ᠱᠠᠩᠳᠤ ᠰᠢᠶᠠᠨ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠡᠶ
ᠨᠡᠶᠢᠲᠡᠯᠡᠭᠰᠡᠨ ᠴᠠᠭ᠄
2019-10-22
      ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠲᠥᠯᠥᠭᠡ᠂ ᠱᠠᠩᠳᠤ ᠰᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠪ ᠤᠨ ᠠᠵᠢᠯ ᠤᠨ ᠲᠣᠭᠤᠷᠢᠨ ᠳᠤ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠲᠦᠪᠰᠢᠨ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ ᠥᠭᠪᠡ      ᠨᠢᠭᠡ ᠳᠤ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠲᠠᠪᠴᠠᠩ ᠢ ᠭᠦᠶᠴᠡᠳ ᠠᠰᠢᠭᠯᠠᠨ᠂ ᠣᠯᠠᠨ ᠵᠦᠶᠯ ᠤᠨ ᠬᠡᠯᠪᠡᠷᠢ ᠶᠢ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠵᠡᠷᠭᠡ ᠶᠢᠨ ᠤᠬᠠᠭᠤᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ᠬᠤᠶᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠵᠠᠭᠤᠴᠢᠯᠠᠭᠤᠷ ᠢ ᠤᠷᠢᠵᠤ ᠦᠨᠳᠦᠰᠦᠨ ᠱᠠᠲᠤ᠂ ᠨᠡᠶᠢᠭᠡᠮ ᠲᠣᠭᠤᠷᠢᠭ ᠲᠤ ᠣᠴᠢᠭᠤᠯᠤᠨ᠂ ᠨᠠᠮ ᠪᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠣᠷᠴᠢᠨ ᠠᠬᠤᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ᠂ ᠣᠯᠠᠨ ᠲᠦᠮᠡᠨ ᠤ ᠠᠩᠬᠠᠷᠴᠤ  ᠪᠠᠶᠢᠭ᠎ᠠ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠯᠠᠭᠤᠨ ᠴᠡᠭ ᠤᠨ ᠲᠣᠭᠤᠷᠢᠨ ᠳᠤ ᠤᠬᠠᠭᠤᠯᠭ᠎ᠠ ᠮᠡᠳᠡᠭᠡᠯᠡᠯ ᠢ ᠵᠣᠬᠢᠶᠠᠨ ᠪᠠᠶᠢᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠶᠢ ᠨᠢᠭᠡᠳᠦᠯᠲᠡᠶ ᠲᠥᠯᠥᠪᠯᠡᠨ ᠴᠢᠩᠭᠠᠳᠬᠠᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃      ᠭᠤᠷᠪᠠ ᠳᠤ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠵᠢᠴᠢ ᠰᠠᠶᠢᠨ ᠳᠤᠷ᠎ᠠ ᠶᠢᠨ ᠠᠵᠢᠭᠯᠠᠭᠴᠢ ᠶᠢᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠥᠳᠡᠯᠭᠡᠬᠦ ᠬᠦᠴᠦᠨ ᠢ ᠴᠢᠩᠭᠠᠷᠠᠭᠤᠯᠵᠤ ᠂ ᠣᠷᠴᠢᠨ ᠠᠬᠤᠢ ᠶᠢᠨ ᠬᠠᠮᠠᠭᠠᠯᠠᠯᠲᠠ ᠶᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠭᠡᠷ ᠪᠦᠯᠢ ᠳᠤ ᠣᠷᠣᠭᠤᠯᠤᠨ᠎ᠠ᠃                                                  ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2