ᠡᠮᠴᠢᠯᠡᠭᠡᠨ ᠤ ᠳᠠᠭᠠᠳᠬᠠᠯ ᠤᠨ ᠭᠠᠷᠴᠠᠭᠯᠠᠯ ᠳᠣᠲᠣᠷᠠᠬᠢ 14 ᠲᠦᠷᠦᠯ ᠤᠨ ᠤᠮᠠᠨ ᠳᠠᠷᠤᠬᠤ ᠡᠮ ᠤᠨ ᠦᠨ᠎ᠡ ᠬᠢᠮᠳᠠᠷᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018-08-17
           ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠣᠷᠴᠢᠮᠬᠠᠨ ᠳᠤ ︽ᠲᠦᠷᠦᠭᠦᠴᠢ ᠶᠢᠨ ᠬᠤᠭᠤᠴᠠᠭᠠᠨ ᠤ ᠤᠯᠤᠰ ᠤᠨ ᠤᠮᠠᠨ ᠡᠪᠡᠳᠴᠢᠨ ᠢ ᠵᠠᠰᠠᠬᠤ ᠡᠮ  ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠶᠢ  ᠲᠣᠬᠢᠷᠠᠭᠤᠯᠬᠤ  ᠬᠡᠯᠡᠯᠴᠡᠭᠡ ᠶᠢᠨ  ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠦᠷᠦᠭᠦᠴᠢ ᠶᠢᠨ ᠬᠤᠭᠤᠴᠠᠭᠠᠨ ᠤ ᠤᠯᠤᠰ ᠤᠨ ᠤᠮᠠᠨ ᠡᠪᠡᠳᠴᠢᠨ ᠢ ᠵᠠᠰᠠᠬᠤ 14ᠲᠦᠷᠦᠯ ᠤᠨ ᠡᠮ ᠤᠨ ᠲᠣᠭᠠᠴᠠᠭ᠎ᠠ ᠬᠢᠬᠦ ᠪᠠᠷᠢᠮᠵᠢᠶ᠎ᠠ ᠪᠠ ᠬᠤᠳᠠᠯᠳᠤᠨ ᠠᠪᠬᠤ ᠡᠮ ᠬᠠᠩᠰᠢ ᠶᠢ ᠪᠠᠭᠤᠷᠠᠭᠤᠯᠬᠤ ᠲᠣᠬᠢᠷᠠᠭᠤᠯᠤᠯᠲᠠ ᠬᠢᠵᠦ᠂ 9 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠮᠤᠵᠢ ᠶᠢᠨ ᠱᠠᠲᠤᠨ ᠤ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ  ᠲᠡᠪᠴᠡᠩ  ᠲᠣᠬᠢᠷᠠᠭᠤᠯᠤᠯᠲᠠ ᠬᠢᠭᠰᠡᠨ ᠤ  ᠳᠠᠷᠠᠭᠠᠬᠢ ᠰᠢᠨ᠎ᠡ ᠬᠠᠩᠰᠢ ᠶᠣᠰᠣᠭᠠᠷ ᠢᠯᠡ ᠪᠠᠷ ᠰᠦᠯᠵᠢᠶᠡᠨ ᠳᠤ ᠣᠷᠣᠭᠤᠯᠤᠨ  ᠬᠤᠳᠠᠯᠳᠤᠨ ᠠᠪᠬᠤ ᠶᠢ ᠱᠠᠭᠠᠷᠳᠠᠪᠠ᠃ ᠡᠨᠡ14 ᠲᠦᠷᠦᠯ ᠤᠨ ᠤᠮᠠᠨ ᠡᠪᠡᠳᠴᠢᠨ ᠢ ᠡᠰᠡᠷᠭᠦᠴᠡᠬᠦ ᠡᠮ ᠨᠢ ᠴᠦᠮ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠠᠬᠢ ᠲᠦᠷᠦᠯ  ᠵᠦᠢᠯ ᠮᠦᠨ᠂ ᠡᠭᠦᠨ ᠤ ᠳᠣᠲᠣᠷᠠᠬᠢ 12 ᠵᠦᠢᠯ ᠨᠢ 2017 ᠣᠨ ᠳᠤ ᠬᠡᠯᠡᠯᠴᠡᠭᠡ ᠬᠢᠵᠦ ᠦᠨ᠎ᠡ ᠪᠠᠭᠤᠷᠠᠭᠤᠯᠤᠭᠰᠠᠨ ᠤ ᠳᠠᠷᠠᠭ᠎ᠠ ᠭᠠᠷᠴᠠᠭ ᠲᠤ ᠬᠠᠮᠤᠷᠠᠭᠳᠠᠨ ᠣᠷᠣᠵᠤ᠂ ᠪᠣᠰᠣᠳ ᠬᠤᠶᠠᠷ ᠲᠦᠷᠦᠯ ᠨᠢ 2015 ᠣᠨ ᠳᠤ ᠤᠯᠤᠰ ᠤᠨ ᠡᠮ ᠤᠨ ᠵᠦᠢᠯ ᠤᠨ ᠦᠨ᠎ᠡ ᠬᠠᠩᠰᠢ ᠬᠡᠯᠡᠯᠴᠡᠭᠡᠷ ᠬᠢᠭᠰᠡᠨ  ᠡᠮ ᠤᠨ  ᠵᠦᠢᠯ  ᠪᠣᠯᠣᠨ᠎ᠠ᠃ ᠵᠢᠱᠢᠯᠲᠡ ᠪᠠᠷ᠂ 9 ᠳ᠋ᠤᠭᠠᠷ ᠰᠠᠷ᠎ᠠ ᠠᠴᠠ ᠡᠬᠢᠯᠡᠨ᠂ ᠡᠪᠡᠳᠴᠢᠲᠡᠨ ᠬᠢᠮᠳᠠᠷᠠᠭᠰᠠᠨ ᠦᠮᠠᠨ ᠳᠠᠷᠤᠬᠤ ᠡᠮ ᠢ ᠵᠠᠯᠭᠠᠭ᠎ᠠ ᠪᠠᠷ ᠣᠯᠵᠤ ᠬᠤᠳᠠᠯᠳᠤᠨ ᠠᠪᠬᠤ ᠪᠣᠯᠣᠨ᠎ᠠ᠃             ᠣᠶᠢᠯᠠᠭᠠᠭᠰᠠᠨ ᠢᠶᠠᠷ᠂ 2017 ᠣᠨ ᠤ ᠤᠯᠤᠰ ᠤᠨ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠰᠢᠨ᠎ᠡ ᠭᠠᠷᠴᠠᠭ ᠲᠤ ᠳᠣᠬᠢᠷᠠᠭᠤᠯᠤᠯᠲᠠ  ᠬᠢᠬᠦ ᠳᠤ ᠪᠠᠨ᠂ ᠬᠡᠰᠡᠭ ᠲᠤᠰᠬᠠᠢ ᠠᠰᠢᠭ᠂ ᠴᠣᠷ ᠤᠨ ᠭᠠᠭᠴᠠ ᠡᠮ ᠤᠨ ᠵᠦᠢᠯ ᠤᠨ ᠡᠮᠴᠢᠯᠡᠭᠡᠨ ᠤ ᠦᠷᠲᠡᠭ ᠨᠢ ᠬᠠᠷᠢᠴᠠᠩᠭᠤᠢ ᠦᠨᠳᠦᠷ ᠪᠠᠶᠢᠳᠠᠭ ᠪᠣᠳᠠᠲᠤ ᠪᠠᠶᠢᠳᠠᠯ ᠳᠤ ᠬᠠᠨᠳᠤᠭᠤᠯᠤᠨ᠂ ᠡᠮ ᠤᠨ ᠳᠠᠭᠠᠳᠬᠠᠯ ‍ᠤᠨ‌ᠭᠠᠷᠳᠠᠨ ᠭᠦᠢᠴᠡᠳᠬᠡᠬᠦ ᠪᠠᠶᠢᠭᠤᠯᠤᠮᠵᠢ  ᠪᠣᠯᠣᠨ ᠡᠮ ᠤᠨ ᠠᠵᠤ  ᠠᠬᠤᠶᠢᠯᠠᠯ ᠤᠨ  ᠬᠡᠯᠡᠯᠴᠡᠨ  ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ 36 ᠵᠦᠢᠯ ᠤᠨ ᠶᠡᠭᠡ ᠦᠨᠡᠲᠡᠢ ᠡᠮ ᠤᠨ ᠦᠨ᠎ᠡ ᠶᠢ  ᠬᠡᠯᠡᠯᠴᠡᠭᠡ ᠪᠠᠷ ᠳᠠᠮᠵᠢᠨ  ᠪᠠᠭᠤᠷᠠᠭᠤᠯᠵᠤ᠂ ᠪᠦᠬᠦ ᠤᠯᠤᠰ ᠤᠨ ᠨᠢᠭᠡᠲᠦᠯᠲᠡᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ  ᠲᠣᠭᠲᠠᠭᠠᠭᠰᠠᠨ ᠤ ᠳᠠᠷᠠᠭ᠎ᠠ᠂ ᠭᠠᠷᠴᠠᠭ ᠲᠤ ᠨᠡᠮᠡᠨ ᠣᠷᠣᠭᠤᠯᠵᠤ᠂ ᠡᠳᠡᠭᠡᠷ  ᠡᠮ ᠤᠨ ᠵᠦᠢᠯ ᠤᠨ ᠳᠤᠮᠳᠠᠴᠢ ᠪᠠᠷ  ᠦᠨ᠎ᠡ ᠪᠠᠭᠤᠷᠠᠭᠰᠠᠨ ᠬᠡᠮᠵᠢᠶ᠎ᠡ ᠨᠢ 44% ᠳᠤ ᠬᠦᠷᠴᠦ᠂ ᠬᠠᠮᠤᠭ ᠤᠨ ᠶᠡᠭᠡ ᠳᠤ ᠪᠠᠨ 70% ᠳᠤ ᠬᠦᠷᠦᠨ᠂ ᠬᠡᠯᠡᠯᠴᠡᠨ  ᠲᠣᠭᠲᠠᠭᠰᠠᠨ ᠲᠣᠭᠠᠴᠠᠭ᠎ᠠ ᠬᠢᠬᠦ ᠪᠠᠷᠢᠮᠵᠢᠶ᠎ᠠ ᠨᠢ 2019 ᠣᠨ ᠤ ᠡᠴᠦᠰ ᠪᠣᠯᠲᠠᠯ᠎ᠠ ᠬᠦᠴᠦᠨ ᠲᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2