1. ᠨᠠᠷᠠᠨ ᠳᠤ ᠶᠠᠪᠤᠭᠠᠳ ᠠᠷᠠᠰᠤ ᠬᠤᠷᠤᠰᠴᠤ ᠤᠯᠠᠶᠢᠬᠤ ᠪᠠᠶᠢᠳᠠᠯ ᠭᠠᠷᠪᠠᠯ ᠳᠠᠷᠦ᠋ᠢᠬᠠᠨ ᠨᠠᠷᠠᠨ ᠠᠴᠠ | ᠬᠠᠯᠬᠠᠯᠠᠬᠤ ᠠᠷᠭ᠎ᠠ ᠬᠡᠮᠵᠢᠶ᠎ᠠ ᠠᠪᠬᠤ ᠭᠡᠷᠡᠭᠳᠡᠢ᠃ ᠬᠡᠷᠪᠡ ᠦᠷᠭᠦᠯᠵᠢᠯᠡᠨ ᠨᠠᠷᠠᠨ ᠳᠤ ᠰᠢᠷᠠᠭᠳᠠᠬᠤ ᠳᠤ ᠬᠦᠷᠪᠡᠯ | ᠰᠢᠷᠬᠠᠳᠤᠯ ᠨᠢ ᠤᠯᠠᠮ ᠬᠦᠨᠳᠦᠷᠡᠳᠡᠭ᠂ ᠨᠠᠷᠠᠨ ᠤ ᠰᠢᠷᠬᠠᠳᠤᠯ ᠤᠨ ᠬᠦᠭᠵᠢᠯᠳᠡ ᠶᠢᠨ ᠶᠠᠪᠤᠴᠠ ᠨᠢ ᠪᠠᠷᠤᠭ 4 — | 6 ᠴᠠᠭ ᠪᠠᠶᠢᠳᠠᠭ ᠪᠤᠯᠬᠤᠷ ᠭᠡᠳᠦᠢ ᠡᠷᠳᠡ ᠠᠷᠭ᠎ᠠ ᠬᠡᠮᠵᠢᠶ᠎ᠠ ᠠᠪᠤᠪᠠᠯ ᠳᠡᠳᠦᠢ ᠰᠠᠶᠢᠨ᠃ | 2. ᠬᠦᠢᠳᠡᠨ ᠤᠰᠤ ᠪᠠᠷ ᠱᠠᠪᠰᠢᠵᠤ ᠴᠢᠭᠢᠭ ᠢ ᠬᠠᠮᠠᠭᠠᠯᠠᠬᠤ ᠣ ᠳᠦᠷᠭᠢᠨ᠎ᠠ᠃ ᠠᠩᠬᠠᠷ︕ ᠮᠦᠰᠦ | ᠭᠡᠷᠡᠭᠯᠡᠵᠦ ᠪᠤᠯᠬᠤ ᠦᠭᠡᠢ᠂ ᠠᠯᠴᠢᠭᠤᠷ ᠢᠶᠠᠨ ᠬᠦᠷᠦᠭᠡᠭᠦᠷ ᠲᠤ ᠬᠢᠵᠦ ᠭᠦᠢᠳᠡᠨ ᠪᠤᠯᠭᠠᠭᠠᠳ ᠰᠢᠷᠠᠭᠳᠠᠭᠰᠠᠨ | ᠭᠠᠵᠠᠷ ᠢᠶᠠᠨ ᠳᠠᠷᠤᠵᠤ ᠪᠤᠯᠤᠨ᠎ᠠ᠃ ᠳᠠᠬᠢᠨ ᠳᠠᠪᠳᠠᠨ ᠴᠢᠭᠢᠭ ᠢ ᠬᠠᠮᠠᠭᠠᠯᠠᠬᠤ ᠣ ᠳᠦᠷᠭᠢᠪᠡᠯ ᠠᠷᠠᠰᠤ ᠬᠠᠭᠤᠷᠬᠤ ᠶᠢ | ᠪᠠᠭᠠᠰᠬᠠᠵᠤ ᠪᠤᠯᠳᠠᠭ᠂ ᠸᠢᠲ᠋ᠠᠮᠢᠨC᠂ E ᠡᠯᠪᠡᠭ ᠠᠭᠤᠯᠤᠭᠰᠠᠨ ᠪᠦᠲᠦᠭᠡᠭᠳᠡᠭᠦᠨ ᠭᠡᠷᠡᠭᠯᠡᠪᠡᠯ ᠰᠠᠶᠢᠨ᠃ | 3. ᠬᠦᠨᠳᠦ ᠭᠡᠴᠡᠭᠦᠦ ᠰᠢᠷᠠᠭᠳᠠᠵᠤ ᠴᠦᠪᠦᠷᠢᠭᠦᠦ ᠭᠠᠷᠬᠤ ᠳᠡᠭᠡᠷ᠎ᠡ ᠬᠦᠷᠪᠡᠯ ᠪᠡᠶ᠎ᠡ ᠶᠢᠨ ᠤᠰᠤ | ᠠᠯᠳᠠᠭᠳᠠᠳᠠᠭ᠂ ᠤᠰᠤᠢᠯᠡᠭᠦᠦ ᠨᠦᠬᠦᠪᠡᠯ ᠵᠤᠬᠢᠨ᠎ᠠ᠃ ᠬᠡᠦᠬᠡᠳ ᠤᠨᠴᠠᠭᠠᠢᠢᠯᠠᠨ ᠠᠩᠬᠠᠷᠬᠤ ᠭᠡᠷᠡᠭᠳᠡᠢ᠃ ᠨᠠᠷᠠᠨ ᠳᠤ | ᠰᠢᠷᠠᠭᠳᠠᠵᠤ ᠴᠦᠪᠦᠷᠢᠭᠦᠦ ᠭᠠᠷᠤᠭᠰᠠᠨ ᠭᠠᠵᠠᠷ ᠨᠢ ᠪᠡᠶ᠎ᠡ ᠶᠢᠨ 20% ︵ᠬᠡᠦᠬᠡᠳ ᠤᠨ ᠪᠦᠬᠦᠯᠢ ᠨᠢᠷᠦᠭᠤᠨ ᠤ | ᠭᠡᠰᠡᠭ ᠲᠠᠢ ᠪᠠᠷᠤᠭ ᠳᠡᠩᠴᠡᠨ᠎ᠠ︶ ᠡᠴᠠᠲ᠋ᠠᠪᠠᠭᠰᠠᠨ ᠪᠠᠶᠢᠳᠠᠯ ᠳᠤ ᠡᠮᠨᠡᠯᠭᠡ ᠳᠤ ᠤᠴᠢᠪᠠᠯ ᠵᠤᠬᠢᠨ᠎ᠠ᠃ | 4. ᠨᠠᠷᠠᠨ ᠳᠤ ᠰᠢᠷᠠᠭᠳᠠᠪᠠᠯ ᠠᠷᠠᠰᠤ ᠬᠡᠪᠡᠷᠡᠭ ᠪᠤᠯᠳᠠᠭ᠂ ᠳᠡᠶᠢᠮᠦ ᠠᠴᠠ ᠪᠡᠶ᠎ᠡ ᠤᠭᠢᠶᠠᠬᠤ ᠳᠠᠭᠠᠨ | ᠰᠢᠷᠠᠭᠳᠠᠭᠰᠠᠨ ᠭᠡᠰᠡᠭ ᠢᠶᠠᠨ ᠭᠡᠳᠦ ᠰᠢᠷᠦᠭᠦᠨ ᠨᠢᠳᠭᠡᠷᠴᠦ ᠠᠷᠴᠢᠬᠤ ᠦᠭᠡᠢ ᠪᠠᠶᠢᠬᠤ ᠶᠢ ᠬᠢᠴᠢᠶᠡᠵᠦ᠂ ᠰᠢᠷᠬᠠᠯᠠᠵᠤ | ᠦᠷᠪᠢᠰᠦᠯᠡᠬᠦ ᠡᠴᠠᠰᠡᠷᠭᠡᠶᠢᠯᠡᠬᠦ ᠭᠡᠷᠡᠭᠳᠡᠢ᠃ | |