ᠱᠠᠩᠳᠤ ᠰᠢᠶᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠤ ᠢᠯᠵᠠᠷᠠᠮᠠᠯ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-13
   
     2019 ᠣᠨ ᠤ 11 ᠰᠠᠷ᠎ᠠ ᠶᠢᠨ 11 ᠤ ᠡᠳᠦᠷ᠂ ᠱᠠᠩᠳᠤ ᠰᠢᠶᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠤ ᠢᠯᠵᠠᠷᠠᠮᠠᠯ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠬᠤᠷᠠᠯ ᠢ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠶᠠᠨ ᠦ᠋ ᠪᠥᠸᠧ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠺᠠᠩ ᠴᠢᠤᠸᠠᠨ ᠪᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠿᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠿᠧᠨ ᠬᠠᠢ ᠴᠢᠩ ︽ᠣᠨᠳᠣᠤ ᠭᠠᠵᠠᠷ ᠲᠤ ᠪᠦᠲᠦᠭᠡᠨ ᠪᠠᠶᠢᠭᠤᠯᠬᠤ ᠰᠦᠢᠳᠭᠡᠯ ᠢᠶᠠᠷ ᠭᠠᠷᠲᠠᠨ ᠪᠣᠯᠭᠠᠵᠤ᠂ ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠶᠢᠨ ᠢᠯᠵᠠᠷᠠᠮᠠᠯ ᠠᠰᠠᠭᠤᠳᠠᠯ ᠳᠤ ᠲᠤᠰᠬᠠᠶ ᠵᠠᠰᠠᠯᠲᠠ ᠬᠢᠵᠦ ᠪᠠᠶᠢᠴᠠᠭᠠᠨ ᠴᠡᠭᠴᠡᠯᠡᠬᠦ ᠲᠥᠰᠦᠯ ᠢ ᠦᠷᠨᠢᠭᠦᠯᠭᠦ︾ ᠶᠢ ᠤᠩᠰᠢᠨ ᠨᠡᠶᠢᠲᠡᠯᠡᠵᠦ᠂ ᠳᠡᠳ᠋ ᠰᠢᠶᠠᠨ ᠤ ᠳᠠᠷᠤᠭ᠎ᠠ ᠯᠢᠦ ᠿᠦᠢ ᠲᠤᠰᠬᠠᠶ ᠵᠠᠰᠠᠯᠲᠠ ᠶᠢᠨ ᠠᠵᠢᠯ ᠢ ᠥᠷᠨᠢᠭᠦᠯᠬᠦ ᠳᠤ ᠭᠤᠷᠪᠠᠨ ᠲᠠᠯ᠎ᠠ ᠶᠢᠨ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ᠦᠵᠡᠯ ᠰᠠᠨᠠᠭᠠᠨ ᠤ ᠲᠠᠯ᠎ᠠ ᠪᠠᠷ ᠲᠠᠨᠢᠯᠲᠠ ᠪᠠᠨ ᠳᠡᠭᠡᠭᠰᠢᠯᠡᠭᠦᠯᠵᠦ᠂ ᠲᠤᠰᠬᠠᠶ ᠵᠠᠰᠠᠯᠲᠠ ᠶᠢᠨ ᠠᠵᠢᠯ ᠢ ᠦᠨᠡᠨᠬᠦ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠬᠤ ᠬᠡᠷᠡᠭᠲᠡᠶ︔ ᠬᠤᠶᠠᠷ ᠲᠤ᠂ ᠵᠠᠰᠠᠯᠲᠠ ᠶᠢᠨ ᠳᠤᠮᠳᠠ ᠭᠤᠤᠯᠳᠠᠯᠭ᠎ᠠ ᠶᠢ ᠠᠳᠬᠤᠵᠤ᠂ ᠣᠨᠳᠣᠤ ᠭᠠᠵᠠᠷ ᠪᠠᠶᠢᠭᠤᠯᠬᠤ ᠰᠦᠢᠳᠭᠡᠯ ᠢᠶᠠᠷ ᠭᠠᠷᠲᠠᠨ ᠪᠣᠯᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠬᠤ ᠬᠡᠷᠡᠭᠲᠡᠶ︔ ᠭᠤᠷᠪᠠ ᠳᠤ᠂ ᠵᠠᠰᠠᠯᠲᠠ ᠶᠢᠨ ᠪᠣᠳᠠᠲᠤ ᠬᠡᠷᠡᠭ ᠢ ᠦᠨᠡᠨᠬᠦ ᠴᠢᠩᠭᠠᠳᠬᠠᠵᠤ᠂ ᠲᠣᠭᠲᠠᠭᠰᠠᠨ ᠬᠤᠭᠤᠴᠠᠭᠠᠨ ᠳᠣᠲᠣᠷ᠎ᠠ ᠲᠤᠰᠢᠶᠠᠭᠠᠳᠤᠶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠠᠶᠢᠭᠤᠯᠬᠤ ᠰᠦᠢᠳᠭᠡᠯ ᠢ ᠭᠦᠢᠴᠡᠳ ᠲᠤᠭ᠎ᠠ ᠪᠠᠷ ᠨᠡᠬᠡᠮᠵᠢᠯᠡᠨ ᠲᠤᠰᠢᠶᠠᠯᠭᠠᠵᠤ᠂ ᠵᠠᠰᠠᠯᠲᠠ ᠶᠢᠨ ᠠᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠺᠠᠩ ᠴᠢᠤᠸᠠᠨ ᠪᠢᠩ᠂ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠶ ᠲᠥᠷᠥᠯ ᠤᠨ ᠴᠡᠭᠴᠡᠯᠡᠨ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠵᠡᠷᠭᠡᠪᠡᠷ᠂ ᠵᠠᠰᠠᠬᠤ ᠠᠵᠢᠯ ᠤᠨ ᠳᠤᠮᠳᠠ᠂ ᠤᠳᠤᠷᠢᠳᠤᠯᠭ᠎ᠠ ᠶᠢᠨ ᠪᠠᠶᠢᠷᠢᠯᠠᠭᠤᠯᠤᠯᠲᠠ ᠰᠤᠯᠠ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠬᠦᠨᠳᠦ ᠨᠣᠴᠢᠲᠠᠶ ᠪᠠᠶᠢᠬᠤ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠮᠡᠬᠦᠰᠳᠡᠵᠦ᠂ ᠠᠷᠭᠠᠴᠠᠬᠤ ᠠᠷᠭ᠎ᠠ ᠠᠪᠤᠭᠰᠠᠨ︔ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠲᠤᠰᠬᠠᠶ ᠵᠠᠰᠠᠯᠲᠠ ᠲᠣᠬᠢᠷᠠᠭᠤᠯᠤᠯᠲᠠ ᠴᠡᠭᠴᠡᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠭᠦ ᠰᠢᠬᠠᠮᠳᠠᠭᠤᠯᠤᠨ᠎ᠠ᠃
                                                ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2