ᠱᠠᠩᠳᠤ ᠵᠠᠰᠠᠭ ᠠᠯᠪᠠᠨ ᠳᠠᠷᠬᠠᠭᠠᠭᠰᠠᠨ ﹇2018﹈ 38 ᠳ᠋ᠤᠭᠠᠷ ᠲᠤᠭᠠᠳᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ | ᠪᠦᠬᠦᠢ ᠨᠢᠭᠡᠴᠢ᠄ | ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ᠂ ᠡᠳᠦᠭᠡ ︽ᠱᠠᠩᠳᠤ ᠰᠢᠶᠠᠨ ᠤ | ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠡᠷᠦᠭᠡ ᠪᠠᠷ ᠪᠠᠳᠤᠯᠠᠬᠤ ᠠᠵᠢᠯ ᠤᠨ ᠬᠡᠷᠡᠭᠵᠢᠬᠦᠯᠬᠦ | ᠲᠦᠰᠦᠯ︾ ᠪᠤᠯᠤᠨ ︽ᠱᠠᠩᠳᠤ ᠰᠢᠶᠠᠨ ᠤ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠭᠡᠷ | ᠪᠦᠯᠢ ᠶᠢ ᠮᠠᠭᠠᠳᠯᠠᠨ ᠲᠤᠭᠳᠠᠭᠠᠬᠤ ᠠᠷᠭ᠎ᠠ︾ ᠶᠢ ᠳᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠨᠢᠮᠪᠠᠢ | ᠲᠤᠤᠱᠯᠠᠭᠤᠯᠤᠨ ᠬᠡᠷᠡᠭᠵᠢᠬᠦᠯᠬᠦ ᠪᠤᠯᠪᠠᠤ᠃ | | 2018 ᠤᠨ ᠤ 6 ᠰᠠᠷ᠎ᠠ ᠶᠢᠨ 8 ᠤ ᠡᠳᠦᠷ | | ᠱᠠᠩᠳᠤ ᠰᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠪᠤᠷᠢ ᠶᠢᠨ ᠡᠷᠦᠭᠡ ᠪᠠᠷ ᠪᠠᠲᠤᠯᠠᠬᠤ ᠠᠵᠢᠯ ᠤᠨ ᠬᠡᠷᠡᠭᠵᠢᠬᠦᠯᠬᠦ ᠲᠦᠰᠦᠯ | ᠮᠠᠨ ᠤ ᠰᠢᠶᠠᠨ ᠤ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠠᠪᠤᠷᠠᠨ ᠲᠤᠰᠠᠯᠠᠬᠤ | ᠵᠠᠭᠪᠤᠷ ᠢ ᠴᠢᠨᠠᠭᠰᠢᠳᠠ ᠳᠡᠬᠦᠯᠳᠡᠷᠵᠢᠬᠦᠯᠵᠦ᠂ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠬᠡᠷ ᠪᠦᠯᠢ ᠶᠢ ᠮᠠᠭᠠᠳᠯᠠᠨ | ᠲᠤᠭᠳᠠᠭᠠᠬᠤ ᠰᠢᠰᠲ᠋ᠧᠮᠵᠢ ᠶᠢ ᠪᠦᠷᠢᠨᠰᠢᠬᠦᠯᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠮᠤᠷ ᠲᠦᠪᠰᠢᠨ ᠤ ᠲᠤᠤᠷ ᠢ ᠨᠢᠭᠳᠠ ᠪᠠᠬᠢ ᠨᠡᠬᠡᠬᠦ ᠶᠢᠨ ᠲᠤᠰᠠᠳᠠ᠂ ︽ᠨᠡᠶᠢᠭᠡᠮ ᠠᠴᠠ ᠠᠪᠤᠷᠠᠨ | ᠲᠤᠰᠠᠯᠠᠬᠤ ᠲᠦᠷ ᠬᠡᠷᠡᠭᠵᠢᠬᠦᠯᠬᠦ ᠠᠷᠭ᠎ᠠ︾ ︵ᠲᠦᠷᠦ ᠶᠢᠨ ᠶᠠᠪᠤᠳᠠᠯ ᠤᠨ ᠬᠤᠷᠢᠶ᠎ᠠ ᠵᠠᠷᠯᠢᠭ 649 ᠳ᠋ᠤᠭᠡᠷ | ᠲᠤᠭᠠᠳᠤ︶᠂ ︽ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠡᠳᠡᠭᠡᠳ ᠢ ᠮᠠᠭᠠᠳᠯᠠᠨ ᠲᠤᠭᠳᠠᠭᠠᠬᠤ ᠶᠡᠷᠦᠩᠭᠡᠢ ᠵᠢᠭᠠᠯᠳᠠ | ᠲᠤᠭᠠᠨ ᠤ ᠰᠢᠰᠲ᠋ᠧᠮᠵᠢ ᠪᠠ ᠳᠠᠩᠰᠠ ᠡᠪᠭᠡᠮᠡᠯ ᠤᠨ ᠬᠠᠮᠢᠶᠠᠷᠤᠯᠳᠠ ᠶᠢᠨ ᠠᠵᠢᠯ ᠢ ᠴᠢᠨᠠᠭᠰᠢᠳᠠ ᠲᠦᠯᠬᠢᠨ | ᠠᠬᠢᠭᠤᠯᠬᠤ ᠲᠤᠬᠠᠢ ᠮᠡᠳᠡᠭᠳᠡᠯ︾ ︵ᠦᠪᠦᠷ ᠠᠷᠠᠳ ᠶᠠᠪᠤᠳᠠᠯ ᠲᠠᠷᠬᠠᠭᠠᠭᠰᠠᠨ ﹇2015﹈ 32 ᠳ᠋ᠤᠭᠠᠷ ᠲᠤᠭᠠᠳᠤ | ︶ ᠪᠠ ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠡᠷᠦᠭᠡ ᠪᠠᠷ | ᠪᠠᠲᠤᠯᠠᠬᠤ ᠶᠢᠨ ᠬᠡᠷᠡᠭᠵᠢᠬᠦᠯᠬᠦ ᠲᠦᠰᠦᠯ ᠪᠤᠯᠤᠨ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ | ᠮᠠᠭᠠᠳᠯᠠᠨ ᠲᠤᠭᠳᠠᠭᠠᠬᠤ ᠠᠷᠭ᠎ᠠ ᠶᠢᠨ ᠲᠤᠬᠠᠢ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇ | 2015﹈ 40 ᠳ᠋ᠤᠭᠡᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠱᠠᠩᠳᠤ ᠰᠢᠶᠠᠨ ᠤ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠦᠰᠦᠯ ᠢ ᠲᠤᠭᠳᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ | ᠠᠰᠠᠭᠤᠳᠠᠯ ᠢ ᠬᠦᠨᠳᠦᠳᠭᠡᠬᠦ ᠪᠠ ᠰᠢᠢᠳᠪᠦᠷᠢᠯᠡᠬᠦ ᠲᠤᠬᠠᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠰᠢᠯᠠᠭᠤᠯᠤᠯᠳᠠ | ᠶᠤᠰᠤᠭᠠᠷ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠬᠠᠮᠢᠶᠠᠷᠤᠯᠳᠠ ᠶᠢᠨ ᠳᠦᠷᠢᠮ ᠢ | ᠳᠡᠬᠦᠯᠳᠡᠷᠵᠢᠬᠦᠯᠵᠦ᠂ ᠬᠤᠳᠠ ᠬᠦᠳᠡᠭᠡ ᠶᠢᠨ ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ | ᠪᠠᠳᠤᠯᠠᠵᠤ᠂ ᠪᠠᠶᠠᠨ ᠴᠢᠨᠡᠭᠡᠯᠢᠭ᠂ ᠦᠵᠡᠰᠬᠦᠯᠡᠩᠲᠦ ᠰᠠᠶᠢᠬᠠᠨ᠂ ᠪᠤᠯᠪᠠᠰᠤᠨ ᠶᠤᠰᠤᠷᠬᠠᠭ᠂ ᠵᠤᠯ ᠵᠢᠷᠭᠠᠯᠳᠤ ᠱᠠᠩᠳᠤ | ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠦᠨ᠎ᠡ᠃ | ᠬᠤᠶᠠᠷ᠂ ᠬᠠᠷᠠᠯᠳᠠ ᠡᠬᠦᠷᠭᠡ | 2018 ᠤᠨ ᠤ 6 ᠰᠠᠷ᠎ᠠ ᠠᠴᠠ ᠡᠬᠢᠯᠡᠨ᠂ 4 ᠰᠠᠷ᠎ᠠ ᠶᠢᠨ ᠴᠠᠭ ᠵᠠᠷᠤᠴᠠᠭᠤᠯᠵᠤ ᠪᠠᠶᠢᠭᠠᠳ᠂ ᠨᠦᠬᠦᠴᠡᠯ | ᠳᠤ ᠨᠡᠶᠢᠴᠡᠭᠰᠡᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠪᠦᠷᠢᠯᠳᠦᠬᠦᠨ ᠪᠦᠬᠦᠨ ᠢ ᠬᠤᠲᠠ ᠬᠦᠳᠡᠭᠡ ᠶᠢᠨ ᠨᠠᠭᠠᠳᠤ | ᠵᠠᠬ᠎ᠠ ᠶᠢᠨ ᠪᠠᠲᠤᠯᠠᠭᠠᠨ ᠤ ᠬᠦᠷᠢᠶ᠎ᠡ ᠬᠡᠪᠴᠢᠶᠡᠨ ᠳᠤ ᠤᠷᠤᠭᠤᠯᠬᠤ ᠮᠦᠷᠳᠡᠭᠡᠨ ᠡᠷᠦᠭᠡ ᠪᠠᠷ ᠪᠠᠲᠤᠯᠠᠬᠤ ᠶᠢ | ᠬᠡᠷᠡᠭᠵᠢᠬᠦᠯᠦᠨ᠎ᠡ︔ ᠨᠦᠬᠦᠴᠡᠯ ᠳᠤ ᠦᠯᠦ ᠨᠡᠶᠢᠴᠡᠬᠦ ᠨᠠᠭᠠᠳᠤ ᠵᠠᠬ᠎ᠠ ᠶᠢᠨ ᠪᠠᠲᠤᠯᠠᠭᠠᠨ ᠤ ᠡᠷᠦᠭᠡ ᠪᠦᠬᠦᠨ ᠢ | ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠬᠦᠷᠢᠶ᠎ᠡ ᠬᠡᠪᠴᠢᠶ᠎ᠡ ᠠᠴᠠ ᠭᠠᠷᠭᠠᠨ᠎ᠠ᠃ ︽ | ᠳᠠᠩᠰᠠ ᠡᠪᠭᠡᠮᠡᠯ ᠢ ᠨᠢᠭᠡᠳᠦᠬᠦᠯᠬᠦ᠂ ᠡᠷᠦᠭᠡ ᠪᠠᠷ ᠪᠠᠲᠤᠯᠠᠬᠤ᠂ ᠪᠠᠷᠢᠮᠵᠢᠶ᠎ᠠ ᠪᠠᠷ ᠪᠠᠲᠤᠯᠠᠬᠤ᠂ ᠵᠦᠷᠢᠶᠡᠳᠦ ᠲᠤᠭ᠎ᠠ | ᠪᠠᠷ ᠠᠪᠤᠷᠠᠨ ᠲᠤᠰᠠᠯᠠᠬᠤ︾ ᠨᠡᠶᠢᠭᠡᠮ ᠠᠴᠠ ᠠᠪᠤᠷᠠᠨ ᠲᠤᠰᠠᠯᠠᠬᠤ ᠵᠠᠭᠪᠤᠷ ᠢ ᠠᠭᠠᠵᠢᠮ ᠢᠶᠠᠷ ᠪᠦᠷᠢᠨᠰᠢᠬᠦᠯᠦᠨ | ᠳᠡᠭᠦᠯᠳᠡᠷᠵᠢᠬᠦᠯᠵᠦ᠂ ᠪᠠᠲᠤᠯᠠᠵᠤ ᠪᠤᠯᠬᠤ ᠶᠢ ᠨᠢ ᠠᠯᠢ ᠪᠤᠯᠬᠤ ᠪᠠᠷ ᠪᠠᠳᠤᠯᠠᠵᠤ᠂ ᠭᠠᠷᠭᠠᠬᠤ ᠶᠢ ᠨᠢ ᠳᠠᠷᠤᠢ | ᠭᠠᠷᠭᠠᠵᠤ᠂ ᠬᠦᠳᠡᠯᠦᠩᠬᠦᠢ ᠪᠠᠶᠢᠳᠠᠯ ᠢᠶᠠᠷ ᠬᠠᠮᠢᠶᠠᠷᠤᠨ᠎ᠠ᠃ | ᠭᠤᠷᠪᠠ᠂ ᠠᠵᠢᠯ ᠤᠨ ᠠᠷᠭ᠎ᠠ ᠪᠠᠷᠢᠯ | ︵ᠨᠢᠭᠡ︶ ᠤᠬᠠᠭᠤᠯᠤᠨ ᠳᠠᠶᠢᠴᠢᠯᠠᠬᠤ | ᠡᠯ᠎ᠡ ᠭᠤᠤᠯ ᠤᠷᠤᠰᠬᠠᠯᠳᠤ ᠵᠠᠭᠤᠴᠢᠯᠠᠭᠤᠷ ᠪᠠ ᠤᠯᠠᠨ ᠲᠦᠮᠡᠨ ᠤ ᠴᠢᠬᠢᠨ ᠳᠤ ᠲᠤᠯᠠᠭᠠᠨ ᠨᠢᠳᠦᠨ ᠳᠤ | ᠬᠠᠯᠠᠭᠤᠨ ᠠᠷᠭ᠎ᠠ ᠠᠪᠴᠠᠯ ᠢ ᠬᠦᠢᠴᠡᠳ ᠠᠰᠢᠭᠯᠠᠵᠤ᠂ ᠤᠠᠯᠨ ᠠᠷᠭ᠎ᠠ ᠵᠠᠮ᠂ ᠤᠯᠠᠨ ᠠᠷᠭ᠎ᠠ ᠮᠠᠶ᠋ᠢᠭ ᠢᠶᠠᠷ ᠲᠦᠷᠦ | ᠶᠢᠨ ᠪᠤᠳᠤᠯᠭ᠎ᠠ ᠶᠢ ᠤᠬᠠᠭᠤᠯᠬᠤ ᠠᠵᠢᠯᠯᠠᠭ᠎ᠠ ᠶᠢ ᠶᠠᠪᠤᠭᠳᠠᠭᠤᠯᠵᠤ᠂ ︽ᠡᠷᠦᠭᠡ ᠪᠠᠷ ᠪᠠᠳᠤᠯᠠᠬᠤ᠂ ᠪᠠᠷᠢᠮᠵᠢᠶ᠎ᠠ ᠪᠠᠷ | ᠪᠠᠲᠤᠯᠠᠬᠤ᠂ ᠵᠦᠷᠢᠶᠡᠳᠦ ᠲᠤᠭ᠎ᠠ ᠪᠠᠷ ᠤᠯᠭᠤᠬᠤ︾ ᠠᠪᠤᠷᠠᠨ ᠲᠤᠰᠠᠯᠠᠬᠤ ᠵᠠᠭᠪᠤᠷ ᠢ ᠤᠯᠠᠨ ᠲᠦᠮᠡᠨ ᠳᠤ ᠤᠶᠤᠨ | ᠢᠶᠠᠷ ᠳᠠᠨᠢᠭᠤᠯᠬᠤ ᠶᠢ ᠨᠢ ᠬᠦᠳᠦᠯᠵᠦ᠂ ᠬᠡᠷᠡᠭᠵᠢᠬᠦᠯᠬᠦ ᠶᠠᠪᠤᠴᠠ ᠤᠮᠳᠠ ᠬᠤᠯᠪᠤᠭᠳᠠᠭᠰᠠᠨ ᠬᠤᠪᠢ ᠬᠦᠮᠦᠨ ᠤ | ᠠᠰᠢᠭ ᠲᠤᠰᠠ ᠶᠢᠨ ᠠᠰᠠᠭᠤᠳᠠᠯ ᠳᠤ ᠵᠦᠪ ᠢᠶᠠᠷ ᠬᠠᠨᠳᠤᠵᠤ᠂ ᠪᠦᠬᠦ ᠨᠡᠶᠢᠭᠡᠮ ᠢᠶᠠᠷ ᠲᠤᠰ ᠲᠦᠷᠦᠯ ᠤᠨ ᠠᠵᠢᠯ ᠤᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠤᠶᠢᠯᠠᠭᠠᠭᠤᠯᠵᠤ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ | ᠪᠠᠲᠤᠯᠠᠪᠤᠷᠢ ᠶᠢᠨ ᠡᠷᠦᠭᠡ ᠪᠠᠷ ᠪᠠᠳᠤᠯᠠᠬᠤ ᠠᠵᠢᠯ ᠢ ᠶᠠᠪᠤᠭᠳᠠᠭᠤᠯᠬᠤ ᠳᠤ ᠶᠠᠷᠢᠶ᠎ᠠ ᠬᠡᠯᠡᠯᠴᠡᠭᠡ ᠶᠢᠨ ᠰᠠᠶᠢᠨ ᠰᠠᠶᠢᠬᠠᠨ | ᠤᠷᠴᠢᠨ ᠠᠬᠤᠢ ᠶᠢ ᠪᠤᠢ ᠪᠤᠯᠭᠠᠬᠤ ᠬᠡᠷᠡᠭᠳᠡᠢ᠃ | ︵ᠬᠤᠶᠠᠷ︶ ᠠᠯᠬᠤᠮ ᠬᠤᠪᠢᠶᠠᠨ ᠬᠡᠷᠡᠭᠵᠢᠬᠦᠯᠬᠦ | ᠲᠤᠰ ᠠᠵᠢᠯ ᠤᠨ ᠤᠷᠤᠭᠰᠢᠳᠠᠢ ᠶᠠᠪᠤᠭᠳᠠᠬᠤ ᠶᠢ ᠦᠨᠡᠨᠬᠦ ᠪᠠᠳᠤᠯᠠᠬᠤ ᠶᠢᠨ ᠲᠤᠰᠠᠳᠠ᠂ ᠬᠤᠳᠠ ᠬᠦᠳᠡᠭᠡ | ᠢᠵᠢᠯ ᠠᠯᠬᠤᠮ ᠢᠶᠠᠷ ᠶᠠᠪᠤᠭᠳᠠᠭᠤᠯᠬᠤ᠂ ᠤᠷᠢᠳᠠᠪᠠᠷ ᠬᠢᠯᠪᠠᠷ ᠢ ᠨᠢ ᠰᠡᠬᠦᠯᠡᠷ ᠬᠦᠴᠢᠷ ᠢ ᠨᠢ᠂ ᠠᠯᠬᠤᠮ ᠳᠠᠷᠠᠭ᠎ᠠ | ᠲᠠᠢ ᠤᠷᠤᠭᠰᠢᠯᠠᠬᠤ᠂ ᠱᠠᠲᠤ ᠬᠤᠪᠢᠶᠠᠨ ᠠᠭᠠᠵᠢᠮ ᠢᠶᠠᠷ ᠶᠠᠪᠤᠭᠳᠠᠭᠤᠯᠬᠤ ᠵᠠᠷᠴᠢᠮ ᠢ ᠪᠠᠷᠢᠮᠳᠠᠯᠠᠵᠤ ᠲᠦᠯᠬᠢᠨ | ᠠᠬᠢᠭᠤᠯᠬᠤ ᠬᠡᠷᠡᠭᠳᠡᠢ᠃ | ᠨᠢᠭᠡᠳᠦᠭᠡᠷ ᠱᠠᠲᠤ ︵6 ᠰᠠᠷ᠎ᠠ ᠶᠢᠨ 8 ᠤ ᠡᠳᠦᠷ — 6 ᠰᠠᠷ᠎ᠠ ᠶᠢᠨ 20 ᠤ ᠡᠳᠦᠷ︶᠃ ᠪᠠᠶᠢᠴᠠᠭᠠᠵᠤ | ᠪᠠᠶᠢᠳᠠᠯ ᠢ ᠤᠶᠢᠯᠠᠭᠠᠬᠤ ᠱᠠᠲᠤ᠃ ᠡᠯ᠎ᠡ ᠰᠢᠶᠠᠩ ᠪᠠᠯᠭᠠᠰᠤ ᠬᠤᠷᠴᠠ ᠴᠢᠳᠠᠮᠠᠭᠠᠢ ᠬᠦᠮᠦᠨ ᠢ ᠳᠠᠳᠠᠨ | ᠪᠦᠷᠢᠯᠳᠦᠬᠦᠯᠵᠦ᠂ ᠲᠤᠰᠬᠤᠨ ᠳᠠᠷᠠᠭᠠᠯᠠᠨ ᠨᠡᠶᠢᠭᠡᠮ ᠲᠤᠭᠤᠷᠢᠭ ᠳᠠᠷᠠᠭᠠᠯᠠᠨ ᠬᠦᠨᠳᠦ ᠡᠪᠡᠳᠴᠢᠨ᠂ ᠵᠡᠮᠳᠡᠭ ᠵᠢᠴᠢ | ᠳᠤᠤᠷ᠎ᠠ ᠤᠷᠤᠯᠭ᠎ᠠ ᠲᠠᠢ ᠨᠠᠭᠠᠳᠤ ᠵᠠᠬ᠎ᠠ ᠶᠢᠨ ᠪᠠᠲᠤᠯᠠᠭᠠᠨ ᠳᠤ ᠤᠷᠤᠭᠠᠳᠤᠢ ᠬᠦᠮᠦᠨ ᠠᠮᠠ ᠶᠢ ᠵᠢᠭᠰᠠᠭᠠᠨ | ᠪᠠᠶᠢᠴᠠᠭᠠᠬᠤ ᠬᠡᠷᠡᠭᠳᠡᠢ︔ ᠳᠠᠩᠰᠠ ᠡᠪᠭᠡᠮᠡᠯ ᠪᠠᠶᠢᠭᠤᠯᠤᠨ ᠺᠠᠷᠲᠴᠢᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ | ᠶᠢᠨ ᠳᠤᠮᠳᠠᠬᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠠᠵᠤ ᠦᠢᠯᠡᠰ ᠲᠤ ᠲᠦᠰᠢᠭᠯᠡᠨ ᠳᠡᠳᠬᠦᠬᠦ ᠪᠠ | ᠠᠵᠢᠯ ᠤᠯᠭᠤᠯᠳᠠ ᠪᠠᠷ ᠬᠠᠪᠰᠤᠷᠤᠨ ᠶᠠᠳᠠᠭᠤ ᠠᠴᠠ ᠠᠩᠬᠢᠵᠢᠷᠠᠭᠤᠯᠬᠤ ᠶᠢᠨ ᠠᠷᠭ᠎ᠠ ᠦᠭᠡᠢ ᠪᠤᠯᠤᠭᠰᠠᠨ ᠬᠦᠮᠦᠨ ᠢ | ᠨᠠᠭᠠᠳᠤ ᠵᠠᠬ᠎ᠠ ᠶᠢᠨ ᠪᠠᠳᠤᠯᠠᠭᠠᠨ ᠤ ᠬᠡᠪᠴᠢᠶ᠎ᠡ ᠳᠤ ᠤᠷᠤᠭᠤᠯᠬᠤ ᠡᠰᠡᠬᠦ᠂ ᠳᠠᠩᠰᠠ ᠡᠪᠭᠡᠮᠡᠯ ᠪᠠᠶᠢᠭᠤᠯᠵᠤ | ᠺᠠᠷᠲᠴᠢᠯᠠᠭᠰᠠᠨ ᠪᠤᠰᠤᠳ ᠶᠠᠳᠠᠭᠤ ᠬᠦᠴᠢᠷᠳᠡᠯᠳᠡᠢ ᠡᠷᠦᠭᠡ ᠳᠤ ᠪᠠᠳᠤᠯᠠᠬᠤ ᠶᠤᠰᠤᠳᠠᠢ ᠶᠢ ᠨᠢ ᠪᠠᠳᠤᠯᠠᠭᠰᠠᠨ ᠦᠭᠡᠢ | ᠪᠠᠶᠢᠬᠤ ᠠᠰᠠᠭᠤᠳᠠᠯ ᠤᠷᠤᠰᠢᠵᠤ ᠪᠠᠶᠢᠬᠤ ᠡᠰᠡᠬᠦ ᠳᠤ ᠵᠢᠭᠰᠠᠭᠠᠨ ᠪᠠᠶᠢᠴᠠᠭᠠᠵᠤ ᠪᠠᠶᠢᠳᠠᠯ ᠢ ᠤᠶᠢᠯᠠᠭᠠᠬᠤ ᠦᠪᠴᠢ | ᠪᠦᠷᠬᠦᠬᠦᠯᠳᠡ ᠶᠢ ᠪᠡᠶᠡᠯᠡᠬᠦᠯᠬᠦ ᠬᠡᠷᠡᠭᠳᠡᠢ᠃ | ᠬᠤᠶᠠᠳᠤᠭᠠᠷ ᠱᠠᠲᠤ ︵6 ᠰᠠᠷ᠎ᠠ ᠶᠢᠨ 21 ᠤ ᠡᠳᠦᠷ — 8 ᠰᠠᠷ᠎ᠠ ᠶᠢᠨ 31 ᠤ ᠡᠳᠦᠷ︶᠃ ᠪᠦᠬᠦ | ᠳᠠᠯ᠎ᠠ ᠪᠠᠷ ᠬᠡᠷᠡᠭᠵᠢᠬᠦᠯᠬᠦ ᠱᠠᠲᠤ᠃ ᠪᠠᠶᠢᠴᠠᠭᠠᠵᠤ ᠪᠠᠶᠢᠳᠠᠯ ᠢ ᠤᠶᠢᠯᠠᠭᠠᠬᠤ ᠪᠠᠷ ᠳᠠᠮᠵᠢᠭᠤᠯᠤᠨ᠂ ᠳᠤᠤᠷᠠᠬᠢ ᠳᠠᠪᠤᠨ | ᠲᠦᠷᠦᠯ ᠤᠨ ᠬᠦᠮᠦᠨ ᠢ ᠡᠷᠦᠭᠡ ᠪᠠᠷ ᠪᠠᠳᠤᠯᠠᠭᠠᠬᠤ ᠭᠤᠤᠯᠳᠠᠯᠭ᠎ᠠ ᠲᠠᠢ ᠡᠳᠡᠭᠡᠳ ᠢᠶᠠᠷ ᠵᠢᠭᠰᠠᠭᠠᠨ᠎ᠠ︔ | ᠨᠢᠭᠡ ᠨᠢ᠂ ᠲᠤᠰ ᠬᠦᠮᠦᠨ ᠨᠢ ᠬᠦᠨᠳᠦ ᠡᠪᠡᠳᠴᠢᠨ᠂ ᠬᠦᠨᠳᠦ ᠵᠡᠮᠳᠡᠭ ᠢᠶᠠᠷ ᠨᠢᠭᠡᠨᠳᠡ ᠨᠠᠭᠠᠳᠤ ᠵᠠᠬ᠎ᠠ ᠶᠢᠨ | ᠪᠠᠳᠤᠯᠠᠭ᠎ᠠ ᠡᠳ᠋ᠯᠡᠵᠦ ᠪᠠᠶᠢᠬᠤ᠂ ᠲᠡᠬᠦᠨ ᠲᠠᠢ ᠨᠢᠭᠡ ᠡᠷᠦᠭᠡ ᠠᠮᠠ ᠪᠠᠷ ᠬᠠᠮᠳᠤ ᠠᠮᠢᠳᠤᠷᠠᠵᠤ ᠪᠠᠶᠢᠭ᠎ᠠ ᠭᠡᠷ ᠪᠦᠯᠢ | ᠶᠢᠨ ᠪᠦᠷᠢᠯᠳᠦᠬᠦᠨ︔ ᠬᠤᠶᠠᠷ ᠨᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠨᠠᠰᠤᠳᠠᠢ ᠬᠦᠮᠦᠨ︔ ᠭᠤᠷᠪᠠ ᠨᠢ | ᠳᠠᠩᠰᠠ ᠡᠪᠭᠡᠮᠡᠯ ᠪᠠᠶᠢᠭᠤᠯᠵᠤ ᠺᠠᠷᠲᠴᠢᠯᠠᠭᠰᠠᠨ ᠶᠠᠳᠠᠭᠤ ᠬᠦᠴᠢᠷᠳᠡᠯᠳᠡᠢ ᠡᠷᠦᠭᠡ ᠳᠠᠬᠢ ᠨᠦᠬᠦᠴᠡᠯ ᠳᠤ ᠨᠡᠶᠢᠴᠡᠭᠰᠡᠨ | ᠪᠠᠶᠢᠭᠠᠳ ᠡᠷᠦᠭᠡ ᠪᠠᠷ ᠪᠠᠳᠤᠯᠠᠭᠰᠠᠨ ᠦᠭᠡᠢ︔ ᠲᠦᠷᠪᠡ ᠨᠢ ᠬᠦᠳᠡᠯᠦᠩᠬᠦᠢ ᠪᠠᠶᠢᠳᠠᠯ ᠢᠶᠠᠷ ᠲᠤᠬᠢᠷᠠᠭᠤᠯᠤᠯᠳᠠ | ᠬᠢᠵᠦ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠳᠡᠢ ᠡᠷᠦᠭᠡ ᠳᠠᠬᠢ ᠨᠠᠭᠠᠳᠤ ᠵᠠᠬ᠎ᠠ ᠶᠢᠨ ᠪᠠᠲᠤᠯᠠᠭᠠᠨ ᠤ | ᠨᠦᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠳᠡᠢ ᠭᠡᠷ ᠪᠦᠯᠢ︔ ᠳᠠᠪᠤ ᠨᠢ ᠦᠨᠦ ᠰᠠᠭᠤᠬᠤ ᠬᠡᠷ ᠶᠢᠨ ᠪᠠᠳᠤᠯᠠᠭ᠎ᠠ | ᠶᠢ ᠬᠠᠷᠠᠬᠠᠨ ᠨᠠᠶᠢᠳᠠᠪᠤᠷᠢᠵᠢᠭᠤᠯᠤᠭᠠᠳᠤᠢ ᠡᠩ ᠤᠨ ᠡᠷᠦᠭᠡ ᠳᠠᠬᠢ ᠨᠠᠭᠠᠳᠤ ᠵᠠᠬ᠎ᠠ ᠶᠢᠨ ᠪᠠᠲᠤᠯᠠᠭᠠᠨ ᠤ ᠨᠦᠬᠦᠴᠡᠯ | ᠳᠤ ᠬᠦᠷᠦᠭᠰᠡᠨ ᠭᠡᠷ ᠪᠦᠯᠢ᠃ | ᠭᠤᠷᠪᠠᠳᠤᠭᠠᠷ ᠱᠠᠲᠤ ︵9 ᠰᠠᠷ᠎ᠠ ᠶᠢᠨ 1 ᠤ ᠡᠳᠦᠷ — 9 ᠰᠠᠷ᠎ᠠ ᠶᠢᠨ 31 ᠤ ᠡᠳᠦᠷ︶᠃ | ᠳᠡᠬᠦᠯᠳᠡᠷᠵᠢᠬᠦᠯᠦᠨ ᠳᠡᠭᠡᠭᠰᠢᠯᠡᠬᠦᠯᠬᠦ ᠱᠠᠲᠤ᠃ ᠬᠢᠨᠠᠨ ᠬᠠᠷᠭᠤᠭᠤᠯᠬᠤ ᠬᠢᠨᠠᠨ ᠵᠦᠪᠰᠢᠶᠡᠷᠡᠬᠦ ᠶᠠᠪᠤᠴᠠ ᠶᠢ ᠪᠦᠬᠦ ᠳᠠᠯ᠎ᠠ | ᠪᠠᠷ ᠲᠦᠷᠢᠮᠵᠢᠬᠦᠯᠦᠨ᠎ᠡ᠃ ᠢᠯᠡᠩᠭᠤᠶ᠎ᠠ ᠡᠷᠦᠭᠡ ᠳᠤ ᠬᠦᠷᠴᠦ ᠪᠠᠶᠢᠴᠠᠭᠠᠬᠤ᠂ ᠠᠷᠠᠳᠴᠢᠯᠡᠯ ᠢᠶᠠᠷ ᠦᠨᠡᠯᠡᠬᠦ᠂ ᠬᠢᠨᠠᠨ | ᠬᠠᠷᠭᠤᠭᠤᠯᠬᠤ ᠬᠢᠨᠠᠨ ᠵᠦᠪᠰᠢᠶᠡᠷᠡᠬᠦ᠂ ᠦᠷ᠎ᠡ ᠳ᠋ᠦᠩ ᠢ ᠨᠡᠶᠢᠳᠡᠯᠡᠬᠦ ᠳᠤ ᠤᠷᠤᠮᠵᠢᠭᠤᠯᠤᠨ ᠬᠠᠮᠢᠶᠠᠷᠬᠤ ᠶᠢ | ᠶᠠᠪᠤᠭᠤᠯᠵᠤ᠂ ᠨᠦᠬᠦᠴᠡᠯ ᠲᠠᠢ ᠭᠠᠵᠠᠷ ᠤᠷᠤᠨ ᠨᠢ ᠵᠠᠰᠠᠭ ᠤᠨ ᠤᠷᠳᠤᠨ ᠤ ᠰᠦᠯᠵᠢᠶᠡᠨ ᠦᠷᠳᠡᠭᠡ᠂ ᠲᠤᠮᠤ | ᠲᠢᠩᠬᠢᠮ ᠤᠨ ᠡᠯᠧᠺᠲᠷᠦᠨ ᠴᠡᠭᠡᠨ ᠬᠦᠰᠢᠭᠡ ᠵᠡᠷᠭᠡ ᠴᠠᠭᠠᠰᠤᠴᠢᠯᠠᠭᠰᠠᠨ ᠦᠭᠡᠢ ᠠᠷᠭ᠎ᠠ ᠠᠪᠴᠠᠯ ᠢᠶᠠᠷ ᠨᠡᠶᠢᠳᠡᠯᠡᠵᠦ᠂ | ᠨᠡᠶᠢᠳᠡᠯᠡᠭᠰᠡᠨ ᠭᠠᠵᠠᠷ ᠤᠷᠤᠨ ᠨᠢ ᠰᠡᠬᠦᠳᠡᠷᠯᠡᠭᠰᠡᠨ ᠮᠠᠲ᠋ᠧᠷᠢᠶᠠᠯ ᠦᠯᠡᠳᠡᠬᠡᠬᠦ ᠬᠡᠷᠡᠭᠳᠡᠢ᠃ | ︵ᠲᠦᠷᠪᠡ︶ ᠳᠠᠩᠰᠠ ᠡᠪᠭᠡᠮᠡᠯ ᠢ ᠨᠢᠭᠡᠳᠭᠡᠬᠦ | ᠡᠯ᠎ᠡ ᠰᠢᠶᠠᠩ ᠪᠠᠯᠭᠠᠰᠤ ᠬᠤᠲᠠ ᠠᠴᠠ ᠨᠢᠭᠡᠳᠦᠯᠳᠡᠢ ᠲᠤᠭᠳᠠᠭᠠᠰᠠᠨ ︽ᠤᠯᠠᠭᠠᠨᠴᠠᠪ ᠬᠤᠲᠠ ᠶᠢᠨ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠳᠠᠩᠰᠠ | ᠡᠪᠭᠡᠮᠡᠯ︾ ᠪᠠ ︽ᠤᠯᠠᠭᠠᠨᠴᠠᠪ ᠬᠤᠲᠠ ᠶᠢᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠳᠠᠩᠰᠠ ᠡᠪᠭᠡᠮᠡᠯ ᠤᠨ ᠬᠠᠮᠢᠶᠠᠷᠤᠯᠳᠠ ᠶᠢᠨ ᠠᠷᠭ᠎ᠠ︾ ᠶᠢᠨ ᠠᠭᠤᠯᠭ᠎ᠠ | ᠶᠢᠨ ᠱᠠᠭᠠᠷᠳᠠᠯᠭ᠎ᠠ ᠶᠢ ᠦᠨᠳᠦᠰᠦᠯᠡᠵᠦ᠂ ︽ᠪᠦᠬᠦ ᠬᠤᠲᠠ ᠪᠠᠷ ᠢᠶᠠᠨ ᠨᠢᠭᠡᠳᠦᠯᠳᠡᠢ ᠪᠠᠶᠢᠬᠤ᠂ ᠱᠠᠲᠤ ᠬᠤᠪᠢᠶᠠᠨ | ᠬᠠᠮᠶᠠᠷᠬᠤ︾ ᠵᠠᠷᠴᠢᠮ ᠶᠤᠰᠤᠭᠠᠷ᠂ ᠪᠤᠢ ᠪᠦᠬᠦᠢ ᠨᠠᠭᠠᠳᠤ ᠵᠠᠬ᠎ᠠ ᠶᠢᠨ ᠪᠠᠳᠤᠯᠠᠭᠠᠨ ᠤ ᠭᠡᠷ ᠪᠦᠯᠢ ᠶᠢᠨ ᠳᠠᠩᠰᠠ | ᠡᠪᠭᠡᠮᠡᠯ ᠢ ᠳᠠᠬᠢᠨ ᠰᠢᠨ᠎ᠡ ᠪᠠᠷ ᠲᠢᠭᠯᠡᠵᠦ᠂ ᠪᠦᠷᠢᠨᠰᠢᠬᠦᠯᠵᠦ᠂ ᠨᠢᠭᠡ ᠡᠷᠦᠭᠡ ᠳᠤ ᠨᠢᠭᠡ ᠳᠠᠩᠰᠠ ᠡᠪᠭᠡᠮᠡᠯ ᠲᠠᠢ | ᠪᠠᠶᠢᠯᠭᠠᠵᠤ᠂ ᠤᠷᠬᠢᠭᠳᠠᠭᠰᠠᠨ ᠢ ᠨᠢ ᠨᠦᠬᠦᠪᠦᠷᠢᠯᠡᠬᠦ ᠬᠡᠷᠡᠭᠳᠡᠢ᠃ ᠡᠬᠦᠨ ᠤ ᠳᠠᠭᠠᠤ᠂ ᠰᠢᠶᠠᠨ ᠪᠠ ᠰᠢᠶᠠᠩ | ᠪᠠᠯᠭᠠᠰᠤᠨ ᠤ ᠴᠠᠭᠠᠰᠤᠨ ᠳᠠᠩᠰᠠ ᠡᠪᠭᠡᠮᠡᠯ ᠢ ᠵᠤᠬᠢᠴᠠᠯᠳᠤᠭᠰᠠᠨ ᠡᠯᠧᠲᠷᠦᠨ ᠳᠠᠩᠰᠠ ᠡᠪᠭᠡᠮᠡᠯ ᠢ ᠬᠤᠤᠰᠯᠠᠭᠤᠯᠵᠤ | ᠳᠠᠩᠰᠠ ᠡᠪᠭᠡᠮᠡᠯ ᠳᠤ ᠤᠷᠤᠭᠤᠯᠬᠤ ᠶᠢ ᠬᠡᠷᠡᠭᠵᠢᠬᠦᠯᠬᠦ ᠬᠡᠷᠡᠭᠳᠡᠢ᠃ | ︵ᠳᠠᠪᠤ︶ ᠰᠢᠯᠭᠠᠨ ᠬᠢᠨᠠᠵᠤ ᠦᠨᠡᠯᠡᠬᠦ | ᠰᠢᠶᠠᠨ ᠤ ᠵᠠᠰᠠᠭ ᠤᠨ ᠤᠷᠳᠤᠨ ᠵᠢᠯ ᠤᠨ ᠡᠴᠦᠰ ᠠᠴᠠ ᠡᠮᠦᠨ᠎ᠡ᠂ ᠬᠤᠯᠪᠤᠭᠳᠠᠯ ᠪᠦᠬᠦᠢ ᠨᠢᠭᠡᠴᠢ ᠶᠢ | ᠵᠤᠬᠢᠶᠠᠨ ᠪᠠᠶᠢᠭᠤᠯᠵᠤ᠂ ᠲᠤᠰ ᠠᠵᠢᠯ ᠳᠤ ᠪᠦᠬᠦ ᠳᠠᠯ᠎ᠠ ᠪᠠᠷ ᠰᠢᠯᠭᠠᠨ ᠬᠢᠨᠠᠵᠤ ᠦᠨᠡᠯᠡᠯᠳᠡ ᠬᠢᠨ᠎ᠡ᠃ ᠡᠷᠦᠭᠡ ᠪᠠᠷ | ᠪᠠᠳᠤᠯᠠᠬᠤ ᠶᠢ ᠬᠡᠷᠡᠭᠵᠢᠬᠦᠯᠬᠦ ᠬᠤᠭᠤᠴᠠᠭᠠᠨ ᠳᠤ᠂ ᠠᠷᠠᠳ ᠤᠨ ᠶᠠᠪᠤᠳᠠᠯ ᠤᠨ ᠳᠤᠪᠴᠢᠶ᠎ᠠ ᠬᠢᠨᠠᠨ ᠵᠢᠯᠤᠭᠤᠳᠬᠤ | ᠳᠤᠭᠤᠶᠢᠯᠠᠩ ᠪᠠᠶᠢᠭᠤᠯᠵᠤ᠂ ᠨᠠᠭᠠᠳᠤ ᠵᠠᠬ᠎ᠠ ᠶᠢᠨ ᠪᠠᠳᠤᠯᠠᠭᠠᠨ ᠤ ᠭᠡᠷ ᠪᠦᠯᠢ ᠶᠢᠨ ᠳᠠᠩᠰᠠ ᠡᠪᠭᠡᠮᠡᠯ ᠢ ᠪᠠᠶᠢᠴᠠᠭᠠᠨ | ᠦᠵᠡᠬᠦ᠂ ᠨᠠᠭᠠᠳᠤ ᠵᠠᠬ᠎ᠠ ᠶᠢᠨ ᠪᠠᠳᠤᠯᠠᠭᠠᠨ ᠤ ᠭᠡᠷ ᠪᠦᠯᠢ ᠪᠠᠷ ᠲᠤᠭᠤᠷᠢᠨ ᠰᠤᠷᠪᠤᠯᠵᠢᠯᠠᠬᠤ᠂ ᠨᠠᠭᠠᠳᠤ ᠵᠠᠬ᠎ᠠ ᠶᠢᠨ | ᠪᠠᠳᠤᠯᠠᠭᠠᠨ ᠤ ᠭᠡᠷ ᠪᠦᠯᠢ ᠶᠢᠨ ᠭᠤᠶᠤᠴᠢᠯᠠᠯ᠂ ᠬᠠᠷᠭᠤᠭᠤᠯᠤᠨ ᠪᠠᠶᠢᠴᠠᠭᠠᠯᠳᠠ᠂ ᠦᠨᠡᠯᠡᠯᠳᠡ᠂ ᠨᠡᠶᠢᠳᠡᠯᠡᠯ᠂ ᠬᠢᠨᠠᠨ | ᠵᠦᠪᠰᠢᠶᠡᠷᠡᠭᠰᠡᠨ ᠶᠠᠪᠤᠴᠠ ᠵᠡᠷᠭᠡ ᠶᠢ ᠬᠠᠷᠭᠤᠭᠤᠯᠬᠤ ᠠᠷᠭ᠎ᠠ ᠮᠠᠶ᠋ᠢᠭ ᠢᠶᠠᠷ ᠲᠤᠭᠳᠠᠭᠰᠠᠨ ᠬᠤᠭᠤᠴᠠᠭ᠎ᠠ ᠲᠠᠢ | ᠬᠤᠭᠤᠴᠠᠭ᠎ᠠ ᠦᠭᠡᠢ ᠬᠢᠨᠠᠨ ᠵᠢᠯᠤᠭᠤᠳᠴᠤ ᠪᠠᠶᠢᠴᠠᠭᠠᠨ᠎ᠠ᠃ ᠠᠵᠢᠯ ᠢᠶᠠᠨ ᠰᠠᠶᠢᠳᠤᠷ ᠪᠡᠶᠡᠯᠡᠬᠦᠯᠦᠭᠰᠡᠨ ᠰᠢᠶᠠᠩ | ᠪᠠᠯᠭᠠᠰᠤ ᠶᠢ ᠰᠠᠶᠢᠰᠢᠶᠠᠨ ᠬᠦᠬᠢᠬᠦᠯᠦᠨ᠎ᠡ︔ ᠠᠵᠢᠯ ᠳᠠᠭᠠᠨ ᠬᠢᠨᠠᠮᠠᠭᠠᠢ ᠦᠭᠡᠢ᠂ ᠬᠤᠳᠠᠯ ᠬᠠᠭᠤᠷᠮᠠᠭ ᠵᠤᠬᠢᠶᠠᠵᠤ᠂ | ᠱᠠᠭᠠᠷᠳᠠᠯᠭ᠎ᠠ ᠶᠤᠰᠤᠭᠠᠷ ᠠᠵᠢᠯ ᠢᠶᠠᠨ ᠪᠡᠶᠡᠯᠡᠬᠦᠯᠦᠭᠰᠡᠨ ᠦᠭᠡᠢ ᠰᠢᠶᠠᠩ ᠪᠠᠯᠭᠠᠰᠤ ᠶᠢ ᠨᠡᠶᠢᠳᠡᠯᠡᠵᠦ ᠰᠢᠬᠦᠮᠵᠢᠯᠡᠨ᠎ᠡ︔ | ᠠᠵᠢᠯ ᠤᠨ ᠬᠦᠴᠦᠨ ᠢᠶᠠᠷ ᠰᠤᠯᠠ᠂ ᠠᠰᠠᠭᠤᠳᠠᠯ ᠢᠶᠠᠷ ᠬᠦᠨᠳᠦ ᠨᠤᠴᠢᠳᠠᠢ ᠪᠤᠯᠤᠭᠰᠠᠨ ᠪᠣᠯ ᠬᠠᠮᠢᠶ᠎ᠠ ᠪᠦᠬᠦᠢ | ᠬᠦᠮᠦᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃ | ᠲᠦᠷᠪᠡ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ | ᠡᠷᠦᠭᠡ ᠪᠠᠷ ᠪᠠᠳᠤᠯᠠᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠦᠨᠡᠨᠬᠦ | ᠴᠢᠩᠭᠠᠳᠬᠠᠵᠤ᠂ ᠨᠠᠭᠠᠳᠤ ᠵᠠᠬ᠎ᠠ ᠶᠢᠨ ᠪᠠᠳᠤᠯᠠᠭᠠᠨ ᠤ ᠭᠡᠷ ᠪᠦᠯᠢ ᠶᠢ ᠮᠠᠭᠠᠳᠯᠠᠨ ᠳᠤᠭᠳᠠᠭᠠᠬᠤ ᠰᠢᠰᠲ᠋ᠧᠮᠵᠢ ᠪᠠ | ᠡᠷᠦᠭᠡ ᠪᠠᠷ ᠪᠠᠳᠤᠯᠠᠬᠤ᠂ ᠪᠠᠷᠢᠮᠵᠢᠶ᠎ᠠ ᠪᠠᠷ ᠪᠠᠳᠤᠯᠠᠬᠤ᠂ ᠵᠦᠷᠢᠶᠡᠳᠦ ᠲᠤᠭ᠎ᠠ ᠪᠠᠷ ᠠᠪᠤᠷᠠᠨ ᠲᠤᠰᠠᠯᠠᠬᠤ ᠠᠵᠢᠯ ᠤᠨ | ᠤᠷᠤᠭᠰᠢᠳᠠᠢ ᠠᠬᠢᠵᠢᠬᠤ ᠶᠢ ᠦᠨᠡᠨᠬᠦ ᠪᠠᠳᠤᠯᠠᠬᠤ ᠶᠢᠨ ᠲᠤᠰᠠᠳᠠ᠂ ᠰᠢᠶᠠᠨ ᠤ ᠵᠠᠰᠠᠭ ᠤᠨ ᠤᠷᠳᠤᠨ ᠠᠴᠠ ᠱᠠᠩᠳᠤ | ᠰᠢᠶᠠᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠨᠠᠭᠠᠳᠤ ᠵᠠᠬ᠎ᠠ ᠶᠢᠨ ᠪᠠᠳᠤᠯᠠᠭᠠᠨ ᠤ ᠡᠷᠦᠭᠡ | ᠪᠠᠷ ᠪᠠᠳᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠤᠭᠳᠠᠭᠠᠪᠠ᠃ ᠪᠦᠷᠢᠯᠳᠦᠬᠦᠨ | ᠬᠦᠮᠦᠰ ᠲᠤᠤᠷᠠᠬᠢ ᠮᠡᠳᠦ᠄ | ᠲᠤᠭᠤᠶᠢᠯᠠᠩ ᠤᠨ ᠳᠠᠷᠤᠭ᠎ᠠ᠄ ᠬᠦᠸᠧ ᠢᠤᠢ ᠭᠤᠸᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠶᠢᠨ ᠵᠢᠶᠠᠨ ᠮᠢᠨ ᠡᠳ᠋ ᠤᠨ ᠵᠠᠰᠠᠭ ᠤᠨ ᠳᠤᠪᠴᠢᠶᠠᠨ ᠤ | ᠲᠤᠪᠴᠢᠶᠠᠨ ᠳᠠᠷᠤᠭ᠎ᠠ | ᠰᠢᠤᠢ ᠽᠧᠩ ᠴᠢᠶᠠᠩ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ | ᠿᠧᠨ ᠬᠠᠢ ᠴᠢᠩ ᠠᠷᠠᠳ ᠤᠨ ᠶᠠᠪᠤᠳᠠᠯ ᠤᠨ ᠳᠤᠪᠴᠢᠶᠠᠨ ᠤ ᠳᠤᠪᠴᠢᠶᠠᠨ ᠳᠠᠷᠤᠭ᠎ᠠ | ᠪᠦᠷᠢᠯᠳᠦᠬᠦᠨ᠄ ᠯᠢ ᠵᠢᠶᠠᠨ ᠵᠢᠶᠦ᠋ᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ | ᠯᠦ ᡁᠢ ᠶᠤᠸᠠᠨ ᠲᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠼᠣᠣ ᠵᠢᠶᠠᠨ ᠵᠢᠶᠦ᠋ᠨ ᠡᠳ᠋ ᠤᠨ ᠵᠠᠰᠠᠭ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠵᠢᠶᠠᠨ ᠯᠢ ᠹᠧᠩ ᠬᠦᠮᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠪᠤᠷᠢ ᠶᠢᠨ ᠳᠤᠪᠴᠢᠶᠠᠨ ᠤ | ᠡᠷᠬᠢᠯᠡᠭᠴᠢ ᠬᠡᠰᠢᠬᠦᠴᠢ | ᠵᠠᠩ ᠯᠢᠶᠠᠨ ᠵᠢᠶᠠᠩ ᠨᠡᠶᠢᠭᠡᠮ ᠤᠨ ᠪᠠᠲᠤᠯᠠᠪᠤᠷᠢ ᠶᠢᠨ ᠳᠤᠪᠴᠢᠶᠠᠨ ᠤ ᠲᠤᠪᠴᠢᠶᠠᠨ ᠳᠠᠷᠤᠭ᠎ᠠ | ᠯᠢᠤᠢ ᠱᠧᠩ ᠪᠤᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠡᠶ᠎ᠡ ᠶᠢᠨ ᠳᠠᠮᠢᠷ ᠤᠨ | ᠳᠤᠪᠴᠢᠶᠠᠨ ᠤ ᠲᠤᠪᠴᠢᠶᠠᠨ ᠳᠠᠷᠤᠭ᠎ᠠ | ᠵᠠᠩ ᠶᠠᠨ ᠹᠸᠢ ᠬᠢᠨᠠᠨ ᠪᠠᠶᠢᠴᠠᠭᠠᠬᠤ ᠵᠦᠪᠯᠡᠯ ᠤᠨ ᠭᠡᠰᠢᠬᠦᠨ | ᠯᠢᠦ ᠵᠢᠶᠦ᠋ᠨ ᠴᠢᠶᠠᠩ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶᠠᠨ ᠤ ᠳᠡᠳ᠋ | ᠳᠤᠪᠴᠢᠶᠠᠨ ᠳᠠᠷᠤᠭ᠎ᠠ | ᠯᠢ ᠬᠠᠢ ᠳ᠋ᠦᠩ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠳᠡᠳ᠋ ᠳᠡᠷᠢᠬᠦᠯᠡᠭᠴᠢ | ᠭᠤᠤ ᠶᠢᠨ ᠵᠡᠮᠳᠡᠭᠴᠤᠳ ᠤᠨ ᠬᠤᠯᠪᠤᠭᠠᠳᠤ ᠬᠤᠷᠠᠯ ᠤᠨ ᠳᠡᠳ᠋ ᠳᠡᠷᠢᠬᠦᠯᠡᠭᠴᠢ | ᠯᠢ ᠳ᠋ᠢᠶᠠᠨ ᠹᠧᠩ ᠭᠡᠷ ᠤᠨ ᠬᠠᠮᠢᠶᠠᠷᠤᠯᠳᠠ ᠶᠢᠨ ᠳᠤᠪᠴᠢᠶᠠᠨ ᠤ ᠳᠤᠪᠴᠢᠶᠠᠨ ᠳᠠᠷᠤᠭ᠎ᠠ | ᠯᠢᠦ ᠵᠦᠩ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠯᠢ ᠪᠤᠤ ᠪᠢᠩ ᠲᠤᠭ᠎ᠠ ᠪᠦᠷᠢᠳᠭᠡᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠴᠧᠨ ᠼᠦᠨ ᠶᠢᠨ ᠳᠠᠷᠢᠶᠠᠯᠠᠩ ᠤᠨ ᠮᠠᠰᠢᠨ ᠤ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠵᠠᠩ ᠢ ᠵᠢᠶᠦ᠋ᠨ ᠠᠷᠠᠳ ᠤᠨ ᠶᠠᠪᠤᠳᠠᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠯᠢᠦ ᠬᠤᠩ ᠪᠢᠨ ᠠᠷᠠᠳ ᠤᠨ ᠶᠠᠪᠤᠳᠠᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ | ᠯᠢᠦ ᠿᠦᠨ ᠬᠠᠢ ᠶᠠᠳᠠᠭᠤ ᠶᠢ ᠳᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ | ᠶᠠᠨ ᡁᠢ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠤᠨ ᠬᠢᠨᠠᠯᠳᠠ ᠶᠢᠨ ᠳᠤᠪᠴᠢᠶᠠᠨ ᠤ ᠳᠡᠳ᠋ | ᠳᠤᠪᠴᠢᠶᠠᠨ ᠳᠠᠷᠤᠭ᠎ᠠ | ᠿᠧᠨ ᠰᠢᠶᠠᠩ ᠳ᠋ᠦᠩ ᠤᠯᠤᠰ ᠤᠨ ᠭᠠᠶᠢᠯᠢ ᠶᠢᠨ ᠶᠠᠪᠤᠳᠠᠯ ᠤᠨ ᠳᠤᠪᠴᠢᠶᠠᠨ ᠤ ᠳᠡᠳ᠋ ᠳᠤᠪᠴᠢᠶᠠᠨ | ᠳᠠᠷᠤᠭ᠎ᠠ | ᠯᠢᠶᠠᠩ ᡁᠢ ᠵᠦᠩ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠳᠤᠪᠴᠢᠶᠠᠨ ᠤ ᠳᠡᠳ᠋ | ᠳᠤᠪᠴᠢᠶᠠᠨ ᠳᠠᠷᠤᠭ᠎ᠠ | ᠵᠢᠢ ᠭᠠᠩ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠵᠢᠭᠠᠨ ᠵᠢᠯᠤᠭᠤᠳᠤᠭᠴᠢ | ᠳ᠋ᠦᠩ ᠹᠦ᠋ ᠴᠢᠩ ᠴᠢ ᠲᠠᠢ ᠪᠠᠯᠭᠠᠰᠤᠨ ᠤ ᠪᠠᠯᠭᠠᠰᠤᠨ ᠳᠠᠷᠤᠭ᠎ᠠ | ᠯᠢ ᠭᠤᠸᠠᠩ ᠰᠢᠶᠤᠤ ᠬᠠᠢ ᠽᠢ ᠪᠠᠯᠭᠠᠰᠤᠨ ᠤ ᠪᠠᠯᠭᠠᠰᠤᠨ ᠳᠠᠷᠤᠭ᠎ᠠ | ᠲᠢᠶᠠᠨ ᠵᠧᠨ ᠭᠠᠩ ᠱᠢ ᠪᠠ ᠴᠢᠩ ᠪᠠᠯᠭᠠᠰᠤᠨ ᠤ ᠪᠠᠯᠭᠠᠰᠤᠨ ᠳᠠᠷᠤᠭ᠎ᠠ | ᠯᠢ ᠵᠢᠶᠠᠨ ᠯᠢᠨ ᠬᠠᠰᠢᠶᠠᠳᠤ ᠪᠠᠯᠭᠠᠰᠤᠨ ᠤ ᠪᠠᠯᠭᠠᠰᠤᠨ ᠳᠠᠷᠤᠭ᠎ᠠ | ᠮᠠ ᠺᠧ ᠲᠦᠨ ᠺᠧᠨ ᠳ᠋ᠦᠢ ᠪᠠᠯᠭᠠᠰᠤᠨ ᠤ ᠪᠠᠯᠭᠠᠰᠤᠨ ᠳᠠᠷᠤᠭ᠎ᠠ | ᠵᠠᠩ ᠰᠢᠶᠠᠩ ᠰᠢ ᠵᠢᠩ ᠽᠢ ᠪᠠᠯᠭᠠᠰᠤᠨ ᠤ ᠪᠠᠯᠭᠠᠰᠤᠨ ᠳᠠᠷᠤᠭ᠎ᠠ | ᠬᠦ᠋ ᠶᠠᠩ ᠪᠤᠷᠤ ᠬᠤᠵᠢᠷ ᠰᠢᠶᠠᠩ ᠤᠨ ᠰᠢᠶᠠᠩ ᠤᠨ ᠳᠠᠷᠤᠭ᠎ᠠ | ᠴᠢᠶᠤᠤ ᠿᠦᠢ ᠫᠢᠩ ᠮᠤᠳᠤ ᠰᠢᠶᠠᠩ ᠤᠨ ᠰᠢᠶᠠᠩ ᠤᠨ ᠳᠠᠷᠤᠭ᠎ᠠ | ᠹᠧᠩ ᠮᠠᠨ ᠴᠢᠶᠠᠨ ᠶᠡᠭᠡ ᠬᠦᠷᠢᠶ᠎ᠡ ᠰᠢᠶᠠᠩ ᠤᠨ ᠰᠢᠶᠠᠩ ᠤᠨ ᠳᠠᠷᠤᠭ᠎ᠠ | ᠯᠢ ᡁᠢ ᠸᠧᠢ ᠰᠠᠨ ᠳ᠋ᠠ ᠴᠢᠩ ᠰᠢᠶᠠᠩ ᠤᠨ ᠰᠢᠶᠠᠩ ᠤᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠷᠠᠳ ᠤᠨ ᠶᠠᠪᠤᠳᠠᠯ ᠤᠨ ᠳᠤᠪᠴᠢᠶᠠᠨ ᠳᠤ ᠭᠠᠷᠭᠠᠵᠤ᠂ | ᠠᠯᠪᠠᠨ ᠭᠡᠷ ᠤᠨ ᠡᠷᠬᠢᠯᠡᠭᠴᠢ ᠶᠢ ᠿᠧᠨ ᠬᠠᠢ ᠴᠢᠩ ᠬᠠᠪᠰᠤᠷᠭᠠᠨ ᠡᠬᠦᠷᠭᠡᠯᠡᠵᠦ᠂ ᠡᠷᠦᠭᠡ ᠪᠠᠷ ᠪᠠᠳᠤᠯᠠᠬᠤ ᠶᠢ | ᠲᠦᠯᠬᠢᠨ ᠠᠬᠢᠭᠤᠯᠬᠤ ᠪᠤᠳᠠᠳᠠᠢ ᠠᠵᠢᠯ ᠢ ᠬᠠᠷᠢᠭᠤᠴᠠᠨ᠎ᠠ᠃ | ᠳᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠳᠠᠨᠢᠯᠳᠠ ᠪᠠᠨ ᠨᠢᠭᠡᠳᠦᠯᠵᠢᠬᠦᠯᠬᠦ | ᠡᠯ᠎ᠡ ᠰᠢᠶᠠᠩ ᠪᠠᠯᠭᠠᠰᠤ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠦᠵᠡᠯ ᠰᠠᠨᠠᠭ᠎ᠠ ᠪᠠᠨ ᠨᠢᠭᠡᠳᠭᠡᠵᠦ᠂ | ᠳᠠᠨᠢᠯᠳᠠ ᠪᠠᠨ ᠳᠡᠭᠡᠭᠰᠢᠯᠡᠬᠦᠯᠬᠦ ᠬᠡᠷᠡᠭᠳᠡᠢ᠃ ᠰᠢᠶᠠᠩ ᠪᠠᠯᠭᠠᠰᠤᠨ ᠤ ᠵᠠᠰᠠᠭ ᠤᠨ ᠤᠷᠳᠤᠨ ᠲᠤᠰ ᠭᠠᠵᠠᠷ ᠤᠨ ᠡᠷᠦᠭᠡ | ᠪᠠᠷ ᠪᠠᠳᠤᠯᠠᠬᠤ ᠠᠵᠢᠯ ᠤᠨ ᠶᠡᠷᠦᠩᠭᠡᠢ ᠬᠠᠷᠢᠭᠤᠴᠠᠯᠭ᠎ᠠ ᠶᠢ ᠡᠬᠦᠷᠭᠡᠯᠡᠬᠦ ᠪᠦᠭᠡᠳ ᠲᠤᠰ ᠠᠵᠢᠯ ᠢ ᠡᠯ᠎ᠡ ᠰᠢᠶᠠᠩ | ᠪᠠᠯᠭᠠᠰᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠤᠳᠠᠳᠤ ᠬᠢᠷᠢ ᠪᠦᠲᠦᠮᠵᠢ ᠶᠢᠨ ᠰᠢᠯᠭᠠᠨ ᠬᠢᠨᠠᠯᠳᠠ | ᠶᠢᠨ ᠬᠦᠷᠢᠶ᠎ᠡ ᠬᠡᠪᠴᠢᠶᠡᠨ ᠳᠤ ᠤᠷᠤᠭᠤᠯᠵᠤ᠂ ᠰᠢᠯᠭᠠᠨ ᠬᠢᠨᠠᠯᠳᠠ ᠶᠢᠨ ᠦᠷ᠎ᠡ ᠳ᠋ᠦᠩ ᠢᠶᠠᠷ ᠰᠢᠶᠠᠩ ᠪᠠᠯᠭᠠᠰᠤᠨ ᠤ | ᠤᠳᠤᠷᠢᠳᠬᠤ ᠪᠠᠭ ᠪᠠ ᠬᠠᠮᠢᠶ᠎ᠠ ᠪᠦᠬᠦᠢ ᠤᠳᠤᠷᠢᠳᠬᠤ ᠺᠠᠳ᠋ᠷ ᠤᠨ ᠶᠡᠷᠦᠩᠭᠡᠢ ᠰᠢᠯᠭᠠᠨ ᠳᠤᠭᠳᠠᠭᠠᠯᠳᠠ ᠶᠢᠨ | ᠴᠢᠬᠤᠯᠠ ᠡᠰᠢ ᠪᠠᠷᠢᠮᠳᠠ ᠪᠤᠯᠭᠠᠬᠤ ᠬᠡᠷᠡᠭᠳᠡᠢ᠃ ᠡᠯ᠎ᠡ ᠰᠢᠶᠠᠩ ᠪᠠᠯᠭᠠᠰᠤ ᠰᠢᠶᠠᠩ ︵ᠪᠠᠯᠭᠠᠰᠤ︶ ᠤᠨ ᠳᠠᠷᠤᠭ᠎ᠠ ᠪᠠᠷ | ᠳᠤᠭᠤᠶᠢᠯᠠᠩ ᠤᠨ ᠳᠠᠷᠤᠭ᠎ᠠ ᠪᠤᠯᠭᠠᠭᠰᠠᠨ ᠡᠷᠦᠭᠡ ᠪᠠᠷ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠦᠳᠳᠡᠷ ᠲᠦᠷᠭᠡᠨ ᠪᠠᠶᠢᠭᠤᠯᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠨᠠᠷᠢᠯᠢᠭᠵᠢᠭᠤᠯᠵᠤ᠂ ᠠᠬᠢᠴᠠ | ᠶᠢᠨ ᠲᠤᠬᠢᠷᠠᠭᠤᠯᠤᠯᠳᠠ ᠶᠢ ᠲᠤᠳᠤᠷᠬᠠᠶᠢᠯᠠᠵᠤ᠂ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠤᠭᠤᠴᠠᠭ᠎ᠠ ᠲᠠᠢ ᠬᠤᠭᠤᠴᠠᠭ᠎ᠠ ᠦᠭᠡᠢ ᠲᠤᠬᠢᠷᠠᠭᠤᠯᠤᠯᠳᠠ ᠶᠢᠨ ᠬᠤᠷᠠᠯ ᠬᠤᠷᠠᠯᠳᠤᠵᠤ᠂ | ᠴᠠᠭ ᠲᠤᠬᠠᠢ ᠳᠤ ᠨᠢ ᠠᠵᠢᠯ ᠤᠨ ᠳᠤᠮᠳᠠ ᠳᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ | ᠰᠢᠢᠳᠪᠦᠷᠢᠯᠡᠬᠦ ᠬᠡᠷᠡᠭᠳᠡᠢ᠃ | ︵ᠬᠤᠶᠠᠷ︶ ᠰᠠᠯᠠᠭ᠎ᠠ ᠮᠦᠴᠢᠷ ᠬᠠᠮᠵᠢᠯᠴᠠᠬᠤ | ᠡᠯ᠎ᠡ ᠪᠦᠷᠢᠯᠳᠦᠬᠦᠨ ᠨᠢᠭᠡᠴᠢ ᠦᠪᠡᠷᠰᠡᠳ ᠤᠨ ᠡᠬᠦᠷᠭᠡ ᠲᠤᠰᠢᠶᠠᠯ ᠶᠤᠰᠤᠭᠠᠷ᠂ ᠲᠤᠰ ᠲᠤᠰ ᠤᠨ ᠡᠬᠦᠷᠭᠡ | ᠲᠤᠰᠢᠶᠠᠯ ᠢᠶᠠᠨ ᠬᠦᠢᠴᠡᠳᠭᠡᠵᠦ᠂ ᠨᠢᠭᠳᠠ ᠬᠠᠮᠵᠢᠯᠴᠠᠵᠤ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭᠠᠨ | ᠤ ᠪᠡᠯᠡ ᠮᠦᠩᠬᠦᠨ ᠤ ᠤᠷᠤᠭᠤᠯᠤᠯᠳᠠ᠂ ᠠᠵᠢᠯ ᠤᠨ ᠪᠠᠲᠤᠯᠠᠭ᠎ᠠ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ | ᠶᠢ ᠡᠬᠦᠷᠭᠡᠯᠡᠵᠦ᠂ ᠡᠷᠦᠭᠡ ᠪᠠᠷ ᠪᠠᠲᠤᠯᠠᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠦᠬᠦ ᠬᠦᠴᠦ ᠪᠠᠷ ᠪᠠᠲᠤᠯᠠᠬᠤ | ᠬᠡᠷᠡᠭᠳᠡᠢ᠃ | ︵ᠭᠤᠷᠪᠠ︶ ᠬᠠᠷᠢᠭᠤᠴᠠᠯᠭ᠎ᠠ ᠨᠡᠭᠡᠮᠵᠢᠯᠡᠬᠦ | ᠡᠯ᠎ᠡ ᠰᠢᠶᠠᠩ ᠪᠠᠯᠭᠠᠰᠤ ᠵᠠᠭᠠᠯᠳᠤᠯᠭ᠎ᠠ ᠢᠯᠡᠴᠢᠯᠡᠯ ᠤᠨ ᠠᠷᠭ᠎ᠠ ᠵᠠᠮ ᠢ ᠰᠢᠯᠤᠭᠤᠳᠬᠠᠵᠤ᠂ ᠬᠢᠨᠠᠯᠳᠠ | ᠳᠠᠯᠪᠢᠬᠤ ᠯᠠᠪᠯᠠᠯᠭ᠎ᠠ ᠠᠪᠬᠤ ᠤᠳᠠᠰᠤ ᠶᠢ ᠨᠡᠶᠢᠳᠡᠯᠡᠬᠦ ᠬᠡᠷᠡᠭᠳᠡᠢ᠃ ᠤᠯᠠᠨ ᠲᠦᠮᠡᠨ ᠤ ᠢᠯᠡᠷᠡᠬᠦᠯᠦᠭᠰᠡᠨ | ᠰᠤᠷᠪᠤᠯᠵᠢᠯᠠᠭ᠎ᠠ ᠵᠢᠴᠢ ᠭᠤᠶᠤᠴᠢᠯᠠᠭᠰᠠᠨ ᠡᠳᠡᠭᠡᠳ ᠢ ᠬᠦᠯᠢᠶᠡᠨ ᠠᠪᠬᠤ ᠳᠤ ᠪᠠᠨ ᠤᠪᠤᠷ ᠢᠶᠠᠷ ᠬᠠᠳᠠᠭᠤ᠂ ᠲᠦᠷᠦ | ᠶᠢᠨ ᠪᠤᠳᠤᠯᠭ᠎ᠠ ᠶᠢ ᠳᠠᠶᠢᠯᠪᠤᠷᠢᠯᠠᠭᠰᠠᠨ ᠢᠶᠠᠷ ᠬᠦᠷᠦᠯᠴᠡᠬᠦ ᠦᠭᠡᠢ᠂ ᠭᠤᠶᠤᠴᠢᠯᠠᠯ ᠢ ᠬᠢᠨᠠᠨ ᠵᠦᠪᠰᠢᠶᠡᠷᠡᠬᠦ ᠳᠤ ᠪᠠᠨ | ᠨᠦᠬᠦᠴᠡᠯ ᠪᠠ ᠲᠤᠭᠳᠠᠭᠠᠯ ᠤᠨ ᠶᠠᠪᠤᠴᠠ ᠪᠠᠷ ᠬᠦᠢᠴᠡᠳᠭᠡᠬᠦ ᠦᠭᠡᠢ᠂ ᠨᠡᠶᠢᠳᠡᠯᠡᠯ᠂ ᠬᠠᠷᠭᠤᠭᠤᠯᠤᠯᠳᠠ᠂ ᠦᠨᠡᠯᠡᠯᠳᠡ | ᠨᠢ ᠬᠢᠷᠢ ᠬᠡᠮᠵᠢᠶ᠎ᠡ ᠳᠤ ᠬᠦᠷᠦᠭᠰᠡᠨ ᠦᠭᠡᠢ᠂ ᠬᠦᠳᠡᠯᠦᠩᠬᠦᠢ ᠬᠠᠮᠢᠶᠠᠷᠤᠯᠳᠠ ᠨᠢ ᠬᠢᠷᠢ ᠬᠡᠮᠵᠢᠶᠡᠨ ᠳᠤ ᠪᠠᠨ | ᠬᠦᠷᠦᠭᠰᠡᠨ ᠦᠭᠡᠢ᠂ ᠲᠦᠷᠦᠯ ᠬᠤᠪᠢᠶᠠᠨ ᠪᠠᠲᠤᠯᠠᠭᠰᠠᠨ ᠨᠢ ᠰᠢᠨᠵᠢᠯᠡᠬᠦ ᠤᠬᠠᠭᠠᠨᠴᠢ ᠪᠤᠰᠤ᠂ ᠵᠦᠷᠢᠶ᠎ᠡ ᠶᠢ | ᠨᠦᠬᠦᠪᠦᠷᠢᠯᠡᠬᠦ ᠪᠠᠷᠢᠮᠵᠢᠶᠠᠨ ᠤ ᠵᠠᠭᠠᠭ ᠲᠤᠭᠳᠠᠭᠠᠯᠳᠠ ᠨᠢ ᠵᠤᠬᠢᠰ ᠦᠭᠡᠢ ᠠᠴᠠ ᠪᠤᠯᠵᠤ᠂ ᠪᠠᠲᠤᠯᠠᠬᠤ ᠶᠤᠰᠤᠳᠠᠢ ᠶᠢ | ᠨᠢ ᠪᠠᠲᠤᠯᠠᠬᠤ᠂ ᠭᠠᠷᠭᠠᠬᠤ ᠶᠤᠰᠤᠳᠠᠢ ᠶᠢ ᠨᠢ ᠠᠯᠢ ᠪᠤᠯᠬᠤ ᠪᠠᠷ ᠭᠠᠷᠭᠠᠬᠤ ᠲᠤᠭᠳᠠᠴᠠ ᠶᠢ | ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠨᠠᠭᠠᠳᠤ ᠵᠠᠬ᠎ᠠ ᠶᠢᠨ ᠪᠠᠲᠤᠯᠠᠭᠠᠨ ᠤ ᠲᠦᠷᠦ ᠶᠢᠨ ᠪᠤᠳᠤᠯᠭ᠎ᠠ ᠶᠢ | ᠵᠦᠷᠢᠴᠡᠬᠦᠯᠵᠦ ᠪᠠᠶᠢᠳᠠᠯ ᠢᠶᠠᠷ ᠬᠦᠩᠭᠡᠨ ᠪᠣᠯ᠂ ᠬᠠᠮᠢᠶ᠎ᠠ ᠪᠦᠬᠦᠢ ᠬᠠᠷᠢᠭᠤᠴᠠᠭᠴᠢ ᠶᠢ ᠨᠡᠶᠢᠳᠡᠯᠡᠨ ᠰᠢᠬᠦᠮᠵᠢᠯᠡᠬᠦ ᠪᠤᠶᠤ | ᠰᠡᠷᠡᠮᠵᠢᠯᠡᠬᠦᠯᠦᠨ ᠢᠳᠬᠠᠨ᠎ᠠ᠃ ᠪᠠᠶᠢᠳᠠᠯ ᠢᠶᠠᠷ ᠬᠦᠨᠳᠦ ᠨᠤᠴᠢᠳᠠᠢ ᠪᠣᠯ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠮᠢᠶ᠎ᠠ ᠲᠠᠢ ᠬᠠᠷᠢᠭᠤᠴᠠᠭᠴᠢ ᠳᠤ ᠨᠠᠮ ᠤᠨ | ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠭᠡᠯ ᠦᠭᠭᠦᠨ᠎ᠡ᠃ ᠶᠠᠯ᠎ᠠ ᠳᠤ ᠬᠦᠷᠦᠭᠰᠡᠨ ᠪᠣᠯ᠂ ᠬᠠᠮᠢᠶ᠎ᠠ ᠪᠦᠬᠦᠢ | ᠬᠠᠷᠢᠭᠤᠴᠠᠭᠴᠢ ᠠᠴᠠ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ ᠡᠳ᠋ | ᠤᠨ ᠵᠠᠰᠠᠭ ᠠᠴᠠ ᠲᠡᠵᠢᠭᠡᠵᠦ ᠪᠠᠶᠢᠭ᠎ᠠ ᠬᠦᠮᠦᠨ ᠢ ᠨᠠᠭᠠᠳᠤ ᠵᠠᠬ᠎ᠠ ᠶᠢᠨ ᠪᠠᠲᠤᠯᠠᠭᠠᠨ ᠳᠤ ᠤᠷᠤᠭᠤᠯᠤᠭᠰᠠᠨ ᠪᠣᠯ | ᠬᠠᠮᠢᠶ᠎ᠠ ᠪᠦᠬᠦᠢ ᠬᠦᠮᠦᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ︔ ᠬᠤᠳᠠᠯ ᠬᠠᠭᠤᠷᠮᠠᠭ ᠬᠡᠷᠡᠴᠢ ᠭᠠᠷᠭᠠᠵᠤ | ᠦᠭᠭᠦᠭᠰᠡᠨ ᠨᠢᠭᠡᠴᠢ ᠶᠢ ᠭᠤᠶᠤᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠨᠢ ᠮᠡᠳᠡᠭᠳᠡᠵᠦ᠂ ᠬᠠᠷᠢᠭᠤᠴᠠᠭᠴᠢ ᠶᠢ | ᠰᠢᠬᠦᠮᠵᠢᠯᠡᠨ ᠰᠤᠷᠭᠠᠬᠤ ᠪᠦᠭᠡᠳ ᠲᠤᠬᠢᠷᠠᠭᠰᠠᠨ ᠬᠠᠷᠢᠭᠤᠴᠠᠯᠭ᠎ᠠ ᠶᠢ ᠨᠡᠭᠡᠮᠵᠢᠯᠡᠬᠦ ᠬᠡᠷᠡᠭᠳᠡᠢ᠃ ᠬᠤᠳᠠᠯ ᠢᠶᠠᠷ | ᠮᠡᠳᠡᠬᠦᠯᠬᠦ᠂ ᠨᠢᠭᠤᠬᠤ᠂ ᠬᠠᠭᠤᠷᠮᠠᠭ ᠢᠶᠠᠷ ᠵᠤᠬᠢᠶᠠᠬᠤ ᠠᠷᠭ᠎ᠠ ᠪᠠᠷᠢᠯ ᠢ ᠠᠪᠴᠤ᠂ ᠨᠠᠭᠠᠳᠤ ᠵᠠᠬ᠎ᠠ ᠶᠢᠨ ᠪᠠᠳᠤᠯᠠᠭᠠᠨ | ᠤ ᠪᠡᠯᠡ ᠮᠦᠩᠬᠦ ᠶᠢ ᠮᠡᠭᠡᠯᠡᠵᠦ ᠠᠪᠤᠭᠰᠠᠨ ᠪᠣᠯ᠂ ︽ᠨᠡᠶᠢᠭᠡᠮ ᠤᠨ ᠠᠪᠤᠷᠠᠨ ᠳᠤᠰᠠᠯᠠᠯᠳᠠ ᠶᠢᠨ ᠲᠦᠷ ᠬᠡᠷᠡᠭᠵᠢᠬᠦᠯᠬᠦ | ᠠᠷᠭ᠎ᠠ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠤᠭᠡᠷ ᠲᠤᠭᠠᠳᠤ︶ ᠶᠢᠨ ᠵᠢᠷᠠᠨ ᠨᠠᠢᠮᠠᠳᠤᠭᠠᠷ | ᠵᠦᠢᠯ ᠤᠨ ᠳᠤᠭᠳᠠᠭᠠᠯ ᠶᠤᠰᠤᠭᠠᠷ᠂ ᠠᠪᠤᠷᠠᠨ ᠲᠤᠰᠠᠯᠠᠬᠤ ᠶᠢ ᠨᠢ ᠵᠤᠭᠰᠤᠭᠠᠵᠤ᠂ ᠬᠠᠤᠯᠢ ᠪᠤᠰᠤ ᠪᠠᠷ ᠤᠯᠤᠭᠰᠠᠨ | ᠨᠠᠭᠠᠳᠤ ᠵᠠᠬ᠎ᠠ ᠶᠢᠨ ᠪᠠᠲᠤᠯᠠᠭᠠᠨ ᠤ ᠮᠦᠩᠬᠦ ᠶᠢ ᠪᠤᠴᠠᠭᠠᠨ ᠠᠪᠬᠤ ᠶᠢ ᠵᠠᠷᠯᠢᠭᠳᠠᠬᠤ ᠮᠦᠷᠳᠡᠭᠡᠨ ᠬᠠᠤᠯᠢ ᠪᠤᠰᠤ ᠪᠠᠷ | ᠤᠯᠤᠭᠰᠠᠨ ᠠᠪᠤᠷᠠᠨ ᠲᠤᠰᠠᠯᠠᠬᠤ ᠵᠤᠭᠤᠰ ᠤᠨ ᠲᠤᠭᠠᠨ ᠤ 1 ᠳᠠᠬᠢᠨ ᠠᠴᠠ ᠳᠡᠭᠡᠭᠰᠢ 3 ᠳᠠᠬᠢᠨ ᠠᠴᠠ ᠳᠤᠷᠤᠭᠰᠢ | ᠵᠤᠭᠤᠰ ᠢᠶᠠᠷ ᠰᠢᠢᠳᠭᠡᠨ ᠲᠤᠷᠭᠠᠨ᠎ᠠ᠃ | ︵ᠲᠦᠷᠪᠡ︶ ᠪᠤᠰᠤᠳ | ᠲᠤᠰ ᠲᠦᠰᠦᠯ ᠢ ᠳᠠᠷᠤᠮᠠᠯᠯᠠᠨ ᠳᠠᠷᠬᠠᠭᠠᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ ᠡᠬᠦᠨ ᠠᠴᠠ | ᠡᠮᠦᠨᠡᠬᠢ ᠲᠤᠰ ᠲᠦᠰᠦᠯ ᠲᠠᠢ ᠨᠢᠭᠡᠳᠦᠯ ᠦᠭᠡᠢ ᠬᠠᠮᠢᠶ᠎ᠠ ᠪᠦᠬᠦᠢ ᠲᠤᠭᠳᠠᠭᠠᠯ ᠳᠤ᠂ ᠲᠤᠰ ᠲᠦᠰᠦᠯ ᠢᠶᠠᠷ | ᠪᠠᠷᠢᠮᠵᠢᠶ᠎ᠠ ᠪᠤᠯᠭᠠᠨ᠎ᠠ᠃ | |