ᠰᠢᠶᠤᠤ ᠬᠠᠢ ᠼᠢ ᠪᠠᠯᠭᠠᠰᠤ ᠴᠡᠷᠢᠭ ᠡᠯᠰᠡᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-08-09
   7 ᠰᠠᠷ᠎ᠡ ᠶᠢᠨ 31 ᠤ ᠡᠳᠦᠷ ᠤᠨ ᠦᠳᠡ ᠶᠢᠨ ᠬᠤᠶᠢᠨ᠎ᠡ᠂ ᠰᠢᠶᠤᠤ ᠬᠠᠢ ᠼᠢ ᠪᠠᠯᠭᠠᠰᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠴᠡᠷᠢᠭ ᠡᠯᠰᠡᠬᠦ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠵᠠᠰᠠᠭ ᠤᠨ ᠤᠷᠳᠤᠨ ᠤ ᠪᠠᠯᠭᠠᠰᠤᠨ ᠳᠠᠷᠤᠭ᠎ᠠ ᠯᠢ ᠭᠤᠸᠠᠩ ᠬᠤᠷᠠᠯ ᠢ ᠡᠷᠬᠢᠯᠡᠵᠤ᠂ ᠪᠠᠯᠭᠠᠰᠤᠨ ᠤ  ᠳᠡᠳ᠋ ᠰᠠᠯᠠᠭ᠎ᠠ ᠠᠴᠠ ᠳᠡᠬᠡᠭᠰᠢᠬᠢ ᠤᠳᠤᠷᠢᠳᠤᠯᠭ᠎ᠠ᠂ ᠡᠯ᠎ᠡ ᠳᠤᠰᠬᠤᠨ ᠤ ᠨᠠᠮ ᠤᠨ ᠡᠬᠦᠷ ᠤᠨ ᠱᠦᠵᠢ᠂ ᠳᠤᠰᠬᠤᠨ  ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ᠂ ᠨᠢᠬᠡᠳᠦᠬᠡᠷ ᠱᠦᠵᠢ ᠬᠤᠷᠠᠯ ᠳᠤ ᠤᠷᠤᠯᠴᠠᠪᠠ᠃ ᠬᠤᠷᠠᠯ ᠳᠡᠬᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠡᠪᠰᠡᠭᠳᠤ ᠬᠦᠴᠦᠨ ᠤ ᠬᠡᠯᠳᠡᠰ ᠤᠨ ᠳᠠᠷᠤᠭ᠎ᠠ ᠶᠠᠨ ᠰᠢᠨ ᠳᠠᠩ ᠰᠢᠶᠠᠨ ᠤ ᠴᠡᠷᠢᠭ ᠡᠯᠰᠡᠬᠦ ᠠᠵᠢᠯ ᠤᠨ ᠬᠤᠷᠠᠯ ᠤᠨ ᠭᠤᠤᠯ ᠵᠤᠷᠢᠭ ᠰᠠᠨᠠᠭ᠎ᠠ ᠶᠢ ᠤᠯᠠᠮᠵᠢᠯᠠᠵᠤ᠂ ᠨᠢᠳᠤᠨᠤᠨ ᠤ ᠴᠡᠷᠢᠭ ᠡᠯᠰᠡᠬᠦ ᠠᠵᠢᠯ ᠢ ᠳ᠋ᠦᠩᠨᠡᠵᠤ᠂ ᠦᠨᠦ ᠵᠢᠯ ᠤᠨ ᠴᠡᠷᠢᠭ ᠡᠯᠰᠡᠬᠦ ᠠᠵᠢᠯ ᠤᠨ ᠡᠬᠦᠷᠬᠡ ᠶᠢ ᠳᠤᠬᠢᠷᠠᠭᠤᠯᠤᠨ ᠪᠠᠶᠢᠷᠢᠯᠠᠭᠤᠯᠪᠠ᠃    ᠪᠦᠬᠦ ᠪᠠᠯᠭᠠᠰᠤ ᠳᠠᠶᠠᠭᠠᠷ ᠤᠯᠤᠰ ᠲᠦᠷᠦ ᠶᠢᠨ ᠵᠤᠭᠰᠤᠴᠠ ᠪᠠᠨ ᠳᠡᠬᠡᠭᠰᠢᠯᠡᠬᠦᠯᠵᠤ ᠡᠬᠦᠷᠬᠡᠳᠦ ᠰᠡᠳᠬᠢᠯᠬᠡ ᠪᠠ ᠦᠩᠭᠡ ᠬᠡᠷᠡᠯᠳᠤ ᠰᠡᠳᠬᠢᠯᠬᠡ ᠪᠠᠨ ᠨᠡᠮᠡᠭᠳᠡᠬᠦᠯᠵᠤ᠂ ᠤᠬᠠᠭᠤᠯᠤᠨ ᠳᠠᠶᠢᠴᠢᠯᠠᠬᠤ ᠡᠨᠡᠬᠦ ᠰᠠᠭᠤᠷᠢ ᠶᠢ ᠯᠠᠪᠳᠠᠭᠤᠨ ᠪᠤᠯᠭᠠᠵᠤ᠂ ᠤᠶᠤᠳᠠᠨ ᠠᠴᠠ ᠡᠯᠰᠡᠬᠦ ᠡᠨᠡᠬᠦ ᠭᠤᠤᠯᠳᠠᠯᠭ᠎ᠠ ᠶᠢ ᠳᠤᠪᠤᠶᠢᠯᠭᠠᠵᠤ᠂ ᠪᠦᠬᠦ ᠪᠠᠯᠭᠠᠰᠤ ᠳᠠᠶᠠᠭᠠᠷ ᠦᠩᠭᠡᠷᠡᠭᠰᠡᠨ ᠵᠢᠯ ᠤᠳ ᠤᠨ ᠴᠡᠷᠢᠭ ᠡᠯᠰᠡᠬᠦ ᠠᠵᠢᠯ ᠤᠨ ᠳᠤᠮᠳᠠᠬᠢ ᠰᠠᠶᠢᠨ ᠤᠯᠠᠮᠵᠢᠯᠠᠯ᠂ ᠰᠠᠶᠢᠨ ᠳᠤᠷᠰᠢᠯᠭ᠎ᠠ᠂ ᠰᠠᠶᠢᠨ ᠰᠤᠷᠳᠠᠯ ᠢᠶᠠᠨ ᠦᠷᠬᠦᠯᠵᠢᠯᠡᠨ ᠪᠠᠷᠢᠮᠳᠠᠯᠠᠬᠤ ᠪᠠ ᠪᠠᠳᠠᠷᠠᠭᠤᠯᠵᠤ᠂ ᠳᠡᠬᠡᠳᠦ ᠬᠡᠮᠵᠢᠶᠡᠨ ᠤ ᠤᠯᠤᠰ ᠲᠦᠷᠦ  ᠶᠢᠨ ᠬᠠᠷᠢᠭᠤᠴᠠᠯᠭ᠎ᠠ᠂ ᠤᠷᠬᠢᠯᠦᠮ᠎ᠡ ᠳᠦᠬᠦᠷᠡᠩ ᠠᠵᠢᠯ ᠤᠨ ᠬᠠᠯᠠᠭᠤᠨ ᠰᠡᠳᠬᠢᠯᠬᠡ᠂ ᠯᠠᠪᠳᠠᠭᠤᠨ ᠪᠠᠳᠤᠳᠠᠢ ᠠᠵᠢᠯ  ᠤᠨ ᠬᠡᠪ ᠰᠤᠷᠳᠠᠯ ᠢᠶᠠᠷ ᠢᠶᠠᠨ ᠦᠨᠦ ᠵᠢᠯ ᠤᠨ ᠴᠡᠷᠢᠭ ᠡᠯᠰᠡᠬᠦ ᠡᠬᠦᠷᠬᠡ ᠶᠢ ᠳᠡᠬᠦᠰ ᠪᠡᠶᠡᠯᠡᠬᠦᠯᠵᠤ᠂ ᠨᠠᠮ ᠤᠨ ᠰᠢᠨ᠎ᠡ ᠴᠠᠭ ᠦᠶ᠎ᠡ ᠶᠢᠨ ᠳᠤᠤᠷᠡᠬᠢ ᠴᠡᠷᠢᠭ ᠢᠶᠠᠨ ᠬᠦᠴᠦᠷᠬᠡᠭᠵᠢᠬᠦᠯᠬᠦ ᠬᠠᠷᠠᠯᠳᠠ ᠶᠢ ᠪᠡᠶᠡᠯᠡᠬᠦᠯᠬᠦ ᠳᠤ ᠭᠠᠷᠭᠠᠪᠠᠰᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠤ ᠯᠢ ᠭᠤᠸᠠᠩ ᠪᠠᠯᠭᠠᠰᠤᠨ ᠳᠠᠷᠤᠭ᠎ᠠ ᠬᠤᠷᠠᠯ ᠳᠡᠬᠡᠷ᠎ᠡ ᠵᠢᠭᠠᠵᠤ ᠭᠠᠷᠭᠠᠵᠠᠢ᠃
 
ᠢᠷᠡᠯᠲᠡ᠄ ᠱᠠᠩᠳᠤ ᠰᠢᠶᠠᠨ ᠤ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2