ᠭᠡᠷ ᠪᠠᠶᠢᠰᠢᠩ ᠬᠤᠳᠠᠯᠳᠤᠨ ᠠᠪᠬᠤ ᠦᠶᠠᠰ ᠦᠷ᠎ᠠ ᠭᠡᠤᠭᠡᠳ ᠤᠨ ᠢᠶᠠᠨ ᠨᠠᠷᠠ ᠪᠠᠷ ᠲᠠᠩᠰᠠᠯᠠᠭᠤᠯᠵᠤ᠂ ᠦᠷ᠎ᠠ | ᠭᠡᠤᠭᠡᠳ ᠤᠨ ᠢᠶᠠᠨ ᠨᠠᠷᠠ ᠲᠡᠭᠡᠷ᠎ᠠ ᠭᠡᠷ ᠬᠤᠳᠠᠯᠳᠤᠨ ᠠᠪᠤᠪᠠᠯ ᠭᠡᠤᠭᠡᠳ ᠲᠡᠭᠡᠨ ᠭᠡᠷ ᠢᠶᠠᠨ ᠰᠢᠯᠵᠢᠬᠦᠯᠬᠦ ᠳᠤ ᠭᠠᠶᠢᠯᠢ ᠶᠢᠨ | ᠰᠦᠢᠳᠭᠡᠯ ᠢ ᠠᠷᠪᠢᠯᠠᠬᠤ ᠪᠦᠭᠡᠳ ᠭᠡᠤᠭᠡᠳ ᠲᠡᠭᠡᠨ ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠶᠢ ᠨᠢ ᠤᠷᠢᠳᠴᠢᠯᠠᠨ | ᠪᠠᠯᠠᠳᠭᠡᠵᠤ ᠦᠭᠬᠦ ᠵᠡᠷᠭᠡ ᠰᠠᠶᠢᠠᠳᠠᠢ ᠲᠠᠯ᠎ᠠ ᠪᠤᠢ᠃ ᠭᠡᠪᠡᠴᠤ ᠢᠩᠬᠢᠵᠤ ᠬᠢᠬᠦ ᠨᠢ ᠪᠠᠰᠠ ᠤᠯᠠᠨ ᠲᠦᠭᠰᠢᠬᠦᠷᠢ ᠲᠠᠢ᠃ | ᠲᠡᠭᠡᠪᠡᠯ ᠦᠷ᠎ᠠ ᠭᠡᠤᠭᠡᠳ ᠤᠨ ᠢᠶᠠᠨ ᠨᠠᠷᠠ ᠲᠡᠭᠡᠷ᠎ᠠ ᠭᠡᠷ ᠬᠤᠳᠠᠯᠳᠤᠵᠤ ᠠᠪᠬᠤ ᠶᠢᠨ ᠰᠠᠶᠢᠠᠳᠠᠢ ᠲᠠᠯ᠎ᠠ ᠪᠠ ᠲᠦᠭᠰᠢᠬᠦᠷᠢ | ᠴᠤᠬᠤᠮ ᠶᠠᠭᠤ ᠶᠠᠭᠤ ᠪᠠᠶᠢᠳᠠᠭ ᠪᠤᠯ︖ | ᠰᠠᠶᠢᠠᠳᠠᠢ ᠲᠠᠯ᠎ᠠ᠄ | 1. ᠡᠳ᠋ ᠬᠦᠷᠦᠩᠭᠡ ᠶᠢ ᠰᠢᠯᠵᠢᠬᠦᠯᠦᠨ ᠦᠭᠬᠦ ᠭᠠᠶᠢᠯᠢ ᠠᠴᠠ ᠵᠠᠶᠢᠯᠠᠰᠬᠢᠨ᠎ᠠ᠃ ᠭᠡᠷ ᠪᠠᠶᠢᠰᠢᠩ ᠢᠶᠠᠨ ᠰᠢᠭᠤᠳ | ᠦᠷ᠎ᠠ ᠭᠡᠤᠭᠡᠳ ᠤᠨ ᠢᠶᠠᠨ ᠨᠠᠷᠠ ᠲᠡᠭᠡᠷ᠎ᠠ ᠭᠠᠷᠭᠠᠪᠠᠯ᠂ ᠬᠤᠵᠢᠮ ᠦᠷ᠎ᠠ ᠭᠡᠤᠭᠡᠳ ᠨᠢ ᠠᠶᠢᠯ ᠭᠡᠷ ᠪᠤᠯᠬᠤ ᠦᠶᠠᠰ ᠭᠡᠷ | ᠪᠠᠶᠢᠰᠢᠩ ᠬᠦᠷᠭᠡᠬᠦ ᠪᠠ ᠵᠠᠯᠭᠠᠮᠵᠢᠯᠠᠬᠤ ᠵᠠᠷᠭᠡ ᠶᠢ ᠪᠤᠳᠤᠪᠠᠯ ᠴᠠᠭ ᠲᠤ ᠠᠷᠪᠢᠳᠠᠢ ᠮᠦᠷᠳᠡᠭᠡᠨ ᠭᠠᠶᠢᠯᠢ ᠶᠢᠨ ᠰᠦᠢᠳᠭᠡᠯ ᠢ | ᠴᠤ ᠠᠷᠪᠢᠯᠠᠵᠤ ᠲᠠᠶᠢᠯᠤᠨ᠎ᠠ᠃ | 2. ᠦᠷᠢ ᠰᠢᠷᠢ ᠳᠤ ᠤᠨᠠᠬᠤ ᠲᠦᠭᠰᠢᠬᠦᠷᠢ ᠠᠴᠠ ᠵᠠᠶᠢᠯᠠᠰᠬᠢᠵᠤ ᠲᠠᠶᠢᠯᠤᠨ᠎ᠠ᠃ ᠡᠨᠡ ᠨᠢ ᠠᠷᠠᠯᠵᠢᠶ᠎ᠠ ᠮᠠᠶᠢᠮᠠᠢ ᠬᠢᠵᠤ | ᠪᠠᠶᠢᠭ᠎ᠠ ᠭᠡᠷ ᠪᠦᠯᠢ ᠳᠤ ᠠᠪᠴᠤ ᠭᠡᠯᠡᠪᠡᠯ ᠲᠦᠢᠯ ᠤᠨ ᠴᠢᠬᠤᠯᠠ ᠪᠠᠶᠢᠳᠠᠭ᠃ ᠡᠵᠢ ᠠᠪᠤ ᠶᠢᠨ ᠬᠢᠨᠢ ᠨᠠᠷᠠ ᠲᠡᠭᠡᠷ᠎ᠠ ᠪᠠᠶᠢᠵᠤ᠂ | ᠭᠡᠷᠪᠡ ᠠᠷᠠᠯᠵᠢᠶ᠎ᠠ ᠮᠠᠶᠢᠮᠠᠢ ᠪᠦᠳᠤᠮᠵᠢ ᠦᠭᠡᠢ ᠠᠴᠠ ᠪᠤᠯᠵᠤ ᠦᠷᠢ ᠰᠢᠷᠢ ᠳᠤ ᠲᠠᠷᠤᠭᠳᠠᠪᠠᠯ ᠭᠡᠷ ᠪᠠᠶᠢᠰᠢᠩ ᠨᠢ ᠪᠠᠩᠬᠢ ᠳᠤ | ᠪᠠᠷᠢᠴᠠᠭᠠᠯᠠᠭᠳᠠᠵᠤ ᠮᠠᠳᠠᠨ᠎ᠠ᠃ ᠭᠡᠬᠦ ᠳᠤ ᠦᠷ᠎ᠠ ᠭᠡᠤᠭᠡᠳ ᠤᠨ ᠢᠶᠠᠨ ᠨᠠᠷᠠ ᠲᠡᠭᠡᠷ᠎ᠠ ᠪᠠᠶᠢᠪᠠᠯ ᠡᠶᠢᠮᠤ ᠤᠴᠢᠷ ᠲᠤ | ᠬᠤᠯᠪᠤᠭᠳᠠᠬᠤ ᠦᠭᠡᠢ ᠶᠤᠮ᠃ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠳᠠᠭᠠᠯ ᠢ ᠦᠨᠳᠤᠰᠤᠯᠠᠪᠠᠯ᠂ ᠠᠪᠴᠠᠭᠠᠨ ᠤ | ᠬᠦᠮᠦᠨ ᠨᠠᠰᠤ ᠪᠠᠷᠠᠪᠠᠯ ᠲᠠᠬᠦᠨ ᠤ ᠨᠠᠷᠠ ᠲᠡᠭᠡᠷ᠎ᠠ ᠪᠠᠨ ᠬᠤᠪᠢ ᠪᠠᠷ ᠢᠶᠠᠨ ᠦᠷᠢ ᠦᠭᠴᠡᠭᠡ ᠲᠠᠢ ᠪᠤᠯ ᠲᠠᠬᠦᠨ ᠤ ᠡᠷ᠎ᠠ ︵ | ᠡᠮ᠎ᠠ︶ ᠪᠠ ᠭᠡᠤᠭᠡᠳ ᠨᠢ ᠦᠷᠢ ᠶᠢ ᠨᠢ ᠪᠤᠴᠠᠭᠠᠬᠤ ᠬᠠᠷᠢᠭᠤᠴᠠᠯᠭ᠎ᠠ ᠶᠢ ᠡᠬᠦᠷᠭᠡᠯᠡᠬᠦ ᠦᠭᠡᠢ︔ ᠭᠡᠷᠪᠡ ᠡᠷ᠎ᠠ ᠡᠮ᠎ᠠ | ᠬᠤᠶᠠᠭᠤᠯᠠ ᠶᠢᠨ ᠬᠠᠮᠳᠤ ᠶᠢᠨ ᠦᠭᠴᠡᠭᠡ ᠪᠤᠯ ᠤᠷᠤᠭᠯᠠᠭᠰᠠᠨ ᠨᠦᠬᠦᠷ ᠨᠢ ᠦᠷᠬᠦᠯᠵᠢᠯᠠᠨ ᠪᠤᠴᠠᠭᠠᠬᠤ ᠬᠠᠷᠢᠭᠤᠴᠠᠯᠭ᠎ᠠ ᠶᠢ | ᠡᠬᠦᠷᠭᠡᠯᠡᠨ᠎ᠠ᠃ ᠦᠷ᠎ᠠ ᠭᠡᠤᠭᠡᠳ ᠨᠢ ᠪᠤᠴᠠᠭᠠᠬᠤ ᠬᠠᠷᠢᠭᠤᠴᠠᠯᠭ᠎ᠠ ᠡᠬᠦᠷᠭᠡᠯᠡᠬᠦ ᠦᠭᠡᠢ ᠶᠤᠮ᠃ ᠡᠶᠢᠮᠤ ᠠᠴᠠ ᠡᠵᠢ ᠠᠪᠤ ᠨᠢ | ᠦᠷᠢ ᠦᠭᠴᠡᠭᠡ ᠠᠴᠠ ᠪᠤᠯᠵᠤ ᠭᠡᠤᠭᠡᠳ ᠤᠨ ᠬᠢᠨᠢ ᠭᠡᠷ ᠢ ᠪᠠᠶᠢᠴᠠᠭᠠᠨ ᠪᠢᠳᠠᠬᠦᠮᠵᠢᠯᠠᠬᠦ ᠦᠭᠡᠢ᠃ | 3. ᠡᠶᠢᠮᠤᠷᠬᠦ ᠪᠠᠶᠢᠳᠠᠯ ᠨᠢ ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠪᠤᠯᠬᠤᠷ ᠤᠷᠤᠭ ᠰᠠᠯᠬᠤ ᠮᠠᠳᠤ ᠶᠢᠨ | ᠪᠠᠶᠢᠳᠠᠯ ᠭᠠᠷᠪᠠᠯ ᠨᠦᠬᠦᠭᠡ ᠡᠳᠡᠭᠡᠳ ᠨᠢ ᠡᠳ᠋ ᠬᠦᠷᠦᠩᠭᠡ ᠶᠢ ᠨᠢ ᠬᠤᠪᠢᠶᠠᠯᠴᠠᠬᠤ ᠠᠴᠠ ᠵᠠᠶᠢᠯᠠᠰᠬᠢᠵᠤ ᠴᠢᠳᠠᠨ᠎ᠠ᠃ | ᠲᠦᠭᠰᠢᠬᠦᠷᠢ ᠲᠠᠢ ᠲᠠᠯ᠎ᠠ᠄ | 1. ᠦᠷ᠎ᠠ ᠭᠡᠤᠭᠡᠳ ᠨᠢ ᠨᠠᠰᠤᠨ ᠳᠤ ᠦᠯᠤ ᠬᠦᠷᠦᠭᠰᠡᠳ ᠪᠤᠯ᠂ ᠭᠡᠷ ᠪᠠᠶᠢᠰᠢᠩ ᠬᠤᠳᠠᠯᠳᠤᠨ ᠠᠪᠬᠤ ᠦᠶᠠᠰ | ᠪᠠᠩᠬᠢ ᠠᠴᠠ ᠵᠢᠭᠡᠯᠡᠯᠭᠡ ᠠᠪᠴᠤ ᠲᠠᠶᠢᠯᠬᠦ ᠦᠭᠡᠢ ᠶᠤᠮ᠃ ᠡᠶᠢᠮᠤ ᠪᠠᠶᠢᠳᠠᠯ ᠲᠤᠤᠷ᠎ᠠ ᠭᠡᠷ ᠪᠠᠶᠢᠰᠢᠩ ᠬᠤᠳᠠᠯᠳᠤᠨ ᠠᠪᠬᠤ | ᠭᠡᠷ᠎ᠠ ᠬᠢᠬᠦ ᠦᠶᠠᠰ᠂ ᠪᠠᠩᠬᠢ ᠠᠴᠠ ᠵᠢᠭᠡᠯᠡᠯᠭᠡ ᠵᠢᠭᠡᠯᠡᠵᠤ ᠪᠤᠯᠬᠤ ᠦᠭᠡᠢ᠂ ᠵᠦᠪᠭᠡᠨ ᠨᠢᠭᠡᠯᠡ ᠲᠠᠭᠡᠷ᠎ᠠ ᠪᠦᠬᠦ ᠵᠤᠭᠤᠰ ᠢᠶᠠᠨ | ᠲᠤᠰᠢᠶᠠᠬᠤ ᠴᠢᠬᠤᠯᠠᠳᠠᠢ᠃ | 2. ᠨᠠᠰᠤᠨ ᠳᠤ ᠦᠯᠦ ᠬᠦᠷᠦᠭᠰᠡᠳ ᠤᠨ ᠨᠠᠷᠠ ᠲᠡᠭᠡᠷᠡᠭᠢ ᠭᠡᠷ ᠪᠠᠶᠢᠰᠢᠩ ᠢ ᠭᠡᠷ ᠤᠨ ᠠᠬᠠᠮᠠᠠᠳ ᠨᠢ ᠲᠤᠷ᠎ᠠ ᠪᠠᠷ | ᠰᠢᠢᠳᠪᠤᠷᠢᠯᠠᠵᠤ ᠪᠤᠯᠬᠤ ᠦᠭᠡᠢ᠃ ᠤᠯᠤᠰ ᠠᠴᠠ ᠨᠠᠰᠤᠨ ᠳᠤ ᠦᠯᠦ ᠬᠦᠷᠦᠭᠰᠡᠳ ᠤᠨ ᠡᠳ᠋ ᠬᠦᠷᠦᠩᠭᠡ ᠶᠢ ᠬᠠᠮᠠᠭᠠᠯᠠᠬᠤ | ᠲᠤᠬᠠᠢ ᠲᠦᠢᠯ ᠤᠨ ᠴᠢᠩᠭ᠎ᠠ ᠲᠤᠭᠳᠠᠭᠠᠯ ᠲᠠᠢ ᠪᠠᠶᠢᠵᠤ᠂ ᠭᠡᠷ ᠪᠠᠶᠢᠰᠢᠩ ᠢᠶᠠᠨ ᠦᠭᠡᠷ᠎ᠠ ᠬᠦᠮᠦᠨ ᠤ ᠨᠠᠷᠠ ᠲᠡᠭᠡᠷ᠎ᠠ | ᠰᠢᠯᠵᠢᠬᠦᠯᠬᠦ ᠳᠤ ᠬᠦᠴᠢᠷᠳᠠᠢ ᠪᠠᠶᠢᠳᠠᠭ᠃ ᠬᠢᠨᠠᠨ ᠬᠠᠮᠠᠭᠠᠯᠠᠭᠴᠢ ᠨᠢ ᠵᠦᠪᠭᠡᠨ ᠨᠠᠰᠤᠨ ᠳᠤ ᠦᠯᠦ ᠬᠦᠷᠦᠭᠰᠡᠳ ᠤᠨ ᠠᠰᠢᠭ | ᠲᠤᠰᠠ ᠶᠢᠨ ᠲᠦᠯᠦᠭᠡ ᠭᠡᠷ ᠪᠠᠶᠢᠰᠢᠩ ᠢ ᠨᠢ ᠬᠤᠳᠠᠯᠳᠤᠬᠤ ᠲᠤᠳᠤᠷᠬᠠᠢᠢᠯᠠᠯᠳᠠ ᠶᠢᠨ ᠪᠢᠴᠢᠭ ᠪᠢᠴᠢᠬᠦ ᠭᠡᠷᠡᠭᠳᠠᠢ ᠮᠦᠷᠳᠡᠭᠡᠨ | ᠬᠢᠨᠠᠨ ᠬᠠᠮᠠᠭᠠᠯᠠᠭᠴᠢ ᠠᠴᠠ ᠭᠠᠷ ᠤᠨ ᠦᠰᠦᠭ ᠵᠢᠷᠤᠬᠤ ᠮᠦᠷᠳᠡᠭᠡᠨ ᠬᠢᠨᠠᠨ ᠬᠠᠮᠠᠭᠠᠯᠠᠭᠴᠢ ᠶᠢᠨ ᠬᠢᠷᠢ ᠭᠡᠮ ᠤᠨ ᠭᠡᠷᠡᠴᠢ ᠶᠢ | ᠬᠠᠩᠭᠠᠭᠰᠠᠨ ᠪᠠᠶᠢᠪᠠᠯ ᠰᠠᠶ᠋ᠢ ᠨᠠᠰᠤᠨ ᠳᠤ ᠦᠯᠦ ᠬᠦᠷᠦᠭᠰᠡᠳ ᠤᠨ ᠨᠠᠷᠠ ᠲᠡᠭᠡᠷᠡᠬᠢ ᠭᠡᠷ ᠪᠠᠶᠢᠰᠢᠩ ᠢ ᠬᠤᠳᠠᠯᠳᠤᠵᠤ | ᠪᠤᠯᠤᠨ᠎ᠠ᠃ | 3. ᠦᠷ᠎ᠠ ᠭᠡᠤᠭᠡᠳ ᠨᠢ ᠭᠡᠷ ᠪᠠᠶᠢᠰᠢᠩ ᠢᠶᠠᠨ ᠬᠤᠳᠠᠯᠳᠤᠭᠠᠯᠠᠬᠤ ᠵᠠᠷᠭᠡ ᠪᠠᠶᠢᠳᠠᠯ ᠳᠤ ᠡᠵᠢ ᠠᠪᠤ ᠨᠢ ᠬᠠᠤᠯᠢ | ᠴᠠᠭᠠᠵᠠ ᠶᠢᠨ ᠲᠠᠯ᠎ᠠ ᠪᠠᠷ ᠬᠤᠷᠢᠭᠯᠠᠬᠤ ᠡᠷᠭᠡ ᠦᠭᠡᠢ ᠶᠤᠮ᠃ ᠭᠡᠷ ᠪᠠᠶᠢᠰᠢᠩ ᠬᠤᠳᠠᠯᠳᠤᠨ ᠠᠪᠬᠤ ᠦᠶ᠎ᠠ ᠳᠤ ᠭᠡᠳᠦ᠋ᠢᠪᠠᠷ | ᠡᠵᠢ ᠠᠪᠤ ᠨᠢ ᠵᠤᠭᠤᠰ ᠭᠠᠷᠭᠠᠵᠤ ᠠᠪᠴᠤ ᠦᠭᠬᠦᠭᠰᠡᠨ ᠪᠤᠯᠪᠠᠴᠤ᠂ ᠭᠡᠤᠭᠡᠳ ᠨᠢ ᠨᠠᠰᠤᠨ ᠳᠤ ᠬᠦᠷᠦᠭᠰᠡᠨ ᠠᠴᠠ ᠰᠠᠬᠦᠯᠠᠷ | ᠢᠷᠭᠡᠨ ᠤ ᠡᠷᠭᠡ ᠲᠠᠢ ᠪᠤᠯᠤᠭᠰᠠᠨ ᠤᠴᠢᠷ ᠠᠴᠠ ᠭᠠᠭᠴᠠᠬᠦ ᠦᠷ᠎ᠠ ᠭᠡᠤᠭᠡᠳ ᠨᠢ ᠡᠨᠡᠬᠦ ᠭᠡᠷ ᠢ ᠰᠢᠢᠳᠪᠤᠷᠢᠯᠠᠬᠦ ᠡᠷᠭᠡ ᠲᠠᠢ᠃ | ᠭᠡᠷᠪᠡ ᠦᠷ᠎ᠠ ᠭᠡᠤᠭᠡᠳ ᠨᠢ ᠨᠠᠰᠤᠨ ᠳᠤ ᠬᠦᠷᠦᠭᠰᠡᠨ ᠤ ᠲᠠᠷᠠᠭ᠎ᠠ ᠠᠰᠠᠷᠠᠨ ᠬᠠᠷᠠᠭᠠᠯᠵᠠᠬᠤ ᠡᠬᠦᠷᠭᠡ ᠪᠠᠨ ᠪᠠᠶᠠᠯᠠᠬᠦᠯᠬᠦ ᠦᠭᠡᠢ | ᠦᠶᠠᠰ᠂ ᠡᠵᠢ ᠠᠪᠤ ᠨᠢ ᠭᠡᠷ ᠪᠠᠶᠢᠰᠢᠩ ᠢᠶᠠᠨ ᠬᠤᠷᠢᠶᠠᠨ ᠠᠪᠬᠤ ᠳᠤ ᠬᠠᠤᠯᠢ ᠴᠠᠭᠠᠵᠠ ᠶᠢᠨ ᠬᠢᠵᠠᠭᠠᠷᠯᠠᠯ ᠳᠤ ᠲᠤᠯᠭᠠᠷᠠᠵᠤ | ᠮᠠᠳᠠᠨ᠎ᠠ᠃ | 4. ᠡᠵᠢ ᠠᠪᠤ ᠨᠢ ᠤᠷᠤᠭ ᠰᠠᠯᠪᠠᠯ ᠲᠤᠰ ᠭᠡᠷ ᠪᠠᠶᠢᠰᠢᠩ ᠤᠨ ᠬᠤᠪᠢᠶᠠᠷᠢᠯᠠᠯᠳᠠ ᠳᠤ ᠰᠠᠭᠠᠳ ᠲᠠᠢ᠃ ᠭᠡᠷ | ᠪᠠᠶᠢᠰᠢᠩ ᠢ ᠦᠷ᠎ᠠ ᠭᠡᠤᠭᠡᠳ ᠤᠨ ᠢᠶᠠᠨ ᠨᠠᠷᠠ ᠲᠡᠭᠡᠷ᠎ᠠ ᠲᠠᠩᠰᠠᠯᠠᠭᠤᠯᠪᠠᠯ᠂ ᠡᠨᠡᠬᠦ ᠭᠡᠷ ᠪᠠᠶᠢᠰᠢᠩ ᠨᠢ ᠭᠡᠤᠭᠡᠳ ᠲᠡᠭᠡᠨ | ᠪᠡᠯᠡᠭᠯᠡᠨ ᠬᠦᠷᠭᠡᠭᠰᠡᠨ ᠤᠴᠢᠷ ᠪᠤᠯᠤᠨ᠎ᠠ᠃ ᠭᠡᠷᠪᠡ ᠡᠵᠢ ᠠᠪᠤ ᠨᠢ ᠤᠷᠤᠭ ᠰᠠᠯᠪᠠᠯ᠂ ᠲᠤᠰ ᠭᠡᠷ ᠪᠠᠶᠢᠰᠢᠩ ᠭᠡᠨ ᠳᠤ | ᠬᠠᠷᠢᠶᠠᠯᠠᠭᠳᠠᠬᠤ ᠲᠤᠬᠠᠢ ᠰᠠᠭᠠᠳ ᠤᠯᠠᠨ ᠪᠤᠢ᠂ ᠭᠡᠤᠭᠡᠳ ᠢᠶᠠᠨ ᠠᠰᠠᠷᠠᠨ ᠲᠠᠵᠢᠭᠡᠬᠦ ᠦᠭᠡᠢ ᠡᠵᠢ ᠪᠤᠶᠤ ᠠᠪᠤ ᠶᠢᠨ ᠨᠢᠭᠡ | ᠲᠠᠯ᠎ᠠ ᠶᠢᠨ ᠡᠷᠭᠡ ᠠᠰᠢᠭ ᠢ ᠢ ᠨᠦᠯᠦᠭᠡᠯᠡᠵᠤ ᠮᠠᠳᠠᠨ᠎ᠠ᠃ | 5. ᠦᠷ᠎ᠠ ᠭᠡᠤᠭᠡᠳ ᠨᠢ ᠦᠭᠡᠷ᠎ᠠ ᠪᠤᠰᠤᠳ ᠭᠡᠷ ᠪᠠᠶᠢᠰᠢᠩ ᠬᠤᠳᠠᠯᠳᠤᠨ ᠠᠪᠬᠤ ᠦᠶ᠎ᠠ ᠳᠤ ᠲᠦᠷᠦᠬᠦᠤ ᠭᠡᠷ | ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠢ ᠬᠦᠷᠳᠡᠬᠦ ᠦᠭᠡᠢ ᠶᠤᠮ᠃ ᠤᠳᠤᠬᠠᠨ ᠪᠤᠯᠳᠠᠯ᠎ᠠ ᠲᠦᠷᠦᠬᠦᠤ ᠭᠡᠷ ᠪᠠᠶᠢᠰᠢᠩ ᠢ | ᠮᠠᠭᠠᠳᠯᠠᠨ ᠲᠤᠭᠳᠠᠭᠠᠬᠤ ᠪᠠᠷᠢᠮᠵᠢᠶ᠎ᠠ ᠶᠢ ᠨᠡᠷ᠎ᠠ ᠲᠡᠭᠡᠷ᠎ᠠ ᠨᠢ ᠭᠡᠷ ᠪᠠᠶᠢᠰᠢᠩ ᠪᠠᠶᠢᠬᠤ ᠡᠰᠡᠬᠦ ᠪᠠᠷ ᠲᠤᠭᠳᠠᠭᠠᠳᠠᠭ᠃ ᠭᠡᠷᠪᠡ | ᠦᠷ᠎ᠠ ᠭᠡᠤᠭᠡᠳ ᠤᠨ ᠬᠢᠨᠢ ᠨᠠᠷᠠ ᠲᠡᠭᠡᠷ᠎ᠠ ᠠᠪᠤᠭᠰᠠᠨ ᠭᠡᠷ ᠪᠠᠶᠢᠰᠢᠩ ᠪᠠᠶᠢᠪᠠᠯ᠂ ᠲᠠᠬᠢᠨ ᠭᠡᠷ ᠪᠠᠶᠢᠰᠢᠩ ᠠᠪᠬᠤ ᠦᠶᠠᠰ | ᠲᠦᠷᠦᠬᠦᠤ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠬᠦ ᠦᠭᠡᠢ᠂ ᠵᠠᠷᠢᠮ | ᠭᠡᠷ ᠪᠠᠶᠢᠰᠢᠩ ᠠᠪᠬᠤ ᠬᠢᠵᠠᠭᠠᠷᠯᠠᠯ ᠲᠠᠢ ᠬᠤᠳᠠ ᠳᠤ ᠭᠡᠤᠭᠡᠳ ᠤᠨ ᠭᠡᠷ ᠠᠪᠬᠤ ᠬᠢᠷᠢ ᠭᠡᠮᠵᠢᠶ᠎ᠠ ᠪᠠ ᠨᠦᠬᠦᠴᠡᠯ ᠢ ᠴᠤ | ᠨᠦᠯᠦᠭᠡᠯᠡᠵᠤ ᠮᠠᠳᠠᠨ᠎ᠠ︔ | 6. ᠦᠷ᠎ᠠ ᠭᠡᠤᠭᠡᠳ ᠨᠢ ᠤᠷᠤᠭᠯᠠᠭᠰᠠᠨ ᠤ ᠲᠠᠷᠠᠭ᠎ᠠ᠂ ᠬᠤᠶᠠᠳᠤᠭᠠᠷ ᠭᠡᠷ ᠬᠤᠳᠠᠯᠳᠤᠨ ᠠᠪᠬᠤ ᠦᠶ᠎ᠠ ᠳᠤ ᠭᠡᠷ | ᠬᠦᠷᠦᠩᠭᠡ ᠶᠢᠨ ᠭᠠᠶᠢᠯᠢ ᠲᠤᠰᠢᠶᠠᠨ᠎ᠠ᠃ ᠦᠷ᠎ᠠ ᠭᠡᠤᠭᠡᠳ ᠨᠢ ᠨᠠᠰᠤᠨ ᠳᠤ ᠬᠦᠷᠦᠭᠰᠡᠨ ᠤ ᠲᠠᠷᠠᠭ᠎ᠠ ᠦᠪᠡᠷ ᠤᠨ ᠨᠠᠷᠠ | ᠲᠡᠭᠡᠷ᠎ᠠ ᠪᠠᠨ ᠲᠦᠷᠦᠬᠦᠤ ᠭᠡᠷ ᠪᠠᠶᠢᠰᠢᠩ ᠢᠶᠠᠨ ᠬᠤᠳᠠᠯᠳᠤᠨ ᠠᠪᠬᠤ ᠦᠶ᠎ᠠ ᠳᠤ᠂ ᠭᠡᠷ ᠪᠠᠶᠢᠰᠢᠩ ᠤᠨ ᠶᠡᠭᠡ ᠪᠠᠭ᠎ᠠ ᠶᠢᠨ | ᠬᠢᠵᠠᠭᠠᠷᠯᠠᠯ ᠦᠭᠡᠢ ᠪᠠᠷ ᠭᠡᠷ ᠬᠦᠷᠦᠩᠭᠡ ᠶᠢᠨ ᠭᠠᠶᠢᠯᠢ ᠲᠤᠰᠢᠶᠠᠬᠤ ᠴᠢᠬᠤᠯᠠ ᠦᠭᠡᠢ ᠪᠠᠶᠢᠳᠠᠭ᠃ ᠭᠡᠷᠪᠡ ᠬᠤᠶᠠᠳᠡᠬᠢ ᠭᠡᠷ | ᠪᠠᠶᠢᠰᠢᠩ ᠬᠤᠳᠠᠯᠳᠤᠵᠤ ᠠᠪᠤᠭᠰᠠᠨ ᠪᠦᠭᠡᠳ ᠲᠠᠯᠠᠪᠠᠢ ᠨᠢ 120 ᠲᠡᠭᠰᠢ ᠲᠦᠷᠪᠡᠯᠵᠢᠨ ᠮᠧᠳ᠋ᠷ ᠠᠴᠠ ᠭᠡᠳᠤᠷᠡᠭᠰᠡᠨ ᠪᠠᠶᠢᠪᠠᠯ | ᠭᠡᠳᠤᠷᠡᠭᠰᠡᠨ ᠭᠡᠰᠡᠭ ᠢᠶᠠᠷ ᠢᠶᠠᠨ ᠭᠡᠷ ᠬᠦᠷᠦᠩᠭᠡ ᠶᠢᠨ ᠭᠠᠶᠢᠯᠢ ᠲᠤᠰᠢᠶᠠᠬᠤ ᠭᠡᠷᠡᠭᠳᠠᠢ᠃ | 7. ᠦᠷ᠎ᠠ ᠭᠡᠤᠭᠡᠳ ᠨᠢ ᠤᠷᠤᠭᠯᠠᠭᠰᠠᠨ ᠤ ᠲᠠᠷᠠᠭ᠎ᠠ ᠡ᠊ᠨᠳᠡᠯ ᠠᠴᠠ ᠪᠤᠯᠵᠤ ᠨᠠᠰᠤ ᠪᠠᠷᠠᠪᠠᠯ᠂ ᠭᠡᠷ ᠤᠨ ᠬᠦᠮᠦᠨ ᠨᠢ | ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠶᠢ ᠨᠢ ᠵᠠᠯᠭᠠᠮᠵᠢᠯᠠᠬᠤ ᠡᠷᠭᠡ ᠲᠠᠢ᠃ ᠠᠪᠤ ᠡᠵᠢ ᠪᠠ ᠨᠠᠰᠤᠨ ᠳᠤ ᠬᠦᠷᠦᠭᠡᠳᠤᠢ | ᠭᠡᠤᠭᠡᠳ ᠤᠨ ᠬᠢᠨᠢ ᠰᠠᠭᠤᠵᠤ ᠪᠠᠶᠢᠭᠰᠠᠨ ᠭᠡᠷ ᠪᠠᠶᠢᠰᠢᠩ ᠨᠢ ᠭᠡᠳᠦ᠋ᠢᠪᠡᠷ ᠲᠠᠳᠠᠨ ᠤ ᠬᠠᠮᠳᠤ ᠶᠢᠨ ᠡᠳ᠋ ᠬᠦᠷᠦᠩᠭᠡ ᠪᠤᠯᠬᠤ | ᠪᠤᠯᠪᠠᠴᠤ ᠦᠷ᠎ᠠ ᠭᠡᠤᠭᠡᠳ ᠲᠤᠨᠢ ᠰᠠᠨᠠᠭᠠᠨ ᠳᠤ ᠦᠭᠡᠢ ᠤᠴᠢᠷ ᠲᠠᠭᠠᠷᠠᠪᠠᠯ᠂ ᠦᠷ᠎ᠠ ᠭᠡᠤᠭᠡᠳ ᠤᠨ ᠬᠢᠨᠢ ᠨᠠᠷᠠ ᠲᠡᠭᠡᠷᠡᠬᠢ | ᠭᠡᠷ ᠪᠠᠶᠢᠰᠢᠩ ᠨᠢ ᠦᠪ ᠬᠦᠷᠦᠩᠭᠡ ᠪᠠᠷ ᠬᠤᠪᠢᠶᠠᠷᠢᠯᠠᠭᠳᠠᠬᠤ ᠪᠠ ᠵᠠᠯᠭᠠᠮᠵᠢᠯᠠᠭᠳᠠᠬᠤ ᠪᠤᠯᠤᠨ᠎ᠠ᠃ | | | | ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠦᠨ ᠤ ᠮᠤᠩᠭᠤᠯ ᠰᠦᠯᠵᠢᠶ᠎ᠡ | ᠪᠠᠭᠤᠯᠭᠠᠭᠰᠠᠨ ᠨᠢ᠄ ᠰᠠᠷᠠᠭᠤᠯ |