ᠱᠢ ᠲᠠᠢ ᠹᠧᠩ᠄ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2019-11-26
     11 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠳᠤ ᠭᠦᠨᠵᠡᠭᠡᠶᠢᠷᠡᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃      11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠪᠤᠤ ᠭᠠᠩ ᠪᠤᠯᠤᠳ ᠲᠡᠮᠦᠷ ᠪᠦᠯᠦᠭᠯᠡᠯ ᠺᠣᠮᠫᠠᠨᠢ ᠶᠢᠨ ᠬᠤᠪᠣᠷ ᠰᠢᠷᠣᠶ ᠶᠢᠨ ᠪᠣᠯᠣᠳ ᠬᠠᠪᠲᠠᠰᠤᠨ ᠮᠠᠲ᠋ᠧᠷᠢᠶᠠᠯ ᠤᠨ ᠦᠢᠯᠡᠳᠪᠦᠷᠢ ᠶᠢᠨ ᠳᠠᠰᠤᠭ ᠲᠤ ᠬᠦᠷᠴᠦ᠂ ᠬᠦᠢᠲᠡᠨ ᠬᠡᠪᠰᠢᠭᠦᠯᠭᠡ ᠵᠠᠯᠭᠠᠭ᠎ᠠ ᠪᠠᠷ ᠭᠠᠯ ᠵᠣᠭᠰᠣᠭᠰᠠᠨ ᠦᠢᠯᠡᠳᠪᠦᠷᠢᠯᠡᠯ ᠤᠨ ᠤᠷᠠᠨ ᠳᠠᠷᠬ᠎ᠠ ᠵᠢᠴᠢ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠡᠶᠢᠯᠡᠯ ᠵᠠᠭᠤᠴᠢᠯᠠᠭᠤᠷ ᠤᠨ ᠰᠤᠷᠪᠤᠯᠵᠢᠯᠠᠭᠴᠢ       ᠶᠤᠸᠠᠨ ᠶᠦᠩ ᠬᠤᠩ       ᠰᠡᠭᠦᠳᠡᠷᠯᠡᠪᠡ
     ᠱᠢ ᠲᠠᠢ ᠹᠧᠩ ᠳᠤᠮᠳᠠᠳᠤ ᠤᠯᠤᠰ ᠤᠨ ᠰᠢᠯᠵᠢᠮᠡᠯ ᠲᠤᠭ᠎ᠠ ᠪᠠᠷᠢᠮᠲᠠ ᠶᠢᠨ ᠲᠥᠪ ᠪᠣᠯᠤᠨ ᠵᠦᠩ ᠬᠤᠸᠠᠨ ᠰᠢᠶᠧ ᠰᠢᠨ᠂ ᠰᠢᠶᠠᠨ ᠬᠤᠩ᠂ ᠶᠢᠨ ᠢᠦᠶ᠂ ᠱᠠᠨ ᠱᠠᠨ᠂  ᠪᠧᠢ ᠹᠠᠩ ᠵᠢᠶᠠ ᠿᠦᠢ᠂ ᠪᠤᠤ ᠭᠠᠩ᠂ ᠢ ᠵᠢᠶ᠂ ᠴᠢ ᠿᠦᠢ᠂ ᠵᠢᠩ ᠳ᠋ᠦᠩ ᠹᠠᠩ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ᠂ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ᠂ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠵᠠᠬ᠎ᠠ ᠳᠡᠯᠭᠡᠭᠦᠷᠴᠢᠯᠡᠨ ᠠᠵᠢᠯᠯᠠᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠢ ᠣᠨᠳᠣᠤᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨ᠎ᠡ ᠶᠢ ᠡᠭᠦᠳᠬᠦ ᠤᠨᠴᠠᠭᠠᠶᠢᠯᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠬᠥᠭᠵᠢᠯᠲᠡ ᠶᠢ ᠬᠦᠴᠦᠲᠡᠶ ᠠᠳᠬᠤᠵᠤ᠂ ᠲᠣᠰ ᠭᠠᠵᠠᠷ ᠣᠷᠣᠨ ᠤ ᠳᠠᠪᠠᠭᠤᠯᠢᠭ ᠲᠠᠭᠠᠨ ᠰᠠᠭᠤᠷᠢᠯᠠᠨ᠂ ᠭᠤᠤᠯᠯᠠᠬᠤ ᠠᠵᠤ ᠠᠬᠤᠶᠢᠯᠠᠯ ᠳᠤ ᠲᠦᠰᠢᠭᠯᠡᠨ᠂ ᠬᠤᠳᠠᠯᠳᠤᠭᠠᠴᠢᠨ ᠤᠷᠢᠵᠦ ᠪᠡᠯᠡ ᠮᠥᠩᠭᠦ ᠴᠤᠭᠯᠠᠭᠤᠯᠬᠤ ᠠᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠺᠣᠮᠫᠠᠨᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠠᠵᠤ ᠦᠢᠯᠡᠰ ᠢ ᠨᠡᠪᠴᠢᠭᠦᠯᠬᠦ᠂ ᠦᠷ᠎ᠡ ᠪᠦᠲᠦᠭᠡᠯ ᠢ ᠣᠨᠳᠣᠤᠰᠢᠭᠤᠯᠬᠤ ᠵᠡᠷᠭᠡ ᠦᠷ᠎ᠡ ᠪᠦᠲᠦᠮᠵᠢ ᠶᠢ ᠭᠦᠨᠵᠡᠭᠡᠶ ᠣᠢᠯᠠᠭᠠᠭᠰᠠᠨ ᠤ ᠳᠠᠷᠠᠭ᠎ᠠ᠂ ᠲᠡᠷᠡ᠂ ᠰᠢᠨ᠎ᠡ ᠶᠢ ᠡᠭᠦᠳᠬᠦ ᠳᠤ ᠮᠡᠷᠭᠡᠵᠢᠯ ᠳᠤ ᠲᠦᠰᠢᠭᠯᠡᠬᠦ ᠮᠦᠷᠳᠡᠬᠡᠨ ᠬᠥᠷᠥᠩᠭᠡ ᠳᠤ ᠲᠦᠰᠢᠭᠯᠡᠬᠦ ᠬᠡᠷᠡᠭᠲᠡᠶ᠂ ᠡᠯ᠎ᠡ ᠲᠥᠷᠥᠯ ᠤᠨ ᠬᠥᠷᠥᠩᠭᠡ ᠶᠢ ᠲᠡᠳᠡᠨ ᠣᠷᠣᠯᠴᠠᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠵᠦᠩ ᠲᠢᠶᠠᠨ ᠾᠧ ᠴᠤᠸᠠᠩ᠂ ᠵᠦᠩ ᠮᠧᠶ ᠡᠤ ᠨᠧᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠱᠢ ᠲᠠᠢ ᠹᠧᠩ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠡᠷᠭᠢᠯᠲᠡ ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠶᠡᠬᠡᠪᠡᠷ ᠠᠬᠢᠭᠤᠯᠵᠤ᠂ ᠡᠬᠢ ᠪᠠᠶᠠᠯᠢᠭ ᠢ ᠣᠨᠳᠣᠤᠰᠢᠭᠤᠯᠤᠨ ᠥᠷᠳᠡᠭ ᠨᠡᠮᠡᠭᠳᠡᠭᠦᠯᠬᠦ ᠲᠦᠪᠰᠢᠨ ᠢ ᠳᠡᠭᠡᠭᠰᠢᠯᠡᠭᠦᠯᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠢ ᠯᠢ ᠪᠣᠯᠤᠨ ᠮᠧᠩ ᠨᠢᠤ ᠬᠤᠶᠠᠷ ᠶᠡᠭᠡ ᠰᠦ ᠶᠢᠨ ᠦᠢᠯᠡᠰ ᠤᠨ ᠪᠦᠯᠦᠭᠯᠡᠯ ᠢ ᠰᠢᠨᠵᠢᠯᠡᠨ ᠪᠠᠶᠢᠴᠠᠭᠠᠬᠤ ᠳᠠᠭᠠᠨ᠂ ᠲᠡᠷᠡ ᠠᠵᠤ ᠠᠬᠤᠶᠢᠯᠠᠯ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠳᠡᠯᠡᠬᠡᠶ ᠶᠢᠨ ᠲᠡᠷᠢᠭᠦᠨ ᠵᠡᠷᠭᠡ ᠶᠢᠨ ᠰᠦ ᠶᠢᠨ ᠦᠢᠯᠡᠰ ᠤᠨ ᠠᠵᠤ ᠠᠬᠤᠶᠢᠯᠠᠯ ᠢ ᠪᠠᠶᠢᠭᠤᠯᠪᠠ᠃      ᠱᠢ ᠲᠠᠢ ᠹᠧᠩ ᠬᠠᠳᠤᠨ ᠭᠤᠤᠯ ᠳᠠᠭᠠᠤ ᠶᠢᠨ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠣᠯᠤᠨ ᠵᠠᠰᠠᠯᠲᠠ ᠶᠢᠨ ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠨ᠎ᠠ᠃ ᠲᠡᠷᠡ ᠪᠤᠭᠤᠲᠤ ᠬᠤᠲᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ᠂ ᠬᠠᠳᠤᠨ ᠭᠤᠤᠯ ᠤᠨ ᠪᠤᠭᠤᠲᠤ ᠶᠢᠨ ᠬᠡᠰᠡᠭ ᠤᠨ ᠠᠮᠢ ᠠᠬᠤᠶ ᠶᠢ ᠬᠠᠮᠠᠭᠠᠯᠠᠬᠤ᠂ ᠡᠵᠡᠨ ᠬᠤᠷᠤᠭ᠎ᠠ ᠬᠤᠰᠢᠭᠤᠨ ᠤ ᠲᠢᠶᠠᠨ ᠵᠢᠶᠤᠤ ᠠᠮᠢ ᠠᠬᠤᠢ ᠶᠢᠨ ᠰᠣᠶᠣᠯ ᠤᠨ ᠣᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠡᠵᠢ ᠭᠤᠤᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠶ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠭᠡ ᠳᠠᠩᠰᠠ᠂ ᠠᠯᠤᠰ ᠬᠡᠲᠦ ᠶᠢᠨ ᠳᠠᠩᠰᠠ᠂ ᠪᠦᠬᠦᠯᠢ ᠴᠣᠭᠴᠠ ᠶᠢᠨ ᠳᠠᠩᠰᠠ᠂ ᠶᠡᠷᠦᠩᠬᠡᠶᠢᠯᠡᠭᠰᠡᠨ ᠳᠠᠩᠰᠠ ᠶᠢ ᠪᠤᠳᠤᠬᠤ ᠬᠡᠷᠡᠭᠲᠡᠶ᠂ ᠤᠷᠢᠳ ᠢᠶᠠᠷ ᠪᠣᠬᠢᠷᠲᠤᠭᠤᠯᠵᠤ ᠰᠡᠭᠦᠯᠡᠷ ᠨᠢ ᠵᠠᠰᠠᠬᠤ ᠬᠠᠭᠤᠴᠢᠨ ᠵᠠᠮ ᠢᠶᠠᠷ ᠶᠠᠭᠠᠬᠢᠭᠰᠠᠨ ᠴᠤ ᠶᠠᠪᠤᠵᠤ ᠪᠣᠯᠬᠤ ᠦᠭᠡᠢ᠃ ᠮᠧᠩ ᠼᠤᠤ ᠺᠣᠮᠫᠠᠨᠢ ᠶᠢᠨ ᠠᠮᠢ ᠠᠬᠤᠢ ᠶᠢᠨ ᠵᠠᠰᠠᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠨᠠᠷᠢᠨ ᠤᠶᠢᠯᠭᠠᠭᠰᠠᠨ ᠤ ᠳᠠᠷᠠᠭ᠎ᠠ᠂ ᠲᠡᠷᠡ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠶᠢ ᠬᠦᠨᠳᠦᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ ᠬᠠᠮᠤᠭ ᠤᠨ ᠰᠠᠶᠢᠨ ᠵᠠᠰᠠᠯᠲᠠ ᠶᠢᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠣᠯᠠᠨ ᠳᠠᠪᠬᠤᠷ ᠵᠠᠰᠠᠯᠲᠠ ᠶᠢᠨ ᠦᠷ᠎ᠡ ᠠᠰᠢᠭ ᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠵᠠᠩ ᠶᠤᠸᠠᠨ ᠵᠦᠩ ᠲᠣᠰ ᠲᠣᠰ ᠬᠥᠬᠡᠬᠤᠲᠠ ᠪᠣᠯᠤᠨ ᠪᠤᠭᠤᠲᠤ ᠬᠤᠲᠠ ᠶᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠮᠠ ᠰᠢᠤᠸᠠᠢ ᠵᠢᠶᠦ᠋ᠨ᠂ ᠵᠠᠩ ᠱᠣᠣ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                  ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2