ᠦᠪᠦᠷ ᠮᠤᠩᠭᠤᠯ ᠱᠦᠯᠬᠦᠬᠡ ᠡᠪᠡᠳᠴᠢᠨ ᠢ ᠵᠠᠰᠠᠬᠤ ᠰᠢᠨ᠎ᠡ ᠠᠷᠭ᠎ᠠ ᠶᠢ ᠰᠤᠳᠤᠯᠵᠠᠢ
ᠨᠡᠶᠢᠲᠡᠯᠡᠭᠰᠡᠨ ᠴᠠᠭ᠄
2019-10-30
     10 ᠳ᠋ᠤᠭᠠᠷ ᠰᠠᠷ᠎ᠠ ᠶᠢᠨ 22 ᠤ ᠡᠳᠦᠷ᠂ ᠰᠤᠷᠪᠤᠯᠵᠢᠯᠠᠭᠴᠢ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠦᠪᠦᠷ ᠮᠤᠩᠭᠤᠯ  ᠤᠨ ᠪᠠᠢ ᠬᠠᠨ ᠰᠢᠦᠢ ᠮᠦ ᠠᠮᠢᠲᠦ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠢᠨ ᠰᠢᠷ᠎ᠠ ᠦᠨᠳᠦᠰᠤ ᠠᠴᠠ ᠱᠦᠯᠬᠦᠭᠡ ᠡᠪᠡᠳᠴᠢᠨ ᠢ ᠪᠦᠲᠦᠮᠵᠢᠲᠡᠢ ᠰᠡᠷᠭᠡᠶᠢᠯᠡᠨ ᠵᠠᠰᠠᠬᠤ ᠡᠮᠲᠦ ᠪᠤᠳᠠᠰ ᠢ ᠪᠡᠶ᠎ᠡ ᠪᠠᠨ ᠳᠠᠭᠠᠭᠠᠵᠤ ᠰᠤᠳᠤᠯᠤᠨ ᠢᠯᠡᠷᠡᠭᠦᠯᠦᠭᠡᠳ ᠤᠯᠤᠰ ᠤᠨ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠤᠨ ᠡᠷᠭᠡ ᠶᠢ ᠤᠯᠤᠭᠰᠠᠨ ᠪᠠᠶᠢᠨ᠎ᠠ᠃ ᠡᠨᠡᠬᠦ ᠰᠤᠳᠤᠯᠤᠨ ᠢᠯᠡᠷᠡᠭᠦᠯᠦᠭᠰᠡᠨ ᠲᠤᠰᠬᠠᠢ ᠠᠰᠢᠭ ᠤᠨ ᠡᠷᠬᠡ ᠨᠢ ᠱᠦᠯᠬᠦᠬᠡ ᠡᠪᠡᠳᠴᠢᠨ ᠢ ᠰᠡᠷᠭᠡᠶᠢᠯᠡᠨ ᠵᠠᠰᠠᠬᠤ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠪᠣᠯᠣᠭᠰᠠᠨ ᠪᠠᠶᠢᠨ᠎ᠠ᠃      ᠱᠦᠯᠬᠦᠭᠡ ᠡᠪᠡᠳᠴᠢᠨ ᠪᠤᠯ ᠬᠠᠯᠠᠭᠤᠨ ᠪᠦᠰᠡ ᠪᠤᠯᠤᠨ ᠳᠡᠳ᠋ ᠬᠠᠯᠠᠭᠤᠨ ᠪᠦᠰᠡ ᠶᠢᠨ ᠤᠷᠤᠨ ᠤ ᠬᠦᠭᠵᠢᠵᠦ ᠪᠠᠶᠢᠭ᠎ᠠ ᠤᠯᠤᠰ ᠲᠤ ᠬᠦᠨᠳᠦ ᠨᠤᠴᠢᠲᠠᠢ ᠲᠡᠯᠭᠡᠷᠡᠳᠡᠭ ᠨᠢᠭᠡ ᠵᠦᠢᠯ ᠤᠨ ᠬᠠᠯᠳᠠᠪᠤᠷᠢᠲᠦ ᠬᠢᠵᠢᠭ ᠪᠤᠯᠤᠨ᠎ᠠ᠃ ᠲᠡᠯᠡᠬᠡᠢ ᠶᠢᠨ ᠡᠷᠡᠭᠦᠯ ᠬᠠᠮᠠᠭᠠᠯᠠᠯ ᠤᠨ ᠪᠠᠶᠢᠭᠤᠯᠭ᠎ᠠ ᠶᠢᠨ ᠮᠡᠳᠡᠭᠡᠨ ᠳᠤ ᠲᠡᠮᠳᠡᠭᠯᠡᠬᠦ ᠳᠡᠭᠡᠨ᠂ 2008 ᠤᠨ ᠳᠤ ᠪᠦᠬᠦ ᠲᠡᠯᠡᠬᠡᠢ ᠳᠤ ᠨᠡᠶᠢᠲᠡ 2 ᠳ᠋ᠦᠩᠰᠢᠭᠤᠷ 4300 ᠲᠦᠮᠡᠨ ᠬᠦᠮᠦᠨ ᠱᠦᠯᠬᠦᠭᠡ ᠡᠪᠡᠳᠴᠢᠨ ᠳᠤ ᠨᠡᠷᠪᠡᠭᠳᠡᠵᠡᠢ᠂ ᠡᠭᠦᠨ ᠳᠤ ᠡᠪᠡᠳᠴᠢᠨ ᠤ ᠤᠯᠠᠮ ᠢᠶᠠᠷ 86 ᠲᠦᠮᠡ 3000 ᠬᠦᠮᠦᠨ ᠠᠮᠢ ᠨᠠᠰᠤ ᠪᠠᠨ ᠠᠯᠳᠠᠭᠰᠠᠨ ᠪᠠᠶᠢᠨ᠎ᠠ᠃ ᠲᠡᠭᠡᠷ᠎ᠡ ᠵᠠᠭᠤᠨ ᠤ ᠵᠢᠷᠠᠭᠠᠳ ᠤᠨ ᠤ ᠦᠶ᠎ᠡ ᠪᠠᠷ᠂ ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ ᠲᠦ᠋ ᠶᠸᠤ ᠶᠸᠤ ᠱᠦᠯᠬᠦᠭᠡ ᠡᠪᠡᠳᠴᠢᠨ ᠢ ᠪᠦᠬᠦ ᠲᠡᠯᠡᠬᠡᠢ ᠳᠤ ᠬᠠᠮᠤᠭ ᠠᠴᠠ ᠪᠦᠲᠦᠮᠵᠢᠲᠡᠢ ᠰᠠᠶᠢᠨ ᠰᠡᠷᠭᠡᠶᠢᠯᠡᠨ ᠵᠠᠰᠠᠬᠤ ᠨᠢᠭᠡ ᠵᠦᠢᠯ ᠤᠨ ᠡᠮ ᠢ ᠰᠤᠳᠤᠯᠤᠨ ᠦᠢᠯᠡᠳᠦᠭᠡᠳ ᠲᠦᠭ ᠲᠦᠮᠡᠨ ᠡᠪᠡᠳᠴᠢᠲᠡᠨ ᠤ ᠠᠮᠢ ᠨᠠᠰᠤ ᠶᠢ ᠠᠪᠤᠷᠠᠭᠰᠠᠨ ᠶᠤᠮ᠃      ᠦᠪᠦᠷ ᠮᠤᠩᠭᠤᠯ ᠤᠨ ᠪᠠᠢ ᠬᠠᠨ ᠰᠢᠦᠢ ᠮᠦ ᠠᠮᠢᠲᠦ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠲᠠᠭᠠᠭᠠᠮᠠᠯ ᠶᠠᠩ ᠯᠢ ᠶᠠᠨ ᠲᠠᠨᠢᠯᠴᠠᠭᠤᠯᠵᠤ ᠬᠡᠯᠡᠬᠦ ᠳᠡᠭᠡᠨ᠂ ᠲᠤᠰ ᠲᠤᠰᠬᠠᠢ ᠡᠷᠬᠡ ᠶᠢ ᠰᠤᠳᠤᠯᠤᠨ ᠨᠡᠭᠡᠭᠡᠬᠦ ᠠᠷᠭ᠎ᠠ ᠪᠠᠷᠢᠯ ᠨᠢ ᠲᠦᠭᠦᠮ ᠲᠦᠳᠡ ᠪᠠᠶᠢᠵᠤ᠂ ᠪᠠᠶᠢᠭᠠᠯᠢ ᠤᠷᠴᠢᠨ ᠢ ᠬᠠᠮᠠᠭᠠᠯᠠᠬᠤ ᠠᠴᠠ ᠭᠠᠳᠠᠨ᠎ᠠ ᠬᠤᠤᠷ ᠬᠦᠨᠦᠭᠡᠯ ᠦᠭᠡᠢ ᠮᠦᠷᠲᠡᠭᠡᠨ ᠪᠠᠰᠠ ᠪᠡᠯᠡ ᠮᠦᠩᠭᠦ ᠪᠠᠭ᠎ᠠ ᠵᠠᠷᠤᠴᠠᠭᠤᠯᠬᠤ ᠵᠡᠷᠭᠡ ᠤᠨᠴᠠᠯᠢᠭ ᠲᠠᠢ ᠶᠤᠮ᠃ ᠪᠠᠰᠠ ᠰᠢᠷ᠎ᠠ ᠦᠨᠳᠦᠰᠦ ᠠᠴᠠ ᠢᠯᠭᠠᠷᠠᠭᠤᠯᠤᠨ ᠭᠠᠷᠭᠠᠭᠰᠠᠨ ᠡᠮᠲᠦ ᠪᠤᠳᠠᠰ ᠤᠨ ᠴᠢᠨᠠᠷ ᠨᠢ ᠰᠠᠶᠢᠨ᠂ ᠡᠮ ᠬᠡᠷᠡᠭᠯᠡᠬᠦ ᠬᠡᠮᠵᠢᠶ᠎ᠡ ᠨᠢ ᠪᠠᠭ᠎ᠠ᠂ ᠦᠷ᠎ᠡ ᠠᠰᠢᠭ ᠨᠢ ᠥᠨᠳᠥᠷ ᠪᠥᠭᠡᠳ ᠬᠡᠷᠡᠭᠯᠡᠬᠦ ᠳᠤ ᠲᠦᠬᠦᠮ ᠳᠥᠲᠡ ᠵᠡᠷᠭᠡ ᠮᠠᠰᠢ ᠤᠯᠠᠨ ᠰᠠᠶᠢᠨ ᠲᠠᠯ᠎ᠠ ᠲᠠᠢ ᠶᠤᠮ ᠭᠡᠵᠡᠢ᠃                                            ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠰᠢᠯᠢ ᠶᠢᠨ ᠭᠤᠤᠯ ᠠᠢᠮᠠᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2