| | ᠱᠠᠩᠳᠤ ᠵᠠᠰᠠᠭ ᠠᠯᠪᠠᠨ ᠳᠠᠷᠬᠠᠭᠠᠭᠰᠠᠨ ﹇2018﹈ 43 ᠳ᠋ᠤᠭᠠᠷ ᠳᠤᠭᠠᠳᠤ | | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ | ᠪᠦᠬᠦᠢ ᠨᠢᠬᠡᠴᠢ᠄ | ᠰᠢᠶᠠᠨ ᠤ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠤ᠂ ᠡᠳᠦᠬᠡ ︽ᠱᠠᠩᠳᠤ ᠰᠢᠶᠠᠨ ᠤ 2018 ᠤᠨ | ᠤ ᠦᠶᠡᠷ ᠢ ᠰᠡᠷᠬᠡᠶᠢᠯᠡᠬᠦ ᠠᠵᠢᠯ ᠤᠨ ᠬᠡᠷᠡᠭᠵᠢᠬᠦᠯᠬᠦ ᠲᠦᠰᠦᠯ︾ ᠢ ᠳᠠᠨᠠᠷ ᠲᠤ ᠳᠠᠷᠤᠮᠠᠯᠯᠠᠨ ᠶᠠᠪᠤᠭᠤᠯᠤᠨ᠎ᠠ᠂ ᠨᠠᠷᠢᠨ | ᠨᠢᠮᠪᠠᠢ ᠲᠤᠤᠱᠯᠠᠭᠤᠯᠤᠨ ᠬᠡᠷᠡᠭᠵᠢᠬᠦᠯᠬᠦ ᠪᠤᠯᠪᠠᠤ᠃ | | 2018 ᠤᠨ ᠤ 7 ᠰᠠᠷ᠎ᠡ ᠶᠢᠨ 16 ᠤ ᠡᠳᠦᠷ | | | | | | ᠱᠠᠩᠳᠤ ᠰᠢᠶᠠᠨ ᠤ 2018 ᠤᠨ ᠤ ᠦᠶᠡᠷ ᠢ ᠰᠡᠷᠬᠡᠶᠢᠯᠡᠬᠦ ᠠᠵᠢᠯ ᠤᠨ ᠬᠡᠷᠡᠭᠵᠢᠬᠦᠯᠬᠦ ᠲᠦᠰᠦᠯ | | 2018 ᠤᠨ ᠤ ᠪᠦᠬᠦ ᠤᠯᠤᠰ᠂ ᠪᠦᠬᠦ ᠤᠷᠤᠨ ᠪᠠ ᠪᠦᠬᠦ ᠬᠤᠳᠠ ᠶᠢᠨ ᠦᠶᠡᠷ ᠢ ᠰᠡᠷᠬᠡᠶᠢᠯᠡᠬᠦ ᠠᠵᠢᠯ ᠤᠨ | ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠯᠡᠵᠤ᠂ ᠮᠠᠨ ᠤ ᠰᠢᠶᠠᠨ ᠤ 2018 ᠤᠨ ᠤ ᠦᠶᠡᠷ ᠢ ᠰᠡᠷᠬᠡᠶᠢᠯᠡᠬᠦ | ᠠᠵᠢᠯ ᠢ ᠦᠨᠡᠨᠬᠦ ᠰᠠᠶᠢᠲᠤᠷ ᠬᠢᠵᠤ᠂ ᠤᠯᠤᠰ ᠪᠤᠯᠤᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠳᠤᠯᠠᠵᠤ᠂ ᠳᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠤᠭᠳᠠᠭᠤᠨ ᠤᠷᠤᠯᠭ᠎ᠠ ᠶᠢᠨ | ᠨᠡᠮᠡᠭᠳᠡᠯ ᠢ ᠪᠠᠳᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠬᠡᠮ ᠤᠨ ᠦᠷᠬᠦᠯᠵᠢᠯᠡᠨ ᠳᠤᠭᠳᠠᠭᠤᠨ᠂ ᠡᠷᠡᠬᠦᠯ | ᠬᠦᠭᠵᠢᠯᠳᠡ ᠶᠢ ᠠᠬᠢᠭᠤᠯᠬᠤ ᠶᠢᠨ ᠳᠤᠰᠠᠳᠠ᠂ ᠮᠠᠨ ᠤ ᠰᠢᠶᠠᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ | ᠳᠤᠰ ᠬᠡᠷᠡᠭᠵᠢᠬᠦᠯᠬᠦ ᠰᠠᠨᠠᠯ ᠢ ᠳᠤᠭᠳᠠᠭᠠᠪᠠ᠃ | ᠨᠢᠬᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠠᠮᠢ ᠨᠠᠰᠤ ᠡᠷᠬᠢᠮ ᠳᠡᠬᠡᠳᠦ᠂ ᠠᠮᠤᠷ ᠲᠦᠪᠰᠢᠨ ᠨᠢᠬᠡᠳᠦᠬᠡᠷ | ᠴᠢᠬᠤᠯᠠ︾ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂ ︽ᠰᠡᠷᠬᠡᠶᠢᠯᠡᠯᠳᠡ ᠪᠠᠷ ᠭᠤᠤᠯᠯᠠᠵᠤ᠂ ᠰᠡᠷᠬᠡᠶᠢᠯᠡᠬᠦ | ᠳᠡᠮᠡᠴᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ︾ ᠴᠢᠭᠯᠡᠯᠳᠡ ᠶᠢ ᠪᠠᠷᠢᠮᠳᠠᠯᠠᠵᠤ᠂ ᠬᠡᠪ ᠤᠨ ᠪᠠᠶᠢᠳᠠᠯ ᠤᠨ | ᠭᠠᠮᠰᠢᠭ ᠢ ᠪᠠᠭᠤᠷᠠᠭᠤᠯᠬᠤ ᠪᠠ ᠬᠡᠪ ᠤᠨ ᠪᠤᠰᠤ ᠪᠠᠶᠢᠳᠠᠯ ᠤᠨ ᠭᠠᠮᠰᠢᠭ ᠠᠴᠠ ᠠᠪᠤᠷᠠᠬᠤ ᠶᠢ ᠬᠠᠷᠢᠯᠴᠠᠨ | ᠨᠢᠬᠡᠳᠦᠬᠦᠯᠵᠤ᠂ ᠭᠠᠮᠰᠢᠭ ᠤᠨ ᠳᠠᠷᠠᠭᠠᠬᠢ ᠠᠪᠤᠷᠠᠨ ᠳᠤᠰᠠᠯᠠᠯᠳᠠ ᠶᠢ ᠴᠢᠬᠤᠯᠠᠴᠢᠯᠠᠬᠤ ᠶᠢ ᠭᠠᠮᠰᠢᠭ ᠠᠴᠠ ᠡᠮᠦᠨᠡᠬᠢ | ᠤᠷᠢᠳᠴᠢᠯᠡᠨ ᠰᠡᠷᠬᠡᠶᠢᠯᠡᠯᠳᠡ ᠦᠬᠡᠳᠡ ᠰᠢᠯᠵᠢᠬᠦᠯᠵᠤ᠂ ᠦᠴᠢᠬᠦ ᠳᠡᠭᠡᠨ ᠳᠠᠩ ᠭᠠᠭᠴᠠ ᠭᠠᠮᠰᠢᠭ ᠤᠨ ᠵᠦᠢᠯ ᠠᠴᠠ | ᠭᠠᠮᠰᠢᠭ ᠢ ᠶᠡᠷᠦᠩᠭᠡᠢ ᠪᠠᠭᠤᠷᠠᠭᠤᠯᠬᠤ ᠦᠬᠡᠳᠡ ᠰᠢᠯᠵᠢᠬᠦᠯᠵᠤ᠂ ᠭᠠᠮᠰᠢᠭ ᠤᠨ ᠬᠦᠨᠦᠬᠡᠯ ᠤᠨ ᠬᠤᠬᠢᠷᠠᠯ ᠢ | ᠪᠠᠭᠤᠷᠠᠭᠤᠯᠬᠤ ᠠᠴᠠ ᠭᠠᠮᠰᠢᠭ ᠤᠨ ᠬᠦᠨᠦᠬᠡᠯ ᠤᠨ ᠬᠡᠨᠡᠨ ᠲᠦᠭᠰᠢᠬᠦᠷᠢ ᠶᠢ ᠬᠦᠩᠭᠡᠯᠡᠬᠦ ᠦᠬᠡᠳᠡ ᠰᠢᠯᠵᠢᠬᠦᠯᠵᠤ᠂ ︽ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠤᠷᠳᠤᠨ ᠬᠠᠷᠢᠭᠤᠴᠠᠬᠤ᠂ ᠨᠡᠶᠢᠬᠡᠮ ᠢᠶᠠᠷ ᠢᠶᠠᠨ ᠬᠠᠮᠵᠢᠯᠴᠠᠬᠤ᠂ | ᠨᠡᠶᠢᠳᠡ ᠪᠠᠷ ᠢᠶᠠᠨ ᠤᠷᠤᠯᠴᠠᠬᠤ᠂ ᠬᠠᠤᠯᠢᠵᠢᠯ ᠢᠶᠠᠷ ᠪᠠᠳᠤᠯᠠᠬᠤ︾ ᠦᠶᠡᠷ ᠢ ᠰᠡᠷᠬᠡᠶᠢᠯᠡᠬᠦ ᠠᠵᠢᠯ ᠤᠨ ᠰᠢᠰᠲ᠋ᠧᠮᠵᠢ | ᠶᠢ ᠪᠠᠶᠢᠭᠤᠯᠵᠤ᠂ ᠵᠢᠯᠤᠭᠤᠳᠬᠤ ᠰᠢᠢᠳᠪᠦᠷᠢᠳᠦ ᠪᠤᠳᠤᠯᠭ᠎ᠠ᠂ ᠤᠷᠢᠳᠴᠢᠯᠠᠨ ᠰᠡᠷᠡᠮᠵᠢᠯᠡᠬᠦᠯᠦᠯᠳᠡ᠂ ᠨᠡᠶᠢᠬᠡᠮ ᠤᠨ | ᠳᠠᠶᠢᠴᠢᠯᠠᠯᠳᠠ ᠶᠢᠨ ᠴᠢᠳᠠᠪᠤᠷᠢ ᠶᠢ ᠳᠡᠭᠡᠭᠰᠢᠯᠡᠬᠦᠯᠵᠤ᠂ ᠦᠶᠡᠷ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠵᠤ | ᠰᠢᠢᠳᠪᠦᠷᠢᠯᠡᠬᠦ ᠪᠠ ᠬᠠᠮᠢᠶᠠᠷᠤᠯᠳᠠ ᠶᠢᠨ ᠬᠢᠷᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠬᠦᠯᠦᠨ᠎ᠡ᠃ | ᠬᠤᠶᠠᠷ᠂ ᠠᠵᠢᠯ ᠤᠨ ᠠᠷᠭ᠎ᠠ ᠪᠠᠷᠢᠯ | ᠨᠢᠬᠡ ᠳᠤ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠭᠠᠩ ᠤᠨ ᠪᠠᠶᠢᠳᠠᠯ ᠤᠨ ᠬᠢᠨᠠᠨ ᠬᠡᠮᠵᠢᠯᠳᠡ | ᠤᠷᠢᠳᠴᠢᠯᠠᠨ ᠰᠡᠷᠡᠮᠵᠢᠯᠡᠬᠦᠯᠦᠯᠳᠡ ᠶᠢ ᠰᠠᠶᠢᠲᠤᠷ ᠠᠳᠬᠤᠵᠤ᠂ ᠪᠡᠯᠡᠳᠬᠡᠯ ᠲᠦᠰᠦᠪ ᠢ ᠴᠢᠩᠭᠠᠷᠠᠭᠤᠯᠵᠤ ᠰᠤᠷᠢᠯᠳᠡ | ᠶᠢ ᠳᠡᠬᠦᠯᠳᠡᠷᠵᠢᠬᠦᠯᠦᠨ᠎ᠡ᠃ ᠨᠢᠬᠡᠨᠳᠡ ᠪᠠᠶᠢᠭᠤᠯᠤᠭᠰᠠᠨ ᠦᠶᠡᠷ ᠤᠨ ᠭᠠᠮᠰᠢᠭ ᠬᠦᠨᠦᠬᠡᠯ ᠢ ᠰᠡᠷᠬᠡᠶᠢᠯᠡᠨ ᠵᠠᠰᠠᠬᠤ | ᠬᠤᠳᠠ ᠰᠢᠶᠠᠨ ᠬᠤᠶᠠᠷ ᠱᠠᠲᠤᠨ ᠤ ᠢᠨᠵᠧᠨᠧᠷᠢᠩ ᠤᠨ ᠪᠤᠰᠤ ᠠᠷᠭ᠎ᠠ ᠪᠠᠷᠢᠯ ᠤᠨ ᠤᠷᠢᠳᠴᠢᠯᠠᠭᠰᠠᠨ | ᠰᠡᠷᠡᠮᠵᠢᠯᠡᠬᠦᠯᠦᠯᠳᠡ ᠤᠷᠢᠳᠴᠢᠯᠠᠭᠰᠠᠨ ᠮᠡᠳᠡᠬᠦᠯᠦᠯᠳᠡ ᠶᠢᠨ ᠳᠡᠪᠴᠡᠩ ᠤᠨ ᠦᠢᠯᠡᠳᠦᠯ ᠢ ᠬᠦᠢᠴᠡᠳ ᠠᠰᠢᠭᠯᠠᠵᠤ᠂ | ᠪᠤᠷᠤᠭᠠᠨ ᠤ ᠪᠠᠶᠢᠳᠠᠯ᠂ ᠦᠶᠡᠷ ᠤᠨ ᠪᠠᠶᠢᠳᠠᠯ ᠢ ᠨᠢᠭᠳᠠ ᠮᠦᠷᠳᠡᠵᠤ᠂ ᠨᠠᠷᠢᠨ ᠨᠢᠮᠪᠠᠢ ᠵᠠᠳᠠᠯᠵᠤ᠂ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠤᠳᠤᠯᠭ᠎ᠠ ᠭᠠᠷᠭᠠᠵᠤ | ᠦᠶᠡᠷ ᠤᠨ ᠪᠠᠶᠢᠳᠠᠯ᠂ ᠭᠠᠩ ᠤᠨ ᠪᠠᠶᠢᠳᠠᠯ ᠢ ᠵᠦᠪ ᠤᠨᠤᠪᠴᠢᠳᠠᠢ ᠨᠡᠶᠢᠳᠡᠯᠡᠵᠤ᠂ ᠤᠷᠢᠳᠴᠢᠯᠠᠨ | ᠰᠡᠷᠡᠮᠵᠢᠯᠡᠬᠦᠯᠦᠯᠳᠡ ᠶᠢᠨ ᠮᠡᠳᠡᠭᠡ ᠵᠠᠩᠭᠢ ᠶᠢ ᠤᠷᠢᠳᠴᠢᠯᠠᠨ ᠨᠡᠶᠢᠳᠡᠯᠡᠬᠦ ᠪᠠ ᠴᠠᠭ ᠳᠤᠬᠠᠢ ᠳᠤᠨᠢ ᠪᠠᠴᠢᠮ ᠪᠠᠶᠢᠳᠠᠯ ᠢ | ᠠᠷᠭᠠᠴᠠᠵᠤ ᠴᠤᠤᠷᠢᠶᠠᠳᠤᠨ ᠳᠠᠭᠠᠬᠤ ᠶᠢ ᠡᠬᠢᠯᠡᠬᠦᠯᠦᠨ᠎ᠡ᠃ ᠦᠶᠡᠷ ᠢ ᠰᠡᠷᠬᠡᠶᠢᠯᠡᠬᠦ ᠤᠷᠢᠳᠴᠢᠯᠠᠭᠰᠠᠨ ᠲᠦᠰᠦᠪ ᠢ | ᠴᠢᠨᠠᠭᠰᠢᠳᠡ ᠨᠠᠷᠢᠯᠢᠭᠵᠢᠭᠤᠯᠵᠤ᠂ ᠰᠢᠯᠢᠳᠡᠭᠵᠢᠬᠦᠯᠵᠤ᠂ ᠰᠢᠶᠠᠩ ᠳᠤ ᠬᠦᠷᠳᠡᠯ᠎ᠡ ᠤᠷᠢᠳᠴᠢᠯᠠᠨ ᠰᠡᠷᠡᠮᠵᠢᠯᠡᠬᠦᠯᠬᠦ᠂ | ᠳᠤᠰᠬᠤᠨ ᠳᠤ ᠬᠦᠷᠳᠡᠯ᠎ᠡ ᠤᠷᠢᠳᠴᠢᠯᠠᠨ ᠲᠦᠰᠦᠪᠯᠡᠬᠦ᠂ ᠬᠦᠮᠦᠨ ᠳᠤ ᠬᠦᠷᠳᠡᠯ᠎ᠡ ᠬᠠᠷᠢᠭᠤᠴᠠᠭᠤᠯᠬᠤ ᠶᠢ ᠴᠢᠩᠭ᠎ᠠ | ᠨᠠᠶᠢᠳᠠᠪᠤᠷᠢᠵᠢᠭᠤᠯᠬᠤ ᠦᠶᠡᠷ ᠢ ᠰᠡᠷᠬᠡᠶᠢᠯᠡᠬᠦ ᠳᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤᠷ ᠲᠦᠪᠰᠢᠨ | ᠤ ᠰᠡᠷᠡᠮᠵᠢᠯᠡᠬᠦᠯᠦᠯ᠂ ᠪᠠᠴᠢᠮ ᠪᠠᠶᠢᠳᠠᠯ ᠢ ᠠᠷᠭᠠᠴᠠᠨ ᠠᠶᠦᠯ ᠢ ᠠᠷᠢᠯᠭᠠᠬᠤ ᠪᠠ ᠬᠦᠮᠦᠨ ᠢ ᠠᠶᠦᠯ ᠠᠴᠠ | ᠵᠠᠶᠢᠯᠠᠭᠤᠯᠤᠨ ᠲᠦᠪᠬᠢᠨᠡᠬᠦᠯᠬᠦ ᠠᠵᠢᠯ ᠢ ᠤᠷᠢᠳᠴᠢᠯᠠᠨ ᠨᠠᠶᠢᠳᠠᠪᠤᠷᠢᠵᠢᠭᠤᠯᠵᠤ᠂ ᠠᠯᠢ ᠶᠡᠭᠡ ᠴᠢᠷᠮᠠᠶᠢᠯᠭ᠎ᠠ ᠪᠠᠷ ᠢᠶᠠᠨ | ᠬᠦᠮᠦᠨ ᠢ ᠦᠬᠦᠯ ᠰᠢᠷᠬᠠᠳᠤᠯ ᠠᠴᠠ ᠵᠠᠶᠢᠯᠠᠭᠤᠯᠵᠤ᠂ ᠤᠯᠠᠨ ᠲᠦᠮᠡᠨ ᠤ ᠬᠡᠪ ᠤᠨ ᠠᠮᠢᠳᠤᠷᠠᠯ ᠪᠠ ᠠᠵᠤ | ᠠᠬᠤᠶᠢᠯᠠᠯ ᠤᠨ ᠠᠮᠤᠷ ᠲᠦᠪᠰᠢᠨ ᠦᠢᠯᠡᠳᠪᠦᠷᠢᠯᠡᠯ ᠢ ᠪᠠᠳᠤᠯᠠᠨ᠎ᠠ᠃ ᠬᠢᠨᠠᠨ ᠬᠡᠮᠵᠢᠯᠳᠡ᠂ ᠤᠷᠢᠳᠴᠢᠯᠠᠭᠰᠠᠨ | ᠰᠡᠷᠡᠮᠵᠢᠯᠡᠬᠦᠯᠦᠯᠳᠡ ᠤᠷᠢᠳᠴᠢᠯᠠᠭᠰᠠᠨ ᠮᠡᠳᠡᠬᠦᠯᠦᠯᠳᠡ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠳᠤᠰᠠᠯᠠᠬᠤ | ᠶᠢᠨ ᠬᠤᠯᠪᠤᠯᠳᠤᠨ ᠬᠦᠳᠡᠯᠬᠦ ᠠᠵᠢᠯ ᠤᠨ ᠳᠤᠭᠳᠠᠴᠠ ᠶᠢ ᠳᠡᠬᠦᠯᠳᠡᠷᠵᠢᠬᠦᠯᠵᠤ᠂ ᠭᠤᠤᠯᠳᠠᠯᠭ᠎ᠠ ᠲᠠᠢ ᠦᠶᠡᠷ ᠢ | ᠰᠡᠷᠬᠡᠶᠢᠯᠡᠬᠦ ᠪᠠᠷᠢᠯᠭ᠎ᠠ᠂ ᠦᠶᠡᠷ ᠤᠨ ᠭᠠᠮᠰᠢᠭ ᠬᠦᠨᠦᠬᠡᠯ ᠬᠢᠯᠪᠠᠷᠬᠠᠨ ᠭᠠᠷᠬᠤ ᠤᠷᠤᠨ᠂ ᠬᠤᠳᠠ ᠶᠢᠨ ᠳᠤᠤᠷ᠎ᠡ | ᠬᠤᠳᠤᠭᠤᠷ ᠬᠢᠯᠪᠠᠷᠬᠠᠨ ᠤᠰᠤᠳᠠᠬᠤ ᠳᠤᠭᠤᠷᠢᠭ ᠵᠡᠷᠬᠡ ᠦᠶᠡᠷ ᠤᠨ ᠰᠡᠷᠬᠡᠶᠢᠯᠡᠯᠳᠡ ᠶᠢᠨ ᠡᠮᠵᠡᠭ ᠪᠠᠭᠤᠷᠠᠢ ᠬᠡᠰᠡᠭ | ᠤᠨ ᠬᠢᠨᠠᠨ ᠬᠡᠮᠵᠢᠯᠳᠡ ᠶᠢ ᠴᠢᠩᠭᠠᠳᠬᠠᠨ᠎ᠠ᠃ | ᠬᠤᠶᠠᠷ ᠲᠤ ᠳᠠᠯᠳᠠ ᠭᠡᠮ ᠢ ᠵᠢᠭᠰᠠᠭᠠᠨ ᠠᠷᠢᠯᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠨ᠎ᠠ᠃ ᠡᠯ᠎ᠡ | ᠰᠢᠶᠠᠩ ᠪᠠᠯᠭᠠᠰᠤ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠳᠡᠷᠢᠬᠦᠨ ᠳᠤ ᠳᠠᠯᠪᠢᠵᠤ᠂ ᠢᠯᠠᠩᠭᠤᠶ᠎ᠠ ᠠᠶᠦᠯᠳᠡᠢ ᠪᠠᠷᠢᠯᠭ᠎ᠠ ᠠᠶᠦᠯᠳᠡᠢ ᠬᠡᠰᠡᠭ᠂ ᠭᠤᠤᠯᠳᠠᠯᠭ᠎ᠠ | ᠲᠠᠢ ᠳᠤᠰᠬᠤᠨ ᠪᠠᠯᠭᠠᠰᠤ᠂ ᠠᠭᠤᠷᠬᠠᠢ ᠵᠢᠴᠢ ᠳᠤᠤᠷ᠎ᠡ ᠬᠤᠳᠤᠭᠤᠷ ᠤᠨ ᠵᠠᠮ᠂ ᠳᠤᠤᠷ᠎ᠡ ᠬᠤᠳᠤᠭᠤᠷ ᠤᠨ | ᠠᠶᠦᠯᠳᠡᠢ ᠬᠠᠭᠤᠴᠢᠨ ᠭᠡᠷ ᠪᠠᠶᠢᠰᠢᠩ᠂ ᠭᠠᠵᠠᠷ ᠳᠤᠤᠷᠡᠬᠢ ᠴᠠᠬᠢᠯᠭᠠᠨ ᠬᠡᠢ ᠤᠰᠤᠨ ᠤ ᠬᠤᠭᠤᠯᠠᠢ ᠶᠢᠨ ᠳᠤᠤᠷ | ᠵᠡᠷᠬᠡ ᠶᠢ ᠨᠠᠷᠢᠨ ᠨᠢᠮᠪᠠᠢ ᠲᠢᠭᠯᠢᠨ ᠪᠦᠬᠦ ᠳᠠᠯ᠎ᠠ ᠪᠠᠷ ᠵᠢᠭᠰᠠᠭᠠᠨ ᠪᠠᠶᠢᠴᠠᠭᠠᠵᠤ᠂ ᠵᠦᠢᠯ ᠳᠠᠷᠠᠭᠠᠯᠠᠨ ᠨᠠᠷᠢᠨ ᠳᠠᠩᠰᠠ | ᠭᠠᠷᠭᠠᠵᠤ᠂ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠨ᠎ᠠ᠃ ᠠᠵᠢᠷᠭᠠᠨ | ᠪᠤᠷᠤᠭᠠᠨ ᠤ ᠦᠶᠡᠷ ᠤᠨ ᠤᠰᠤᠨ ᠤ ᠰᠦᠷᠳᠡᠬᠦᠯᠦᠯ ᠠᠴᠠ ᠪᠤᠯᠤᠭᠰᠠᠨ ᠬᠦᠮᠦᠰ ᠨᠢᠭᠳᠠ ᠴᠤᠭᠯᠠᠷᠠᠭᠰᠠᠨ ᠭᠠᠵᠠᠷ | ᠳᠠᠯᠠᠪᠤᠷ᠂ ᠠᠵᠤ ᠠᠬᠤᠶᠢᠯᠠᠯ᠂ ᠰᠤᠷᠭᠠᠭᠤᠯᠢ᠂ ᠠᠶᠦᠯᠳᠡᠢ ᠬᠠᠭᠤᠴᠢᠨ ᠬᠡᠷ ᠪᠠᠶᠢᠰᠢᠩ ᠵᠡᠷᠬᠡ ᠭᠤᠤᠯᠳᠠᠯᠭ᠎ᠠ ᠲᠠᠢ | ᠬᠡᠰᠡᠭ ᠤᠨ ᠦᠶᠡᠷ ᠤᠨ ᠰᠡᠷᠬᠡᠶᠢᠯᠡᠯᠳᠡ ᠶᠢᠨ ᠠᠵᠢᠯ ᠢ ᠭᠤᠤᠯᠳᠠᠯᠭ᠎ᠠ ᠲᠠᠢ ᠬᠢᠨᠠᠨ ᠵᠢᠯᠤᠭᠤᠳᠴᠦ ᠪᠠᠶᠢᠴᠠᠭᠠᠵᠤ᠂ | ᠠᠮᠤᠷ ᠲᠦᠪᠰᠢᠨ ᠤ ᠰᠡᠷᠬᠡᠶᠢᠯᠡᠯᠳᠡ ᠶᠢᠨ ᠠᠷᠭ᠎ᠠ ᠪᠠᠷᠢᠯ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠷᠭ᠎ᠠ ᠪᠠᠷᠢᠯ | ᠶᠢᠨ ᠨᠠᠶᠢᠳᠠᠪᠤᠷᠢᠵᠢᠭᠤᠯᠤᠯᠳᠠ ᠶᠢ ᠪᠠᠶᠢᠷᠢᠰᠢᠭᠤᠯᠬᠤ ᠶᠢ ᠦᠨᠡᠨᠬᠦ ᠪᠠᠳᠤᠯᠠᠵᠤ᠂ ᠳᠠᠯᠳᠠ ᠬᠡᠮ ᠢ ᠴᠠᠭ ᠳᠤᠬᠠᠢ ᠳᠤᠨᠢ | ᠢᠯᠡᠷᠡᠬᠦᠯᠵᠤ᠂ ᠴᠠᠭ ᠳᠤᠬᠠᠢ ᠳᠤᠨᠢ ᠴᠡᠭᠴᠡᠯᠡᠨ ᠵᠠᠰᠠᠬᠤ ᠬᠡᠷᠡᠭᠳᠡᠢ᠃ | ᠭᠤᠷᠪᠠ ᠳᠤ ᠦᠶᠡᠷ ᠢ ᠰᠡᠷᠬᠡᠶᠢᠯᠡᠬᠦ ᠡᠩᠨᠡᠭᠡ ᠪᠤᠯᠤᠨ ᠪᠤᠳᠠᠰ ᠮᠠᠲ᠋ᠧᠷᠢᠶᠠᠯ ᠤᠨ ᠨᠠᠶᠢᠳᠠᠪᠤᠷᠢᠵᠢᠭᠤᠯᠤᠯᠳᠠ ᠶᠢ | ᠰᠠᠶᠢᠲᠤᠷ ᠠᠳᠬᠤᠬᠤ ᠬᠡᠷᠡᠭᠳᠡᠢ᠃ ᠪᠠᠶᠢᠩᠭᠤ ᠪᠡᠯᠡᠳᠬᠡᠯ ᠠᠩᠭᠢ᠂ ᠠᠶᠦᠯ ᠠᠴᠠ ᠠᠪᠤᠷᠠᠬᠤ ᠠᠩᠭᠢ᠂ ᠨᠦᠬᠡᠴᠡ | ᠠᠩᠭᠢ ᠶᠢ ᠰᠠᠶᠢᠲᠤᠷ ᠵᠤᠬᠢᠶᠠᠨ ᠪᠠᠶᠢᠭᠤᠯᠵᠤ᠂ ᠡᠬᠦᠷᠬᠡ ᠶᠢ ᠨᠢ ᠳᠤᠳᠤᠷᠬᠠᠶᠢᠯᠠᠵᠤ᠂ ᠰᠡᠷᠬᠡᠶᠢᠯᠡᠨ ᠰᠠᠬᠢᠬᠤ | ᠬᠠᠷᠢᠭᠤᠴᠠᠯᠭ᠎ᠠ ᠪᠠ ᠭᠤᠤᠯᠳᠠᠯᠭ᠎ᠠ ᠲᠠᠢ ᠰᠡᠷᠬᠡᠶᠢᠯᠡᠨ ᠰᠠᠬᠢᠬᠤ ᠳᠤᠭᠤᠷᠢᠭ ᠬᠡᠰᠡᠭ ᠢ ᠨᠢ ᠨᠠᠶᠢᠳᠠᠪᠤᠷᠢᠵᠢᠭᠤᠯᠵᠤ᠂ | ᠭᠤᠤᠯᠳᠠᠯᠭ᠎ᠠ ᠲᠠᠢ ᠪᠠᠷᠢᠯᠭ᠎ᠠ ᠤᠳ ᠢ ᠰᠦᠨᠢ ᠡᠳᠦᠷ ᠦᠬᠡᠢ ᠵᠢᠵᠢᠬᠦᠷᠯᠡᠨ ᠰᠡᠷᠬᠡᠶᠢᠯᠡᠨ ᠰᠠᠬᠢᠨ᠎ᠠ᠃ ᠤᠯᠠᠨ ᠲᠦᠮᠡᠨ | ᠤ ᠦᠶᠡᠷ ᠢ ᠰᠡᠷᠬᠡᠶᠢᠯᠡᠬᠦ ᠡᠩᠨᠡᠭᠡ ᠶᠢᠨ ᠵᠤᠬᠢᠶᠠᠨ ᠪᠠᠶᠢᠭᠤᠯᠤᠯᠳᠠ ᠨᠠᠶᠢᠳᠠᠪᠤᠷᠢᠵᠢᠭᠤᠯᠤᠯᠳᠠ᠂ ᠢᠯᠠᠩᠭᠤᠶ᠎ᠠ | ᠦᠨᠳᠦᠰᠦᠨ ᠱᠠᠲᠤᠨ ᠤ ᠠᠶᠦᠯ ᠠᠴᠠ ᠠᠪᠤᠷᠠᠬᠤ ᠠᠩᠭᠢ ᠶᠢᠨ ᠪᠤᠯᠪᠠᠰᠤᠷᠠᠭᠤᠯᠤᠯ ᠰᠤᠷᠢᠯᠳᠡ ᠶᠢ ᠰᠠᠶᠢᠲᠤᠷ ᠬᠢᠨ᠎ᠡ᠃ | ᠡᠯ᠎ᠡ ᠬᠤᠯᠪᠤᠭᠳᠠᠯ ᠪᠦᠬᠦᠢ ᠨᠢᠬᠡᠴᠢ ᠦᠶᠡᠷ ᠢ ᠰᠡᠷᠬᠡᠶᠢᠯᠡᠬᠦ ᠪᠤᠳᠠᠰ ᠮᠠᠲ᠋ᠧᠷᠢᠶᠠᠯ ᠪᠦᠬᠦᠨ ᠢ ᠪᠡᠯᠡᠳᠬᠡᠨ | ᠪᠠᠶᠢᠷᠢᠰᠢᠭᠤᠯᠬᠤ ᠬᠡᠷᠡᠭᠳᠡᠢ᠃ | ᠳᠦᠷᠪᠡ ᠳᠤ ᠪᠦᠲᠦᠭᠡᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠦᠶᠡᠷ ᠢ ᠰᠡᠷᠬᠡᠶᠢᠯᠡᠬᠦ ᠠᠵᠢᠯ ᠢ ᠰᠠᠶᠢᠲᠤᠷ | ᠬᠢᠬᠦ ᠬᠡᠷᠡᠭᠳᠡᠢ᠃ ᠠᠶᠦᠯ ᠦᠬᠡᠢ ᠪᠠᠷ ᠦᠶᠡᠷ ᠬᠡᠳᠦᠯᠬᠡᠬᠦ ᠡᠯ᠎ᠡ ᠵᠦᠢᠯ ᠤᠨ ᠬᠠᠷᠢᠭᠤᠴᠠᠯᠭ᠎ᠠ ᠪᠠ ᠠᠷᠭ᠎ᠠ ᠪᠠᠷᠢᠯ ᠤᠨ | ᠨᠠᠶᠢᠳᠠᠪᠤᠷᠢᠵᠢᠭᠤᠯᠤᠯᠳᠠ ᠶᠢ ᠰᠠᠶᠢᠲᠤᠷ ᠬᠢᠵᠤ᠂ ᠦᠶᠡᠷ ᠬᠡᠳᠦᠯᠬᠡᠬᠦ ᠲᠦᠰᠦᠪ ᠢᠶᠠᠷ ᠪᠠᠷᠢᠯᠭ᠎ᠠ ᠶᠢᠨ ᠠᠵᠢᠯ ᠬᠢᠬᠦ ᠶᠢ | ᠳᠤᠬᠢᠷᠠᠭᠤᠯᠵᠤ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ ᠪᠠ ᠠᠮᠤᠷ ᠲᠦᠪᠰᠢᠨ ᠤ ᠬᠠᠷᠢᠴᠠᠭ᠎ᠠ ᠶᠢ | ᠵᠤᠬᠢᠴᠠᠯᠳᠤᠭᠤᠯᠤᠨ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠵᠤ ᠦᠶᠡᠷ ᠬᠡᠳᠦᠯᠬᠦ ᠪᠡᠯᠡᠳᠬᠡᠯ ᠲᠦᠰᠦᠪ᠂ | ᠢᠯᠠᠩᠭᠤᠶ᠎ᠠ ᠭᠤᠤᠯ ᠤᠨ ᠵᠠᠮ ᠳᠤ ᠬᠤᠯᠪᠤᠭᠳᠠᠭᠰᠠᠨ ᠪᠠᠷᠢᠯᠭ᠎ᠠ ᠶᠢᠨ ᠠᠵᠢᠯ ᠢ ᠨᠠᠷᠢᠨ ᠨᠢᠮᠪᠠᠢ ᠳᠤᠭᠳᠠᠭᠠᠵᠤ᠂ ᠳᠤᠮᠤ | ᠠᠶᠦᠯ ᠤᠨ ᠪᠠᠶᠢᠳᠠᠯ ᠤᠨ ᠠᠶᠦᠯ ᠠᠴᠠ ᠠᠪᠤᠷᠠᠬᠤ ᠪᠡᠯᠡᠳᠬᠡᠯ ᠲᠦᠰᠦᠪ ᠢ ᠪᠦᠷᠢᠨᠰᠢᠬᠦᠯᠵᠤ᠂ ᠬᠠᠷᠢᠭᠤᠴᠠᠯᠭ᠎ᠠ᠂ | ᠪᠠᠶᠢᠭᠤᠯᠤᠮᠵᠢ᠂ ᠲᠦᠰᠦᠪ᠂ ᠤᠷᠢᠳᠴᠢᠯᠠᠭᠰᠠᠨ ᠰᠡᠷᠡᠮᠵᠢᠯᠡᠬᠦᠯᠦᠯᠳᠡ᠂ ᠡᠩᠨᠡᠭᠡ ᠪᠠ ᠪᠤᠳᠠᠰ ᠮᠠᠲ᠋ᠧᠷᠢᠶᠠᠯ ︽ | ᠵᠢᠷᠭᠤᠭᠠᠨ ᠨᠠᠶᠢᠳᠠᠪᠤᠷᠢᠵᠢᠭᠤᠯᠤᠯᠳᠠ︾ ᠶᠢ ᠰᠠᠶᠢᠲᠤᠷ ᠬᠢᠵᠤ᠂ ᠶᠠᠭᠠᠬᠢᠭᠰᠠᠨ ᠴᠦ ᠰᠢᠨ᠎ᠡ ᠳᠠᠯᠳᠠ ᠬᠡᠮ ᠡᠬᠦᠰᠬᠡᠵᠤ | ᠪᠤᠯᠬᠤ ᠦᠬᠡᠢ᠃ | ᠳᠠᠪᠤ ᠳᠤ ᠤᠷᠢᠳᠴᠢᠯᠠᠨ ᠰᠡᠷᠡᠮᠵᠢᠯᠡᠬᠦᠯᠬᠦ ᠤᠬᠠᠭᠤᠯᠭ᠎ᠠ ᠶᠢ ᠰᠠᠶᠢᠲᠤᠷ ᠠᠳᠬᠤᠨ᠎ᠠ᠃ ᠦᠶᠡᠷ ᠢ ᠰᠡᠷᠬᠡᠶᠢᠯᠡᠬᠦ | ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠵᠡᠬᠡᠯᠢ ᠭᠤᠳᠤᠮᠵᠢ ᠰᠢᠶᠠᠩ ᠪᠠᠯᠭᠠᠰᠤ᠂ ᠳᠤᠰᠬᠤᠨ ᠤ ᠵᠦᠪᠯᠡᠯ᠂ | ᠨᠡᠶᠢᠬᠡᠮ ᠳᠤᠭᠤᠷᠢᠭ ᠬᠠᠮᠳᠤ ᠪᠠᠷ ᠤᠷᠤᠯᠴᠠᠬᠤ ᠶᠢ ᠳᠠᠶᠢᠴᠢᠯᠠᠵᠤ᠂ ᠨᠡᠶᠢᠳᠡ ᠶᠢᠨ ᠠᠰᠠᠷᠠᠮᠵᠢ ᠶᠢᠨ ᠵᠡᠷ᠂ ᠪᠢᠴᠢᠯ | ᠪᠦᠷᠬᠡ᠂ ᠸᠢᠴᠠᠲ ᠶᠢᠨ ᠤᠯᠠᠨ ᠨᠡᠶᠢᠳᠡ ᠶᠢᠨ ᠳᠡᠪᠴᠡᠩ ᠳᠤ ᠨᠡᠶᠢᠳᠡᠯᠡᠬᠦ ᠵᠡᠷᠬᠡ ᠠᠷᠭ᠎ᠠ ᠮᠠᠶ᠋ᠢᠭ ᠢᠶᠠᠷ ᠦᠶᠡᠷ ᠢ | ᠰᠡᠷᠬᠡᠶᠢᠯᠡᠬᠦ ᠮᠡᠳᠡᠯᠬᠡ ᠶᠢᠨ ᠤᠬᠠᠭᠤᠯᠭ᠎ᠠ ᠶᠢ ᠦᠷᠭᠡᠨ ᠳᠡᠯᠬᠡᠷ ᠶᠠᠪᠤᠭᠳᠠᠭᠤᠯᠬᠤ᠂ ᠤᠯᠠᠨ ᠲᠦᠮᠡᠨ ᠤ ᠠᠶᠦᠯ ᠠᠴᠠ | ᠵᠠᠶᠢᠯᠠᠰᠬᠢᠬᠦ ᠤᠬᠠᠮᠰᠡᠷ ᠪᠠ ᠪᠡᠶ᠎ᠡ ᠪᠠᠨ ᠠᠪᠤᠷᠠᠬᠤ ᠤᠷ᠎ᠡ ᠮᠡᠷᠬᠡᠰᠢᠯ ᠢ ᠨᠢ ᠳᠡᠬᠡᠭᠰᠢᠯᠡᠬᠦᠯᠦᠨ᠎ᠡ᠃ ᠦᠶᠡᠷ ᠤᠨ ᠪᠠᠶᠢᠳᠠᠯ | ᠢᠯᠡᠷᠡᠬᠦ ᠠᠴᠠ ᠡᠮᠦᠨ᠎ᠡ᠂ ᠭᠠᠷ ᠤᠳᠠᠰᠤᠨ ᠤ ᠤᠬᠤᠷ ᠮᠡᠳᠡᠭᠡ᠂ ᠸᠢᠴᠠᠲ ᠵᠢᠴᠢ ᠭᠠᠳᠠᠭᠰᠢ ᠳᠤᠮᠤ ᠴᠡᠬᠡᠨ ᠬᠦᠰᠢᠬᠡ | ᠵᠡᠷᠬᠡ ᠠᠷᠭ᠎ᠠ ᠪᠠᠷᠢᠯ ᠤᠳ ᠢ ᠬᠦᠢᠴᠡᠳ ᠠᠰᠢᠭᠯᠠᠵᠤ᠂ ᠴᠠᠭ ᠳᠤᠬᠠᠢ ᠳᠤᠨᠢ ᠤᠷᠢᠳᠴᠢᠯᠠᠨ ᠰᠡᠷᠡᠮᠵᠢᠯᠡᠬᠦᠯᠦᠯᠳᠡ ᠶᠢᠨ | ᠮᠡᠳᠡᠭᠡ ᠵᠠᠩᠭᠢ ᠨᠡᠶᠢᠳᠡᠯᠡᠵᠤ᠂ ᠬᠠᠮᠤᠭ ᠤᠨ ᠤᠬᠤᠷᠬᠠᠨ ᠴᠠᠭ ᠤᠨ ᠳᠤᠳᠤᠷ᠎ᠡ ᠠᠯᠢ ᠪᠤᠯᠬᠤ ᠪᠠᠷ ᠨᠡᠩ ᠤᠯᠠᠨ | ᠬᠦᠮᠦᠨ ᠳᠤ ᠠᠶᠦᠯ ᠤᠨ ᠪᠠᠶᠢᠳᠠᠯ ᠢ ᠤᠶᠢᠯᠠᠭᠠᠭᠤᠯᠵᠤ᠂ ᠬᠦᠮᠦᠨ ᠤ ᠦᠬᠦᠯ ᠰᠢᠷᠬᠠᠳᠤᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠳᠡᠢ᠃ | ᠭᠤᠷᠪᠠ᠂ ᠳᠤᠰᠢᠶᠠᠯ ᠬᠠᠷᠢᠭᠤᠴᠠᠯᠭ᠎ᠠ ᠶᠢᠨ ᠡᠬᠦᠷᠬᠡ | ᠮᠠᠨ ᠤ ᠬᠤᠳᠠ ᠶᠢᠨ ᠦᠶᠡᠷ ᠢ ᠰᠡᠷᠬᠡᠶᠢᠯᠡᠬᠦ ᠠᠵᠢᠯ ᠢ ᠦᠨᠡᠨᠬᠦ ᠪᠦᠲᠦᠮᠵᠢᠳᠡᠢ ᠰᠠᠶᠢᠲᠤᠷ ᠬᠢᠵᠤ᠂ ᠪᠦᠬᠦ | ᠰᠢᠶᠠᠨ ᠤ ᠬᠡᠨᠡᠳᠳᠡ ᠶᠢᠨ ᠬᠡᠷᠡᠭ ᠢ ᠦᠴᠢᠬᠦ ᠴᠢᠳᠠᠪᠤᠷᠢ ᠶᠢ ᠳᠡᠭᠡᠭᠰᠢᠯᠡᠬᠦᠯᠵᠤ᠂ ᠦᠳᠳᠡᠷ ᠲᠦᠷᠭᠡᠨ᠂ ᠡᠮᠬᠢ | ᠲᠢᠭᠯᠢᠮ᠂ ᠦᠨᠳᠦᠷ ᠦᠷ᠎ᠡ ᠠᠰᠢᠭ ᠲᠠᠢ ᠪᠠᠷ ᠤᠷᠢᠳᠴᠢᠯᠠᠨ ᠰᠡᠷᠬᠡᠶᠢᠯᠡᠯᠳᠡ ᠪᠠ ᠠᠶᠦᠯ ᠠᠴᠠ ᠵᠠᠶᠢᠯᠠᠭᠤᠯᠬᠤ | ᠭᠠᠮᠰᠢᠭ ᠠᠴᠠ ᠠᠪᠤᠷᠠᠬᠤ ᠠᠵᠢᠯ ᠢ ᠬᠢᠵᠤ᠂ ᠭᠠᠮᠰᠢᠭ ᠬᠦᠨᠦᠬᠡᠯ ᠠᠴᠠ ᠪᠤᠯᠤᠭᠰᠠᠨ ᠬᠡᠨᠡᠳᠡᠯ ᠭᠠᠷᠬᠤ ᠠᠴᠠ | ᠵᠠᠶᠢᠯᠠᠰᠬᠢᠬᠦ ᠪᠤᠶᠤ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ | ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠳᠤᠰᠠᠳᠠ᠂ ᠬᠤᠳᠠ ᠪᠠᠯᠭᠠᠰᠤᠨ ᠤ ᠦᠶᠡᠷ ᠢ ᠰᠡᠷᠬᠡᠶᠢᠯᠡᠬᠦ | ᠵᠢᠯᠤᠭᠤᠳᠬᠤ ᠭᠠᠵᠠᠷ ᠤᠨ ᠭᠤᠤᠯ ᠪᠦᠷᠢᠯᠳᠦᠬᠦᠨ ᠤ ᠳᠤᠰᠢᠶᠠᠯ ᠬᠠᠷᠢᠭᠤᠴᠠᠯᠭ᠎ᠠ ᠨᠢ ᠳᠤᠤᠷᠡᠬᠢ ᠮᠡᠳᠦ᠄ | ᠤᠰᠤᠨ ᠠᠰᠢᠭᠯᠠᠯᠳᠠ ᠶᠢᠨ ᠳᠤᠪᠴᠢᠶ᠎ᠠ᠄ ᠤᠰᠤᠨ ᠴᠦᠬᠦᠷᠦᠮ ᠤᠨ ᠳᠤᠬᠢᠷᠠᠭᠤᠯᠤᠯᠳᠠ ᠬᠠᠮᠢᠶᠠᠷᠤᠯᠳᠠ ᠪᠠᠨ | ᠴᠢᠩᠭᠠᠳᠬᠠᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠠᠵᠢᠯ ᠢ ᠵᠤᠬᠢᠴᠠᠭᠤᠯᠬᠤ ᠪᠠ ᠵᠢᠭᠠᠨ | ᠵᠢᠯᠤᠭᠤᠳᠤᠨ᠎ᠠ︔ ᠤᠰᠤᠨ ᠤ ᠪᠠᠶᠢᠳᠠᠯ᠂ ᠠᠵᠢᠯ ᠤᠨ ᠪᠠᠶᠢᠳᠠᠯ ᠢᠶᠠᠨ ᠴᠠᠭ ᠳᠤᠬᠠᠢ ᠳᠤᠨᠢ ᠬᠠᠩᠭᠠᠨ᠎ᠠ︔ ᠦᠶᠡᠷ ᠢ | ᠰᠡᠷᠬᠡᠶᠢᠯᠡᠬᠦ᠂ ᠤᠰᠤᠨ ᠠᠰᠢᠭᠯᠠᠯᠳᠠ᠂ ᠳᠠᠷᠢᠶᠠᠯᠠᠩ ᠤᠨ ᠴᠠᠬᠢᠯᠭᠠᠨ ᠤ ᠪᠠᠷᠢᠯᠭ᠎ᠠ ᠶᠢᠨ ᠠᠮᠤᠷ ᠲᠦᠪᠰᠢᠨ ᠢᠶᠠᠷ | ᠡᠷᠬᠢᠯᠳᠦᠬᠦ ᠠᠵᠢᠯ ᠢ ᠬᠠᠷᠢᠭᠤᠴᠠᠵᠤ᠂ ᠬᠡᠮ ᠠᠶᠦᠯᠳᠡᠢ ᠤᠰᠤᠨ ᠠᠰᠢᠭᠯᠠᠯᠳᠠ ᠳᠠᠷᠢᠶᠠᠯᠠᠩ ᠤᠨ ᠴᠠᠬᠢᠯᠭᠠᠨ ᠤ | ᠪᠠᠷᠢᠯᠭ᠎ᠠ ᠶᠢᠨ ᠪᠠᠶᠢᠴᠠᠭᠠᠨ ᠬᠡᠮᠵᠢᠯᠳᠡ ᠰᠢᠢᠳᠪᠦᠷᠢᠯᠡᠯᠳᠡ ᠪᠠ ᠤᠰᠤᠨ ᠠᠰᠢᠭᠯᠠᠯᠳᠠ ᠶᠢᠨ ᠤᠰᠤᠨ ᠳᠤ | ᠠᠪᠳᠠᠭᠳᠠᠭᠰᠠᠨ ᠪᠠᠷᠢᠯᠭ᠎ᠠ ᠶᠢᠨ ᠰᠠᠯᠪᠢᠨ ᠵᠠᠰᠠᠯᠳᠠ ᠶᠢ ᠵᠤᠬᠢᠶᠠᠨ ᠪᠠᠶᠢᠭᠤᠯᠤᠨ᠎ᠠ︔ ᠦᠶᠡᠷ ᠤᠨ ᠰᠡᠷᠬᠡᠶᠢᠯᠡᠯᠳᠡ ᠶᠢᠨ | ᠤᠰᠤ ᠳᠤᠬᠢᠷᠠᠭᠤᠯᠬᠤ ᠲᠦᠰᠦᠯ ᠢ ᠨᠠᠶᠢᠷᠠᠭᠤᠯᠤᠨ ᠵᠤᠬᠢᠶᠠᠬᠤ ᠪᠤᠶᠤ ᠵᠠᠰᠠᠵᠤ ᠨᠠᠶᠢᠷᠠᠭᠤᠯᠬᠤ ᠶᠢ ᠵᠤᠬᠢᠶᠠᠨ | ᠪᠠᠶᠢᠭᠤᠯᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠳᠤ ᠬᠡᠷᠡᠭᠰᠡᠬᠦ ᠵᠠᠷᠤᠳᠠᠯ᠂ ᠡᠳ᠋ ᠪᠤᠳᠠᠰ ᠵᠡᠷᠬᠡ | ᠲᠦᠯᠦᠪᠯᠡᠭᠡ ᠳᠤᠷᠠᠳᠤᠨ᠎ᠠ᠃ ᠪᠠᠯᠭᠠᠰᠤᠨ ᠤ ᠦᠶᠡᠷ ᠤᠨ ᠰᠡᠷᠬᠡᠶᠢᠯᠡᠯᠳᠡ ᠶᠢᠨ ᠠᠮᠤᠷ ᠲᠦᠪᠰᠢᠨ ᠤ ᠵᠤᠬᠢᠶᠠᠨ | ᠪᠠᠶᠢᠭᠤᠯᠬᠤ ᠰᠢᠰᠲ᠋ᠧᠮᠵᠢ᠂ ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮᠵᠢ᠂ ᠪᠡᠯᠡᠳᠭᠡᠯ ᠲᠦᠰᠦᠪ ᠤᠨ ᠰᠢᠰᠲ᠋ᠧᠮᠵᠢ | ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠳᠡᠬᠦᠯᠳᠡᠷᠵᠢᠬᠦᠯᠬᠦ ᠶᠢ ᠵᠤᠬᠢᠶᠠᠨ | ᠪᠠᠶᠢᠭᠤᠯᠵᠤ᠂ ᠵᠢᠭᠠᠨ ᠵᠢᠯᠤᠭᠤᠳᠤᠨ᠎ᠠ︔ ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠲᠤ ᠦᠴᠢᠬᠦ | ᠪᠠᠶᠢᠷᠢᠯᠠᠭᠤᠯᠤᠯᠳᠠ᠂ ᠦᠶᠡᠷ ᠤᠨ ᠤᠰᠤᠨ ᠤ ᠳᠤᠬᠢᠷᠠᠭᠤᠯᠤᠯᠳᠠ᠂ ᠪᠠᠷᠢᠯᠭ᠎ᠠ ᠶᠢᠨ ᠠᠶᠦᠯᠳᠡᠢ ᠪᠠᠶᠢᠳᠠᠯ᠂ ᠠᠶᠦᠯ | ᠠᠴᠠ ᠵᠠᠶᠢᠯᠠᠭᠤᠯᠬᠤ ᠠᠷᠭ᠎ᠠ ᠪᠠᠷᠢᠯ᠂ ᠠᠶᠦᠯ ᠠᠴᠠ ᠵᠠᠶᠢᠯᠠᠭᠤᠯᠬᠤ ᠰᠢᠯᠵᠢᠬᠦᠯᠦᠯᠳᠡ᠂ ᠤᠰᠤᠨ ᠠᠪᠳᠠᠭᠳᠠᠯ ᠤᠨ | ᠬᠤᠬᠢᠷᠠᠯ ᠵᠡᠷᠬᠡ ᠪᠠᠶᠢᠳᠠᠯ ᠢ ᠴᠠᠭ ᠳᠤᠬᠠᠢ ᠳᠤᠨᠢ ᠮᠡᠳᠡᠬᠦᠯᠬᠦ ᠬᠡᠷᠡᠭᠳᠡᠢ᠃ | ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶ᠎ᠠ᠄ ᠦᠶᠡᠷ ᠢ ᠰᠡᠷᠬᠡᠶᠢᠯᠡᠨ ᠠᠶᠦᠯ ᠠᠴᠠ | ᠵᠠᠶᠢᠯᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ᠂ ᠠᠶᠦᠯ ᠢ ᠠᠷᠢᠯᠭᠠᠬᠤ ᠪᠠᠬᠢᠯᠡᠯᠳᠡ᠂ ᠤᠰᠤᠨ ᠠᠪᠳᠠᠭᠳᠠᠯ | ᠤᠨ ᠰᠡᠯᠪᠢᠨ ᠵᠠᠰᠠᠯᠳᠠ᠂ ᠭᠠᠮᠰᠢᠭ ᠠᠴᠠ ᠠᠪᠤᠷᠠᠬᠤ ᠪᠡᠯᠡ ᠮᠦᠩᠭᠦ ᠪᠠ ᠡᠳ᠋ ᠪᠤᠳᠠᠰ ᠤᠨ ᠲᠦᠯᠦᠪᠯᠡᠭᠡ ᠶᠢᠨ | ᠵᠤᠬᠢᠴᠠᠭᠤᠯᠤᠯᠳᠠ ᠳᠤᠬᠢᠷᠠᠭᠤᠯᠤᠯᠳᠠ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠤᠷᠤᠨ ᠰᠠᠭᠤᠴᠠ ᠪᠠ ᠪᠦᠲᠦᠭᠡᠨ ᠪᠠᠶᠢᠭᠤᠯᠤᠯᠳᠠ ᠶᠢᠨ ᠳᠤᠪᠴᠢᠶ᠎ᠠ᠄ ᠬᠠᠷᠢᠶᠠᠨ ᠳᠠᠬᠢ ᠪᠦᠲᠦᠭᠡᠨ | ᠪᠠᠶᠢᠭᠤᠯᠵᠤ ᠪᠠᠶᠢᠭ᠎ᠠ ᠡᠯ᠎ᠡ ᠲᠦᠷᠦᠯ ᠤᠨ ᠪᠠᠷᠢᠯᠭ᠎ᠠ ᠶᠢᠨ ᠦᠶᠡᠷ ᠤᠨ ᠰᠡᠷᠬᠡᠶᠢᠯᠡᠯᠳᠡ ᠶᠢᠨ ᠠᠮᠤᠷ ᠲᠦᠪᠰᠢᠨ ᠢ | ᠬᠠᠷᠢᠭᠤᠴᠠᠵᠤ᠂ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠲᠠᠢ ᠬᠠᠮᠳᠤᠷᠠᠵᠤ ᠪᠠᠶᠢᠭᠠᠳ ᠬᠤᠳᠠ ᠶᠢᠨ ᠦᠶᠡᠷ | ᠤᠨ ᠰᠡᠷᠬᠡᠶᠢᠯᠡᠯᠳᠡ ᠶᠢᠨ ᠠᠮᠤᠷ ᠲᠦᠪᠰᠢᠨ᠂ ᠬᠤᠳᠠ ᠶᠢᠨ ᠳᠤᠭᠤᠷᠢᠭ ᠤᠨ ᠤᠰᠤᠳᠠᠯ ᠤᠨ ᠳᠠᠳᠠᠷᠠᠭᠤᠯᠤᠯᠳᠠ ᠶᠢ | ᠰᠠᠶᠢᠲᠤᠷ ᠬᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠠᠭᠤᠯᠠᠨ ᠳᠤ ᠤᠴᠢᠵᠤ ᠦᠶᠡᠷ ᠤᠨ ᠭᠠᠮᠰᠢᠭ | ᠬᠦᠨᠦᠬᠡᠯ ᠢ ᠰᠡᠷᠬᠡᠶᠢᠯᠡᠬᠦ ᠠᠵᠢᠯ ᠳᠤ ᠤᠷᠤᠯᠴᠠᠵᠤ ᠵᠢᠭᠠᠨ ᠵᠢᠯᠤᠭᠤᠳᠤᠨ᠎ᠠ᠃ ᠪᠦᠬᠦ ᠪᠠᠯᠭᠠᠰᠤᠨ ᠤ ᠬᠡᠷ ᠪᠠᠶᠢᠰᠢᠩ | ᠤᠨ ᠪᠠᠷᠢᠯᠭ᠎ᠠ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠪᠠᠬᠢᠯᠡᠯᠳᠡ᠂ ᠡᠩ ᠤᠨ ᠭᠠᠵᠠᠷ ᠳᠤᠤᠷᠡᠬᠢ ᠤᠷᠤᠨ | ᠵᠠᠢ᠂ ᠳᠤᠤᠷ᠎ᠡ ᠬᠤᠳᠤᠭᠤᠷ ᠤᠨ ᠬᠦᠷᠢᠶ᠎ᠡ ᠬᠠᠰᠢᠶ᠎ᠠ ᠵᠡᠷᠬᠡ ᠦᠶᠡᠷ ᠢ ᠠᠮᠤᠷ ᠲᠦᠪᠰᠢᠨ ᠢᠶᠠᠷ ᠬᠡᠳᠦᠯᠬᠦ ᠠᠵᠢᠯ ᠢ | ᠵᠤᠬᠢᠶᠠᠨ ᠪᠠᠶᠢᠭᠤᠯᠵᠤ᠂ ᠵᠤᠬᠢᠴᠠᠭᠤᠯᠵᠤ᠂ ᠵᠢᠯᠤᠭᠤᠳᠤᠨ᠎ᠠ︔ ᠬᠡᠷ ᠪᠠᠶᠢᠰᠢᠩ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠳᠠ ᠶᠢᠨ ᠦᠶᠡᠷ ᠢ ᠰᠡᠷᠬᠡᠶᠢᠯᠡᠬᠦ ᠠᠮᠤᠷ ᠲᠦᠪᠰᠢᠨ ᠤ ᠵᠤᠬᠢᠶᠠᠨ ᠪᠠᠶᠢᠭᠤᠯᠬᠤ ᠰᠢᠰᠲ᠋ᠧᠮᠵᠢ᠂ | ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮᠵᠢ᠂ ᠪᠡᠯᠡᠳᠬᠡᠯ ᠲᠦᠰᠦᠪ ᠤᠨ ᠰᠢᠰᠲ᠋ᠧᠮᠵᠢ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠳᠡᠬᠦᠯᠳᠡᠷᠵᠢᠬᠦᠯᠬᠦ ᠶᠢ ᠬᠠᠷᠢᠭᠤᠴᠠᠨ᠎ᠠ︔ ᠰᠢᠶᠠᠨ ᠤ ᠦᠶᠡᠷ | ᠢ ᠰᠡᠷᠬᠡᠶᠢᠯᠡᠬᠦ ᠵᠢᠯᠤᠭᠤᠳᠬᠤ ᠭᠠᠵᠠᠷ ᠲᠤ ᠦᠴᠢᠬᠦ ᠪᠠᠶᠢᠷᠢᠯᠠᠭᠤᠯᠤᠯᠳᠠ᠂ ᠭᠠᠮᠰᠢᠭᠳᠠᠭᠰᠠᠨ ᠬᠡᠮᠵᠢᠶ᠎ᠡ᠂ | ᠰᠢᠢᠳᠪᠦᠷᠢᠯᠡᠭᠰᠡᠨ ᠦᠷ᠎ᠡ ᠳ᠋ᠦᠩ ᠵᠡᠷᠬᠡ ᠪᠠᠶᠢᠳᠠᠯ ᠢ ᠴᠠᠭ ᠳᠤᠬᠠᠢ ᠳᠤᠨᠢ ᠮᠡᠳᠡᠬᠦᠯᠦᠨ᠎ᠡ︔ ᠰᠢᠶᠠᠨ ᠤ ᠦᠶᠡᠷ ᠢ | ᠰᠡᠷᠬᠡᠶᠢᠯᠡᠬᠦ ᠵᠢᠯᠤᠭᠤᠳᠬᠤ ᠭᠠᠵᠠᠷ ᠤᠨ ᠳᠤᠰᠢᠶᠠᠨ ᠬᠢᠯᠬᠡᠬᠦ ᠪᠤᠰᠤᠳ ᠠᠵᠢᠯ ᠤᠳ ᠢ ᠪᠡᠶᠡᠯᠡᠬᠦᠯᠦᠨ᠎ᠡ᠃ | ᠰᠢᠶᠠᠨ ᠤ ᠠᠷᠠᠳ ᠤᠨ ᠶᠠᠪᠤᠳᠠᠯ ᠤᠨ ᠳᠤᠪᠴᠢᠶ᠎ᠠ᠄ ᠦᠶᠡᠷ ᠤᠰᠤᠳᠠᠯ ᠤᠨ ᠭᠠᠮᠰᠢᠭ ᠬᠦᠨᠦᠬᠡᠯ ᠠᠴᠠ | ᠠᠪᠤᠷᠠᠨ ᠳᠤᠰᠠᠯᠠᠬᠤ ᠠᠵᠢᠯ ᠢ ᠵᠤᠬᠢᠴᠠᠭᠤᠯᠤᠨ ᠵᠤᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ | ᠶᠢ ᠬᠠᠷᠭᠤᠭᠤᠯᠤᠨ ᠪᠠᠶᠢᠴᠠᠭᠠᠵᠤ᠂ ᠬᠤᠷᠢᠶᠠᠨ ᠴᠤᠭᠯᠠᠭᠤᠯᠵᠤ᠂ ᠬᠤᠷᠢᠶᠠᠩᠭᠤᠶᠢᠯᠠᠨ ᠳ᠋ᠦᠩᠨᠡᠵᠤ ᠮᠡᠳᠡᠬᠦᠯᠦᠨ᠎ᠡ︔ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠤ ᠭᠠᠮᠰᠢᠭᠳᠠᠭᠰᠠᠨ ᠠᠷᠠᠳ ᠢ ᠪᠠᠴᠢᠮ ᠰᠢᠯᠵᠢᠬᠦᠯᠦᠨ | ᠲᠦᠪᠬᠢᠨᠡᠬᠦᠯᠬᠦ᠂ ᠬᠦᠳᠡᠭᠡ ᠳᠤᠰᠬᠤᠨ ᠤ ᠭᠠᠮᠰᠢᠭᠳᠠᠭᠰᠠᠨ ᠠᠷᠠᠳ ᠤᠨ ᠨᠤᠷᠠᠭᠰᠠᠨ ᠬᠡᠷ ᠪᠠᠶᠢᠰᠢᠩ ᠢ ᠰᠡᠷᠬᠦᠬᠡᠨ | ᠳᠠᠬᠢᠨ ᠪᠠᠶᠢᠭᠤᠯᠬᠤ ᠪᠠ ᠭᠠᠮᠰᠢᠭᠳᠠᠭᠰᠠᠨ ᠠᠷᠠᠳ ᠤᠨ ᠤᠤᠭᠤᠬᠤ ᠤᠰᠤ᠂ ᠢᠳᠡᠬᠦ ᠠᠮᠤ ᠵᠡᠷᠬᠡ ᠠᠮᠢᠳᠤᠷᠠᠯ ᠢ ᠨᠢ | ᠳᠤᠰᠠᠯᠠᠬᠤ ᠠᠵᠢᠯ ᠤᠳ ᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠳᠤᠷᠠᠵᠤ ᠭᠠᠮᠰᠢᠭ ᠠᠴᠠ ᠠᠪᠤᠷᠠᠬᠤ ᠡᠳ᠋ ᠪᠤᠳᠠᠰ ᠵᠤᠭᠤᠰ ᠮᠦᠩᠭᠦᠨ ᠤ ᠬᠠᠮᠢᠶᠠᠷᠤᠯᠳᠠ᠂ ᠬᠤᠪᠢᠶᠠᠷᠢᠯᠠᠯᠳᠠ ᠪᠠ | ᠬᠢᠨᠠᠯᠳᠠ ᠬᠡᠷᠡᠭᠯᠡᠯᠳᠡ ᠶᠢ ᠰᠠᠶᠢᠲᠤᠷ ᠬᠢᠨ᠎ᠡ︔ ᠭᠠᠮᠰᠢᠭ ᠠᠴᠠ ᠠᠪᠤᠷᠠᠬᠤ᠂ ᠬᠠᠨᠳᠢᠪᠯᠠᠬᠤ ᠠᠵᠢᠯ ᠢ ᠵᠤᠬᠢᠶᠠᠨ | ᠪᠠᠶᠢᠭᠤᠯᠬᠤ ᠪᠠ ᠵᠢᠭᠠᠨ ᠵᠢᠯᠤᠭᠤᠳᠴᠦ᠂ ᠭᠠᠮᠰᠢᠭᠳᠠᠭᠰᠠᠨ ᠤᠷᠤᠨ ᠤ ᠦᠢᠯᠡᠳᠪᠦᠷᠢᠯᠡᠯ ᠬᠢᠵᠤ ᠦᠪᠡᠷ ᠢ ᠪᠠᠨ | ᠠᠪᠤᠷᠠᠬᠤ ᠶᠢ ᠨᠢ ᠵᠤᠬᠢᠴᠠᠭᠤᠯᠤᠨ ᠵᠢᠭᠠᠨ ᠵᠢᠯᠤᠭᠤᠳᠤᠨ᠎ᠠ᠃ ᠦᠶᠡᠷ ᠤᠰᠤᠳᠠᠯ ᠤᠨ ᠭᠠᠮᠰᠢᠭ ᠬᠦᠨᠦᠬᠡᠯ ᠤᠨ | ᠬᠠᠮᠢᠶ᠎ᠠ ᠪᠦᠬᠦᠢ ᠳ᠋ᠠᠶᠢᠲ᠋ᠠ ᠶᠢᠨ ᠳᠤᠭ᠎ᠠ ᠪᠦᠷᠢᠳᠬᠡᠯ᠂ ᠬᠠᠷᠭᠤᠭᠤᠯᠤᠨ ᠪᠠᠶᠢᠴᠠᠭᠠᠯᠳᠠ᠂ ᠭᠠᠮᠰᠢᠭ ᠤᠨ ᠪᠠᠶᠢᠳᠠᠯ ᠤᠨ | ᠬᠠᠨᠳᠤᠰᠢ ᠶᠢᠨ ᠵᠠᠳᠠᠯᠤᠯᠳᠠ ᠦᠨᠡᠯᠡᠯᠳᠡ ᠪᠠ ᠮᠡᠳᠡᠭᠡ ᠵᠠᠩᠭᠢ ᠶᠢᠨ ᠮᠡᠳᠡᠬᠦᠯᠦᠨ ᠬᠦᠷᠬᠡᠯᠳᠡ ᠶᠢ ᠬᠠᠷᠢᠭᠤᠴᠠᠨ᠎ᠠ︔ | ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠲᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ᠂ ᠭᠠᠮᠰᠢᠭ | ᠠᠴᠠ ᠠᠪᠤᠷᠠᠬᠤ ᠠᠵᠢᠯ ᠤᠨ ᠪᠠᠶᠢᠳᠠᠯ ᠢ ᠴᠠᠭ ᠳᠤᠬᠠᠢ ᠳᠤᠨᠢ ᠮᠡᠳᠡᠬᠦᠯᠦᠨ᠎ᠡ︔ ᠰᠢᠶᠠᠨ ᠤ ᠦᠶᠡᠷ ᠢ ᠰᠡᠷᠬᠡᠶᠢᠯᠡᠬᠦ | ᠵᠢᠯᠤᠭᠤᠳᠬᠤ ᠭᠠᠵᠠᠷ ᠤᠨ ᠳᠤᠰᠢᠶᠠᠨ ᠬᠢᠯᠬᠡᠬᠦ ᠪᠤᠰᠤᠳ ᠠᠵᠢᠯ ᠤᠳ ᠢ ᠪᠡᠶᠡᠯᠡᠬᠦᠯᠦᠨ᠎ᠡ᠃ | ᠰᠢᠶᠠᠨ ᠤ ᠵᠠᠮ ᠬᠠᠷᠢᠯᠴᠠᠭᠠᠨ ᠤ ᠳᠤᠪᠴᠢᠶ᠎ᠠ᠄ ᠬᠠᠷᠢᠶᠠᠨ ᠤ ᠪᠠᠨ ᠵᠠᠮ ᠬᠠᠷᠢᠯᠴᠠᠭ᠎ᠠ ᠪᠠ ᠪᠠᠷᠢᠯᠭ᠎ᠠ ᠶᠢᠨ | ᠳᠦᠬᠦᠬᠡᠷᠦᠮᠵᠢ ᠶᠢᠨ ᠦᠶᠡᠷ ᠠᠴᠠ ᠰᠡᠷᠬᠡᠶᠢᠯᠡᠬᠦ ᠠᠵᠢᠯ ᠢ ᠬᠠᠷᠢᠭᠤᠴᠠᠵᠤ᠂ ᠠᠶᠦᠯ ᠠᠴᠠ ᠵᠠᠶᠢᠯᠠᠭᠤᠯᠤᠨ ᠠᠪᠤᠷᠠᠨ | ᠳᠤᠰᠠᠯᠠᠬᠤ ᠬᠦᠴᠦᠨ ᠢ ᠵᠤᠬᠢᠶᠠᠨ ᠪᠠᠶᠢᠭᠤᠯᠤᠨ ᠵᠠᠰᠠᠮᠠᠯ ᠵᠠᠮ ᠢ ᠵᠠᠪᠳᠤᠨ ᠨᠡᠪᠳᠡᠷᠡᠬᠦᠯᠬᠦ᠂ ᠪᠠᠳᠤᠯᠠᠨ ᠨᠡᠪᠳᠡᠷᠡᠬᠦᠯᠬᠦ | ᠪᠠ ᠪᠠᠷᠢᠯᠭ᠎ᠠ ᠶᠢᠨ ᠳᠦᠬᠦᠬᠡᠷᠦᠮᠵᠢ ᠶᠢ ᠵᠠᠰᠠᠨ ᠰᠡᠷᠬᠦᠬᠡᠵᠤ᠂ ᠵᠠᠮ ᠬᠠᠷᠢᠯᠴᠠᠭ᠎ᠠ ᠶᠢ ᠰᠢᠭᠤᠳ ᠨᠡᠪᠳᠡᠷᠡᠬᠦᠯᠬᠦ ᠪᠠ | ᠪᠠᠷᠢᠯᠭ᠎ᠠ ᠶᠢᠨ ᠳᠦᠬᠦᠬᠡᠷᠦᠮᠵᠢ ᠶᠢ ᠠᠮᠤᠷ ᠲᠦᠪᠰᠢᠨ ᠪᠠᠶᠢᠯᠭᠠᠬᠤ ᠶᠢ ᠦᠨᠡᠨᠬᠦ ᠪᠠᠳᠤᠯᠠᠵᠤ᠂ ᠭᠠᠮᠰᠢᠭ ᠠᠴᠠ | ᠠᠪᠤᠷᠠᠬᠤ ᠡᠳ᠋ ᠪᠤᠳᠠᠰ ᠤᠨ ᠳᠡᠷᠬᠡ ᠰᠢᠭᠤᠳ ᠨᠡᠪᠳᠡᠷᠡᠬᠦ ᠶᠢ ᠪᠠᠳᠤᠯᠠᠨ᠎ᠠ︔ ᠠᠶᠦᠯ ᠠᠴᠠ ᠵᠠᠶᠢᠯᠠᠭᠤᠯᠬᠤ ᠭᠠᠮᠰᠢᠭ | ᠠᠴᠠ ᠠᠪᠤᠷᠠᠬᠤ ᠳᠤ ᠬᠡᠷᠡᠭᠰᠡᠬᠦ ᠳᠡᠷᠬᠡ᠂ ᠤᠩᠭᠤᠴᠠ ᠵᠠᠪᠢ ᠵᠡᠷᠬᠡ ᠵᠠᠮ ᠬᠠᠷᠢᠯᠴᠠᠭᠠᠨ ᠤ ᠳᠡᠬᠡᠬᠡᠪᠤᠷᠢ ᠶᠢᠨ | ᠦᠨᠳᠦᠰᠦᠯᠡᠯ ᠢ ᠵᠤᠬᠢᠴᠠᠭᠤᠯᠵᠤ᠂ ᠭᠠᠮᠰᠢᠭᠳᠠᠭᠰᠠᠨ ᠬᠦᠮᠦᠰ᠂ ᠠᠶᠦᠯ ᠠᠴᠠ ᠵᠠᠶᠢᠯᠠᠭᠤᠯᠤᠨ ᠭᠠᠮᠰᠢᠭ ᠠᠴᠠ | ᠠᠪᠤᠷᠠᠬᠤ ᠬᠦᠮᠦᠰ ᠪᠠ ᠭᠠᠮᠰᠢᠭ ᠠᠴᠠ ᠠᠪᠤᠷᠠᠬᠤ ᠡᠳ᠋ ᠪᠤᠳᠠᠰ ᠢ ᠤᠷᠢᠳᠡᠪᠡᠷ ᠵᠦᠬᠡᠬᠡᠪᠤᠷᠢᠯᠡᠨ ᠬᠦᠷᠬᠡᠨ᠎ᠡ︔ ᠪᠦᠬᠦ | ᠰᠢᠶᠠᠨ ᠤ ᠵᠠᠮ ᠬᠠᠷᠢᠯᠴᠠᠭᠠᠨ ᠤ ᠦᠶᠡᠷ ᠠᠴᠠ ᠰᠡᠷᠬᠡᠶᠢᠯᠡᠬᠦ ᠠᠮᠤᠷ ᠲᠦᠪᠰᠢᠨ ᠤ ᠵᠤᠬᠢᠶᠠᠨ ᠪᠠᠶᠢᠭᠤᠯᠬᠤ ᠰᠢᠰᠲ᠋ᠧᠮᠵᠢ | ᠂ ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮᠵᠢ᠂ ᠪᠡᠯᠡᠳᠬᠡᠯ ᠲᠦᠰᠦᠪ ᠤᠨ ᠰᠢᠰᠲ᠋ᠧᠮᠵᠢ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ ᠶᠢ ᠬᠠᠷᠢᠭᠤᠴᠠᠨ᠎ᠠ︔ ᠰᠢᠶᠠᠨ ᠤ ᠦᠶᠡᠷ ᠢ | ᠰᠡᠷᠬᠡᠶᠢᠯᠡᠬᠦ ᠵᠢᠯᠤᠭᠤᠳᠬᠤ ᠭᠠᠵᠠᠷ ᠲᠤ ᠦᠴᠢᠬᠦ ᠪᠠᠶᠢᠷᠢᠯᠠᠭᠤᠯᠤᠯᠳᠠ᠂ ᠤᠰᠤ ᠬᠤᠷᠠᠭᠰᠠᠨ ᠪᠠᠶᠢᠳᠠᠯ᠂ | ᠭᠠᠮᠰᠢᠭᠳᠠᠭᠰᠠᠨ ᠪᠠᠶᠢᠳᠠᠯ᠂ ᠰᠢᠢᠳᠪᠦᠷᠢᠯᠡᠭᠰᠡᠨ ᠦᠷ᠎ᠡ ᠳ᠋ᠦᠩ ᠵᠡᠷᠬᠡ ᠪᠠᠶᠢᠳᠠᠯ ᠤᠳ ᠢ ᠴᠠᠭ ᠳᠤᠬᠠᠢ ᠳᠤᠨᠢ | ᠮᠡᠳᠡᠬᠦᠯᠦᠨ᠎ᠡ︔ ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠤᠨ ᠳᠤᠰᠢᠶᠠᠨ ᠬᠢᠯᠬᠡᠬᠦ ᠪᠤᠰᠤᠳ ᠠᠵᠢᠯ | ᠤᠳ ᠢ ᠪᠡᠶᠡᠯᠡᠬᠦᠯᠦᠨ᠎ᠡ᠃ | ᠰᠢᠶᠠᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠳᠤᠪᠴᠢᠶ᠎ᠠ᠄ ᠠᠭᠤᠯᠠ ᠭᠤᠯᠭᠤᠬᠤ᠂ ᠶᠡᠬᠦᠷᠡᠬᠦ᠂ | ᠭᠠᠵᠠᠷ ᠬᠤᠳᠤᠶᠢᠬᠤ᠂ ᠰᠢᠪᠠᠷ ᠴᠢᠯᠠᠭᠤ ᠤᠷᠤᠰᠬᠤ ᠵᠡᠷᠬᠡ ᠭᠠᠵᠠᠷ ᠤᠨ ᠭᠠᠮᠰᠢᠭ ᠬᠦᠨᠦᠬᠡᠯ ᠤᠨ ᠬᠠᠶᠢᠨ | ᠪᠠᠶᠢᠴᠠᠭᠠᠯᠳᠠ᠂ ᠪᠠᠶᠢᠴᠠᠭᠠᠨ ᠬᠡᠮᠵᠢᠯᠳᠡ ᠪᠠ ᠤᠷᠢᠳᠴᠢᠯᠠᠨ ᠰᠡᠷᠬᠡᠶᠢᠯᠡᠯᠳᠡ ᠶᠢᠨ ᠠᠵᠢᠯ ᠢ ᠬᠠᠷᠢᠭᠤᠴᠠᠨ᠎ᠠ︔ ᠭᠠᠵᠠᠷ | ᠳᠤᠤᠷᠡᠬᠢ ᠤᠰᠤᠨ ᠤ ᠬᠠᠶᠢᠨ ᠪᠠᠶᠢᠴᠠᠭᠠᠯᠳᠠ ᠪᠠ ᠨᠡᠬᠡᠬᠡᠨ ᠠᠰᠢᠭᠯᠠᠯᠳᠠ ᠶᠢ ᠵᠤᠬᠢᠶᠠᠨ ᠪᠠᠶᠢᠭᠤᠯᠤᠨ ᠵᠢᠭᠠᠨ | ᠵᠢᠯᠤᠭᠤᠳᠴᠦ ᠭᠠᠮᠰᠢᠭ ᠢ ᠡᠰᠡᠷᠬᠦᠴᠡᠨ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠠᠩᠭᠠᠯᠳᠠ ᠶᠢ ᠪᠠᠳᠤᠯᠠᠨ᠎ᠠ︔ | ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠲᠤ ᠦᠴᠢᠬᠦ ᠪᠠᠶᠢᠷᠢᠯᠠᠭᠤᠯᠤᠯᠳᠠ᠂ ᠭᠠᠮᠰᠢᠭ ᠬᠦᠨᠦᠬᠡᠯ ᠤᠨ | ᠪᠠᠶᠢᠳᠠᠯ᠂ ᠰᠢᠢᠳᠪᠦᠷᠢᠯᠡᠭᠰᠡᠨ ᠦᠷ᠎ᠡ ᠳ᠋ᠦᠩ ᠵᠡᠷᠬᠡ ᠪᠠᠶᠢᠳᠠᠯ ᠢ ᠴᠠᠭ ᠳᠤᠬᠠᠢ ᠳᠤᠨᠢ ᠮᠡᠳᠡᠬᠦᠯᠦᠨ᠎ᠡ︔ ᠰᠢᠶᠠᠨ ᠤ | ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠤᠨ ᠳᠤᠰᠢᠶᠠᠨ ᠬᠢᠯᠬᠡᠬᠦ ᠪᠤᠰᠤᠳ ᠠᠵᠢᠯ ᠤᠳ ᠢ ᠪᠡᠶᠡᠯᠡᠬᠦᠯᠦᠨ᠎ᠡ᠃ | ᠰᠢᠶᠠᠨ ᠤ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ᠄ ᠳᠠᠷᠢᠶᠠᠯᠠᠩ ᠤᠨ ᠦᠶᠡᠷ ᠤᠰᠤᠳᠠᠯ ᠤᠨ | ᠭᠠᠮᠰᠢᠭ ᠬᠦᠨᠦᠬᠡᠯ ᠤᠨ ᠪᠠᠶᠢᠳᠠᠯ ᠢ ᠬᠠᠩᠭᠠᠬᠤ ᠶᠢ ᠬᠠᠷᠢᠭᠤᠴᠠᠵᠤ᠂ ᠳᠠᠷᠢᠶᠠᠯᠠᠩ ᠳᠤ ᠤᠴᠠᠷᠠᠭᠰᠠᠨ ᠦᠶᠡᠷ | ᠤᠰᠤᠳᠠᠯ ᠤᠨ ᠭᠠᠮᠰᠢᠭ ᠬᠦᠨᠦᠬᠡᠯ ᠤᠨ ᠭᠠᠮᠰᠢᠭ ᠢ ᠰᠡᠷᠬᠡᠶᠢᠯᠡᠬᠦ᠂ ᠭᠠᠮᠰᠢᠭ ᠢ ᠪᠠᠭᠠᠰᠬᠠᠬᠤ ᠪᠠ ᠭᠠᠮᠰᠢᠭ ᠠᠴᠠ | ᠠᠪᠤᠷᠠᠬᠤ ᠠᠵᠢᠯ ᠢ ᠬᠠᠷᠢᠭᠤᠴᠠᠵᠤ᠂ ᠦᠶᠡᠷ ᠤᠨ ᠰᠡᠷᠬᠡᠶᠢᠯᠡᠯᠳᠡ ᠳᠤ ᠬᠡᠷᠡᠭᠰᠡᠬᠦ ᠳᠠᠷᠢᠶᠠᠯᠠᠩ ᠤᠨ ᠭᠠᠮᠰᠢᠭ ᠠᠴᠠ | ᠠᠪᠤᠷᠠᠬᠤ ᠪᠡᠯᠡ ᠮᠦᠩᠭᠦ ᠪᠠ ᠡᠳ᠋ ᠪᠤᠳᠠᠰ ᠢ ᠳᠤᠬᠢᠷᠠᠭᠤᠯᠤᠨ ᠵᠤᠬᠢᠴᠠᠭᠤᠯᠵᠤ᠂ ᠭᠠᠮᠰᠢᠭᠳᠠᠭᠰᠠᠨ ᠤᠷᠤᠨ ᠤ | ᠳᠠᠷᠢᠶᠠᠯᠠᠩ ᠤᠨ ᠦᠢᠯᠡᠳᠪᠦᠷᠢᠯᠡᠯ ᠬᠢᠵᠤ ᠦᠪᠡᠷ ᠢ ᠪᠠᠨ ᠠᠪᠤᠷᠠᠬᠤ ᠶᠢ ᠨᠢ ᠵᠢᠭᠠᠨ ᠵᠢᠯᠤᠭᠤᠳᠤᠨ᠎ᠠ᠃ | ᠰᠢᠶᠠᠨ ᠤ ᠤᠢ ᠰᠢᠭᠤᠢ ᠶᠢᠨ ᠳᠤᠪᠴᠢᠶ᠎ᠠ᠄ ᠦᠶᠡᠷ ᠲᠠᠢ ᠳᠡᠮᠡᠴᠡᠨ ᠠᠶᠦᠯ ᠠᠴᠠ ᠵᠠᠶᠢᠯᠠᠭᠤᠯᠬᠤ ᠳᠤ | ᠬᠡᠷᠡᠭᠰᠡᠬᠦ ᠬᠤᠯᠤᠰᠤ᠂ ᠮᠤᠳᠤ ᠵᠡᠷᠬᠡ ᠡᠳ᠋ ᠪᠤᠳᠠᠰ ᠤᠨ ᠬᠠᠩᠭᠠᠯᠳᠠ ᠶᠢ ᠬᠠᠷᠢᠭᠤᠴᠠᠵᠤ᠂ ᠤᠢ ᠰᠢᠭᠤᠢ ᠶᠢᠨ ᠦᠶᠡᠷ | ᠤᠨ ᠰᠡᠷᠬᠡᠶᠢᠯᠡᠯᠳᠡ ᠪᠠ ᠦᠶᠡᠷ ᠤᠨ ᠬᠤᠭᠤᠴᠠᠭᠠᠨ ᠤ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ | ᠰᠠᠶᠢᠲᠤᠷ ᠬᠢᠨ᠎ᠡ᠃ | ᠰᠢᠶᠠᠨ ᠤ ᠡᠷᠡᠬᠦᠯ ᠬᠠᠮᠠᠭᠠᠯᠠᠯ ᠪᠠ ᠲᠦᠯᠦᠪᠯᠡᠬᠡᠳᠦ ᠦᠷᠡᠵᠢᠯ ᠤᠨ ᠳᠤᠪᠴᠢᠶ᠎ᠠ᠄ ᠡᠷᠬᠡᠪᠰᠢ ᠪᠡᠯᠡᠳᠬᠡᠬᠦ ᠡᠮ | ᠪᠠ ᠪᠠᠭᠠᠵᠢ ᠬᠡᠷᠡᠭᠰᠡᠯ ᠬᠠᠳᠠᠭᠠᠯᠠᠬᠤ ᠶᠢ ᠬᠠᠷᠢᠭᠤᠴᠠᠨ᠎ᠠ︔ ᠭᠠᠮᠰᠢᠭᠳᠠᠭᠰᠠᠨ ᠤᠷᠤᠨ ᠤ ᠡᠷᠡᠬᠦᠯ ᠬᠠᠮᠠᠭᠠᠯᠠᠯ ᠬᠢᠵᠢᠭ | ᠰᠡᠷᠬᠡᠶᠢᠯᠡᠯᠳᠡ᠂ ᠡᠮᠨᠡᠯᠬᠡ ᠶᠢᠨ ᠠᠪᠤᠷᠠᠨ ᠰᠤᠪᠢᠯᠠᠯᠳᠠ ᠪᠠ ᠤᠰᠤᠨ ᠤ ᠬᠠᠩᠭᠠᠯᠳᠠ ᠶᠢᠨ ᠡᠬᠢ ᠰᠤᠷᠪᠤᠯᠵᠢ ᠶᠢᠨ | ᠡᠷᠡᠬᠦᠯ ᠬᠠᠮᠠᠭᠠᠯᠠᠯ ᠤᠨ ᠪᠠᠶᠢᠴᠠᠭᠠᠯᠳᠠ ᠬᠡᠮᠵᠢᠯᠳᠡ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠰᠤᠶᠤᠯ ᠵᠤᠭᠠᠴᠠᠯ ᠰᠤᠨᠢᠨ ᠮᠡᠳᠡᠭᠡ ᠬᠡᠪᠯᠡᠯ ᠷᠡᠳᠢᠤ᠋ ᠲᠧᠯᠸᠢᠰ ᠳᠤᠪᠴᠢᠶ᠎ᠠ᠄ ᠦᠶᠡᠷ ᠠᠴᠠ | ᠰᠡᠷᠬᠡᠶᠢᠯᠡᠨ ᠠᠶᠦᠯ ᠠᠴᠠ ᠵᠠᠶᠢᠯᠠᠭᠤᠯᠬᠤ ᠠᠵᠢᠯ ᠤᠨ ᠤᠬᠠᠭᠤᠯᠭ᠎ᠠ ᠮᠡᠳᠡᠬᠡᠯᠡᠯ ᠢ ᠵᠤᠬᠢᠶᠠᠨ ᠪᠠᠶᠢᠭᠤᠯᠤᠨ | ᠶᠠᠪᠤᠭᠳᠠᠭᠤᠯᠬᠤ ᠶᠢ ᠬᠠᠷᠢᠭᠤᠴᠠᠵᠤ᠂ ᠦᠶᠡᠷ ᠤᠨ ᠪᠠᠶᠢᠳᠠᠯ᠂ ᠠᠶᠦᠯᠳᠡᠢ ᠪᠠᠶᠢᠳᠠᠯ ᠢᠯᠡᠷᠡᠭᠰᠡᠨ ᠦᠶ᠎ᠡ ᠳᠤ᠂ ᠠᠩᠬᠠᠨ | ᠤ ᠴᠠᠭ ᠲᠤ ᠦᠶᠡᠷ ᠤᠨ ᠭᠠᠮᠰᠢᠭ ᠤᠨ ᠦᠶᠡᠰ ᠤᠨ ᠦᠶᠡᠷ ᠤᠨ ᠤᠷᠬᠢᠯ ᠤᠨ ᠦᠨᠡᠨ ᠪᠠᠶᠢᠳᠠᠯ ᠪᠠ ᠠᠶᠦᠯ ᠠᠴᠠ | ᠵᠠᠶᠢᠯᠠᠭᠤᠯᠬᠤ ᠶᠠᠪᠤᠴᠠ ᠶᠢ ᠵᠠᠪᠳᠤᠨ ᠰᠡᠬᠦᠳᠡᠷᠯᠡᠵᠤ᠂ ᠰᠡᠬᠦᠳᠡᠷᠯᠡᠨ ᠦᠢᠯᠡᠳᠴᠦ᠂ ᠰᠢᠶᠠᠨ ᠤ ᠠᠷᠠᠳ ᠤᠨ ᠵᠠᠰᠠᠭ | ᠤᠨ ᠤᠷᠳᠤᠨ ᠤ ᠦᠶᠡᠷ ᠢ ᠰᠡᠷᠬᠡᠶᠢᠯᠡᠬᠦ ᠭᠠᠩ ᠲᠠᠢ ᠳᠡᠮᠡᠴᠡᠬᠦ ᠵᠢᠯᠤᠭᠤᠳᠬᠤ ᠠᠯᠪᠠᠨ ᠬᠡᠷ ᠲᠤ ᠭᠠᠮᠰᠢᠭ ᠤᠨ | ᠪᠠᠶᠢᠳᠠᠯ ᠤᠨ ᠰᠡᠬᠦᠳᠡᠷᠯᠡᠨ ᠰᠢᠩᠭᠡᠭᠡᠭᠰᠡᠨ ᠮᠠᠲ᠋ᠧᠷᠢᠶᠠᠯ ᠬᠠᠩᠭᠠᠨ᠎ᠠ︔ ᠵᠤᠭᠠᠴᠠᠯ ᠤᠨ ᠦᠵᠡᠮᠵᠢ ᠶᠢᠨ ᠤᠷᠤᠨ ᠪᠠ | ᠵᠤᠭᠠᠴᠠᠯ ᠤᠨ ᠪᠦᠯᠬᠦᠮ ᠤᠨ ᠦᠶᠡᠷ ᠤᠨ ᠰᠡᠷᠬᠡᠶᠢᠯᠡᠯᠳᠡ ᠶᠢᠨ ᠠᠮᠤᠷ ᠲᠦᠪᠰᠢᠨ ᠤ ᠵᠤᠬᠢᠶᠠᠨ ᠪᠠᠶᠢᠭᠤᠯᠬᠤ | ᠰᠢᠰᠲ᠋ᠧᠮᠵᠢ᠂ ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮᠵᠢ᠂ ᠪᠡᠯᠡᠳᠬᠡᠯ ᠳᠦᠰᠦᠪ ᠤᠨ ᠰᠢᠰᠲ᠋ᠧᠮᠵᠢ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ ᠶᠢ ᠬᠠᠷᠢᠭᠤᠴᠠᠨ᠎ᠠ︔ ᠵᠤᠭᠠᠴᠠᠯ | ᠤᠨ ᠦᠵᠡᠮᠵᠢ ᠶᠢᠨ ᠤᠷᠤᠨ ᠢ ᠵᠢᠭᠠᠨ ᠵᠢᠯᠤᠭᠤᠳᠴᠦ ᠵᠤᠭᠠᠴᠠᠯ ᠤᠨ ᠦᠵᠡᠮᠵᠢ ᠶᠢᠨ ᠤᠷᠤᠨ ᠤ ᠤᠷᠢᠳᠴᠢᠯᠠᠨ | ᠰᠡᠷᠡᠮᠵᠢᠯᠡᠬᠦᠯᠦᠯᠳᠡ᠂ ᠠᠶᠦᠯ ᠠᠴᠠ ᠵᠠᠶᠢᠯᠠᠭᠤᠯᠬᠤ᠂ ᠰᠢᠯᠵᠢᠬᠦᠯᠬᠦ᠂ ᠲᠦᠪᠬᠢᠨᠡᠬᠦᠯᠬᠦ᠂ ᠰᠡᠷᠡᠮᠵᠢᠯᠡᠬᠦᠯᠬᠦ᠂ | ᠬᠦᠮᠦᠵᠢᠬᠦᠯᠬᠦ ᠠᠵᠢᠯ ᠢ ᠰᠠᠶᠢᠲᠤᠷ ᠬᠢᠨ᠎ᠡ︔ ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠲᠤ ᠦᠴᠢᠬᠦ | ᠪᠠᠶᠢᠷᠢᠯᠠᠭᠤᠯᠤᠯᠳᠠ᠂ ᠰᠢᠢᠳᠪᠦᠷᠢᠯᠡᠬᠦ ᠠᠷᠭ᠎ᠠ ᠪᠠᠷᠢᠯ ᠵᠡᠷᠬᠡ ᠪᠠᠶᠢᠳᠠᠯ ᠢᠶᠠᠨ ᠴᠠᠭ ᠳᠤᠬᠠᠢ ᠳᠤᠨᠢ ᠮᠡᠳᠡᠬᠦᠯᠦᠨ᠎ᠡ︔ | ᠰᠢᠶᠠᠨ ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠤᠨ ᠳᠤᠰᠢᠶᠠᠨ ᠬᠢᠯᠬᠡᠬᠦ ᠪᠤᠰᠤᠳ ᠠᠵᠢᠯ ᠤᠳ ᠢ | ᠪᠡᠶᠡᠯᠡᠬᠦᠯᠦᠨ᠎ᠡ᠃ | ᠰᠤᠷᠭᠠᠨ ᠬᠦᠮᠦᠵᠢᠯ ᠰᠢᠨᠵᠢᠯᠡᠭᠡ ᠮᠡᠷᠬᠡᠵᠢᠯ ᠪᠡᠶ᠎ᠡ ᠶᠢᠨ ᠳᠠᠮᠢᠷ ᠤᠨ ᠳᠤᠪᠴᠢᠶ᠎ᠠ᠄ ᠰᠤᠷᠭᠠᠭᠤᠯᠢ ᠶᠢᠨ ᠪᠠᠭᠰᠢ | ᠰᠤᠷᠤᠭᠴᠢ ᠳᠤ ᠦᠶᠡᠷ ᠢ ᠰᠡᠷᠬᠡᠶᠢᠯᠡᠬᠦ᠂ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠬᠠᠮᠢᠶ᠎ᠠ ᠪᠦᠬᠦᠢ | ᠮᠡᠳᠡᠯᠬᠡ ᠶᠢ ᠤᠬᠠᠭᠤᠯᠬᠤ ᠶᠢ ᠬᠠᠷᠢᠭᠤᠴᠠᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠦᠶᠡᠷ ᠤᠨ | ᠰᠡᠷᠬᠡᠶᠢᠯᠡᠯᠳᠡ ᠶᠢᠨ ᠠᠮᠤᠷ ᠲᠦᠪᠰᠢᠨ ᠢ ᠪᠠᠳᠤᠯᠠᠨ᠎ᠠ᠃ ᠬᠠᠷᠢᠶᠠᠨ ᠤ ᠪᠠᠨ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠦᠶᠡᠷ ᠤᠨ ᠰᠡᠷᠬᠡᠶᠢᠯᠡᠯᠳᠡ ᠶᠢᠨ ᠠᠵᠢᠯ ᠢ ᠬᠠᠷᠢᠭᠤᠴᠠᠵᠤ᠂ ᠳᠤᠰᠬᠠᠢ | ᠬᠦᠮᠦᠨ ᠢ ᠵᠤᠬᠢᠶᠠᠨ ᠪᠠᠶᠢᠭᠤᠯᠵᠤ᠂ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠡᠷ ᠪᠠᠶᠢᠰᠢᠩ ᠪᠠ ᠡᠯ᠎ᠡ ᠵᠦᠢᠯ | ᠤᠨ ᠳᠦᠬᠦᠬᠡᠷᠦᠮᠵᠢ ᠳᠤ ᠪᠠᠶᠢᠴᠠᠭᠠᠯᠳᠠ᠂ ᠬᠠᠮᠠᠭᠠᠯᠠᠯᠳᠠ ᠪᠠ ᠪᠠᠬᠢᠯᠡᠯᠳᠡ ᠬᠢᠯᠬᠡᠨ᠎ᠡ᠃ | ᠰᠢᠶᠠᠨ ᠤ ᠠᠵᠤ ᠠᠬᠤᠢ ᠪᠠ ᠮᠡᠳᠡᠭᠡ ᠵᠠᠩᠭᠢ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ᠄ ᠠᠵᠤ | ᠦᠢᠯᠡᠳᠪᠦᠷᠢ ᠶᠢᠨ ᠡᠳ᠋ ᠵᠡᠷᠬᠡ ᠭᠠᠮᠰᠢᠭ ᠠᠴᠠ ᠠᠪᠤᠷᠠᠬᠤ ᠡᠳ᠋ ᠪᠤᠳᠠᠰ ᠤᠨ ᠵᠤᠬᠢᠴᠠᠭᠤᠯᠤᠯᠳᠠ ᠬᠠᠩᠭᠠᠯᠳᠠ ᠶᠢᠨ | ᠠᠵᠢᠯ ᠢ ᠬᠠᠷᠢᠭᠤᠴᠠᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠳᠤ ᠬᠡᠷᠡᠭᠰᠡᠬᠦ ᠴᠠᠬᠢᠯᠭᠠᠨ ᠬᠦᠴᠦᠨ᠂ | ᠳᠤᠰᠤᠨ ᠮᠠᠲ᠋ᠧᠷᠢᠶᠠᠯ᠂ ᠬᠡᠷᠭᠯᠡᠬᠡᠨ ᠤ ᠨᠡᠬᠦᠷᠡᠰᠦ ᠵᠡᠷᠬᠡ ᠳᠤᠬᠢᠷᠠᠭᠤᠯᠤᠯᠳᠠ ᠪᠠ ᠬᠠᠩᠭᠠᠯᠳᠠ ᠪᠠᠳᠤᠯᠠᠭ᠎ᠠ ᠶᠢ | ᠵᠤᠬᠢᠴᠠᠭᠤᠯᠤᠨ᠎ᠠ︔ ᠳᠤᠰ ᠭᠠᠵᠠᠷ ᠤᠨ ᠠᠵᠤ ᠠᠬᠤᠶᠢᠯᠠᠯ ᠤᠨ ᠰᠢᠶᠠᠨ ᠤ ᠦᠶᠡᠷ ᠢ ᠰᠡᠷᠬᠡᠶᠢᠯᠡᠨ ᠠᠶᠦᠯ ᠠᠴᠠ | ᠵᠠᠶᠢᠯᠠᠭᠤᠯᠬᠤ ᠵᠢᠯᠤᠭᠤᠳᠬᠤ ᠭᠠᠵᠠᠷ ᠤᠨ ᠳᠤᠬᠢᠷᠠᠭᠤᠯᠤᠯᠳᠠ ᠶᠢᠨ ᠵᠠᠷᠯᠢᠭ ᠢ ᠬᠡᠷᠡᠭᠵᠢᠬᠦᠯᠬᠦ ᠶᠢ ᠨᠢ ᠰᠢᠮᠳᠠᠭᠤᠯᠵᠤ᠂ | ᠬᠠᠮᠢᠶ᠎ᠠ ᠪᠦᠬᠦᠢ ᠦᠢᠯᠡᠳᠪᠦᠷᠢ ᠠᠭᠤᠷᠬᠠᠢ ᠪᠠ ᠤᠰᠤ ᠴᠠᠬᠢᠯᠭᠠᠨ ᠬᠡᠢ ᠴᠦ ᠭᠠᠵᠠᠷ ᠤᠷᠤᠨ ᠲᠠᠢ ᠬᠠᠮᠳᠤᠷᠠᠵᠤ | ᠪᠠᠶᠢᠭᠠᠳ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠠᠵᠢᠯ ᠢ ᠰᠠᠶᠢᠲᠤᠷ ᠬᠢᠨ᠎ᠡ︔ ᠷᠡᠳᠢᠣ᠋ ᠴᠢᠮᠡᠭᠡ | ᠬᠤᠯᠪᠤᠭᠠᠨ ᠤ ᠬᠤᠳᠬᠤᠷᠠᠯ ᠢ ᠵᠤᠬᠢᠴᠠᠭᠤᠯᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠳᠤ ᠬᠡᠷᠡᠭᠰᠡᠬᠦ | ᠷᠡᠳᠢᠤ᠋ ᠴᠢᠮᠡᠭᠡ ᠬᠤᠯᠪᠤᠭᠠᠨ ᠤ ᠮᠡᠳᠡᠭᠡ ᠵᠠᠩᠭᠢ ᠶᠢᠨ ᠰᠢᠯᠤᠭᠤᠳᠬᠠᠯ ᠢ ᠤᠷᠢᠳᠡᠪᠡᠷ ᠪᠠᠳᠤᠯᠠᠨ᠎ᠠ︔ ᠭᠠᠮᠰᠢᠭᠳᠠᠭᠰᠠᠨ | ᠤᠷᠤᠨ ᠤ ᠠᠮᠤ ᠪᠤᠳᠠᠭᠠᠨ ᠤ ᠬᠠᠩᠭᠠᠯᠳᠠ ᠶᠢᠨ ᠠᠵᠢᠯ ᠢ ᠬᠠᠷᠢᠭᠤᠴᠠᠵᠤ᠂ ᠦᠢᠯᠡᠳᠪᠦᠷᠢ ᠠᠭᠤᠷᠬᠠᠢ ᠶᠢᠨ ᠠᠵᠤ | ᠠᠬᠤᠶᠢᠯᠠᠯ ᠤᠨ ᠦᠶᠡᠷ ᠤᠰᠤᠳᠠᠯ ᠳᠤ ᠭᠠᠮᠰᠢᠭᠳᠠᠭᠰᠠᠨ ᠪᠠᠶᠢᠳᠠᠯ ᠢ ᠴᠠᠭ ᠳᠤᠬᠠᠢ ᠳᠤᠨᠢ ᠪᠦᠷᠢᠳᠬᠡᠵᠤ᠂ | ᠮᠡᠳᠡᠬᠦᠯᠦᠨ ᠬᠦᠷᠬᠡᠵᠤ᠂ ᠭᠠᠮᠰᠢᠭᠳᠠᠭᠰᠠᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ | ᠢᠶᠠᠨ ᠬᠢᠵᠤ ᠦᠪᠡᠷ ᠢ ᠪᠠᠨ ᠠᠪᠤᠷᠠᠬᠤ ᠶᠢ ᠨᠢ ᠢᠳᠡᠪᠬᠢᠳᠡᠢ ᠪᠠᠷ ᠵᠤᠬᠢᠶᠠᠨ ᠪᠠᠶᠢᠭᠤᠯᠬᠤ ᠬᠡᠷᠡᠭᠳᠡᠢ᠃ | ᠰᠢᠶᠠᠨ ᠤ ᠡᠳ᠋ ᠤᠨ ᠵᠠᠰᠠᠭ ᠤᠨ ᠳᠤᠪᠴᠢᠶ᠎ᠠ᠄ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠵᠠᠷᠤᠳᠠᠯ | ᠤᠨ ᠲᠦᠯᠦᠪᠯᠡᠭᠡ ᠳᠤᠬᠢᠷᠠᠭᠤᠯᠤᠯᠳᠠ ᠶᠢ ᠬᠠᠷᠢᠭᠤᠴᠠᠵᠤ᠂ ᠰᠢᠶᠠᠨ ᠤ ᠦᠶᠡᠷ ᠢ ᠰᠡᠷᠬᠡᠶᠢᠯᠡᠨ ᠭᠠᠩ ᠲᠠᠢ ᠳᠡᠮᠡᠴᠡᠬᠦ | ᠵᠢᠯᠤᠭᠤᠳᠬᠤ ᠭᠠᠵᠠᠷ ᠤᠨ ᠠᠯᠪᠠᠨ ᠬᠡᠷ ᠲᠠᠢ ᠬᠠᠮᠳᠤᠷᠠᠵᠤ ᠦᠶᠡᠷ ᠢ ᠰᠡᠷᠬᠡᠶᠢᠯᠡᠨ ᠭᠠᠩ ᠲᠠᠢ ᠳᠡᠮᠡᠴᠡᠬᠦ ᠵᠠᠷᠤᠳᠠᠯ ᠢ | ᠴᠠᠭ ᠳᠤᠬᠠᠢ ᠳᠤᠨᠢ ᠪᠠᠭᠤᠯᠭᠠᠵᠤ᠂ ᠬᠡᠷᠡᠭᠯᠡᠬᠡᠨ ᠤ ᠬᠢᠨᠠᠯᠳᠠ ᠳᠠᠯᠪᠢᠬᠤ ᠬᠡᠷᠡᠭᠳᠡᠢ᠃ | ᠰᠢᠶᠠᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠄ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ | ᠭᠠᠮᠰᠢᠭ ᠠᠴᠠ ᠠᠪᠤᠷᠠᠬᠤ ᠡᠮᠬᠢ ᠲᠢᠭᠯᠢᠮ ᠪᠠ ᠭᠠᠮᠰᠢᠭᠳᠠᠭᠰᠠᠨ ᠤᠷᠤᠨ ᠤ ᠨᠡᠶᠢᠬᠡᠮ ᠤᠨ ᠠᠮᠤᠷ ᠬᠠᠮᠠᠭᠠᠯᠠᠯᠳᠠ ᠶᠢ | ᠬᠠᠷᠢᠭᠤᠴᠠᠵᠤ᠂ ᠦᠶᠡᠷ ᠢ ᠰᠡᠷᠬᠡᠶᠢᠯᠡᠨ ᠭᠠᠮᠰᠢᠭ ᠠᠴᠠ ᠵᠠᠶᠢᠯᠠᠭᠤᠯᠬᠤ ᠭᠠᠮᠰᠢᠭ ᠠᠴᠠ ᠠᠪᠤᠷᠠᠬᠤ ᠡᠳ᠋ ᠪᠤᠳᠠᠰ ᠢ | ᠬᠤᠯᠠᠭᠠᠶᠢᠯᠠᠬᠤ᠂ ᠤᠰᠤ ᠴᠠᠬᠢᠯᠭᠠᠨ ᠤ ᠳᠦᠬᠦᠬᠡᠷᠦᠮᠵᠢ ᠪᠠ ᠤᠰᠤ ᠬᠠᠩᠭᠠᠯᠳᠠ ᠶᠢᠨ ᠡᠬᠢ ᠰᠤᠷᠪᠤᠯᠵᠢ ᠶᠢ ᠡᠪᠳᠡᠬᠦ | ᠶᠠᠯᠠᠳᠤ ᠡᠳᠡᠬᠡᠳ ᠳᠤ ᠴᠤᠬᠢᠯᠳᠡ ᠦᠭᠴᠦ᠂ ᠤᠯᠠᠨ ᠲᠦᠮᠡᠨ ᠢ ᠠᠪᠤᠷᠠᠬᠤ᠂ ᠡᠳ᠋ ᠪᠤᠳᠠᠰ ᠢ ᠰᠢᠯᠵᠢᠬᠦᠯᠬᠦ ᠵᠡᠷᠬᠡ | ᠦᠶᠡᠷ ᠢ ᠰᠡᠷᠬᠡᠶᠢᠯᠡᠨ ᠭᠠᠮᠰᠢᠭ ᠠᠴᠠ ᠠᠪᠤᠷᠠᠬᠤ ᠠᠵᠢᠯ ᠳᠤ ᠤᠷᠤᠯᠴᠠᠵᠤ᠂ ᠦᠶᠡᠷ ᠢ ᠰᠡᠷᠬᠡᠶᠢᠯᠡᠨ ᠠᠶᠦᠯ ᠠᠴᠠ | ᠵᠠᠶᠢᠯᠠᠭᠤᠯᠬᠤ ᠶᠢᠨ ᠠᠮᠤᠷ ᠬᠠᠮᠠᠭᠠᠯᠠᠯᠳᠠ ᠶᠢᠨ ᠠᠵᠢᠯ ᠢ ᠰᠠᠶᠢᠲᠤᠷ ᠬᠢᠵᠤ᠂ ᠭᠤᠤᠯ ᠤᠨ ᠵᠠᠮ ᠤᠨ ᠬᠠᠷᠰᠢ ᠶᠢ | ᠴᠡᠪᠡᠷᠯᠡᠬᠦ ᠪᠠ ᠠᠶᠦᠯ ᠠᠴᠠ ᠵᠠᠶᠢᠯᠠᠭᠤᠯᠤᠨ ᠭᠠᠮᠰᠢᠭ ᠠᠴᠠ ᠠᠪᠤᠷᠠᠬᠤ ᠮᠡᠳᠡᠬᠡᠯᠡᠯ ᠤᠨ ᠠᠵᠢᠯ ᠢ ᠬᠠᠪᠰᠤᠷᠤᠨ | ᠰᠠᠶᠢᠲᠤᠷ ᠬᠢᠨ᠎ᠡ᠃ | ᠰᠢᠶᠠᠨ ᠤ ᠴᠠᠭ ᠠᠭᠤᠷ ᠤᠨ ᠳᠤᠪᠴᠢᠶ᠎ᠠ᠄ ᠴᠠᠭ ᠠᠭᠤᠷ ᠤᠨ ᠦᠨᠡᠨ ᠪᠠᠶᠢᠳᠠᠯ ᠤᠨ ᠪᠠᠶᠢᠴᠠᠭᠠᠨ ᠬᠡᠮᠵᠢᠯᠳᠡ᠂ | ᠤᠷᠢᠳᠴᠢᠯᠠᠭᠰᠠᠨ ᠮᠡᠳᠡᠭᠡ ᠪᠠ ᠬᠠᠨᠳᠤᠰᠢ ᠶᠢᠨ ᠤᠷᠢᠳᠴᠢᠯᠠᠭᠰᠠᠨ ᠬᠡᠮᠵᠢᠯᠳᠡ ᠶᠢ ᠬᠠᠷᠢᠭᠤᠴᠠᠵᠤ᠂ ᠴᠠᠭ ᠠᠭᠤᠷ ᠤᠨ | ᠭᠠᠮᠰᠢᠭ ᠬᠦᠨᠦᠬᠡᠯ ᠤᠨ ᠤᠷᠢᠳᠴᠢᠯᠠᠭᠰᠠᠨ ᠮᠡᠳᠡᠭᠡ ᠤᠷᠢᠳᠴᠢᠯᠠᠭᠰᠠᠨ ᠰᠡᠷᠡᠮᠵᠢᠯᠡᠬᠦᠯᠦᠯᠳᠡ ᠶᠢᠨ ᠮᠡᠳᠡᠭᠡ ᠵᠠᠩᠭᠢ ᠶᠢ | ᠴᠠᠭ ᠳᠤᠬᠠᠢ ᠳᠤᠨᠢ ᠨᠡᠶᠢᠳᠡᠯᠡᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ᠂ ᠭᠠᠮᠰᠢᠭ ᠠᠴᠠ ᠠᠪᠤᠷᠠᠬᠤ | ᠳᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠬᠠᠮᠢᠶ᠎ᠠ ᠪᠦᠬᠦᠢ ᠴᠠᠭ ᠠᠭᠤᠷ ᠤᠨ ᠮᠡᠳᠡᠭᠡ ᠵᠠᠩᠭᠢ ᠶᠢ ᠴᠠᠭ | ᠳᠤᠬᠠᠢ ᠳᠤᠨᠢ ᠬᠠᠩᠭᠠᠵᠤ᠂ ᠭᠠᠩ ᠤᠨ ᠪᠠᠶᠢᠳᠠᠯ ᠢᠯᠡᠷᠡᠬᠦ ᠦᠶᠡᠰ᠂ ᠬᠦᠮᠦᠨ ᠤ ᠬᠦᠴᠦ ᠪᠠᠷ ᠪᠤᠷᠤᠭᠠᠨ ᠨᠡᠮᠡᠭᠳᠡᠬᠦᠯᠬᠦ | ᠠᠵᠢᠯ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃ | ᠰᠢᠶᠠᠨ ᠤ ᠵᠡᠪᠰᠡᠭᠳᠤ ᠴᠠᠭᠳᠠᠭ᠎ᠠ ᠶᠢᠨ ᠳᠤᠮᠳᠠ ᠠᠩᠭᠢ᠄ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ | ᠠᠵᠢᠯ ᠤᠨ ᠬᠡᠷᠡᠭᠴᠡᠭᠡ ᠶᠢ ᠦᠨᠳᠦᠰᠦᠯᠡᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠭᠤᠤᠯᠯᠠᠭᠴᠢ | ᠡᠩᠨᠡᠭᠡ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠤᠯᠠᠨ ᠲᠦᠮᠡᠨ ᠢ ᠠᠪᠤᠷᠠᠬᠤ᠂ ᠡᠳ᠋ ᠪᠣᠳᠠᠰ ᠢ ᠰᠢᠯᠵᠢᠬᠦᠯᠬᠦ | ᠪᠠ ᠦᠶᠡᠷ ᠲᠠᠢ ᠳᠡᠮᠡᠴᠡᠨ ᠭᠠᠮᠰᠢᠭ ᠠᠴᠠ ᠠᠪᠤᠷᠠᠬᠤ ᠪᠠᠴᠢᠮ ᠬᠦᠴᠢᠷ ᠬᠦᠨᠳᠦ ᠠᠵᠢᠯ ᠳᠤ ᠤᠷᠤᠯᠴᠠᠭᠤᠯᠤᠨ᠎ᠠ᠃ | ᠰᠢᠶᠠᠨ ᠤ ᠭᠠᠯ ᠤᠨᠳᠠᠷᠠᠭᠠᠬᠤ ᠶᠡᠭᠡ ᠠᠩᠭᠢ᠄ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠠᠵᠢᠯ | ᠤᠨ ᠬᠡᠷᠡᠭᠴᠡᠭᠡ ᠶᠢ ᠦᠨᠳᠦᠰᠦᠯᠡᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠭᠠᠮᠰᠢᠭ ᠠᠴᠠ ᠠᠪᠤᠷᠠᠬᠤ | ᠡᠩᠨᠡᠭᠡ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠤᠯᠠᠨ ᠲᠦᠮᠡᠨ ᠳᠤ ᠤᠰᠤ ᠬᠦᠷᠬᠡᠬᠦ ᠵᠡᠷᠬᠡ ᠦᠶᠡᠷ ᠢ | ᠰᠡᠷᠬᠡᠶᠢᠯᠡᠨ ᠠᠶᠦᠯ ᠠᠴᠠ ᠵᠠᠶᠢᠯᠠᠭᠤᠯᠤᠨ ᠭᠠᠮᠰᠢᠭ ᠠᠴᠠ ᠠᠪᠤᠷᠠᠬᠤ ᠠᠵᠢᠯ ᠳᠤ ᠤᠷᠤᠯᠴᠠᠨ᠎ᠠ︔ ᠰᠢᠶᠠᠨ ᠤ ᠦᠶᠡᠷ | ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠤᠰᠤᠭᠠᠷ ᠦᠶᠡᠷ ᠲᠠᠢ | ᠳᠡᠮᠡᠴᠡᠨ ᠠᠶᠦᠯ ᠠᠴᠠ ᠵᠠᠶᠢᠯᠠᠭᠤᠯᠬᠤ ᠬᠦᠳᠡᠯᠦᠩᠭᠦᠢ ᠡᠩᠨᠡᠬᠡᠨ ᠤ ᠠᠶᠦᠯ ᠠᠴᠠ ᠵᠠᠶᠢᠯᠠᠭᠤᠯᠤᠨ ᠭᠠᠮᠰᠢᠭ ᠠᠴᠠ | ᠠᠪᠤᠷᠠᠬᠤ ᠳᠤ ᠤᠷᠤᠯᠴᠠᠬᠤ ᠶᠢ ᠨᠢ ᠳᠠᠶᠢᠴᠢᠯᠠᠨ᠎ᠠ᠃ | ᠰᠢᠶᠠᠨ ᠤ ᠨᠢᠬᠡᠳᠦᠭᠰᠡᠨ ᠬᠤᠯᠪᠤᠭ᠎ᠠ ᠶᠢᠨ ᠺᠤᠮᠫᠠᠨᠢ᠄ ᠬᠠᠷᠢᠶᠠᠨ ᠤ ᠪᠠᠨ ᠬᠤᠯᠪᠤᠭᠠᠨ ᠤ ᠳᠦᠬᠦᠬᠡᠷᠦᠮᠵᠢ ᠶᠢᠨ | ᠦᠶᠡᠷ ᠤᠨ ᠰᠡᠷᠬᠡᠶᠢᠯᠡᠯᠳᠡ ᠶᠢᠨ ᠳᠤᠳᠤᠷ᠎ᠡ ᠴᠠᠭᠠᠷᠢᠭ ᠢ ᠬᠠᠷᠢᠭᠤᠴᠠᠵᠤ᠂ ᠮᠡᠳᠡᠬᠡᠯᠡᠯ ᠤᠨ ᠱᠣᠭᠤᠮ ᠤᠨ ᠬᠠᠷᠰᠢᠯᠡᠯ ᠢ | ᠴᠠᠭ ᠳᠤᠬᠠᠢ ᠳᠤᠨᠢ ᠳᠤᠮᠢᠯᠠᠨ ᠰᠠᠭᠤᠯᠭᠠᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠮᠡᠳᠡᠭᠡ ᠵᠠᠩᠭᠢ | ᠶᠢ ᠤᠷᠢᠳᠡᠪᠡᠷ ᠤᠯᠠᠮᠵᠢᠯᠠᠵᠤ᠂ ᠦᠶᠡᠷ ᠢ ᠰᠡᠷᠬᠡᠶᠢᠯᠡᠨ ᠠᠶᠤᠯ ᠠᠴᠠ ᠵᠠᠶᠢᠯᠠᠭᠤᠯᠬᠤ ᠰᠢᠯᠤᠭᠤᠳᠬᠠᠯ ᠢ ᠪᠠᠳᠤᠯᠠᠨ᠎ᠠ᠃ | ᠰᠢᠶᠠᠨ ᠤ ᠰᠢᠤᠳᠠᠨ ᠤ ᠳᠤᠪᠴᠢᠶ᠎ᠠ᠄ ᠰᠢᠤᠳᠠᠨ ᠤ ᠵᠦᠢᠯ ᠤᠨ ᠦᠶᠡᠷ ᠠᠴᠠ ᠰᠡᠷᠬᠡᠶᠢᠯᠡᠬᠦ ᠠᠮᠤᠷ ᠲᠦᠪᠰᠢᠨ | ᠢ ᠬᠠᠷᠢᠭᠤᠴᠠᠵᠤ᠂ ᠦᠶᠡᠷ ᠢ ᠰᠡᠷᠬᠡᠶᠢᠯᠡᠨ ᠭᠠᠩ ᠲᠠᠢ ᠳᠡᠮᠡᠴᠡᠬᠦ ᠰᠢᠤᠳᠠᠨ ᠤ ᠵᠦᠢᠯ ᠢ ᠴᠠᠭ ᠳᠤᠬᠠᠢ ᠳᠤᠨᠢ | ᠳᠠᠮᠵᠢᠭᠤᠯᠤᠨ ᠬᠦᠷᠬᠡᠨ᠎ᠡ᠃ | ᠰᠢᠶᠠᠨ ᠤ ᠴᠠᠬᠢᠯᠭᠠᠨ ᠬᠠᠩᠭᠠᠯᠳᠠ ᠶᠢᠨ ᠬᠤᠪᠢᠶᠠᠷᠢ ᠳᠤᠪᠴᠢᠶ᠎ᠠ᠄ ᠬᠠᠷᠢᠶᠠᠨ ᠤ ᠪᠠᠨ ᠴᠠᠬᠢᠯᠭᠠᠨ ᠦᠷᠳᠡᠭᠡ᠂ | ᠤᠰᠤᠨ ᠴᠦᠬᠦᠷᠦᠮ ᠵᠢᠴᠢ ᠴᠠᠬᠢᠯᠭᠠᠨ ᠬᠦᠴᠦᠨ ᠤ ᠳᠦᠬᠦᠬᠡᠷᠦᠮᠵᠢ ᠶᠢᠨ ᠦᠶᠡᠷ ᠤᠨ ᠬᠤᠭᠤᠴᠠᠭᠠᠨ ᠳᠠᠬᠢ ᠠᠮᠤᠷ | ᠲᠦᠪᠰᠢᠨ ᠤ ᠡᠷᠬᠢᠯᠳᠡ ᠶᠢ ᠬᠠᠷᠢᠭᠤᠴᠠᠵᠤ᠂ ᠰᠢᠶᠠᠨ ᠤ ᠦᠶᠡᠷ ᠢ ᠰᠡᠷᠬᠡᠶᠢᠯᠡᠬᠦ ᠠᠶᠦᠯ ᠠᠴᠠ ᠵᠠᠶᠢᠯᠠᠭᠤᠯᠬᠤ | ᠵᠢᠯᠤᠭᠤᠳᠬᠤ ᠭᠠᠵᠠᠷ ᠤᠨ ᠵᠠᠷᠯᠢᠭ ᠢ ᠬᠡᠷᠡᠭᠵᠢᠬᠦᠯᠵᠤ᠂ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠭᠠᠮᠰᠢᠭ | ᠠᠴᠠ ᠠᠪᠤᠷᠠᠬᠤ ᠴᠠᠬᠢᠯᠭᠠᠨ ᠬᠦᠴᠦᠨ ᠤ ᠬᠠᠩᠭᠠᠯᠳᠠ ᠶᠢ ᠪᠠᠳᠤᠯᠠᠨ᠎ᠠ᠃ | ᠰᠢᠶᠠᠨ ᠤ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ᠄ ᠰᠢᠶᠠᠨ ᠤ ᠦᠶᠡᠷ ᠢ ᠰᠡᠷᠬᠡᠶᠢᠯᠡᠨ ᠠᠶᠦᠯ ᠠᠴᠠ | ᠵᠠᠶᠢᠯᠠᠭᠤᠯᠬᠤ ᠵᠢᠯᠤᠭᠤᠳᠬᠤ ᠭᠠᠵᠠᠷ ᠤᠨ ᠵᠠᠷᠯᠢᠭ ᠢ ᠬᠡᠷᠡᠭᠵᠢᠬᠦᠯᠵᠤ᠂ ᠦᠶᠡᠷ ᠢ ᠰᠡᠷᠬᠡᠶᠢᠯᠡᠨ ᠠᠶᠦᠯ ᠠᠴᠠ | ᠵᠠᠶᠢᠯᠠᠭᠤᠯᠬᠤ ᠭᠠᠮᠰᠢᠭ ᠠᠴᠠ ᠠᠪᠤᠷᠠᠬᠤ ᠳᠡᠷᠬᠡ ᠶᠢ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ | ᠠᠩᠭᠢ ᠪᠠᠶᠢᠭᠤᠯᠵᠤ᠂ ᠬᠤᠳᠠ ᠶᠢᠨ ᠳᠤᠭᠤᠷᠢᠭ ᠤᠨ ᠳᠤᠳᠤᠷᠠᠬᠢ ᠪᠠᠴᠢᠮ ᠪᠠᠶᠢᠳᠠᠯ ᠢ ᠠᠷᠭᠠᠴᠠᠵᠤ ᠠᠶᠦᠯ ᠠᠴᠠ | ᠭᠠᠪᠰᠢᠭᠠᠶᠢᠯᠠᠨ ᠵᠠᠶᠢᠯᠠᠭᠤᠯᠬᠤ ᠡᠬᠦᠷᠬᠡ ᠶᠢ ᠬᠠᠷᠢᠭᠤᠴᠠᠵᠤ᠂ ᠳᠡᠷᠬᠡ᠂ ᠬᠦᠮᠦᠨ᠂ ᠪᠤᠳᠠᠰ ᠢ ᠪᠠᠶᠢᠷᠢᠰᠢᠯᠠᠭᠤᠯᠬᠤ ᠶᠢ | ᠪᠠᠳᠤᠯᠠᠨ᠎ᠠ᠃ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠄ ᠳᠤᠰ ᠬᠠᠮᠢᠶᠠᠷᠤᠯᠳᠠ ᠶᠢᠨ ᠬᠠᠷᠢᠶᠠᠨ ᠤ | ᠬᠡᠪᠴᠢᠶᠡᠨ ᠳᠠᠬᠢ ᠦᠶᠡᠷ ᠢ ᠰᠡᠷᠬᠡᠶᠢᠯᠡᠨ ᠠᠶᠦᠯ ᠠᠴᠠ ᠵᠠᠶᠢᠯᠠᠭᠤᠯᠬᠤ ᠪᠠ ᠭᠠᠮᠰᠢᠭᠳᠠᠭᠰᠠᠨ ᠤᠷᠤᠨ ᠤ ᠤᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠬᠡ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠳᠤᠰ ᠰᠢᠶᠠᠩ ︵ | ᠪᠠᠯᠭᠠᠰᠤ︶ ᠤᠨ ᠤᠯᠠᠨ ᠲᠦᠮᠡᠨᠴᠢ ᠠᠶᠦᠯ ᠠᠴᠠ ᠵᠠᠶᠢᠯᠠᠭᠤᠯᠬᠤ ᠡᠩᠨᠡᠬᠡᠨ ᠤ ᠵᠤᠬᠢᠶᠠᠨ ᠪᠠᠶᠢᠭᠤᠯᠤᠯᠳᠠ᠂ ᠠᠶᠦᠯ | ᠠᠴᠠ ᠵᠠᠶᠢᠯᠠᠭᠤᠯᠬᠤ ᠵᠢᠯᠤᠭᠤᠳᠤᠯᠭ᠎ᠠ ᠶᠢ ᠬᠠᠷᠢᠭᠤᠴᠠᠨ᠎ᠠ᠃ ᠠᠵᠢᠷᠭᠠᠨ ᠪᠤᠷᠤᠭᠠᠨ ᠤ ᠦᠶᠡᠷ ᠤᠨ ᠰᠦᠷᠳᠡᠬᠦᠯᠦᠯ ᠳᠤ | ᠳᠠᠭᠠᠷᠢᠭᠳᠠᠭᠰᠠᠨ ᠬᠦᠮᠦᠨ ᠢᠶᠠᠷ ᠨᠢᠭᠳᠠ ᠭᠠᠵᠠᠷ ᠳᠠᠯᠠᠪᠠᠢ᠂ ᠠᠵᠤ ᠠᠬᠤᠶᠢᠯᠠᠯ᠂ ᠰᠤᠷᠭᠠᠭᠤᠯᠢ᠂ ᠠᠶᠦᠯᠳᠡᠢ ᠬᠡᠷ | ᠪᠠᠶᠢᠰᠢᠩ ᠵᠡᠷᠬᠡ ᠭᠤᠤᠯᠳᠠᠯᠭ᠎ᠠ ᠲᠠᠢ ᠬᠡᠰᠡᠭ ᠤᠨ ᠳᠤᠭᠤᠷᠢᠨ ᠪᠠᠶᠢᠴᠠᠭᠠᠬᠤ ᠵᠢᠵᠢᠬᠦᠷᠯᠡᠨ ᠰᠠᠬᠢᠬᠤ ᠠᠵᠢᠯ ᠢ | ᠬᠠᠷᠢᠭᠤᠴᠠᠨ᠎ᠠ᠃ | ᠳᠦᠷᠪᠡ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠢᠶᠠᠨ ᠤ ᠳᠠᠷᠤᠭ᠎ᠠ ᠪᠠᠷ ᠶᠡᠷᠦᠩᠭᠡᠢ ᠵᠢᠯᠤᠭᠤᠳᠤᠭᠴᠢ | ᠪᠤᠯᠭᠠᠭᠰᠠᠨ᠂ ᠬᠤᠪᠢᠳᠡᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠪᠠᠷ ᠳᠡᠳ᠋ ᠶᠡᠷᠦᠩᠭᠡᠢ ᠵᠢᠯᠤᠭᠤᠳᠤᠭᠴᠢ ᠪᠤᠯᠭᠠᠭᠰᠠᠨ | ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢᠶᠠᠷ ᠪᠦᠷᠢᠯᠳᠦᠬᠦᠨ ᠪᠤᠯᠭᠠᠭᠰᠠᠨ ᠦᠶᠡᠷ ᠢ | ᠰᠡᠷᠬᠡᠶᠢᠯᠡᠬᠦ ᠵᠢᠯᠤᠭᠤᠳᠬᠤ ᠭᠠᠵᠠᠷ ᠪᠠᠶᠢᠭᠤᠯᠪᠠ᠃ ᠡᠯ᠎ᠡ ᠰᠠᠯᠠᠭ᠎ᠠ ᠮᠦᠴᠢᠷ᠂ ᠰᠢᠶᠠᠩ ᠪᠠᠯᠭᠠᠰᠤ ᠶᠡᠭᠡ ᠦᠶᠡᠷ ᠢ | ᠰᠡᠷᠬᠡᠶᠢᠯᠡᠬᠦ᠂ ᠶᠡᠭᠡ ᠠᠶᠦᠯ ᠠᠴᠠ ᠵᠠᠶᠢᠯᠠᠭᠤᠯᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠵᠠᠰᠠᠭ | ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠤᠯᠯᠠᠭᠤᠯᠤᠭᠰᠠᠨ ᠦᠶᠡᠷ ᠢ ᠰᠡᠷᠬᠡᠶᠢᠯᠡᠬᠦ ᠡᠯ᠎ᠡ ᠵᠦᠢᠯ ᠤᠨ | ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠴᠠᠭ ᠢᠮᠠᠭᠳᠠ ᠦᠶᠡᠷ ᠢ ᠰᠡᠷᠬᠡᠶᠢᠯᠡᠨ | ᠦᠶᠡᠷ ᠲᠠᠢ ᠳᠡᠮᠡᠴᠡᠬᠦ ᠬᠦᠪᠴᠢ ᠶᠢ ᠴᠢᠩᠭᠠᠯᠠᠵᠤ᠂ ᠵᠤᠷᠢᠭᠳᠠᠢ ᠡᠬᠦᠷᠬᠡᠯᠡᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ | ᠠᠳᠬᠤᠵᠤ᠂ ᠳᠤᠰᠢᠶᠠᠯ ᠬᠠᠷᠢᠭᠤᠴᠠᠯᠭ᠎ᠠ ᠡᠬᠦᠷᠬᠡ ᠶᠤᠰᠤᠭᠠᠷ᠂ ᠨᠢᠬᠡᠳᠦᠬᠡᠷ ᠹᠷᠤᠨᠲ ᠲᠤ ᠬᠦᠨᠵᠡᠬᠡᠶᠢᠷᠡᠵᠤ᠂ | ᠡᠮᠦᠨᠡᠰᠢᠯᠡᠨ ᠵᠢᠯᠤᠭᠤᠳᠬᠤ ᠬᠡᠷᠡᠭᠳᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠦᠶᠡᠷ ᠤᠨ ᠰᠡᠷᠬᠡᠶᠢᠯᠡᠯᠳᠡ | ᠶᠢᠨ ᠵᠢᠵᠢᠬᠦᠷ ᠪᠠ ᠤᠳᠤᠷᠢᠳᠤᠯᠭ᠎ᠠ ᠵᠢᠵᠢᠬᠦᠷ ᠳᠠᠭᠠᠭᠤᠯᠬᠤ ᠲᠦᠷᠢᠮ ᠢ ᠬᠡᠷᠡᠭᠵᠢᠬᠦᠯᠵᠤ᠂ ᠴᠢᠮᠡᠭᠡ ᠬᠤᠯᠪᠤᠭ᠎ᠠ ᠶᠢᠨ | ᠠᠷᠭ᠎ᠠ ᠵᠠᠮ ᠢ ᠰᠢᠯᠤᠭᠤᠳᠬᠠᠵᠤ᠂ ᠦᠶᠡᠷ ᠤᠨ ᠪᠠᠶᠢᠳᠠᠯ᠂ ᠠᠶᠦᠯ ᠤᠨ ᠪᠠᠶᠢᠳᠠᠯ ᠤᠨ ᠬᠢᠨᠠᠨ ᠬᠡᠮᠵᠢᠯᠳᠡ | ᠤᠷᠢᠳᠴᠢᠯᠡᠨ ᠰᠡᠷᠡᠮᠵᠢᠯᠡᠬᠦᠯᠦᠯᠳᠡ᠂ ᠵᠢᠯᠤᠭᠤᠳᠤᠯᠭ᠎ᠠ ᠳᠤᠬᠢᠷᠠᠭᠤᠯᠤᠯᠳᠠ᠂ ᠠᠶᠦᠯ ᠠᠴᠠ ᠵᠠᠶᠢᠯᠠᠭᠤᠯᠬᠤ ᠭᠠᠮᠰᠢᠭ | ᠠᠴᠠ ᠠᠪᠤᠷᠠᠬᠤ ᠵᠡᠷᠬᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭᠠᠷᠠᠭᠤᠯᠵᠤ᠂ ᠡᠳ᠋ ᠪᠤᠳᠠᠰ ᠤᠨ ᠨᠦᠬᠡᠴᠡ᠂ | ᠪᠡᠯᠡᠳᠬᠡᠯ ᠲᠦᠰᠦᠪ ᠤᠨ ᠲᠦᠰᠦᠯ᠂ ᠠᠶᠦᠯ ᠠᠴᠠ ᠵᠠᠶᠢᠯᠠᠭᠤᠯᠬᠤ ᠡᠩᠨᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠦᠶᠡᠷ ᠢ ᠰᠡᠷᠬᠡᠶᠢᠯᠡᠨ ᠦᠶᠡᠷ ᠲᠠᠢ ᠳᠡᠮᠡᠴᠡᠬᠦ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ | ᠪᠠᠨ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ | ᠬᠡᠷᠡᠭᠳᠡᠢ᠃ | ᠦᠶᠡᠷ ᠢ ᠰᠡᠷᠬᠡᠶᠢᠯᠡᠬᠦ ᠠᠵᠢᠯ ᠢ ᠰᠠᠶᠢᠲᠤᠷ ᠬᠢᠬᠦ ᠶᠢᠨ ᠳᠤᠰᠠᠳᠠ᠂ ᠰᠢᠶᠠᠨ ᠤ ᠦᠶᠡᠷ ᠢ ᠰᠡᠷᠬᠡᠶᠢᠯᠡᠬᠦ | ᠵᠢᠯᠤᠭᠤᠳᠬᠤ ᠭᠠᠵᠠᠷ ᠤᠨ ᠪᠦᠷᠢᠯᠳᠦᠬᠦᠨ ᠨᠢᠬᠡᠴᠢ ᠴᠦᠮ ᠦᠶᠡᠷ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠬᠤ | ᠭᠠᠷᠮᠠᠭᠠᠢ ᠬᠤᠪᠢᠶᠠᠷᠢ ᠠᠩᠭᠢ ᠪᠠᠶᠢᠭᠤᠯᠵᠤ᠂ ᠬᠠᠷᠢᠯᠴᠠᠨ ᠵᠤᠬᠢᠴᠠᠯᠳᠤᠨ ᠬᠠᠮᠵᠢᠯᠴᠠᠵᠤ᠂ ᠦᠪᠡᠷᠰᠡᠳ ᠤᠨ | ᠬᠠᠷᠢᠭᠤᠴᠠᠯᠭ᠎ᠠ ᠪᠠᠨ ᠡᠬᠦᠷᠬᠡᠯᠡᠵᠤ᠂ ᠦᠪᠡᠷᠰᠡᠳ ᠤᠨ ᠡᠬᠦᠷᠬᠡ ᠪᠠᠨ ᠬᠦᠢᠴᠡᠳᠬᠡᠵᠤ᠂ ᠦᠨᠡᠨᠬᠦ ᠬᠠᠷᠢᠭᠤᠴᠠᠯᠭ᠎ᠠ ᠶᠢ | ᠪᠠᠶᠢᠷᠢᠰᠢᠯᠠᠭᠤᠯᠵᠤ᠂ ᠬᠦᠮᠦᠨ ᠢ ᠪᠠᠶᠢᠷᠢᠰᠢᠯᠠᠭᠤᠯᠵᠤ᠂ ᠠᠷᠭ᠎ᠠ ᠪᠠᠷᠢᠯ ᠢ ᠪᠠᠶᠢᠷᠢᠰᠢᠯᠠᠭᠤᠯᠬᠤ᠂ ᠬᠠᠮᠵᠢᠯᠴᠠᠭ᠎ᠠ ᠪᠠᠨ | ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠬᠦᠯᠬᠦ ᠬᠡᠷᠡᠭᠳᠡᠢ᠃ ᠬᠦᠮᠦᠨ᠂ ᠡᠳ᠋ ᠪᠤᠳᠠᠰ᠂ ᠵᠠᠮ ᠬᠠᠷᠢᠯᠴᠠᠭᠠᠨ | ᠤ ᠪᠠᠭᠠᠵᠢ ᠬᠡᠷᠡᠭᠰᠡᠯ ᠢ ᠪᠠᠶᠢᠷᠢᠰᠢᠯᠠᠭᠤᠯᠵᠤ᠂ ︽ᠳᠠᠳᠠᠨ ᠭᠠᠷᠭᠠᠵᠤ ᠴᠢᠳᠠᠵᠤ᠂ ᠪᠠᠶᠢᠯᠳᠤᠵᠤ ᠴᠢᠳᠠᠵᠤ᠂ ᠢᠯᠠᠯᠳᠠ | ᠤᠯᠵᠤ ᠴᠢᠳᠠᠭᠰᠠᠨ︾ ᠪᠠᠶᠢᠬᠤ ᠬᠡᠷᠡᠭᠳᠡᠢ᠃ | ᠳᠠᠪᠤ᠂ ᠰᠢᠮᠳᠠᠭᠤᠯᠤᠨ ᠪᠠᠶᠢᠴᠠᠭᠠᠯᠳᠠ ᠰᠢᠯᠭᠠᠨ ᠬᠢᠨᠠᠯᠳᠠ | 1. ᠦᠶᠡᠷ ᠢ ᠰᠡᠷᠬᠡᠶᠢᠯᠡᠬᠦ ᠠᠵᠢᠯ ᠳᠠᠭᠠᠨ᠂ ᠡᠯ᠎ᠡ ᠨᠢᠬᠡᠴᠢ ᠵᠠᠷᠯᠢᠭ ᠢ ᠨᠢᠬᠡᠳᠦᠯᠳᠡᠢ ᠳᠠᠭᠠᠵᠤ᠂ | ᠵᠢᠯᠤᠭᠤᠳᠤᠯᠭ᠎ᠠ ᠶᠢ ᠰᠤᠨᠤᠰᠬᠤ ᠬᠡᠷᠡᠭᠳᠡᠢ᠃ ᠤᠯᠤᠰ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠬᠠᠮᠠᠭᠠᠯᠠᠵᠤ᠂ ᠳᠠᠷᠢᠶᠠᠯᠠᠩ ᠤᠨ ᠦᠢᠯᠡᠳᠪᠦᠷᠢᠯᠡᠯ ᠳᠤ ᠤᠴᠠᠷᠠᠭᠰᠠᠨ ᠬᠤᠬᠢᠷᠠᠯ ᠢ ᠪᠠᠭᠠᠰᠬᠠᠬᠤ | ᠳᠤ ᠬᠤᠪᠢ ᠨᠡᠮᠡᠷᠢ ᠦᠵᠡᠬᠦᠯᠦᠭᠰᠡᠨ ᠺᠠᠳ᠋ᠷ᠂ ᠡᠷᠦᠬᠡ ᠶᠢᠨ ᠴᠡᠷᠢᠭ ᠢ ᠰᠢᠶᠠᠨ ᠤ ᠵᠠᠰᠠᠭ ᠤᠨ ᠤᠷᠳᠤᠨ ᠰᠠᠶᠢᠰᠢᠶᠠᠨ | ᠬᠦᠬᠢᠬᠦᠯᠵᠤ ᠱᠠᠩᠨᠠᠵᠤ ᠵᠤᠷᠢᠭᠵᠢᠭᠤᠯᠬᠤ ᠪᠠᠷ ᠳᠤᠭᠳᠠᠭᠠᠬᠤ ᠮᠦᠷᠳᠡᠬᠡᠨ ᠳᠡᠬᠡᠳᠦ ᠱᠠᠲᠤᠨ ᠤ ᠵᠠᠰᠠᠭ ᠤᠨ ᠤᠷᠳᠤᠨ | ᠳᠤ ᠮᠡᠳᠡᠬᠦᠯᠵᠤ ᠭᠠᠪᠢᠶ᠎ᠠ ᠳᠡᠮᠳᠡᠭᠯᠡᠵᠤ ᠱᠠᠩᠨᠠᠯ ᠤᠯᠭᠤᠬᠤ ᠪᠠᠷ ᠰᠠᠨᠠᠭᠤᠯᠭ᠎ᠠ ᠭᠠᠷᠭᠠᠨ᠎ᠠ᠃ | 2. ᠠᠶᠦᠯᠳᠡᠢ ᠪᠠᠶᠢᠳᠠᠯ᠂ ᠭᠠᠮᠰᠢᠭ ᠤᠨ ᠪᠠᠶᠢᠳᠠᠯ ᠢᠯᠡᠷᠡᠭᠰᠡᠨ ᠪᠠᠶᠢᠭᠠᠳ ᠪᠠᠶᠢᠳᠠᠯ ᠢ ᠮᠡᠳᠡᠵᠤ ᠮᠡᠳᠡᠬᠦᠯᠬᠦ | ᠦᠬᠡᠢ᠂ ᠰᠠᠨᠠᠭᠠᠴᠢᠯᠠᠭ᠎ᠠ ᠠᠴᠠ ᠪᠠᠨ ᠪᠠᠴᠢᠮ ᠠᠷᠭ᠎ᠠ ᠪᠠᠷᠢᠯ ᠠᠪᠬᠤ ᠦᠬᠡᠢ᠂ ᠵᠠᠷᠯᠢᠭ ᠢ ᠳᠠᠭᠠᠬᠤ ᠦᠬᠡᠢ᠂ ᠦᠶᠡᠷ | ᠢ ᠰᠡᠷᠬᠡᠶᠢᠯᠡᠬᠦ ᠠᠵᠢᠯ ᠳᠤ ᠨᠠᠵᠠᠭᠠᠢ᠂ ᠪᠤᠷᠤᠭᠤ ᠤᠪᠤᠷ ᠢ ᠠᠪᠴᠦ᠂ ᠤᠯᠤᠰ ᠪᠠ ᠤᠯᠠᠨ ᠲᠦᠮᠡᠨ ᠤ ᠠᠮᠢ ᠨᠠᠰᠤ | ᠡᠳ᠋ ᠬᠦᠷᠦᠩᠭᠡ ᠳᠤ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ ᠬᠠᠷᠢᠭᠤᠴᠠᠭᠴᠢ ᠪᠠ ᠬᠠᠮᠢᠶ᠎ᠠ ᠪᠦᠬᠦᠢ | ᠬᠦᠮᠦᠨ ᠳᠤ ᠴᠢᠩᠭ᠎ᠠ ᠬᠠᠷᠢᠭᠤᠴᠠᠯᠭ᠎ᠠ ᠳᠤᠯᠭᠠᠵᠤ᠂ ᠶᠠᠯ᠎ᠠ ᠳᠤ ᠬᠦᠷᠦᠭᠰᠡᠨ ᠪᠤᠯ ᠬᠠᠤᠯᠢ ᠴᠠᠭᠠᠵᠠ ᠶᠢᠨ ᠪᠠᠶᠢᠭᠤᠯᠭ᠎ᠠ | ᠳᠤ ᠰᠢᠯᠵᠢᠬᠦᠯᠦᠨ ᠳᠤᠰᠢᠶᠠᠵᠤ ᠰᠢᠳᠬᠡᠯᠬᠡᠨᠡ᠃ | | |