ᠰᠦᠰᠦᠨ ᠤ ᠴᠢᠯᠠᠭᠤᠵᠢᠯ ᠢ ᠶᠠᠭᠠᠬᠢᠵᠤ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2018-08-28
    1. ᠳᠤᠭᠳᠠᠭᠰᠠᠨ ᠬᠤᠭᠤᠴᠠᠭ᠎ᠠ ᠲᠠᠢ ᠡᠷᠡᠭᠦᠯ  ᠮᠡᠨᠳᠦ ᠶᠢᠨ  ᠪᠠᠶᠢᠴᠠᠭᠠᠯᠳᠠ  ᠬᠢᠵᠦ᠂  ᠰᠦᠰᠦᠨ  ᠴᠢᠯᠠᠭᠤᠵᠢᠯ ᠲᠠᠢ ᠪᠤᠯᠤᠭᠰᠠᠨ ᠪᠠᠶᠢᠪᠠᠯ ᠳᠠᠷᠦ᠋ᠢᠬᠠᠨ ᠡᠮᠨᠡᠨ ᠵᠠᠰᠠᠨ᠎ᠠ᠃                     2. ᠢᠳᠡᠭᠡᠨ  ᠤᠮᠳᠠᠭᠠᠨ ᠢᠶᠠᠨ  ᠠᠩᠬᠠᠷᠤᠨ᠎ᠠ᠃ ᠦᠭᠡᠬᠦ  ᠳᠤᠰᠤ  ᠶᠡᠬᠡᠳᠡᠢ᠂  ᠬᠠᠭᠠᠷᠢᠬᠰᠠᠨ  ᠪᠠ   ᠳᠤᠰᠤᠨ ᠳᠤ ᠪᠤᠴᠠᠯᠭᠠᠭᠰᠠᠨ᠂ ᠰᠢᠷᠠᠭᠰᠠᠨ ᠢᠳᠡᠭᠡᠨ ᠪᠠᠭ᠎ᠠ ᠢᠳᠡᠵᠦ᠂  ︽ᠭᠤᠷᠪᠠᠨ  ᠡᠯᠪᠡᠭ︾  ᠢᠳᠡᠭᠡᠨ  ᠪᠠᠭ᠎ᠠ   ᠢᠳᠡᠨ᠎ᠠ᠃  ᠢᠳᠡᠭᠡᠨ ᠤ ᠵᠤᠬᠢᠴᠠᠭᠤᠯᠭ᠎ᠠ ᠶᠢ ᠠᠩᠬᠠᠷᠴᠤ᠂ ᠢᠳᠡᠰᠢᠨ ᠨᠤᠭᠤᠭ᠎ᠠ ᠵᠢᠮᠢᠰ ᠢᠯᠡᠭᠦᠦ ᠢᠳᠡᠨ᠎ᠠ᠃                 3. ᠰᠡᠳᠭᠢᠯ ᠰᠠᠨᠠᠭ᠎ᠠ ᠪᠠᠨ  ᠠᠭᠤᠵᠢᠭᠤ  ᠪᠠᠶᠢᠯᠭᠠᠵᠤ᠂  ᠠᠭᠤᠷ  ᠤᠴᠠᠭᠠᠷ ᠢᠶᠠᠨ  ᠳᠠᠷᠤᠨ᠎ᠠ᠃  ᠭᠡᠷ   ᠪᠦᠯᠢ  ᠡᠪ ᠨᠠᠶᠢᠷ ᠲᠠᠢ᠂ ᠰᠡᠳᠭᠢᠯ ᠰᠠᠨᠠᠭ᠎ᠠ ᠠᠭᠤᠵᠢᠭᠤ ᠳᠠᠯᠪᠢᠭᠤ ᠪᠠᠶᠢᠬᠤ ᠨᠢ ᠴᠢᠬᠤᠯᠠ᠃                   4. ᠤᠳᠠᠭᠠᠨ ᠰᠠᠭᠤᠬᠤ ᠠᠴᠠ ᠵᠠᠶᠢᠯᠠᠰᠬᠢᠵᠤ᠂ ᠦᠷᠭᠦᠯᠵᠢ ᠵᠤᠬᠢᠰᠳᠠᠢ ᠬᠦᠳᠡᠯᠭᠡᠭᠡᠨ ᠬᠢᠨ᠎ᠠ᠃ ᠭᠡᠳᠦ   ᠳᠦᠷᠭᠡᠨ ᠢᠶᠠᠷ ᠮᠠᠷᠢᠶ᠎ᠡ ᠰᠢᠭᠤᠷᠠᠭᠤᠯᠬᠤ᠂ ᠡᠷᠳᠡ ᠶᠢᠨ ᠬᠤᠭᠤᠯᠠ ᠪᠠᠨ ᠬᠠᠰᠤᠵᠤ  ᠮᠠᠷᠢᠶ᠎ᠠ  ᠰᠢᠭᠤᠷᠠᠭᠤᠯᠬᠤ ᠨᠢ   ᠪᠦᠷ  ᠰᠦᠰᠦᠨ  ᠴᠢᠯᠠᠭᠤᠵᠢᠯ ᠡᠭᠦᠰᠭᠡᠬᠦ ᠠᠶᠤᠯ ᠲᠠᠢ᠃                   5. ᠴᠠᠭ ᠲᠠᠢ ᠬᠡᠮᠵᠢᠶ᠎ᠠ ᠲᠠᠢ ᠬᠤᠭᠤᠯᠠᠯᠠᠵᠤ᠂ ᠠᠷᠢᠭᠤᠨ ᠴᠡᠪᠡᠷ ᠢ ᠡᠷᠭᠢᠮᠯᠡᠨ᠎ᠠ᠃ ᠬᠤᠭᠤᠯᠠ  ᠢᠳᠡᠬᠦ ᠠᠴᠠ   ᠡᠮᠦᠨ᠎ᠠ ᠬᠤᠶᠢᠨ᠎ᠠ ᠭᠠᠷ ᠢᠶᠠᠨ ᠤᠭᠢᠶᠠᠵᠤ᠂ ᠵᠢᠮᠢᠰ ᠢ  ᠤᠭᠢᠶᠠᠵᠤ  ᠴᠡᠪᠡᠷᠯᠡᠭᠡᠳ  ᠢᠳᠡᠬᠦ ᠨᠢ  ᠭᠡᠳᠡᠰᠦᠨ ᠤ   ᠰᠢᠮᠡᠭᠦᠷ  ᠬᠤᠷᠤᠬᠠᠢ  ᠪᠠ ᠦᠷᠪᠢᠰᠦᠯ ᠠᠴᠠ ᠪᠤᠯᠵᠤ ᠰᠦᠰᠦᠨ ᠤ ᠴᠢᠯᠠᠭᠤᠵᠢᠯ ᠡᠭᠦᠰᠬᠦ ᠶᠢ ᠰᠡᠷᠭᠡᠶᠢᠯᠡᠬᠦ  ᠦᠢᠯᠡᠳᠦᠯ ᠲᠠᠢ᠃                                                        
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2