︽12348 ᠬᠠᠤᠯᠢ ᠴᠠᠭᠠᠵᠠ ᠶᠢᠨ ᠦᠢᠯᠡᠴᠢᠯᠡᠬᠡᠨ ᠤ ᠲᠤᠰᠬᠠᠢ ᠤᠳᠠᠰᠤ ᠮᠠᠠ ᠤ ᠮᠠᠯᠴᠢᠡ ᠲᠦᠮᠡᠡ ᠳᠤ | ᠮᠠᠰᠢ ᠲᠤᠰᠠ ᠪᠤᠯᠵᠤ ᠪᠠᠶᠢᠨ᠎ᠡ᠂ ᠢᠯᠡᠩᠭᠤᠶ᠎ᠡ ᠮᠤᠩᠭᠤᠯ ᠭᠡᠯᠡᠡ ᠤ ᠦᠢᠯᠡᠴᠢᠯᠡᠭᠡ ᠨᠢ ᠮᠠᠠ ᠤ ᠭᠦᠳᠡᠭᠡ ᠶᠢᠨ | ᠮᠠᠯᠴᠢᠤᠨ ᠲᠤ ᠶᠡᠭᠡ ᠲᠦᠬᠦᠮ ᠪᠤᠯᠤᠭᠰᠠᠨ ᠰᠢᠤ︾ ᠬᠡᠵᠦ ᠮᠠᠯᠴᠢᠨ ᠬᠦᠷᠡᠯᠪᠠᠭᠠᠳᠤᠷ ᠶᠠᠷᠢᠨ᠎ᠠ᠃ ᠬᠦᠷᠡᠯᠪᠠᠭᠠᠳᠤᠷ | ᠪᠤᠯ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠳᠠᠯ᠎ᠠ ᠭᠠᠴᠠᠭᠠᠨ ᠤ ᠮᠠᠯᠴᠢᠨ ᠶᠤᠮ᠃ | ᠲᠡᠬᠦᠨ ᠤ ᠬᠦᠦ ᠨᠢ ᠵᠡᠬᠡᠯᠢ ᠲᠡᠬᠡᠷ᠎ᠡ ᠶᠠᠪᠤᠵᠤ ᠪᠠᠶᠢᠭᠠᠳ ᠲᠦᠷᠢᠶᠡᠰᠦᠨ ᠮᠠᠰᠢᠨ ᠲᠡᠷᠬᠡᠨ ᠳᠤ ᠮᠦᠷᠬᠦᠭᠳᠡᠵᠦ᠂ | ᠭᠠᠷ ᠤᠨ ᠪᠠᠭᠤᠤ ᠪᠠᠨ ᠬᠡᠮᠳᠦᠬᠡᠭᠰᠡᠨ ᠠᠴᠠ ᠬᠦᠷᠡᠯᠪᠠᠭᠠᠳᠤᠷ ᠲᠦᠷᠢᠶᠡᠰᠦᠨ ᠮᠠᠰᠢᠨ ᠲᠡᠷᠬᠡᠨ ᠤ ᠵᠢᠯᠤᠭᠤᠴᠢ ᠶᠢ | ᠡᠷᠢᠵᠦ ᠲᠦᠯᠦᠪᠦᠷᠢ ᠠᠪᠬᠤ ᠬᠡᠰᠡᠨ ᠳᠤ ᠲᠡᠷᠡᠬᠦ ᠵᠢᠯᠤᠭᠤᠴᠢ ᠬᠠᠷᠢᠨ ᠲᠠᠭᠠᠳᠬᠠᠯ ᠤᠨ ᠺᠤᠮᠫᠠᠨᠢ ᠳᠤ ᠲᠦᠯᠬᠢᠬᠡᠳ | ᠲᠡᠳᠡᠨ ᠳᠤ ᠲᠦᠯᠦᠪᠦᠷᠢ ᠮᠦᠡᠭᠬᠦ ᠬᠡᠵᠦ ᠦᠭᠭᠦᠭᠰᠡᠨ ᠦᠬᠡᠢ ᠲᠤᠯᠠ ᠲᠡᠷᠡ ᠠᠷᠭ᠎ᠠ ᠪᠤᠰᠤ ᠦᠪᠡᠷ ᠢᠶᠠᠨ ᠵᠤᠭᠤᠰ | ᠭᠠᠷᠭᠠᠨ ᠦᠵᠡᠬᠦᠯᠦᠭᠰᠡᠨ ᠪᠠᠶᠢᠯ᠎ᠠ᠃ ᠲᠡᠷᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠪᠠᠶᠢᠭᠤᠯᠭ᠎ᠠ ᠶᠢ ᠡᠷᠢᠵᠦ | ᠵᠦᠪᠯᠡᠯᠬᠡ ᠠᠪᠬᠤ ᠬᠡᠰᠡᠨ ᠪᠤᠯᠪᠠᠴᠤ ᠶᠠᠭ ᠬᠠᠮᠢᠭ᠎ᠠ ᠨᠢ ᠤᠴᠢᠵᠤ᠂ ᠬᠡᠨ ᠢ ᠡᠷᠢᠬᠦ ᠪᠠᠨ ᠮᠡᠳᠡᠬᠦ ᠦᠬᠡᠢ ᠭᠠᠴᠢᠭᠳᠠᠵᠤ | ᠪᠠᠶᠢᠯ᠎ᠠ᠃ ᠨᠠᠶᠢᠵᠠ ᠶᠢᠨ ᠢᠶᠠᠨ ᠰᠠᠨᠠᠭᠤᠯᠭ᠎ᠠ ᠪᠠᠷ ᠲᠡᠷᠡ 12348 ᠲᠤᠰᠬᠠᠢ ᠤᠳᠠᠰᠤᠨ ᠳᠤ ᠤᠳᠠᠰᠤ ᠠᠪᠴᠤ | ᠵᠦᠪᠯᠡᠯᠬᠡ ᠠᠪᠤᠭᠰᠠᠨ ᠢᠶᠠᠷ ᠤᠯᠬᠤ ᠶᠤᠰᠤᠳᠠᠢ ᠲᠦᠯᠦᠪᠦᠷᠢ ᠮᠦᠡᠭᠬᠦ ᠪᠠᠨ ᠤᠯᠵᠤ ᠠᠪᠤᠭᠰᠠᠨ ᠪᠠᠶᠢᠵᠠᠢ᠃ | 2015 ᠤᠨ ᠤ 1 ᠰᠠᠷ᠎ᠠ ᠶᠢᠨ 15 ᠤ ᠡᠳᠦᠷ᠂ ᠮᠠᠨ ᠤ ᠠᠶᠢᠮᠠᠭ ᠤᠨ 12348 ᠤᠯᠠᠨ ᠨᠡᠶᠢᠳᠡ ᠶᠢᠨ | ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠠᠰᠢᠭᠯᠠᠯᠳᠠ ᠳᠤ ᠤᠷᠤᠵᠤ᠂ ᠪᠦᠬᠦ ᠤᠷᠤᠨ ᠤ ᠠᠩᠬᠠᠳᠠᠭᠴᠢ | ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠪᠤᠯᠵᠠᠢ᠃ ᠲᠤᠰ ᠲᠠᠪᠴᠠᠩ ᠪᠤᠯ ᠬᠠᠤᠯᠢ | ᠴᠠᠭᠠᠵᠠ ᠶᠢᠨ ᠠᠰᠠᠭᠤᠨ ᠯᠠᠪᠯᠠᠯᠳᠠ ᠬᠠᠨᠭ᠍ᠭᠠᠬᠤ᠂ ᠬᠠᠤᠯᠢ ᠶᠢᠨ ᠲᠤᠰᠠᠯᠠᠮᠵᠢ ᠦᠵᠡᠬᠦᠯᠬᠦ ᠪᠠᠷ ᠭᠤᠤᠯ ᠪᠤᠯᠭᠠᠭᠰᠠᠨ | ᠮᠠᠨ ᠤ ᠤᠯᠤᠰ ᠤᠨ ᠠᠩᠬᠠᠳᠠᠭᠴᠢ ᠮᠤᠩᠭᠤᠯ ᠬᠢᠳᠠᠳ ᠬᠤᠶᠠᠷ ᠬᠡᠯᠡᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ | ᠦᠢᠯᠡᠴᠢᠯᠡᠬᠡᠨ ᠤ ᠲᠠᠪᠴᠠᠩ ᠪᠤᠯᠤᠨ᠎ᠠ᠃ ᠲᠤᠰ ᠲᠠᠪᠴᠠᠩ ᠢ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠠᠴᠠ | ᠡᠷᠬᠢᠯᠡᠵᠦ᠂ ᠲᠤᠰᠬᠠᠢ ᠤᠳᠠᠰᠤ᠂ ᠰᠦᠯᠵᠢᠶ᠎ᠡ᠂ ᠰᠢᠨ᠎ᠠ ᠵᠠᠭᠤᠴᠢᠯᠠᠭᠤᠷ᠂ ᠬᠠᠤᠯᠢ ᠶᠢᠨ ᠶᠠᠪᠤᠳᠠᠯ ᠤᠨ ᠲᠦᠪ ᠵᠡᠷᠬᠡ | ︽ᠲᠦᠷᠪᠡ ᠶᠢ ᠨᠢᠬᠡ ᠴᠤᠭᠴᠠᠵᠢᠭᠤᠯᠵᠤ︾᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ᠂ ᠬᠠᠤᠯᠢᠴᠢ ᠶᠢᠨ | ᠦᠢᠯᠡᠴᠢᠯᠡᠭᠡ ᠬᠠᠨᠭ᠍ᠭᠠᠬᠤ᠂ ᠵᠦᠷᠢᠴᠡᠯ ᠵᠢᠭᠤᠷᠠᠭᠠᠨ ᠢ ᠡᠶᠡᠳᠡᠬᠦᠯᠦᠨ ᠵᠤᠬᠢᠴᠠᠭᠤᠯᠬᠤ᠂ ᠠᠯᠪᠠᠨ ᠬᠡᠷᠡᠴᠢᠯᠡᠭᠡ ᠬᠢᠬᠦ | ᠵᠡᠷᠬᠡ ᠨᠢᠬᠡ ᠦᠷᠳᠡᠬᠡᠴᠢᠯᠡᠭᠰᠡᠨ ᠦᠢᠯᠡᠴᠢᠯᠡᠭᠡ ᠬᠠᠨᠭ᠍ᠭᠠᠵᠤ ᠪᠠᠶᠢᠳᠠᠭ᠃ | ᠮᠠᠠ ᠤ ᠠᠶᠢᠮᠠᠭ ᠨᠤᠳᠤᠭ ᠲᠠᠪᠢᠰᠭᠡᠷ ᠦᠷᠭᠡᠡ ᠠᠭᠤᠳᠠᠮ᠂ ᠮᠠᠯᠵᠢᠬᠤ ᠤᠷᠤᠨ ᠤ ᠰᠠᠭᠤᠷᠢᠰᠢᠯ ᠲᠠᠷᠠᠬᠠᠢ | ᠪᠤᠳᠠᠷᠬᠠᠢ ᠪᠠᠶᠢᠳᠠᠭ ᠪᠤᠯᠬᠤᠷ ᠬᠠᠤᠯᠢ ᠶᠢᠨ ᠦᠢᠯᠡᠴᠢᠯᠡᠭᠡ ᠦᠷᠨᠢᠭᠦᠯᠭᠦ ᠳᠤ ᠲᠦᠭᠦᠮ ᠦᠭᠡᠢ ᠪᠠᠶᠢᠳᠠᠭ ᠵᠡᠷᠭᠡ | ᠪᠠᠶᠢᠳᠠᠯ ᠨᠢ ᠮᠠᠨ ᠤ ᠠᠶᠢᠮᠠᠭ ᠤᠨ ᠬᠠᠤᠯᠢ ᠶᠢᠨ ᠦᠢᠯᠡᠴᠢᠯᠡᠭᠡ ᠶᠢᠨ ᠠᠵᠢᠯ ᠳᠤ ᠲᠤᠯᠭᠠᠷᠠᠵᠤ ᠪᠠᠶᠢᠬᠤ ᠪᠤᠳᠠᠳᠤ | ᠠᠰᠠᠭᠤᠳᠠᠯ ᠪᠤᠯᠪᠡ᠃ ᠡᠶᠢᠨᠬᠦ ᠮᠠᠨ ᠤ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠬᠠᠤᠯᠢ ᠴᠠᠭᠠᠵᠠ ᠶᠢᠨ | ᠦᠢᠯᠡᠴᠢᠯᠡᠬᠡᠨ ᠤ ᠠᠵᠢᠯ ᠤᠨ ᠲᠠᠯ᠎ᠠ ᠪᠠᠷ ᠵᠤᠷᠢᠭᠳᠠᠢ ᠪᠠᠷ ᠦᠬᠡᠷᠡᠴᠢᠯᠡᠯᠳᠡ ᠬᠢᠵᠦ᠂ ︽ᠢᠨᠲ᠋ᠧᠷ ᠰᠦᠯᠵᠢᠶ᠎ᠡ +︾ | ᠤᠨ ᠤᠬᠠᠬᠳᠠᠬᠤᠠ ᠪᠠ ᠮᠡᠷᠬᠡᠵᠢᠯ ᠢ ᠰᠢᠨ᠎ᠡ ᠪᠠᠷ ᠨᠡᠬᠡᠬᠡᠨ ᠠᠰᠢᠭᠯᠠᠵᠤ᠂ 12348 ᠬᠠᠤᠯᠢ ᠴᠠᠭᠠᠵᠠ ᠶᠢᠨ | ᠦᠢᠯᠡᠴᠢᠯᠡᠬᠡᠨ ᠤ ᠰᠢᠰᠲᠧᠮ ᠢᠶᠠᠷ ᠠᠴᠢᠶᠠᠯᠠᠪᠤᠷᠢ ᠪᠤᠯᠭᠠᠨ᠂ ᠤᠯᠠᠠ ᠨᠡᠶᠢᠳᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠨᠡᠶᠢᠳᠡᠮ ᠪᠦᠷᠬᠦᠬᠦᠯᠵᠦ᠂ ᠤᠷᠤᠨ ᠵᠠᠢ ᠪᠠ ᠴᠠᠭ ᠬᠤᠭᠤᠴᠠᠭ᠎ᠠ ᠶᠢᠨ ᠬᠦᠯᠢᠶᠡᠰᠦᠯᠡᠯ ᠢ ᠡᠪᠳᠡᠵᠦ᠂ | ᠤᠯᠠᠨ ᠲᠦᠮᠡᠨ ᠲᠠᠢ ᠨᠡᠩ ᠤᠢᠢᠷ᠎ᠠ ᠵᠠᠢ ᠠᠴᠠ ᠬᠠᠷᠢᠯᠴᠠᠬᠤ ᠪᠤᠯᠤᠭᠰᠠᠨ ᠪᠠᠶᠢᠨ᠎ᠠ᠃ | ︽ᠮᠠᠨ ᠤ ᠲᠠᠪᠴᠠᠩ ᠠᠰᠢᠭᠯᠠᠯᠳᠠ ᠳᠤ ᠤᠷᠤᠭᠠᠳ ᠬᠤᠶᠠᠷ ᠵᠢᠯ ᠤᠨ ᠨᠢᠭᠤᠷ ᠦᠵᠡᠵᠦ ᠪᠠᠶᠢᠨ᠎ᠠ᠂ ᠲᠡᠬᠡᠷ᠎ᠡ | ᠱᠠᠳᠤᠨ ᠤ ᠤᠳᠤᠷᠢᠳᠤᠯᠭ᠎ᠠ ᠶᠢᠨ ᠬᠠᠯᠠᠮᠵᠢᠯᠠᠯ ᠲᠡᠮᠵᠢᠯᠬᠡ ᠵᠢᠴᠢ ᠮᠠᠨ ᠤ ᠬᠠᠮᠳᠤ ᠤᠯᠠᠨ ᠤ ᠴᠢᠷᠮᠠᠶᠢᠯᠭ᠎ᠠ ᠪᠠᠷ ᠡᠯ᠎ᠠ | ᠲᠠᠯ᠎ᠠ ᠶᠢᠨ ᠠᠵᠢᠯ ᠮᠠᠰᠢ ᠤᠷᠤᠭᠰᠢᠳᠠᠢ ᠶᠠᠪᠤᠭᠳᠠᠵᠤ᠂ ᠬᠤᠳᠠ ᠬᠦᠳᠡᠭᠡ ᠶᠢᠨ ᠠᠷᠠᠳ ᠲᠤ ᠦᠷᠬᠡᠨ ᠢᠶᠠᠷ | ᠮᠡᠳᠡᠷᠡᠭᠳᠡᠵᠦ ᠪᠠᠶᠢᠨ᠎ᠠ︾ ᠬᠡᠵᠦ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠤᠯᠠᠨ ᠨᠡᠶᠢᠳᠡ ᠵᠢᠨᠬᠠᠤᠯᠢ | ᠴᠠᠭᠠᠵᠠ ᠶᠢᠨ ᠦᠢᠯᠡᠴᠢᠯᠡᠬᠡᠨ ᠤ ᠮᠡᠳᠡᠭᠡ ᠵᠠᠩᠬᠢᠵᠢᠯᠳᠠ ᠶᠢᠨ ᠰᠠᠯᠠᠭ᠎ᠠ ᠶᠢᠨ ᠡᠷᠬᠢᠯᠡᠭᠴᠢ ᠭᠤᠤ ᠶᠦᠨ ᠹᠧᠩ | ᠲᠠᠨᠢᠯᠴᠠᠭᠤᠯᠤᠨ᠎ᠠ᠃ | ᠬᠠᠤᠯᠢ ᠴᠠᠭᠠᠵᠠ ᠶᠢᠨ ᠲᠤᠰᠬᠠᠢ ᠤᠳᠠᠰᠤ — ᠬᠦᠮᠦᠨ ᠠᠷᠠᠳ ᠤᠨ ᠦᠨᠡᠨᠴᠢᠬᠡᠨ ᠲᠦᠰᠢᠭ | ᠰᠤᠷᠪᠤᠯᠵᠢᠯᠠᠬᠴᠢ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠤᠯᠠᠨ ᠨᠡᠶᠢᠳᠡ ᠶᠢᠨ ᠬᠠᠤᠯᠢ ᠴᠠᠭᠠᠵᠠ ᠶᠢᠨ | ᠦᠢᠯᠡᠴᠢᠯᠡᠬᠡᠨ ᠤ ᠲᠦᠪ ᠲᠤ ᠭᠦᠷᠭᠦ ᠳᠤ ᠲᠡᠨᠳᠡᠬᠢ ᠠᠵᠢᠯᠳᠠᠤᠨ ᠮᠠᠰᠢ ᠶᠠᠭᠠᠷᠠᠯᠳᠠᠢ ᠠᠵᠢᠯᠯᠠᠵᠤ᠂ ᠤᠳᠠᠰᠤ | ᠢᠷᠡᠭᠦᠯᠦᠭᠰᠡᠤᠨ ᠲᠤ ᠨᠠᠷᠢᠨ ᠬᠢᠨᠠᠮᠠᠭᠠᠢ ᠪᠠᠷ ᠵᠦᠪᠯᠡᠯᠭᠡ ᠦᠭᠭᠦᠨ᠎ᠡ᠃ 12348 ᠬᠠᠤᠯᠢ ᠴᠠᠭᠠᠵᠠ ᠶᠢᠨ ᠲᠤᠰᠬᠠᠢ | ᠤᠳᠠᠰᠤᠨ ᠤ ᠲᠦᠪ ᠲᠤ ᠨᠡᠶᠢᠳᠡ 6 ᠬᠠᠤᠯᠢ ᠶᠢᠨ ᠠᠵᠢᠯᠳᠠᠨ ᠲᠠᠢ ᠪᠠᠶᠢᠵᠤ᠂ ᠡᠬᠦᠨ ᠳᠤ 4 ᠬᠠᠤᠯᠢᠴᠢ᠂ 1 | ᠪᠠᠶᠢᠴᠠᠭᠠᠭᠴᠢ᠂ 1 ᠰᠢᠬᠦᠭᠴᠢ ᠠᠵᠢᠯᠯᠠᠵᠤ᠂ ᠤᠳᠠᠰᠤ ᠢᠷᠡᠬᠦᠯᠦᠭᠰᠡᠳ ᠲᠤ ᠬᠠᠤᠯᠢ ᠴᠠᠭᠠᠵᠠ ᠶᠢᠨ ᠵᠦᠪᠯᠡᠯᠬᠡ | ᠦᠭᠴᠦ ᠪᠠᠶᠢᠳᠠᠭ᠃ ᠲᠤᠩᠭᠠᠯᠠᠭ ᠪᠤᠯ ᠲᠤᠰ ᠲᠦᠪ ᠤᠨ ᠲᠤᠰᠬᠠᠢ ᠤᠳᠠᠰᠤᠨ ᠤ ᠬᠠᠤᠯᠢᠴᠢ ᠪᠤᠯᠤᠨ᠎ᠠ᠃ ᠲᠡᠷᠡ | 2007 ᠤᠨ ᠳᠤ ᠦᠪᠦᠷ ᠮᠤᠩᠭᠤᠯ ᠤᠨ ᠴᠠᠭᠳᠠᠭᠠᠨ ᠤ ᠲᠡᠬᠡᠳᠦ ᠰᠤᠷᠭᠠᠭᠤᠯᠢ ᠠᠴᠠ ᠰᠤᠷᠤᠯᠭ᠎ᠠ | ᠲᠡᠬᠦᠰᠦᠭᠰᠡᠨ ᠢᠶᠠᠨ ᠨᠢᠳᠤᠨᠤᠨ ᠵᠢᠯ ᠤᠨ 8 ᠰᠠᠷ᠎ᠠ ᠳᠤ 12348 ᠲᠤᠰᠬᠠᠢ ᠤᠳᠠᠰᠤᠨ ᠤ ᠲᠦᠪ ᠲᠤ ᠠᠵᠢᠯ ᠤᠨ | ᠬᠤᠪᠢᠶᠠᠷᠢ ᠠᠪᠴᠤ᠂ ᠤᠳᠠᠰᠤ ᠪᠠᠷ ᠲᠠᠮᠵᠢᠨ ᠬᠦᠮᠦᠰ ᠲᠤ ᠬᠠᠤᠯᠢ ᠴᠠᠭᠠᠵᠠ ᠶᠢᠨ ᠵᠦᠪᠯᠡᠯᠬᠡ ᠦᠭᠬᠦ ᠪᠤᠯᠤᠭᠰᠠᠨ | ᠪᠢᠯᠠ᠃ ︽ᠤᠳᠠᠰᠤᠨ ᠤ ᠨᠠᠭᠠᠨ᠎ᠠ ᠠᠴᠠ ᠲᠡᠳᠡᠬᠡᠷ ᠬᠠᠤᠯᠢ ᠶᠢᠨ ᠲᠤᠰᠠᠯᠠᠮᠵᠢ ᠬᠦᠰᠡᠭᠰᠡᠨ ᠬᠦᠮᠦᠰ ᠲᠤ ᠵᠦᠪᠯᠡᠮᠵᠢ | ᠬᠠᠨᠭ᠍ᠭᠠᠵᠤ᠂ ᠬᠠᠤᠯᠢ ᠪᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠳᠤ ᠨᠢ ᠲᠡᠮ ᠲᠤᠰᠠ ᠪᠤᠯᠳᠠᠭ ᠲᠤ ᠨᠢ ᠪᠢ | ᠴᠦ ᠦᠪᠡᠷ ᠢᠶᠠᠨ ᠪᠠᠶᠠᠷᠯᠠᠵᠤ ᠶᠠᠪᠤᠳᠠᠭ᠂ ᠨᠢᠳᠤᠨᠤᠨ ᠵᠢᠯ ᠨᠢᠬᠡ ᠮᠤᠩᠭᠤᠯ ᠵᠠᠯᠠᠭᠤ ᠤᠳᠠᠰᠤ ᠢᠷᠡᠵᠦ᠂ ᠪᠤᠰᠤᠳ ᠲᠤ | ᠵᠤᠭᠤᠰ ᠦᠷᠢᠳᠦᠭᠰᠡᠨ ᠠᠴᠠ ᠪᠤᠯᠵᠤ᠂ ᠵᠤᠭᠤᠰ ᠵᠢᠬᠡᠯᠡᠬᠦᠯᠦᠭᠰᠡᠨ ᠬᠦᠮᠦᠨ ᠨᠢ ᠲᠡᠬᠦᠨ ᠢ ᠬᠤᠶᠠᠷ ᠡᠳᠦᠷ ᠭᠠᠷᠭᠠᠬᠤ | ᠦᠬᠡᠢ ᠬᠤᠷᠢᠵᠤ ᠰᠠᠬᠢᠨ ᠰᠠᠭᠤᠵᠤ᠂ ᠶᠠᠭᠠᠬᠢᠬᠤ ᠪᠠᠨ ᠮᠡᠳᠡᠬᠦ ᠦᠬᠡᠢ ᠪᠢᠳᠡᠨ ᠠᠴᠠ ᠵᠦᠪᠯᠡᠯᠬᠡ ᠠᠪᠬᠤᠯᠠᠷ | ᠲᠠᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢ ᠰᠠᠨᠠᠭᠤᠯᠤᠭᠰᠠᠨ ᠶᠤᠮ᠃ ᠤᠴᠢᠷ ᠨᠢ ᠵᠤᠭᠤᠰ ᠵᠢᠬᠡᠯᠡᠬᠦᠯᠦᠭᠴᠢ ᠶᠢᠨ ᠡᠨᠡᠬᠦ | ᠠᠵᠢᠯᠯᠠᠭ᠎ᠠ ᠨᠢ ᠬᠦᠮᠦᠨ ᠤ ᠪᠡᠶ᠎ᠡ ᠶᠢᠨ ᠡᠷᠬᠡ ᠴᠢᠯᠦᠬᠡ ᠶᠢ ᠬᠢᠵᠠᠭᠠᠷᠯᠠᠭᠰᠠᠨ ᠪᠤᠯᠬᠤᠷ ᠨᠢᠬᠡᠨᠳᠡ ᠬᠠᠤᠯᠢ ᠵᠦᠷᠢᠴᠡᠵᠠᠢ︾ | ᠬᠡᠵᠦ ᠲᠤᠩᠭᠠᠯᠠᠭ ᠠᠵᠢᠯ ᠤᠨ ᠲᠤᠮᠳᠠᠬᠢ ᠲᠤᠬᠢᠶᠠᠯᠳᠤᠯ ᠢᠶᠠᠨ ᠶᠠᠷᠢᠨ᠎ᠠ᠃ ᠤᠢᠢᠯᠠᠭᠠᠭᠰᠠᠨ ᠢᠶᠠᠷ᠂ ᠤᠯᠠᠨ ᠲᠦᠮᠡᠨ | 12348 ᠳᠤ ᠤᠳᠠᠰᠤ ᠠᠪᠴᠤ ᠬᠠᠤᠯᠢ ᠶᠢᠨ ᠵᠦᠪᠯᠡᠯᠬᠡ ᠠᠪᠬᠤ ᠳᠤ ᠬᠦᠷᠪᠡᠯ ᠲᠤᠰᠬᠠᠢ ᠤᠳᠠᠰᠤᠨ ᠤ | ᠠᠵᠢᠯᠳᠠᠨ ᠠᠴᠠ ᠲᠡᠷᠡ ᠲᠠᠷᠤᠢ ᠳᠤᠨᠢ ᠬᠠᠷᠢᠭᠤᠯᠳᠠ ᠦᠭᠴᠦ᠂ ᠬᠡᠷᠪᠡ ᠬᠠᠮᠢᠶ᠎ᠠ ᠲᠠᠢ ᠪᠠᠶᠢᠭᠤᠯᠭ᠎ᠠ ᠨᠢᠬᠡᠴᠡ ᠲᠠᠢ | ᠬᠠᠷᠢᠴᠠᠵᠤ ᠪᠠᠶᠢᠳᠠᠯ ᠢ ᠲᠤᠰᠬᠠᠬᠤ ᠴᠢᠬᠤᠯᠠ ᠲᠠᠢ ᠪᠤᠯ ᠲᠡᠮᠳᠡᠭᠯᠡᠨ ᠲᠠᠩᠰᠠᠯᠠᠵᠤ᠂ ᠪᠠᠶᠢᠳᠠᠯ ᠢ ᠨᠠᠷᠢᠨ ᠠᠰᠠᠭᠤᠨ | ᠯᠠᠪᠯᠠᠭᠰᠠᠨ ᠤ ᠰᠡᠬᠦᠯᠡᠷ ᠬᠠᠮᠢᠶ᠎ᠠ ᠲᠠᠢ ᠪᠠᠶᠢᠭᠤᠯᠭ᠎ᠠ ᠨᠢᠬᠡᠴᠡ ᠲᠠᠢ ᠬᠠᠷᠢᠴᠠᠨ ᠪᠠᠶᠢᠳᠠᠯ ᠢ ᠲᠤᠰᠬᠠᠵᠤ ᠬᠠᠷᠭᠤᠭᠤᠯᠤᠨ | ᠠᠬᠢᠨ ᠵᠦᠪᠯᠡᠯᠬᠡ ᠠᠪᠤᠭᠰᠠᠳ ᠲᠤ ᠬᠠᠷᠢᠭᠤ ᠦᠭᠳᠡᠭ ᠪᠠᠶᠢᠨ᠎ᠠ᠃ ᠬᠡᠷᠡᠭ ᠤᠨ ᠪᠠᠶᠢᠳᠠᠯ ᠨᠡᠯᠢᠶᠡᠳ ᠪᠤᠳᠤᠯᠢᠶᠠᠨᠳᠠᠢ | ᠵᠠᠷᠢᠮ ᠨᠢᠬᠡ ᠶᠢ ᠨᠢ ᠤᠷᠢᠳᠴᠢᠯᠡᠨ ᠪᠤᠯᠵᠤᠵᠤ᠂ ᠲᠤᠰᠬᠠᠢ ᠡᠶᠡᠳᠡᠬᠦᠯᠬᠡ ᠶᠢᠨ ᠲᠠᠰᠤᠭ ᠲᠤ ᠪᠠᠨ ᠤᠷᠢᠵᠤ᠂ | ᠨᠢᠭᠤᠷᠳᠠᠨ ᠵᠤᠯᠭᠠᠵᠤ ᠡᠶᠡᠳᠡᠬᠦᠯᠬᠡ ᠬᠢᠳᠡᠭ ᠪᠠᠶᠢᠨ᠎ᠠ᠃ ᠬᠠᠤᠯᠢᠴᠢ ᠲᠤᠩᠭᠠᠯᠠᠭ ᠤᠨ ᠲᠠᠨᠢᠯᠴᠠᠭᠤᠯᠬᠤ ᠪᠠᠷ᠂ | ᠤᠳᠠᠰᠤ ᠪᠠᠷ ᠵᠦᠪᠯᠡᠯᠬᠡ ᠠᠪᠤᠭᠰᠠᠳ ᠤᠨ ᠭᠤᠤᠯᠳᠠᠭᠤ ᠨᠢ ᠤᠷᠤᠭ ᠬᠡᠷ ᠪᠦᠯᠢ ᠶᠢᠨ ᠵᠦᠷᠢᠴᠡᠯ᠂ ᠬᠡᠷ᠎ᠡ ᠶᠢᠨ | ᠲᠦᠷᠦᠯ᠂ ᠨᠤᠳᠤᠭ ᠪᠡᠯᠴᠢᠬᠡᠷ᠂ ᠠᠵᠤ ᠠᠬᠤᠢ ᠶᠢᠨ ᠵᠢᠭᠤᠷᠠᠭᠠᠨ ᠵᠡᠷᠬᠡ ᠲᠠᠯ᠎ᠠ ᠶᠢᠨ ᠠᠭᠤᠯᠭ᠎ᠠ ᠳᠤ ᠲᠦᠪᠯᠡᠷᠡᠳᠡᠭ | ᠬᠡᠯᠡ᠃ ᠤᠳᠤᠬᠠᠨ ᠪᠤᠯᠳᠠᠯ᠎ᠠ᠂ 12348 ᠤᠳᠠᠰᠤ ᠪᠠᠷ ᠵᠦᠪᠯᠡᠯᠬᠡ ᠠᠪᠤᠭᠰᠠᠨ ᠬᠦᠮᠤᠨ ᠤ ᠲᠤᠭ᠎ᠠ 11787 ᠳᠤ | ᠬᠦᠷᠴᠦ᠂ ᠡᠬᠦᠨ ᠳᠤ ᠮᠤᠩᠭᠤᠯ ᠢᠶᠠᠷ ᠵᠦᠪᠯᠡᠯᠬᠡ ᠠᠪᠤᠭᠰᠠᠳ 2430 ᠬᠦᠮᠦᠨ ᠤᠳᠠᠭ᠎ᠠ ᠳᠤ ᠬᠦᠷᠴᠠᠢ᠃ | ︽ᠮᠠᠨ ᠤ ᠡᠨᠡ ᠲᠤᠰᠬᠠᠢ ᠤᠳᠠᠰᠤ ᠤᠤᠯ ᠨᠢ ᠲᠠᠩ ᠴᠤᠯᠭᠤᠢ ᠬᠠᠤᠯᠢ ᠶᠢᠨ ᠲᠤᠰᠠᠯᠠᠮᠵᠢ ᠦᠵᠡᠬᠦᠯᠬᠦ | ᠴᠢᠳᠠᠪᠬᠢ ᠲᠠᠢ ᠪᠠᠶᠢᠭᠰᠠᠨ ᠶᠤᠮ᠂ ᠤᠳᠤ ᠦᠬᠡᠷᠡᠴᠢᠯᠡᠨ ᠲᠡᠰ ᠲᠡᠪᠰᠢᠬᠦᠯᠦᠬᠡᠳ ᠬᠠᠤᠯᠢ ᠴᠠᠭᠠᠵᠠ ᠶᠢᠨ ᠠᠰᠠᠭᠤᠨ | ᠯᠠᠪᠯᠠᠯᠳᠠ ᠬᠠᠨᠭ᠍ᠭᠠᠬᠤ᠂ ᠬᠠᠤᠯᠢ ᠶᠢᠨ ᠲᠤᠰᠠᠯᠠᠮᠵᠢ ᠦᠵᠡᠬᠦᠯᠬᠦ᠂ ᠡᠶᠡᠳᠡᠬᠦᠯᠦᠨ ᠵᠤᠬᠢᠴᠠᠭᠤᠯᠬᠤ᠂ ᠬᠠᠤᠯᠢ | ᠴᠠᠭᠠᠵᠠ ᠶᠢᠨ ᠤᠬᠠᠭᠤᠯᠭ᠎ᠠ ᠬᠦᠮᠦᠵᠢᠯ ᠬᠢᠬᠦ᠂ ᠶᠡᠷᠦᠩᠬᠡᠶᠢᠯᠡᠭᠰᠡᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ | ᠬᠢᠨᠠᠯᠳᠠ ᠲᠠᠯᠪᠢᠬᠤ ᠵᠡᠷᠬᠡ ᠬᠠᠤᠯᠢ ᠴᠠᠭᠠᠵᠠ᠂ ᠵᠠᠰᠠᠭ ᠤᠨ ᠶᠠᠪᠤᠳᠠᠯ᠂ ᠠᠷᠠᠳ ᠤᠨ ᠶᠠᠪᠤᠳᠠᠯ ᠤᠨ ᠲᠤᠰᠬᠠᠢ ᠤᠳᠠᠰᠤ | ᠪᠤᠯᠤᠭᠰᠠᠨ ᠶᠤᠮ︾ ᠬᠡᠵᠦ ᠭᠤᠤ ᠶᠦᠨ ᠹᠧᠩ ᠲᠠᠨᠢᠯᠴᠠᠭᠤᠯᠤᠨ᠎ᠠ᠃ ᠰᠢᠨ᠎ᠠ ᠵᠠᠭᠤᠴᠢᠯᠠᠭᠤᠷ — ᠬᠠᠤᠯᠢ ᠶᠢᠨ | ᠦᠷᠬᠡᠨ ᠲᠡᠯᠡᠬᠡᠰᠦ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠦᠷᠬᠡᠨ ᠤᠯᠠᠨ ᠲᠦᠮᠡᠨ ᠳᠤ ᠨᠡᠩ ᠲᠦᠬᠦᠮ | ᠨᠠᠩ ᠰᠠᠶᠢᠡ ᠬᠠᠤᠯᠢ ᠶᠢᠨ ᠦᠢᠯᠡᠴᠢᠯᠡᠭᠡ ᠬᠠᠨᠭ᠍ᠭᠠᠬᠤ ᠶᠢᠨ ᠲᠤᠯᠠᠳᠠ ᠰᠢᠨ᠎ᠡ ᠵᠠᠭᠤᠴᠢᠯᠠᠭᠤᠷ ᠲᠠᠢ ᠤᠶᠠᠯᠳᠤᠭᠤᠯᠤᠠ | ᠲᠤᠤᠷ ᠰᠦᠯᠵᠢᠶ᠎ᠠ ᠮᠡᠳᠡᠭᠡ ᠵᠠᠩᠬᠢ ᠶᠢᠨ ᠮᠡᠷᠬᠡᠵᠢᠯ ᠢ ᠠᠰᠢᠭᠯᠠᠨ 12348 ᠰᠦᠯᠵᠢᠶᠡᠨ ᠨᠢᠭᠤᠷ᠂ ᠮᠤᠩᠭᠤᠯ | ᠬᠢᠳᠠᠳ ᠵᠢᠷᠬᠢᠶ᠎ᠠ ᠵᠡᠷᠬᠡ ᠶᠢ ᠨᠡᠬᠡᠬᠡᠨ ᠠᠰᠢᠭᠯᠠᠵᠤ᠂ ᠡᠯ᠎ᠡ ᠲᠦᠷᠦᠯ ᠤᠨ ᠬᠠᠤᠯᠢ ᠶᠢᠨ ᠦᠢᠯᠡᠴᠢᠯᠡᠭᠡ ᠬᠠᠨᠭ᠍ᠭᠠᠵᠤ | ᠪᠠᠶᠢᠳᠠᠭ᠃ 12348 ᠰᠦᠯᠵᠢᠶᠡᠨ ᠨᠢᠭᠤᠷ ᠢ ᠲᠤᠪᠴᠢᠳᠠᠨ ᠨᠡᠬᠡᠬᠡᠬᠦ ᠳᠤ ᠬᠠᠤᠯᠢᠴᠢ ᠡᠷᠢᠬᠦ᠂ ᠠᠯᠪᠠᠨ ᠬᠡᠷᠡᠴᠢᠯᠡᠭᠡ | ᠬᠢᠬᠦ᠂ ᠬᠠᠤᠯᠢ ᠶᠢᠨ ᠲᠤᠰᠠᠯᠠᠮᠵᠢ ᠭᠤᠶᠤᠴᠢᠯᠠᠬᠤ᠂ ᠡᠶᠡᠳᠡᠬᠦᠯᠬᠡ ᠬᠢᠬᠦ᠂ ᠬᠠᠤᠯᠢ ᠰᠤᠷᠬᠤ᠂ ᠬᠠᠤᠯᠢ ᠴᠠᠭᠠᠵᠠ ᠶᠢᠨ | ᠰᠢᠯᠭᠠᠯᠳᠠ ᠳᠤ ᠤᠷᠤᠯᠴᠠᠬᠤ ᠵᠡᠷᠬᠡ ᠤᠯᠠᠨ ᠴᠢᠳᠠᠪᠬᠢ ᠬᠠᠷᠠᠭᠳᠠᠳᠠᠭ᠃ ᠵᠢᠱᠢᠶᠡᠯᠡᠬᠦ ᠳᠤ᠂ ᠬᠡᠷᠪᠡ ᠬᠠᠤᠯᠢᠴᠢ ᠲᠠᠢ | ᠰᠢᠭᠤᠳ ᠬᠠᠷᠢᠯᠴᠠᠬᠤ ᠱᠠᠭᠠᠷᠳᠠᠯᠭ᠎ᠠ ᠲᠠᠢ ᠪᠤᠯ ᠲᠤᠰ ᠰᠦᠯᠵᠢᠶᠡᠨ ᠲᠠᠪᠴᠠᠩ ᠤᠨ ᠬᠠᠤᠯᠢᠴᠢ ᠡᠷᠢᠬᠦ ᠴᠢᠳᠠᠪᠬᠢ ᠶᠢ | ᠲᠤᠪᠴᠢᠳᠠᠪᠠᠯ ᠮᠠᠨ ᠤ ᠠᠶᠢᠮᠠᠭ ᠤᠨ ᠬᠠᠤᠯᠢᠴᠢ ᠶᠢᠨ ᠭᠠᠵᠠᠷ ᠤᠨ ᠬᠠᠤᠯᠢᠴᠢ ᠨᠠᠷ ᠤᠨ ᠰᠡᠬᠦᠳᠡᠷ ᠵᠢᠷᠤᠭ᠂ ᠲᠤᠪᠴᠢ | ᠨᠠᠮᠳᠠᠷ᠂ ᠭᠠᠷ ᠤᠳᠠᠰᠤᠨ ᠳ᠋ᠤᠭᠠᠷ ᠵᠡᠷᠬᠡ ᠨᠢ ᠬᠠᠮᠳᠤ ᠳᠤᠨᠢ ᠢᠯᠡᠷᠡᠵᠦ᠂ ᠮᠠᠰᠢ ᠲᠦᠬᠦᠮ ᠪᠠᠶᠢᠳᠠᠭ᠃ ᠲᠤᠰ | ᠲᠤᠪᠴᠢᠶ᠎ᠠ ᠶᠢᠨ ᠡᠷᠬᠢᠯᠡᠨ ᠬᠢᠵᠦ ᠪᠠᠶᠢᠭ᠎ᠠ ᠵᠢᠷᠬᠢᠶ᠎ᠠ ᠨᠢ ᠴᠦ ᠬᠦᠮᠦᠰ ᠤᠨ ᠬᠦᠷᠢᠶᠡᠯᠡᠯ ᠢ ᠶᠡᠬᠡᠳᠡ ᠤᠯᠵᠤ᠂ ᠭᠠᠷ | ᠤᠳᠠᠰᠤ ᠪᠠᠷ ᠲᠠᠮᠵᠢᠨ ᠬᠠᠤᠯᠢ ᠶᠢᠨ ᠦᠢᠯᠡᠴᠢᠯᠡᠭᠡ ᠶᠢ ᠬᠤᠳᠠ ᠬᠦᠳᠡᠭᠡ ᠶᠢᠨ ᠲᠤᠮᠳᠠ ᠰᠠᠴᠤᠵᠤ ᠲᠦᠬᠡᠮᠡᠯᠵᠢᠬᠦᠯᠦᠨ | ᠂ ᠬᠦᠮᠦᠨ ᠪᠤᠯᠭᠠᠨ ᠬᠠᠤᠯᠢ ᠶᠢ ᠮᠡᠳᠡᠵᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ ᠲᠦᠬᠦᠮ ᠨᠦᠬᠦᠴᠡᠯ ᠢ | ᠪᠦᠷᠢᠯᠳᠦᠬᠦᠯᠵᠦ ᠦᠭᠴᠠᠢ᠃ ᠨᠡᠩ ᠢᠯᠠᠩᠭᠤᠶ᠎ᠠ ᠨᠢᠳᠤᠨᠤᠨ ᠵᠢᠯ ᠤᠨ 10 ᠰᠠᠷ᠎ᠠ ᠶᠢᠨ 20 ᠤ ᠡᠳᠦᠷ᠂ ᠮᠠᠨ ᠤ | ᠠᠶᠢᠮᠠᠭ ᠤᠨ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠮᠤᠩᠭᠤᠯ ᠬᠡᠯᠡᠨ ᠤ ᠵᠢᠷᠬᠢᠶ᠎ᠠ | ᠨᠡᠪᠳᠡᠷᠡᠵᠦ᠂ ᠪᠦᠬᠦ ᠤᠯᠤᠰ ᠤᠨ ᠠᠩᠬᠠᠳᠠᠭᠴᠢ ᠮᠤᠩᠭᠤᠯ ᠬᠡᠯᠡᠨ ᠤ ᠤᠯᠠᠨ ᠨᠡᠶᠢᠳᠡ ᠶᠢᠨ ᠦᠢᠯᠡᠴᠢᠯᠡᠬᠡᠨ ᠤ | ᠲᠠᠪᠴᠠᠩ ᠪᠤᠯᠤᠭᠰᠠᠨ ᠪᠠᠶᠢᠨ᠎ᠠ᠃ ᠲᠤᠰ ᠵᠢᠷᠬᠢᠶ᠎ᠠ ᠨᠢ ᠮᠠᠯᠴᠢᠳ ᠤᠨ ᠡᠳᠦᠷ ᠲᠤᠳᠤᠮ ᠤᠨ ᠠᠵᠢᠯ ᠠᠮᠢᠳᠤᠷᠠᠯ ᠲᠠᠢ | ᠨᠢᠭᠳᠠ ᠬᠤᠯᠪᠤᠭᠠᠳᠠᠢ ᠬᠠᠤᠯᠢ ᠶᠢᠨ ᠮᠡᠳᠡᠯᠬᠡ᠂ ᠬᠠᠤᠯᠢᠴᠢ ᠶᠢᠨ ᠰᠠᠨᠠᠯ ᠵᠦᠪᠯᠡᠯᠬᠡ᠂ ᠬᠡᠷᠡᠭ ᠤᠨ ᠵᠢᠱᠢᠶ᠎ᠡ ᠵᠡᠷᠬᠡ ᠶᠢ | ᠨᠡᠶᠢᠳᠡᠯᠡᠵᠦ᠂ ᠮᠠᠯᠴᠢᠳ ᠤᠨ ᠬᠠᠤᠯᠢ ᠴᠠᠭᠠᠵᠠ ᠶᠢᠨ ᠮᠡᠳᠡᠯᠬᠡ ᠮᠡᠳᠡᠴᠡ ᠶᠢ ᠲᠡᠬᠡᠭᠰᠢᠯᠡᠬᠦᠯᠵᠦ᠂ ᠪᠦᠬᠦ ᠠᠶᠢᠮᠠᠭ ᠤᠨ | ᠤᠯᠠᠨ ᠨᠠᠶᠢᠳᠠ ᠶᠢᠨ ᠬᠠᠤᠯᠢ ᠴᠠᠭᠠᠵᠠ ᠶᠢᠨ ᠰᠢᠰᠲᠧᠮ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠵᠤ᠂ | ᠤᠯᠠᠠ ᠲᠦᠮᠡᠡ ᠳᠤ ᠬᠠᠤᠯᠢ ᠴᠠᠭᠠᠵᠠ ᠶᠢᠨ ᠨᠠᠩ ᠰᠠᠶᠢᠡ ᠨᠠᠩ ᠲᠦᠭᠦᠮ ᠦᠢᠯᠡᠴᠢᠯᠡᠭᠡ ᠬᠠᠨᠭ᠍ᠭᠠᠭᠰᠠᠠ ᠪᠠᠶᠢᠨ᠎ᠡ᠃ | ᠤᠳᠤᠬᠠᠨ ᠪᠤᠯᠳᠠᠯ᠎ᠠ᠂ 12348 ᠮᠤᠩᠭᠤᠯ ᠬᠢᠳᠠᠳ ᠰᠦᠯᠵᠢᠶ᠎ᠡ ᠨᠢ ᠨᠡᠶᠢᠳᠡ 730 ᠭᠠᠷᠤᠢ ᠰᠤᠷᠠᠭ ᠵᠠᠩᠬᠢ ᠶᠢ | ᠨᠡᠶᠢᠳᠡᠯᠡᠵᠦ᠂ ᠲᠠᠷᠤᠮ ᠤᠨ ᠲᠤᠭ᠎ᠠ 59445 ᠬᠦᠮᠦᠨ ᠤᠳᠠᠭ᠎ᠠ ᠳᠤ ᠬᠦᠷᠴᠦ᠂ ᠮᠤᠩᠭᠤᠯ ᠬᠡᠯᠡᠨ ᠤ ᠬᠠᠥᠯᠢ | ᠴᠠᠭᠠᠵᠠ ᠶᠢᠨ ᠤᠢᠢᠯᠡᠴᠢᠯᠡᠭᠡᠨ ᠤ ᠵᠢᠷᠬᠢᠶ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠬᠦᠮᠦᠨ 632 ᠬᠦᠮᠦᠨ | ᠤᠳᠠᠭ᠎ᠠ ᠳᠤ ᠬᠦᠷᠦᠭᠰᠡᠨ ᠪᠠᠶᠢᠨ᠎ᠠ᠃ | ᠬᠠᠤᠯᠢ ᠶᠢᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠠᠷᠠᠤᠨ ᠤᠯᠠᠠ ᠳᠤ ᠨᠠᠩ ᠰᠠᠶᠢᠡ ᠦᠢᠯᠡᠴᠢᠯᠡᠭᠡ | ᠬᠠᠨᠭ᠍ᠭᠠᠨ᠎ᠡ | 12348 ᠬᠠᠤᠯᠢ ᠶᠢᠨ ᠶᠠᠪᠤᠳᠠᠯ ᠤᠨ ᠲᠦᠪ ᠪᠤᠯ ᠮᠠᠨ ᠤ ᠠᠶᠢᠮᠠᠭ ᠤᠨ ᠤᠯᠠᠨ ᠨᠡᠶᠢᠳᠡ ᠶᠢᠨ ᠬᠠᠤᠯᠢ | ᠴᠠᠭᠠᠵᠠ ᠶᠢᠨ ᠦᠢᠯᠡᠴᠢᠯᠡᠬᠡᠨ ᠤ ᠰᠢᠰᠲᠧᠮ ᠤᠨ ᠭᠤᠤᠯᠯᠠᠭᠴᠢ ᠠᠴᠢᠶᠠᠯᠠᠪᠤᠷᠢ ᠪᠠᠶᠢᠵᠤ᠂ ᠬᠠᠤᠯᠢ ᠶᠢᠨ ᠲᠤᠰᠠᠯᠠᠮᠵᠢ | ᠦᠵᠡᠬᠦᠯᠬᠦ᠂ ᠬᠠᠤᠯᠢ ᠴᠠᠭᠠᠵᠠ ᠶᠢᠨ ᠵᠦᠪᠯᠡᠯᠬᠡ ᠦᠭᠬᠦ ᠵᠡᠷᠬᠡ ᠦᠢᠯᠡᠴᠢᠯᠡᠭᠡ ᠪᠠᠷ ᠭᠤᠤᠯᠳᠠᠭᠤᠯᠵᠤ ᠪᠠᠶᠢᠳᠠᠭ᠃ | ᠲᠤᠰ ᠲᠦᠪ ᠨᠢ ᠡᠬᠢ ᠪᠠᠶᠠᠯᠢᠭ ᠢ ᠨᠡᠶᠢᠯᠡᠬᠦᠯᠦᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ | ᠵᠠᠷᠴᠢᠮ ᠶᠤᠰᠤᠭᠠᠷ᠂ ᠶᠡᠷᠦᠩᠬᠡᠶᠢᠯᠡᠭᠰᠡᠨ ᠴᠢᠨᠠᠷᠳᠠᠢ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ | ᠲᠦᠪ ᠤᠨ ᠪᠠᠶᠢᠭᠤᠯᠤᠯᠳᠠ ᠶᠢ ᠴᠢᠩᠭᠠᠳᠬᠠᠵᠤ᠂ ᠤᠤᠯ ᠤᠨ ᠪᠠᠶᠢᠭᠰᠠᠨ ᠨᠡᠶᠢᠬᠡᠮ ᠤᠨ ᠵᠦᠷᠢᠴᠡᠯ ᠵᠢᠭᠤᠷᠠᠭᠠᠨ ᠢ | ᠡᠶᠡᠳᠡᠬᠦᠯᠬᠦ᠂ ᠬᠠᠤᠯᠢᠴᠢ ᠪᠤᠯᠤᠨ ᠠᠯᠪᠠᠨ ᠬᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ | ᠦᠵᠡᠬᠦᠯᠬᠦ ᠵᠡᠷᠬᠡ ᠬᠠᠤᠯᠢ ᠴᠠᠭᠠᠵᠠ ᠶᠢᠨ ᠦᠢᠯᠡᠴᠢᠯᠡᠬᠡᠨ ᠤ ᠴᠢᠳᠠᠪᠬᠢ ᠪᠤᠯᠤᠨ ᠦᠢᠯᠡᠴᠢᠯᠡᠬᠡᠨ ᠤ ᠴᠤᠩᠬᠤ ᠶᠢ | ᠨᠢᠬᠡᠳᠬᠡᠨ᠂ ᠨᠢᠬᠡ ᠦᠷᠳᠡᠬᠡᠴᠢᠯᠡᠭᠰᠡᠨ ᠦᠢᠯᠡᠴᠢᠯᠡᠭᠡ ᠬᠠᠨᠭ᠍ᠭᠠᠬᠤ ᠪᠤᠯᠵᠠᠢ᠃ ᠲᠤᠰ ᠲᠦᠪ ᠨᠢ ᠪᠠᠰᠠ ᠬᠠᠤᠯᠢ | ᠴᠠᠭᠠᠵᠠ ᠶᠢᠨ ᠲᠤᠰᠠᠯᠠᠮᠵᠢ ᠦᠵᠡᠬᠦᠯᠬᠦ ᠲᠠᠯ᠎ᠠ ᠪᠠᠷ᠂ ᠦᠨᠳᠦᠰᠦᠨ ᠱᠠᠳᠤᠨ ᠤ ᠰᠠᠭᠤᠷᠢ ᠪᠦᠳᠦᠬᠡᠨ | ᠪᠠᠶᠢᠭᠤᠯᠤᠯᠳᠠ ᠶᠢ ᠴᠢᠩᠭᠠᠳᠬᠠᠵᠤ᠂ ᠪᠦᠬᠦ ᠠᠶᠢᠮᠠᠭ ᠤᠨ 13 ᠬᠤᠰᠢᠭᠤ ᠰᠢᠶᠠᠨ ᠳᠤ ᠴᠦᠮ ᠨᠢᠬᠡ | ᠦᠷᠳᠡᠬᠡᠴᠢᠯᠡᠭᠰᠡᠨ 12348 ᠬᠠᠤᠯᠢ ᠴᠠᠭᠠᠵᠠ ᠶᠢᠨ ᠦᠢᠯᠡᠴᠢᠯᠡᠬᠡᠨ ᠤ ᠲᠢᠩᠬᠢᠮ ᠢ ᠪᠠᠶᠢᠭᠤᠯᠵᠤ᠂ ᠦᠨᠳᠦᠰᠦᠨ | ᠱᠠᠳᠤᠨ ᠤ ᠤᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠠᠢ᠃ ᠡᠬᠦᠨ ᠤ ᠬᠠᠮᠳᠤ | ᠪᠠᠰᠠ ᠪᠦᠬᠦ ᠠᠶᠢᠮᠠᠭ ᠤᠨ ᠬᠡᠪᠴᠢᠶᠡᠨ ᠳᠤ 253 ᠬᠠᠤᠯᠢ ᠴᠠᠭᠠᠵᠠ ᠶᠢᠨ ᠲᠤᠰᠠᠯᠠᠮᠵᠢ ᠶᠢᠨ ᠦᠷᠳᠡᠭᠡ ᠪᠠᠶᠢᠭᠤᠯᠵᠤ᠂ | 1183 ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠢᠭ ᠭᠠᠷᠭᠠᠵᠠᠢ᠃ ᠨᠢᠳᠦᠨᠦᠡ ᠵᠢᠯ 12348 | ᠬᠠᠤᠯᠢ ᠶᠢᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠬᠠᠤᠯᠢ ᠶᠢᠨ ᠲᠤᠰᠠᠯᠠᠮᠵᠢ ᠶᠢᠨ ᠬᠡᠷᠡᠭ ᠢ 5077 ᠶᠢ | ᠬᠦᠢᠴᠡᠳᠬᠡᠵᠦ᠂ ᠬᠡᠷᠡᠭ ᠤᠨ ᠲᠤᠬᠠᠢ ᠶᠢᠨ ᠬᠦᠮᠦᠨ ᠤ ᠠᠵᠤ ᠠᠬᠤᠢ ᠶᠢᠨ ᠰᠢᠭᠤᠳ ᠬᠤᠬᠢᠷᠠᠯ 7636 ᠲᠦᠮᠡᠨ | ᠲᠦᠬᠦᠷᠢᠭ ᠢ ᠡᠬᠡᠬᠦᠯᠦᠨ ᠪᠤᠴᠠᠭᠠᠵᠤ ᠠᠪᠴᠢᠷᠠᠵᠠᠢ᠃ | | | | ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠪᠠᠭᠤᠯᠭᠠᠭᠰᠠᠨ ᠨᠢ᠄ ᠰᠠᠷᠠᠭᠤᠯ |