ᠶᠠᠮᠠᠷ ᠬᠦᠮᠦᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠦ ᠪᠤᠯᠬᠤ ᠦᠭᠡᠢ ᠪᠤᠢ︖
ᠨᠡᠶᠢᠲᠡᠯᠡᠭᠰᠡᠨ ᠴᠠᠭ᠄
2018-08-20
     ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠪᠤᠯ ᠤᠯᠤᠰ ᠠᠴᠠ ᠬᠦᠳᠡᠭᠡ ᠲᠤᠰᠬᠤᠨ ᠮᠠᠯᠵᠢᠬᠤ  ᠲᠠᠷᠢᠶᠠᠯᠠᠬᠤ ᠤᠷᠤᠨ ᠤ ᠬᠠᠮᠤᠭ ᠤᠨ ᠲᠤᠤᠷ᠎ᠠ ᠤᠷᠤᠯᠭ᠎ᠠ ᠲᠠᠢ ᠶᠠᠳᠠᠭᠤ ᠬᠦᠴᠢᠷᠳᠠᠯᠳᠠᠢ ᠮᠠᠯᠴᠢᠨ ᠲᠠᠷᠢᠶᠠᠴᠢᠨ ᠳᠤ ᠵᠤᠷᠢᠭᠤᠯᠤᠬᠰᠠᠨ  ᠨᠢᠭᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠤᠯᠤᠨ᠎ᠠ᠃ ᠡᠨᠡᠬᠦ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠨᠢ  ᠬᠦᠳᠡᠭᠡ ᠲᠤᠰᠬᠤᠨ ᠮᠠᠯᠵᠢᠬᠤ ᠤᠷᠤᠨ ᠤ ᠶᠠᠳᠠᠭᠤ ᠭᠦᠴᠢᠷᠳᠡᠯᠳᠡᠢ ᠠᠷᠠᠳ ᠤᠨ ᠠᠮᠢᠳᠤᠷᠠᠯ ᠲᠠᠢ ᠨᠢᠬᠳᠠ ᠬᠤᠯᠪᠤᠬᠳᠠᠵᠤ ᠪᠠᠶᠢᠳᠠᠭ᠃  ᠡᠶᠢᠮᠦ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠶᠠᠳᠠᠭᠤ ᠭᠦᠴᠢᠷᠳᠡᠯᠳᠡᠢ ᠡᠷᠦᠭᠡ ᠶᠢ ᠰᠢᠯᠢᠨ ᠰᠤᠩᠭᠤᠬᠤ ᠨᠢ  ᠮᠠᠰᠢ ᠴᠢᠬᠤᠯᠠ ᠪᠠᠶᠢᠳᠠᠭ᠃ 2020 ᠤᠨ ᠪᠤᠯᠳᠠᠯ᠎ᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠭᠦᠴᠢᠷᠳᠡᠯᠳᠡᠢ  ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠎ᠠ᠃          ᠤᠢᠢᠷ᠎ᠠ ᠶᠢᠨ ᠵᠢᠯ ᠳᠤ᠂ ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠶᠢᠨ ᠲᠦᠷᠦ ᠶᠢᠨ  ᠪᠤᠳᠤᠯᠭ᠎ᠠ ᠶᠢᠨ ᠬᠢᠨᠠᠨ ᠬᠠᠮᠢᠶᠠᠷᠤᠯᠳᠠ ᠶᠢᠨ ᠬᠦᠴᠦᠯᠡᠴᠡ ᠪᠠᠨ ᠴᠢᠩᠭᠠᠳᠬᠠᠬᠰᠠᠨ ᠪᠤᠯᠪᠠᠴᠤ ᠵᠠᠷᠢᠮ ᠭᠠᠵᠠᠷ ᠤᠷᠤᠨ ᠳᠤ ᠨᠠᠭᠠᠳᠤ  ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠭᠦᠷᠳᠡᠭᠦ ᠲᠤᠬᠠᠢ ᠬᠡᠰᠡᠭ ᠮᠠᠯᠴᠢᠨ ᠲᠠᠷᠢᠶᠠᠴᠢᠨ ᠮᠦᠨ ᠰᠠᠨᠠᠯ ᠲᠠᠢ  ᠪᠠᠶᠢᠬᠰᠠᠭᠠᠷ᠃ ᠡᠨᠡᠬᠦ ᠪᠠᠶᠢᠳᠠᠯ ᠳᠤ ᠵᠤᠷᠢᠭᠤᠯᠵᠤ ᠶᠠᠳᠠᠭᠤ ᠬᠦᠴᠢᠷᠳᠡᠯᠳᠡᠢ ᠡᠷᠦᠭᠡ ᠳᠤ ᠦᠨᠡᠨᠬᠦ ᠲᠤᠰ ᠬᠠᠷᠠᠭᠠᠯᠵᠠᠯ ᠢ ᠬᠦᠷᠳᠡᠭᠡᠭᠦ ᠶᠢᠨ  ᠲᠤᠰᠠᠳᠠ ᠤᠯᠤᠰ ᠠᠴᠠ ᠲᠦᠷᠦ ᠶᠢᠨ ᠪᠤᠳᠤᠯᠭ᠎ᠠ ᠳᠤ ᠲᠠᠬᠢᠨᠳᠠ ᠵᠠᠰᠠᠪᠤᠷᠢ ᠤᠷᠤᠭᠤᠯᠪᠠ᠃ ᠭᠤᠤᠯᠳᠠᠭᠤ ᠭᠠᠵᠠᠷ ᠰᠢᠷᠤᠢ ᠲᠠᠴᠢᠷᠳᠠᠵᠤ  ᠲᠠᠷᠢᠶ᠎ᠠ ᠪᠠᠶᠢᠭᠠᠳ ᠲᠠᠷᠢᠬᠤ ᠦᠭᠡᠢ ᠶᠠᠳᠠᠭᠤᠷᠠᠬᠰᠠᠨ᠂ ᠦᠷ᠎ᠠ ᠬᠡᠦᠬᠡᠳ ᠨᠢ ᠬᠤᠳᠠ ᠤᠷᠤᠵᠤ ᠠᠰᠠᠷ ᠪᠠᠶᠢᠰᠢᠩ ᠬᠤᠳᠠᠯᠳᠤᠨ  ᠠᠪᠤᠬᠰᠠᠨ᠂ ᠪᠡᠶ᠎ᠠ ᠮᠠᠬᠠᠪᠤᠳ ᠡᠷᠡᠭᠦᠯ ᠴᠢᠬᠢᠷᠠᠭ ᠪᠤᠯᠪᠠᠴᠤ ᠠᠵᠢᠯᠯᠠᠵᠤ ᠬᠦᠳᠡᠯᠮᠦᠷᠢᠯᠡᠬᠦ ᠲᠤᠷ᠎ᠠ ᠦᠭᠡᠢ᠂ ᠵᠠᠯᠬᠠᠭᠤ ᠬᠤᠶᠢᠷᠭᠤ ᠠᠴᠠ  ᠪᠤᠯᠵᠤ ᠶᠠᠳᠠᠭᠤᠷᠠᠬᠰᠠᠨ ᠬᠦᠮᠦᠰ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠤᠯᠭᠤᠵᠤ ᠪᠤᠯᠬᠤ ᠦᠭᠡᠢ  ᠭᠡᠵᠦ ᠲᠤᠬᠳᠠᠭᠠᠪᠠ᠃              
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2