ᠰᠢᠶᠠᠨ ᠤ ᠡᠬᠦᠷᠬᠡ ᠳᠤᠰᠢᠶᠠᠯ ᠤᠨ ᠬᠤᠪᠢᠷᠠᠯᠳᠡ ᠶᠢ ᠲᠦᠯᠬᠢᠨ ᠠᠬᠢᠭᠤᠯᠬᠤ ᠶᠢᠨ ᠵᠤᠬᠢᠴᠠᠭᠤᠯᠤᠯᠳᠠ ᠶᠢᠨ ᠳᠤᠭᠤᠶᠢᠯᠠᠩ ᠤᠨ ᠪᠦᠷᠢᠯᠳᠦᠬᠦᠨ ᠳᠤ ᠳᠤᠬᠢᠷᠠᠭᠤᠯᠤᠯᠳᠠ ᠬᠢᠬᠦ ᠳᠤᠬᠠᠢ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018-08-28
             ᠱᠠᠩᠳᠤ ᠰᠢᠶᠠᠨ ᠠᠯᠪᠠᠨ ᠦᠰᠦᠭ ﹇2018﹈ 35 ᠳ᠋ᠣᠭᠠᠷ ᠳᠤᠭᠠᠳᠤ    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠨᠢᠬᠡᠴᠢ᠄    ᠠᠵᠢᠯ ᠤᠨ ᠬᠡᠷᠡᠭᠴᠡᠭᠡ ᠪᠠ ᠠᠵᠢᠯᠳᠠᠨ ᠤ ᠬᠤᠪᠢᠷᠠᠯᠳᠠ ᠶᠢᠨ ᠪᠠᠶᠢᠳᠠᠯ ᠢ ᠦᠨᠳᠦᠰᠦᠯᠡᠵᠤ᠂ ᠰᠢᠶᠠᠨ ᠤ ᠠᠷᠠᠳ  ᠤᠨ ᠵᠠᠰᠠᠭ ᠤᠨ ᠤᠷᠳᠤᠨ ᠠᠴᠠ ᠰᠢᠶᠠᠨ ᠤ ᠡᠬᠦᠷᠬᠡ ᠳᠤᠰᠢᠶᠠᠯ ᠤᠨ ᠬᠤᠪᠢᠷᠠᠯᠳᠠ ᠶᠢ ᠲᠦᠯᠬᠢᠨ ᠠᠬᠢᠭᠤᠯᠬᠤ ᠶᠢᠨ ᠵᠤᠬᠢᠴᠠᠭᠤᠯᠤᠯᠳᠠ ᠶᠢᠨ ᠳᠤᠭᠤᠶᠢᠯᠠᠩ ︵ᠳᠤᠤᠷ᠎ᠡ ᠵᠤᠬᠢᠴᠠᠭᠤᠯᠤᠯᠳᠠ ᠶᠢᠨ ᠳᠤᠭᠤᠶᠢᠯᠠᠩ ᠬᠡᠵᠤ ᠳᠦᠬᠦᠮᠴᠢᠯᠡᠪᠡ︶  ᠤᠨ ᠪᠦᠷᠢᠯᠳᠦᠬᠦᠨ ᠳᠤ ᠳᠤᠬᠢᠷᠠᠭᠤᠯᠤᠯᠳᠠ ᠬᠢᠬᠦ ᠪᠠᠷ ᠳᠤᠭᠳᠠᠭᠠᠪᠠ᠃ ᠡᠳᠦᠬᠡ ᠬᠠᠮᠢᠶ᠎ᠠ ᠪᠦᠬᠦᠢ ᠵᠦᠢᠯ ᠤᠳ ᠢ ᠳᠤᠤᠷᠡᠬᠢ ᠮᠡᠳᠦ ᠮᠡᠳᠡᠭᠳᠡᠶ᠎ᠡ᠄    ᠨᠢᠬᠡ᠂ ᠵᠤᠬᠢᠴᠠᠭᠤᠯᠤᠯᠳᠠ ᠶᠢᠨ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠳᠤᠰᠢᠶᠠᠯ ᠬᠠᠷᠢᠭᠤᠴᠠᠯᠭ᠎ᠠ    ︵ᠨᠢᠬᠡ︶ ᠪᠦᠷᠢᠯᠳᠦᠬᠦᠨ ᠬᠦᠮᠦᠰ    ᠳᠤᠭᠤᠶᠢᠯᠠᠩ ᠤᠨ ᠳᠠᠷᠤᠭ᠎ᠠ᠄ ᠬᠦᠸᠧ ᠢᠦᠢ ᠭᠤᠸᠠᠩ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ   ᠪᠦᠷᠢᠯᠳᠦᠬᠦᠨ᠄ ᠶᠢᠨ ᠵᠢᠶᠠᠨ ᠮᠢᠨ    ᠰᠢᠶᠠᠨ ᠤ ᠡᠳ᠋ ᠤᠨ ᠵᠠᠰᠠᠭ ᠤᠨ ᠳᠤᠪᠴᠢᠶᠠᠨ ᠤ ᠳᠤᠪᠴᠢᠶᠠᠨ ᠳᠠᠷᠤᠭ᠎ᠠ        ᠵᠧᠩ ᡁᠢ     ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠡᠷᠬᠢᠯᠡᠭᠴᠢ    ᠰᠢᠥᠢ ᠽᠧᠩ ᠴᠢᠶᠠᠩ     ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ          ᠵᠠᠩ ᠱᠣ᠋ ᠪᠢᠨ    ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠠᠤᠯᠢ ᠲᠦᠷᠢᠮ  ᠤᠨ ᠠᠯᠪᠠᠨ ᠬᠡᠷ ᠤᠨ ᠡᠷᠬᠢᠯᠡᠭᠴᠢ        ᠶᠠᠨ ᠡᠤ ᠪᠦᠸᠧ    ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ        ᠡᠤ ᠰᠢᠥᠸᠠᠢ ᠪᠢᠨ    ᠰᠢᠶᠠᠨ ᠤ ᠤᠷᠤᠨ ᠳᠤᠭᠠᠨ ᠤ ᠠᠯᠪᠠᠨ ᠬᠡᠷ ᠤᠨ ᠡᠷᠬᠢᠯᠡᠭᠴᠢ         ᠶᠠᠨ ᡁᠢ ᠵᠢᠶᠦ᠋ᠨ    ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶᠠᠨ ᠤ ᠳᠤᠪᠴᠢᠶᠠᠨ ᠳᠠᠷᠤᠭ᠎ᠠ        ᠵᠠᠩ ᠹᠸᠢ ᠫᠧᠩ      ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ         ᠵᠤᠤ ᠶᠠ ᠪᠢ      ᠰᠢᠶᠠᠨ ᠤ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠪᠤᠷᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ᠯᠢ ᠳ᠋ᠧ ᠱᠧᠩ     ᠰᠢᠶᠠᠨ ᠤ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠤᠨ ᠬᠢᠨᠠᠯᠳᠠ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ︵ᠬᠤᠶᠠᠷ︶ ᠭᠤᠤᠯ ᠳᠤᠰᠢᠶᠠᠯ ᠬᠠᠷᠢᠭᠤᠴᠠᠯᠭ᠎ᠠ    ᠡᠯ᠎ᠡ ᠰᠠᠯᠠᠭ᠎ᠠ ᠮᠦᠴᠢᠷ ᠵᠠᠰᠠᠭ ᠢ ᠴᠤᠮᠬᠠᠳᠬᠠᠵᠤ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠦᠭᠰᠡᠨ ᠰᠠᠭᠤᠷᠢᠨ ᠳᠡᠬᠡᠷ᠎ᠡ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠭᠤᠭᠴᠤᠭ᠎ᠠ ᠶᠢᠨ ᠳᠤᠮᠤ ᠴᠢᠬᠤᠯᠠ ᠦᠬᠡᠷᠡᠴᠢᠯᠡᠯᠳᠡ ᠶᠢᠨ ᠠᠷᠭ᠎ᠠ ᠪᠠᠷᠢᠯ ᠢ ᠨᠢᠬᠡᠳᠦᠯᠳᠡᠢ ᠲᠦᠯᠦᠪᠯᠡᠵᠤ ᠰᠤᠳᠤᠯᠤᠨ ᠨᠠᠶᠢᠳᠠᠪᠤᠷᠢᠵᠢᠭᠤᠯᠵᠤ᠂ ᠰᠢᠶᠠᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠬᠦᠯᠦᠨ ᠬᠢᠨᠠᠨ ᠵᠦᠪᠯᠡᠬᠦᠯᠬᠦ ᠪᠠᠷ ᠵᠢᠱᠢᠭᠰᠡᠨ ᠴᠢᠬᠤᠯᠠ ᠵᠦᠢᠯ ᠤᠳ ᠢ ᠰᠤᠳᠤᠯᠵᠤ᠂ ᠦᠬᠡᠷᠡᠴᠢᠯᠡᠯᠳᠡ ᠶᠢᠨ ᠳᠤᠮᠳᠠ ᠳᠤᠬᠢᠶᠠᠯᠳᠤᠭᠰᠠᠨ ᠬᠦᠴᠢᠷᠳᠡᠯ ᠪᠠ ᠭᠤᠤᠯᠳᠠᠯᠭ᠎ᠠ ᠲᠠᠢ ᠮᠠᠳᠠᠭ ᠲᠠᠢ ᠠᠰᠠᠭᠤᠳᠠᠯ ᠢ ᠵᠤᠬᠢᠴᠠᠭᠤᠯᠤᠨ ᠲᠦᠯᠬᠢᠨ ᠠᠬᠢᠭᠤᠯᠵᠤ ᠰᠢᠢᠳᠪᠦᠷᠢᠯᠡᠨ᠂ ᠦᠬᠡᠷᠡᠴᠢᠯᠡᠯᠳᠡ ᠶᠢᠨ ᠠᠷᠭ᠎ᠠ ᠪᠠᠷᠢᠯ ᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃    ᠵᠤᠬᠢᠴᠠᠭᠤᠯᠤᠯᠳᠠ ᠶᠢᠨ ᠳᠤᠭᠤᠶᠢᠯᠠᠩ ᠤᠨ ᠳᠤᠤᠷ᠎ᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠬᠡᠷᠡᠴᠢᠯᠡᠯᠳᠡ ᠶᠢᠨ ᠳᠤᠭᠤᠶᠢᠯᠠᠩ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠯ ᠤᠨ ᠦᠬᠡᠷᠡᠴᠢᠯᠡᠯᠳᠡ ᠶᠢᠨ ᠳᠤᠭᠤᠶᠢᠯᠠᠩ᠂ ᠠᠵᠢᠯ ᠮᠡᠷᠬᠡᠵᠢᠯ ᠤᠨ ᠬᠢᠷᠢ ᠬᠡᠮ ᠤᠨ ᠦᠬᠡᠷᠡᠴᠢᠯᠡᠯᠳᠡ ᠶᠢᠨ ᠳᠤᠭᠤᠶᠢᠯᠠᠩ᠂ ᠰᠦᠢᠳᠬᠡᠯ ᠬᠤᠷᠢᠶᠠᠯᠳᠠ ᠶᠢᠨ ᠴᠡᠪᠡᠷᠯᠡᠯᠳᠡ ᠶᠢᠨ ᠦᠬᠡᠷᠡᠴᠢᠯᠡᠯᠳᠡ ᠶᠢᠨ ᠳᠤᠭᠤᠶᠢᠯᠠᠩ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢᠨ ᠳᠤᠭᠤᠶᠢᠯᠠᠩ᠂ ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠰᠤᠶᠤᠯ ᠡᠷᠡᠬᠦᠯ ᠬᠠᠮᠠᠭᠠᠯᠠᠯ ᠪᠡᠶ᠎ᠡ ᠶᠢᠨ ᠳᠠᠮᠢᠷ ᠤᠨ ᠦᠬᠡᠷᠡᠴᠢᠯᠡᠯᠳᠡ ᠶᠢᠨ ᠳᠤᠭᠤᠶᠢᠯᠠᠩ 6 ᠳᠤᠰᠬᠠᠢ ᠳᠤᠭᠤᠶᠢᠯᠠᠩ ᠪᠠ ᠶᠡᠷᠦᠩᠭᠡᠶᠢᠯᠡᠭᠰᠡᠨ ᠳᠤᠭᠤᠶᠢᠯᠠᠩ᠂ ᠬᠠᠤᠯᠢ ᠲᠦᠷᠢᠮ ᠵᠢᠴᠢ ᠳᠤᠰᠬᠠᠢ ᠮᠡᠷᠬᠡᠵᠢᠯᠳᠡᠨ ᠤ ᠳᠤᠭᠤᠶᠢᠯᠠᠩ ᠬᠤᠶᠠᠷ ᠴᠢᠳᠠᠮᠵᠢ ᠶᠢᠨ ᠳᠤᠭᠤᠶᠢᠯᠠᠩ ᠭᠠᠷᠭᠠᠪᠠ᠃    ᠬᠤᠶᠠᠷ᠂ ᠵᠤᠬᠢᠴᠠᠭᠤᠯᠤᠯᠳᠠ ᠶᠢᠨ ᠳᠤᠭᠤᠶᠢᠯᠠᠩ ᠤᠨ ᠳᠤᠰᠬᠠᠢ ᠳᠤᠭᠤᠶᠢᠯᠠᠩ ᠤᠨ ᠪᠦᠷᠢᠯᠳᠦᠬᠦᠨ ᠬᠦᠮᠦᠰ ᠵᠢᠴᠢ ᠭᠤᠤᠯ ᠳᠤᠰᠢᠶᠠᠯ ᠬᠠᠷᠢᠭᠤᠴᠠᠯᠭ᠎ᠠ    ︵ᠨᠢᠬᠡ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠡᠤ ᠰᠢᠥᠢ ᠪᠢᠨ     ᠰᠢᠶᠠᠨ ᠤ ᠤᠷᠤᠨ ᠳᠤᠭᠠᠨ ᠤ ᠠᠯᠪᠠᠨ ᠭᠡᠷ ᠤᠨ ᠡᠷᠬᠢᠯᠡᠭᠴᠢ    ᠳᠤᠭᠤᠶᠢᠯᠠᠩ ᠤᠨ ᠳᠡᠳ᠋ ᠳᠠᠷᠤᠭ᠎ᠠ᠄ ᠸᠠᠩ ᠡᠾᠦ᠋ᠢ ᠢᠦᠢ    ᠰᠢᠶᠠᠨ ᠤ ᠤᠷᠤᠨ ᠳᠤᠭᠠᠨ ᠤ ᠠᠯᠪᠠᠨ ᠬᠡᠷ ᠤᠨ ᠳᠡᠳ᠋ ᠡᠷᠬᠢᠯᠡᠭᠴᠢ    ᠰᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠢᠯᠠᠩᠭᠤᠶ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠲᠦᠷᠦᠬᠦᠯᠦᠨ ᠬᠠᠷᠢᠭᠤᠴᠠᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ ᠴᠢᠨᠠᠭᠰᠢᠳᠡ ᠴᠡᠪᠡᠷᠯᠡᠵᠤ᠂ ᠬᠦᠴᠦᠨ ᠦᠬᠡᠢ ᠪᠤᠯᠭᠠᠬᠤ ᠪᠠ ᠳᠤᠷᠤᠭᠰᠢ ᠪᠠᠭᠤᠯᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠠᠵᠢᠯᠯᠠᠭ᠎ᠠ ᠶᠢ ᠲᠦᠷᠢᠮᠵᠢᠬᠦᠯᠵᠤ᠂ ᠬᠡᠯᠪᠡᠷᠢ ᠦᠬᠡᠷᠡᠳᠦᠬᠦᠯᠦᠨ ᠬᠢᠨᠠᠨ ᠵᠦᠪᠰᠢᠶᠡᠷᠡᠬᠦ ᠶᠢ ᠰᠡᠷᠬᠡᠶᠢᠯᠡᠬᠦ ᠪᠠ ᠵᠠᠯᠠᠷᠠᠭᠤᠯᠵᠤ᠂ ᠳᠤᠷ᠎ᠡ ᠵᠤᠷᠢᠭ ᠢᠶᠠᠷ ᠳᠠᠰᠤᠯᠬᠤ ᠡᠷᠬᠡ ᠶᠢ ᠬᠢᠵᠠᠭᠠᠷᠯᠠᠵᠤ᠂ ᠵᠠᠰᠠᠭ ᠤᠨ ᠤᠷᠳᠤᠨ ᠤ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ︔ ᠤᠯᠠᠭᠠᠨᠴᠠᠪ ᠬᠤᠳᠠ ᠶᠢᠨ ᠬᠤᠯᠪᠤᠭᠳᠠᠯ ᠪᠦᠬᠦᠢ ᠵᠦᠪᠯᠡᠯ ᠠᠯᠪᠠᠨ ᠬᠡᠷ ᠳᠤᠪᠴᠢᠶ᠎ᠠ ᠯᠤᠭ᠎ᠠ  ᠶᠢᠨ ᠨᠡᠪᠳᠡᠷᠡᠯᠴᠡᠨ ᠵᠤᠬᠢᠴᠠᠭᠤᠯᠳᠤᠭᠤᠯᠬᠤ ᠠᠵᠢᠯ ᠢ ᠰᠠᠶᠢᠲᠤᠷ ᠬᠢᠨ᠎ᠡ᠃    ︵ᠬᠤᠶᠠᠷ︶ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠯ ᠤᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠶᠠᠨ ᡁᠢ ᠵᠢᠶᠦ᠋ᠨ ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠵᠠᠩ ᡁᠢ ᠵᠢᠶᠠᠨ    ᠰᠢᠶᠠᠨ ᠤ ᠤᠷᠤᠨ ᠰᠠᠭᠤᠴᠠ ᠪᠠ ᠪᠦᠲᠦᠭᠡᠨ ᠪᠠᠶᠢᠭᠤᠯᠤᠯᠳᠠ ᠶᠢᠨ ᠳᠤᠪᠴᠢᠶᠠᠨ ᠤ ᠳᠡᠳ᠋ ᠶᠡᠷᠦᠩᠭᠡᠢ ᠢᠨᠵᠧᠨᠧᠷ    ᠵᠠᠩ ᠴᠦᠨ ᠰᠢ    ᠰᠢᠶᠠᠨ ᠤ ᠤᠯᠤᠰ ᠤᠨ ᠭᠠᠵᠠᠷ ᠤᠨ ᠳᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠬᠦ᠋ ᠵᠢᠶᠠᠨ ᠵᠢᠶᠦ᠋ᠨ    ᠰᠢᠶᠠᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠲᠦᠷᠦᠬᠦᠯᠦᠨ ᠬᠠᠷᠢᠭᠤᠴᠠᠵᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠡᠮᠦᠨᠡᠬᠢ ᠬᠢᠨᠠᠨ ᠵᠦᠪᠰᠢᠶᠡᠷᠡᠯ ᠢ ᠶᠡᠬᠡᠪᠡᠷ ᠪᠠᠭᠠᠰᠬᠠᠬᠤ ᠪᠠ ᠡᠮᠦᠨᠡᠬᠢ ᠵᠠᠭᠤᠴᠢ ᠶᠢᠨ ᠦᠢᠯᠡᠴᠢᠯᠡᠭᠡ ᠶᠢ ᠲᠦᠷᠢᠮᠵᠢᠬᠦᠯᠵᠤ᠂ ᠨᠡᠶᠢᠯᠡᠬᠦᠯᠦᠨ ᠬᠢᠨᠠᠨ ᠵᠦᠪᠰᠢᠶᠡᠷᠡᠬᠦ ᠶᠢ ᠲᠦᠯᠬᠢᠨ ᠠᠬᠢᠭᠤᠯᠵᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠨᠠᠷᠢᠨ ᠳᠠᠩᠰᠠ ᠶᠢᠨ ᠬᠠᠮᠢᠶᠠᠷᠤᠯᠳᠠ ᠶᠢᠨ ᠵᠠᠭᠪᠤᠷ ᠢ ᠢᠳᠡᠪᠬᠢᠳᠡᠢ ᠪᠠᠷ ᠰᠦᠪᠡᠭᠴᠢᠯᠡᠵᠤ᠂ ᠳᠤᠮᠤ ᠳ᠋ᠠᠶᠢᠲ᠋ᠠ ᠪᠠ ᠢᠨᠲ᠋ᠧᠷ ᠰᠦᠯᠵᠢᠶ᠎ᠡ ᠵᠡᠷᠬᠡ ᠮᠡᠷᠬᠡᠵᠢᠯ ᠤᠨ ᠠᠷᠭ᠎ᠠ ᠪᠠᠷᠢᠯ ᠢᠶᠠᠷ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ᠃    ︵ᠭᠤᠷᠪᠠ︶ ᠠᠵᠢᠯ ᠮᠡᠷᠬᠡᠵᠢᠯ ᠤᠨ ᠬᠢᠷᠢ ᠬᠡᠮ ᠤᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠵᠤᠤ ᠶᠠ ᠪᠢ    ᠰᠢᠶᠠᠨ ᠤ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠪᠤᠷᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠫᠠᠩ ᠵᠢᠶᠠᠨ ᠫᠢᠩ      ᠰᠢᠶᠠᠨ ᠤ ᠬᠦᠮᠦᠨ ᠤ ᠡᠬᠢ ᠪᠠᠶᠠᠯᠢᠭ ᠨᠡᠶᠢᠬᠡᠮ  ᠤᠨ ᠪᠠᠳᠤᠯᠠᠪᠤᠷᠢ ᠶᠢᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠠᠵᠢᠯ ᠮᠡᠷᠬᠡᠵᠢᠯ ᠤᠨ ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠲᠦᠷᠦᠬᠦᠯᠦᠨ ᠬᠠᠷᠢᠭᠤᠴᠠᠵᠤ᠂ ᠠᠵᠢᠯ ᠮᠡᠷᠬᠡᠵᠢᠯ ᠤᠨ ᠬᠢᠷᠢ ᠬᠡᠮ ᠤᠨ ᠵᠦᠪᠰᠢᠶᠡᠷᠡᠯ ᠪᠠ ᠮᠠᠭᠠᠳᠯᠠᠨ ᠳᠤᠭᠳᠠᠭᠠᠯᠳᠠ ᠶᠢᠨ ᠵᠦᠢᠯ ᠤᠳ ᠢ ᠪᠠᠭᠠᠰᠬᠠᠵᠤ᠂ ᠠᠵᠢᠯ ᠮᠡᠷᠬᠡᠵᠢᠯ ᠤᠨ ᠬᠢᠷᠢ ᠬᠡᠮ ᠤᠨ ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠠᠵᠢᠯ ᠮᠡᠷᠬᠡᠵᠢᠯ ᠤᠨ ᠬᠢᠷᠢ ᠬᠡᠮ ᠪᠠ ᠦᠨᠡᠮᠯᠡᠯ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠠᠵᠢᠯ ᠮᠡᠷᠬᠡᠵᠢᠯ ᠤᠨ ᠬᠢᠷᠢ ᠬᠡᠮ ᠤᠨ ᠲᠦᠷᠢᠮ ᠢ ᠬᠡᠷᠡᠭᠵᠢᠬᠦᠯᠦᠭᠰᠡᠨ ᠪᠠᠶᠢᠳᠠᠯ  ᠳᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠨ᠎ᠠ᠃    ︵ᠳᠦᠷᠪᠡ︶ ᠰᠦᠢᠳᠬᠡᠯ ᠬᠤᠷᠢᠶᠠᠯᠳᠠ ᠶᠢᠨ ᠴᠡᠪᠡᠷᠯᠡᠯᠳᠡ ᠶᠢᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠶᠢᠨ ᠵᠢᠶᠠᠨ ᠮᠢᠨ     ᠰᠢᠶᠠᠨ ᠤ ᠡᠳ᠋ ᠤᠨ ᠵᠠᠰᠠᠭ ᠤᠨ ᠳᠤᠪᠴᠢᠶᠠᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠰᠦᠨ ᠳᠤᠤ     ᠰᠢᠶᠠᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠦᠨ᠎ᠡ ᠬᠠᠩᠰᠢ ᠶᠢᠨ ᠬᠢᠨᠠᠯᠳᠠ ᠪᠠᠶᠢᠴᠠᠭᠠᠯᠳᠠ ᠶᠢᠨ ᠭᠠᠵᠠᠷ ᠤᠨ ᠳᠠᠷᠤᠭ᠎ᠠ    ᠬᠠᠨ ᠷᠦᠨ ᠫᠢᠩ     ᠰᠢᠶᠠᠨ ᠤ ᠠᠵᠤ ᠠᠬᠤᠢ ᠮᠡᠳᠡᠭᠡ ᠵᠠᠩᠭᠢᠴᠢᠯᠠᠯᠳᠠ ᠶᠢᠨ ᠵᠦᠪᠯᠡᠯ ᠤᠨ ᠳᠡᠳ᠋ ᠡᠷᠬᠢᠯᠡᠭᠴᠢ    ᠯᠢᠤ ᠬᠤᠩ ᠪᠢᠨ    ᠰᠢᠶᠠᠨ ᠤ ᠠᠷᠠᠳ ᠤᠨ ᠶᠠᠪᠤᠳᠠᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠰᠦᠢᠳᠬᠡᠯ ᠬᠤᠷᠢᠶᠠᠯᠳᠠ ᠶᠢᠨ ᠬᠠᠮᠢᠶᠠᠷᠤᠯᠳᠠ ᠶᠢᠨ ᠲᠦᠷᠢᠮ ᠤᠨ ᠦᠬᠡᠷᠡᠴᠢᠯᠡᠯᠳᠡ ᠶᠢ ᠲᠦᠷᠦᠬᠦᠯᠦᠨ ᠬᠠᠷᠢᠭᠤᠴᠠᠵᠤ᠂ ᠬᠠᠤᠯᠢ ᠪᠤᠰᠤ ᠶᠤᠰᠤ ᠪᠤᠰᠤ ᠪᠠᠷ ᠰᠦᠢᠳᠬᠡᠯ ᠬᠤᠷᠢᠶᠠᠬᠤ ᠲᠦᠷᠦᠯ ᠵᠦᠢᠯ ᠢ ᠴᠡᠪᠡᠷᠯᠡᠨ ᠬᠦᠴᠦᠨ ᠦᠬᠡᠢ ᠪᠤᠯᠭᠠᠵᠤ᠂ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠳᠠ ᠶᠢ ᠬᠡᠷᠡᠭᠵᠢᠬᠦᠯᠵᠤ᠂ ᠰᠦᠢᠳᠬᠡᠯ ᠬᠤᠷᠢᠶᠠᠯᠳᠠ ᠶᠢᠨ ᠬᠢᠨᠠᠨ ᠬᠠᠮᠢᠶᠠᠷᠤᠯᠳᠠ ᠶᠢᠨ ᠲᠦᠷᠢᠮ ᠢ ᠳᠡᠬᠦᠯᠳᠡᠷᠵᠢᠬᠦᠯᠦᠨ᠎ᠡ᠃    ︵ᠳᠠᠪᠤ︶ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠯᠢ ᠳ᠋ᠧ ᠱᠧᠩ     ᠰᠢᠶᠠᠨ ᠤ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠤᠨ ᠬᠠᠮᠢᠶᠠᠷᠤᠯᠳᠠ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠶᠠᠨ ᡁᠢ     ᠰᠢᠶᠠᠨ ᠤ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠤᠨ ᠬᠠᠮᠢᠶᠠᠷᠤᠯᠳᠠ ᠶᠢᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠳᠠᠩᠰᠠᠯᠠᠭᠤᠯᠤᠭᠰᠠᠨ ᠬᠦᠷᠦᠩᠭᠡ ᠶᠢ ᠪᠦᠷᠢᠳᠬᠡᠨ ᠳᠡᠮᠳᠡᠭᠯᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠨᠠᠶᠢᠳᠠᠪᠤᠷᠢᠵᠢᠭᠤᠯᠬᠤ ᠶᠢ ᠲᠦᠷᠦᠬᠦᠯᠦᠨ ᠬᠠᠷᠢᠭᠤᠴᠠᠵᠤ᠂ ︽ᠤᠯᠠᠨ ᠦᠨᠡᠮᠯᠡᠯ ᠢ ᠨᠢᠬᠡ ᠪᠤᠯᠭᠠᠬᠤ︾ ᠶᠢ ᠬᠡᠷᠡᠭᠵᠢᠬᠦᠯᠵᠤ᠂ ︽ᠦᠨᠡᠮᠯᠡᠯ ᠬᠡᠷᠡᠴᠢ ᠶᠢ ᠰᠠᠯᠭᠠᠬᠤ︾ ᠶᠢ ᠲᠦᠯᠬᠢᠨ ᠠᠬᠢᠭᠤᠯᠵᠤ᠂ ᠢᠳᠡᠬᠡᠮᠵᠢ  ᠪᠠᠷ ᠭᠤᠤᠯᠯᠠᠭᠤᠯᠤᠭᠰᠠᠨ ᠰᠢᠶᠠᠨ ᠤ ᠳᠠᠯᠠᠪᠤᠷ ᠤᠨ ᠰᠢᠨ᠎ᠡ ᠮᠠᠶ᠋ᠢᠭ ᠤᠨ ᠬᠢᠨᠠᠨ ᠬᠠᠮᠢᠶᠠᠷᠤᠯᠳᠠ ᠶᠢᠨ ᠳᠤᠭᠳᠠᠴᠠ ᠶᠢ ᠬᠦᠴᠦᠯᠡᠨ ᠪᠠᠶᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠳᠠ ᠠᠴᠠ ᠡᠮᠦᠨᠡᠬᠢ ᠬᠢᠨᠠᠨ ᠵᠦᠪᠰᠢᠶᠡᠷᠡᠯ ᠤᠨ ᠵᠦᠢᠯ ᠤᠳ ᠢ ᠬᠤᠶᠢᠨᠡᠬᠢ ᠬᠢᠨᠠᠨ ᠵᠦᠪᠰᠢᠶᠡᠷᠡᠯ ᠪᠤᠯᠭᠠᠬᠤ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠤᠨ᠎ᠠ᠃    ︵ᠵᠢᠷᠭᠤᠭ᠎ᠠ︶ ᠰᠤᠶᠤᠯ ᠡᠷᠡᠬᠦᠯ ᠬᠠᠮᠠᠭᠠᠯᠠᠯ ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠪᠡᠶ᠎ᠡ ᠶᠢᠨ ᠳᠠᠮᠢᠷ  ᠤᠨ ᠦᠬᠡᠷᠡᠴᠢᠯᠡᠯᠳᠡ ᠶᠢᠨ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠶᠠᠨ ᠡᠤ ᠪᠦᠸᠧ    ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ    ᠳᠤᠭᠤᠶᠢᠯᠠᠩ ᠤᠨ ᠳᠡᠳ᠋ ᠳᠠᠷᠤᠭ᠎ᠠ᠄ ᠸᠠᠩ ᠿᠢ ᠭᠠᠩ   ᠰᠢᠶᠠᠨ ᠤ ᠰᠤᠶᠤᠯ ᠵᠤᠭᠠᠴᠠᠯ ᠰᠤᠨᠢᠨ ᠮᠡᠳᠡᠭᠡ ᠷᠡᠳᠢᠣ᠋ ᠲᠧᠯᠸᠢᠰ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠯᠢᠤ ᠵᠢᠶᠦ᠋ᠨ ᠴᠢᠶᠠᠩ   ᠰᠢᠶᠠᠨ ᠤ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠯᠢᠥᠢ ᠱᠧᠩ ᠪᠤᠤ    ᠰᠢᠶᠠᠨ ᠤ ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠪᠡᠶ᠎ᠡ ᠶᠢᠨ ᠳᠠᠮᠢᠷ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ    ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠰᠤᠶᠤᠯ ᠡᠷᠡᠬᠦᠯ ᠬᠠᠮᠠᠭᠠᠯᠠᠯ ᠪᠡᠶ᠎ᠡ ᠶᠢᠨ ᠳᠠᠮᠢᠷ ᠤᠨ ᠬᠦᠷᠢᠶ᠎ᠡ ᠴᠠᠷᠠᠭ᠎ᠠ ᠶᠢᠨ ᠵᠠᠰᠠᠭ ᠢ ᠴᠤᠮᠬᠠᠳᠬᠠᠬᠤ ᠡᠷᠬᠡ ᠶᠢ ᠪᠠᠭᠤᠯᠭᠠᠬᠤ᠂ ᠡᠬᠦᠷᠬᠡ ᠳᠤᠰᠢᠶᠠᠯ ᠢ ᠬᠤᠪᠢᠷᠠᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠵᠤ ᠤᠯᠠᠨ ᠨᠡᠶᠢᠳᠡ ᠶᠢᠨ ᠪᠦᠲᠦᠭᠡᠭᠳᠡᠬᠦᠨ ᠢ ᠨᠡᠮᠡᠭᠳᠡᠬᠦᠯᠬᠦ ᠪᠠ ᠤᠯᠠᠨ ᠨᠡᠶᠢᠳᠡ  ᠶᠢᠨ ᠦᠢᠯᠡᠴᠢᠯᠡᠭᠡ ᠶᠢᠨ ᠬᠠᠩᠭᠠᠯᠭ᠎ᠠ ᠶᠢᠨ ᠠᠷᠭ᠎ᠠ ᠪᠠᠷᠢᠯ ᠤᠳ ᠢ ᠵᠤᠬᠢᠴᠠᠭᠤᠯᠤᠨ ᠲᠦᠯᠬᠢᠨ ᠠᠬᠢᠭᠤᠯᠬᠤ ᠶᠢ ᠲᠦᠷᠦᠬᠦᠯᠦᠨ ᠬᠠᠷᠢᠭᠤᠴᠠᠵᠤ᠂ ᠶᠠᠪᠤᠳᠠᠯ ᠤᠨ ᠡᠮᠦᠨᠡᠬᠢ ᠬᠤᠶᠢᠨᠡᠬᠢ ᠬᠢᠨᠠᠨ ᠬᠠᠮᠢᠶᠠᠷᠤᠯᠳᠠ ᠶᠢᠨ ᠠᠷᠭ᠎ᠠ ᠪᠠᠷᠢᠯ ᠢ ᠰᠤᠳᠤᠯᠤᠨ ᠴᠢᠩᠭᠠᠳᠬᠠᠵᠤ᠂ ᠤᠯᠠᠨ ᠢᠶᠠᠷ ᠢᠶᠠᠨ ᠦᠢᠯᠡᠰ ᠪᠤᠰᠬᠠᠬᠤ᠂ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠶᠢ ᠠᠬᠢᠭᠤᠯᠬᠤ ᠱᠠᠭᠠᠷᠳᠠᠯᠭ᠎ᠠ ᠶᠤᠰᠤᠭᠠᠷ᠂ ᠬᠠᠮᠢᠶ᠎ᠠ ᠪᠦᠬᠦᠢ ᠰᠠᠨᠠᠯ ᠪᠠ ᠠᠷᠭ᠎ᠠ ᠪᠠᠷᠢᠯ ᠤᠳ ᠢ ᠰᠤᠳᠤᠯᠤᠨ ᠳᠤᠷᠠᠳᠤᠨ ᠭᠠᠷᠭᠠᠨ᠎ᠠ᠃    ᠡᠯ᠎ᠡ ᠳᠤᠰᠬᠠᠢ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠳᠤᠭᠤᠶᠢᠯᠠᠩ ᠤᠨ ᠳᠠᠷᠤᠭ᠎ᠠ ᠠᠴᠠ ᠵᠤᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠂ ᠡᠯ᠎ᠡ ᠳᠤᠰᠬᠠᠢ ᠳᠤᠭᠤᠶᠢᠯᠠᠩ ᠨᠢ ᠳᠤᠰ ᠬᠦᠷᠢᠶ᠎ᠡ ᠴᠠᠷᠠᠭ᠎ᠠ ᠶᠢᠨ ᠨᠡᠶᠢᠬᠡᠮ  ᠤᠨ ᠳᠤᠰᠬᠠᠯ ᠢᠶᠠᠷ ᠶᠡᠭᠡ᠂ ᠤᠯᠠᠨ ᠲᠦᠮᠡᠨ ᠤ ᠰᠠᠨᠠᠯ ᠢᠶᠠᠷ ᠲᠦᠪᠯᠡᠷᠡᠩᠭᠦᠢ ᠠᠰᠠᠭᠤᠳᠠᠯ ᠢ ᠪᠠᠶᠢᠴᠠᠭᠠᠯᠳᠠᠯᠭ᠎ᠠ ᠲᠠᠢ ᠮᠠᠳᠠᠭ ᠲᠠᠢ ᠠᠰᠠᠭᠤᠳᠠᠯ ᠢ ᠬᠠᠮᠳᠤᠷᠠᠯᠴᠠᠨ ᠪᠤᠭᠤᠮᠳᠠ ᠰᠢᠪᠳᠤᠯᠵᠤ᠂ ᠦᠬᠡᠷᠡᠴᠢᠯᠡᠯᠳᠡ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠳᠤᠰᠬᠠᠢ ᠳᠤᠭᠤᠶᠢᠯᠠᠩ ᠤᠨ ᠦᠬᠡᠷᠡᠴᠢᠯᠡᠯᠳᠡ ᠶᠢᠨ ᠰᠠᠨᠠᠭᠤᠯᠭ᠎ᠠ ᠶᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠪᠢᠳᠡᠨ ᠬᠠᠮᠢᠶᠠᠷᠴᠦ ᠪᠠᠶᠢᠭ᠎ᠠ ᠤᠳᠤᠷᠢᠳᠬᠤ ᠨᠦᠬᠦᠷ ᠠᠴᠠ ᠵᠢᠭᠠᠪᠤᠷᠢ ᠠᠪᠴᠦ ᠵᠦᠪᠰᠢᠶᠡᠷᠡᠬᠦᠯᠦᠭᠰᠡᠨ ᠤ ᠳᠠᠷᠠᠭ᠎ᠠ᠂ ᠵᠤᠬᠢᠴᠠᠭᠤᠯᠤᠯᠳᠠ ᠶᠢᠨ ᠳᠤᠭᠤᠶᠢᠯᠠᠩ ᠤᠨ ᠬᠤᠷᠠᠯ ᠳᠤ ᠳᠡᠪᠰᠢᠬᠦᠯᠦᠨ ᠬᠢᠨᠠᠨ ᠵᠦᠪᠯᠡᠬᠦᠯᠵᠤ ᠪᠤᠯᠤᠨ᠎ᠠ᠃ ᠳᠤᠰᠬᠠᠢ ᠳᠤᠭᠤᠶᠢᠯᠠᠩ ᠤᠨ ᠳᠤᠰᠢᠶᠠᠯ ᠬᠠᠷᠢᠭᠤᠴᠠᠯᠭ᠎ᠠ ᠪᠠ ᠪᠦᠷᠢᠯᠳᠦᠯ ᠢ ᠠᠵᠢᠯ ᠤᠨ ᠬᠡᠷᠡᠭᠴᠡᠭᠡ ᠶᠢ ᠦᠨᠳᠦᠰᠦᠯᠡᠵᠤ ᠳᠤᠬᠢᠷᠠᠭᠤᠯᠵᠤ ᠪᠤᠯᠤᠨ᠎ᠠ᠃    ᠭᠤᠷᠪᠠ᠂ ᠵᠤᠬᠢᠴᠠᠭᠤᠯᠤᠯᠳᠠ ᠶᠢᠨ ᠳᠤᠭᠤᠶᠢᠯᠠᠩ ᠤᠨ ᠴᠢᠳᠠᠮᠵᠢ ᠶᠢᠨ ᠳᠤᠭᠤᠶᠢᠯᠠᠩ ᠤᠨ ᠪᠦᠷᠢᠯᠳᠦᠬᠦᠨ ᠬᠦᠮᠦᠰ ᠪᠠ ᠭᠤᠤᠯ ᠡᠬᠦᠷᠬᠡ ᠳᠤᠰᠢᠶᠠᠯ    ︵ᠨᠢᠬᠡ︶ ᠶᠡᠷᠦᠩᠭᠡᠶᠢᠯᠡᠭᠰᠡᠨ ᠳᠤᠭᠤᠶᠢᠯᠠᠩ ︵ᠵᠤᠬᠢᠴᠠᠭᠤᠯᠤᠯᠳᠠ ᠶᠢᠨ ᠳᠤᠭᠤᠶᠢᠯᠠᠩ ᠤᠨ ᠠᠯᠪᠠᠨ ᠬᠡᠷ︶    ᠳᠤᠭᠤᠶᠢᠯᠠᠩ ᠤᠨ ᠳᠠᠷᠤᠭ᠎ᠠ᠄ ᠵᠧᠩ ᡁᠢ    ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ    ᠳᠤᠭᠤᠶᠢᠯᠠᠩ ᠤᠨ ᠳᠡᠳ᠋ ᠳᠠᠷᠤᠭ᠎ᠠ᠄ ᠰᠢᠥᠢ ᠽᠧᠩ ᠴᠢᠶᠠᠩ    ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ    ᠡᠤ ᠰᠢᠥᠸᠠᠢ ᠪᠢᠨ    ᠰᠢᠶᠠᠨ ᠤ ᠤᠷᠤᠨ ᠳᠤᠭᠠᠨ ᠤ ᠠᠯᠪᠠᠨ ᠬᠡᠷ ᠤᠨ ᠡᠷᠬᠢᠯᠡᠭᠴᠢ    ᠶᠡᠷᠦᠩᠭᠡᠶᠢᠯᠡᠭᠰᠡᠨ ᠳᠤᠭᠤᠶᠢᠯᠠᠩ ᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠤ ᠭᠠᠷᠭᠠᠵᠤ᠂ ᠪᠦᠷᠢᠯᠳᠦᠬᠦᠨ ᠬᠦᠮᠦᠰ ᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠳᠠᠳᠠᠨ ᠳᠤᠬᠢᠷᠠᠭᠤᠯᠵᠤ᠂ ᠲᠦᠪᠯᠡᠷᠡᠩᠭᠦᠢ ᠪᠠᠷ ᠠᠯᠪᠠᠯᠠᠬᠤ ᠶᠢ ᠬᠡᠷᠡᠭᠵᠢᠬᠦᠯᠵᠤ᠂ ᠭᠠᠳᠠᠭᠰᠢ ︽ᠰᠢᠶᠠᠨ ᠤ ᠡᠬᠦᠷᠬᠡ ᠳᠤᠰᠢᠶᠠᠯ ᠤᠨ ᠬᠤᠪᠢᠷᠠᠯᠳᠠ ᠶᠢ ᠲᠦᠯᠬᠢᠨ ᠠᠬᠢᠭᠤᠯᠬᠤ ᠵᠤᠬᠢᠴᠠᠭᠤᠯᠤᠯᠳᠠ ᠶᠢᠨ ᠳᠤᠭᠤᠶᠢᠯᠠᠩ ᠤᠨ ᠠᠯᠪᠠᠨ ᠬᠡᠷ︾ ︵ᠳᠤᠷᠤᠭᠰᠢ ᠵᠤᠬᠢᠴᠠᠭᠤᠯᠤᠯᠳᠠ ᠶᠢᠨ ᠳᠤᠭᠤᠶᠢᠯᠠᠩ ᠢ ᠠᠯᠪᠠᠨ ᠬᠡᠷ ᠬᠡᠵᠤ ᠳᠦᠬᠦᠮᠴᠢᠯᠡᠪᠡ︶ ᠨᠡᠷ᠎ᠡ ᠪᠠᠷ ᠠᠵᠢᠯ ᠢᠶᠠᠨ ᠦᠷᠨᠢᠬᠦᠯᠦᠨ᠎ᠡ᠃    ᠵᠤᠬᠢᠴᠠᠭᠤᠯᠤᠯᠳᠠ ᠶᠢᠨ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠬᠠᠷᠢᠭᠤᠴᠠᠨ᠎ᠠ︔ ᠡᠯ᠎ᠡ ᠳᠤᠰᠬᠠᠢ ᠳᠤᠭᠤᠶᠢᠯᠠᠩ ᠤᠨ ᠠᠵᠢᠯ ᠢ ᠨᠡᠪᠳᠡᠷᠡᠯᠴᠡᠨ ᠵᠤᠬᠢᠴᠠᠭᠤᠯᠬᠤ ᠶᠢ ᠬᠠᠷᠢᠭᠤᠴᠠᠵᠤ᠂ ᠡᠯ᠎ᠡ ᠳᠤᠰᠬᠠᠢ ᠳᠤᠭᠤᠶᠢᠯᠠᠩ ᠤᠨ ᠭᠤᠤᠯᠳᠠᠯᠭ᠎ᠠ ᠲᠠᠢ ᠠᠵᠢᠯ᠂ ᠦᠬᠡᠷᠡᠴᠢᠯᠡᠯᠳᠡ ᠶᠢᠨ ᠠᠷᠭ᠎ᠠ ᠪᠠᠷᠢᠯ ᠢ ᠮᠦᠷᠳᠡᠨ ᠤᠶᠢᠯᠠᠭᠠᠵᠤ᠂ ᠵᠠᠳᠠᠯᠤᠨ ᠰᠤᠳᠤᠯᠵᠤ ᠂ ᠦᠬᠡᠷᠡᠴᠢᠯᠡᠯᠳᠡ ᠶᠢᠨ ᠳᠤᠮᠳᠠ ᠳᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠳᠤᠰᠬᠠᠵᠤ᠂ ᠵᠤᠬᠢᠴᠠᠭᠤᠯᠤᠯᠳᠠ  ᠶᠢᠨ ᠳᠤᠭᠤᠶᠢᠯᠠᠩ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ ᠳᠤᠮᠤ ᠴᠢᠬᠤᠯᠠ ᠠᠰᠠᠭᠤᠳᠠᠯ ᠪᠤᠯᠤᠨ ᠠᠯᠤᠰ ᠬᠡᠳᠦ ᠶᠢᠨ ᠠᠰᠠᠭᠤᠳᠠᠯ ᠤᠨ ᠪᠠᠶᠢᠴᠠᠭᠠᠨ ᠰᠤᠳᠤᠯᠤᠯᠳᠠ ᠶᠢ ᠵᠤᠬᠢᠶᠠᠨ ᠪᠠᠶᠢᠭᠤᠯᠵᠤ᠂ ᠵᠤᠬᠢᠴᠠᠭᠤᠯᠤᠯᠳᠠ ᠶᠢᠨ ᠳᠤᠭᠤᠶᠢᠯᠠᠩ ᠳᠤ ᠠᠵᠢᠯ ᠤᠨ ᠰᠠᠨᠠᠭᠤᠯᠭ᠎ᠠ ᠳᠤᠷᠠᠳᠤᠨ᠎ᠠ︔ ᠬᠠᠮᠢᠶ᠎ᠠ ᠪᠦᠬᠦᠢ ᠮᠡᠳᠡᠭᠡ ᠵᠠᠩᠬᠢ  ᠶᠢᠨ ᠮᠠᠲ᠋ᠧᠷᠢᠶᠠᠯ ᠢ ᠴᠤᠭᠯᠠᠭᠤᠯᠵᠤ᠂ ᠠᠵᠢᠯ ᠤᠨ ᠳᠤᠪᠴᠢ ᠮᠡᠳᠡᠭᠡ ᠨᠠᠶᠢᠷᠠᠭᠤᠯᠤᠨ ᠳᠠᠷᠬᠠᠭᠠᠨ᠎ᠠ︔ ᠰᠤᠨᠢᠨ ᠮᠡᠳᠡᠭᠡ ᠤᠬᠠᠭᠤᠯᠭ᠎ᠠ᠂ ᠰᠦᠯᠵᠢᠶᠡᠨ ᠤ ᠮᠡᠳᠡᠭᠡ ᠵᠠᠩᠬᠢ ᠵᠡᠷᠬᠡ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠷᠢᠯᠴᠠᠵᠤ ᠵᠠᠭᠤᠴᠢᠯᠠᠭᠤᠷ ᠢ ᠵᠤᠬᠢᠶᠠᠨ ᠪᠠᠶᠢᠭᠤᠯᠤᠨ ᠤᠬᠠᠭᠤᠯᠭ᠎ᠠ ᠪᠠ ᠶᠠᠷᠢᠶ᠎ᠠ ᠬᠡᠯᠡᠯᠬᠡ ᠪᠠᠷ ᠬᠦᠲᠦᠯᠬᠦ ᠠᠵᠢᠯ ᠢ ᠰᠠᠶᠢᠲᠤᠷ ᠬᠢᠨ᠎ᠡ︔ ᠵᠠᠰᠠᠭ ᠢ ᠴᠤᠮᠬᠠᠳᠬᠠᠨ ᠡᠷᠬᠡ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ ᠡᠯ᠎ᠡ ᠵᠦᠢᠯ ᠤᠨ ᠠᠷᠭ᠎ᠠ ᠪᠠᠷᠢᠯ ᠤᠨ ᠲᠤᠤᠱᠯᠠᠭᠤᠯᠤᠯᠳᠠ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠳᠤᠰᠬᠠᠢ ᠳᠤᠭᠤᠶᠢᠯᠠᠩ ᠤᠨ ᠳᠤᠷᠠᠳᠤᠨ ᠭᠠᠷᠭᠠᠭᠰᠠᠨ ᠰᠠᠯᠠᠭ᠎ᠠ ᠮᠦᠴᠢᠷ ᠪᠠ ᠭᠠᠵᠠᠷ ᠤᠷᠤᠨ ᠤ ᠦᠬᠡᠷᠡᠴᠢᠯᠡᠯᠳᠡ ᠳᠤᠮᠳᠠ ᠤᠷᠤᠰᠢᠵᠤ ᠪᠠᠶᠢᠭ᠎ᠠ ᠠᠰᠠᠭᠤᠳᠠᠯ ᠵᠢᠴᠢ ᠨᠡᠶᠢᠬᠡᠮ ᠠᠴᠠ ᠦᠬᠡᠷᠡᠴᠢᠯᠡᠯᠳᠡ ᠳᠤ ᠳᠤᠰᠬᠠᠯ ᠢᠶᠠᠷ ᠴᠢᠩᠭ᠎ᠠ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠨ᠎ᠡ᠃    ︵ᠬᠤᠶᠠᠷ︶ ᠬᠠᠤᠯᠢ ᠲᠦᠷᠢᠮ ᠵᠢᠴᠢ ᠳᠤᠰᠬᠠᠢ ᠮᠡᠷᠬᠡᠵᠢᠯᠳᠡᠨ ᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠵᠠᠩ ᠱᠣ᠋ ᠪᠢᠨ    ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ ᠬᠠᠤᠯᠢ ᠲᠦᠷᠢᠮ ᠤᠨ ᠠᠯᠪᠠᠨ ᠬᠡᠷ ᠤᠨ ᠡᠷᠬᠢᠯᠡᠭᠴᠢ    ᠳᠤᠭᠤᠶᠢᠯᠠᠩ ᠤᠨ ᠳᠡᠳ᠋ ᠳᠠᠷᠤᠭ᠎ᠠ᠄ ᠷᠧᠨ ᠰᠢᠶᠤᠤ ᠳ᠋ᠦᠩ     ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠳᠡᠳ᠋ ᠡᠷᠬᠢᠯᠡᠭᠴᠢ    ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ ᠠᠷᠭ᠎ᠠ ᠪᠠᠷᠢᠯ ᠳᠤ ᠬᠠᠤᠯᠢ ᠴᠠᠭᠠᠵᠠ ᠶᠢᠨ ᠬᠢᠨᠠᠨ ᠬᠠᠷᠭᠤᠭᠤᠯᠳᠠ ᠶᠢ ᠬᠡᠷᠡᠭᠵᠢᠬᠦᠯᠵᠤ ᠴᠡᠪᠡᠷᠯᠡᠭᠰᠡᠨ ᠪᠢᠴᠢᠭ ᠮᠠᠲ᠋ᠧᠷᠢᠶᠠᠯ ᠳᠤ ᠬᠢᠨᠠᠨ ᠬᠠᠷᠭᠤᠭᠤᠯᠤᠯᠳᠠ ᠬᠢᠬᠦ ᠵᠡᠷᠬᠡ ᠶᠢ ᠬᠠᠷᠢᠭᠤᠴᠠᠨ᠎ᠠ︔ ᠵᠤᠬᠢᠴᠠᠭᠤᠯᠤᠯᠳᠠ ᠶᠢᠨ ᠳᠤᠭᠤᠶᠢᠯᠠᠩ ᠤᠨ ᠨᠠᠶᠢᠳᠠᠯᠭ᠎ᠠ ᠪᠠᠷ᠂ ᠳᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠵᠤ ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠵᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠵᠤ᠂ ᠦᠢᠯᠡᠴᠢᠯᠡᠭᠡ ᠶᠢ ᠰᠢᠯᠢᠳᠡᠭᠵᠢᠬᠦᠯᠬᠦ ᠵᠦᠢᠯ ᠤᠳ ᠲᠤ ᠦᠨᠡᠯᠡᠯᠳᠡ ᠬᠢᠯᠬᠡᠵᠤ᠂ ᠪᠤᠰᠤᠳᠴᠢ ᠲᠦᠪ ᠭᠤᠤᠯᠴᠢ ᠪᠠᠷ ᠰᠠᠨᠠᠯ ᠪᠠ ᠰᠠᠨᠠᠭᠤᠯᠭ᠎ᠠ ᠳᠤᠷᠠᠳᠤᠭᠤᠯᠤᠨ᠎ᠠ᠃ᠲᠦᠷᠪᠡ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠬᠡ︶ ᠵᠤᠬᠢᠴᠠᠭᠤᠯᠤᠯᠳᠠ ᠶᠢᠨ ᠳᠤᠭᠤᠶᠢᠯᠠᠩ ᠤᠯᠤᠰ᠂ ᠦᠪᠡᠷᠳᠡᠬᠡᠨ ᠵᠠᠰᠠᠬᠤ ᠤᠷᠤᠨ᠂ ᠤᠯᠠᠭᠠᠨᠴᠠᠪ ᠬᠤᠳᠠ ᠪᠠ ᠮᠠᠨ ᠤ ᠰᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠤᠰᠤᠭᠠᠷ᠂ ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ ᠶᠢ ᠲᠦᠯᠬᠢᠨ ᠠᠬᠢᠭᠤᠯᠬᠤ ᠨᠢᠬᠡᠳᠦᠯᠳᠡᠢ ᠲᠦᠯᠦᠪᠯᠡᠨ ᠵᠢᠭᠠᠨ ᠵᠢᠯᠤᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠬᠤ ᠬᠡᠷᠡᠭᠳᠡᠢ᠃ ᠡᠯ᠎ᠡ ᠳᠤᠰᠬᠠᠢ ᠳᠤᠭᠤᠶᠢᠯᠠᠩ ᠪᠠ ᠴᠢᠳᠠᠮᠵᠢ ᠶᠢᠨ ᠳᠤᠭᠤᠶᠢᠯᠠᠩ ᠨᠢ ᠳᠤᠰᠢᠶᠠᠯ ᠬᠠᠷᠢᠭᠤᠴᠠᠯᠭ᠎ᠠ ᠪᠠᠷ ᠢᠶᠠᠨ ᠠᠵᠢᠯ ᠢ ᠬᠤᠪᠢᠶᠠᠷᠢᠯᠠᠵᠤ᠂ ᠬᠠᠷᠠᠯᠳᠠᠳᠤ ᠡᠬᠦᠷᠬᠡ ᠪᠠᠨ ᠳᠤᠳᠤᠷᠬᠠᠶᠢᠯᠠᠵᠤ᠂ ᠵᠠᠮ ᠱᠣᠭᠤᠮ ᠤᠨ ᠵᠢᠷᠤᠭ ᠪᠠ ᠴᠠᠭ ᠤᠨ ᠬᠦᠰᠦᠨᠦᠭ ᠢ ᠳᠤᠭᠳᠠᠭᠠᠵᠤ᠂ ᠳᠤᠰ ᠬᠦᠷᠢᠶ᠎ᠡ ᠴᠠᠷᠠᠭ᠎ᠠ ᠶᠢᠨ ᠦᠬᠡᠷᠡᠴᠢᠯᠡᠯᠳᠡ ᠶᠢᠨ ᠨᠢᠬᠡᠳᠦᠯᠳᠡᠢ ᠲᠦᠯᠦᠪᠯᠡᠭᠡ ᠶᠢ ᠰᠠᠶᠢᠲᠤᠷ ᠠᠳᠬᠤᠵᠤ᠂ ᠡᠯ᠎ᠡ ᠲᠦᠷᠦᠯ  ᠤᠨ ᠦᠬᠡᠷᠡᠴᠢᠯᠡᠯᠳᠡ ᠶᠢ ᠵᠤᠬᠢᠴᠠᠭᠤᠯᠤᠨ ᠢᠵᠢ ᠪᠦᠷᠢᠳᠦᠬᠦᠯᠵᠤ᠂ ᠪᠦᠬᠦᠶᠢᠯᠡ ᠴᠤᠭᠴᠠ ᠪᠠᠷ ᠲᠦᠯᠬᠢᠨ ᠠᠬᠢᠭᠤᠯᠬᠤ  ᠶᠢ ᠦᠨᠡᠨᠬᠦ ᠪᠠᠳᠤᠯᠠᠬᠤ ᠬᠡᠷᠡᠭᠳᠡᠢ᠃ ᠢᠯᠠᠩᠭᠤᠶ᠎ᠠ ᠬᠦᠷᠢᠶ᠎ᠡ ᠴᠠᠷᠠᠭ᠎ᠠ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ᠂ ᠳᠠᠪᠬᠤᠷᠭ᠎ᠠ ᠱᠠᠲᠤ ᠠᠯᠤᠰᠯᠠᠭᠰᠠᠨ ᠳᠤᠮᠤ ᠴᠢᠬᠤᠯᠠ ᠠᠰᠠᠭᠤᠳᠠᠯ ᠢ ᠠᠩᠬᠠᠷᠴᠦ ᠰᠤᠳᠤᠯᠤᠨ ᠰᠢᠢᠳᠪᠦᠷᠢᠯᠡᠵᠤ᠂ ᠵᠢᠭᠠᠨ ᠵᠢᠯᠤᠭᠤᠳᠬᠤ᠂ ᠵᠤᠬᠢᠴᠠᠭᠤᠯᠬᠤ᠂ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠮᠦᠨ ᠴᠢᠨᠠᠷ ᠤᠨ ᠴᠢᠨᠠᠷᠳᠠᠢ ᠠᠬᠢᠴᠠ ᠶᠢ ᠳᠠᠰᠤᠷᠠᠯᠳᠠ ᠦᠬᠡᠢ ᠤᠯᠬᠤ ᠬᠡᠷᠡᠭᠳᠡᠢ᠃    ︵ᠬᠤᠶᠠᠷ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠶᠡᠭᠡ ᠳᠠᠯ᠎ᠠ ᠶᠢᠨ ᠦᠵᠡᠯ ᠤᠬᠠᠮᠰᠡᠷ᠂ ᠬᠠᠷᠢᠭᠤᠴᠠᠯᠭ᠎ᠠ ᠶᠢᠨ ᠦᠵᠡᠯ ᠤᠬᠠᠮᠰᠡᠷ ᠪᠠ ᠪᠠᠴᠢᠮ ᠳᠤᠯᠭᠠᠮ᠎ᠡ ᠦᠵᠡᠯ ᠤᠬᠠᠮᠰᠡᠷ ᠢᠶᠠᠨ ᠨᠡᠮᠡᠭᠳᠡᠬᠦᠯᠵᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠤᠯᠠᠭᠠᠨᠴᠠᠪ ᠬᠤᠳᠠ ᠪᠠ ᠮᠠᠨ ᠤ ᠰᠢᠶᠠᠨ ᠤ ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠨᠢᠮᠪᠠᠢ ᠲᠤᠤᠱᠯᠠᠭᠤᠯᠵᠤ᠂ ᠵᠤᠬᠢᠴᠠᠭᠤᠯᠤᠯᠳᠠ ᠶᠢᠨ ᠳᠤᠭᠤᠶᠢᠯᠠᠩ ᠤᠨ ᠱᠠᠭᠠᠷᠳᠠᠯᠭ᠎ᠠ ᠶᠤᠰᠤᠭᠠᠷ᠂ ᠰᠢᠪᠳᠤᠯᠤᠯᠳᠠ ᠶᠢᠨ ᠠᠮᠠ ᠶᠢ ᠤᠨᠤᠪᠴᠢᠳᠠᠢ ᠤᠯᠵᠤ᠂ ᠬᠦᠴᠦᠯᠡᠬᠦ ᠴᠡᠭ ᠢ ᠡᠵᠡᠮᠰᠢᠵᠤ᠂ ᠬᠢᠨᠠᠨ ᠬᠠᠮᠢᠶᠠᠷᠤᠯᠳᠠ ᠳᠡᠬᠡᠷ᠎ᠡ ᠰᠢᠨ᠎ᠡ ᠶᠢ ᠡᠬᠦᠳᠬᠦ ᠶᠢ ᠡᠷᠬᠢᠮᠯᠡᠵᠤ᠂ ᠪᠤᠳᠠᠳᠠᠢ ᠡᠷᠬᠢᠮᠯᠡᠭᠰᠡᠨ ᠠᠷᠭ᠎ᠠ ᠪᠠᠷᠢᠯ ᠢᠶᠠᠷ ᠦᠬᠡᠷᠡᠴᠢᠯᠡᠯᠳᠡ ᠬᠦᠨ ᠳᠡᠰᠢ ᠲᠦᠯᠬᠢᠬᠦ ᠬᠡᠷᠡᠭᠳᠡᠢ᠃ ᠭᠤᠤᠯ ᠬᠠᠷᠢᠭᠤᠴᠠᠬᠤ ᠨᠦᠬᠦᠷ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠬᠦ ᠡᠬᠦᠷᠬᠡᠯᠡᠵᠤ᠂ ᠪᠠᠶᠢᠷᠢᠯᠠᠭᠤᠯᠤᠯᠳᠠ᠂ ᠵᠤᠬᠢᠴᠠᠭᠤᠯᠤᠯᠳᠠ ᠪᠠ ᠨᠠᠶᠢᠳᠠᠪᠤᠷᠢᠵᠢᠭᠤᠯᠤᠯᠳᠠ  ᠶᠢᠨ ᠠᠵᠢᠯ ᠢ ᠪᠡᠶ᠎ᠡ ᠪᠠᠷ ᠢᠶᠠᠨ ᠰᠠᠶᠢᠲᠤᠷ ᠠᠳᠬᠤᠬᠤ ᠬᠡᠷᠡᠭᠳᠡᠢ᠃    ︵ᠭᠤᠷᠪᠠ︶ ᠡᠯ᠎ᠡ ᠰᠢᠶᠠᠩ ᠪᠠᠯᠭᠠᠰᠤ ᠬᠠᠷᠢᠶ᠎ᠠ ᠭᠠᠵᠠᠷ ᠲᠠᠭᠠᠨ ᠬᠠᠮᠢᠶᠠᠷᠬᠤ ᠵᠠᠷᠴᠢᠮ ᠢ ᠪᠠᠷᠢᠮᠳᠠᠯᠠᠵᠤ᠂ ᠬᠡᠮᠵᠢᠶ᠎ᠡ ᠪᠠᠷ ᠳᠤᠮᠤ ᠬᠡᠪᠴᠢᠶ᠎ᠡ ᠪᠠᠷ ᠦᠷᠬᠡᠨ ᠨᠡᠶᠢᠬᠡᠮ ᠤᠨ ᠠᠷᠠᠳ ᠤᠨ ᠠᠮᠢᠳᠤᠷᠠᠯ ᠤᠨ ᠳᠠᠯ᠎ᠠ ᠪᠠᠷ ᠬᠦᠢᠴᠡᠳ ᠬᠦᠴᠦᠯᠡᠬᠦ ᠶᠢ ᠴᠢᠬᠤᠯᠠᠴᠢᠯᠠᠵᠤ᠂ ᠳᠤᠰᠬᠤᠨ ︵ᠨᠡᠶᠢᠬᠡᠮ ᠳᠤᠭᠤᠷᠢᠭ︶ ᠤ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠲᠦᠪ ᠤᠨ ᠰᠤᠩᠭᠠᠨ ᠦᠢᠯᠡᠴᠢᠯᠡᠬᠦ ᠠᠵᠢᠯ ᠢ ᠴᠢᠨᠠᠭᠰᠢᠳᠡ ᠰᠠᠶᠢᠲᠤᠷ ᠬᠢᠬᠦ ᠬᠡᠷᠡᠭᠳᠡᠢ᠃                          2018 ᠤᠨ ᠤ 7 ᠰᠠᠷ᠎ᠡ ᠶᠢᠨ 9 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2