ᠱᠠᠩᠳᠤ ᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠳᠤᠬᠢᠷᠠᠭᠤᠯᠤᠯᠳᠠ ᠬᠢᠬᠦ ᠳᠤᠬᠠᠢ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2018-08-28
   ᠱᠠᠩᠳᠤ ᠵᠠᠰᠠᠭ ᠠᠯᠪᠠᠨ ᠳᠠᠷᠬᠠᠭᠠᠭᠰᠠᠨ ﹇2018﹈ 47 ᠳ᠋ᠣᠭᠠᠷ ᠳᠤᠭᠠᠳᠤ    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ   ᠤ ᠬᠤᠯᠪᠤᠭᠳᠠᠯ ᠪᠦᠬᠦᠢ ᠨᠢᠬᠡᠴᠡ᠄ ᠠᠵᠢᠯᠳᠠᠨ ᠤ ᠬᠤᠪᠢᠷᠠᠯᠳᠠ ᠠᠴᠠ ᠪᠤᠯᠵᠤ᠂ ᠡᠳᠦᠬᠡ ᠱᠠᠩᠳᠤ ᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠳᠤᠤᠷᠡᠬᠢ ᠮᠡᠳᠦ ᠳᠤᠬᠢᠷᠠᠭᠤᠯᠤᠯᠳᠠ ᠬᠢᠶ᠎ᠡ᠄    ᠳᠤᠭᠤᠶᠢᠯᠠᠩ ᠤᠨ ᠳᠠᠷᠤᠭ᠎ᠠ᠄ ᠼᠣᠣ ᠺᠠᠢ ᠬᠤᠩ    ᠰᠢᠶᠠᠨ ᠤ ᠨᠠᠮ ᠤᠨ ᠬᠤᠷᠢᠶᠠᠨ ᠤ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠬᠦᠸᠧ ᠢᠦᠢ ᠭᠤᠸᠠᠩ    ᠰᠢᠶᠠᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠵᠠᠩ ᠰᠢᠶᠤᠤ ᠯᠢᠩ    ᠰᠢᠶᠠᠨ ᠤ ᠵᠠᠰᠠᠭ ᠤᠨ ᠤᠷᠳᠤᠨ ᠤ ᠳᠡᠳ᠋ ᠰᠢᠶᠠᠨ ᠤ ᠳᠠᠷᠤᠭ᠎ᠠ    ᠫᠧᠩ ᠰᠢᠥᠢ ᠺᠦᠢ   ᠰᠢᠶᠠᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠳᠠᠷᠤᠭ᠎ᠠ    ᠡᠤ ᠴᠠᠩ ᠵᠢᠶᠦ᠋ᠨ    ᠰᠢᠶᠠᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠤᠯᠤᠰ ᠲᠦᠷᠦ ᠶᠢᠨ ᠬᠡᠰᠢᠬᠦᠨ ᠪᠦᠷᠢᠯᠳᠦᠬᠦᠨ᠄ ᠶᠢᠨ ᠵᠢᠶᠠᠨ ᠮᠢᠨ ᠰᠢᠶᠠᠨ ᠤ ᠡᠳ᠋ ᠤᠨ ᠵᠠᠰᠠᠭ ᠤᠨ ᠳᠤᠪᠴᠢᠶᠠᠨ ᠤ ᠳᠤᠪᠴᠢᠶᠠᠨ ᠳᠠᠷᠤᠭ᠎ᠠ    ᠶᠠᠨ ᠫᠸᠢ   ᠰᠢᠶᠠᠨ ᠤ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠤᠯᠤᠰ ᠲᠦᠷᠦ ᠶᠢᠨ ᠬᠡᠰᠢᠬᠦᠨ    ᠲᠢᠶᠠᠨ ᠵᠢᠶᠦ᠋ᠨ ᠯᠸᠤ   ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠬᠡᠰᠢᠬᠦᠴᠢ    ᠰᠢᠥᠢ ᠴᠧᠩ ᠴᠢᠶᠠᠩ    ᠰᠢᠶᠠᠨ ᠤ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ    ᠭᠤᠤ ᠬᠤᠩ    ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠳᠡᠳ᠋ ᠡᠷᠬᠢᠯᠡᠭᠴᠢ    ᡁᠢ ᠸᠧᠨ ᠰᠢᠥᠢ    ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠳᠡᠳ᠋ ᠳᠠᠷᠤᠭ᠎ᠠ    ᠶᠠᠩ ᠴᠢ ᠡᠤ    ᠰᠢᠶᠠᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠳᠡᠳ᠋ ᠬᠡᠯᠳᠡᠰ ᠤᠨ ᠳᠠᠷᠤᠭ᠎ᠠ    ᠸᠠᠩ ᠰᠢᠥᠸᠠᠢ ᠬᠠᠢ    ᠰᠢᠶᠠᠨ ᠤ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠳᠤᠪᠴᠢᠶᠠᠨ ᠤ ᠳᠤᠪᠴᠢᠶᠠᠨ ᠳᠠᠷᠤᠭ᠎ᠠ    ᠷᠧᠨ ᠬᠠᠢ ᠴᠢᠩ    ᠰᠢᠶᠠᠨ ᠤ ᠠᠷᠠᠳ ᠤᠨ ᠶᠠᠪᠤᠳᠠᠯ ᠤᠨ ᠳᠤᠪᠴᠢᠶᠠᠨ ᠤ ᠳᠤᠪᠴᠢᠶᠠᠨ ᠳᠠᠷᠤᠭ᠎ᠠ    ᠵᠤᠤ ᠶᠠ ᠪᠢ    ᠰᠢᠶᠠᠨ ᠤ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠪᠤᠷᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ    ᠵᠢᠶᠠ ᠯᠢ ᠳ᠋ᠢᠩ    ᠰᠢᠶᠠᠨ ᠤ ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠪᠡᠶ᠎ᠡ ᠶᠢᠨ ᠳᠠᠮᠢᠷ ᠤᠨ ᠳᠤᠪᠴᠢᠶᠠᠨ ᠤ ᠳᠤᠪᠴᠢᠶᠠᠨ ᠳᠠᠷᠤᠭ᠎ᠠ    ᠸᠠᠩ ᠯᠢ    ᠰᠢᠶᠠᠨ ᠤ ᠰᠤᠶᠤᠯ ᠵᠤᠭᠠᠴᠠᠯ ᠰᠤᠨᠢᠨ ᠮᠡᠳᠡᠭᠡ ᠷᠡᠳᠢᠤ᠋ ᠲᠧᠯᠸᠢᠰ ᠳᠤᠪᠴᠢᠶᠠᠨ ᠤ ᠳᠤᠪᠴᠢᠶᠠᠨ ᠳᠠᠷᠤᠭ᠎ᠠ    ᠵᠤᠤ ᠵᠢᠶᠠᠩ ᠬᠠᠢ    ᠰᠢᠶᠠᠨ ᠤ ᠵᠠᠮ ᠬᠠᠷᠢᠯᠴᠠᠭᠠᠨ ᠤ ᠳᠤᠪᠴᠢᠶᠠᠨ ᠤ ᠳᠤᠪᠴᠢᠶᠠᠨ ᠳᠠᠷᠤᠭ᠎ᠠ    ᠴᠠᠩ ᠯᠢ ᠴᠢᠨ    ᠰᠢᠶᠠᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠳᠡᠷᠢᠬᠦᠯᠡᠭᠴᠢ    ᠶᠠᠩ ᠰᠢᠥᠸᠠᠢ ᠯᠢᠨ    ᠰᠢᠶᠠᠨ ᠤ ᠡᠪᠯᠡᠯ ᠤᠨ ᠬᠤᠷᠢᠶᠠᠨ ᠤ ᠱᠦᠵᠢ    ᠮᠢ ᠫᠧᠩ     ᠰᠢᠶᠠᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠪᠠᠳᠤᠯᠠᠭᠠᠨ ᠤ ᠰᠠᠯᠠᠭᠠᠨ ᠤ ᠬᠠᠪᠰᠤᠷᠤᠭᠴᠢ    ᠼᠣᠣ ᠫᠧᠩ    ᠰᠢᠶᠠᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠴᠡᠷᠢᠭ ᠤᠨ ᠶᠠᠪᠤᠳᠠᠯ ᠤᠨ ᠵᠦᠪᠯᠡᠭᠴᠢ    ᠤᠳᠤᠷᠢᠳᠬᠤ ᠳᠤᠭᠤᠶᠢᠯᠠᠩ ᠤᠨ ᠳᠤᠤᠷ᠎ᠡ ᠠᠯᠪᠠᠨ ᠬᠡᠷ᠂ ᠤᠬᠠᠭᠤᠯᠭ᠎ᠠ ᠮᠡᠳᠡᠬᠡᠯᠡᠯ ᠤᠨ ᠳᠤᠭᠤᠶᠢᠯᠠᠩ᠂ ᠪᠡᠶ᠎ᠡ  ᠶᠢᠨ ᠪᠠᠶᠢᠴᠠᠭᠠᠯᠳᠠ ᠶᠢᠨ ᠳᠤᠭᠤᠶᠢᠯᠠᠩ᠂ ᠤᠯᠤᠰ ᠲᠦᠷᠦ ᠶᠢᠨ ᠬᠢᠨᠠᠨ ᠪᠠᠶᠢᠴᠠᠭᠠᠯᠳᠠ ᠶᠢᠨ ᠳᠤᠭᠤᠶᠢᠯᠠᠩ᠂ ᠰᠤᠷᠤᠯᠭ᠎ᠠ ᠶᠢᠨ ᠨᠠᠮᠳᠠᠷ ᠤᠨ ᠬᠢᠨᠠᠨ ᠬᠠᠷᠭᠤᠭᠤᠯᠤᠯᠳᠠ ᠶᠢᠨ ᠳᠤᠭᠤᠶᠢᠯᠠᠩ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠪᠠ ᠶᠡᠷᠦᠩᠭᠡᠢ ᠪᠠᠳᠤᠯᠠᠭᠠᠨ ᠤ ᠳᠤᠭᠤᠶᠢᠯᠠᠩ ᠭᠠᠷᠭᠠᠵᠤ᠂ ᠳᠤᠰᠢᠶᠠᠯ ᠬᠠᠷᠢᠭᠤᠴᠠᠯᠭ᠎ᠠ ᠨᠢ ᠳᠤᠤᠷᠡᠬᠢ ᠮᠡᠳᠦ᠄    ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠷᠠᠳ ᠤᠨ ᠵᠡᠪᠰᠡᠭᠳᠤ ᠬᠦᠴᠦᠨ ᠤ ᠬᠡᠯᠳᠡᠰ ᠲᠤ ᠭᠠᠷᠭᠠᠵᠤ᠂ ᠠᠯᠪᠠᠨ ᠬᠡᠷ ᠤᠨ ᠡᠷᠬᠢᠯᠡᠭᠴᠢ ᠶᠢ ᠹᠧᠩ ᠰᠢᠥᠸᠠᠢ ᠺᠦᠢ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠬᠤᠯᠪᠤᠭᠳᠠᠯ ᠪᠦᠬᠦ ᠰᠠᠯᠠᠭ᠎ᠠ ᠮᠦᠴᠢᠷ ᠠᠴᠠ ᠳᠠᠳᠠᠨ ᠳᠤᠬᠢᠷᠠᠭᠤᠯᠵᠤ᠂ ᠪᠦᠬᠦ ᠰᠢᠶᠠᠨ ᠤ ᠴᠡᠷᠢᠭ ᠡᠯᠰᠡᠬᠦ ᠠᠵᠢᠯ ᠤᠨ ᠲᠦᠯᠦᠪᠯᠡᠭᠡ ᠵᠤᠬᠢᠴᠠᠭᠤᠯᠤᠯᠳᠠ᠂ ᠮᠦᠷᠳᠡᠨ ᠵᠢᠭᠠᠨ ᠵᠢᠯᠤᠭᠤᠳᠤᠯᠭ᠎ᠠ᠂ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠶᠢ ᠬᠠᠷᠢᠭᠤᠴᠠᠵᠤ᠂ ᠴᠡᠷᠢᠭ ᠡᠯᠰᠡᠬᠦ ᠠᠵᠢᠯ ᠤᠨ ᠳᠤᠮᠳᠠ ᠳᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠴᠠᠭ ᠳᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠤ᠂ ᠴᠡᠷᠢᠭ ᠡᠯᠰᠡᠬᠦ ᠡᠬᠦᠷᠬᠡ ᠶᠢ ᠳᠡᠬᠦᠰ ᠪᠡᠶᠡᠯᠡᠬᠦᠯᠬᠦ ᠶᠢ ᠦᠨᠡᠨᠬᠦ ᠪᠠᠳᠤᠯᠠᠨ᠎ᠠ᠃    ᠤᠬᠠᠭᠤᠯᠭ᠎ᠠ ᠮᠡᠳᠡᠬᠡᠯᠡᠯ ᠤᠨ ᠳᠤᠭᠤᠶᠢᠯᠠᠩ ᠤᠨ ᠳᠠᠷᠤᠭ᠎ᠠ ᠶᠢ ᡁᠢ ᠸᠧᠨ ᠰᠢᠥᠢ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠪᠠ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠤᠯᠤᠰ ᠲᠦᠷᠦ ᠶᠢᠨ ᠠᠵᠢᠯ ᠤᠨ ᠰᠠᠯᠠᠭ᠎ᠠ ᠠᠴᠠ ᠳᠠᠳᠠᠨ ᠳᠤᠬᠢᠷᠠᠭᠤᠯᠵᠤ᠂ ᠴᠡᠷᠢᠭ ᠡᠯᠰᠡᠬᠦ ᠤᠬᠠᠭᠤᠯᠭ᠎ᠠ᠂ ᠬᠠᠤᠯᠢ ᠰᠠᠬᠢᠯᠭ᠎ᠠ ᠶᠢᠨ ᠬᠦᠮᠦᠵᠢᠯ ᠵᠢᠴᠢ ᠠᠵᠢᠯ ᠤᠨ ᠬᠦᠳᠡᠯᠦᠩᠬᠦᠢ ᠪᠠᠶᠢᠳᠠᠯ ᠤᠨ ᠮᠡᠳᠡᠬᠡᠯᠡᠯ ᠵᠡᠷᠬᠡ ᠠᠵᠢᠯ ᠤᠳ ᠢ ᠬᠠᠷᠢᠭᠤᠴᠠᠨ᠎ᠠ᠃    ᠪᠡᠶ᠎ᠡ ᠶᠢᠨ ᠪᠠᠶᠢᠴᠠᠭᠠᠯᠳᠠ ᠶᠢᠨ ᠳᠤᠭᠤᠶᠢᠯᠠᠩ ᠤᠨ ᠳᠠᠷᠤᠭ᠎ᠠ ᠶᠢ ᠸᠠᠩ ᠰᠢᠥᠸᠠᠢ ᠬᠠᠢ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠰᠢᠶᠠᠨ ᠤ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠠᠴᠠ ᠬᠤᠯᠪᠤᠭᠳᠠᠯ ᠪᠦᠬᠦᠢ ᠡᠮᠨᠡᠯᠬᠡ ᠶᠢᠨ ᠬᠤᠷᠢᠶ᠎ᠠ ᠪᠠ ᠠᠷᠠᠳ ᠤᠨ ᠵᠡᠪᠰᠡᠭᠳᠤ ᠬᠦᠴᠦᠨ ᠤ ᠬᠡᠯᠳᠡᠰ ᠠᠴᠠ ᠳᠠᠳᠠᠨ ᠳᠤᠬᠢᠷᠠᠭᠤᠯᠤᠨ᠎ᠠ᠃ ᠪᠡᠶ᠎ᠡ ᠶᠢᠨ ᠪᠠᠶᠢᠴᠠᠭᠠᠯᠳᠠ ᠠᠴᠠ ᠡᠮᠦᠨ᠎ᠡ ᠪᠡᠶ᠎ᠡ ᠶᠢᠨ ᠪᠠᠶᠢᠴᠠᠭᠠᠯᠳᠠ ᠳᠤ ᠤᠷᠤᠯᠴᠠᠬᠤ ᠡᠮᠨᠡᠯᠬᠡ  ᠶᠢᠨ ᠠᠵᠢᠯᠳᠠᠨ ᠤ ᠪᠤᠯᠪᠠᠰᠤᠷᠠᠭᠤᠯᠤᠯ ᠢ ᠵᠤᠬᠢᠶᠠᠨ ᠪᠠᠶᠢᠭᠤᠯᠬᠤ ᠬᠡᠷᠡᠭᠳᠡᠢ︔ ᠪᠡᠶ᠎ᠡ ᠶᠢᠨ ᠪᠠᠶᠢᠴᠠᠭᠠᠯᠳᠠ ᠶᠢᠨ ᠶᠠᠪᠤᠴᠠ ᠳᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠳᠠ ᠶᠢᠨ ᠪᠠᠷᠢᠮᠵᠢᠶ᠎ᠠ ᠶᠢ ᠴᠢᠩᠭ᠎ᠠ ᠵᠢᠷᠦᠮᠯᠡᠵᠤ᠂ ᠪᠡᠶ᠎ᠡ ᠶᠢᠨ ᠪᠠᠶᠢᠴᠠᠭᠠᠯᠳᠠ ᠶᠢᠨ ᠪᠠᠷᠢᠮᠵᠢᠶ᠎ᠠ ᠶᠢ ᠬᠡᠷᠡᠭᠵᠢᠬᠦᠯᠦᠭᠰᠡᠨ ᠦᠬᠡᠢ ᠪᠤᠯᠵᠤ ᠴᠡᠷᠢᠭ ᠠᠴᠠ ᠪᠤᠴᠠᠭᠠᠬᠤ ᠬᠦᠨᠳᠦ ᠨᠤᠴᠢᠳᠠᠢ ᠠᠰᠠᠭᠤᠳᠠᠯ ᠳᠤ ᠣᠴᠠᠷᠠᠬᠤ ᠶᠢ ᠬᠤᠷᠢᠭᠯᠠᠬᠤ ᠬᠡᠷᠡᠭᠳᠡᠢ᠃ ᠤᠯᠤᠰ ᠲᠦᠷᠦ ᠶᠢᠨ ᠬᠢᠨᠠᠨ ᠪᠠᠶᠢᠴᠠᠭᠠᠯᠳᠠ ᠶᠢᠨ ᠳᠤᠭᠤᠶᠢᠯᠠᠩ ᠤᠨ ᠳᠠᠷᠤᠭ᠎ᠠ ᠶᠢ ᠡᠤ ᠴᠠᠩ ᠵᠢᠶᠦ᠋ᠨ ᠨᠦᠬᠦᠷ ᠪᠠ ᠶᠠᠨ ᠫᠸᠢ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠰᠢᠶᠠᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠪᠠ ᠠᠷᠠᠳ ᠤᠨ ᠵᠡᠪᠰᠡᠭᠳᠤ ᠬᠦᠴᠦᠨ ᠤ ᠬᠡᠯᠳᠡᠰ  ᠤᠨ ᠤᠯᠤᠰ ᠲᠦᠷᠦ ᠶᠢᠨ ᠰᠠᠯᠠᠭ᠎ᠠ ᠠᠴᠠ ᠳᠠᠳᠠᠨ ᠳᠤᠬᠢᠷᠠᠭᠤᠯᠵᠤ᠂ ᠤᠯᠤᠰ ᠲᠦᠷᠦ ᠶᠢᠨ ᠬᠢᠨᠠᠨ ᠪᠠᠶᠢᠴᠠᠭᠠᠬᠤ ᠬᠦᠮᠦᠰ ᠤᠨ ᠪᠤᠯᠪᠠᠰᠤᠷᠠᠭᠤᠯᠤᠯ ᠰᠠᠶᠢᠲᠤᠷ ᠬᠢᠬᠦ ᠶᠢ ᠬᠠᠷᠢᠭᠤᠴᠠᠵᠤ᠂ ᠴᠡᠷᠢᠭ ᠡᠯᠰᠡᠬᠦ ᠤᠯᠤᠰ ᠲᠦᠷᠦ ᠶᠢᠨ ᠬᠢᠨᠠᠨ ᠪᠠᠶᠢᠴᠠᠭᠠᠯᠳᠠ ᠶᠢᠨ ᠲᠦᠷᠦ ᠶᠢᠨ ᠪᠤᠳᠤᠯᠭ᠎ᠠ ᠶᠢᠨ ᠳᠤᠭᠳᠠᠭᠠᠯ ᠢ ᠴᠢᠩᠭ᠎ᠠ ᠵᠢᠷᠦᠮᠯᠡᠵᠤ᠂ ︽ᠨᠠᠰᠤ ᠪᠠᠭ᠎ᠠ ᠴᠡᠷᠢᠭ︾ ︽ᠤᠨᠳᠤᠤ ᠭᠠᠵᠠᠷ ᠤᠨ ᠴᠡᠷᠢᠭ︾ ︽ᠠᠰᠠᠭᠤᠳᠠᠯ ᠲᠠᠢ ᠴᠡᠷᠢᠭ︾ ᠵᠠᠯᠠᠭᠤᠴᠤᠳ ᠢ ᠴᠡᠷᠢᠭ ᠲᠤ ᠵᠦᠪᠰᠢᠶᠡᠷᠡᠬᠦᠯᠦᠨ ᠤᠷᠤᠭᠤᠯᠬᠤ ᠶᠢ ᠬᠤᠷᠢᠭᠯᠠᠨ᠎ᠠ᠃    ᠰᠤᠷᠤᠯᠭ᠎ᠠ ᠶᠢᠨ ᠨᠠᠮᠳᠡᠷ ᠤᠨ ᠬᠢᠨᠠᠨ ᠬᠠᠷᠭᠤᠭᠤᠯᠤᠯᠳᠠ ᠶᠢᠨ ᠳᠤᠭᠤᠶᠢᠯᠠᠩ ᠤᠨ ᠳᠠᠷᠤᠭ᠎ᠠ ᠶᠢ ᠵᠢᠶᠠ ᠯᠢ ᠳ᠋ᠢᠩ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠰᠢᠶᠠᠨ ᠤ ᠰᠤᠷᠭᠠᠨ ᠬᠦᠮᠦᠵᠢᠯ ᠰᠢᠨᠵᠢᠯᠡᠬᠡᠨ ᠮᠡᠷᠬᠡᠵᠢᠯ ᠪᠡᠶ᠎ᠡ  ᠶᠢᠨ ᠳᠠᠮᠢᠷ ᠤᠨ ᠳᠤᠪᠴᠢᠶ᠎ᠠ ᠪᠠ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠤᠯᠤᠰ ᠲᠦᠷᠦ ᠶᠢᠨ ᠠᠵᠢᠯ ᠤᠨ ᠰᠠᠯᠠᠭ᠎ᠠ ᠠᠴᠠ ᠳᠠᠳᠠᠨ ᠳᠤᠬᠢᠷᠠᠭᠤᠯᠵᠤ᠂ ᠡᠯᠰᠡᠬᠦ ᠵᠠᠯᠠᠭᠤᠴᠤᠳ ᠤᠨ ᠰᠤᠷᠤᠯᠭ᠎ᠠ ᠶᠢᠨ ᠨᠠᠮᠳᠠᠷ ᠤᠨ ᠬᠢᠨᠠᠨ ᠬᠠᠷᠭᠤᠭᠤᠯᠤᠯᠳᠠ ᠶᠢ ᠬᠠᠷᠢᠭᠤᠴᠠᠵᠤ᠂ ᠬᠠᠭᠤᠷᠮᠠᠭ ᠰᠤᠷᠤᠯᠭ᠎ᠠ ᠶᠢᠨ ᠨᠠᠮᠳᠠᠷ ᠲᠠᠢ ᠵᠠᠯᠠᠭᠤᠴᠤᠳ ᠢ ᠴᠡᠷᠢᠭ ᠲᠤ ᠡᠯᠰᠡᠬᠦ ᠶᠢ ᠳᠠᠰᠤ ᠬᠤᠷᠢᠭᠯᠠᠨ᠎ᠠ᠃    ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ ᠭᠤᠤ ᠬᠤᠩ ᠨᠦᠬᠦᠷ ᠬᠠᠪᠰᠤᠷᠭᠠᠨ ᠡᠬᠦᠷᠬᠡᠯᠡᠵᠤ᠂ ᠠᠵᠢᠯᠳᠠᠨ ᠢ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ ᠤᠯᠤᠰ ᠲᠦᠷᠦ ᠶᠢᠨ ᠠᠵᠢᠯ ᠤᠨ ᠰᠠᠯᠠᠭ᠎ᠠ ᠠᠴᠠ ᠳᠠᠳᠠᠨ ᠳᠤᠬᠢᠷᠠᠭᠤᠯᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠬᠦᠮᠦᠵᠢᠯ ᠢ ᠰᠠᠶᠢᠲᠤᠷ ᠬᠢᠵᠤ᠂ ᠴᠡᠷᠢᠭ ᠡᠯᠰᠡᠬᠦ ᠠᠵᠢᠯ ᠤᠨ ᠡᠯ᠎ᠡ ᠭᠤᠭᠴᠤᠭ᠎ᠠ ᠳᠤ ᠪᠦᠬᠦ ᠶᠠᠪᠤᠴᠠ ᠶᠢᠨ ᠬᠢᠨᠠᠨ ᠵᠢᠯᠤᠭᠤᠳᠤᠯᠭ᠎ᠠ ᠬᠢᠵᠤ᠂ ᠲᠦᠷᠢᠮ ᠰᠠᠬᠢᠯᠭ᠎ᠠ ᠶᠢ ᠵᠦᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠬᠡᠵᠤ᠂ ᠲᠦᠪ ᠪᠤᠰᠤ ᠰᠤᠷᠳᠠᠯ ᠢ ᠳᠠᠰᠤ ᠬᠤᠷᠢᠭᠯᠠᠨ᠎ᠠ᠃    ᠶᠡᠷᠦᠩᠭᠡᠢ ᠪᠠᠳᠤᠯᠠᠭᠠᠨ ᠤ ᠳᠤᠭᠤᠶᠢᠯᠠᠩ ᠤᠨ ᠳᠠᠷᠤᠭ᠎ᠠ ᠶᠢ ᠮᠢ ᠫᠧᠩ ᠨᠦᠬᠦᠷ ᠬᠠᠪᠰᠤᠷᠭᠠᠨ ᠡᠬᠦᠷᠬᠡᠯᠡᠵᠤ᠂ ᠡᠯᠡᠰᠦᠭᠳᠡᠭᠰᠡᠨ ᠰᠢᠨ᠎ᠡ ᠴᠡᠷᠢᠭ ᠤᠨ ᠬᠤᠪᠴᠠᠰᠤ ᠬᠤᠨᠠᠷ ᠢ ᠠᠪᠬᠤ᠂ ᠳᠠᠷᠬᠠᠭᠠᠬᠤ᠂ ᠪᠠᠷᠠᠭ᠎ᠠ ᠵᠦᠬᠡᠬᠡᠪᠤᠷᠢᠯᠡᠬᠦ ᠪᠠᠳᠤᠯᠠᠭ᠎ᠠ ᠵᠡᠷᠬᠡ ᠠᠵᠢᠯ ᠤᠳ ᠢ ᠬᠠᠷᠢᠭᠤᠴᠠᠨ᠎ᠠ᠃                               2018 ᠤᠨ ᠤ 7 ᠰᠠᠷ᠎ᠡ ᠶᠢᠨ 30 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2