ᠱᠠᠩᠳᠤ ᠰᠢᠶᠠᠨ ᠭᠤᠷᠪᠠᠨ ᠠᠷᠭ᠎ᠠ ᠬᠡᠮᠵᠢᠶ᠎ᠡ ᠠᠪᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠᠬᠢ ︽ᠭᠤᠷᠪᠠ ᠶᠢ ᠪᠠᠲᠤᠯᠠᠬᠤ︾ ᠠᠰᠠᠭᠤᠳᠠᠯ ᠢ ᠰᠢᠶᠳᠪᠦᠷᠢᠯᠡᠪᠡ
ᠨᠡᠶᠢᠲᠡᠯᠡᠭᠰᠡᠨ ᠴᠠᠭ᠄
2019-10-24
     ᠱᠠᠩᠳᠤ ᠰᠢᠶᠠᠨ ᠣᠷᠣᠨ ᠰᠠᠭᠤᠴᠠ ᠶᠢᠨ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠷᠢᠭ᠎ᠠ ᠱᠤᠭᠤᠮ ᠪᠣᠯᠭᠠᠬᠤ ᠶᠢ ᠪᠠᠷᠢᠮᠲᠠᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠪᠣᠭᠤᠮᠲᠠ ᠰᠢᠪᠲᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠨᠥᠯᠥᠭᠡᠯᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠨᠢᠭᠡ ᠳᠤ 《 ᠶᠠᠳᠠᠭᠤ ᠶᠢ ᠲᠠᠨᠢᠬᠤ ᠳᠤ ᠣᠷᠣᠨ ᠰᠠᠭᠤᠴᠠ ᠪᠣᠯ ᠲᠡᠷᠢᠭᠦᠨ ᠴᠢᠬᠤᠯᠠ ᠪᠠᠶᠢᠳᠠᠭ᠂ ᠶᠠᠳᠠᠭᠤ ᠠᠴᠠ ᠠᠩᠭᠢᠵᠢᠷᠠᠭᠤᠯᠬᠤ ᠪᠠᠲᠤᠯᠠᠭ᠎ᠠ ᠪᠣᠯ ᠣᠷᠣᠨ ᠰᠠᠭᠤᠴᠠ ᠮᠥᠨ 》 ᠭᠡᠬᠦ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠤᠶᠢᠷ᠎ᠠ ᠶᠢᠨ ᠵᠢᠯ ᠤᠨ ᠲᠤᠷᠰᠢ᠂ ᠨᠡᠶᠢᠲᠡ 24.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 4.5 ᠭᠠᠷᠤᠢ ᠲᠦᠮᠡᠨ ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ 20 ᠭᠠᠷᠤᠶ ᠲᠦᠮᠡᠨ ᠲᠠᠰᠤᠯᠭ᠎ᠠ᠂ ᠳᠠᠭᠠᠯᠲᠠ ᠭᠡᠷ ᠪᠠᠶᠢᠰᠢᠩ ᠵᠢᠴᠢ ᠢᠯᠵᠢᠷᠡᠮᠡᠯ ᠬᠠᠰᠢᠶ᠎ᠠ ᠰᠠᠷᠠᠪᠴᠢ ᠶᠢ 8.64 ᠲᠦᠮᠡᠨ ᠲᠠᠰᠤᠯᠭ᠎ᠠ᠂ ᠬᠦᠷᠢᠶ᠎ᠡ ᠬᠠᠰᠢᠶ᠎ᠠ 184 ᠲᠦᠮᠡᠨ ᠮᠧᠲᠷ ᠨᠤᠷᠠᠭᠠᠵᠤ᠂ ᠲᠣᠰᠬᠤᠨ ᠤ ᠳᠦᠷᠰᠦ ᠪᠠᠶᠢᠳᠠᠯ ᠳᠤ ᠬᠤᠪᠢᠷᠠᠯᠲᠠ ᠭᠠᠷᠴᠤ᠂ ᠤᠶᠢᠷ᠎ᠠ ᠶᠢᠨ ᠬᠤᠭᠤᠴᠠᠭᠠᠨ ᠳᠤ ᠦᠶᠯᠡᠳᠦᠭᠰᠡᠨ 2229 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠪᠦᠬᠦ ᠲᠠᠯ᠎ᠠ ᠪᠠᠷ ᠨᠤᠷᠠᠭᠠᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠴᠡᠪᠡᠷᠯᠡᠨ ᠠᠷᠢᠯᠭᠠᠬᠤ ᠬᠠᠷᠠᠯᠲᠠ ᠶᠢ ᠲᠤᠶᠢᠯᠪᠤᠷᠢᠳᠠᠢ ᠪᠡᠶᠡᠯᠡᠭᠦᠯᠬᠦ ᠪᠣᠯᠤᠨ᠎ᠠ᠃ ᠰᠢᠶᠠᠨ᠂ ᠰᠢᠶᠠᠩ᠂ ᠲᠣᠰᠬᠤᠨ᠂ ᠲᠠᠷᠢᠶᠠᠴᠢᠨ ᠡᠷᠦᠬᠡ ᠶᠢᠨ ᠴᠠᠭᠠᠰᠤᠨ ᠳᠠᠩᠰᠠ ᠡᠪᠬᠡᠮᠡᠯ ᠪᠠ ᠰᠢᠶᠠᠨ ᠤ ᠱᠠᠲᠤᠨ ᠤ ᠡᠯᠧᠺᠲᠷᠣᠨ ᠳᠠᠩᠰᠠ ᠡᠪᠬᠡᠮᠡᠯ ᠤᠨ ᠡᠬᠡ ᠳᠠᠩᠰᠠ ᠶᠢ ᠵᠡᠷᠭᠡ ᠪᠠᠷ ᠪᠠᠶᠢᠭᠤᠯᠵᠤ᠂ ᠬᠢᠨᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠪᠡ︔ ᠬᠤᠶᠠᠷ ᠲᠤ᠂ ︽ᠶᠠᠳᠠᠭᠤ ᠵᠦᠳᠡᠭᠦᠦ ᠶᠢ ᠵᠠᠰᠠᠬᠤ ᠳᠤ ᠤᠷᠢᠳ ᠢᠶᠠᠷ ᠮᠤᠩᠬᠠᠭ ᠢ ᠵᠠᠰᠠᠵᠤ᠂ ᠶᠠᠳᠠᠭᠤ ᠶᠢ ᠲᠡᠳᠬᠦᠬᠦ ᠳᠤ ᠤᠷᠢᠳ ᠢᠶᠠᠷ ᠣᠶᠤᠨ ᠤᠬᠠᠭᠠᠨ ᠢ ᠲᠡᠳᠬᠦᠬᠦ︾᠂ ᠱᠠᠩᠳᠤ ᠰᠢᠶᠠᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ  ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠪᠠᠲᠤᠯᠠᠵᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠨ ᠬᠥᠮᠦᠵᠢᠯ ᠢ ᠨᠡᠶᠢᠳᠡᠮ ᠲᠡᠳᠬᠦᠬᠦ ᠶᠢ ᠪᠠᠲᠤᠯᠠᠨ᠎ᠠ᠃ ᠣᠳᠣᠬᠠᠨ ᠳᠤ ᠰᠤᠷᠬᠤ ᠨᠠᠰᠤᠨ ᠠᠴᠠ ᠡᠮᠦᠨᠡᠬᠢ ᠰᠤᠷᠬᠤ ᠨᠠᠰᠤᠨ ᠤ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ 97.2 % ᠳᠤ ᠬᠦᠷᠴᠦ᠂ ᠪᠥᠬᠦ ᠣᠷᠣᠨ ᠤ 90 % ᠶᠢᠨ ᠳᠤᠮᠳᠠᠴᠢ ᠬᠢᠷᠢ ᠲᠦᠪᠰᠢᠨ ᠠᠴᠠ 7.2 ᠵᠠᠭᠤᠨ ᠤ ᠨᠢᠭᠡᠴᠢ ᠦᠨᠳᠦᠷ ᠪᠣᠯᠵᠠᠶ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ ᠶᠢᠨ ᠨᠣᠷᠮ᠎ᠠ 100 % ᠳᠤ ᠬᠦᠷᠴᠦ᠂ ᠪᠠᠲᠤᠳᠬᠠᠭᠰᠠᠨ ᠨᠣᠷᠮ᠎ᠠ 100 % ᠳᠤ ᠬᠦᠷᠴᠦ᠂ ᠶᠠᠳᠠᠭᠤ ᠬᠦᠴᠢᠷᠳᠡᠯᠲᠡᠶ ᠠᠴᠠ ᠪᠣᠯᠵᠤ ᠰᠤᠷᠤᠯᠭ᠎ᠠ ᠪᠠᠨ ᠲᠣᠷᠭᠤᠨ ᠵᠣᠭᠰᠣᠭᠰᠠᠨ ᠰᠤᠷᠭᠠᠭᠤᠯᠢ  ᠳᠤ ᠣᠷᠣᠬᠤ ᠨᠠᠰᠤᠨ ᠤ ᠬᠡᠦᠬᠡᠳ ᠨᠢᠭᠡ ᠴᠦ ᠪᠠᠶᠢᠬᠤ ᠦᠭᠡᠢ︔ ᠭᠤᠷᠪᠠ ᠳᠤ ︽ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠳᠠᠭᠠᠳᠬᠠᠯ᠂ ᠠᠷᠠᠳ ᠤᠨ ᠶᠠᠪᠤᠳᠠᠯ ᠤᠨ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠪᠠ ᠬᠦᠨᠳᠦ ᠡᠪᠡᠳᠴᠢᠨ ᠤ ᠤᠳᠠᠭᠠᠨ ᠴᠢᠨᠠᠷᠲᠠᠶ ᠡᠪᠡᠳᠴᠢᠨ ᠤ ᠰᠠᠭᠤᠷᠢ ᠮᠥᠩᠭᠦ ᠶᠢᠨ ᠠᠪᠤᠷᠠᠨ ᠲᠤᠰᠠᠯᠠᠯᠲᠠ︾ ᠵᠡᠷᠭᠡ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ 31155 ᠨᠡᠷᠡᠰ ᠶᠠᠳᠠᠭᠤ ᠬᠦᠴᠢᠷᠳᠡᠯᠲᠡᠶ ᠬᠥᠮᠦᠨ ᠠᠮᠠ ᠳᠤ ᠨᠠᠰᠤᠨ ᠳᠤ ᠬᠦᠷᠦᠭᠰᠡᠳ  ᠤᠨ ᠨᠥᠬᠦᠪᠥᠷᠢ 110 ᠲᠥᠭᠦᠷᠢᠭ᠂ ᠬᠡᠦᠬᠡᠳ 100 ᠲᠥᠭᠦᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠠ 100 ᠲᠥᠭᠦᠷᠢᠭ ᠤᠨ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ ᠤᠨ ᠵᠠᠷᠤᠳᠠᠯ ᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100 % ᠳᠤ ᠬᠦᠷᠦᠭᠦᠯᠦᠨ᠎ᠡ᠃ 2019 ᠣᠨ ᠤ 1 — 7 ᠰᠠᠷ᠎ᠠ ᠳᠤ 39 ᠶᠠᠳᠠᠭᠤ ᠬᠦᠴᠢᠷᠳᠡᠯᠲᠡᠶ ᠬᠥᠮᠦᠨ ᠠᠮᠠ ᠳᠤ 3957.1 ᠲᠦᠮᠡᠨ ᠲᠥᠭᠦᠷᠢᠭ ᠤᠨ ᠦᠨᠳᠦᠰᠦᠨ ᠡᠮ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠵᠤ ᠥᠭᠪᠡ︔ ᠡᠪᠡᠳᠴᠢᠲᠡᠨ  ᠤ ᠣᠷᠣ ᠶᠢᠨ 《 ᠨᠢᠭᠡ ᠥᠷᠲᠡᠭᠡ ᠮᠠᠶ᠋ᠢᠭ 》 ᠢᠶᠠᠷ 6303 ᠬᠥᠮᠦᠨ ᠤᠳᠠᠭ᠎ᠠ ᠪᠠ 4557.6 ᠲᠦᠮᠡᠨ ᠲᠥᠭᠦᠷᠢᠭ ᠢ ᠳᠠᠩᠰᠠᠨ ᠠᠴᠠ ᠲᠠᠶᠢᠯᠵᠤ᠂ ᠳᠠᠩᠰᠠᠨ ᠠᠴᠠ ᠲᠠᠶᠢᠯᠬᠤ ᠬᠠᠷᠢᠴᠠᠯ 90 % ᠳᠤ ᠬᠦᠷᠴᠦ᠂ ᠤᠳᠠᠭᠠᠨ ᠴᠢᠨᠠᠷᠲᠠᠶ ᠡᠪᠡᠳᠴᠢᠨ  ᠲᠠᠢ 18656 ᠶᠠᠳᠠᠭᠤ ᠬᠦᠴᠢᠷᠳᠡᠯᠲᠡᠶ ᠬᠥᠮᠦᠨ ᠠᠮᠠ ᠳᠤ 334 ᠲᠦᠮᠡᠨ ᠲᠥᠭᠦᠷᠢᠭ ᠤᠨ ᠡᠮ ᠬᠦᠷᠭᠡᠵᠦ ᠥᠭᠪᠡ᠃                                                       ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2