ᠱᠠᠩᠳᠤ ᠰᠢᠶᠠᠨ ᠤ 2018 ᠤᠨ ᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠦᠭᠰᠡᠨ ᠬᠤᠶᠢᠨᠠᠬᠢ ᠠᠵᠤ ᠦᠢᠯᠡᠰ ᠤᠨ ᠬᠦᠭᠵᠢᠬᠦᠯᠦᠯᠳᠡ ᠶᠢᠨ ᠵᠢᠯᠤᠭᠤᠳᠬᠤ ᠰᠠᠨᠠᠯ ᠤᠨ ᠲᠤᠬᠠᠢ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-08-28
                     ᠱᠠᠩᠳᠤ ᠰᠢᠶᠠᠨ ᠤ ᠲᠠᠷᠬᠠᠭᠠᠭᠰᠠᠨ ﹇2018﹈ 46 ᠲᠤᠭᠠᠳᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ᠄       ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢᠶᠠᠷ ᠰᠤᠳᠤᠯᠤᠨ ᠲᠤᠭᠳᠠᠭᠠᠯᠭᠠᠵᠤ᠂ ᠡᠳᠦᠭᠡ ︽ᠱᠠᠩᠳᠤ ᠰᠢᠶᠠᠨ ᠤ 2018 ᠤᠨ ᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠦᠭᠰᠡᠨ ᠬᠤᠶᠢᠨᠠᠬᠢ ᠠᠵᠤ ᠦᠢᠯᠡᠰ ᠤᠨ ᠬᠦᠭᠵᠢᠬᠦᠯᠦᠯᠳᠡ ᠶᠢᠨ ᠵᠢᠯᠤᠭᠤᠳᠬᠤ ᠰᠠᠨᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠨᠢᠮᠪᠠᠢ ᠲᠤᠤᠱᠯᠠᠭᠤᠯᠤᠨ ᠬᠡᠷᠡᠭᠵᠢᠬᠦᠯᠬᠦ ᠪᠤᠯᠪᠠᠤ᠃                                            2018 ᠤᠨ ᠤ 7 ᠰᠠᠷ᠎ᠠ ᠶᠢᠨ 27 ᠤ ᠡᠳᠦᠷᠱᠠᠩᠳᠤ ᠰᠢᠶᠠᠨ ᠤ 2018 ᠤᠨ ᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠦᠭᠰᠡᠨ ᠬᠤᠶᠢᠨᠠᠬᠢ ᠠᠵᠤ ᠦᠢᠯᠡᠰ ᠤᠨ ᠬᠦᠭᠵᠢᠬᠦᠯᠦᠯᠳᠡ ᠶᠢᠨ ᠵᠢᠯᠤᠭᠤᠳᠬᠤ ᠰᠠᠨᠠᠯ       ᠲᠦᠪ᠂ ᠦᠪᠡᠷᠳᠡᠭᠡᠨ ᠵᠠᠰᠠᠬᠤ ᠤᠷᠤᠨ ᠵᠢᠴᠢ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠬᠦ ᠠᠵᠢᠯ ᠤᠨ ᠲᠤᠬᠠᠢ ᠪᠠᠶᠢᠷᠢᠰᠢᠯᠠᠭᠤᠯᠤᠯᠳᠠ ᠶᠤᠰᠤᠭᠠᠷ᠂ ᠮᠠᠨ ᠤ ᠰᠢᠶᠠᠨ ᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠦᠭᠰᠡᠨ ᠠᠵᠤ ᠦᠢᠯᠡᠰ ᠤᠨ ᠬᠦᠭᠵᠢᠯᠳᠡ ᠶᠢ ᠦᠨᠡᠨᠬᠦ ᠲᠦᠯᠬᠢᠨ ᠠᠬᠢᠭᠤᠯᠵᠤ᠂ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠤᠨᠤᠪᠴᠢᠳᠠᠢ ᠠᠩᠬᠢᠵᠢᠷᠠᠭᠤᠯᠬᠤ ᠶᠢᠨ ᠲᠤᠰᠠᠳᠠ᠂ ︽ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠬᠦ ᠢᠨᠵᠧᠨᠧᠷᠢᠩ ᠤᠨ 2018 ᠤᠨ ᠤ ᠠᠮᠢ ᠠᠬᠤᠢ ᠪᠠᠷ ᠬᠡᠪᠡᠷᠡᠭ ᠭᠠᠵᠠᠷ ᠤᠷᠤᠨ ᠤ ᠨᠡᠬᠦᠳᠡᠯ ᠠᠷᠠᠳ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠪᠠᠭᠤᠯᠭᠠᠬᠤ ᠲᠤᠬᠠᠢ ᠮᠡᠳᠡᠭᠳᠡᠯ︾ ︵ᠤᠯᠠᠭᠠᠨᠴᠠᠪ ᠡᠳ᠋ ᠪᠠᠶᠢᠭᠤᠯᠤᠯᠳᠠ ﹇2018﹈ 493 ᠳ᠋ᠤᠭᠠᠷ ᠳᠤᠭᠠᠳᠤ︶ ᠤᠨ ᠵᠤᠷᠢᠭ ᠰᠠᠨᠠᠭᠠᠨ ᠤ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ ᠰᠢᠶᠠᠨ ᠤ ᠪᠤᠳᠠᠳᠤ ᠪᠠᠶᠢᠳᠠᠯ ᠳᠤ ᠤᠶᠠᠯᠳᠤᠭᠤᠯᠤᠨ᠂ ᠲᠤᠰ ᠵᠢᠯᠤᠭᠤᠳᠬᠤ ᠰᠠᠨᠠᠯ ᠢ ᠳᠤᠭᠳᠠᠭᠠᠪᠠ᠃       ᠨᠢᠭᠡ᠂ ᠬᠦᠭᠵᠢᠬᠦᠯᠦᠯᠳᠡ ᠶᠢᠨ ᠠᠭᠤᠯᠭ᠎ᠠ       ᠠᠵᠤ ᠦᠢᠯᠡᠰ ᠤᠨ ᠬᠦᠭᠵᠢᠯᠳᠡ ᠶᠢᠨ ᠭᠤᠤᠯᠳᠠᠯᠭ᠎ᠠ ᠪᠣᠯ ᠶᠠᠳᠠᠭᠤ ᠬᠦᠴᠢᠷᠳᠡᠯᠳᠡᠢ ᠡᠷᠦᠭᠡ ᠶᠢ ᠨᠡᠬᠦᠯᠭᠡᠨ ᠰᠢᠯᠵᠢᠬᠦᠯᠵᠦ᠂ ᠠᠵᠤ ᠦᠢᠯᠡᠰ ᠢ ᠬᠦᠭᠵᠢᠬᠦᠯᠬᠦ᠂ ᠠᠵᠢᠯ ᠤᠯᠭᠤᠯᠳᠠ ᠶᠢ ᠰᠢᠢᠳᠪᠦᠷᠢᠯᠡᠬᠦ ᠵᠢᠴᠢ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠡᠷᠭᠡ ᠳᠠᠯ᠎ᠠ ᠮᠥᠨ᠂ ᠨᠦᠬᠦᠴᠡᠯ ᠲᠠᠢ ᠰᠢᠶᠠᠩ ᠪᠠᠯᠭᠠᠰᠤ ᠲᠦᠪᠯᠡᠷᠡᠩᠬᠦᠢ ᠲᠦᠪᠬᠢᠨᠡᠬᠦᠯᠬᠦ ᠴᠡᠭ ᠲᠤ ᠳᠠᠷᠬᠠᠯᠳᠠ ᠶᠢᠨ ᠮᠠᠶ᠋ᠢᠭ ᠤᠨ ᠨᠠᠷᠠᠨ ᠤ ᠡᠨᠧᠷᠬᠢ ᠪᠠᠷ ᠶᠠᠳᠠᠭᠤ ᠶᠢ ᠳᠡᠳᠬᠦᠬᠦ ᠴᠠᠬᠢᠯᠭᠠᠨ ᠤ ᠦᠷᠳᠡᠭᠡ ᠪᠤᠶᠤ ᠲᠤᠰᠬᠤᠨ ᠱᠠᠲᠤᠨ ᠤ ᠴᠠᠬᠢᠯᠭᠠᠨ ᠤ ᠦᠷᠳᠡᠭᠡ ᠶᠢ ᠤᠷᠢᠳᠠᠪᠠᠷ ᠪᠠᠶᠢᠭᠤᠯᠬᠤ ᠬᠡᠷᠡᠭᠳᠡᠢ᠃ ᠵᠠᠬ᠎ᠠ ᠳᠡᠯᠭᠡᠭᠦᠷ ᠢᠶᠠᠷ ᠬᠦᠲᠦᠯᠦᠮᠵᠢ ᠪᠤᠯᠭᠠᠬᠤ ᠤᠨᠴᠠᠯᠢᠭ ᠢ ᠳᠤᠪᠤᠶᠢᠯᠭᠠᠵᠤ᠂ ᠨᠡᠬᠦᠵᠦ ᠰᠢᠯᠵᠢᠭᠰᠡᠨ ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ︽ᠵᠢᠷᠭᠤᠭᠠᠨ ᠨᠢᠭᠡ︾ ᠶᠢᠨ ᠤᠨᠴᠠᠯᠢᠭᠳᠤ ᠭᠤᠤᠯᠯᠠᠭᠴᠢ ᠠᠵᠤ ᠦᠢᠯᠡᠰ ᠤᠨ ᠳᠤᠭᠤᠷᠢᠨ ᠳᠤ᠂ ᠲᠤᠬᠠᠢ ᠶᠢᠨ ᠭᠠᠵᠠᠷ ᠤᠨ ᠪᠠᠶᠢᠳᠠᠯ ᠳᠤ ᠵᠤᠬᠢᠴᠠᠭᠤᠯᠤᠨ ᠤᠨᠴᠠᠯᠢᠭᠳᠤ ᠳᠠᠷᠢᠮᠠᠯ ᠳᠡᠵᠢᠭᠡᠪᠦᠷᠢ ᠶᠢᠨ ᠦᠢᠯᠡᠰ᠂ ᠬᠦᠳᠡᠯᠮᠦᠷᠢ ᠪᠠᠷ ᠡᠷᠴᠢᠮᠵᠢᠭᠰᠡᠨ ᠮᠠᠶ᠋ᠢᠭ ᠤᠨ ᠠᠵᠤ ᠦᠢᠯᠡᠰ᠂ ᠬᠤᠳᠠᠯᠳᠤᠭ᠎ᠠ ᠠᠷᠠᠯᠵᠢᠶᠠᠨ ᠤ ᠬᠦᠢᠯᠭᠡᠭᠡᠨ  ᠤ ᠠᠵᠤ ᠦᠢᠯᠡᠰ᠂ ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠵᠡᠷᠭᠡ ᠶᠢ ᠪᠤᠶᠢᠵᠢᠭᠤᠯᠵᠤ᠂ ᠨᠡᠬᠦᠵᠦ ᠰᠢᠯᠵᠢᠭᠰᠡᠨ ᠶᠠᠳᠠᠭᠤ ᠬᠦᠴᠢᠷᠳᠡᠯᠳᠡᠢ ᠡᠷᠦᠭᠡ ᠶᠢᠨ ᠤᠷᠤᠯᠭ᠎ᠠ ᠶᠢᠨ ᠨᠡᠮᠡᠭᠳᠡᠯ ᠢ ᠨᠢ ᠳᠤᠭᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠡᠬᠦᠨ ᠤ ᠳᠠᠭᠠᠤ᠂ ᠠᠵᠢᠯ ᠤᠯᠭᠤᠯᠳᠠ ᠶᠢᠨ ᠠᠷᠭ᠎ᠠ ᠵᠠᠮ ᠦᠷᠭᠡᠳᠭᠡᠬᠦ ᠶᠢ ᠨᠢ ᠵᠤᠷᠢᠭᠵᠢᠭᠤᠯᠵᠤ᠂ ᠠᠮᠢ ᠠᠬᠤᠢ ᠪᠠᠷ ᠶᠠᠳᠠᠭᠤ ᠶᠢ ᠳᠡᠳᠬᠦᠬᠦ᠂ ᠨᠡᠶᠢᠳᠡ ᠶᠢᠨ ᠠᠰᠠᠷᠠᠮᠵᠢ ᠶᠢᠨ ᠪᠠᠶᠢᠷᠢ ᠪᠠᠷ ᠶᠠᠳᠠᠭᠤ  ᠶᠢ ᠳᠡᠳᠬᠦᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠨᠡᠩ ᠤᠯᠠᠨ ᠠᠵᠢᠯ ᠤᠯᠭᠤᠯᠳᠠ ᠶᠢᠨ ᠪᠠᠶᠢᠷᠢ ᠪᠤᠢ ᠪᠤᠯᠭᠠᠬᠤ ᠬᠡᠷᠡᠭᠳᠡᠢ᠃ ᠡᠯ᠎ᠡ ᠰᠢᠶᠠᠩ ᠪᠠᠯᠭᠠᠰᠤᠨ ᠤ ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠨᠢ ᠵᠤᠷᠢᠭᠵᠢᠭᠤᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠬᠦᠰᠡᠯ ᠢ ᠬᠦᠢᠴᠡᠳ ᠬᠦᠨᠳᠦᠳᠭᠡᠵᠦ᠂ ᠨᠢᠭᠡ ᠲᠤᠰᠬᠤᠨ ᠳᠤ ᠪᠤᠳᠤᠯᠭ᠎ᠠ ᠲᠠᠢ ᠪᠠᠶᠢᠯᠭᠠᠬᠤ᠂ ᠨᠢᠭᠡ ᠡᠷᠦᠭᠡ ᠳᠤ ᠨᠢᠭᠡ ᠠᠷᠭ᠎ᠠ ᠲᠠᠢ ᠪᠠᠶᠢᠯᠭᠠᠬᠤ ᠶᠢ ᠠᠪᠴᠤ᠂ ᠬᠡᠨᠡᠨ ᠲᠦᠭᠰᠢᠬᠦᠷᠢᠳᠦ ᠵᠡᠭᠡᠯᠡᠯᠭᠡ ᠶᠢᠨ ᠬᠦᠦ ᠮᠦᠩᠬᠦ ᠶᠢ ᠨᠦᠬᠦᠪᠦᠷᠢᠯᠡᠬᠦ᠂ ᠡᠳ᠋ ᠬᠦᠷᠦᠩᠭᠡ ᠪᠠᠷ ᠠᠰᠢᠭ ᠤᠯᠬᠤ᠂ ᠤᠷᠢᠳᠠᠪᠠᠷ ᠪᠠᠶᠢᠭᠤᠯᠵᠤ ᠰᠡᠬᠦᠯ ᠳᠤ ᠨᠢ ᠨᠦᠬᠦᠪᠦᠷᠢᠯᠡᠬᠦ᠂ ᠱᠠᠩᠨᠠᠬᠤ ᠪᠠᠷ ᠤᠷᠤᠭᠤᠯᠬᠤ ᠶᠢ ᠤᠷᠤᠯᠠᠭᠤᠯᠬᠤ᠂ ᠬᠤᠪᠢ ᠤᠷᠤᠭᠤᠯᠵᠤ ᠬᠤᠷᠰᠢᠬᠤ᠂ ᠳᠤᠪᠶ᠋ᠢᠭ ᠮᠠᠶ᠋ᠢᠭ ᠵᠡᠷᠭᠡ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠷᠭ᠎ᠠ ᠠᠪᠴᠠᠯ  ᠢᠶᠠᠷ ᠳᠠᠮᠵᠢᠭᠤᠯᠤᠨ᠂ ᠶᠠᠳᠠᠭᠤ ᠶᠢ ᠳᠡᠳᠬᠦᠬᠦ ᠪᠡᠯᠡ ᠮᠦᠩᠬᠦ ᠶᠢ ᠰᠠᠶᠢᠳᠤᠷ ᠬᠠᠮᠢᠶᠠᠷᠴᠤ ᠬᠡᠷᠡᠭᠯᠡᠬᠦ ᠬᠡᠷᠡᠭᠳᠡᠢ᠃       ᠬᠤᠶᠠᠷ᠂ ᠬᠦᠭᠵᠢᠯᠳᠡ ᠶᠢᠨ ᠬᠠᠷᠠᠯᠳᠠ       ᠮᠠᠨ ᠤ ᠰᠢᠶᠠᠨ ᠤ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠤᠬᠢᠷᠠᠭᠤᠯᠬᠤ᠂ ᠲᠦᠷᠦᠯ ᠬᠤᠪᠢᠶᠠᠨ ᠳᠡᠮᠵᠢᠨ ᠳᠡᠳᠬᠦᠬᠦ ᠠᠷᠭ᠎ᠠ ᠮᠠᠶ᠋ᠢᠭ ᠢ ᠪᠠᠷᠢᠮᠳᠠᠯᠠᠵᠤ᠂ ᠡᠯ᠎ᠡ ᠵᠦᠢᠯ ᠤᠨ ᠡᠬᠢ ᠪᠠᠶᠠᠯᠢᠭ ᠢ ᠨᠡᠶᠢᠳᠭᠡᠵᠦ᠂ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠦᠭᠰᠡᠨ ᠶᠠᠳᠠᠭᠤ ᠬᠦᠴᠢᠷᠳᠡᠯᠳᠡᠢ ᠡᠷᠦᠭᠡ ᠶᠢᠨ ᠲᠤᠰ ᠭᠠᠵᠠᠷ ᠤᠨ ᠳᠠᠪᠠᠭᠤᠯᠢᠭᠳᠤ ᠠᠵᠤ ᠦᠢᠯᠡᠰ ᠤᠨ ᠨᠡᠭᠡᠭᠡᠨ ᠬᠦᠭᠵᠢᠬᠦᠯᠦᠯᠳᠡ ᠡᠵᠡᠩᠨᠡᠯᠳᠡ ᠳᠤ ᠢᠳᠡᠪᠬᠢᠳᠡᠢ ᠤᠷᠤᠯᠴᠠᠬᠤ ᠶᠢ ᠨᠢ ᠬᠦᠳᠦᠯᠵᠦ᠂ ᠨᠡᠬᠦᠵᠦ ᠰᠢᠯᠵᠢᠭᠰᠡᠨ ᠡᠷᠦᠭᠡ ᠶᠢᠨ ᠪᠡᠶ᠎ᠡ ᠪᠠᠨ ᠬᠦᠭᠵᠢᠬᠦᠯᠬᠦ ᠴᠢᠳᠠᠪᠤᠷᠢ ᠶᠢ ᠨᠢ ᠳᠡᠭᠡᠭᠰᠢᠯᠡᠬᠦᠯᠵᠦ᠂ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ᠂ ᠴᠢᠰᠤ ᠶᠡᠬᠦᠯᠡᠵᠦ ᠪᠠᠶᠢᠭᠰᠠᠨ  ᠢ ᠨᠢ ᠨᠡᠬᠦᠵᠦ ᠰᠢᠯᠵᠢᠭᠰᠡᠨ ᠡᠷᠦᠭᠡ ᠦᠪᠡᠷᠰᠡᠳ ᠢᠶᠠᠨ ᠴᠢᠰᠤ ᠪᠦᠲᠦᠭᠡᠬᠦ ᠪᠤᠯᠭᠠᠨ ᠬᠤᠪᠢᠷᠠᠭᠤᠯᠵᠤ᠂ ᠨᠡᠬᠦᠵᠦ ᠰᠢᠯᠵᠢᠭᠰᠡᠨ ᠡᠷᠦᠭᠡ ᠶᠢᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ ᠦᠳᠳᠡᠷ ᠲᠦᠷᠭᠡᠨ ᠶᠠᠳᠠᠭᠤ  ᠠᠴᠠ ᠠᠩᠬᠢᠵᠢᠷᠠᠬᠤ ᠪᠠᠷᠢᠮᠵᠢᠶᠠᠨ ᠳᠤ ᠬᠦᠷᠭᠡᠬᠦ ᠪᠠ ᠳᠠᠪᠠᠭᠤᠯᠵᠤ᠂ ᠤᠷᠳᠤ ᠬᠤᠭᠤᠴᠠᠭᠠᠨ ᠤ ᠳᠤᠭᠳᠠᠭᠤᠨ ᠪᠠᠶᠠᠵᠢᠯ  ᠤᠨ ᠵᠠᠮ ᠢᠶᠠᠷ ᠵᠠᠮᠨᠠᠭᠤᠯᠤᠨ᠎ᠠ᠃       ᠭᠤᠷᠪᠠ᠂ ᠬᠦᠭᠵᠢᠯᠳᠡ ᠶᠢᠨ ᠵᠠᠭᠪᠤᠷ       ︵ᠨᠢᠭᠡ︶ ᠠᠵᠤ ᠦᠢᠯᠡᠰ ᠢᠶᠠᠷ ᠳᠡᠮᠵᠢᠨ ᠳᠡᠳᠬᠦᠬᠦ ᠵᠠᠭᠪᠤᠷ᠃ ᠪᠦᠬᠦ ᠰᠢᠶᠠᠨ ᠤ ᠭᠤᠤᠯᠯᠠᠭᠴᠢ ᠠᠵᠤ ᠦᠢᠯᠡᠰ ᠲᠤ ᠲᠦᠰᠢᠭᠯᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠨᠡᠬᠦᠵᠦ ᠰᠢᠯᠵᠢᠭᠰᠡᠨ ᠭᠠᠵᠠᠷ ᠤᠨ ᠲᠤᠭᠳᠠᠨᠢᠬᠤ ᠨᠦᠬᠦᠴᠡᠯ ᠢ ᠦᠨᠳᠦᠰᠦᠯᠡᠵᠦ᠂ ᠳᠠᠷᠢᠮᠠᠯ ᠳᠡᠵᠢᠭᠡᠪᠦᠷᠢ ᠶᠢᠨ ᠦᠢᠯᠡᠰ᠂ ᠰᠢᠭᠤᠢ ᠵᠢᠮᠢᠰ ᠤᠨ ᠦᠢᠯᠡᠰ ᠤᠨ ᠲᠤᠭᠤᠷᠢᠨ  ᠳᠤ᠂ ᠶᠠᠳᠠᠭᠤ ᠬᠦᠴᠢᠷᠳᠡᠯᠳᠡᠢ ᠡᠷᠦᠭᠡ ᠶᠢᠨ ᠤᠨᠴᠠᠯᠢᠭᠳᠤ ᠠᠵᠤ ᠦᠢᠯᠡᠰ ᠢ ᠪᠤᠶᠢᠵᠢᠭᠤᠯᠤᠨ ᠬᠦᠭᠵᠢᠬᠦᠯᠬᠦ ᠶᠢ ᠨᠢ ᠵᠤᠷᠢᠭᠵᠢᠭᠤᠯᠵᠤ᠂ ᠪᠦᠬᠦ ᠰᠢᠶᠠᠨ ᠤ ᠳᠤᠭᠳᠠᠭᠠᠭᠰᠠᠨ ᠠᠵᠤ ᠦᠢᠯᠡᠰ ᠤᠨ ᠳᠡᠮᠵᠢᠯᠭᠡ ᠶᠢᠨ ᠡᠯ᠎ᠡ ᠵᠦᠢᠯ ᠤᠨ ᠲᠦᠷᠦ  ᠶᠢᠨ ᠪᠤᠳᠤᠯᠭ᠎ᠠ ᠪᠠᠷ ᠨᠦᠬᠦᠪᠦᠷᠢ ᠦᠭᠭᠦᠨ᠎ᠡ᠃       ︵ᠬᠤᠶᠠᠷ︶ ᠲᠤᠯᠤᠭᠠᠶᠢᠯᠠᠭᠴᠢ ᠠᠵᠤ ᠠᠬᠤᠶᠢᠯᠠᠯ ᠳᠤ ᠠᠭᠤᠰᠤᠯᠳᠤᠬᠤ ᠵᠠᠭᠪᠤᠷ᠃ ᠬᠤᠸᠠ ᠱᠧᠩ ᠯᠢᠤᠢ ᠨᠧᠩ ᠺᠤᠮᠫᠠᠨᠢ᠂ ᠪᠠᠢ ᠾᠦ᠋ᠢ ᠱᠧᠩ ᠰᠢᠬᠢᠷ ᠤᠨ ᠦᠢᠯᠡᠰ ᠤᠨ ᠬᠢᠵᠠᠭᠠᠷᠳᠤ ᠺᠤᠮᠫᠠᠨᠢ᠂ ᠵᠦᠩ ᠳ᠋ᠢ ᠠᠮᠢ ᠠᠬᠤᠢ ᠶᠢᠨ ᠮᠠᠯᠵᠢᠯ ᠤᠨ ᠳᠠᠯᠠᠪᠠᠢ ᠶᠢᠨ ᠬᠢᠵᠠᠭᠠᠷᠳᠤ ᠺᠤᠮᠫᠠᠨᠢ᠂ ᠣᠣ ᠴᠦᠨ ᠠᠷᠢᠬᠢᠨ ᠤ ᠦᠢᠯᠡᠰ ᠤᠨ ᠪᠦᠯᠦᠭᠯᠡᠯ ᠵᠡᠷᠭᠡ ᠡᠵᠡᠩᠨᠡᠯᠳᠡ ᠪᠠᠷ ᠬᠡᠪᠴᠢᠶᠡᠵᠢᠭᠰᠡᠨ᠂ ᠦᠷ᠎ᠡ ᠠᠰᠢᠭ ᠢᠶᠠᠷ ᠰᠠᠶᠢᠨ᠂ ᠢᠳᠡᠭᠡᠯ ᠠᠯᠳᠠᠷ ᠢᠶᠠᠷ ᠦᠨᠳᠦᠷ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠬᠦᠮᠦᠨ ᠪᠤᠯᠭᠠᠨ ᠤ 5000 ᠲᠦᠬᠦᠷᠢᠭ ᠤᠨ ᠠᠵᠤ ᠦᠢᠯᠡᠰ ᠤᠨ ᠬᠦᠭᠵᠢᠯᠳᠡ ᠶᠢᠨ ᠪᠡᠯᠡ ᠮᠦᠩᠬᠦ ᠶᠢ ᠠᠵᠤ ᠠᠬᠤᠶᠢᠯᠠᠯ ᠳᠤ ᠠᠭᠤᠰᠤᠯᠴᠠᠭᠤᠯᠵᠤ᠂ ᠶᠠᠳᠠᠭᠤ ᠬᠦᠴᠢᠷᠳᠡᠯᠳᠡᠢ ᠡᠷᠦᠭᠡ  ᠳᠤ ᠵᠢᠯ ᠤᠨ ᠡᠴᠦᠰ ᠲᠤ ᠠᠰᠢᠭ ᠬᠤᠪᠢᠶᠠᠷᠢᠯᠠᠨ᠎ᠠ᠃       ︵ᠭᠤᠷᠪᠠ︶ ᠬᠤᠷᠰᠢᠶᠠᠵᠢᠯ ᠢᠶᠠᠷ ᠳᠠᠶᠢᠴᠢᠯᠠᠨ ᠬᠦᠳᠡᠯᠭᠡᠬᠦ ᠵᠠᠭᠪᠤᠷ᠃ ᠡᠯ᠎ᠡ ᠲᠦᠷᠦᠯ ᠤᠨ ᠬᠤᠷᠰᠢᠶᠠᠵᠢᠯ  ᠳᠤ ᠲᠦᠰᠢᠭᠯᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠬᠦᠮᠦᠨ ᠪᠤᠯᠭᠠᠨ ᠤ 5000 ᠲᠦᠬᠦᠷᠢᠭ ᠤᠨ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠬᠦ ᠠᠵᠤ ᠦᠢᠯᠡᠰ ᠤᠨ ᠪᠡᠯᠡ ᠮᠦᠩᠬᠦ ᠶᠢ ᠬᠤᠷᠰᠢᠶᠠᠵᠢᠯ ᠳᠤ ᠨᠠᠶᠢᠳᠠᠵᠤ ᠦᠷ᠎ᠡ ᠶᠢᠨ ᠮᠠᠯ ᠪᠤᠶᠤ ᠰᠠᠭᠤᠷᠢ ᠡᠬᠡ ᠮᠠᠯ ᠨᠢᠭᠡᠳᠦᠯᠳᠡᠢ ᠬᠤᠳᠠᠯᠳᠤᠨ ᠠᠪᠬᠤ ᠮᠦᠷᠳᠡᠭᠡᠨ ᠪᠤᠷᠳᠤᠨ ᠳᠡᠵᠢᠭᠡᠬᠦ ᠪᠠ ᠬᠠᠮᠢᠶᠠᠷᠴᠤ᠂ ᠶᠠᠳᠠᠭᠤ ᠬᠦᠴᠢᠷᠳᠡᠯᠳᠡᠢ ᠡᠷᠦᠭᠡ ᠳᠤ ᠵᠢᠯ ᠤᠨ ᠡᠴᠦᠰ ᠠᠰᠢᠭ ᠬᠤᠪᠢᠶᠠᠷᠢᠯᠠᠨ᠎ᠠ᠃       ︵ᠲᠦᠷᠪᠡ︶ ᠰᠢᠨ᠎ᠡ ᠮᠠᠶ᠋ᠢᠭ ᠤᠨ ᠠᠵᠤ ᠦᠢᠯᠡᠰ ᠢ ᠬᠠᠪᠰᠤᠷᠤᠨ ᠠᠬᠢᠭᠤᠯᠬᠤ ᠵᠠᠭᠪᠤᠷ᠃ ᠰᠢᠨ᠎ᠡ ᠮᠠᠶ᠋ᠢᠭ  ᠤᠨ ᠨᠠᠷᠠᠨ ᠤ ᠡᠨᠧᠷᠬᠢ ᠶᠢᠨ ᠳᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠵᠦ᠂ ᠤᠨᠴᠠᠯᠢᠭᠳᠤ ᠳᠡᠵᠢᠭᠡᠪᠦᠷᠢ ᠶᠢᠨ ᠦᠢᠯᠡᠰ ᠪᠠ ᠨᠠᠷᠠᠨ ᠤ ᠡᠨᠧᠷᠬᠢ ᠶᠢᠨ ᠠᠵᠤ ᠦᠢᠯᠡᠰ ᠢ ᠬᠦᠭᠵᠢᠬᠦᠯᠵᠦ᠂ ᠨᠠᠷᠠᠨ ᠤ ᠡᠨᠧᠷᠬᠢ + ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠵᠠᠭᠪᠤᠷ ᠢ ᠪᠦᠷᠢᠯᠳᠦᠬᠦᠯᠦᠨ᠎ᠡ︔ ᠮᠠᠨ ᠤ ᠰᠢᠶᠠᠨ ᠤᠯᠤᠰ ᠤᠨ ᠴᠠᠬᠢᠯᠭᠠᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠰᠢᠶᠠᠨ  ᠳᠤ ᠤᠷᠤᠭᠰᠠᠨ ᠢ ᠲᠦᠰᠢᠭᠯᠡᠵᠦ᠂ ᠡᠯᠧᠺᠲᠷᠦᠨ ᠬᠤᠳᠠᠯᠳᠤᠭ᠎ᠠ  + ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠵᠠᠭᠪᠤᠷ ᠢ ᠨᠡᠭᠡᠭᠡᠨ᠎ᠡ᠃       ︵ᠳᠠᠪᠤ︶ ᠠᠵᠢᠯ ᠤᠯᠭᠤᠵᠤ ᠲᠦᠪᠬᠢᠨᠡᠬᠦᠯᠬᠦ ᠵᠠᠭᠪᠤᠷ᠃ ᠡᠯ᠎ᠡ ᠲᠦᠷᠦᠯ ᠤᠨ ᠨᠡᠶᠢᠳᠡ ᠶᠢᠨ ᠠᠰᠠᠷᠠᠮᠵᠢ ᠶᠢᠨ ᠪᠠᠶᠢᠷᠢ ᠶᠢ ᠲᠦᠰᠢᠭᠯᠡᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠤᠢ ᠬᠠᠮᠠᠭᠠᠯᠠᠭᠴᠢ ᠪᠠ ᠴᠡᠪᠡᠷᠯᠡᠭᠴᠢ ᠶᠢᠨ ᠪᠠᠶᠢᠷᠢᠨ ᠳᠡᠭᠡᠷ᠎ᠡ ᠳᠤᠬᠢᠷᠠᠭᠤᠯᠵᠤ᠂ ᠡᠩ ᠲᠡᠷᠢᠬᠦᠨ ᠳᠤ ᠠᠵᠤ ᠠᠬᠤᠶᠢᠯᠠᠯ ᠳᠤ ᠳᠠᠨᠢᠯᠴᠠᠭᠤᠯᠵᠤ ᠬᠦᠯᠦᠰᠦᠨ ᠠᠵᠢᠯ ᠬᠢᠯᠭᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠦᠪᠡᠷ ᠢᠶᠠᠨ ᠡᠵᠡᠨ ᠮᠡᠳᠡᠵᠦ ᠦᠢᠯᠡᠰ ᠰᠤᠩᠭᠤᠬᠤ ᠶᠢ ᠨᠢ ᠵᠤᠷᠢᠭᠵᠢᠭᠤᠯᠵᠤ᠂ ᠨᠡᠬᠦᠵᠦ ᠰᠢᠯᠵᠢᠭᠰᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠳᠤᠭᠳᠠᠭᠤᠨ ᠤᠷᠤᠯᠭ᠎ᠠ ᠪᠠᠶᠢᠬᠤ ᠶᠢ ᠪᠡᠶᠡᠯᠡᠬᠦᠯᠦᠨ᠎ᠡ᠃       ︵ᠵᠢᠷᠭᠤᠭ᠎ᠠ︶ ᠨᠠᠮ ᠤᠨ ᠡᠬᠦᠷ ᠬᠦᠲᠦᠯᠦᠨ ᠳᠠᠭᠠᠭᠤᠯᠬᠤ ᠵᠠᠭᠪᠤᠷ᠃ ᠨᠠᠮ ᠤᠨ ᠡᠬᠦᠷ ᠤᠨ ᠵᠢᠱᠢᠶᠡᠴᠢ ᠳᠠᠭᠠᠭᠤᠯᠤᠭᠴᠢ ᠦᠢᠯᠡᠳᠦᠯ ᠳᠤ ᠲᠦᠰᠢᠭᠯᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠬᠤᠶᠢᠨᠠᠬᠢ ᠠᠵᠤ ᠦᠢᠯᠡᠰ  ᠤᠨ ᠬᠦᠭᠵᠢᠯᠳᠡ ᠶᠢᠨ ᠪᠡᠯᠡ ᠮᠦᠩᠬᠦ ᠶᠢ ᠲᠦᠪᠯᠡᠷᠡᠬᠦᠯᠦᠨ ᠨᠡᠶᠢᠳᠭᠡᠵᠦ᠂ ᠠᠵᠤ ᠦᠢᠯᠡᠰᠵᠢᠯᠳᠡ᠂ ᠬᠡᠪᠴᠢᠶᠡᠵᠢᠯᠳᠡ  ᠶᠢᠨ ᠡᠵᠡᠩᠨᠡᠯᠳᠡ ᠡᠷᠬᠢᠯᠡᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠤᠷᠤᠯᠭ᠎ᠠ ᠶᠢ ᠳᠤᠭᠳᠠᠭᠤᠨ ᠪᠤᠯᠭᠠᠬᠤ ᠶᠢᠨ ᠳᠠᠭᠠᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃       ᠲᠦᠷᠪᠡ᠂ ᠵᠤᠬᠢᠶᠠᠨ ᠪᠠᠶᠢᠭᠤᠯᠤᠯᠳᠠ ᠶᠢ ᠪᠠᠲᠤᠯᠠᠭ᠎ᠠ       ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠬᠡᠨ ᠰᠢᠯᠵᠢᠬᠦᠯᠬᠦ ᠶᠢᠨ ᠠᠵᠤ ᠦᠢᠯᠡᠰ ᠤᠨ ᠬᠦᠭᠵᠢᠯᠳᠡ ᠶᠢᠨ ᠠᠵᠢᠯ ᠢ ᠢᠳᠡᠪᠬᠢᠳᠡᠢ ᠶᠠᠪᠤᠭᠳᠠᠭᠤᠯᠵᠤ᠂ ᠬᠤᠷᠴᠠ ᠴᠢᠳᠠᠮᠠᠭᠠᠢ ᠬᠦᠴᠦᠨ ᠢ ᠳᠠᠳᠠᠨ ᠪᠦᠷᠢᠯᠳᠦᠬᠦᠯᠵᠦ ᠬᠠᠷᠢᠭᠤᠴᠠᠭᠤᠯᠵᠤ᠂ ᠡᠬᠦᠷᠭᠡ ᠪᠠᠨ ᠴᠢᠨᠠᠭᠰᠢᠳᠠ ᠨᠠᠷᠢᠯᠢᠭᠵᠢᠭᠤᠯᠤᠨ ᠢᠯᠭᠠᠪᠤᠷᠢᠯᠠᠵᠤ᠂ ᠨᠠᠶᠢᠳᠠᠪᠤᠷᠢᠵᠢᠭᠤᠯᠬᠤ ᠴᠠᠭ ᠤᠨ ᠬᠢᠵᠠᠭᠠᠷᠯᠠᠯ ᠢ ᠳᠤᠳᠤᠷᠬᠠᠶᠢᠯᠠᠵᠤ᠂ ᠲᠤᠰᠬᠠᠢ ᠬᠦᠮᠦᠨ ᠢᠶᠠᠷ ᠲᠤᠰᠬᠠᠢ ᠶᠠᠪᠤᠳᠠᠯ ᠢ ᠲᠤᠰᠬᠠᠢ ᠬᠦᠢᠴᠡᠳᠭᠡᠯᠭᠡᠨ᠎ᠡ᠃ ᠡᠳ᠋ ᠤᠨ ᠵᠠᠰᠠᠭ᠂ ᠶᠠᠳᠠᠭᠤ ᠶᠢ ᠳᠡᠳᠬᠦᠬᠦ᠂ ᠬᠦᠭᠵᠢᠬᠦᠯᠦᠯᠳᠡ ᠦᠭᠡᠷᠡᠴᠢᠯᠡᠯᠳᠠ᠂ ᠲᠠᠷᠢᠶᠠᠯᠠᠩ ᠮᠠᠯ ᠠᠵᠤ ᠠᠬᠤᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠡᠶᠢᠯᠡᠮᠡᠯ ᠬᠦᠴᠦᠨ ᠪᠤᠯᠵᠤ ᠪᠦᠷᠢᠯᠳᠦᠵᠦ᠂ ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠬᠦ ᠶᠢᠨ ᠠᠵᠤ ᠦᠢᠯᠡᠰ ᠤᠨ ᠬᠦᠭᠵᠢᠯᠳᠡ ᠶᠢᠨ ᠠᠵᠢᠯ ᠤᠨ ᠡᠬᠦᠷᠭᠡ ᠶᠢᠨ ᠡᠮᠬᠢ ᠲᠢᠭᠯᠢᠮ ᠲᠠᠢ ᠲᠦᠯᠬᠢᠨ ᠠᠬᠢᠵᠢᠬᠤ ᠶᠢ ᠦᠨᠡᠨᠬᠦ ᠪᠠᠳᠤᠯᠠᠬᠤ ᠬᠡᠷᠡᠭᠳᠡᠢ᠃       ︵ᠬᠤᠶᠠᠷ︶ ᠤᠬᠠᠭᠤᠯᠭ᠎ᠠ ᠪᠠᠷ ᠬᠦᠲᠦᠯᠦᠨ ᠳᠠᠭᠠᠭᠤᠯᠬᠤ ᠶᠢ ᠴᠢᠬᠤᠯᠠᠴᠢᠯᠠᠨ᠎ᠠ᠃ ᠸᠢᠴᠠᠲ ᠰᠤᠨᠢᠨ ᠮᠡᠳᠡᠭᠡᠨ ᠤ ᠵᠠᠭᠤᠴᠢᠯᠠᠭᠤᠷ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠴᠤᠩᠬᠤ᠂ ᠲᠤᠰᠬᠤᠨ ︵ᠨᠡᠶᠢᠭᠡᠮ ᠲᠤᠭᠤᠷᠢᠭ︶ ᠤ ᠨᠡᠶᠢᠳᠡᠯᠡᠬᠦ ᠰᠠᠮᠪᠠᠷ᠎ᠠ ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠵᠤ᠂ ᠨᠡᠬᠦᠵᠦ ᠰᠢᠯᠵᠢᠭᠰᠡᠨ ᠡᠷᠦᠭᠡ ᠶᠢᠨ ᠬᠤᠶᠢᠨᠠᠬᠢ ᠳᠠᠮᠵᠢᠨ ᠳᠡᠳᠬᠦᠬᠦ ᠲᠦᠷᠦ ᠶᠢᠨ ᠪᠤᠳᠤᠯᠭ᠎ᠠ ᠶᠢ ᠤᠬᠠᠭᠤᠯᠵᠤ᠂ ᠠᠵᠢᠯ ᠤᠨ ᠬᠢᠯᠠᠰ ᠴᠡᠭ ᠪᠠ ᠠᠮᠵᠢᠯᠳᠠ ᠲᠠᠢ ᠲᠤᠷᠰᠢᠯᠭ᠎ᠠ ᠤᠳ ᠢ ᠳᠡᠯᠭᠡᠷᠡᠬᠦᠯᠵᠦ᠂ ᠨᠡᠬᠦᠵᠦ ᠰᠢᠯᠵᠢᠭᠰᠡᠨ ᠡᠷᠦᠭᠡ ᠶᠢᠨ ᠦᠢᠯᠡᠰ ᠪᠤᠰᠬᠠᠯᠳᠠ ᠶᠢᠨ ᠪᠤᠯᠪᠠᠰᠤᠷᠠᠭᠤᠯᠤᠯ᠂ ᠠᠵᠤ ᠠᠬᠤᠶᠢᠯᠠᠯ ᠤᠨ ᠡᠯᠰᠡᠯᠳᠡ᠂ ᠠᠵᠤ ᠦᠢᠯᠡᠰ ᠤᠨ ᠬᠦᠭᠵᠢᠯᠳᠡ ᠵᠡᠷᠭᠡ ᠠᠵᠢᠯᠯᠠᠭ᠎ᠠ ᠳᠤ ᠦᠷᠭᠡᠨ ᠳᠡᠯᠭᠡᠷ ᠤᠷᠤᠯᠴᠠᠬᠤ ᠢᠳᠡᠪᠬᠢᠵᠢᠯ ᠪᠠ ᠰᠠᠨᠠᠭᠠᠴᠢᠯᠭᠠᠳᠤ ᠴᠢᠨᠠᠷ ᠢ ᠨᠢ ᠳᠠᠶᠢᠴᠢᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠬᠤ ᠬᠡᠷᠡᠭᠳᠡᠢ᠃       ︵ᠭᠤᠷᠪᠠ︶ ᠰᠢᠮᠳᠠᠭᠤᠯᠤᠨ ᠪᠠᠶᠢᠴᠠᠭᠠᠯᠳᠠ ᠰᠢᠯᠭᠠᠨ ᠬᠢᠨᠠᠯᠳᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠲᠤᠭᠳᠠᠭᠠᠭᠰᠠᠨ ᠬᠡᠷᠡᠭᠴᠡᠭᠡ ᠪᠠᠷ ᠠᠵᠤ ᠦᠢᠯᠡᠰ ᠤᠨ ᠬᠦᠭᠵᠢᠬᠦᠯᠦᠯᠳᠡ ᠶᠢᠨ ᠪᠡᠯᠡ ᠮᠦᠩᠬᠦ ᠶᠢ ᠲᠤᠬᠢᠷᠠᠭᠤᠯᠤᠨ ᠬᠡᠷᠡᠭᠯᠡᠵᠦ᠂ ᠬᠠᠮᠢᠶ᠎ᠠ ᠪᠦᠬᠦᠢ ᠳᠤᠭᠳᠠᠭᠠᠯ ᠢ ᠴᠢᠩᠭ᠎ᠠ ᠵᠢᠷᠤᠮᠯᠠᠵᠤ᠂ ᠪᠡᠯᠡ ᠮᠦᠩᠬᠦᠨ ᠤ ᠬᠡᠷᠡᠭᠯᠡᠯᠳᠡ  ᠶᠢᠨ ᠬᠢᠨᠠᠨ ᠬᠠᠮᠢᠶᠠᠷᠤᠯᠳᠠ ᠶᠢ ᠰᠠᠶᠢᠳᠤᠷ ᠬᠢᠬᠦ ᠬᠡᠷᠡᠭᠳᠡᠢ᠃ ᠵᠠᠰᠠᠭ ᠤᠨ ᠤᠷᠳᠤᠨ ᠠᠴᠠ ᠬᠦᠭᠵᠢᠬᠦᠯᠦᠯᠳᠡ ᠦᠭᠡᠷᠡᠴᠢᠯᠡᠯᠳᠡ᠂ ᠶᠠᠳᠠᠭᠤ ᠶᠢ ᠳᠡᠳᠬᠦᠬᠦ ᠵᠡᠷᠭᠡ ᠰᠠᠯᠠᠭ᠎ᠠ ᠮᠦᠴᠢᠷ ᠠᠴᠠ ᠬᠦᠮᠦᠨ ᠳᠠᠳᠠᠨ ᠪᠦᠷᠢᠯᠳᠦᠬᠦᠯᠵᠦ᠂ ᠳᠤᠭᠳᠠᠭᠰᠠᠨ ᠬᠤᠭᠤᠴᠠᠭ᠎ᠠ ᠲᠠᠢ ᠰᠢᠮᠳᠠᠭᠤᠯᠤᠨ ᠪᠠᠶᠢᠴᠠᠭᠠᠯᠳᠠ ᠪᠠ ᠬᠤᠭᠤᠴᠠᠭ᠎ᠠ ᠲᠤᠭᠳᠠᠬᠤ ᠦᠭᠡᠢ ᠲᠤᠰᠬᠠᠢ ᠪᠠᠶᠢᠴᠠᠭᠠᠯᠳᠠ ᠶᠢᠨ ᠠᠷᠭ᠎ᠠ ᠮᠠᠶ᠋ᠢᠭ ᠠᠪᠴᠤ ᠪᠠᠶᠢᠭᠠᠳ ᠮᠦᠷᠳᠡᠵᠦ ᠰᠢᠮᠳᠠᠭᠤᠯᠤᠨ ᠪᠠᠶᠢᠴᠠᠭᠠᠵᠤ᠂ ᠠᠯᠪᠠ ᠬᠠᠰᠢᠵᠤ ᠠᠮᠠ ᠪᠦᠭᠯᠡᠭᠰᠡᠨ᠂ ᠠᠵᠢᠯ ᠢ ᠤᠳᠠᠭᠠᠰᠢᠷᠠᠭᠤᠯᠤᠭᠰᠠᠨ ᠰᠢᠶᠠᠩ ᠪᠠᠯᠭᠠᠰᠤ᠂ ᠰᠠᠯᠠᠭ᠎ᠠ ᠮᠦᠴᠢᠷ ᠢ ᠰᠢᠬᠦᠮᠵᠢᠯᠡᠵᠦ᠂ ᠶᠠᠳᠠᠭᠤ ᠠᠴᠠ ᠠᠩᠬᠢᠵᠢᠷᠠᠭᠤᠯᠬᠤ ᠠᠬᠢᠴᠠ ᠪᠠ ᠦᠷ᠎ᠡ ᠪᠦᠲᠦᠮᠵᠢ ᠶᠢ ᠬᠦᠨᠳᠦ ᠨᠤᠴᠢᠳᠠᠢ ᠨᠦᠯᠦᠭᠡᠯᠡᠭᠰᠡᠨ ᠪᠣᠯ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃      
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2