ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠨ ᠠᠮᠤᠷ ᠲᠤᠭᠳᠠᠭᠤᠨ ᠢ ᠪᠠᠳᠤᠯᠠᠵᠤ ᠵᠠᠰᠠᠬᠤ ᠠᠵᠢᠯ ᠢ ᠴᠢᠩᠭᠠᠳᠬᠠᠵᠤ ᠠᠷᠠᠳ ᠤᠨ ᠠᠮᠢᠳᠤᠷᠠᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2019-03-05
ᠭᠤᠤᠯ ᠰᠡᠳᠦᠪ᠄ ᠬᠠᠷ᠎ᠠ ᠪᠦᠯᠦᠭᠲᠡᠨ ᠬᠠᠷᠬᠢᠰ ᠬᠦᠴᠦᠨ ᠢ  ᠤᠰᠠᠳᠬᠠᠨ ᠠᠮᠤᠷ ᠲᠤᠭᠳᠠᠭᠤᠨ ᠢ ᠪᠠᠳᠤᠯᠠᠵᠤ ᠵᠠᠰᠠᠬᠤ ᠠᠵᠢᠯ ᠢ ᠴᠢᠩᠭᠠᠳᠬᠠᠵᠤ ᠠᠷᠠᠳ ᠤᠨ ᠠᠮᠢᠳᠤᠷᠠᠯ ᠢ ᠬᠠᠮᠠᠭᠠᠯᠠᠨ᠎ᠠᠰᠤᠷᠪᠤᠯᠵᠢᠯᠠᠭᠰᠠᠨ ᠴᠠᠭ᠄2019 ᠤᠨ ᠤ1 ᠰᠠᠷ᠎ᠠ ᠶᠢᠨ4 ᠤ ᠡᠳᠦᠷᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠵᠠᠰᠠᠭ ᠤᠨ ᠤᠷᠳᠤᠨ ᠤ ᠳᠡᠳ᠋ ᠰᠢᠶᠠᠨ ᠤ ᠳᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠪᠴᠢᠶᠠᠨ ᠲᠠᠷᠤᠭ᠎ᠠᠲᠤᠪᠴᠢ ᠠᠭᠤᠯᠭ᠎ᠠ᠄ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠤᠭᠡᠨ ᠡᠬᠢᠯᠡᠭᠰᠡᠨ ᠠᠴᠠ ᠨᠠᠭᠠᠰᠢ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠬᠤᠷᠢᠶ᠎ᠠ᠂ ᠰᠢᠶᠠᠨ ᠤ ᠬᠤᠷᠢᠶ᠎ᠠ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯ ᠤᠨ ᠲᠤᠬᠠᠢ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠬᠤᠷᠠᠯ ᠤᠨ ᠵᠤᠷᠢᠭ ᠰᠠᠨᠠᠭ᠎ᠠ ᠶᠢ ᠮᠠᠨ ᠤ ᠰᠢᠶᠠᠨ ᠡᠷᠡᠰ ᠨᠠᠶᠢᠳᠠᠪᠤᠷᠢᠵᠢᠭᠤᠯᠪᠠ᠃︽ᠬᠠᠷ᠎ᠠ ᠪᠠᠶᠢᠪᠠᠯ ᠬᠠᠷ᠎ᠠ ᠶᠢ ᠨᠢ ᠴᠤᠬᠢᠵᠤ᠂ ᠬᠠᠷ᠎ᠠ ᠦᠭᠡᠢ ᠪᠤᠯ ᠬᠠᠷᠬᠢᠰ ᠢ ᠨᠢ ᠠᠷᠢᠯᠭᠠᠵᠤ ᠂ ᠬᠠᠷᠬᠢᠰ ᠦᠭᠡᠢ ᠪᠤᠯ ᠰᠠᠮᠠᠭᠤᠷᠠᠯ ᠢ ᠵᠠᠰᠠᠬᠤ︾ ᠶᠠᠷᠤᠩᠬᠡᠢ ᠱᠠᠭᠠᠷᠳᠠᠯᠭ᠎ᠠ ᠶᠢ ᠪᠠᠷᠢᠮᠳᠠᠯᠠᠵᠤ᠂ ᠦᠨᠡᠨ ᠪᠤᠳᠠᠳᠠᠢ ᠪᠠᠷ ᠲᠤᠰᠬᠠᠶᠢᠵᠢᠯᠡᠨ ᠵᠠᠰᠠᠬᠤ᠂ ᠰᠢᠰᠲ᠋ᠧᠮᠵᠢᠯᠡᠨ ᠵᠠᠰᠠᠬᠤ᠂ ᠶᠠᠷᠤᠩᠬᠡᠶᠢᠯᠡᠨ ᠵᠠᠰᠠᠬᠤ᠂ ᠬᠠᠤᠯᠢ ᠶᠤᠰᠤᠭᠠᠷ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠵᠡᠷᠭᠡ ᠶᠢ ᠵᠤᠬᠢᠴᠠᠭᠤᠯᠤᠨ᠂ ᠬᠠᠷ᠎ᠠ ᠪᠦᠯᠦᠭᠲᠡᠨ ᠤ ᠬᠠᠤᠯᠢ ᠠᠴᠠ ᠵᠦᠷᠢᠴᠡᠭᠰᠡᠨ ᠠᠵᠢᠯᠠᠯᠭ᠎ᠠ ᠳᠤ ᠬᠦᠴᠦᠳᠠᠢ ᠴᠤᠬᠢᠯᠲᠠ ᠦᠭᠴᠦ᠂ ᠬᠠᠷ᠎ᠠ ᠪᠦᠯᠦᠭᠳᠡᠨ ᠤ ᠦᠷᠬᠦᠯᠵᠢᠯᠡᠨ ᠪᠦᠷᠢᠯᠳᠦᠬᠦ ᠪᠠᠶᠢᠳᠠᠯ ᠢ ᠠᠷᠢᠯᠭᠠᠵᠤ᠂ ᠴᠤᠬᠢᠯᠲᠠ ᠦᠭᠴᠦ ᠰᠡᠷᠭᠡᠶᠢᠯᠡᠬᠦ ᠤᠷᠳᠦ ᠬᠤᠭᠤᠴᠠᠭᠠᠨ ᠤ ᠲᠤᠭᠳᠠᠴᠠ ᠶᠢ ᠪᠦᠷᠢᠯᠳᠦᠭᠦᠯᠦᠨ᠎ᠡ᠃ ᠵᠠᠰᠠᠭ ᠤᠨ ᠤᠷᠳᠤᠨ ᠤ ᠳᠡᠳ᠋ ᠰᠢᠶᠠᠨ ᠤ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠪᠴᠢᠶᠠᠨ ᠲᠠᠷᠤᠭ᠎ᠠ ᠸᠠᠩ ᠰᠢᠶᠤᠤ ᠳ᠋ᠦᠩ ᠨᠦᠬᠦᠷ ᠠᠮᠤᠷ ᠲᠦᠪᠰᠢᠨ ᠱᠠᠩᠳᠤ ᠶᠢ ᠪᠦᠳᠦᠭᠡᠨ ᠪᠠᠶᠢᠭᠤᠯᠬᠤ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠦᠬᠦ ᠰᠢᠶᠠᠨ ᠤ ᠨᠡᠶᠢᠭᠡᠮ ᠤᠨ ᠠᠮᠤᠷ ᠲᠦᠪᠰᠢᠨ ᠤ ᠲᠤᠭᠳᠠᠭᠤᠨ ᠪᠠᠶᠢᠳᠠᠯ ᠢ ᠬᠠᠮᠠᠭᠠᠯᠠᠵᠤ᠂ ᠰᠤᠷᠪᠤᠯᠵᠢᠯᠠᠭ᠎ᠠ ᠶᠢ ᠬᠦᠯᠢᠶᠡᠨ ᠠᠪᠤᠪᠠ᠃ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ᠄
ᠰᠤᠷᠪᠤᠯᠵᠢᠯᠠᠭᠴᠢ᠄ ᠰᠠᠶᠢᠨ ᠪᠠᠶᠢᠵᠠᠭᠠᠨᠤ︖ ᠱᠠᠩᠳᠤ ᠰᠢᠶᠠᠨ ᠤ ᠵᠠᠰᠠᠭ ᠤᠨ ᠤᠷᠳᠤᠨ ᠤ ᠳᠡᠳ᠋ ᠰᠢᠶᠠᠨ ᠤ ᠲᠠᠷᠤᠭ᠎ᠠ ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠪᠴᠢᠶᠠᠨ ᠲᠠᠷᠤᠭ᠎ᠠ ᠸᠠᠩ ᠰᠢᠶᠤᠤ ᠳ᠋ᠦᠩ ᠢ ᠪᠠᠶᠠᠷᠯᠠᠨ ᠤᠭᠳᠤᠶ᠎ᠠ︕      ᠲᠠ ᠡᠨᠡ ᠤᠳᠠᠭᠠᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠠᠵᠢᠯᠠᠯᠭ᠎ᠠ ᠳᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠭᠤᠤᠯ ᠡᠭᠦᠷᠭᠡ ᠨᠢ ᠶᠠᠭᠤ ᠪᠤᠯᠬᠤ ᠶᠢ ᠲᠠᠨᠢᠯᠴᠠᠭᠤᠯᠤᠭᠠᠳ ᠦᠭᠭᠦᠨ᠎ᠡ ᠤᠤ︖ᠸᠠᠩ ᠰᠢᠶᠤᠤ ᠳ᠋ᠦᠩ᠄ ᠨᠠᠮ ᠤᠨ ᠲᠦᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠬᠡᠪᠴᠢᠶᠡᠨ ᠳᠤ ᠭᠤᠷᠪᠠᠨ ᠵᠢᠯ ᠤᠨ ᠬᠤᠭᠤᠴᠠᠭᠠᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠤᠭᠡᠨ ᠢ ᠦᠷᠨᠢᠭᠦᠯᠭᠦ ᠪᠠᠷ ᠲᠤᠭᠳᠠᠭᠠᠭᠰᠠᠨ ᠠᠴᠠ ᠨᠠᠭᠠᠰᠢ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠭᠤᠤᠯ ᠬᠦᠴᠦᠨ ᠪᠤᠯᠤᠭᠰᠠᠨ ᠤ ᠬᠤᠪᠢ ᠳᠤ᠂ ᠰᠢ ᠶᠢᠨ ᠫᠢᠩ ᠶᠠᠷᠤᠩᠬᠡᠢ ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ ᠲᠦᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ︽ᠮᠡᠳᠡᠭᠳᠡᠯ︾ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠬᠤᠷᠢᠶ᠎ᠠ ᠪᠠ ᠲᠡᠭᠡᠷ᠎ᠡ ᠱᠠᠳᠤᠨ ᠤ ᠲᠤᠳᠤᠭᠠᠳᠤ ᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠳᠦᠯᠳᠠᠢ ᠪᠠᠶᠢᠷᠢᠯᠠᠭᠤᠯᠤᠯᠲᠠ ᠪᠠᠷ ᠬᠠᠷ᠎ᠠ ᠬᠠᠷᠬᠢᠰ ᠠᠰᠠᠭᠤᠳᠠᠯ ᠢᠯᠡᠷᠬᠡᠢ ᠴᠢᠬᠤᠯᠠ ᠭᠠᠵᠠᠷ ᠤᠷᠤᠨ᠂ ᠴᠢᠬᠤᠯᠠ ᠠᠵᠢᠯ ᠲᠦᠷᠦᠯ᠂ ᠴᠢᠬᠤᠯᠠ ᠬᠦᠷᠢᠶ᠎ᠡ ᠪᠠ ᠠᠷᠠᠳ ᠤᠯᠠᠨ ᠤ ᠲᠤᠰᠬᠠᠯ ᠬᠠᠮᠤᠭ ᠤᠨ ᠴᠢᠩᠭ᠎ᠠ᠂ ᠬᠠᠮᠤᠭ ᠤᠨ ᠭᠦᠨ ᠬᠠᠷᠬᠢᠰ ᠬᠠᠷ᠎ᠠ ᠪᠦᠯᠦᠭᠳᠡᠨ ᠤ ᠬᠦᠴᠦᠨ ᠤ ᠬᠠᠤᠯᠢ ᠶᠢ ᠵᠦᠷᠢᠴᠡᠭᠰᠡᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠤᠭᠡᠨ ᠢ ᠴᠢᠬᠤᠯᠠ ᠤᠯᠤᠰ ᠲᠦᠷᠥ ᠶᠢᠨ ᠡᠭᠦᠷᠭᠡ ᠪᠤᠯᠭᠠᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ︽ᠬᠠᠷ᠎ᠠ ᠪᠦᠯᠦᠭᠳᠡᠨ ᠳᠤ ᠴᠤᠬᠢᠯᠲᠠ ᠦᠭᠬᠦ᠂ ᠬᠠᠷᠬᠢᠰ ᠢ ᠠᠷᠢᠯᠭᠠᠵᠤ ᠡᠭᠦᠷᠭᠡ ᠪᠠᠨ ᠪᠡᠶᠡᠯᠡᠭᠦᠯᠭᠦ︾ ᠢᠯᠡᠷᠬᠡᠢ ᠤᠪᠥᠷ ᠢ ᠲᠡᠯᠭᠡᠨ᠂︽ᠬᠦᠴᠦᠳᠠᠢ ᠨᠢᠳᠤᠷᠭ᠎ᠠ ᠭᠠᠷᠭᠠᠵᠤ᠂ ᠬᠠᠳᠠᠭᠤ ᠵᠠᠰᠠᠬᠤ︾ ᠬᠦᠴᠦᠲᠠᠢ ᠠᠷᠭ᠎ᠠ ᠠᠪᠴᠢᠯ ᠢ ᠭᠠᠷᠭᠠᠨ᠂︽ᠪᠠᠶᠢᠩᠭᠤ ᠪᠠᠷᠢᠵᠤ᠂ ᠦᠷᠬᠦᠯᠵᠢᠯᠡᠨ ᠲᠠᠷᠤᠬᠤ︾ ᠠᠵᠢᠯ ᠤᠨ ᠢᠳᠡᠪᠬᠢ ᠶᠢ ᠪᠠᠷᠢᠮᠳᠠᠯᠠᠵᠤ᠂ ᠪᠦᠬᠦ ᠰᠢᠶᠠᠨ ᠤ ᠬᠠᠷ᠎ᠠ ᠬᠠᠷᠬᠢᠰ ᠬᠠᠤᠯᠢ ᠠᠴᠠ ᠵᠦᠷᠢᠴᠡᠭᠰᠡᠨ ᠠᠵᠢᠯᠠᠯᠭ᠎ᠠ ᠳᠤ ᠨᠢᠭᠡᠨ ᠤᠳᠠᠭᠠᠨ ᠤ ᠪᠦᠬᠦ ᠲᠠᠯ᠎ᠠ ᠶᠢᠨ᠂ ᠲᠤᠤᠱᠲᠠᠢ᠂ ᠰᠢᠭᠤᠷᠬᠠᠢ ᠶᠡᠭᠡ ᠴᠡᠪᠡᠷᠯᠡᠭᠡ ᠬᠢᠪᠡ᠃ᠰᠤᠷᠪᠤᠯᠵᠢᠯᠠᠭᠴᠢ᠄ ᠡᠨᠡ ᠤᠳᠠᠭᠠᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠤᠭᠡᠨ ᠢ ᠨᠢᠳᠦ ᠬᠠᠭᠤᠷᠤᠭᠠᠳ ᠤᠷᠬᠢᠬᠰᠠᠨ ᠪᠢᠰᠢ ᠬᠡᠳᠡᠭ ᠢ ᠶᠠᠭᠠᠬᠢᠵᠤ ᠪᠠᠳᠤᠯᠠᠬᠤ ᠪᠤᠢ︖ᠸᠠᠩ ᠰᠢᠶᠤᠤ ᠳ᠋ᠦᠩ ᠄ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠤᠭᠡᠨ ᠢ ᠦᠷᠨᠢᠭᠦᠯᠭᠦ ᠲᠤᠮᠲᠠ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠲᠤᠰᠬᠠᠢ ᠪᠦᠯᠦᠭᠯᠡᠯ ᠢ ᠵᠤᠬᠢᠶᠠᠨ ᠪᠠᠶᠢᠭᠤᠯᠵᠤ᠂ ᠡᠯ᠎ᠡ ᠠᠵᠢᠯ ᠤᠨ ᠪᠦᠳᠦᠴᠡ ᠶᠢ ᠲᠡᠭᠦᠯᠳᠡᠷᠵᠢᠭᠦᠯᠵᠦ ᠡᠨᠡ ᠤᠳᠠᠭᠠᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠡᠮᠡᠴᠡᠯᠳᠤᠭᠡᠨ ᠲᠤᠮᠳᠠ ᠭᠤᠤᠯ ᠬᠦᠴᠦᠨ ᠢᠶᠠᠨ ᠪᠦᠬᠦᠲᠡ ᠶᠢ ᠨᠢᠭᠳᠠᠷᠠᠭᠤᠯᠤᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠤ ᠬᠠᠮᠢᠶᠠᠲᠠᠢ ᠰᠤᠷᠠᠭ ᠴᠢᠮᠡᠭᠡ ᠶᠢ ᠨᠢᠭᠡ ᠨᠢᠭᠡ ᠪᠠᠷ ᠦᠨᠡᠯᠡᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠤ ᠰᠡᠵᠢᠭᠳᠡᠨ ᠢᠶᠠᠷ ᠲᠤᠳᠤᠯᠤᠭᠰᠠᠨ ᠢ ᠨᠢᠭᠡ ᠨᠢᠭᠡ ᠪᠠᠷ ᠲᠡᠮᠳᠡᠭᠯᠡᠯ ᠬᠢᠵᠦ᠂ ᠵᠢᠭᠰᠠᠭᠠᠯᠲᠠ ᠭᠠᠷᠭᠠᠵᠤ᠂ ᠮᠦᠷᠳᠡᠨ ᠬᠢᠯᠭᠡᠵᠦ᠂ ᠪᠤᠳᠠᠳᠤ ᠬᠡᠷᠡᠭ ᠲᠤᠳᠤᠷᠬᠠᠢ᠂ ᠪᠠᠷᠢᠮᠲᠠ ᠨᠢ ᠪᠠᠳᠤᠳᠠᠢ ᠪᠤᠯᠪᠡᠯ ᠰᠢᠢᠳᠮᠡᠭᠡᠢ ᠪᠠᠷᠢᠪᠴᠢᠯᠠᠨ᠎ᠠ᠃ ᠤᠬᠠᠭᠤᠯᠭ᠎ᠠ ᠶᠢᠨ ᠮᠠᠲ᠋ᠧᠷᠢᠶᠠᠯ᠂ ᠪᠠᠶᠢᠴᠠᠭᠠᠬᠤ ᠬᠠᠭᠤᠳᠠᠰᠤ ᠲᠠᠷᠠᠭᠠᠵᠤ᠂ ᠵᠠᠷᠯᠠᠯ ᠨᠠᠭᠠᠬᠤ ᠪᠠ ᠡᠯ᠎ᠡ ᠵᠠᠭᠤᠴᠢ ᠮᠠᠳᠡᠭᠡᠯᠡᠯ ᠵᠡᠷᠭᠡ ᠤᠯᠠᠨ ᠵᠤᠶᠢᠯ ᠤᠨ ᠬᠡᠯᠪᠡᠷᠢ ᠪᠠᠷ ᠤᠬᠠᠭᠤᠯᠵᠤ᠂ ᠡᠭᠦᠨ ᠤ ᠵᠡᠷᠭᠡᠪᠡᠷ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ᠂ ᠸᠢᠽᠲ ᠵᠡᠷᠭᠡ ᠤᠯᠠᠨ ᠲᠦᠷᠦᠯ ᠤᠨ ᠴᠢᠮᠡᠭᠡ ᠮᠡᠳᠡᠭᠦᠯᠭᠦ ᠵᠠᠮ ᠢ ᠨᠡᠬᠡᠬᠡᠵᠤ᠂ ᠰᠦᠪᠡᠭᠴᠢ ᠬᠤᠷᠠᠮᠳᠤᠯᠠᠵᠤ᠂ ᠦᠷᠭᠡᠨ ᠤᠯᠠᠨ ᠠᠷᠠᠳ ᠲᠦᠮᠡᠨ ᠤ ᠢᠳᠡᠪᠬᠢ ᠤᠷᠤᠯᠴᠠᠬᠤ ᠶᠢ ᠬᠦᠰᠡᠵᠦ ᠪᠠᠶᠢᠨ᠎ᠠ᠃ᠰᠤᠷᠪᠤᠯᠵᠢᠯᠠᠭᠴᠢ᠄ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠦᠭᠡᠨ ᠠᠴᠠ ᠨᠠᠭᠠᠰᠢ᠂ ᠶᠠᠮᠠᠷ ᠦᠷ᠎ᠡ ᠪᠦᠳᠦᠮᠵᠢ ᠶᠢ ᠤᠯᠤᠭᠰᠠᠨ ᠪᠤᠢ︖ᠸᠠᠩ ᠰᠢᠶᠤᠤ ᠳ᠋ᠦᠩ᠄ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯᠳᠦᠭᠡᠨ ᠤ ᠪᠠᠶᠢᠷᠢᠯᠠᠭᠤᠯᠤᠯᠲᠠ ᠡᠬᠢᠯᠡᠭᠰᠡᠨ ᠠᠴᠠ ᠨᠠᠭᠠᠰᠢ᠂ ᠵᠠᠰᠠᠭ ᠤᠨ ᠤᠷᠳᠤᠨ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠴᠠᠭᠳᠠᠭ᠎ᠠ ᠶᠢ ᠲᠠᠶᠢᠴᠢᠯᠠᠵᠤ᠂ ᠪᠦᠬᠦ ᠴᠢᠳᠠᠯ ᠢᠶᠠᠷ ᠢᠶᠠᠨ ᠴᠢᠷᠮᠠᠶᠢᠵᠤ ᠂ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯ ᠢ ᠯᠠᠪᠳᠠᠭᠤᠨ ᠪᠦᠳᠦᠮᠵᠢᠳᠠᠢ ᠪᠠᠷ ᠦᠷᠨᠢᠭᠦᠯᠭᠦ ᠶᠢ ᠲᠦᠯᠬᠢᠨ ᠠᠬᠢᠭᠤᠯᠪᠠ᠃ ᠦᠨᠦ ᠪᠤᠯᠳᠠᠯ᠎ᠠ᠂ ᠪᠦᠬᠦ ᠰᠢᠶᠠᠨ ᠨᠡᠶᠢᠲᠡ ᠨᠢᠭᠡ ᠬᠠᠷᠬᠢᠰ ᠬᠦᠴᠦᠨ ᠲᠠᠢ ᠬᠤᠯᠪᠤᠭᠳᠠᠬᠤ ᠵᠤᠬᠢᠶᠠᠨ ᠪᠠᠶᠢᠭᠤᠯᠤᠯᠲᠠ᠂ ᠲᠦᠷᠪᠡᠨ ᠬᠠᠷᠬᠢᠰ ᠬᠦᠴᠦᠨ ᠲᠠᠢ ᠬᠤᠯᠪᠤᠭᠳᠠᠬᠤ ᠪᠦᠯᠦᠭᠯᠡᠯ᠂ ᠵᠢᠷᠭᠤᠭ᠎ᠠ ᠠᠴᠠ ᠳᠡᠭᠡᠭᠰᠢ ᠬᠠᠷᠬᠢᠰ ᠬᠦᠴᠦᠨ ᠲᠠᠢ ᠬᠤᠯᠪᠤᠭᠳᠠᠬᠤ ᠬᠡᠯᠪᠡᠷᠢ ᠶᠢᠨ ᠬᠡᠷᠡᠭ ᠢ ᠰᠢᠢᠳᠪᠦᠷᠢᠯᠡᠵᠦ᠂ ᠭᠤᠴᠢᠨ ᠨᠢᠭᠡᠨ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠬᠠᠤᠯᠢ ᠠᠴᠠ ᠵᠦᠷᠢᠴᠡᠭᠰᠡᠨ ᠬᠡᠮᠳᠦ ᠬᠡᠷᠡᠭ ᠤᠨ ᠰᠡᠵᠢᠭᠳᠡᠨ᠂ ᠲᠠᠪᠢᠨ ᠭᠤᠷᠪᠠᠨ ᠵᠤᠷᠪᠤᠰ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠬᠡᠮᠳᠦ ᠬᠡᠷᠡᠭ ᠤᠨ ᠰᠦᠪᠡᠭᠴᠢ ᠶᠢ ᠴᠤᠭᠯᠠᠭᠤᠯᠵᠤ᠂ ᠬᠤᠷᠢᠨ ᠨᠠᠢᠮᠠᠨ ᠵᠤᠷᠪᠤᠰ ᠢ ᠨᠢ ᠨᠢᠭᠡᠨᠲᠡ ᠰᠢᠢᠳᠪᠦᠷᠢᠯᠡᠪᠡ᠃ᠰᠤᠷᠪᠤᠯᠵᠢᠯᠠᠭᠴᠢ᠄ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠤᠯᠠᠨ ᠲᠦᠮᠡᠨ ᠤ ᠠᠶᠤᠯ ᠦᠭᠡᠢ ᠶᠢᠨ ᠰᠡᠳᠭᠢᠭᠳᠡᠯ ᠢ ᠳᠡᠭᠡᠭᠰᠢᠯᠡᠭᠦᠯᠭᠦ ᠲᠠᠯ᠎ᠠ ᠪᠠᠷ ᠶᠠᠮᠠᠷ ᠠᠷᠭ᠎ᠠ ᠠᠪᠴᠢᠯ ᠪᠠᠶᠢᠬᠤ ᠪᠤᠢ︖ᠸᠠᠩ ᠰᠢᠶᠤᠤ ᠳ᠋ᠦᠩ ᠄ ᠦᠷᠭᠡᠨ ᠤᠯᠠᠨ ᠠᠷᠠᠳ ᠲᠦᠮᠡᠨ ᠤ ᠠᠶᠤᠯ ᠦᠭᠡᠢ ᠶᠢᠨ ᠰᠡᠳᠭᠢᠭᠳᠡᠯ ᠪᠠ ᠬᠠᠨᠤᠮᠵᠢᠲᠠᠢ ᠪᠠᠶᠢᠳᠠᠯ ᠢ ᠲᠡᠭᠡᠭᠰᠢᠯᠡᠭᠦᠯᠭᠦ ᠶᠢᠨ ᠲᠦᠯᠦᠭᠡ᠂ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠦᠴᠦᠲᠠᠢ ᠴᠤᠬᠢᠯᠲᠠ ᠦᠭᠬᠦ ᠶᠢᠨ ᠵᠡᠷᠭᠡᠪᠡᠷ᠂ ᠤᠳᠤ ᠶᠢᠨ ᠢᠯᠡᠷᠬᠡᠢ ᠬᠡᠪ ᠵᠢᠷᠤᠮ ᠢ ᠵᠦᠷᠢᠴᠡᠭᠰᠡᠨ ᠠᠰᠠᠭᠤᠳᠠᠯ ᠳᠤ ᠬᠠᠨᠳᠤᠭᠤᠯᠤᠨ᠂ ᠪᠢᠳᠡ︽ᠵᠢᠵᠢᠭ ᠬᠡᠷᠡᠭ ᠢ ᠰᠢᠢᠳᠪᠦᠷᠢᠯᠡᠵᠤ᠂ ᠠᠷᠠᠳ ᠤᠨ ᠵᠤᠪᠠᠭᠤᠷᠢ ᠶᠢ ᠠᠷᠢᠯᠭᠠᠬᠤ︾᠂︽ᠱᠠᠯᠢᠭ ᠤᠨ ᠬᠡᠮᠳᠦ ᠶᠠᠪᠤᠳᠠᠯ᠂ ᠮᠦᠷᠦᠢ ᠲᠠᠢ ᠲᠤᠭᠯᠠᠬᠤ ᠳᠤ ᠴᠤᠬᠢᠯᠲᠠ ᠦᠭᠬᠦ︾ ᠲᠤᠰᠬᠠᠢ ᠠᠵᠢᠯᠠᠯᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ ᠪᠠᠶᠢᠨ᠎ᠠ᠃ ᠤᠯᠠᠨ ᠢᠯᠡᠷᠡᠵᠤ ᠪᠠᠶᠢᠭ᠎ᠠ ᠬᠤᠯᠠᠭᠠᠶᠢᠯᠠᠬᠤ᠂ ᠲᠤᠨᠤᠬᠤ ᠵᠡᠷᠭᠡ ᠬᠠᠤᠯᠢ ᠠᠴᠠ ᠵᠦᠷᠢᠴᠡᠭᠰᠡᠨ ᠬᠡᠷᠡᠭ ᠵᠢᠴᠢ ᠱᠠᠯᠢᠭ ᠵᠠᠪᠠᠭ᠋ᠠᠢ᠂ ᠮᠦᠷᠦᠢ ᠲᠠᠢ ᠲᠤᠭᠯᠠᠬᠤ᠂ ᠬᠤᠤᠷᠳᠠᠢ ᠪᠤᠳᠠᠰ ᠲᠠᠢ ᠬᠤᠯᠪᠤᠭᠳᠠᠬᠤ ᠨᠡᠶᠢᠭᠡᠮ ᠤᠨ ᠮᠠᠭᠤᠬᠠᠢ ᠦᠵᠡᠭᠳᠡᠯ ᠳᠤ ᠬᠠᠨᠳᠤᠭᠤᠯᠤᠨ᠂ ᠴᠢᠩᠭ᠎ᠠ ᠴᠤᠬᠢᠯᠲᠠ ᠦᠭᠭᠦᠨ᠎ᠡ᠃ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ ᠪᠤᠯ ᠨᠢᠭᠡ ᠵᠤᠶᠢᠯ ᠤᠨ ᠨᠡᠶᠢᠭᠡᠮ ᠤᠨ ᠢᠨᠵᠧᠨᠧᠷᠢᠭ᠂ ᠰᠢᠰᠲ᠋ᠧᠮ ᠲᠠᠢ ᠢᠨᠵᠧᠨᠧᠷᠢᠭ᠂ ᠨᠡᠶᠢᠭᠡᠮ ᠤᠨ ᠡᠯ᠎ᠡ ᠡᠳᠡᠭᠡᠳ ᠪᠠ ᠦᠷᠭᠡᠨ ᠤᠯᠠᠨ ᠠᠷᠠᠳ ᠲᠦᠮᠡᠨ ᠢᠳᠡᠪᠬᠢᠲᠠᠢ ᠤᠷᠤᠯᠴᠠᠨ᠂ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠵᠤᠷᠢᠭᠲᠠᠢ ᠪᠠᠷ ᠲᠡᠮᠡᠴᠡᠯᠳᠤᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠭᠳᠠᠬᠤ ᠬᠡᠷᠡᠭ ᠤᠨ ᠰᠦᠪᠡᠭᠴᠢ ᠶᠢ ᠢᠳᠡᠪᠬᠢ ᠮᠡᠳᠡᠭᠦᠯᠵᠦ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠪᠰᠤᠷᠤᠨ ᠬᠠᠮᠵᠢᠯᠴᠠᠵᠤ ᠪᠠᠶᠢᠭᠠᠳ ᠬᠡᠮᠳᠦ ᠬᠡᠷᠡᠭ ᠢ ᠰᠢᠢᠳᠪᠦᠷᠢᠯᠡᠵᠤ᠂ ᠦᠨᠡᠨ ᠬᠦ ᠬᠠᠷ᠎ᠠ ᠪᠦᠯᠦᠭᠲᠡᠨ ᠬᠠᠷᠬᠢᠰ ᠬᠦᠴᠦᠨ ᠢ ᠤᠰᠠᠳᠬᠠᠬᠤ  ᠠᠷᠠᠳ ᠲᠦᠮᠡᠨ ᠤ ᠲᠠᠶᠢᠨ ᠢ ᠬᠢᠬᠦ ᠶᠢ ᠬᠦᠰᠡᠵᠦ ᠪᠠᠶᠢᠨ᠎ᠠ᠃ᠰᠤᠷᠪᠤᠯᠵᠢᠯᠠᠭᠴᠢ᠄  ᠵᠠ᠂ ᠸᠠᠩ ᠰᠢᠶᠠᠨ ᠤ ᠲᠠᠷᠤᠭ᠎ᠠ ᠮᠠᠨ ᠤ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠮᠠᠰᠢ ᠪᠠᠶᠠᠷᠯᠠᠯ᠎ᠠ᠂ ᠡᠨᠡ ᠡᠳᠦᠷ ᠤᠨ ᠰᠤᠷᠪᠤᠯᠵᠢᠯᠠᠭ᠎ᠠ ᠠᠳᠡ ᠳᠤ ᠬᠦᠷᠦᠭᠡᠳ ᠲᠡᠭᠦᠰᠦᠯ᠎ᠡ᠂ ᠪᠠᠶᠠᠷᠲᠠᠢ︕                                                       ᠤᠷᠴᠢᠭᠤᠯᠤᠭᠴᠢ       ᠰᠠᠷᠠᠭᠤᠯ
 
ᠢᠷᠡᠯᠲᠡ᠄ ᠱᠠᠩᠳᠤ ᠰᠢᠶᠠᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2