ᠱᠠᠩᠳᠤ ᠰᠢᠶᠠᠨ ᠭᠤᠷᠪᠠᠨ ᠠᠷᠭ᠎ᠠ ᠬᠡᠮᠵᠢᠶ᠎ᠡ ᠠᠪᠴᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2019-10-22
      ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠭ᠎ᠠ ᠬᠡᠮᠵᠢᠶ᠎ᠡ᠂ ᠤᠳᠠᠭ᠎ᠠ᠂ ᠠᠭᠤᠯᠭ᠎ᠠ ᠪᠠ ᠬᠡᠯᠪᠡᠷᠢ ᠶᠢ ᠵᠢᠷᠤᠮᠵᠢᠭᠤᠯᠤᠨ᠎ᠠ᠃       ᠬᠤᠶᠠᠷ ᠲᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠭᠠᠷ ᠠᠪᠤᠯᠭ᠎ᠠ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠭᠯᠡᠭᠦᠷ 》 ( ᠲᠤᠷᠰᠢᠨ ᠬᠡᠷᠡᠭᠵᠢᠭᠦᠯᠬᠦ ) ᠶᠢ ᠴᠢᠩᠭ᠎ᠠ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠠᠭᠤᠯᠭ᠎ᠠ ᠶᠢ ᠨᠠᠷᠢᠯᠢᠬᠵᠢᠭᠤᠯᠵᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠬᠡᠮᠵᠢᠶᠡᠵᠢᠭᠦᠯᠵᠦ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠨᠢᠭᠡᠳᠬᠡᠵᠦ᠂ ᠪᠢᠲᠡᠭᠦᠦ ᠪᠠᠷ ᠬᠠᠤᠯᠢ ᠬᠡᠷᠡᠭᠵᠢᠭᠦᠯᠬᠦ  ᠶᠢ ᠪᠡᠶᠡᠯᠡᠭᠦᠯᠬᠦ ᠬᠡᠷᠡᠭᠲᠡᠶ᠃       ᠭᠤᠷᠪᠠ ᠳᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠬᠦᠷᠢᠶ᠎ᠡ ᠶᠢ ᠳᠣᠪᠣᠶᠢᠯᠭᠠᠨ᠂ ᠲᠤᠪᠤᠶᠢᠮ᠎ᠠ ᠠᠰᠠᠭᠤᠳᠠᠯ ᠢ ᠠᠳᠬᠤᠵᠤ᠂ ᠠᠵᠢᠯ ᠤᠨ ᠰᠡᠳᠬᠢᠴᠡ ᠪᠠᠨ ᠬᠤᠪᠢᠷᠠᠭᠤᠯᠤᠨ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ ᠤᠷᠢᠬᠤ ᠵᠢᠴᠢ ᠥᠪᠡᠰᠦᠪᠡᠨ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠳᠤᠲᠠᠭᠤᠳᠠᠯ ᠢ ᠨᠥᠬᠦᠪᠥᠷᠢᠯᠡᠨ᠂ ᠠᠯᠳᠠᠰᠢ ᠭᠠᠷᠬᠤ ᠶᠢ ᠬᠤᠷᠢᠭᠯᠠᠵᠤ᠂ ᠳᠠᠯᠳᠠ ᠭᠡᠮ ᠢ ᠠᠷᠢᠯᠭᠠᠬᠤ ᠶᠢ ᠬᠢᠨᠠᠯᠲᠠ ᠲᠠᠯᠪᠢᠨ ᠰᠢᠪᠠᠳᠠᠨ᠎ᠠ᠃                                                     ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2