ᠰᠢᠶᠤᠤ ᠬᠠᠢ ᠽᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠠᠵᠠᠷ ᠰᠢᠷᠤᠢ ᠶᠢᠨ ᠡᠷᠬᠡ ᠶᠢ ᠳᠤᠳᠤᠯᠠᠬᠤ᠂ ᠠᠶᠦᠯᠳᠡᠢ ᠬᠡᠷ ᠪᠠᠶᠢᠰᠢᠩ ᠢ ᠰᠢᠨᠡᠳᠬᠡᠨ ᠦᠬᠡᠷᠡᠴᠢᠯᠡᠬᠦ ᠠᠵᠢᠯ ᠤᠨ ᠠᠬᠢᠭᠤᠯᠤᠯᠳᠠ ᠶᠢᠨ ᠬᠤᠷᠠᠯ ᠢ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2018-08-17
   8 ᠰᠠᠷ᠎ᠡ ᠶᠢᠨ 10 ᠤ ᠡᠳᠦᠷ ᠤᠨ ᠦᠳᠡ ᠶᠢᠨ ᠬᠤᠶᠢᠨ᠎ᠡ᠂ ᠰᠢᠶᠤᠤ ᠬᠠᠢ ᠽᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠠᠵᠠᠷ ᠰᠢᠷᠤᠢ ᠶᠢᠨ ᠡᠷᠬᠡ ᠶᠢ ᠳᠤᠳᠤᠯᠠᠬᠤ᠂ ᠠᠶᠦᠯᠳᠡᠢ ᠬᠡᠷ ᠪᠠᠶᠢᠰᠢᠩ  ᠢ ᠰᠢᠨᠡᠳᠬᠡᠨ ᠦᠬᠡᠷᠡᠴᠢᠯᠡᠬᠦ ᠠᠵᠢᠯ ᠤᠨ ᠠᠬᠢᠭᠤᠯᠤᠯᠳᠠ ᠶᠢᠨ ᠬᠤᠷᠠᠯ ᠢ ᠬᠤᠷᠠᠯᠳᠤᠭᠤᠯᠵᠠᠢ᠃ ᠪᠠᠯᠭᠠᠰᠤᠨ ᠤ ᠨᠠᠮ  ᠤᠨ ᠬᠤᠷᠢᠶᠠᠨ ᠤ ᠱᠦᠵᠢ ᠴᠧᠨ ᠶᠠ ᠮᠢᠩ ᠬᠤᠷᠠᠯ ᠡᠷᠬᠢᠯᠡᠵᠤ᠂ ᠪᠠᠯᠭᠠᠰᠤᠨ ᠳᠤ ᠰᠠᠭᠤᠭ᠎ᠠ ᠬᠢᠨᠠᠨ ᠵᠢᠯᠤᠭᠤᠳᠬᠤ ᠳᠤᠭᠤᠶᠢᠯᠠᠩ ᠤᠨ ᠪᠦᠷᠢᠯᠳᠦᠬᠦᠨ᠂ ᠪᠠᠯᠭᠠᠰᠤᠨ ᠤ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠳᠤᠰᠬᠤᠨ  ᠤ ᠨᠠᠮ ᠤᠨ ᠡᠬᠦᠷ ᠤᠨ ᠱᠦᠵᠢ᠂ ᠳᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ᠂ ᠨᠢᠬᠡᠳᠦᠬᠡᠷ ᠱᠦᠵᠢ ᠨᠠᠷ ᠬᠤᠷᠠᠯ ᠳᠤ ᠤᠷᠤᠯᠴᠠᠵᠠᠢ᠃    ᠬᠤᠷᠠᠯ ᠳᠡᠬᠡᠷ᠎ᠡ᠂ ᠴᠧᠨ ᠶᠠ ᠮᠢᠩ ᠱᠦᠵᠢ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠵᠢᠴᠢ ᠭᠠᠵᠠᠷ ᠰᠢᠷᠤᠢ ᠶᠢᠨ ᠡᠷᠬᠡ ᠶᠢ ᠳᠤᠳᠤᠯᠠᠬᠤ ᠠᠵᠢᠯ ᠤᠨ ᠠᠬᠢᠭᠤᠯᠤᠯᠳᠠ ᠶᠢᠨ ᠬᠤᠷᠠᠯ ᠤᠨ ᠭᠤᠤᠯ ᠵᠤᠷᠢᠭ ᠰᠠᠨᠠᠭ᠎ᠠ ᠶᠢ ᠤᠯᠠᠮᠵᠢᠯᠠᠵᠤ᠂ ᠤᠳᠤᠬᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠠᠵᠠᠷ ᠰᠢᠷᠤᠢ ᠶᠢᠨ ᠡᠷᠬᠡ  ᠶᠢ ᠳᠤᠳᠤᠯᠠᠬᠤ᠂ ᠬᠦᠳᠡᠭᠡ ᠳᠤᠰᠬᠤᠨ ᠤ ᠠᠶᠦᠯᠳᠡᠢ ᠬᠡᠷ ᠪᠠᠶᠢᠰᠢᠩ ᠢ ᠰᠢᠨᠡᠳᠬᠡᠨ ᠦᠬᠡᠷᠡᠴᠢᠯᠡᠬᠦ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃    ᠪᠠᠯᠭᠠᠰᠤᠨ ᠳᠤ ᠰᠠᠭᠤᠭ᠎ᠠ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠳᠠᠩ ᠬᠦᠢ ᠷᠧᠨ ᠤᠶᠢᠷ᠎ᠡ  ᠶᠢᠨ ᠬᠤᠭᠤᠴᠠᠭᠠᠨ ᠤ ᠡᠷᠦᠬᠡ ᠪᠠᠷ ᠪᠠᠳᠤᠯᠠᠬᠤ᠂ ᠬᠠᠪᠰᠤᠷᠤᠨ ᠳᠡᠳᠬᠦᠬᠦ ᠬᠠᠷᠢᠭᠤᠴᠠᠭᠴᠢ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ᠂ ᠳᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠤᠰᠬᠤᠨ  ᠳᠤ ᠰᠠᠭᠤᠭᠰᠠᠨ ᠪᠠᠶᠢᠳᠠᠯ ᠢ ᠨᠡᠶᠢᠳᠡᠯᠡᠵᠡᠢ᠃    ᠪᠦᠬᠦ ᠪᠠᠯᠭᠠᠰᠤᠨ ᠤ ᠡᠯ᠎ᠡ ᠰᠠᠯᠠᠭ᠎ᠠ ᠮᠦᠴᠢᠷ᠂ ᠡᠯ᠎ᠡ ᠳᠤᠰᠬᠤᠨ ᠤ ᠵᠦᠪᠯᠡᠯ ᠦᠵᠡᠯ ᠰᠠᠨᠠᠭ᠎ᠠ ᠪᠠᠨ ᠨᠢᠬᠡᠳᠬᠡᠵᠤ ᠂ ᠳᠠᠨᠢᠯᠳᠡ ᠪᠠᠨ ᠳᠡᠭᠡᠭᠰᠢᠯᠡᠬᠦᠯᠵᠤ᠂ ᠶᠡᠭᠡ ᠳᠠᠯ᠎ᠠ ᠠᠴᠠ ᠡᠬᠦᠰᠴᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠭᠠᠵᠠᠷ ᠰᠢᠷᠤᠢ ᠶᠢᠨ ᠡᠷᠬᠡ ᠶᠢ ᠳᠤᠳᠤᠯᠠᠬᠤ᠂ ᠠᠶᠦᠯᠳᠡᠢ ᠬᠡᠷ ᠪᠠᠶᠢᠰᠢᠩ ᠢ ᠰᠢᠨᠡᠳᠬᠡᠨ ᠦᠬᠡᠷᠡᠴᠢᠯᠡᠬᠦ ᠠᠵᠢᠯ ᠤᠨ ᠴᠢᠬᠤᠯᠠ ᠴᠢᠨᠠᠷ ᠪᠠ ᠳᠤᠯᠭᠠᠮ᠎ᠡ ᠴᠢᠨᠠᠷ ᠢ ᠬᠦᠨᠵᠡᠬᠡᠢ ᠳᠠᠨᠢᠵᠤ᠂ ᠨᠢᠭᠳᠠ ᠪᠠᠶᠢᠷᠢᠯᠠᠭᠤᠯᠵᠤ᠂ ᠨᠢᠮᠪᠠᠢ ᠳᠤᠬᠢᠷᠠᠭᠤᠯᠵᠤ᠂ ᠳᠤᠭᠳᠠᠭᠰᠠᠨ ᠴᠠᠭ ᠤᠨ ᠳᠤᠳᠤᠷ᠎ᠡ ᠴᠢᠨᠠᠷ ᠳᠤᠭ᠎ᠠ ᠶᠢ ᠪᠠᠳᠤᠯᠠᠨ ᠡᠯ᠎ᠡ ᠵᠦᠢᠯ ᠤᠨ ᠠᠵᠢᠯ ᠢᠶᠠᠨ ᠪᠡᠶᠡᠯᠡᠬᠦᠯᠬᠦ ᠬᠡᠷᠡᠭᠳᠡᠢ ᠬᠡᠵᠤ ᠬᠤᠷᠠᠯ ᠠᠴᠠ ᠱᠠᠭᠠᠷᠳᠠᠵᠠᠢ᠃
 
ᠢᠷᠡᠯᠲᠡ᠄ ᠱᠠᠩᠳᠤ ᠰᠢᠶᠠᠨ ᠤ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2