ᠡᠳᠤᠷ ᠪᠦᠷᠢ ᠨᠢᠭᠡ ᠴᠠᠭ ᠬᠦᠨ ᠪᠤᠲᠤᠯᠭᠠᠰᠢᠷᠠᠪᠠᠯ ᠲᠠᠷᠢᠬᠢ ᠮᠤᠨᠤᠬᠤ ᠶᠢ  ᠪᠦᠲᠦᠮᠵᠢᠲᠠᠢ ᠨᠠᠮᠳᠠᠭᠠᠵᠤ  ᠲᠡᠶᠢᠯᠦᠨ᠎ᠡ
ᠨᠡᠶᠢᠲᠡᠯᠡᠭᠰᠡᠨ ᠴᠠᠭ᠄
2018-08-28
        ᠠᠮᠧᠷᠢᠺᠠ ᠶᠢᠨ ᠤᠶᠢᠷ᠎ᠠ ᠳᠤ ᠬᠢᠭᠰᠡᠨ ᠨᠢᠭᠡᠨ ᠰᠢᠨ᠎ᠡ ᠰᠤᠳᠤᠯᠭᠠᠨ ᠠᠴᠠ ᠦᠵᠡᠪᠡᠯ᠂ ᠡᠳᠤᠷ ᠪᠦᠷᠢ ᠨᠢᠭᠡ  ᠴᠠᠭ ᠬᠦᠨ ᠪᠤᠲᠤᠯᠭᠠᠰᠢᠷᠠᠪᠠᠯ ᠲᠠᠷᠢᠬᠢ ᠮᠤᠨᠤᠬᠤ ᠶᠢ ᠪᠦᠲᠦᠮᠵᠢᠲᠠᠢ ᠨᠠᠮᠳᠠᠭᠠᠵᠤ᠂ ᠨᠠᠰᠤ ᠠᠬᠢᠬᠤ ᠲᠤᠳᠤᠮ   ᠰᠡᠳᠬᠢᠬᠦᠢ  ᠤᠯᠠᠮ  ᠬᠤᠷᠴᠠ ᠰᠡᠷᠭᠡᠭ ᠪᠤᠯᠤᠨ᠎ᠠ᠃                  ᠠᠮᠧᠷᠢᠺᠠ ᠶᠢᠨ ᠺᠠᠯᠢᠹᠤᠷᠨᠢᠶ᠎ᠠ ᠵᠸᠤ ᠶᠢᠨ ᠶᠡᠭᠡ ᠰᠤᠷᠭᠠᠭᠤᠯᠢ ᠶᠢᠨ ᠳ᠋ᠠᠸᠢᠰ ᠬᠤᠪᠢᠶᠠᠷᠢ ᠰᠤᠷᠭᠠᠭᠤᠯᠢ   ᠶᠢᠨ   ᠰᠢᠨᠵᠢᠯᠡᠬᠦ ᠤᠬᠠᠭᠠᠨ ᠤ ᠰᠤᠳᠤᠯᠭᠠᠨ ᠤ ᠲᠤᠭᠤᠶᠢᠯᠠᠩ 2011 ᠤᠨ ᠳᠤ ᠬᠦᠨ ᠪᠤᠲᠤᠯᠭᠠᠰᠢᠷᠠᠬᠤ ᠲᠤᠬᠠᠢ ᠨᠢᠭᠡᠨ  ᠰᠤᠳᠤᠯᠭᠠᠨ ᠬᠢᠵᠠᠢ᠃ ᠠᠮᠧᠷᠢᠺᠠ ᠶᠢᠨ ᠬᠦᠨ ᠪᠤᠲᠤᠯᠭᠠᠰᠢᠷᠠᠬᠤ ᠲᠦᠪ ᠲᠤ᠂ ᠰᠤᠳᠤᠯᠭᠠᠳᠠᠳ ᠢᠳᠡᠷ ᠦᠳᠡᠯᠦᠭᠡ  ᠨᠠᠰᠤᠨ ᠤ 60 ᠰᠠᠶᠢᠨ ᠲᠤᠷᠠᠴᠢᠨ ᠢ 3 ᠰᠠᠷ᠎ᠠ ᠶᠢᠨ ᠬᠤᠭᠤᠴᠠᠭ᠎ᠠ ᠲᠠᠢ ᠬᠦᠨ ᠪᠤᠲᠤᠯᠭᠠᠰᠢᠷᠠᠬᠤ ᠪᠤᠯᠪᠠᠰᠤᠷᠠᠯ ᠳᠤ  ᠤᠷᠤᠯᠴᠠᠭᠤᠯᠵᠤ᠂ ᠲᠡᠳᠡᠨ ᠤ ᠲᠠᠨᠢᠨ  ᠮᠡᠳᠡᠬᠦᠢ ᠶᠢᠨ ᠴᠢᠳᠠᠪᠤᠷᠢ ᠶᠢᠨ ᠲᠡᠭᠡᠭᠰᠢᠯᠡᠯᠲᠡ ᠳᠤ ᠦᠨᠡᠯᠡᠯᠲᠡ ᠬᠢᠭᠰᠡᠨ  ᠪᠠᠶᠢᠨ᠎ᠠ᠃ ᠲᠤᠰ ᠪᠤᠯᠪᠠᠰᠤᠷᠠᠯ   ᠳᠤ  ᠤᠷᠤᠯᠴᠠᠭᠰᠠᠳ ᠬᠡᠯᠡᠬᠦ ᠳᠡᠭᠡᠨ᠂ ᠬᠦᠨ ᠪᠤᠲᠤᠯᠭᠠᠰᠢᠷᠠᠬᠤ ᠪᠤᠯᠪᠠᠰᠤᠷᠠᠯ ᠳᠤ  ᠤᠷᠤᠬᠤ ᠪᠠᠷ ᠲᠠᠮᠵᠢᠨ ᠲᠡᠳᠡ  ᠠᠰᠠᠭᠤᠳᠠᠯ   ᠳᠤ  ᠲᠠᠶᠢᠪᠤᠭᠤ  ᠬᠠᠨᠳᠤᠵᠤ ᠰᠤᠷᠤᠭᠰᠠᠨ ᠪᠦᠭᠡᠳ ᠦᠷᠦᠪᠴᠢ  ᠰᠡᠳᠬᠢᠯ᠂ ᠪᠤᠰᠤᠳ ᠢ ᠬᠠᠶᠢᠷᠠᠯᠠᠬᠤ ᠰᠡᠳᠬᠢᠯ ᠪᠠ ᠠᠰᠪᠤᠷᠢ ᠴᠠᠭᠠᠪᠤᠷ ᠵᠠᠩ   ᠲᠠᠢ  ᠪᠤᠯᠵᠤ᠂ ᠪᠤᠯᠪᠠᠰᠤᠷᠠᠯ  ᠲᠠᠭᠤᠰᠤᠭᠰᠠᠨ ᠴᠦ ᠬᠦᠨ ᠪᠤᠲᠤᠯᠭᠠᠰᠢᠷᠠᠬᠤ ᠲᠠᠳᠬᠠᠯ ᠢᠶᠠᠨ ᠪᠠᠷᠢᠮᠲᠠᠯᠠᠨ᠎ᠠ ᠭᠡᠵᠠᠢ᠃                  7  ᠵᠢᠯ   ᠤᠨ  ᠲᠠᠷᠠᠭ᠎ᠠ᠂  ᠰᠤᠳᠤᠯᠭᠠᠲᠠᠳ  ᠲᠡᠳᠡᠨ   ᠤ  ᠲᠤᠳᠤᠷᠠᠬᠢ  40  ᠰᠠᠶᠢᠨ  ᠲᠤᠷᠠᠴᠢᠨ   ᠢ   ᠲᠠᠬᠢᠨᠲᠠ ᠰᠤᠷᠪᠤᠯᠵᠢᠯᠠᠭᠰᠠᠨ ᠪᠠᠶᠢᠨ᠎ᠠ᠃ ᠰᠤᠷᠪᠤᠯᠵᠢᠯᠠᠭ᠎ᠠ ᠶᠢᠨ ᠳ᠋ᠦᠩ ᠳᠤ᠂ 85% ᠶᠢᠨ ᠤᠷᠤᠯᠴᠠᠭᠴᠢ ᠡᠨᠡ   ᠬᠦ  ᠰᠠᠶᠢᠨ  ᠲᠠᠳᠬᠠᠯ ᠢᠶᠠᠨ ᠪᠠᠷᠢᠮᠲᠠᠯᠠᠵᠤ᠂ ᠡᠳᠤᠷ ᠪᠦᠷᠢ 1 ᠴᠠᠭ ᠠᠴᠠ ᠢᠯᠡᠬᠦᠦ ᠬᠦᠨ ᠪᠤᠲᠤᠯᠭᠠᠰᠢᠷᠠᠲᠠᠭ  ᠪᠦᠭᠡᠳ ᠠᠳᠠᠭ ᠲᠠᠭᠠᠨ ᠨᠢᠭᠡ ᠤᠳᠠᠭ᠎ᠠ ᠬᠦᠨ ᠪᠤᠲᠤᠯᠭᠠᠰᠢᠷᠠᠵᠤ ᠪᠢᠰᠢᠯᠭᠠᠯ ᠬᠢᠬᠦ ᠠᠵᠢᠯᠯᠠᠭ᠎ᠠ ᠳᠤ ᠤᠷᠤᠯᠴᠠᠵᠤ  ᠦᠩᠭᠡᠷᠡᠵᠠᠢ᠃ ᠰᠤᠳᠤᠯᠭᠠᠲᠠᠳ ᠲᠡᠳᠡᠨ   ᠤ  ᠲᠤᠰᠬᠠᠯ ᠤᠨ ᠬᠤᠷᠳᠤᠴᠠ ᠪᠠ ᠠᠩᠬᠠᠷᠤᠯ ᠤᠨ ᠴᠢᠳᠠᠪᠤᠷᠢ   ᠶᠢ   ᠲᠠᠬᠢᠨᠲᠠ  ᠦᠨᠡᠯᠡᠬᠦ   ᠪᠠᠷ  ᠲᠠᠮᠵᠢᠨ᠂  ᠬᠦᠨ  ᠪᠤᠲᠤᠯᠭᠠᠰᠢᠷᠠᠬᠤ   ᠶᠢ ᠪᠠᠷᠢᠮᠲᠠᠯᠠᠭᠰᠠᠳ ᠤᠨ ᠠᠩᠬᠠᠷᠤᠯ  ᠲᠦᠪᠯᠡᠷᠡᠬᠦᠯᠬᠦ ᠲᠠᠭᠠᠭᠠᠮᠠᠭᠠᠢ ᠴᠢᠳᠠᠪᠤᠷᠢ ᠨᠢ ᠨᠠᠰᠤ ᠠᠬᠢᠬᠤ ᠶᠢ ᠲᠠᠭᠠᠨ ᠪᠠᠭᠤᠷᠠᠭᠰᠠᠨ  ᠦᠭᠡᠢ ᠭᠡᠳᠡᠭ ᠢ ᠤᠯᠵᠤ  ᠮᠡᠳᠡᠭᠰᠡᠨ ᠪᠠᠶᠢᠨ᠎ᠠ᠃                  ᠰᠤᠳᠤᠯᠭᠠᠲᠠᠳ ᠤᠨ ᠬᠡᠯᠡᠬᠦ ᠪᠠᠷ᠂ ᠬᠦᠨ ᠪᠤᠲᠤᠯᠭᠠᠰᠢᠷᠠᠬᠤ ᠨᠢ ᠲᠠᠷᠢᠬᠢᠨ ᠤ  ᠴᠠᠬᠢᠯᠭᠠᠨ  ᠲᠤᠯᠬᠢᠶᠠᠨ   ᠢ   ᠲᠦᠷᠭᠡᠨ ᠵᠤᠬᠢᠴᠠᠭᠤᠯᠵᠤ᠂ ᠰᠡᠳᠬᠢᠬᠦᠢ ᠶᠢ ᠨᠦᠯᠦᠭᠡᠯᠡᠳᠡᠭ ᠬᠦᠴᠦᠨ ᠵᠦᠢᠯ ᠢ ᠠᠷᠢᠯᠭᠠᠨ᠂  ᠠᠩᠬᠠᠷᠤᠯ   ᠲᠦᠪᠯᠡᠷᠡᠬᠦᠯᠬᠦ  ᠦᠷᠭᠡᠴᠡ   ᠶᠢ ᠲᠡᠭᠡᠭᠰᠢᠯᠡᠬᠦᠯᠳᠡᠭ ᠮᠦᠷᠲᠡᠭᠡᠨ ᠦᠷᠬᠦᠯᠵᠢ ᠬᠦᠨ ᠪᠤᠲᠤᠯᠭᠠᠰᠢᠷᠠᠲᠠᠭ ᠬᠦᠮᠦᠨ ᠤ  ᠲᠠᠷᠢᠬᠢᠨ ᠤ ᠪᠦᠷᠬᠦᠪᠴᠢ ᠶᠢᠨ ᠠᠳᠤᠷᠢᠶ᠎ᠠ   ᠨᠢ ᠨᠡᠩ ᠪᠤᠳᠤᠯᠢᠶᠠᠨᠲᠠᠢ᠂ ᠮᠡᠳᠡᠭᠡ ᠵᠠᠩᠬᠢ ᠰᠢᠢᠳᠪᠤᠷᠢᠯᠡᠬᠦ ᠬᠤᠷᠳᠤᠴᠠ   ᠨᠢ ᠨᠡᠩ  ᠲᠦᠷᠭᠡᠨ  ᠪᠤᠯᠵᠤ᠂  ᠴᠡᠭᠡᠵᠢᠯᠡᠬᠦ  ᠴᠢᠳᠠᠪᠤᠷᠢ᠂ ᠠᠩᠬᠠᠷᠤᠯ ᠲᠦᠪᠯᠡᠷᠡᠬᠦᠯᠬᠦ ᠴᠢᠳᠠᠪᠤᠷᠢ ᠪᠠ ᠰᠡᠳᠬᠢᠬᠦᠢ   ᠶᠢᠨ ᠴᠢᠳᠠᠪᠤᠷᠢ ᠨᠢ ᠰᠠᠶᠢᠵᠢᠷᠠᠳᠠᠭ ᠭᠡᠰᠡᠨ ᠢ ᠢ ᠤᠷᠢᠳᠤᠬᠢ  ᠰᠤᠳᠤᠯᠭᠠᠨ ᠨᠢᠭᠡᠨᠲᠡ ᠲᠤᠳᠤᠷᠬᠠᠶᠢᠯᠠᠪᠠ᠃ ᠲᠤᠰ  ᠤᠳᠠᠭᠠᠨ ᠤ ᠰᠢᠨ᠎ᠡ ᠢᠯᠡᠷᠡᠬᠦᠯᠦᠯᠲᠡ ᠨᠢ ᠲᠡᠭᠡᠷᠡᠬᠢ ᠰᠤᠳᠤᠯᠭᠠᠨ ᠤ ᠰᠠᠭᠤᠷᠢᠨ  ᠲᠡᠭᠡᠷ᠎ᠡ᠂ ᠬᠦᠨ ᠪᠤᠲᠤᠯᠭᠠᠰᠢᠷᠠᠬᠤ   ᠶᠢ ᠪᠠᠷᠢᠮᠲᠠᠯᠠᠬᠤ ᠨᠢ ᠢᠳᠡᠷ ᠦᠳᠡᠯᠦᠭᠡ ᠨᠠᠰᠤᠨ  ᠤ ᠬᠦᠮᠦᠰ ᠤᠨ  ᠰᠡᠳᠬᠢᠬᠦᠢ   ᠶᠢᠨ  ᠴᠢᠳᠠᠪᠤᠷᠢ   ᠶᠢ ᠲᠠᠰᠤᠷᠠᠯᠲᠠ  ᠦᠭᠡᠢ ᠰᠠᠶᠢᠵᠢᠷᠠᠭᠤᠯᠵᠤ᠂ ᠦᠳᠡᠯᠬᠦ ᠶᠢ ᠪᠦᠲᠦᠮᠵᠢᠲᠠᠢ  ᠬᠤᠷᠢᠭᠯᠠᠵᠤ  ᠲᠡᠶᠢᠯᠦᠨ᠎ᠡ  ᠭᠡᠳᠡᠭ   ᠢ  ᠭᠡᠷᠡᠴᠢᠯᠡᠵᠠᠢ᠃  ᠰᠤᠳᠤᠯᠭᠠᠲᠠᠳ ᠬᠠᠮᠢᠶ᠎ᠠ ᠪᠦᠬᠦᠢ ᠰᠤᠳᠤᠯᠭᠠᠨ ᠢᠶᠠᠨ ᠦᠷᠬᠦᠯᠵᠢᠯᠡᠨ ᠬᠢᠨ᠎ᠡ ᠭᠡᠵᠠᠢ᠃      
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2