ᠱᠠᠩᠳᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠴᠢᠶᠠᠨ ᠪᠢᠨ ᠪᠦᠬᠦ ᠰᠢᠶᠠᠨ ᠤ ᠤᠳᠤᠷᠢᠳᠬᠤ ᠺᠠᠳ᠋ᠷ ᠲᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2019-11-16
      11 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠢᠶᠠᠨ ᠪᠢᠨ ︽ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠡᠭᠡᠷ᠎ᠡ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ︾ ᠪᠠᠷ ᠭᠤᠤᠯ ᠰᠡᠳᠦᠪ ᠪᠣᠯᠭᠠᠵᠤ᠂ ᠪᠦᠬᠦ ᠰᠢᠶᠠᠨ ᠤ ᠤᠳᠤᠷᠢᠳᠬᠤ ᠺᠠᠳ᠋ᠷ ᠲᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠬᠢᠪᠡ᠃
      ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠳᠤᠭᠤᠶᠢᠯᠠᠩ ᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠢᠴᠢ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠭᠡᠷ ᠲᠡᠭᠡᠨ ᠪᠠᠶᠢᠭ᠎ᠠ ᠰᠢᠶᠠᠨ ᠤ ᠭᠠᠵᠠᠷ ᠤᠨ ᠳᠡᠰ ᠤᠨ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠪᠠ᠃
        ᠶᠢᠨ ᠴᠢᠶᠠᠨ ᠪᠢᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠦᠶ᠎ᠡ ᠭᠡᠪᠡᠯ᠂ ᠡᠪ ᠬᠠᠮᠲᠤ ᠶᠣᠰᠣ ᠶᠢᠨ ᠠᠯᠤᠰ ᠤᠨ ᠬᠦᠰᠡᠯᠡᠩ ᠶᠢ ᠪᠣᠶ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠵᠦ᠂ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠤᠭ ᠰᠠᠨᠠᠭ᠎ᠠ ᠨᠢ ᠡᠯᠪᠡᠭ ᠪᠠᠶᠠᠯᠢᠭ ᠠᠭᠤᠯᠤᠭᠳᠠᠬᠤᠨ ᠲᠠᠢ ᠶᠤᠮ᠂ ᠤᠭ ᠰᠠᠨᠠᠭ᠎ᠠ ᠨᠢ ᠡᠬᠢᠯᠡᠯᠲᠡ ᠶᠢᠨ ᠦᠶ᠎ᠡ ᠶᠢᠨ ᠠᠮᠠᠯᠠᠯᠲᠠ ᠪᠠ ᠢᠲᠡᠭᠡᠯ ᠪᠢᠰᠢᠷᠡᠯ ᠪᠣᠯᠬᠤ ᠪᠥᠭᠡᠳ ᠪᠠᠰᠠ ᠴᠤ ᠬᠦᠴᠢᠷᠳᠡᠯ ᠤᠨ ᠳᠤᠮᠳᠠ  ᠭᠦᠢᠴᠡᠳᠭᠡᠬᠦ ᠬᠠᠷᠢᠭᠤᠴᠠᠯᠭ᠎ᠠ ᠪᠠ ᠡᠭᠦᠷᠭᠡᠯᠡᠯ ᠪᠣᠯᠤᠨ᠎ᠠ᠃ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠬᠦᠰᠡᠯᠡᠩ᠂ ᠢᠲᠡᠭᠡᠯ ᠪᠢᠰᠢᠷᠡᠯ᠂ ᠵᠣᠷᠢᠯᠲᠠ ᠮᠥᠨ᠂ ᠬᠠᠮᠤᠭ ᠤᠨ  ᠳᠡᠭᠡᠳᠦ ᠬᠥᠲᠥᠯᠪᠦᠷᠢ ᠪᠠ ᠲᠡᠮᠡᠴᠡᠬᠦ ᠬᠠᠷᠠᠯᠲᠠ ᠮᠥᠨ᠂ ᠲᠡᠮᠡᠴᠡᠯ ᠤᠨ ᠵᠣᠷᠢᠭ ᠰᠠᠨᠠᠭ᠎ᠠ ᠪᠠ ᠰᠢᠯᠢᠳᠡᠭ ᠤᠪᠦᠷ ᠰᠤᠷᠳᠠᠯ ᠮᠥᠨ᠃       ᠶᠢᠨ ᠴᠢᠶᠠᠨ ᠪᠢᠨ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠬᠦᠷᠴᠦ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ᠃ ᠨᠠᠩ ᠪᠢᠯᠬᠠᠮ᠎ᠠ ᠤᠯᠤᠰ ᠲᠥᠷᠥ ᠶᠢᠨ ᠬᠠᠯᠠᠭᠤᠨ ᠰᠡᠳᠬᠢᠯᠭᠡ᠂ ᠨᠠᠩ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠳᠡᠯᠦᠨ ᠵᠢᠯᠣᠭᠤᠳᠴᠤ  ᠪᠠᠶᠢᠭᠠᠳ ᠤᠭ ᠰᠠᠨᠠᠭ᠎ᠠ ᠪᠠᠨ ᠪᠠᠲᠤ ᠰᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠭᠦᠯᠵᠦ᠂ ᠡᠯ᠎ᠡ ᠵᠤᠶᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠱᠠᠲᠤ ᠦᠶ᠎ᠡ ᠲᠡᠶᠢᠰᠢ ᠠᠬᠢᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃       ᠲᠣᠰ ᠤᠳᠠᠭ᠎ᠠ ᠶᠢᠨ ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠨᠠᠮ ᠤᠨ ᠭᠡᠰᠢᠭᠦᠨ ᠺᠠᠳ᠋ᠷᠴᠤᠳ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠭᠦᠨᠵᠡᠭᠡᠶ ᠣᠶᠢᠯᠠᠭᠠᠯᠲᠠ ᠶᠢ ᠴᠢᠨᠠᠭᠰᠢᠳᠠ ᠴᠢᠩᠭᠠᠳᠬᠠᠵᠤ᠂ ᠰᠤᠷᠤᠯᠴᠠᠯᠭ᠎ᠠ ᠳᠤ ᠣᠷᠣᠯᠴᠠᠭᠰᠠᠨ ᠨᠠᠮ ᠤᠨ ᠭᠡᠰᠢᠭᠦᠳ᠂ ᠲᠣᠰ ᠤᠳᠠᠭ᠎ᠠ ᠶᠢᠨ ᠨᠠᠮ ᠤᠨ ᠬᠢᠴᠢᠶᠡᠯ ᠤᠨ ᠭᠤᠤᠯ ᠰᠡᠳᠦᠪ ᠨᠢ ᠠᠮᠢᠳᠤᠯᠢᠭ ᠪᠣᠳᠠᠲᠠᠶ ᠪᠠᠶᠢᠵᠤ᠂ ᠣᠯᠠᠨ ᠢᠶᠠᠷ ᠢᠶᠠᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠨᠠᠮ ᠤᠨ ᠭᠡᠰᠢᠭᠦᠨ ᠤ ᠪᠡᠶ᠎ᠡ ᠭᠡᠮ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠬᠤ ᠬᠡᠷᠡᠭᠲᠡᠶ ᠭᠡᠵᠦ ᠢᠯᠡᠳᠬᠡᠵᠡᠭᠡᠪᠡ᠃ ᠡᠳᠦᠷ ᠲᠣᠲᠤᠮ ᠤᠨ ᠠᠵᠢᠯ ᠪᠠ ᠠᠮᠢᠳᠤᠷᠠᠯ ᠤᠨ ᠳᠤᠮᠳᠠ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠱᠠᠭᠠᠷᠳᠠᠯᠭ᠎ᠠ ᠶᠣᠰᠣᠭᠠᠷ᠂ ᠥᠪᠡᠷ ᠢ ᠪᠠᠨ ᠴᠢᠩᠭ᠎ᠠ ᠱᠠᠭᠠᠷᠳᠠᠵᠤ᠂ ᠥᠪᠡᠷ ᠢ ᠪᠠᠨ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠵᠤ᠂ ᠠᠷᠠᠳ ᠲᠦᠮᠡᠨ ᠳᠤ ᠪᠤᠶᠠᠨ ᠵᠢᠷᠭᠠᠯ ᠤᠯᠭᠤᠵᠤ᠂ ᠪᠤᠳᠠᠳᠤ ᠰᠠᠶᠢᠨ ᠶᠠᠪᠤᠳᠠᠯ ᠬᠢᠵᠦ ᠥᠭᠭᠦᠨ᠎ᠡ᠃                                                   ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2