ᠬᠠᠳᠤᠯᠠᠩ ᠢ ᠦᠭᠡᠷᠡᠴᠢᠯᠡᠨ ᠰᠠᠶᠢᠵᠢᠷᠠᠭᠤᠯᠬᠤ ᠠᠷᠭ᠎ᠠ
ᠨᠡᠶᠢᠲᠡᠯᠡᠭᠰᠡᠨ ᠴᠠᠭ᠄
2019-11-15
     1. ᠬᠠᠳᠤᠯᠠᠩ ᠤᠨ ᠭᠠᠵᠠᠷ ᠳᠡᠭᠡᠷᠡᠬᠢ ᠴᠢᠯᠠᠭᠤ᠂ ᠰᠢᠷᠤᠢ ᠶᠢᠨ ᠤᠪᠤᠭ᠎ᠠ᠂ ᠪᠤᠳᠠ ᠮᠤᠳᠤ᠂ ᠮᠤᠳᠤᠨ ᠬᠤᠵᠢᠰᠤ ᠵᠡᠷᠭᠡ ᠶᠢ ᠴᠡᠪᠡᠷᠯᠡᠵᠤ᠂ ᠬᠠᠳᠤᠯᠠᠩ ᠪᠡᠯᠴᠢᠭᠡᠷ ᠢ ᠪᠢᠳᠡᠭᠦᠮᠵᠢᠯᠡᠨ ᠤᠷᠭᠤᠭᠤᠯᠤᠨ᠎ᠠ᠃      2. ᠬᠠᠳᠤᠯᠠᠩ ᠢ ᠤᠰᠤᠯᠠᠬᠤ᠂ ᠴᠠᠰᠤ ᠴᠤᠬᠯᠠᠭᠤᠯᠬᠤ᠂ ᠤᠰᠤ ᠶᠢ ᠭᠠᠳᠠᠬᠰᠢᠯᠠᠭᠤᠯᠬᠤ᠂ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠬᠯᠠᠬᠤ ᠶᠢ ᠠᠩᠬᠠᠷᠴᠤ᠂ ᠬᠠᠳᠤᠯᠠᠩ ᠤᠨ ᠤᠰᠤᠨ ᠤ ᠪᠠᠶᠢᠳᠠᠯ ᠢ ᠰᠠᠶᠢᠵᠢᠷᠠᠭᠤᠯᠬᠤ ᠪᠠ ᠳᠤᠬᠢᠷᠠᠭᠤᠯᠤᠨ᠎ᠠ᠃      3 . ᠬᠦᠷᠤᠰᠤ ᠶᠢ ᠰᠤᠯᠠᠷᠠᠭᠤᠯᠬᠤ᠂ ᠭᠦᠶᠤᠬᠡᠨ ᠤᠷᠪᠠᠭᠤᠯᠵᠤ ᠨᠠᠷᠠᠬᠳᠠᠬᠤ᠂ ᠬᠦᠷᠤᠰᠤ ᠶᠢ ᠰᠤᠯᠠᠷᠠᠭᠤᠯᠵᠤ ᠦᠡᠳᠤᠰᠤ ᠶᠢ ᠳᠠᠰᠤᠳᠠᠬᠤ ᠮᠡᠳᠤ ᠶᠢᠨ ᠠᠷᠭ᠎ᠠ ᠪᠠᠷ ᠬᠦᠷᠤᠰᠤ ᠰᠢᠷᠤᠢ ᠶᠢᠨ ᠬᠡᠢ ᠠᠭᠠᠷ ᠨᠡᠪᠳᠡᠷᠡᠬᠦ ᠨᠦᠬᠦᠴᠡᠯ ᠢ ᠰᠠᠶᠢᠵᠢᠷᠠᠭᠤᠯᠤᠨ᠎ᠠ᠃      4 . ᠤᠷᠭᠠᠨᠢᠭ ᠪᠤᠷᠳᠤᠭᠤᠷ᠂ ᠤᠷᠭᠠᠨᠢᠬ ᠪᠤᠰᠤ ᠪᠤᠷᠳᠤᠭᠤᠷ ︵ᠬᠢᠮᠢ ᠶᠢᠨ ᠪᠤᠷᠳᠤᠭᠤᠷ︶᠂ ᠪᠢᠴᠢᠯ ᠡᠯᠧᠮᠧᠨ᠋ᠲ ᠠᠭᠤᠯᠤᠭᠰᠠᠨ ᠪᠤᠷᠳᠤᠭᠤᠷ ᠢ ᠬᠡᠷᠡᠭᠯᠡᠵᠤ᠂ ᠬᠦᠷᠤᠰᠤ ᠰᠢᠷᠤᠢ ᠳᠤ ᠰᠢᠮ᠎ᠠ ᠳᠡᠵᠢᠭᠡᠯ ᠨᠦᠬᠦᠪᠤᠷᠢᠯᠡᠨ ᠬᠠᠳᠤᠯᠠᠩ ᠤᠨ ᠤᠷᠭᠤᠴᠠ ᠶᠢ ᠰᠠᠶᠢᠵᠢᠷᠠᠭᠤᠯᠤᠨ᠎ᠠ᠃      5 . ᠬᠠᠳᠤᠯᠠᠩ ᠳᠠᠬᠢ ᠮᠠᠯ ᠳᠤ ᠬᠤᠤᠷᠠᠳᠠᠢ᠂ ᠬᠦᠨᠤᠭᠡᠯᠳᠠᠢ ᠤᠷᠭᠤᠮᠠᠯ ᠢ ᠰᠡᠷᠭᠡᠶᠢᠯᠡᠨ ᠠᠷᠢᠯᠭᠠᠬᠤ ᠬᠡᠷᠡᠭᠳᠠᠢ᠃      6 . ᠭᠠᠵᠠᠷ ᠤᠷᠤᠨ ᠳᠠᠭᠠᠨ ᠳᠤᠬᠢᠷᠠᠬᠰᠠᠨ ᠰᠢᠯᠢᠳᠡᠭ ᠴᠢᠨᠠᠷᠳᠠᠢ ᠳᠡᠵᠢᠭᠡᠯ ᠡᠪᠡᠰᠤᠨ ᠤ ᠦᠷ᠎ᠠ ᠶᠢ ᠰᠤᠩᠭᠤᠵᠤ᠂ ᠰᠢᠭᠤᠳ ᠳᠠᠷᠢᠬᠤ ᠮᠠᠰᠢᠨ ᠢᠶᠠᠷ ᠳᠠᠷᠢᠬᠤ ᠪᠤᠶᠤ ᠨᠦᠬᠦᠵᠤ ᠳᠠᠷᠢᠬᠤ ᠲᠠᠢ ᠤᠶᠠᠯᠳᠤᠭᠤᠯᠤᠨ ᠪᠤᠷᠳᠤᠭᠤᠷ ᠤᠷᠤᠭᠤᠯᠵᠤ᠂ ᠬᠠᠳᠤᠯᠠᠩ ᠤᠨ ᠤᠷᠭᠤᠮᠠᠯ ᠤᠨ ᠪᠦᠷᠬᠦᠴᠡ ᠶᠢ ᠰᠠᠶᠢᠵᠢᠷᠠᠭᠤᠯᠤᠨ᠎ᠠ᠃      ᠤᠢᠢᠯᠡᠳᠪᠤᠷᠢᠯᠡᠯ ᠳᠤᠮᠳᠠ ᠳᠡᠭᠡᠷ᠎ᠠ ᠳᠤᠷᠠᠳᠤᠬᠰᠠᠨ ᠠᠵᠢᠯ ᠤᠨ ᠠᠯᠢ ᠨᠢᠭᠡ ᠶᠢ ᠨᠢ ᠴᠤ ᠤᠮᠳᠤᠭᠠᠢᠢᠯᠠᠵᠤ ᠪᠤᠯᠬᠤ ᠦᠭᠡᠢ᠃ ᠦᠩᠭᠡᠷᠡᠭᠰᠡᠨ ᠤ ᠰᠢᠭ ᠠᠰᠢᠬᠯᠠᠬᠤ ᠶᠢ ᠯᠡ ᠮᠡᠳᠡᠭᠡᠳ ᠪᠦᠳᠤᠭᠡᠨ ᠪᠠᠶᠢᠭᠤᠯᠬᠤ ᠶᠢ ᠬᠦᠩᠭᠡᠪᠴᠢᠯᠡᠬᠦ᠂ ᠬᠤᠴᠤᠷᠤᠩᠭᠤᠢ ᠪᠦᠳᠤᠭᠦᠯᠢᠭ ᠠᠷᠭ᠎ᠠ ᠪᠠᠷ ᠡᠵᠡᠩᠨᠡᠨ ᠬᠠᠮᠢᠶᠠᠷᠬᠤ ᠦᠵᠡᠭᠳᠡᠯ ᠢ ᠦᠳᠳᠡᠷ ᠳᠦᠷᠭᠡᠨ ᠦᠭᠡᠶᠢᠰᠭᠡᠵᠤ᠂ ᠪᠦᠳᠤᠭᠦᠯᠢᠭ ᠡᠵᠡᠩᠨᠡᠯᠳᠡ ᠠᠴᠠ ᠪᠠᠨ ᠡᠷᠴᠢᠮᠵᠢᠭᠦᠯᠦᠭᠰᠡᠨ ᠡᠵᠡᠩᠨᠡᠯᠳᠡ ᠪᠤᠯᠭᠠᠨ ᠬᠤᠪᠢᠷᠠᠭᠤᠯᠬᠤ ᠬᠡᠷᠡᠭᠳᠠᠢ᠃ ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠦᠨ ᠤ ᠮᠤᠩᠭᠤᠯ ᠰᠦᠯᠵᠢᠶ᠎ᠡ ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2