ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠡᠯᠪᠡᠭ ᠬᠤᠷᠢᠶᠠᠯᠲᠠ ᠣᠯᠵᠠᠶ
ᠨᠡᠶᠢᠲᠡᠯᠡᠭᠰᠡᠨ ᠴᠠᠭ᠄
2019-10-15
     ᠡᠨᠡ ᠵᠢᠯ᠂ ᠪᠦᠬᠦ ᠰᠢᠶᠠᠨ ᠦᠷ᠎ᠡ ᠲᠠᠷᠢᠶᠠᠨ ᠤ ᠤᠷᠭᠤᠮᠡᠯ ᠢ 79.87 ᠲᠦᠮᠡᠨ ᠮᠦ ᠲᠠᠷᠢᠵᠠᠢ᠃ ᠪᠦᠷᠢᠳᠬᠡᠯ ᠢ ᠦᠨᠳᠦᠰᠦᠯᠡᠪᠡᠯ᠂ ᠦᠷ᠎ᠡ ᠲᠠᠷᠢᠶᠠᠨ ᠤ ᠤᠷᠭᠤᠮᠡᠯ ᠤᠨ ᠠᠮᠤ ᠪᠤᠳᠠᠭᠠᠨ ᠤ ᠲᠥᠷᠥᠯ᠄ ᠪᠣᠭᠤᠳᠠᠶ 34.2 ᠲᠦᠮᠡᠨ ᠮᠦ ᠲᠠᠷᠢᠵᠦ᠂ ᠳᠤᠮᠳᠠᠴᠢ ᠤᠨᠠᠯᠲᠠ ᠨᠢ 220 ᠵᠢᠩ᠂ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ 150 ᠵᠢᠩ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 210 % ᠪᠣᠯᠵᠠᠶ᠃ ᠨᠣᠬᠠᠶ ᠶᠢᠨ ᠬᠤᠰᠢᠭᠤ 18.7 ᠲᠦᠮᠡᠨ ᠮᠦ ᠲᠠᠷᠢᠵᠦ ᠂ ᠳᠤᠮᠳᠠᠴᠢ ᠤᠨᠠᠯᠲᠠ ᠨᠢ 200 ᠵᠢᠩ᠃ ᠦᠷ᠎ᠡ ᠶᠢᠨ ᠡᠷᠳᠡᠨᠢ ᠰᠢᠰᠢ 7.5 ᠲᠦᠮᠡᠨ ᠮᠦ ᠲᠠᠷᠢᠵᠦ᠂ ᠳᠤᠮᠳᠠᠴᠢ ᠤᠨᠠᠯᠲᠠ  ᠨᠢ 860 ᠵᠢᠩ᠃ ᠪᠤᠷᠴᠠᠭ ᠤᠨ ᠲᠥᠷᠥᠯ ᠳᠤ᠄ ᠰᠢᠷ᠎ᠠ ᠪᠤᠷᠴᠠᠭ 4.2 ᠲᠦᠮᠡᠨ ᠮᠦ ᠲᠠᠷᠢᠵᠦ᠂ ᠳᠤᠮᠳᠠᠴᠢ ᠤᠨᠠᠯᠲᠠ ᠨᠢ 150 ᠵᠢᠩ᠂ ᠬᠤᠯᠢᠮᠠᠭ ᠪᠤᠷᠴᠠᠭ ᠤᠨ ᠲᠠᠯᠠᠪᠠᠢ 0.57 ᠲᠦᠮᠡᠨ ᠮᠦ᠂ ᠳᠤᠮᠳᠠᠴᠢ ᠤᠨᠠᠯᠲᠠ ᠨᠢ 150 ᠵᠢᠩ᠃ ᠲᠥᠮᠥᠰᠥ᠄ ᠤᠰᠤᠯᠠᠯᠲᠠ ᠶᠢᠨ ᠲᠠᠷᠢᠶᠠᠨ ᠭᠠᠵᠠᠷ ᠤᠨ ᠲᠥᠮᠥᠰᠥ 8.3 ᠲᠦᠮᠡᠨ ᠮᠦ ᠲᠠᠷᠢᠵᠦ᠂ ᠳᠤᠮᠳᠠᠴᠢ ᠤᠨᠠᠯᠲᠠ ᠨᠢ 5900 ᠵᠢᠩ᠃ ᠬᠠᠭᠤᠷᠠᠶ ᠲᠠᠷᠢᠶᠠᠨ ᠭᠠᠵᠠᠷ ᠤᠨ ᠲᠦᠮᠦᠰᠦ 4 ᠲᠦᠮᠡᠨ ᠮᠦ᠂ ᠮᠦ ᠪᠦᠷᠢ ᠶᠢᠨ ᠤᠨᠠᠯᠲᠠ ᠨᠢ 1800 ᠵᠢᠩ ᠪᠤᠯᠤᠨ᠎ᠠ᠃                                                   ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2