ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠸᠠᠩ ᡁᠢ ᠵᠢᠶᠦ᠋ᠨ ᠨᠡᠷ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-14
     
     11 ᠰᠠᠷ᠎ᠠ ᠶᠢᠨ 8 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠸᠠᠩ ᡁᠢ ᠵᠢᠶᠦ᠋ᠨ ᠨᠡᠷ ᠮᠠᠨ ᠤ ᠰᠢᠶᠠᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠲᠣᠭᠤᠷᠢᠨ ᠪᠠᠶᠢᠴᠠᠭᠠᠭᠴᠢ ᠵᠢᠩ ᠢᠦᠶ ᠯᠢᠨ᠂ ᠬᠤᠲᠠ ᠶᠢᠨ ᠳᠡᠳ᠋ ᠳᠠᠷᠤᠭ᠎ᠠ ᠢᠦᠶ ᠬᠠᠢ ᠢᠦᠶ᠂ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠢᠶᠠᠨ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠼᠤᠤ ᠺᠠᠶ ᠬᠤᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠠᠨ ᠲᠢᠶᠠᠨ ᠯᠢᠶᠠᠩ᠂ ᠸᠠᠩ ᠭᠤᠸᠠᠩ ᠫᠢᠩ ᠵᠢᠴᠢ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠸᠠᠩ ᡁᠢ ᠵᠢᠶᠦ᠋ᠨ ᠨᠡᠷ ᠡᠩ ᠲᠡᠷᠢᠭᠦᠨ ᠳᠤ ᠰᠠᠨ ᠳ᠋ᠠ ᠴᠢᠩ ᠰᠢᠶᠠᠩ ᠤᠨ ᠰᠢᠶᠧ ᠵᠢᠶᠠ ᠹᠠᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠵᠢᠯ ᠵᠢᠴᠢ ᠬᠠᠯᠠᠮᠵᠢ ᠶᠢᠨ ᠴᠢᠯᠤᠭᠡᠳᠦ ᠳᠡᠯᠭᠡᠭᠦᠷ ᠵᠡᠷᠭᠡ ︽ᠣᠶᠤᠨ ᠤᠬᠠᠭᠠᠨ ᠢ ᠵᠡᠷᠭᠡ ᠪᠠᠷ ᠲᠡᠳᠬᠦᠬᠦ︾ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠸᠠᠩ ᡁᠢ ᠵᠢᠶᠦ᠋ᠨ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠶᠢ ᠬᠦᠴᠦᠯᠡᠨ ᠪᠡᠶᠡᠯᠡᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠵᠠᠩᠭᠢᠯᠠᠭ᠎ᠠ ᠪᠣᠯᠤᠨ᠎ᠠ᠃ ᠱᠠᠩᠳᠤ ᠰᠢᠶᠠᠨ ᠦᠷᠭᠦᠯᠵᠢᠯᠡᠨ ᠬᠠᠷᠠᠯᠲᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ ᠣᠨᠴᠠ ᠶᠠᠳᠠᠭᠤ ᠬᠦᠴᠢᠷᠳᠡᠯ ᠤᠨ ᠪᠠᠬᠢᠯᠡᠯᠲᠡ ᠶᠢ ᠰᠢᠪᠲᠤᠯᠬᠤ ᠬᠡᠷᠡᠭᠲᠡᠶ︔ ᠡᠭᠦᠷᠭᠡ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠪᠰᠢᠭᠠᠶᠢᠯᠠᠨ ᠪᠠᠶᠢᠯᠳᠤᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠳᠦ ᠵᠠᠭᠤᠵᠤ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠠᠷᠠᠯᠲᠠ ᠪᠠᠨ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ︔ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠨᠠᠩ ᠣᠯᠠᠨ ᠰᠦᠪᠡᠭᠴᠢᠯᠡᠯᠲᠡ ᠬᠢᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ᠃
     ᠶᠠᠳᠠᠭᠤ ᠬᠦᠴᠢᠷᠳᠡᠯᠲᠡᠶ ᠡᠷᠦᠬᠡ ᠵᠦ ᠬᠤᠩ ᠭᠤᠸᠠᠩ ᠤᠨ ᠭᠡᠷ ᠲᠤ᠂ ᠸᠠᠩ ᡁᠢ ᠵᠢᠶᠦ᠋ᠨ ᠶᠠᠳᠠᠭᠤ ᠬᠦᠴᠢᠷᠳᠡᠯᠲᠡᠶ ᠡᠷᠦᠬᠡ ᠲᠠᠢ ᠳᠣᠲᠣᠨᠣᠰᠤᠭ ᠢᠶᠠᠷ ᠭᠠᠷ ᠠᠳᠬᠤᠵᠤ᠂ ᠨᠠᠰᠤᠲᠠᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠣᠷᠣᠯᠭ᠎ᠠ ᠶᠢᠨ ᠢᠷᠡᠯᠲᠡ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠨ ᠤ ᠪᠠᠶᠢᠳᠠᠯ ᠢ ᠣᠶᠢᠯᠠᠭᠠᠬᠤ ᠶᠢᠨ ᠬᠠᠮᠲᠤ ᠨᠠᠰᠤᠲᠠᠨ ᠳᠤ ᠮᠥᠩᠭᠦ ᠬᠦᠷᠭᠡᠵᠦ᠂ ᠨᠠᠰᠤᠲᠠᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠪᠡᠶ᠎ᠡ ᠪᠠᠨ ᠭᠠᠮᠨᠠᠬᠤ ᠶᠢ ᠵᠣᠷᠢᠭᠵᠢᠭᠤᠯᠵᠤ᠂ ᠠᠮᠢᠳᠤᠷᠠᠯ ᠢᠶᠠᠨ ᠡᠳᠦᠷ ᠠᠴᠠ ᠡᠳᠦᠷ ᠥᠭᠡᠳᠡ ᠡᠰᠡᠷᠡᠭ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃
     ᠥᠪᠥᠷ ᠮᠣᠩᠭᠤᠯ ᠤᠨ ᠰᠢ ᠰᠧᠨ ᠲᠦᠮᠦᠰᠦᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᡁᠢ ᠵᠢᠶᠦ᠋ᠨ ᠰᠢ ᠰᠧᠨ ᠺᠣᠮᠫᠠᠨᠢ ᠶᠢᠨ ᠠᠵᠤ ᠦᠢᠯᠡᠰ ᠢᠶᠠᠷ  ᠶᠠᠳᠠᠭᠤ ᠶᠢ ᠲᠡᠳᠬᠦᠬᠦ ᠲᠥᠷᠥᠯ ᠵᠦᠶ᠋ᠯ — ᠲᠥᠮᠥᠰᠥ ᠶᠢ ᠬᠥᠮᠥᠷᠭᠡᠯᠡᠨ ᠬᠠᠳᠠᠭᠠᠯᠠᠬᠤ ᠪᠠ ᠵᠣᠬᠢᠶᠠᠨ ᠪᠠᠶᠢᠭᠤᠯᠵᠤ ᠪᠣᠯᠪᠠᠰᠤᠷᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠵᠢᠴᠢ ᠠᠵᠤ ᠠᠬᠤᠶᠢᠯᠠᠯ ᠤᠨ ᠶᠠᠳᠠᠭᠤ ᠶᠢ ᠲᠡᠳᠬᠦᠬᠦ ᠴᠢᠳᠠᠪᠤᠷᠢ ᠶᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠤᠶᠢᠯ ᠢ ᠵᠥᠪ ᠰᠣᠩᠭᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠥᠷᠭᠡᠨ ᠬᠡᠪᠴᠢᠶᠡᠨ ᠤ᠂ ᠳᠠᠶᠢᠴᠢᠯᠠᠬᠤ ᠬᠦᠴᠦᠨ ᠢᠶᠠᠷ ᠴᠢᠩᠭ᠎ᠠ᠂ ᠦᠰᠦᠨ ᠪᠤᠶᠢᠵᠢᠬᠤ ᠴᠢᠨᠠᠷ ᠢᠶᠠᠷ ᠰᠠᠶᠢᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠤᠨ ᠣᠷᠣᠭᠤᠯᠵᠤ᠂ ᠤᠨᠢᠨ ᠳᠡᠭᠡᠷ᠎ᠡ ᠨᠢ ᠪᠦᠲᠦᠮᠵᠢᠲᠡᠶ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠳᠠᠶᠢᠴᠢᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃                                                  ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2