᠠᠳᠠᠨ ᠤᠷᠤᠭᠤᠯᠵᠤ᠂ ᠴᠡᠷᠢᠭ ᠤᠨ ᠬᠡᠷᠡᠭᠯᠡᠭᠡᠨ ᠤ ᠤᠨᠴᠠ ᠲᠦᠷᠦᠯ ᠤᠨ ᠸᠠᠭᠠᠷ ᠱᠠᠭᠠᠵᠠᠩ᠂ ᠳᠡᠭᠡᠳᠦ ᠳᠡᠰ ᠤᠨ ᠵᠠᠰᠠᠯ ᠴᠢᠮᠡᠭᠯᠡᠯ ᠤᠨ ᠸᠠᠭᠠᠷ ᠳᠤᠭᠤᠰᠬ᠎ᠠ ᠶᠢᠨ ᠠᠵᠤ ᠦᠢᠯᠡᠰ ᠢ ᠢᠳᠡᠪᠬᠢᠳᠡᠢ ᠪᠠᠷ ᠪᠤᠶᠢᠵᠢᠭᠤᠯᠤᠨ ᠬᠦᠭᠵᠢᠬᠦᠯᠪᠡ᠃ ᠴᠠᠬᠢᠭᠤᠷ ᠵᠠᠮᠠᠭᠳᠤ ᠰᠢᠷᠤᠢ ᠶᠢᠨ ᠡᠯᠪᠡᠭ ᠳᠡᠯᠪᠡᠭ ᠡᠬᠢ ᠪᠠᠶᠠᠯᠢᠭ ᠲᠤ ᠲᠦᠰᠢᠭᠯᠡᠵᠦ᠂ ᠤᠯᠤᠰ ᠤᠨ ︽863︾ ᠶᠢᠨ ᠲᠦᠯᠦᠪᠯᠡᠭᠡ ᠶᠢᠨ ᠲᠦᠷᠦᠯ ᠵᠦᠢᠯ ᠤᠨ ᠦᠪᠦᠷ ᠮᠤᠩᠭᠤᠯ ᠤᠨ ᠳ᠋ᠦᠩ ᠱᠧᠩ ᠴᠠᠬᠢᠭᠤᠷ ᠵᠠᠮᠠᠭᠳᠤ ᠰᠢᠷᠤᠢ  ᠶᠢᠨ ᠰᠢᠨᠵᠢᠯᠡᠭᠡᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠰᠢᠨ᠎ᠡ ᠠᠵᠤ ᠦᠢᠯᠡᠰ ᠤᠨ ᠬᠦᠷᠢᠶᠡᠯᠠᠩ ᠢᠶᠠᠷ ᠳᠤᠯᠤᠭᠠᠶᠢᠯᠠᠭᠤᠯᠵᠤ᠂ ᠬᠤᠶᠠᠳᠤᠬᠢ ᠦᠶ᠎ᠡ ᠶᠢᠨ ᠪᠦᠳᠦᠭᠡᠭᠳᠡᠬᠦᠨ ᠢ ᠨᠡᠭᠡᠭᠡᠨ ᠬᠦᠭᠵᠢᠬᠦᠯᠵᠦ᠂ ᠪᠤᠬᠢᠷᠳᠤᠯ ᠦᠭᠡᠢ ᠤᠷᠴᠢᠨ ᠲᠤᠭᠤᠷᠢᠨ ᠢ ᠬᠠᠮᠠᠭᠠᠯᠠᠭᠰᠠᠨ ᠪᠦᠲᠦᠭᠡᠭᠳᠡᠬᠦᠨ ᠢᠶᠠᠷ ᠤᠷᠤᠯᠠᠭᠤᠯᠤᠨ ᠳᠡᠰ ᠳᠡᠪᠰᠢᠬᠦᠯᠬᠦ ᠶᠢ ᠲᠦᠯᠬᠢᠨ ᠠᠬᠢᠭᠤᠯᠪᠠ᠃ ᠳᠠᠳᠠᠨ ᠤᠷᠤᠭᠤᠯᠵᠤ ᠪᠦᠲᠦᠭᠡᠨ ᠪᠠᠶᠢᠭᠤᠯᠵᠤ ᠪᠠᠶᠢᠭ᠎ᠠ ᠬᠤᠸᠠ ᠰᠢᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ  ᠤᠨ ᠺᠤᠮᠫᠠᠨᠢ ᠶᠢᠨ ᠵᠢᠯ ᠤᠨ ᠭᠠᠷᠤᠯᠳᠠ ᠪᠠᠷ 5 ᠲᠦᠮᠡᠨ ᠳᠤᠨ ᠤ ᠦᠨᠳᠦᠷ ᠴᠡᠪᠡᠷ ᠴᠠᠬᠢᠭᠤᠷ ᠤᠨ ᠳᠦᠷᠦᠯ ᠵᠦᠢᠯ ᠬᠤᠸᠠ ᠲᠧᠩ ᠤᠷᠴᠢᠨ ᠲᠤᠭᠤᠷᠢᠨ ᠤ ᠬᠠᠮᠠᠭᠠᠯᠠᠯᠳᠠ ᠶᠢᠨ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠵᠢᠯ ᠤᠨ ᠭᠠᠷᠤᠯᠳᠠ ᠪᠠᠷ 10 ᠲᠦᠮᠡᠨ ᠲᠤᠨ ᠤ ᠰᠤᠪᠤᠳ ᠡᠯᠡᠰᠦᠨ ᠤ ᠦᠢᠯᠡᠳᠪᠦᠷᠢᠯᠡᠯ ᠤᠨ ᠲᠦᠷᠦᠯ ᠵᠦᠢᠯ ᠤᠨ ᠬᠡᠰᠡᠭ ᠦᠢᠯᠡᠳᠪᠦᠷᠢ ᠶᠢᠨ ᠬᠡᠷ  ᠤᠨ ᠭᠤᠤᠯ ᠴᠤᠭᠴᠠ ᠨᠢᠭᠡᠨᠳᠡ ᠰᠢᠪᠳᠤᠷᠭᠠᠨ ᠳᠤ ᠤᠷᠤᠪᠠ᠃ ᠮᠠᠢ ᠲᠦᠸᠧ᠂ ᠬᠤᠩ ᠶᠠᠩ᠂ ᠲᠦᠩ ᠱᠧᠩ᠂ ᠬᠤᠩ ᠢᠤᠢ᠂ ᠴᠢ ᠴᠠᠩ᠂ ᠰᠢᠶᠠᠩ ᠬᠤᠩ ᠵᠡᠷᠭᠡ ᠠᠵᠤ ᠠᠬᠤᠶᠢᠯᠠᠯ ᠢ ᠳᠡᠮᠵᠢᠵᠦ᠂ ᠦᠨᠳᠦᠷ ᠳᠤᠯᠠᠭᠠᠨ ᠢᠶᠠᠷ ᠬᠠᠯᠠᠭᠤᠨ ᠢ ᠬᠦᠨᠳᠡᠶᠢᠷᠡᠬᠦᠯᠬᠦ ᠸᠠᠭᠠᠷ ᠱᠠᠭᠠᠵᠠᠩ ᠤᠨ ᠰᠢᠷᠭᠡᠭ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠵᠤ ᠭᠠᠯ ᠳᠤ ᠳᠠᠭᠠᠭᠠᠴᠢᠳᠠᠢ ᠮᠠᠲ᠋ᠧᠷᠢᠶᠠᠯ ᠵᠡᠷᠭᠡ ᠦᠨᠳᠦᠷ ᠴᠢᠳᠠᠪᠬᠢ ᠶᠢᠨ ᠭᠠᠯ ᠳᠤ ᠳᠠᠭᠠᠭᠠᠴᠢᠳᠠᠢ ᠮᠠᠲ᠋ᠧᠷᠢᠶᠠᠯ ᠢ ᠦᠢᠯᠡᠳᠪᠦᠷᠢᠯᠡᠵᠦ᠂ ᠬᠦᠷᠢᠶᠡᠯᠡᠩ ᠲᠤᠭᠤᠷᠢᠭ ᠤᠨ ᠤᠷᠴᠢᠯᠳᠤ ᠠᠵᠤ ᠠᠬᠤᠢ ᠶᠢ ᠬᠦᠭᠵᠢᠬᠦᠯᠵᠦ᠂ ᠠᠵᠤ ᠦᠢᠡᠯᠳᠪᠦᠷᠢ ᠶᠢᠨ ᠬᠠᠶᠠᠭᠳᠠᠮᠠᠯ ᠪᠤᠳᠠᠰ ᠤᠨ ᠶᠡᠷᠦᠩᠭᠡᠶᠢᠯᠡᠭᠰᠡᠨ ᠳᠠᠬᠢᠨ ᠠᠰᠢᠭᠯᠠᠯᠳᠠ ᠶᠢ ᠪᠡᠶᠡᠯᠡᠬᠦᠯᠪᠡ᠃ ᠭᠠᠵᠠᠷᠳᠠᠭᠤᠯᠵᠤ ᠪᠠᠶᠢᠭᠤᠯᠤᠭᠰᠠᠨ ᠺᠠᠢ ᠶᠢᠨ᠂ ᠾᠧᠩ ᠱᠧᠩ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ 2 ᠠᠵᠤ ᠠᠬᠤᠶᠢᠯᠠᠯ ᠤᠨ ᠨᠢᠭᠡᠨᠳᠡ ᠠᠰᠢᠭᠯᠠᠯᠳᠠ ᠳᠤ ᠤᠷᠤᠭᠤᠯᠵᠤ ᠡᠷᠬᠢᠯᠳᠦᠬᠦᠯᠬᠦ ᠶᠢ ᠪᠡᠶᠡᠯᠡᠬᠦᠯᠵᠦ᠂ ᠵᠢᠢ ᠮᠸᠢ ᠺᠤᠮᠫᠠᠨᠢ ᠶᠢᠨ ᠪᠠᠯ ᠴᠢᠯᠠᠭᠤᠵᠢᠯᠳᠠ  ᠶᠢᠨ ᠦᠢᠯᠡᠳᠪᠦᠷᠢᠯᠡᠯ ᠤᠨ ᠱᠤᠭᠤᠮ ᠤᠨ ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠬᠡᠪᠴᠢᠶ᠎ᠡ ᠶᠢ ᠦᠷᠭᠡᠳᠭᠡᠬᠦ ᠮᠡᠷᠭᠡᠵᠢᠯ ᠢ ᠰᠢᠨᠡᠴᠢᠯᠡᠬᠦ ᠲᠦᠷᠦᠯ ᠵᠦᠢᠯ ᠶᠠᠪᠤᠭᠳᠠᠭᠤᠯᠬᠤ ᠶᠢ ᠨᠢ ᠬᠦᠳᠦᠯᠵᠦ᠂ ᠪᠦᠬᠦ ᠰᠢᠶᠠᠨ  ᠤ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢ 8 ᠲᠦᠮᠡᠨ ᠳᠤᠨ ᠳᠤ ᠬᠦᠷᠭᠡᠬᠦ ᠶᠢ ᠲᠦᠯᠬᠢᠨ ᠠᠬᠢᠭᠤᠯᠪᠠ᠂ ᠰᠠᠯᠬᠢᠨ ᠬᠦᠴᠦᠨ ᠤ ᠴᠠᠬᠢᠯᠭᠠᠨ ᠪᠠ ᠨᠠᠷᠠᠨ ᠤ ᠡᠨᠧᠷᠬᠢ ᠶᠢᠨ ᠴᠠᠬᠢᠯᠭᠠᠨ  ᠤ ᠴᠠᠬᠢᠯᠭᠠᠨ ᠭᠠᠷᠭᠠᠯᠳᠠ ᠶᠢᠨ ᠶᠡᠷᠦᠩᠭᠡᠢ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢᠨ ᠬᠡᠮᠵᠢᠶ᠎ᠡ 49 ᠲᠦᠮᠡᠨ ᠺᠢᠯᠤᠸᠠᠲ  ᠤᠨ ᠰᠠᠭᠤᠷᠢᠨ ᠳᠡᠭᠡᠷ᠎ᠡ᠂ ᠬᠤᠸᠠ ᠱᠧᠩ ᠯᠢᠤᠢ ᠨᠧᠩ ᠨᠠᠷᠠᠨ ᠤ ᠡᠨᠧᠷᠭᠢ ᠶᠢᠨ ᠳᠠᠷᠢᠶᠠᠯᠠᠩ ᠤᠨ ᠲᠦᠷᠦᠯ ᠵᠦᠢᠯ ᠤᠨ ᠠᠯᠢ ᠲᠦᠷᠭᠡᠨ ᠢᠶᠠᠷ ᠠᠵᠢᠯᠯᠠᠭᠤᠯᠤᠨ ᠡᠵᠡᠩᠨᠡᠬᠦ ᠶᠢ ᠨᠢ ᠰᠢᠮᠳᠠᠭᠤᠯᠵᠤ᠂ ᠴᠢᠤᠸᠠᠨ ᠳ᠋ᠠ ᠳᠠᠷᠢᠶᠠᠯᠠᠩ ᠤᠨ ᠰᠢᠨᠵᠢᠯᠡᠭᠡ ᠮᠠᠷᠭᠡᠵᠢᠯ  ᠤᠨ ᠺᠤᠮᠫᠠᠨᠢ ᠶᠢᠨ ᠵᠢᠯ ᠤᠨ ᠭᠠᠷᠤᠯᠳᠠ ᠪᠠᠷ 20 ᠲᠦᠮᠡᠨ ᠲᠤᠨ ᠤ ᠠᠮᠢᠳᠤ ᠪᠤᠳᠠᠰ ᠤᠨ ᠮᠠᠰ ᠡᠨᠧᠷᠬᠢ ᠶᠢᠨ ᠬᠠᠳᠠᠭᠤ ᠪᠡᠶᠡᠳᠦ ᠰᠢᠳᠠᠭᠠᠯᠭ᠎ᠠ ᠶᠢᠨ ᠲᠦᠷᠦᠯ ᠵᠦᠢᠯ ᠪᠠ ᠾᠧᠩ ᠾᠦᠢ ᠺᠤᠮᠫᠠᠨᠢ ᠶᠢᠨ ᠢᠯᠴᠢ ᠪᠠ ᠴᠠᠬᠢᠯᠭᠠᠨ ᠤ ᠬᠠᠮᠳᠤᠷᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠤᠨ ᠡᠷᠳᠡ ᠨᠢᠭᠡᠨ ᠡᠳᠦᠷ ᠪᠠᠶᠢᠭᠤᠯᠤᠭᠳᠠᠨ ᠠᠰᠢᠭᠯᠠᠯᠳᠠ ᠳᠤ ᠤᠷᠤᠬᠤ ᠶᠢ ᠳᠦᠯᠬᠢᠨ ᠠᠬᠢᠭᠤᠯᠪᠠ᠃ ᠤᠯᠠᠨ ᠡᠰᠢ ᠪᠠᠷ ᠬᠦᠭᠵᠢᠭᠰᠡᠨ᠂ ᠤᠯᠠᠨ ᠲᠦᠢᠯ ᠢᠶᠠᠷ ᠳᠤᠯᠭᠠᠭᠤᠷᠢᠯᠠᠭᠰᠠᠨ ᠠᠵᠤ ᠦᠢᠯᠡᠳᠪᠦᠷᠢ ᠶᠢᠨ ᠪᠦᠲᠦᠴᠡ ᠲᠦᠷᠭᠡᠨ ᠪᠠᠶᠢᠭᠤᠯᠤᠭᠳᠠᠵᠤ᠂ ᠠᠵᠤ ᠦᠢᠯᠡᠰ ᠢ ᠡᠷᠴᠢᠮᠵᠢᠬᠦᠯᠦᠨ ᠬᠦᠭᠵᠢᠬᠦᠯᠬᠦ ᠬᠢᠷᠢ ᠲᠦᠪᠰᠢᠨ ᠶᠡᠭᠡ ᠬᠡᠮᠵᠢᠶ᠎ᠡ  ᠪᠠᠷ ᠳᠡᠭᠡᠭᠰᠢᠯᠡᠪᠡ᠃       ︽ᠤᠷᠤᠨ ᠪᠠᠶᠢᠷᠢᠰᠢᠯ ᠤᠨ ᠶᠠᠪᠤᠳᠠᠯ︾ ᠢ ᠬᠢᠪᠡ᠃ ᠬᠠᠰᠢᠯᠭ᠎ᠠ ᠶᠢᠨ ᠳᠡᠭᠡᠷᠡᠬᠢ ᠭᠠᠵᠠᠷ ᠤᠷᠤᠨ ᠤ ᠠᠭᠤᠯᠠ ᠤᠰᠤ ᠬᠦᠷᠰᠢᠯᠡᠭᠰᠡᠨ᠂ ᠬᠦᠮᠦᠨ ᠬᠤᠭᠤᠷᠤᠨᠳᠤ ᠶᠠᠪᠤᠯᠴᠠᠭᠰᠠᠨ ᠳᠠᠪᠠᠭᠤᠯᠢᠭ ᠳᠠᠯ᠎ᠠ ᠶᠢ ᠬᠦᠢᠴᠡᠳ ᠪᠠᠳᠠᠷᠠᠭᠤᠯᠵᠤ᠂ ᠤᠷᠤᠨ ᠪᠠᠶᠢᠷᠢᠰᠢᠯ ᠤᠨ ᠳᠠᠪᠠᠭᠤᠯᠢᠭ ᠢ ᠤᠯᠠᠷᠢᠭᠤᠯᠤᠨ ᠨᠡᠭᠡᠭᠡᠯᠳᠡ ᠬᠦᠭᠵᠢᠯᠳᠡ ᠶᠢᠨ ᠳᠠᠪᠠᠭᠤᠯᠢᠭ ᠳᠠᠯ᠎ᠠ ᠪᠤᠯᠭᠠᠵᠤ᠂ ᠬᠤᠳᠠᠯᠳᠤᠭ᠎ᠠ ᠠᠷᠠᠯᠵᠢᠶᠠᠨ ᠤ ᠬᠦᠢᠯᠭᠡᠭᠡ᠂ ᠰᠤᠶᠤᠯ ᠵᠤᠭᠠᠴᠠᠯ᠂ ᠡᠯᠧᠺᠲᠷᠦᠨ ᠬᠤᠳᠠᠯᠳᠤᠭ᠎ᠠ ᠵᠡᠷᠭᠡ ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠭᠡᠨ ᠤ ᠦᠢᠯᠡᠰ ᠢ ᠢᠳᠡᠪᠬᠢᠳᠡᠢ ᠪᠤᠶᠢᠵᠢᠭᠤᠯᠤᠨ ᠬᠦᠭᠵᠢᠬᠦᠯᠵᠦ᠂ ᠨᠢᠭᠡᠨᠳᠡ ᠪᠠᠶᠢᠭᠤᠯᠤᠭᠳᠠᠭᠰᠠᠨ ᠵᠢᠤᠢ ᠬᠤᠩ ᠸᠧᠨᠵᠸᠦ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠤᠳᠠ᠂ ᠹᠦ᠋ ᠲᠠᠢ ᠠᠷᠠᠳ ᠲᠤ ᠠᠰᠢᠭ ᠬᠦᠷᠳᠡᠭᠡᠬᠦ ᠬᠦᠷᠢᠶᠡᠯᠠᠩ᠂ ᠲᠤᠩ ᠹᠧᠩ ᠳᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠬᠦᠷ᠂ ᠵᠦᠩ ᠳ᠋ᠦ᠋ ᠳᠠᠷᠢᠶᠠᠯᠠᠩ ᠤᠨ ᠪᠦᠲᠦᠭᠡᠭᠳᠡᠬᠦᠨ  ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠳᠤᠮᠤ ᠮᠠᠶ᠋ᠢᠭ ᠤᠨ ᠬᠤᠳᠠᠯᠳᠤᠭ᠎ᠠ ᠠᠷᠠᠯᠵᠢᠶᠠᠨ ᠤ ᠬᠦᠢᠯᠭᠡᠭᠡ ᠶᠢ ᠴᠢᠨᠠᠭᠰᠢᠳᠠ ᠨᠡᠶᠢᠳᠭᠡᠵᠦ ᠰᠢᠯᠢᠳᠡᠭᠵᠢᠬᠦᠯᠵᠦ᠂ ᠰᠢ ᠳ᠋ᠦ᠋ ᠠᠷᠠᠳ ᠲᠤ ᠠᠰᠢᠭ ᠬᠦᠷᠳᠡᠭᠡᠬᠦ  ᠬᠦᠷᠢᠶᠡᠯᠡᠩ᠂ ᠯᠢᠤᠢ ᠶᠤᠸᠠᠨ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠧᠩ ᠰᠢᠨ ᠪᠤᠬᠢᠷᠳᠤᠯ ᠦᠭᠡᠢ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠬᠦᠢᠯᠭᠡᠭᠡ᠂ ᠵᠢᠤᠢ ᠬᠤᠩ ᠬᠤᠳᠠᠯᠳᠤᠭᠠᠨ ᠤ ᠶᠠᠪᠠᠭᠠᠨ ᠵᠡᠭᠡᠯᠢ᠂ ᠢ ᠳ᠋ᠠ ᠰᠢᠶᠤᠤ ᠬᠠᠢ ᠽᠢ ᠶᠢᠨ ᠶᠡᠷᠦᠩᠭᠡᠢ ᠦᠢᠯᠡᠴᠢᠯᠡᠭᠡᠨ ᠤ ᠲᠦᠷᠦᠯ ᠵᠦᠢᠯ᠂ ᠪᠸᠢ ᠳ᠋ᠠ ᠵᠢᠩ ᠤᠨ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ  ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠳᠭᠡᠵᠦ ᠪᠦᠲᠦᠭᠡᠨ ᠪᠠᠶᠢᠭᠤᠯᠪᠠ᠃ ︽ᠪᠦᠬᠦ ᠤᠷᠤᠨ ᠪᠦᠰᠡ ᠶᠢᠨ ᠵᠤᠭᠠᠴᠠᠯ ᠂ ᠲᠦᠷᠪᠡᠨ ᠤᠯᠠᠷᠢᠯ ᠤᠨ ᠵᠤᠭᠠᠴᠠᠯ᠂ ᠵᠤᠭᠠᠴᠠᠯ  +︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ︽ᠪᠡᠭᠡᠵᠢᠩ ᠤᠨ ᠳᠡᠬᠦᠷᠭᠡ ᠶᠢᠨ ᠳᠠᠯ᠎ᠠ ᠨᠤᠲᠤᠭ ᠵᠤᠰᠠᠯᠠᠩ ᠤᠨ ᠲᠦᠪ︾ ᠤᠨ ᠵᠤᠭᠠᠴᠠᠯ ᠤᠨ ᠲᠦᠷᠦᠯ ᠳᠡᠮᠳᠡᠭ ᠢ ᠠᠰᠢᠭᠯᠠᠵᠤ᠂ ᠰᠠᠭᠤᠷᠢ ᠪᠦᠲᠦᠭᠡᠨ ᠪᠠᠶᠢᠭᠤᠯᠤᠯᠳᠠ ᠪᠠ ᠵᠠᠬ᠎ᠠ ᠳᠡᠯᠭᠡᠭᠦᠷ ᠤᠨ ᠪᠤᠶᠢᠵᠢᠯᠳᠠ ᠶᠢ ᠵᠢᠭᠳᠡ ᠪᠠᠷ ᠲᠦᠯᠬᠢᠨ ᠠᠬᠢᠭᠤᠯᠵᠤ᠂ 3A᠂ 4A ᠳᠡᠰ ᠤᠨ ᠦᠵᠡᠮᠵᠢ ᠶᠢᠨ ᠤᠷᠤᠨ ᠢ ᠡᠬᠦᠳᠦᠨ ᠪᠠᠶᠢᠭᠤᠯᠬᠤ ᠪᠠᠷ ᠪᠠᠷᠢᠴᠠ ᠪᠤᠯᠭᠠᠵᠤ᠂ ᠪᠦᠲᠦᠬᠦᠨ ᠭᠤᠤᠯ ᠤᠨ ᠦᠪᠡᠷᠳᠡᠭᠡᠨ ᠵᠠᠰᠠᠬᠤ ᠤᠷᠤᠨ ᠤ ᠳᠡᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ  ᠤ ᠳᠡᠰ ᠵᠡᠷᠭᠡ ᠶᠢ ᠴᠢᠨᠠᠭᠰᠢᠳᠠ ᠳᠡᠭᠡᠭᠰᠢᠯᠡᠬᠦᠯᠵᠦ᠂ ᠡᠮᠦᠨ᠎ᠡ ᠨᠠᠭᠤᠷ ᠤᠨ ᠴᠡᠴᠡᠷᠯᠢᠭ ᠤᠨ ᠢᠵᠢ ᠪᠦᠷᠢᠳᠦᠭᠰᠡᠨ ᠲᠦᠬᠦᠭᠡᠷᠦᠮᠵᠢ ᠶᠢ ᠳᠠᠰᠤᠷᠠᠯᠳᠠ ᠦᠭᠡᠢ ᠪᠦᠷᠢᠨᠰᠢᠬᠦᠯᠵᠦ᠂ 3A ᠳᠡᠰ ᠤᠨ ᠨᠤᠭᠤ ᠭᠠᠵᠠᠷ ᠤᠨ ᠦᠵᠡᠮᠵᠢ ᠶᠢᠨ ᠤᠷᠤᠨ ᠢ ᠴᠢᠷᠮᠠᠶᠢᠨ ᠪᠠᠶᠢᠭᠤᠯᠪᠠ᠃ ᠳᠤᠯᠤᠭᠠᠨ ᠦᠩᠭᠡᠳᠦ ᠨᠠᠭᠤᠷ ᠤᠨ ᠵᠤᠭᠠᠴᠠᠯ ᠤᠨ ᠦᠵᠡᠮᠤᠷᠢ ᠶᠢᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠵᠦ᠂ 3A ᠳᠡᠰ ᠤᠨ ᠦᠵᠡᠮᠦᠷᠢ ᠶᠢᠨ ᠤᠷᠤᠨ ᠢ ᠡᠬᠦᠳᠦᠨ ᠪᠠᠶᠢᠭᠤᠯᠬᠤ ᠠᠵᠢᠯ ᠢ ᠵᠢᠭᠳᠡ ᠪᠠᠷ ᠳᠦᠯᠬᠢᠨ ᠠᠬᠢᠭᠤᠯᠪᠠ︔ ᠰᠢᠶᠤᠤ ᠮᠢᠶᠤᠤ ᠽᠢ ᠲᠤᠰᠬᠤᠨ ᠤ ᠢᠷᠭᠡᠨᠰᠢᠯ ᠵᠠᠩ ᠦᠢᠯᠡ ᠶᠢᠨ ᠵᠤᠭᠠᠴᠠᠯ ᠤᠨ ᠦᠵᠡᠮᠦᠷᠢ ᠶᠢᠨ ᠤᠷᠤᠨ ᠢ ᠳᠡᠰ ᠳᠡᠪᠰᠢᠬᠦᠯᠦᠨ ᠰᠢᠨᠡᠳᠭᠡᠨ ᠦᠭᠡᠷᠡᠴᠢᠯᠡᠵᠦ᠂ ᠮᠠᠯᠴᠢᠨ ᠠᠶᠢᠯ ᠤᠨ ᠵᠤᠭᠠᠴᠠᠯ ᠤᠨ ᠳᠡᠰ ᠵᠡᠷᠭᠡ ᠶᠢ ᠳᠠᠰᠤᠷᠠᠯᠳᠠ ᠦᠭᠡᠢ ᠳᠡᠭᠡᠭᠰᠢᠯᠡᠬᠦᠯᠪᠡ︔ ᠭᠤᠴᠢᠨ ᠬᠤᠳᠠ ᠶᠢᠨ ᠪᠦᠷᠭᠡ ᠭᠡᠷ ᠤᠨ ᠲᠤᠭᠤᠷᠢᠭ ᠤᠨ ᠰᠢᠨᠡᠳᠭᠡᠨ ᠦᠭᠡᠷᠡᠴᠢᠯᠡᠬᠦ ᠲᠠᠢ ᠬᠠᠷᠢᠯᠴᠠᠨ ᠤᠶᠠᠯᠳᠤᠭᠤᠯᠵᠤ᠂ ᠨᠡᠶᠢᠭᠡᠮᠴᠢᠯᠡᠭᠰᠡᠨ ᠬᠦᠷᠦᠩᠭᠡ ᠶᠢᠨ ᠡᠷᠬᠢᠯᠳᠡ᠂ ᠵᠠᠬ᠎ᠠ ᠳᠡᠯᠭᠡᠭᠦᠷᠴᠢᠯᠡᠭᠰᠡᠨ ᠨᠡᠭᠡᠭᠡᠨ ᠬᠦᠭᠵᠢᠬᠦᠯᠦᠯᠳᠡ᠂ ᠲᠦᠷᠦᠯ ᠳᠡᠮᠳᠡᠭᠵᠢᠭᠰᠡᠨ ᠠᠵᠢᠯᠯᠠᠭᠤᠯᠤᠨ ᠡᠵᠡᠩᠨᠡᠯᠳᠡ ᠪᠠᠷ ᠭᠤᠤᠯ ᠪᠤᠯᠭᠠᠵᠤ᠂ ︽ᠱᠠᠩᠳᠤ ᠶᠢᠨ ᠡᠷᠳᠡᠨ ᠤ ᠬᠤᠳᠠ︾ ᠶᠢᠨ ᠰᠤᠶᠤᠯ ᠵᠤᠭᠠᠴᠠᠯ ᠤᠨ ᠲᠦᠷᠦᠯ ᠵᠦᠢᠯ ᠢ ᠰᠦᠪᠡᠭᠴᠢᠯᠡᠨ ᠲᠦᠯᠬᠢᠨ ᠠᠬᠢᠭᠤᠯᠪᠠ᠃ ᠳᠡᠭᠡᠷ᠎ᠡ ᠬᠠᠭᠠᠰ ᠵᠢᠯ᠂ ᠵᠤᠭᠠᠴᠠᠭᠰᠠᠳ 32 ᠲᠦᠮᠡᠨ ᠬᠦᠮᠦᠨ ︵ᠤᠳᠠᠭ᠎ᠠ︶ ᠬᠦᠯᠢᠶᠡᠨ ᠠᠪᠴᠤ᠂ ᠵᠤᠭᠠᠴᠠᠯ ᠤᠨ ᠤᠷᠤᠯᠭ᠎ᠠ 1000 ᠲᠦᠮᠡᠨ ᠲᠦᠬᠦᠷᠢᠭ ᠤᠷᠴᠢᠮ᠃ ᠤᠯᠤᠰ ᠤᠨ ᠡᠯᠧᠺᠲᠷᠦᠨ ᠬᠤᠳᠠᠯᠳᠤᠭ᠎ᠠ ᠶᠢ ᠲᠤᠰᠬᠤᠨ ᠳᠤ ᠤᠷᠤᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠬᠦᠯᠬᠦ ᠰᠢᠶᠠᠨ ᠢ ᠪᠠᠶᠢᠭᠤᠯᠬᠤ ᠪᠠᠷ ᠳᠤᠬᠢᠶᠠᠯᠳᠤᠯ ᠪᠤᠯᠭᠠᠵᠤ ᠪᠠᠶᠢᠭᠤᠯᠤᠭᠰᠠᠨ ᠰᠢᠶᠠᠨ ᠤ ᠡᠯᠧᠺᠲᠷᠦᠨ ᠬᠤᠳᠠᠯᠳᠤᠭᠠᠨ  ᠤ ᠦᠢᠯᠡᠴᠢᠯᠡᠭᠡᠨ ᠤ ᠲᠦᠪ᠂ ᠬᠦᠳᠡᠭᠡ ᠲᠤᠰᠬᠤᠨ ᠤ ᠲᠦᠷᠭᠡᠨ ᠬᠦᠷᠭᠡᠯᠳᠡ ᠡᠳ᠋ ᠪᠠᠷᠠᠭ᠎ᠠ ᠶᠢ ᠲᠦᠪᠯᠡᠷᠡᠬᠦᠯᠦᠨ ᠳᠠᠷᠬᠠᠭᠠᠬᠤ ᠲᠦᠪ ᠪᠠ ᠲᠤᠰᠬᠤᠨ ᠱᠠᠲᠤᠨ ᠤ 91 ᠡᠯᠧᠺᠲᠷᠦᠨ ᠬᠤᠳᠠᠯᠳᠤᠭᠠᠨ ᠤ ᠦᠢᠯᠡᠴᠢᠯᠡᠭᠡᠨ ᠤ ᠲᠦᠪ ᠲᠤ ᠲᠦᠰᠢᠭᠯᠡᠵᠦ᠂ ᠡᠯᠧᠺᠲᠷᠦᠨ ᠬᠤᠳᠠᠯᠳᠤᠭᠠᠨ ᠤ ᠦᠢᠯᠡᠰ ᠢ ᠪᠤᠶᠢᠵᠢᠭᠤᠯᠤᠨ ᠬᠦᠭᠵᠢᠬᠦᠯᠪᠡ᠃ ᠤᠯᠤᠰ ᠪᠠ ᠦᠪᠡᠷᠳᠡᠭᠡᠨ ᠵᠠᠰᠠᠬᠤ ᠤᠷᠤᠨ ᠤ ᠮᠠᠨ ᠤ ᠰᠢᠶᠠᠨ ᠤ ᠤᠯᠤᠰ ᠤᠨ ᠡᠯᠧᠺᠲᠷᠦᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠤᠭᠰᠠᠨ ᠬᠦᠳᠡᠭᠡ ᠲᠤᠰᠬᠤᠨ ᠤ ᠶᠡᠷᠦᠩᠭᠡᠢ ᠵᠢᠱᠢᠶ᠎ᠠ ᠦᠵᠡᠬᠦᠯᠬᠦ ᠰᠢᠶᠠᠨ ᠢ ᠪᠦᠲᠦᠭᠡᠨ ᠪᠠᠶᠢᠭᠤᠯᠬᠤ ᠲᠦᠷᠦᠯ ᠵᠦᠢᠯ ᠤᠨ ᠰᠢᠯᠭᠠᠨ ᠬᠤᠷᠢᠶᠠᠯᠳᠠ  ᠳᠤ ᠪᠦᠬᠦ ᠤᠷᠤᠨ ᠳᠠᠬᠢ ᠵᠢᠭᠰᠠᠭᠠᠯᠳᠠ ᠳᠤ ᠲᠤᠰᠪᠤᠷᠢ ᠬᠤᠶᠠᠳᠤᠭᠠᠷ ᠪᠠ ᠨᠢᠭᠡᠳᠦᠭᠡᠷ ᠢ ᠠᠪᠤᠪᠠ᠃ ᠦᠨᠦ ᠪᠤᠯᠳᠠᠯ᠎ᠠ᠂ ᠪᠦᠬᠦ ᠰᠢᠶᠠᠨ ᠤ ᠬᠦᠳᠡᠭᠡ ᠲᠤᠰᠬᠤᠨ ᠤ ᠡᠯᠧᠺᠲᠷᠦᠨ ᠬᠤᠳᠠᠯᠳᠤᠭ᠎ᠠ ᠶᠢᠨ ᠨᠡᠶᠢᠳᠡ ᠠᠷᠠᠯᠵᠢᠶ᠎ᠠ 982 ᠲᠦᠮᠡᠨ ᠲᠦᠬᠦᠷᠢᠭ ᠲᠤ ᠬᠦᠷᠴᠦ᠂ ᠠᠷᠠᠯᠵᠢᠶᠠᠨ ᠤ ᠲᠤᠭ᠎ᠠ 3.2 ᠳ᠋ᠦᠩᠰᠢᠭᠤᠷ ᠲᠦᠬᠦᠷᠢᠭ ᠪᠡᠶᠡᠯᠡᠬᠦᠯᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2