ᠱᠠᠩᠳᠤ ᠰᠢᠶᠠᠨ ᠤ ᠪᠣᠷᠣᠯᠠᠭᠤᠯᠭ᠎ᠠ ᠮᠠᠭᠤᠲᠠᠶ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠵᠤ ᠡᠬᠢᠯᠡᠭᠰᠡᠨ      ᠲᠠᠷᠢᠶᠠᠴᠢᠳ ᠤᠨ ᠵᠣᠪᠠᠨᠢᠯ ᠠᠭᠠᠵᠢᠮ ᠢᠶᠠᠷ ᠠᠷᠢᠯᠪᠠ
ᠨᠡᠶᠢᠲᠡᠯᠡᠭᠰᠡᠨ ᠴᠠᠭ᠄
2019-11-14
      ᠡᠨᠡ ᠵᠢᠯ᠂ ᠪᠦᠬᠦ ᠤᠯᠤᠰ ᠤᠨ ᠡᠯ᠎ᠡ ᠭᠠᠵᠠᠷ ᠤᠨ ᠢᠳᠡᠰᠢᠨ ᠨᠣᠭᠤᠭ᠎ᠠ ᠲᠠᠷᠢᠬᠤ ᠲᠠᠯᠠᠪᠠᠢ ᠥᠷᠭᠡᠵᠢᠭᠰᠡᠨ ᠠᠴᠠ ᠪᠣᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠦᠨ᠎ᠡ ᠬᠠᠩᠰᠢ ᠮᠠᠭᠤᠳᠠᠵᠤ᠂ ᠯᠠᠩᠭᠤᠸᠠ᠂ ᠴᠠᠭᠠᠨ ᠨᠤᠭᠤᠭ᠎ᠠ ᠵᠢᠴᠢ ᠪᠥᠭᠡᠷᠡᠩᠬᠡᠶ ᠨᠣᠭᠤᠭ᠎ᠠ ᠵᠡᠷᠭᠡ ᠶᠡᠭᠡ ᠬᠡᠮᠵᠢᠶ᠎ᠡ ᠪᠠᠷ ᠪᠣᠷᠣᠯᠠᠭᠤᠯᠭ᠎ᠠ ᠵᠣᠭᠰᠣᠩᠭᠢᠷᠠᠵᠤ᠂ ᠴᠢᠨᠠᠭᠰᠢᠯᠠᠪᠠᠯ ᠲᠠᠷᠢᠶᠠᠨ ᠭᠠᠵᠠᠷ ᠤᠨ ᠵᠢᠷᠦᠬᠡ ᠰᠢᠮᠰᠢᠷᠡᠬᠦ ᠦᠵᠡᠭᠳᠡᠯ ᠭᠠᠷᠴᠤ᠂ ᠲᠠᠷᠢᠶᠠᠴᠢᠳ ᠤᠨ ᠬᠤᠷᠢᠶᠠᠯᠲᠠ ᠨᠡᠮᠡᠭᠳᠡᠪᠡᠴᠦ ᠣᠷᠣᠯᠭ᠎ᠠ ᠨᠡᠮᠡᠭᠳᠡᠬᠦ ᠦᠭᠡᠢ᠂ ᠲᠠᠷᠢᠶᠠᠴᠢᠳ ᠤᠨ ᠭᠤᠸᠠ ᠨᠣᠭᠤᠭ᠎ᠠ ᠲᠠᠷᠢᠬᠤ ᠢᠳᠡᠪᠬᠢᠵᠢᠯ ᠢ ᠬᠦᠨᠳᠦ ᠨᠣᠴᠢᠲᠠᠶ ᠰᠢᠨᠲᠠᠷᠠᠭᠤᠯᠤᠭᠰᠠᠨ ᠪᠠᠶᠢᠨ᠎ᠠ᠃ ᠲᠠᠷᠢᠶᠠᠴᠢᠳ ᠢ ᠦᠨᠡᠨ ᠬᠦ ᠬᠠᠪᠰᠤᠷᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠵᠣᠭᠰᠣᠩᠭᠢᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ᠂ ᠲᠠᠷᠢᠶᠠᠴᠢᠳ ᠤᠨ ᠲᠠᠷᠢᠮᠠᠯ ᠤᠨ ᠦᠢᠯᠡᠰ ᠤᠨ ᠬᠤᠬᠢᠷᠠᠯ ᠢ ᠴᠢᠷᠮᠠᠶᠢᠨ ᠪᠠᠭᠤᠷᠠᠭᠤᠯᠬᠤ ᠬᠡᠷᠡᠭᠲᠡᠶ᠃ ᠥᠪᠥᠷ ᠮᠣᠩᠭᠤᠯ ᠤᠨ ᠡᠪᠯᠡᠯ ᠤᠨ ᠰᠤᠷᠭᠠᠭᠤᠯᠢ ︵ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ︶᠂ ᠯᠧ ᠽᠦᠨ ᠲᠤᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠴᠢᠩ ᠬᠠᠨ ᠶᠠᠩ ᠤᠨ ᠡᠯᠧᠺᠲᠷᠦᠨ ᠬᠤᠳᠠᠯᠳᠤᠭᠠᠨ ᠤ ᠺᠣᠮᠫᠠᠨᠢ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠶᠡᠭᠡ ᠪᠠᠷ ᠠᠬᠢᠭᠤᠯᠵᠤ᠂ ᠲᠠᠷᠢᠶᠠᠴᠢᠳ ᠤᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠨ᠎ᠠ᠃ ᠥᠪᠥᠷ ᠮᠣᠩᠭᠤᠯ ᠤᠨ ᠡᠪᠯᠡᠯ ᠤᠨ ᠰᠤᠷᠭᠠᠭᠤᠯᠢ ︵ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ︶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤ ᠠᠵᠤ ᠠᠬᠤᠶᠢᠯᠠᠯᠲᠠ ᠶᠢᠨ ᠨᠡᠶᠢᠭᠡᠮᠯᠢᠭ ᠵᠡᠷᠭᠡ ᠣᠯᠠᠨ ᠨᠢᠭᠡᠴᠢ ᠲᠠᠢ ᠬᠠᠷᠢᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ᠂ ᠨᠡᠯᠢᠶᠡᠳ ᠣᠬᠤᠷᠬᠠᠨ ᠬᠤᠭᠤᠴᠠᠭᠠᠨ ᠳᠣᠲᠣᠷ᠎ᠠ ᠲᠠᠷᠢᠶᠠᠴᠢᠳ ᠤᠨ ᠭᠠᠷ ᠲᠤ ᠵᠣᠭᠰᠣᠩᠭᠢᠷᠠᠭᠰᠠᠨ 35.73 ᠲᠣᠨ ᠲᠦᠮᠦᠰᠦ᠂ 1.37 ᠲᠣᠨ ᠤᠯᠠᠭᠠᠨ ᠨᠠᠩᠭᠤᠸᠠ᠂ 2.17 ᠲᠣᠨ ᠪᠠᠨ ᠯᠢ ᠨᠠᠩᠭᠤᠸᠠ᠂ 56.04 ᠲᠣᠨ ᠰᠣᠩᠭᠢᠨ᠎ᠠ ᠶᠢ ᠬᠠᠪᠰᠤᠷᠤᠨ ᠪᠣᠷᠣᠯᠠᠭᠤᠯᠵᠤ᠂ ᠨᠡᠶᠢᠲᠡ 100 ᠭᠠᠷᠤᠶ ᠲᠣᠨ ᠪᠣᠷᠣᠯᠠᠭᠤᠯᠵᠠᠶ᠃ ᠯᠧ ᠼᠦᠨ ᠲᠤᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠤᠷᠢᠳ ᠬᠤᠵᠢᠳ ᠲᠦᠨ ᠺᠧᠨ ᠳ᠋ᠦᠢ᠂ ᠰᠢᠶᠣᠤ ᠬᠠᠢ ᠽᠢ ᠪᠠᠯᠭᠠᠰᠤ ᠵᠡᠷᠭᠡ ᠭᠠᠵᠠᠷ ᠤᠨ ᠪᠣᠷᠣᠯᠠᠭᠤᠯᠭ᠎ᠠ ᠮᠠᠭᠤᠲᠠᠶ ᠤᠯᠠᠭᠠᠨ ᠬᠠᠯᠢᠰᠤᠲᠤ ᠨᠠᠩᠭᠤᠸᠠ᠂ ᠪᠧ ᠪᠧ ᠨᠠᠩᠭᠤᠸᠠ ᠶᠢ ᠬᠤᠳᠠᠯᠳᠤᠨ ᠠᠪᠴᠤ᠂ ᠰᠦᠯᠵᠢᠶᠡᠨ ᠭᠠᠳᠠᠨᠠᠬᠢ ᠬᠡᠲᠦ ᠳᠡᠯᠭᠡᠭᠦᠷ ᠪᠠ ᠰᠦᠯᠵᠢᠶᠡᠨ ᠳᠡᠭᠡᠷᠡᠬᠢ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠪᠠᠷᠤᠭ 26 ᠲᠣᠨ ᠪᠠᠷᠠᠭ᠎ᠠ ᠪᠣᠷᠣᠯᠠᠭᠤᠯᠵᠤ᠂ ᠣᠳᠣᠬᠠᠨ ᠳᠤ ᠡᠳᠦᠷ ᠪᠦᠷᠢ ᠳᠤᠮᠳᠠᠴᠢ ᠪᠠᠷ 0.5 ᠲᠣᠨ ᠣᠷᠴᠢᠮ ᠪᠠᠷᠠᠭ᠎ᠠ ᠶᠠᠪᠤᠭᠤᠯᠵᠤ ᠪᠠᠶᠢᠨ᠎ᠠ᠃ ᠰᠢᠨ ᠯᠸᠢ ᠡᠯᠧᠺᠲᠷᠣᠨ ᠬᠤᠳᠠᠯᠳᠤᠭᠠᠨ ᠤ ᠺᠣᠮᠫᠠᠨᠢ ᠲᠠᠷᠢᠶᠠᠴᠢᠳ ᠢ ᠢᠳᠡᠪᠬᠢᠲᠡᠢ ᠬᠠᠪᠰᠤᠷᠴᠤ ᠪᠠᠶᠢᠭᠠᠳ 450 ᠲᠣᠨ ᠨᠠᠩᠭᠤᠸᠠ᠂ 750 ᠲᠤᠨ ᠲᠥᠮᠥᠰᠥ᠂ 400 ᠲᠣᠨ ᠪᠥᠭᠡᠷᠡᠩᠬᠡᠶ ᠨᠣᠭᠤᠭ᠎ᠠ᠂ 4000 ᠲᠣᠨ ᠬᠥᠬᠡ ᠨᠣᠭᠤᠭ᠎ᠠ ᠶᠢ ᠪᠣᠷᠣᠯᠠᠭᠤᠯᠤᠭᠠᠳ᠂ ᠨᠡᠶᠢᠲᠡ 5600 ᠲᠣᠨ ᠪᠣᠷᠣᠯᠠᠭᠤᠯᠪᠠ᠃ ᠴᠢᠩ ᠬᠠᠨ ᠶᠠᠩ ᠡᠯᠧᠺᠲᠷᠣᠨ ᠬᠤᠳᠠᠯᠳᠤᠭᠠᠨ ᠤ ᠺᠣᠮᠫᠠᠨᠢ ᠨᠢ ᠶᠡᠭᠡ ᠬᠦᠷᠢᠶ᠎ᠡ ᠰᠢᠶᠠᠩ᠂ ᠲᠤᠯᠤᠳᠤᠭᠠᠷ ᠦᠷᠳᠡᠭᠡ ᠪᠠᠯᠭᠠᠰᠤ ᠵᠡᠷᠭᠡ ᠭᠠᠵᠠᠷ ᠤᠨ ᠲᠠᠷᠢᠶᠠᠴᠢᠳ ᠲᠠᠢ ᠵᠥᠪᠳᠡᠯᠴᠡᠵᠦ ᠪᠠᠶᠢᠭᠠᠳ ᠤᠯᠠᠭᠠᠨ ᠨᠠᠩᠭᠤᠸᠠ ᠶᠢ 10 ᠲᠣᠨ ᠭᠠᠷᠤᠶ ᠪᠣᠷᠣᠯᠠᠭᠤᠯᠬᠤ ᠶᠢᠨ ᠬᠠᠮᠲᠤ ᠦᠯᠡᠳᠦᠭᠰᠡᠨ ᠨᠠᠩᠭᠤᠸᠠ᠂ ᠯᠤᠤᠪᠠᠩ ᠵᠡᠷᠭᠡ ᠪᠣᠷᠣᠯᠠᠭᠤᠯᠭ᠎ᠠ ᠮᠠᠭᠤᠲᠠᠶ ᠲᠠᠷᠢᠶᠠᠯᠠᠩ ᠤᠨ ᠪᠦᠲᠦᠭᠡᠭᠳᠡᠬᠦᠨ ᠢ ᠤᠯᠠᠮ ᠨᠢᠭᠡ ᠠᠯᠬᠤᠮ ᠦᠷᠭᠡᠳᠭᠡᠨ ᠪᠤᠷᠤᠯᠠᠭᠤᠯᠵᠤ᠂ ᠲᠠᠷᠢᠶᠠᠴᠢᠳ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃                                                    ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2