| 11 ᠰᠠᠷ᠎ᠠ ᠶᠢᠨ 8 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ | ᠰᠠᠶᠢᠳ ᠸᠠᠩ ᡁᠢ ᠵᠢᠶᠦ᠋ᠨ ᠨᠡᠷ ᠮᠠᠨ ᠤ ᠰᠢᠶᠠᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠲᠣᠭᠤᠷᠢᠨ ᠪᠠᠶᠢᠴᠠᠭᠠᠭᠴᠢ ᠵᠢᠩ ᠢᠦᠶ ᠯᠢᠨ᠂ ᠬᠤᠲᠠ ᠶᠢᠨ ᠳᠡᠳ᠋ ᠳᠠᠷᠤᠭ᠎ᠠ ᠢᠦᠶ ᠬᠠᠢ ᠢᠦᠶ᠂ ᠰᠢᠶᠠᠨ ᠤ ᠨᠠᠮ ᠤᠨ | ᠬᠤᠷᠢᠶᠠᠨ ᠤ ᠱᠦᠵᠢ ᠶᠢᠨ ᠴᠢᠶᠠᠨ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠼᠤᠤ ᠺᠠᠶ ᠬᠤᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠠᠨ | ᠲᠢᠶᠠᠨ ᠯᠢᠶᠠᠩ᠂ ᠸᠠᠩ ᠭᠤᠸᠠᠩ ᠫᠢᠩ ᠵᠢᠴᠢ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | ᠸᠠᠩ ᡁᠢ ᠵᠢᠶᠦ᠋ᠨ ᠨᠡᠷ ᠡᠩ ᠲᠡᠷᠢᠭᠦᠨ ᠳᠤ ᠰᠠᠨ ᠳ᠋ᠠ ᠴᠢᠩ ᠰᠢᠶᠠᠩ ᠤᠨ ᠰᠢᠶᠧ ᠵᠢᠶᠠ ᠹᠠᠩ ᠲᠣᠰᠬᠤᠨ ᠳᠤ | ᠬᠦᠷᠴᠦ᠂ ᠬᠥᠳᠡᠭᠡ ᠲᠣᠰᠬᠤᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ | ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ | ︾ ᠠᠵᠢᠯ ᠵᠢᠴᠢ ᠬᠠᠯᠠᠮᠵᠢ ᠶᠢᠨ ᠴᠢᠯᠤᠭᠡᠳᠦ ᠳᠡᠯᠭᠡᠭᠦᠷ ᠵᠡᠷᠭᠡ ︽ᠣᠶᠤᠨ ᠤᠬᠠᠭᠠᠨ ᠢ ᠵᠡᠷᠭᠡ ᠪᠠᠷ ᠲᠡᠳᠬᠦᠬᠦ︾ | ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠸᠠᠩ ᡁᠢ ᠵᠢᠶᠦ᠋ᠨ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠬᠠᠷᠠᠯᠲᠠ ᠶᠢ ᠬᠦᠴᠦᠯᠡᠨ ᠪᠡᠶᠡᠯᠡᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠵᠠᠩᠭᠢᠯᠠᠭ᠎ᠠ ᠪᠣᠯᠤᠨ᠎ᠠ᠃ ᠱᠠᠩᠳᠤ ᠰᠢᠶᠠᠨ ᠦᠷᠭᠦᠯᠵᠢᠯᠡᠨ | ᠬᠠᠷᠠᠯᠲᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ︽ᠬᠤᠶᠠᠷ ᠲᠤ | ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ ᠣᠨᠴᠠ ᠶᠠᠳᠠᠭᠤ | ᠬᠦᠴᠢᠷᠳᠡᠯ ᠤᠨ ᠪᠠᠬᠢᠯᠡᠯᠲᠡ ᠶᠢ ᠰᠢᠪᠲᠤᠯᠬᠤ ᠬᠡᠷᠡᠭᠲᠡᠶ︔ ᠡᠭᠦᠷᠭᠡ ᠪᠠᠨ ᠲᠣᠳᠣᠷᠬᠠᠶᠢᠯᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠪᠰᠢᠭᠠᠶᠢᠯᠠᠨ ᠪᠠᠶᠢᠯᠳᠤᠵᠤ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠵᠦ᠂ ᠰᠢᠳᠦ ᠵᠠᠭᠤᠵᠤ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠠᠷᠠᠯᠲᠠ ᠪᠠᠨ ᠡᠴᠦᠰ ᠲᠤᠨᠢ | ᠲᠤᠯᠲᠠᠯ᠎ᠠ ᠠᠳᠬᠤᠬᠤ ᠬᠡᠷᠡᠭᠲᠡᠶ︔ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠨᠠᠩ ᠣᠯᠠᠨ ᠰᠦᠪᠡᠭᠴᠢᠯᠡᠯᠲᠡ | ᠬᠢᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ᠃ | | | ᠶᠠᠳᠠᠭᠤ ᠬᠦᠴᠢᠷᠳᠡᠯᠲᠡᠶ ᠡᠷᠦᠬᠡ ᠵᠦ ᠬᠤᠩ ᠭᠤᠸᠠᠩ ᠤᠨ ᠭᠡᠷ ᠲᠤ᠂ ᠸᠠᠩ ᡁᠢ ᠵᠢᠶᠦ᠋ᠨ ᠶᠠᠳᠠᠭᠤ | ᠬᠦᠴᠢᠷᠳᠡᠯᠲᠡᠶ ᠡᠷᠦᠬᠡ ᠲᠠᠢ ᠳᠣᠲᠣᠨᠣᠰᠤᠭ ᠢᠶᠠᠷ ᠭᠠᠷ ᠠᠳᠬᠤᠵᠤ᠂ ᠨᠠᠰᠤᠲᠠᠨ ᠤ ᠪᠡᠶ᠎ᠡ ᠮᠠᠬᠠᠪᠣᠳ ᠤᠨ ᠪᠠᠶᠢᠳᠠᠯ | ᠪᠣᠯᠤᠨ ᠣᠷᠣᠯᠭ᠎ᠠ ᠶᠢᠨ ᠢᠷᠡᠯᠲᠡ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠨ ᠤ ᠪᠠᠶᠢᠳᠠᠯ ᠢ | ᠣᠶᠢᠯᠠᠭᠠᠬᠤ ᠶᠢᠨ ᠬᠠᠮᠲᠤ ᠨᠠᠰᠤᠲᠠᠨ ᠳᠤ ᠮᠥᠩᠭᠦ ᠬᠦᠷᠭᠡᠵᠦ᠂ ᠨᠠᠰᠤᠲᠠᠨ ᠤ ᠢᠲᠡᠭᠡᠯ ᠵᠣᠷᠢᠭ ᠢᠶᠠᠨ ᠪᠠᠲᠤᠳᠬᠠᠵᠤ᠂ | ᠪᠡᠶ᠎ᠡ ᠪᠠᠨ ᠭᠠᠮᠨᠠᠬᠤ ᠶᠢ ᠵᠣᠷᠢᠭᠵᠢᠭᠤᠯᠵᠤ᠂ ᠠᠮᠢᠳᠤᠷᠠᠯ ᠢᠶᠠᠨ ᠡᠳᠦᠷ ᠠᠴᠠ ᠡᠳᠦᠷ ᠥᠭᠡᠳᠡ ᠡᠰᠡᠷᠡᠭ | ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃ | | | | | | ᠥᠪᠥᠷ ᠮᠣᠩᠭᠤᠯ ᠤᠨ ᠰᠢ ᠰᠧᠨ ᠲᠦᠮᠦᠰᠦᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ | ᡁᠢ ᠵᠢᠶᠦ᠋ᠨ ᠰᠢ ᠰᠧᠨ ᠺᠣᠮᠫᠠᠨᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠶ᠋ᠯ — | ᠲᠥᠮᠥᠰᠥ ᠶᠢ ᠬᠥᠮᠥᠷᠭᠡᠯᠡᠨ ᠬᠠᠳᠠᠭᠠᠯᠠᠬᠤ ᠪᠠ ᠵᠣᠬᠢᠶᠠᠨ ᠪᠠᠶᠢᠭᠤᠯᠵᠤ ᠪᠣᠯᠪᠠᠰᠤᠷᠠᠭᠤᠯᠬᠤ ᠲᠥᠪ ᠤᠨ ᠪᠦᠲᠦᠭᠡᠨ | ᠪᠠᠶᠢᠭᠤᠯᠤᠯᠲᠠ ᠵᠢᠴᠢ ᠠᠵᠤ ᠠᠬᠤᠶᠢᠯᠠᠯ ᠤᠨ ᠶᠠᠳᠠᠭᠤ ᠶᠢ ᠲᠡᠳᠬᠦᠬᠦ ᠴᠢᠳᠠᠪᠤᠷᠢ ᠶᠢ ᠨᠠᠷᠢᠨ ᠣᠶᠢᠯᠠᠭᠠᠪᠠ᠃ ᠲᠡᠷᠡ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠤᠶᠢᠯ ᠢ ᠵᠥᠪ ᠰᠣᠩᠭᠤᠵᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ | ᠥᠷᠭᠡᠨ ᠬᠡᠪᠴᠢᠶᠡᠨ ᠤ᠂ ᠳᠠᠶᠢᠴᠢᠯᠠᠬᠤ ᠬᠦᠴᠦᠨ ᠢᠶᠠᠷ ᠴᠢᠩᠭ᠎ᠠ᠂ ᠦᠰᠦᠨ ᠪᠤᠶᠢᠵᠢᠬᠤ ᠴᠢᠨᠠᠷ ᠢᠶᠠᠷ ᠰᠠᠶᠢᠨ | ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠤᠨ ᠣᠷᠣᠭᠤᠯᠵᠤ᠂ ᠤᠨᠢᠨ ᠳᠡᠭᠡᠷ᠎ᠡ ᠨᠢ ᠪᠦᠲᠦᠮᠵᠢᠲᠡᠶ | ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠳᠠᠶᠢᠴᠢᠯᠠᠵᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | | | ᠤᠷᠴᠢᠭᠤᠯᠤᠭᠴᠢ᠄ ᠰᠠᠷᠠᠭᠤᠯ |