ᠱᠠᠩᠳᠤ ᠰᠢᠶᠠᠨ ᠲᠠᠪᠤᠨ ᠠᠷᠭ᠎ᠠ ᠬᠡᠮᠵᠢᠶ᠎ᠡ ᠠᠪᠴᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2019-10-24
     ᠨᠢᠭᠡ ᠳᠤ ᠮᠠᠨ ᠤ ᠰᠢᠶᠠᠨ ᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ 《 ᠡᠳ᠋ ᠬᠥᠷᠥᠩᠭᠡ ᠪᠠᠷ ᠪᠠᠷᠢᠴᠠᠭᠠᠳᠤ ᠵᠢᠭᠡᠯᠡᠯᠭᠡ ᠪᠣᠯᠭᠠᠵᠤ᠂ ᠵᠠᠰᠠᠭ ᠤᠨ ᠣᠷᠳᠣᠨ ᠤ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢ ᠪᠠᠭᠤᠷᠠᠭᠤᠯᠬᠤ 》 ᠵᠠᠭᠪᠤᠷ ᠢ ᠪᠠᠷᠢᠮᠲᠠᠯᠠᠨ ᠶᠠᠪᠤᠭᠳᠠᠭᠤᠯᠤᠨ᠎ᠠ᠂ ᠲᠤᠬᠠᠶᠢᠯᠠᠪᠠᠯ ᠠᠵᠤ ᠠᠬᠤᠶᠢᠯᠠᠯ ᠨᠢ ᠵᠠᠰᠠᠭ ᠤᠨ ᠣᠷᠳᠣᠨ ᠤ ᠵᠢᠭᠡᠯᠡᠯᠭᠡ ᠪᠠᠷ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠡᠯᠡ ᠮᠥᠩᠭᠦ ᠪᠣᠯᠭᠠᠵᠤ᠂ ᠲᠣᠰ ᠪᠡᠶ᠎ᠡ ᠶᠢᠨ ᠡᠳ᠋ ᠬᠥᠷᠥᠩᠭᠡ ᠪᠠᠷ ᠢᠶᠠᠨ ᠪᠠᠷᠢᠴᠠᠭᠠᠯᠠᠨ᠂ ᠡᠬᠡ ᠬᠦᠦ ᠲᠠᠢ ᠨᠢ ᠪᠤᠴᠠᠭᠠᠨ᠎ᠠ᠃ ᠡᠶᠢᠮᠦᠷᠬᠦᠦ ᠠᠵᠢᠯᠯᠠᠭᠠᠨ ᠤ ᠠᠷᠭ᠎ᠠ ᠮᠠᠶ᠋ᠢᠭ ᠨᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠵᠠᠰᠠᠭ ᠤᠨ ᠣᠷᠳᠣᠨ ᠤ ᠥᠷᠢ ᠲᠠᠯᠪᠢᠬᠤ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠵᠠᠶ᠃ ᠬᠤᠶᠠᠷ ᠲᠤ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠲᠣᠭᠲᠠᠭᠠᠯ ᠢ ᠴᠢᠩᠭ᠎ᠠ ᠵᠢᠷᠤᠮᠯᠠᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠰᠦᠯ ᠲᠣᠭᠲᠠᠭᠠᠵᠤ᠂ ᠨᠤᠷᠠᠭᠠᠵᠤ ᠨᠡᠭᠦᠯᠭᠡᠭᠳᠡᠭᠰᠡᠨ ᠰᠠᠭᠤᠭᠠᠯᠢ ᠠᠷᠠᠳ ᠲᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥ  ᠶᠢᠨ ᠪᠣᠳᠣᠯᠭ᠎ᠠ ᠶᠢᠨ ᠢᠯᠡ ᠲᠣᠳᠣ᠂ ᠳᠡᠰ ᠳᠠᠷᠠᠭᠠᠯᠠᠯ ᠤᠨ ᠲᠥᠪ ᠭᠤᠤᠯᠴᠢ ᠪᠠᠶᠢᠬᠤ ᠶᠢ ᠦᠨᠡᠨ ᠬᠦ  ᠤᠶᠢᠯᠭᠠᠭᠤᠯᠤᠨ᠎ᠠ᠃ ᠭᠤᠷᠪᠠ ᠳᠤ᠂ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠵᠢᠷᠤᠭ ᠲᠥᠯᠥᠪᠯᠡᠭᠡ ᠶᠢᠨ ᠣᠢᠯᠠᠭᠠᠭᠳᠠᠬᠤᠨ ᠢ ᠪᠦᠷᠢᠮᠦᠰᠦᠨ ᠬᠡᠷᠡᠭᠯᠡᠵᠦ᠂ ᠣᠳᠣ ᠦᠶ᠎ᠡ ᠶᠢᠨ ᠬᠤᠲᠠ ᠶᠢᠨ ᠣᠨᠴᠠᠯᠢᠭ ᠲᠤ ᠨᠡᠶᠢᠴᠡᠭᠰᠡᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠨᠢᠭᠡᠴᠢ ᠶᠢ ᠴᠢᠷᠮᠠᠶᠢᠨ ᠪᠠᠶᠢᠭᠤᠯᠤᠨ᠎ᠠ᠃ ᠣᠯᠠᠨ ᠲᠦᠮᠡᠨ ᠤ ᠠᠰᠢᠭ ᠲᠤᠰᠠ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ  ᠳᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤᠮᠳᠠ ᠦᠨᠡᠨᠬᠦ ᠪᠣᠳᠠᠲᠤ ᠠᠰᠢᠭ ᠬᠦᠷᠲᠡᠭᠡᠨ᠎ᠡ᠃ ᠳᠥᠷᠪᠡ ᠳᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠮᠠᠲ᠋ᠧᠷᠢᠶᠠᠯ ᠬᠠᠩᠭᠠᠬᠤ ᠨᠢᠭᠡᠴᠢ ᠶᠢ ᠰᠢᠯᠢᠳᠡᠭ ᠢ ᠨᠢ ᠰᠣᠩᠭᠤᠨ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠢ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠬᠢᠭᠡᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠭᠤᠷᠢᠭ ᠤᠨ ᠬᠠᠳᠠᠭᠠᠯᠠᠯᠲᠠ ᠲᠠᠢ ᠤᠶᠠᠯᠳᠤᠭᠤᠯᠬᠤ ᠶᠢ ᠬᠡᠷᠡᠭᠵᠢᠭᠦᠯᠵᠦ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠰᠢᠩᠭᠡᠭᠡᠨ ᠠᠪᠴᠤ᠂ ᠤᠯᠤᠰ ᠤᠨ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ᠂ ᠡᠯ᠎ᠡ ᠰᠠᠯᠠᠭ᠎ᠠ ᠮᠥᠴᠢᠷ  ᠤᠨ ᠭᠠᠶᠢᠯᠢ ᠰᠦᠶᠳᠬᠡᠯ ᠢ ᠲᠤᠯᠭᠠᠬᠤ ᠪᠠᠷ ᠡᠭᠡᠭᠦᠯᠦᠨ ᠬᠤᠷᠢᠶᠠᠭᠰᠠᠨ ᠲᠠᠸᠠᠷ ᠤᠨ ᠭᠡᠷ ᠪᠠᠶᠢᠰᠢᠩ ᠢᠶᠠᠷ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢ ᠲᠡᠭᠦᠯᠳᠡᠷᠵᠢᠭᠦᠯᠦᠨ᠎ᠡ᠃ ᠲᠡᠷᠡᠴᠢᠯᠡᠨ ᠤᠷᠢᠳ ᠬᠤᠵᠢᠳ ᠱᠤᠸᠠᠩ ᠯᠢ᠂ ᠵᠢᠤᠢ ᠬᠤᠩ ᠱᠢ ᠳ᠋ᠠᠢ ᠬᠤᠸᠠ ᠹᠦ᠋᠂ ᠯᠢ ᠶᠤᠸᠠᠨ ᠶᠠᠩ ᠭᠤᠸᠠᠩ᠂ ᠵᠢᠩ ᠳ᠋ᠦ᠋ ᠶᠤᠸᠠᠨ᠂ ᠯᠦ ᠸᠠ ᠵᠡᠷᠭᠡ ᠣᠷᠣᠨ ᠰᠠᠭᠤᠴᠠ ᠶᠢᠨ ᠵᠢᠵᠢᠭ ᠲᠣᠭᠤᠷᠢᠭ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠲᠠᠢ ᠭᠡᠷ ᠪᠠᠶᠢᠰᠢᠩ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠣᠰ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠠᠰᠠᠷ ᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠪᠣᠯᠭᠠᠵᠠᠶ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠨᠢ ᠬᠥᠮᠥᠷᠭᠡ  ᠳᠤ ᠬᠠᠳᠠᠭᠠᠯᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠰᠢᠩᠭᠡᠭᠡᠭᠰᠡᠨ ᠶᠠᠪᠤᠳᠠᠯ ᠪᠣᠯᠤᠨ᠎ᠠ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠭᠰᠠᠨ ᠮᠥᠷᠲᠡᠭᠡᠨ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢᠨ ᠶᠠᠰᠤ ᠴᠢᠨᠠᠷ ᠢ ᠪᠠᠲᠤᠯᠠᠵᠤ᠂ ᠪᠠᠰᠠ ᠥᠷᠭᠡᠨ ᠣᠯᠠᠨ ᠨᠤᠷᠠᠭᠠᠵᠤ ᠨᠡᠭᠦᠯᠭᠡᠬᠦ ᠡᠷᠦᠬᠡ ᠳᠤ ᠨᠠᠩ ᠣᠯᠠᠨ ᠰᠣᠩᠭᠤᠬᠤ ᠣᠷᠣᠨ ᠵᠠᠶ ᠬᠠᠩᠭᠠᠭᠰᠠᠨ ᠪᠠᠶᠢᠨ᠎ᠠ᠃                                                       ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2