——2019ᠤᠨ ᠤ3 ᠰᠠᠷ᠎ᠠ ᠶᠢᠨ6 ᠤ ᠡᠳᠦᠷ ᠱᠠᠩᠳᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ | | ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠠᠷᠤᠭ᠎ᠠ ᠼᠤᠤ ᠺᠠᠢ ᠬᠤᠩ | | ᠲᠦᠯᠦᠭᠡᠯᠡᠭᠴᠢᠳ ᠡ᠄ | ᠤᠳᠤ᠂ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠰᠤᠯᠠ ᠤᠷᠤᠯᠴᠠᠭᠰᠠᠨ ᠤᠯᠤᠰ ᠲᠦᠷᠤ ᠶᠢᠨ | ᠵᠦᠪᠯᠡᠯᠭᠡᠨ ᠤ ᠭᠡᠰᠢᠭᠦᠳ ᠪᠠ ᠨᠦᠬᠦᠳ ᠰᠠᠨᠠᠯ ᠪᠠ ᠰᠠᠨᠠᠭᠤᠯᠭ᠎ᠠ ᠪᠠᠨ ᠲᠤᠷᠠᠳᠬᠤ ᠪᠤᠯᠪᠠᠤ᠃ | ᠨᠢᠭᠡ᠂2018 ᠤᠨ ᠤ ᠠᠵᠢᠯ ᠤᠨ ᠡᠷᠭᠢᠴᠡᠭᠦᠯᠦᠯ | 2018ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠲᠤᠰ ᠬᠤᠭᠤᠴᠠᠭᠠᠨ ᠤ ᠵᠠᠰᠠᠭ ᠤᠨ ᠤᠷᠳᠦᠨ ᠤ ᠠᠩᠬᠠᠨ ᠤ ᠤᠨ | ᠪᠤᠯᠬᠤ ᠪᠦᠭᠡᠳ ᠦᠭᠡᠷᠡᠴᠢᠯᠡᠯᠲᠡ ᠬᠢᠵᠦ ᠴᠢᠯᠤᠭᠡᠳᠠᠢ ᠶᠠᠪᠤᠯᠴᠠᠭᠰᠠᠨ40 ᠵᠢᠯ ᠤᠨ ᠤᠢ ᠪᠤᠯᠤᠨ᠎ᠠ᠃ | ᠦᠭᠡᠷᠡᠴᠢᠯᠡᠯᠲᠡ ᠬᠦᠭᠵᠢᠯᠲᠡ ᠶᠢ ᠲᠤᠭᠳᠠᠭᠤᠨ ᠪᠠᠶᠢᠯᠭᠠᠬᠤ ᠬᠦᠨᠳᠦ ᠡᠭᠦᠷᠭᠡ ᠪᠠ ᠠᠵᠤ ᠠᠬᠤᠢ ᠤᠷᠤᠭᠤᠳᠠᠭᠰᠠᠨ | ᠲᠠᠷᠤᠯᠳᠠᠳᠤ ᠬᠦᠴᠦᠨ ᠤ ᠡᠮᠦᠨ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠠᠨ ᠪᠤᠯᠭᠠᠬᠤ ᠶᠢ ᠪᠠᠷᠢᠮᠳᠠᠯᠠᠵᠤ᠂ ᠲᠤᠭᠳᠠᠭᠤᠨ ᠤ | ᠲᠤᠮᠳᠠ ᠲᠠᠪᠰᠢᠬᠤ ᠶᠢ ᠡᠷᠬᠢᠮᠯᠡᠬᠦ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠵᠤ᠂ ᠭᠤᠷᠪᠠᠨ ᠶᠡᠭᠡ ᠪᠡᠷᠬᠡ | ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠳᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠬᠠᠷᠠᠯᠲᠠ ᠦᠭᠡᠳᠡ ᠯᠠᠪᠳᠠᠭᠤᠨ ᠴᠢᠩᠭ᠎ᠠ ᠠᠯᠬᠤᠮ ᠢ ᠠᠯᠬᠤᠭᠰᠠᠨ ᠪᠠᠶᠢᠨ᠎ᠠ᠃ ᠭᠠᠵᠠᠷ ᠤᠷᠤᠨ ᠤ | ᠦᠢᠯᠡᠳᠪᠦᠷᠢᠯᠡᠯ ᠤᠨ ᠶᠠᠷᠤᠩᠬᠡᠢ ᠦᠷᠳᠡᠭ ᠢ 47.37 ᠳ᠋ᠦᠩᠰᠢᠭᠤᠷ ᠲᠦᠭᠦᠷᠢᠭ ᠢᠶᠠᠷ ᠪᠡᠶᠡᠯᠡᠭᠦᠯᠵᠦ᠂1.9% ᠪᠠᠷ | ᠨᠡᠮᠡᠭᠳᠡᠵᠦ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 22.03 ᠳ᠋ᠦᠩᠰᠢᠭᠤᠷ ᠲᠦᠭᠦᠷᠢᠭ | ᠪᠡᠶᠡᠯᠡᠭᠦᠯᠵᠦ᠂27.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠭᠤᠷᠪᠠᠳᠤᠭᠠᠷ ᠲᠤ | ᠪᠠᠶᠢᠷᠢᠯᠠᠪᠠ᠃ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠭᠤᠯᠤᠭᠰᠠᠨ ᠶᠠᠷᠤᠩᠬᠡᠢ ᠲᠤᠭ᠎ᠠ ᠶᠢ 37.96 | ᠳ᠋ᠦᠩᠰᠢᠭᠤᠷ ᠲᠦᠭᠦᠷᠢᠭ ᠢᠶᠠᠷ ᠪᠡᠶᠡᠯᠡᠭᠦᠯᠵᠦ᠂7.3% ᠪᠠᠷ ᠨᠡᠮᠡᠭᠳᠡᠵᠦ᠂ ᠡᠩ ᠤᠨ ᠤᠯᠠᠨ ᠨᠡᠶᠢᠲᠡ ᠶᠢᠨ | ᠲᠦᠰᠦᠪ ᠤᠨ ᠤᠷᠤᠯᠭ᠎ᠠ ᠶᠢ1.51 ᠳ᠋ᠦᠩᠰᠢᠭᠤᠷ ᠲᠦᠭᠦᠷᠢᠭ ᠢᠶᠠᠷ ᠪᠡᠶᠡᠯᠡᠭᠦᠯᠵᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰ ᠪᠦᠷᠢ 27796 ᠲᠦᠭᠦᠷᠢᠭ | ᠪᠠ10127 ᠲᠦᠭᠦᠷᠢᠭ ᠲᠤ ᠬᠦᠷᠴᠦ᠂ ᠲᠤᠰ ᠪᠦᠷᠢ 7.7% ᠪᠠ9.4% ᠪᠠᠷ ᠨᠡᠮᠡᠭᠳᠡᠪᠡ᠃ ᠨᠡᠮᠡᠭᠳᠡᠯ ᠤᠨ | ᠬᠤᠷᠳᠤᠴᠠ ᠲᠤᠰ ᠪᠦᠷᠢ ᠪᠦᠬᠦ ᠬᠤᠳᠠ ᠶᠢᠨ ᠲᠦᠷᠪᠡᠳᠦᠭᠡᠷ ᠪᠠ ᠬᠤᠶᠠᠳᠤᠭᠠᠷ ᠲᠤ ᠪᠠᠶᠢᠷᠢᠯᠠᠪᠠ᠃ | ——ᠭᠤᠷᠪᠠᠨ ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ ᠡᠬᠢᠨ ᠤ ᠲᠠᠶᠢᠯᠠᠯᠳᠤᠭᠠᠨ ᠳᠠᠭᠠᠨ | ᠢᠯᠠᠯᠲᠠ ᠤᠯᠵᠠᠢ᠃ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠰᠢᠨ᠎ᠡ ᠦᠷ᠎ᠡ ᠪᠦᠳᠦᠮᠵᠢ ᠶᠢ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠤᠷᠳᠠᠯ ᠤᠨ ᠪᠠᠶᠢᠭᠤᠯᠤᠯᠲᠠ ᠶᠢᠨ ᠵᠢᠯ ᠢᠶᠠᠷ ᠲᠤᠬᠢᠶᠠᠯ | ᠪᠤᠯᠭᠠᠵᠤ᠂ ᠤᠯᠤᠰ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ | ᠲᠦᠪᠯᠡᠷᠡᠩᠭᠦᠢ ᠴᠡᠭᠴᠡᠯᠡᠨ ᠵᠠᠰᠠᠬᠤ ᠲᠤᠰᠬᠠᠶᠢᠵᠢᠭᠰᠠᠨ ᠬᠦᠳᠡᠯᠭᠡᠭᠡᠨ ᠢ ᠦᠷᠨᠢᠬᠦᠯᠵᠦ᠂ ᠡᠯ᠎ᠡ ᠵᠤᠶᠢᠯ ᠤᠨ ᠶᠠᠳᠠᠭᠤ ᠶᠢ | ᠲᠡᠳᠭᠦᠭᠦ ᠲᠦᠷᠤ ᠶᠢᠨ ᠪᠤᠳᠤᠯᠭ᠎ᠠ ᠠᠷᠭ᠎ᠠ ᠠᠪᠴᠢᠯ ᠢ ᠭᠦᠨᠵᠡᠭᠡᠢ ᠰᠤᠳᠤᠯᠤᠨ ᠨᠠᠶᠢᠳᠠᠪᠤᠷᠢᠵᠢᠭᠤᠯᠵᠤ᠂2018 | ᠤᠨ ᠳᠤ10825 ᠬᠦᠮᠦᠨ ᠶᠠᠳᠠᠭᠤ ᠠᠴᠠ ᠠᠩᠭᠢᠵᠢᠷᠠᠵᠤ᠂34 ᠲᠤᠰᠬᠤᠨ ᠶᠠᠳᠠᠭᠤ ᠬᠦᠴᠢᠷᠳᠡᠯ ᠲᠠᠢ | ᠡᠩᠨᠡᠭᠡ ᠠᠴᠠ ᠭᠠᠷᠴᠦ᠂ ᠶᠠᠳᠠᠭᠤ ᠬᠦᠴᠢᠷᠳᠡᠯ ᠡᠭᠦᠰᠬᠦ ᠨᠤᠷᠮ᠎ᠠ2% ᠪᠠᠷ ᠪᠠᠭᠤᠷᠠᠵᠤ᠂4.05 ᠳ᠋ᠦᠩᠰᠢᠭᠤᠷ | ᠲᠦᠭᠦᠷᠢᠭ ᠡᠯ᠎ᠡ ᠲᠦᠷᠦᠯ ᠤᠨ ᠶᠠᠳᠠᠭᠤ ᠶᠢ ᠲᠡᠳᠭᠦᠭᠦ ᠪᠠᠯᠡ ᠮᠦᠩᠭᠦ ᠤᠷᠤᠭᠤᠯᠵᠤ᠂ ᠡᠭᠦᠨ ᠳᠤ ᠲᠠᠷᠢᠶᠠᠯᠠᠩ ᠮᠠᠯ | ᠠᠵᠤ ᠠᠬᠤᠢ ᠲᠠᠢ ᠬᠤᠯᠪᠤᠭᠳᠠᠬᠤ ᠡᠮᠬᠢᠯᠡᠨ ᠨᠡᠶᠢᠯᠡᠭᠦᠯᠭᠦ ᠪᠡᠯᠡ ᠮᠦᠩᠭᠦ2.03 ᠳ᠋ᠦᠩᠰᠢᠭᠤᠷ ᠲᠦᠭᠦᠷᠢᠭ ᠪᠠᠶᠢᠵᠤ᠂ | 101.2% ᠢᠶᠠᠷ ᠨᠡᠮᠡᠭᠳᠡᠵᠦ᠂212 ᠵᠠᠰᠠᠭ ᠵᠠᠬᠢᠷᠭᠠᠨ ᠤ ᠲᠤᠰᠬᠤᠨ ᠤ ᠬᠠᠮᠳᠤ ᠶᠢᠨ ᠠᠵᠤ ᠠᠬᠤᠢ ᠶᠢᠨ ᠪᠡᠯᠡᠨ | ᠵᠤᠭᠤᠰ ᠤᠨ ᠶᠠᠷᠤᠩᠬᠡᠢ ᠤᠷᠤᠯᠭ᠎ᠠ1348.1 ᠲᠦᠮᠡᠨ ᠲᠦᠭᠦᠷᠢᠭ ᠲᠤ ᠬᠦᠷᠴᠦ᠂ ᠲᠤᠰᠬᠤᠨ ᠤ ᠬᠠᠮᠳᠤ ᠶᠢᠨ ᠡᠳ᠋ | ᠬᠦᠷᠦᠩᠭᠡ8929.2 ᠲᠦᠮᠡᠨ ᠲᠦᠭᠦᠷᠢᠭ ᠲᠤ ᠬᠦᠷᠴᠦ᠂ ᠡᠬᠦᠨ ᠳᠤ138 ᠵᠠᠰᠠᠭ ᠵᠠᠬᠢᠷᠭᠠᠨ ᠤ ᠲᠤᠰᠬᠤᠨ ᠤ | ᠬᠠᠮᠳᠤ ᠶᠢᠨ ᠠᠵᠤ ᠠᠬᠤᠢ ᠶᠢᠨ ᠤᠷᠤᠯᠭ᠎ᠠ5 ᠲᠦᠮᠡᠨ ᠲᠦᠭᠦᠷᠢᠭ ᠠᠴᠠ ᠬᠡᠳᠦᠷᠡᠵᠦ᠂37.625 ᠰᠠᠶ᠎ᠠ ᠸᠠᠲ | ᠲᠦᠪᠯᠡᠷᠡᠩᠭᠦᠢ ᠮᠠᠶ᠋ᠢᠭ ᠤᠨ ᠨᠠᠷᠠᠨ ᠤ ᠡᠨᠧᠷᠬᠢ ᠶᠢᠨ ᠴᠠᠬᠢᠯᠭᠠᠨ ᠦᠷᠳᠡᠭᠡ ᠨᠢᠭᠡᠳᠴᠦ ᠪᠠᠶᠢᠭᠠᠳ ᠴᠠᠬᠢᠯᠭᠠᠨ ᠭᠠᠷᠭᠠᠵᠤ | ᠂1505 ᠶᠠᠳᠠᠭᠤ ᠡᠷᠦᠭᠡ ᠶᠢ ᠪᠦᠷᠬᠦᠵᠦ᠂ ᠤᠨᠳᠤᠤ ᠭᠠᠵᠠᠷ ᠠᠷᠠᠳ ᠢ ᠨᠡᠭᠦᠯᠭᠡᠬᠦ ᠢᠨᠵᠧᠨᠧᠷᠢᠭ ᠵᠢᠯ ᠤᠨ | ᠡᠭᠦᠷᠭᠡ ᠪᠠᠨ ᠪᠡᠶᠡᠯᠡᠭᠦᠯᠵᠦ᠂1950 ᠨᠡᠷᠡᠰ ᠶᠠᠳᠠᠭᠤ ᠬᠦᠮᠦᠨ ᠠᠮᠠ ᠰᠢᠨ᠎ᠡ ᠤᠷᠤᠨ ᠰᠠᠭᠤᠴᠠ ᠳᠤ ᠪᠠᠨ ᠨᠡᠭᠦᠵᠦ᠂ | ᠬᠦᠳᠡᠭᠡ ᠲᠤᠰᠬᠤᠨ ᠤ ᠠᠮᠦᠷ ᠲᠦᠪᠰᠢᠨ ᠤᠰᠤ ᠤᠤᠭᠤᠬᠤ ᠶᠢ ᠪᠠᠬᠢᠵᠢᠭᠦᠯᠦᠨ ᠲᠡᠭᠡᠭᠰᠢᠯᠡᠭᠦᠯᠭᠦ ᠢᠨᠵᠧᠨᠧᠷᠢᠭ ᠢ | ᠪᠦᠬᠦ ᠲᠠᠯ᠎ᠠ ᠪᠠᠷ ᠬᠡᠷᠡᠭᠵᠢᠭᠦᠯᠵᠦ᠂3.56 ᠲᠦᠮᠡᠨ ᠬᠦᠮᠦᠨ ᠤ ᠠᠮᠦᠷ ᠲᠦᠪᠰᠢᠨ ᠤᠰᠤ ᠤᠤᠭᠤᠬᠤ ᠠᠰᠠᠭᠤᠳᠠᠯ ᠢ | ᠪᠠᠳᠤᠯᠭ᠎ᠠ ᠲᠠᠢ ᠰᠢᠢᠳᠪᠦᠷᠢᠯᠡᠵᠦ᠂8183 ᠶᠠᠳᠠᠭᠤ ᠬᠦᠮᠦᠨ ᠠᠮᠠ ᠳᠤ ᠠᠰᠢᠭ ᠬᠦᠷᠳᠡᠭᠡᠪᠡ᠃ 9500ᠡᠷᠤᠭᠡ | ᠬᠦᠳᠡᠭᠡ ᠲᠤᠰᠬᠤᠨ ᠤ ᠨᠤᠷᠠᠬᠤ ᠠᠶᠤᠯ ᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠵᠤ᠂3800 ᠶᠠᠳᠠᠭᠤ | ᠡᠷᠤᠭᠡ ᠶᠢ ᠪᠦᠷᠬᠦᠵᠦ᠂ ᠨᠡᠶᠢᠲᠡ1.8 ᠲᠦᠮᠡᠨ ᠡᠷᠦᠭᠡ ᠶᠠᠳᠠᠭᠤ ᠠᠶᠢᠯ ᠤᠨ ᠠᠶᠤᠯᠭᠦᠢ ᠭᠡᠷ ᠪᠠᠶᠢᠰᠢᠩ ᠳᠤ | ᠰᠠᠭᠤᠬᠤ ᠶᠢ ᠰᠢᠢᠳᠪᠦᠷᠢᠯᠡᠵᠦ᠂212 ᠵᠠᠰᠠᠭ ᠵᠠᠬᠢᠷᠭᠠᠨ ᠤ ᠲᠤᠰᠬᠤᠨ ᠪᠠ ᠲᠠᠷᠢᠶᠠᠯᠠᠬᠤ ᠲᠠᠢ ᠬᠤᠯᠪᠤᠭᠳᠠᠬᠤ | ᠨᠡᠶᠢᠭᠡᠮ ᠲᠤᠭᠤᠷᠢᠭ ᠶᠠᠳᠠᠭᠤ ᠶᠢ ᠲᠡᠳᠭᠦᠭᠦ 7 ︽ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠬᠡᠳᠦ | ᠲᠡᠯᠭᠡᠭᠦᠷ︾ ᠢ ᠡᠭᠦᠳᠦᠨ ᠪᠠᠶᠢᠭᠤᠯᠵᠤ᠂︽ᠦᠵᠡᠭᠦᠯᠦᠯᠲᠡ ᠪᠠᠷ ᠴᠤᠮᠬᠠᠳᠬᠠᠯ ᠰᠤᠯᠢᠵᠤ᠂ ᠴᠤᠮᠬᠠᠳᠬᠠᠯ ᠢᠶᠠᠷ ᠶᠠᠭᠤᠮ᠎ᠠ | ᠰᠤᠯᠢᠬᠤ︾ ᠶᠤᠰᠤ ᠰᠤᠷᠳᠠᠬᠤᠨ ᠢᠶᠠᠷ ᠦᠨᠡᠯᠡᠨ ᠱᠠᠩᠨᠠᠬᠤ ᠠᠵᠢᠯᠠᠯᠭ᠎ᠠ ᠪᠠ ᠶᠠᠳᠠᠭᠤ ᠶᠢ ᠲᠡᠳᠭᠦᠭᠦ᠂ ᠵᠤᠷᠢᠭ ᠢ | ᠲᠡᠳᠭᠦᠭᠦ ᠶᠢ ᠴᠤᠭ ᠢᠶᠠᠷ ᠶᠠᠪᠤᠭᠳᠠᠭᠤᠯᠬᠤ ᠤᠷᠮᠠᠰᠢᠭᠤᠯᠬᠤ ᠲᠤᠭᠳᠠᠯᠴᠠᠭ᠎ᠠ ᠶᠢ ᠪᠦᠷᠢᠯᠳᠤᠭᠦᠯᠵᠦ᠂ ᠪᠡᠭᠡᠵᠢᠩ ᠦᠪᠦᠷ | ᠮᠤᠩᠭᠤᠯ ᠤᠨ ᠬᠤᠭᠤᠷᠤᠨᠳᠤᠬᠢ ᠶᠠᠳᠠᠭᠤ ᠶᠢ ᠲᠡᠳᠭᠦᠭᠦ ᠬᠠᠮᠵᠢᠯᠴᠠᠭ᠎ᠠ ᠶᠢᠨ ᠲᠦᠰᠦᠯ ᠢ 5 ᠪᠠᠷ ᠶᠠᠪᠤᠭᠳᠠᠭᠤᠯᠵᠤ᠂ | 5073 ᠲᠦᠮᠡᠨ ᠲᠦᠭᠦᠷᠢᠭ ᠤᠨ ᠪᠡᠯᠡ ᠮᠦᠩᠭᠦ ᠶᠢ ᠤᠷᠤᠭᠤᠯᠪᠠ᠃ ᠫᠢᠩ ᠭᠦ᠋ ᠲᠤᠭᠤᠷᠢᠭ ᠯᠤᠭ᠎ᠠ ᠶᠢᠨ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠮᠵᠢᠬᠦ ᠬᠤᠷᠰᠢᠨ ᠠᠵᠢᠯᠠᠯᠬᠤ ᠶᠢ ᠴᠢᠩᠭᠠᠳᠬᠠᠨ᠂ ᠪᠠᠯᠭᠠᠰᠤ ᠪᠠᠯᠭᠠᠰᠤ ᠪᠠᠷ ᠢᠶᠠᠨ | ᠬᠤᠯᠪᠤᠯᠳᠤᠬᠤ ᠶᠢ ᠪᠦᠬᠦ ᠲᠠᠯ᠎ᠠ ᠪᠠᠷ ᠪᠦᠷᠬᠦᠬᠦ ᠶᠢ ᠪᠡᠶᠡᠯᠡᠭᠦᠯᠵᠦ᠂16 ᠶᠠᠳᠠᠭᠤ ᠠᠶᠢᠯ ᠫᠢᠩ ᠭᠦ᠋ ᠲᠤᠭᠤᠷᠢᠭ ᠤᠨ | ᠰᠢᠶᠠᠩ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠤᠭᠤᠷᠢᠭ ᠲᠠᠢ ᠠᠵᠢᠯ ᠲᠦᠷᠦᠯ ᠢᠶᠠᠷ ᠢᠶᠠᠨ ᠬᠠᠪᠰᠤᠷᠤᠨ | ᠲᠡᠮᠵᠢᠬᠦ᠂412 ᠲᠦᠮᠡᠨ ᠲᠦᠭᠦᠷᠢᠭ ᠬᠠᠪᠰᠤᠷᠤᠮᠵᠢ ᠶᠢᠨ ᠪᠡᠯᠡ ᠮᠦᠩᠭᠦ ᠪᠡᠯᠡᠨ ᠪᠤᠯᠵᠤ᠂ ᠨᠡᠶᠢᠳᠡᠯᠢᠭ ᠵᠤᠬᠢᠶᠠᠨ | ᠪᠠᠶᠢᠭᠤᠯᠤᠯᠲᠠ᠂ ᠤᠯᠤᠰ ᠤᠨ ᠠᠵᠤ ᠦᠢᠯᠡᠳᠪᠦᠷᠢ ᠰᠤᠷᠠᠭ ᠵᠠᠩᠭᠢᠵᠢᠯᠲᠠ ᠶᠢᠨ ᠶᠠᠮᠦᠨ ᠤ ᠴᠡᠷᠢᠭ ᠠᠷᠠᠳ | ᠤᠶᠠᠯᠳᠤᠬᠤ ᠵᠤᠷᠭᠠᠨ ᠲᠤᠰ ᠪᠦᠷᠢ510 ᠲᠦᠮᠡᠨ ᠲᠦᠭᠦᠷᠢᠭ ᠪᠠ100 ᠲᠦᠮᠡᠨ ᠲᠦᠭᠦᠷᠢᠭ ᠤᠨ | ᠬᠠᠪᠰᠤᠷᠤᠮᠵᠢ ᠶᠢᠨ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠂ | ᠤᠷᠴᠢᠨ ᠲᠤᠭᠤᠷᠢᠨ ᠢᠶᠠᠷ ᠶᠠᠳᠠᠭᠤ ᠶᠢ ᠲᠡᠳᠭᠦᠭᠦ᠂ ᠡᠷᠡᠭᠦᠯ ᠮᠡᠨᠳᠦ ᠢᠶᠠᠷ ᠶᠠᠳᠠᠭᠤ ᠶᠢ ᠲᠡᠳᠭᠦᠭᠦ᠂ ᠤᠭᠤᠲᠠ | ᠠᠭᠤᠳᠠᠯᠯᠠᠨ ᠶᠠᠳᠠᠭᠤ ᠶᠢ ᠲᠡᠳᠭᠦᠭᠦ ᠵᠡᠷᠭᠡ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠡ ᠠᠬᠢᠴᠠ ᠶᠢ ᠤᠯᠪᠠ᠃2018 ᠤᠨ ᠤ | ︽ᠦᠪᠡᠷᠳᠡᠬᠡᠨ ᠵᠠᠰᠠᠬᠤ ᠤᠷᠤᠨ ᠤ ᠡᠬᠢ ᠪᠠᠶᠠᠯᠢᠭ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ ᠶᠢᠨ | ᠰᠢᠯᠭᠠᠨ ᠦᠨᠡᠯᠡᠯᠲᠡ︾ ᠳᠤ᠂ ᠮᠠᠨ ᠤ ᠰᠢᠶᠠᠨ ᠪᠤᠯ ᠪᠦᠬᠦ ᠤᠷᠤᠨ ᠤ ᠠᠭᠠᠷ ᠮᠠᠨᠳᠡᠯ ᠪᠠ ᠤᠰᠤᠨ ᠤ ᠪᠤᠬᠢᠷᠳᠦᠯ ᠤᠨ | ᠪᠤᠳᠠᠰ ᠤᠨ ᠬᠡᠮᠵᠢᠶ᠎ᠡ ᠪᠠᠷᠢᠮᠵᠢᠶ᠎ᠠ ᠠᠴᠠ ᠬᠡᠳᠤᠷᠡᠭᠰᠡᠨ ᠦᠭᠡᠢ 13 ᠬᠤᠰᠢᠭᠤ ᠰᠢᠶᠠᠨ ᠤ ᠨᠢᠭᠡ ᠨᠢ᠂ ᠡᠬᠢ ᠪᠠᠶᠠᠯᠢᠭ | ᠤᠷᠴᠢᠨ ᠲᠤᠭᠤᠷᠢᠨ ᠨᠤᠭᠤᠭᠠᠨ ᠪᠤᠬᠢᠷᠳᠤᠯ ᠦᠭᠡᠢ 33 ᠬᠤᠰᠢᠭᠤ ᠰᠢᠶᠠᠨ ᠤ ᠨᠢᠭᠡ ᠨᠢ᠂ ᠠᠵᠦ ᠠᠬᠤᠢ ᠡᠷᠡᠭᠦᠯ | ᠮᠡᠨᠳᠦ ᠶᠢᠨ ᠬᠡᠮᠵᠢᠶ᠎ᠡ ᠦᠨᠳᠦᠷ 55 ᠬᠤᠰᠢᠭᠤ ᠰᠢᠶᠠᠨ ᠤ ᠨᠢᠭᠡ ᠨᠢ ᠪᠤᠯᠤᠨ᠎ᠠ᠃ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠬᠤᠳᠠ ᠳᠤ ᠬᠠᠷᠢᠭᠤ ᠲᠤᠰᠬᠠᠬᠰᠠᠨ ᠠᠰᠠᠭᠤᠳᠠᠯ ᠤᠳ ᠤᠨ ᠮᠠᠨ ᠤ | ᠰᠢᠶᠠᠨ ᠳᠤ ᠬᠤᠯᠪᠤᠭᠳᠠᠬᠤ11 ᠠᠰᠠᠭᠤᠳᠠᠯ ᠤᠨ9 ᠶᠢ ᠨᠢ ᠴᠡᠭᠴᠡᠯᠡᠨ ᠰᠠᠶᠢᠵᠢᠷᠠᠭᠤᠯᠵᠤ ᠤᠰᠠᠳᠬᠠᠪᠠ᠃ | ᠦᠯᠡᠳᠡᠭᠰᠡᠨ2 ᠢ ᠨᠢ ᠦᠷᠬᠦᠯᠵᠢᠯᠡᠨ ᠴᠡᠴᠡᠭᠯᠡᠨ ᠰᠠᠶᠢᠵᠢᠷᠠᠭᠤᠯᠵᠤ ᠂ ᠵᠢᠯ ᠤᠨ ᠴᠡᠴᠡᠭᠯᠡᠨ ᠰᠠᠶᠢᠵᠢᠷᠠᠭᠤᠯᠬᠤ | ᠡᠭᠦᠷᠭᠡ ᠪᠠᠨ ᠪᠡᠶᠡᠯᠡᠭᠦᠯᠦᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ︽ | ᠪᠤᠴᠠᠵᠤ ᠪᠠᠶᠢᠴᠠᠭᠠᠨ ᠦᠵᠡᠬᠦ︾ ᠬᠤᠭᠤᠴᠠᠭᠠᠨ ᠳᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠬᠤ ᠲᠤᠭᠤᠶᠢᠯᠠᠩ ᠪᠤᠳᠠᠳᠤ ᠭᠠᠵᠠᠷ ᠲᠤ ᠬᠦᠷᠴᠦ ᠬᠢᠨᠠᠨ ᠪᠠᠶᠢᠴᠠᠭᠠᠬᠤ ᠶᠢ ᠬᠦᠯᠢᠶᠡᠨ ᠠᠪᠴᠦ᠂ ᠴᠠᠭ | ᠲᠠᠷᠤᠢ ᠳᠤᠨᠢ ᠦᠨᠳᠦᠷ ᠬᠢᠷᠢ ᠪᠦᠳᠦᠮᠵᠢ ᠲᠠᠢ ᠪᠠᠷ9 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠪᠡ᠃ | ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠤᠬᠢᠷᠳᠦᠯ ᠤᠨ ᠡᠬᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠦᠷᠨᠢᠭᠦᠯᠪᠡ᠃ ᠪᠦᠬᠦ ᠵᠢᠯ ᠤᠨ ᠤᠷᠴᠢᠨ ᠲᠤᠭᠤᠷᠢᠨ ᠠᠭᠠᠷ ᠮᠠᠨᠳᠡᠯ ᠤᠨ ᠴᠢᠨᠠᠷ ᠴᠢᠨᠰᠠᠭ᠎ᠠ ᠲᠤᠮᠳᠠᠴᠢ | ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ89% ᠳᠤ ᠬᠦᠷᠴᠦ᠂ ᠪᠦᠬᠦ ᠤᠷᠤᠨ ᠤ ᠲᠤᠮᠳᠠᠴᠢ | ᠦᠷᠳᠡᠭ ᠠᠴᠠ5.4 ᠵᠠᠭᠤᠨ ᠤ ᠬᠤᠪᠢ ᠶᠢᠨ ᠴᠢᠭ ᠦᠨᠳᠦᠷ ᠶᠤᠮ᠃ ᠲᠠᠯᠳᠠᠭᠤᠷ ᠪᠤᠬᠢᠷᠳᠦᠯ ᠢ ᠭᠠᠳᠠᠭᠤᠷᠴᠢᠯᠠᠵᠤ | ᠪᠠᠶᠢᠭᠰᠠᠨ ᠨᠢᠭᠡᠨ ᠺᠤᠮᠫᠠᠨᠢ ᠶᠢ ᠬᠠᠤᠯᠢ ᠶᠤᠰᠤᠭᠠᠷ ᠰᠢᠢᠳᠭᠡᠵᠦ᠂ ᠵᠠᠬᠢᠷᠭᠠᠨ ᠤ ᠪᠠᠷᠢᠪᠴᠢᠯᠠᠯᠭᠠ ᠪᠠᠷ1 ᠬᠦᠮᠦᠨ ᠢ | ᠲᠦᠷ ᠬᠤᠷᠢᠵᠦ᠂ ᠤᠷᠴᠢᠨ ᠲᠤᠭᠤᠷᠢᠨ ᠢ ᠬᠠᠮᠠᠭᠠᠯᠠᠬᠤ ᠲᠤᠨᠤᠭ ᠲᠦᠬᠦᠷᠦᠮᠵᠢ ᠪᠠᠷᠢᠮᠵᠢᠶᠠᠨ ᠳᠤ ᠬᠦᠷᠬᠦ ᠦᠭᠡᠢ | ᠤᠰᠤ ᠲᠠᠢ ᠬᠤᠯᠪᠤᠭᠳᠠᠬᠤ ᠲᠦᠮᠦᠰᠦᠨ ᠤ ᠺᠤᠮᠫᠠᠨᠢ ᠶᠢ ᠴᠡᠭᠴᠡᠯᠡᠨ ᠬᠠᠭᠠᠨ ᠵᠤᠭᠰᠤᠭᠠᠵᠤ᠂ ᠭᠠᠵᠠᠷ ᠲᠤᠤᠷᠠᠬᠢ | ᠤᠰᠤ ᠶᠢ ᠬᠡᠳᠤᠷᠡᠳᠡᠯ᠎ᠡ ᠲᠠᠳᠠᠭᠰᠠᠨ ᠤᠷᠤᠨ ᠤ ᠵᠢᠯ ᠤᠨ290 ᠲᠦᠮᠡᠨ ᠭᠦᠪ ᠮᠧᠲᠷ ᠲᠤᠳᠠᠭᠤ ᠲᠠᠳᠠᠬᠤ | ᠬᠠᠷᠠᠯᠲᠠ ᠶᠢ ᠪᠡᠶᠡᠯᠡᠭᠦᠯᠵᠦ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠠᠨ ᠲᠤᠤᠷ᠎ᠠ︾ | ᠠᠰᠠᠭᠤᠳᠠᠯ ᠢ ᠬᠦᠴᠦᠯᠡᠨ ᠰᠢᠢᠳᠪᠦᠷᠢᠯᠡᠨ᠂ ᠪᠤᠬᠢᠷ ᠤᠰᠤ ᠰᠢᠢᠳᠪᠦᠷᠢᠯᠡᠬᠦ ᠨᠤᠷᠮ᠎ᠠ80% ᠠᠴᠠ ᠲᠡᠭᠡᠭᠰᠢ ᠳᠤ | ᠬᠦᠷᠴᠦ᠂ ᠤᠰᠤ ᠭᠠᠷᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ97% ᠠᠴᠠ ᠲᠡᠭᠡᠭᠰᠢ ᠳᠤ | ᠬᠦᠷᠴᠦ᠂ ᠲᠤᠮᠳᠠ ᠤᠰᠤ ᠲᠠᠬᠢᠨ ᠬᠡᠷᠡᠭᠯᠡᠬᠦ ᠨᠤᠷᠮ᠎ᠠ30% ᠶᠢᠨ ᠤᠷᠴᠢᠮ ᠳᠤ ᠬᠦᠷᠪᠡ᠃ ᠲᠠᠷᠢᠶᠠᠯᠠᠩ ᠤᠨ ᠡᠬᠢ | ᠰᠤᠷᠪᠤᠯᠵᠢ ᠶᠢᠨ ᠪᠤᠵᠠᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ ᠢ ᠬᠡᠷᠡᠭᠯᠡᠬᠦ | ᠬᠡᠮᠵᠢᠶ᠎ᠡ ᠵᠠᠯᠭᠠᠭᠠᠳ ᠭᠤᠷᠪᠠᠨ ᠵᠢᠯ ︽ᠲᠡᠭ ᠦᠰᠦᠯᠲᠡ︾ ᠶᠢ ᠪᠠᠶᠡᠯᠡᠭᠦᠯᠵᠦ᠂ ᠲᠠᠷᠢᠶᠠᠨ ᠤ ᠡᠮ ᠢ ᠬᠡᠷᠡᠭᠯᠡᠬᠦ | ᠬᠡᠮᠵᠢᠶ᠎ᠡ5% ᠪᠠᠷ ᠪᠠᠭᠤᠷᠠᠵᠤ᠂ ᠬᠤᠪᠠᠨᠴᠠᠷ ᠪᠦᠷᠬᠦᠪᠴᠢ ᠶᠢ ᠬᠤᠷᠢᠶᠠᠨ ᠠᠪᠬᠤ ᠨᠤᠷᠮ᠎ᠠ80% ᠠᠴᠠ ᠲᠡᠭᠡᠭᠰᠢ ᠳᠤ | ᠬᠦᠷᠴᠦ᠂10 ᠵᠠᠭᠤᠨ ᠤ ᠬᠤᠪᠢ ᠶᠢᠨ ᠴᠢᠭ ᠢᠶᠠᠷ ᠲᠡᠭᠡᠭᠰᠢᠯᠡᠪᠡ᠃18 ᠲᠦᠮᠡᠨ ᠺᠦᠪ ᠮᠧᠲᠷ ᠴᠤᠭᠯᠠᠷᠠᠵᠤ | ᠪᠠᠶᠢᠭᠰᠠᠨ ᠬᠠᠶᠠᠭᠳᠠᠮᠠᠯ ᠪᠤᠳᠠᠰ ᠢ ᠪᠦᠷᠢᠮᠦᠰᠦᠨ ᠠᠷᠢᠯᠭᠠᠨ ᠰᠢᠢᠳᠪᠦᠷᠢᠯᠡᠵᠦ᠂21 ᠲᠦᠮᠡᠨ ᠺᠦᠪ ᠮᠧᠲᠷ ᠤᠨ | ᠪᠠᠭᠳᠠᠭᠠᠮᠵᠢ ᠲᠠᠢ ᠪᠠᠷᠢᠮᠵᠢᠶᠠᠵᠢᠯ ᠤᠨ ᠬᠠᠳᠠᠭᠤ ᠪᠡᠶᠡᠳᠦ ᠬᠠᠶᠠᠭᠳᠠᠮᠠᠯ ᠪᠤᠳᠠᠰ ᠤᠨ ᠲᠠᠯᠠᠪᠠᠢ ᠶᠢ ᠪᠠᠶᠢᠭᠤᠯᠪᠠ᠃ 18 | ᠨᠡᠭᠦᠷᠡᠰᠦ ᠪᠤᠰᠤ ᠠᠭᠤᠷᠬᠠᠢ ᠶᠢᠨ ᠠᠵᠤ ᠠᠬᠤᠶᠢᠯᠠᠯ ᠢ ᠠᠷᠢᠯᠭᠠᠵᠤ᠂ ᠬᠠᠤᠯᠢ ᠶᠤᠰᠤᠭᠠᠷ ᠪᠢᠴᠢᠭ ᠪᠠᠷᠢᠮᠳᠠ ᠦᠭᠡᠢ | ᠲᠤᠭᠤᠰᠬᠠᠨ ᠤ 2 ᠦᠢᠯᠡᠳᠪᠦᠷᠢ ᠶᠢ ᠨᠤᠷᠠᠭᠠᠵᠤ᠂ 0.5 ᠲᠦᠮᠡᠨ ᠮᠦ ᠠᠮᠢ ᠠᠬᠤᠢ ᠶᠢᠨ ᠨᠤᠭᠤᠭᠠᠷᠠᠭᠤᠯᠤᠯᠲᠠ ᠶᠢᠨ | ᠲᠠᠯᠠᠪᠠᠢ᠂1.16 ᠲᠦᠮᠡᠨ ᠮᠦ ᠠᠵᠦ ᠠᠬᠤᠢ ᠶᠢᠨ ᠤᠢ ᠰᠢᠭᠤᠢ ᠶᠢ ᠪᠡᠶᠡᠯᠡᠭᠦᠯᠵᠦ᠂5 ᠲᠦᠮᠡᠨ ᠮᠦ ᠦᠨᠳᠦᠷ | ᠪᠠᠷᠢᠮᠵᠢᠶᠠᠨ ᠤ ᠲᠠᠷᠢᠶᠠᠨ ᠭᠠᠵᠠᠷ ᠢ ᠪᠠᠶᠢᠭᠤᠯᠪᠠ᠃ ᠬᠦᠨᠳᠦ ᠶᠡᠭᠡ ᠭᠡᠨᠡᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ | ᠰᠢᠨ᠎ᠡ ᠬᠢᠷᠢ ᠪᠦᠳᠦᠮᠵᠢ ᠶᠢ ᠤᠯᠵᠠᠢ᠃ ᠵᠠᠰᠠᠭ ᠤᠨ ᠤᠷᠳᠦᠨ ᠤ ᠦᠷᠢ ᠦᠭᠴᠡᠭᠡ ᠶᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠵᠠᠷᠢᠮ ᠦᠷᠢ ᠦᠭᠴᠡᠭᠡ ᠲᠠᠢ ᠲᠦᠰᠦᠯ ᠢ ᠪᠠᠶᠢᠭᠤᠯᠬᠤ ᠪᠠᠨ ᠵᠤᠭᠰᠤᠭᠠᠬᠤ ᠪᠤᠶᠤ | ᠬᠤᠶᠢᠰᠢᠯᠠᠭᠤᠯᠵᠤ᠂ ᠠᠯᠪᠠᠨ ᠶᠠᠪᠤᠳᠠᠯ ᠤᠨ ᠬᠡᠷᠡᠭᠴᠡᠭᠡᠨ ᠤ ᠵᠠᠷᠤᠯᠭ᠎ᠠ ᠶᠢ19.7% ᠪᠠᠷ ᠪᠠᠭᠤᠷᠠᠭᠤᠯᠵᠤ᠂ ᠪᠦᠬᠦ | ᠵᠢᠯ ᠤᠨ ᠰᠢᠢᠳᠪᠦᠷᠢᠯᠡᠬᠦ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ︽ᠠᠷᠪᠠ ᠶᠢ ᠦᠪᠴᠢ ᠪᠦᠷᠬᠦᠬᠦᠯᠬᠦ︾ | ᠲᠦᠷᠦᠯ ᠵᠦᠢᠯ ᠤᠨ ᠦᠨᠳᠦᠰᠦᠨ ᠵᠤᠭᠤᠰ ᠢ ᠨᠢᠭᠡᠨᠳᠡ ᠪᠦᠬᠦᠨ ᠢ ᠲᠦᠯᠦᠵᠦ ᠲᠠᠭᠤᠰᠬᠠᠵᠤ᠂ ᠭᠠᠵᠠᠷ | ᠦᠷᠭᠡᠳᠭᠡᠭᠰᠡᠨ ᠲᠦᠷᠦᠯ ᠵᠦᠢᠯ ᠤᠨ ᠦᠷᠢᠳᠦᠭᠰᠡᠨ ᠵᠤᠭᠤᠰ ᠤᠨ59% ᠢ ᠰᠢᠢᠳᠪᠦᠷᠢᠯᠡᠪᠡ᠃ ᠲᠡᠤᠭᠡᠨ ᠠᠴᠠ | ᠦᠯᠡᠳᠡᠭᠳᠡᠵᠦ ᠢᠷᠡᠭᠰᠡᠨ ᠤᠷᠢᠳᠴᠢᠯᠡᠨ ᠡᠰᠡ ᠪᠤᠳᠤᠬᠤ ᠪᠠᠶᠢᠭᠤᠯᠭ᠎ᠠ ᠶᠢᠨ ᠡᠳ᠋ ᠤᠨ ᠵᠠᠰᠠᠭ ᠤᠨ ᠵᠤᠭᠤᠰ ᠵᠢᠭᠡᠯᠡᠬᠦ | ᠠᠰᠠᠭᠤᠳᠠᠯ ᠢ ᠪᠦᠷᠢᠮᠦᠰᠦᠨ ᠦᠭᠡᠶᠢᠰᠭᠡᠪᠡ᠃ ᠭᠠᠵᠠᠷ ᠤᠷᠤᠨ ᠤ ᠦᠷᠢ ᠲᠠᠯᠪᠢᠵᠦ ᠪᠡᠯᠡ ᠨᠡᠶᠢᠯᠡᠭᠦᠯᠭᠦ ᠠᠵᠢᠯᠠᠯᠭ᠎ᠠ ᠶᠢ | ᠤᠯᠠᠮ ᠨᠢᠭᠡ ᠠᠯᠬᠤᠮ ᠲᠦᠷᠢᠮᠵᠢᠭᠦᠯᠦᠨ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ | ᠬᠤᠷᠢᠶ᠎ᠠ ᠠᠴᠠ ᠬᠠᠮᠢᠶ᠎ᠠ ᠪᠦᠬᠦᠢ ᠪᠦᠳᠦᠮᠵᠢ ᠦᠭᠡᠢ ᠪᠠᠳᠤᠯᠭᠠᠨ ᠪᠠ ᠦᠷᠢ ᠲᠦᠯᠦᠬᠦ ᠬᠠᠷᠢᠭᠤᠴᠠᠯᠭ᠎ᠠ ᠶᠢᠨ | ᠠᠵᠢᠯᠠᠯᠭ᠎ᠠ ᠶᠢ ᠦᠭᠡᠶᠢᠰᠭᠡᠵᠡᠢ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠠᠴᠠ ᠡᠷᠡᠭᠦᠯ ᠪᠤᠰᠤ ᠵᠢᠭᠡᠯᠡᠯᠭᠡ ᠶᠢᠨ | ᠮᠦᠩᠭᠦ1.53 ᠳ᠋ᠦᠩᠰᠢᠭᠤᠷ ᠲᠦᠭᠦᠷᠢᠭ ᠴᠡᠪᠡᠷᠯᠡᠨ ᠬᠤᠷᠢᠶᠠᠮᠵᠢᠯᠠᠵᠤ ᠰᠢᠢᠳᠪᠤᠷᠢᠯᠡᠪᠡ᠃ ᠡᠭᠦᠨ ᠳᠤ ᠠᠯᠪᠠᠨ | ᠲᠤᠰᠢᠶᠠᠯᠳᠠᠨ ᠤ ᠡᠷᠡᠭᠦᠯ ᠪᠤᠰᠤ ᠵᠢᠭᠡᠯᠡᠯᠭᠡ ᠶᠢᠨ ᠮᠦᠩᠭᠦ2388.27 ᠲᠦᠮᠡᠨ ᠲᠦᠭᠦᠷᠢᠭ ᠢ ᠴᠡᠪᠡᠷᠯᠡᠨ | ᠰᠢᠢᠳᠪᠦᠷᠢᠯᠡᠪᠡ᠃ ᠵᠠᠰᠠᠭ ᠤᠨ ᠤᠷᠳᠤᠨ ᠤ ᠳᠠᠯᠲᠠ ᠴᠢᠨᠠᠷ ᠪᠦᠬᠦᠢ ᠦᠷᠢ ᠰᠢᠷᠢ ᠶᠢᠨ ᠭᠡᠨᠡᠨ ᠲᠦᠭᠰᠢᠭᠦᠷᠢ ᠶᠢ | ᠢᠳᠡᠪᠬᠢ ᠯᠠᠪᠳᠠᠭᠤᠨ ᠰᠡᠷᠭᠡᠶᠢᠯᠡᠨ ᠨᠠᠮᠳᠠᠭᠠᠨ ᠰᠢᠢᠳᠪᠦᠷᠢᠯᠡᠵᠤ᠂ ᠳᠠᠯᠲᠠ ᠴᠢᠨᠠᠷ ᠪᠦᠬᠦᠢ ᠦᠷᠢ ᠰᠢᠷᠢ ᠶᠢᠨ ᠰᠠᠭᠤᠷᠢ | ᠲᠤᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠬᠠᠳᠠᠭᠠᠯᠠᠭᠳᠠᠵᠤ ᠪᠠᠶᠢᠭ᠎ᠠ ᠳᠠᠯᠲᠠ ᠴᠢᠨᠠᠷ ᠪᠦᠬᠦᠢ ᠦᠷᠢ ᠰᠢᠷᠢ ᠶᠢ | ᠰᠢᠢᠳᠪᠦᠷᠢᠯᠡᠬᠦ ᠲᠦᠰᠦᠯ ᠢ ᠲᠤᠭᠳᠠᠭᠠᠨ᠎ᠠ᠃ | ——ᠠᠵᠤ ᠠᠬᠤᠢ ᠴᠢᠨᠠᠷ ᠰᠠᠶᠢᠳᠠᠢ ᠬᠦᠭᠵᠢᠵᠦ ᠲᠤᠭᠳᠠᠭᠤᠨ ᠤᠷᠤᠭᠰᠢᠯᠠᠵᠠᠢ᠃ ᠠᠮᠤᠷ ᠲᠦᠪᠰᠢᠨ | ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠶᠢ ᠲᠦᠷᠭᠡᠨ ᠬᠦᠭᠵᠢᠭᠦᠯᠦᠨ᠎ᠡ᠃ ᠤᠯᠤᠰ ᠤᠨ ᠲᠠᠷᠢᠶᠠᠯᠠᠩ ᠤᠨ | ᠪᠦᠳᠦᠭᠡᠭᠳᠡᠭᠦᠨ ᠤ ᠴᠢᠨᠠᠷ ᠴᠢᠨᠰᠠᠭ᠎ᠠ ᠠᠮᠤᠷ ᠲᠦᠪᠰᠢᠨ ᠰᠢᠶᠠᠨ ᠢ ᠠᠮᠵᠢᠯᠲᠠ ᠲᠠᠢ ᠪᠦᠳᠦᠭᠡᠨ ᠪᠠᠶᠢᠭᠤᠯᠪᠠ᠃ | ᠱᠠᠩᠳᠦ ᠪᠦᠧᠧᠽᠠᠢ᠂ ᠱᠠᠩᠳᠦ ᠨᠤᠭᠤᠭᠠᠨ ᠪᠤᠷᠴᠠᠭ᠂ ᠱᠠᠩᠳᠦ ᠨᠠᠩᠭᠤᠸᠠ ᠶᠢᠨ ᠭᠠᠵᠠᠷ ᠵᠦᠢ ᠶᠢᠨ ᠲᠡᠮᠳᠡᠭ ᠢ | ᠲᠤᠳᠤᠷᠬᠠᠶᠢᠯᠠᠵᠤ ᠪᠠᠷᠠᠭᠠᠨ ᠤ ᠲᠡᠮᠳᠡᠭ ᠢ ᠮᠡᠳᠡᠭᠦᠯᠵᠦ᠂ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠴᠢᠨᠰᠠᠭ᠎ᠠ ᠶᠢᠨ | ᠠᠮᠤᠷ ᠲᠦᠪᠰᠢᠨ ᠢ ᠮᠦᠷᠳᠡᠬᠦ ᠲᠡᠪᠴᠡᠭ ᠢ ᠪᠠᠶᠢᠭᠤᠯᠬᠤ ᠶᠢ ᠴᠢᠩᠭᠠᠳᠬᠠᠵᠤ᠂26 ᠲᠠᠷᠢᠵᠤ ᠲᠡᠵᠢᠭᠡᠵᠦ | ᠪᠤᠷᠤᠯᠠᠭᠤᠯᠬᠤ ᠪᠡᠶᠡᠴᠢ ᠴᠤᠭᠴᠠ ᠶᠢ ᠮᠦᠷᠳᠡᠨ ᠬᠢᠨᠠᠨ ᠬᠠᠮᠢᠶᠠᠷᠬᠤ ᠲᠡᠪᠴᠡᠭ ᠲᠤ ᠤᠷᠤᠭᠤᠯᠵᠠᠢ᠃ ᠮᠠᠯ ᠨᠢᠳᠦᠯᠬᠤ | ᠨᠡᠭᠦᠯᠭᠡᠬᠦ ᠲᠠᠯᠠᠪᠠᠢ2ᠲᠦᠰᠦᠯ ᠢ ᠪᠡᠶᠡᠯᠡᠭᠦᠯᠵᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠢᠶᠠᠨ ᠯᠠᠪᠳᠠᠭᠤᠨ ᠪᠠᠳᠤᠳᠠᠢ ᠠᠬᠢᠭᠤᠯᠪᠠ᠃ ᠳ᠋ᠧ ᠢ ᠹᠧᠨᠲ᠋ᠢᠶᠤᠤᠷ ᠰᠢᠷᠢᠰ ᠪᠦᠳᠦᠭᠡᠭᠳᠡᠭᠦᠨ ᠤ | ᠲᠦᠰᠦᠯ ᠢ ᠪᠠᠶᠢᠭᠤᠯᠵᠤ ᠪᠡᠯᠡ ᠤᠷᠤᠭᠤᠯᠤᠨ ᠦᠢᠯᠡᠳᠪᠦᠷᠢᠯᠡᠪᠡ᠃ ᠵᠢᠶᠠᠨ ᠺᠦᠨ ᠴᠡᠪᠡᠷ ᠨᠤᠭᠤᠭ᠎ᠠ ᠪᠤᠷᠤᠯᠠᠭᠤᠯᠬᠤ | ᠲᠦᠰᠦᠯ ᠦᠢᠯᠡᠳᠪᠦᠷᠢᠯᠡᠬᠦ ᠨᠦᠬᠦᠴᠡᠯ ᠢ ᠪᠦᠷᠢᠯᠳᠦᠭᠦᠯᠵᠦ᠂ ᠿᠦᠩ ᠲᠤᠥ ᠸᠠᠨᠳᠧᠤ ᠪᠤᠷᠤᠯᠠᠭᠤᠯᠬᠤ ᠲᠦᠰᠦᠯ | ᠭᠠᠷ ᠤᠨ ᠦᠰᠦᠭ ᠵᠢᠷᠤᠵᠤ ᠲᠤᠭᠤᠰᠢᠯᠠᠭᠳᠠᠪᠠ᠃ ᠪᠦᠬᠦ ᠰᠢᠶᠠᠨ ᠳᠤ 43 ᠲᠠᠷᠢᠶᠠᠯᠠᠩ ᠮᠠᠯ ᠠᠵᠤ ᠠᠬᠤᠢ | ᠤᠶᠢᠯᠡᠳᠪᠦᠷᠢᠵᠢᠯᠡᠯᠲᠡ ᠶᠢᠨ ᠡᠵᠡᠩᠨᠡᠬᠦ ᠪᠡᠶᠡᠴᠢ ᠴᠤᠭᠴᠠ ᠰᠢᠨ᠎ᠡ ᠪᠠᠷ ᠨᠡᠮᠡᠭᠳᠡᠵᠦ᠂284 ᠳᠤ ᠬᠦᠷᠴᠦ᠂17. | 8% ᠪᠠᠷ ᠨᠡᠮᠡᠭᠳᠡᠪᠡ᠃ ᠵᠠᠬ᠎ᠠ ᠲᠡᠯᠭᠡᠭᠦᠷ ᠤᠨ ᠬᠡᠷᠡᠭᠴᠡᠭᠡ ᠲᠠᠲᠠᠨ ᠬᠦᠳᠦᠯᠦᠨ ᠵᠢᠯᠤᠭᠤᠳᠬᠤ ᠶᠢ ᠬᠦᠷᠳᠡᠵᠦ᠂ | ᠲᠠᠷᠢᠶᠠᠯᠠᠬᠤ ᠠᠵᠤ ᠠᠬᠤᠢ ᠶᠢᠨ ᠪᠦᠳᠦᠴᠡ ᠶᠢ ᠤᠯᠠᠮ ᠨᠢᠭᠡ ᠠᠯᠬᠤᠮ ᠪᠦᠷᠢᠯᠳᠦᠭᠦᠯᠵᠦ᠂ ᠪᠤᠷᠤᠯᠠᠭᠤᠯᠬᠤ | ᠤᠷᠤᠯᠭ᠎ᠠ ᠶᠢᠨ ᠲᠠᠷᠢᠮᠡᠯ ᠢ ᠲᠠᠷᠢᠬᠤ ᠲᠠᠯᠠᠪᠠᠢ22.5% ᠪᠠᠷ ᠨᠡᠮᠡᠭᠳᠡᠵᠦ᠂ ᠡᠭᠦᠨ ᠳᠤ ᠰᠢᠬᠢᠷᠯᠢᠭ ᠨᠤᠭᠤᠭ᠎ᠠ ᠶᠢᠨ | ᠲᠠᠷᠢᠬᠤ ᠲᠠᠯᠠᠪᠠᠢ31% ᠪᠠᠷ ᠨᠡᠮᠡᠭᠳᠡᠵᠦ᠂ ᠬᠦᠢᠳᠡᠨ ᠢᠳᠡᠰᠢᠨ ᠨᠤᠭᠤᠭ᠎ᠠ ᠶᠢᠨ ᠲᠠᠷᠢᠬᠤ ᠲᠠᠯᠠᠪᠠᠢ3.8% ᠪᠠᠷ | ᠨᠡᠮᠡᠭᠳᠡᠵᠡᠢ᠃ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠭᠦ ᠠᠯᠬᠤᠮ ᠢ ᠲᠦᠷᠭᠡᠳᠭᠡᠨ᠎ᠡ᠃ | ᠺᠠᠢ ᠶᠢᠨ᠂ ᠵᠢᠢ ᠮᠧᠢ᠂ ᠵᠢᠩ ᠨᠧᠩ ᠵᠡᠷᠭᠡ11 ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠵᠦ | ᠪᠠᠶᠢᠭ᠎ᠠ ᠺᠤᠮᠫᠠᠨᠢ ᠶᠢᠨ ᠠᠵᠦ ᠦᠢᠯᠠᠳᠪᠦᠷᠢ ᠶᠢᠨ ᠦᠢᠯᠡᠳᠬᠦᠨ ᠤ ᠶᠠᠷᠤᠩᠬᠡᠢ ᠦᠷᠳᠡᠭ ᠨᠢ28.68% ᠪᠠᠷ | ᠨᠡᠮᠡᠭᠳᠡᠵᠦ᠂ ᠦᠰᠦᠯᠲᠡ ᠶᠢᠨ ᠬᠤᠷᠳᠦᠴᠠ ᠨᠢ ᠪᠦᠬᠦ ᠬᠡᠪᠴᠢᠶᠡᠨ ᠠᠴᠠ ᠲᠡᠭᠡᠭᠰᠢ ᠠᠵᠦ ᠦᠢᠯᠡᠳᠪᠦᠷᠢ ᠶᠢᠨ | ᠺᠤᠮᠫᠠᠨᠢ ᠠᠴᠠ30 ᠵᠠᠭᠤᠨ ᠤ ᠬᠤᠪᠢ ᠶᠢᠨ ᠴᠢᠭ ᠬᠤᠷᠳᠦᠨ ᠪᠤᠯᠤᠨ᠎ᠠ᠃ ᠯᠢᠲ᠋ᠢ ᠢᠶᠤᠨᠳᠤ ᠳ᠋ᠢᠶᠠᠨ ᡂᠢ ᠶᠢᠨ ᠪᠢᠯᠢᠭ | ᠲᠤᠶᠢᠯ ᠤᠨ ᠮᠠᠲ᠋ᠧᠷᠢᠶᠠᠯ ᠢᠶᠠᠷ ᠲᠦᠯᠦᠭᠡᠯᠡᠭᠰᠡᠨ ᠰᠢᠨ᠎ᠡ ᠮᠠᠲ᠋ᠧᠷᠢᠶᠠᠯ ᠦᠢᠯᠡᠳᠪᠦᠷᠢᠯᠡᠯ ᠲᠦᠷᠭᠡᠨ ᠦᠰᠴᠦ᠂3.22 | ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠢ ᠪᠡᠶᠡᠯᠡᠭᠦᠯᠵᠦ᠂312% ᠢᠶᠠᠷ ᠨᠡᠮᠡᠭᠳᠡᠪᠡ᠃ ᠾᠧᠩ ᠺᠧ | ᠲᠧ ᠲᠤᠦ ᠴᠡᠷᠢᠭ ᠠᠷᠠᠳ ᠤᠨ ᠬᠤᠶᠠᠷ ᠬᠡᠷᠡᠭᠯᠡᠨ ᠤ ᠤᠨᠴᠠ ᠲᠦᠷᠦᠯ ᠤᠨ ᠸᠠᠭᠠᠷ ᠱᠠᠭᠠᠵᠠᠩ ᠤᠨ ᠲᠦᠰᠦᠯ ᠤᠨ | ᠦᠢᠯᠡᠳᠪᠦᠷᠢᠯᠡᠯ ᠤᠨ ᠱᠤᠭᠤᠮ ᠰᠢᠯᠭᠠᠨ ᠲᠤᠬᠢᠷᠠᠭᠤᠯᠬᠤ ᠱᠠᠳᠤᠨ ᠳᠤ ᠤᠷᠤᠵᠤ᠂ ᠵᠢᠢ ᠮᠧᠢ ᠪᠡᠯ | ᠴᠢᠯᠠᠭᠤᠵᠢᠯᠠᠯᠲᠠ ᠶᠢᠨ ᠦᠢᠯᠡᠳᠪᠦᠷᠢᠯᠡᠯ ᠤᠨ ᠱᠤᠭᠤᠮ ᠤᠨ ᠬᠡᠪᠴᠢᠶ᠎ᠡ ᠪᠠᠨ ᠦᠷᠭᠡᠳᠭᠡᠨ᠂ ᠮᠡᠷᠭᠡᠵᠢᠯ ᠢᠶᠠᠨ | ᠬᠤᠪᠢᠷᠠᠭᠤᠯᠬᠤ ᠲᠦᠰᠦᠯ ᠢ ᠪᠠᠶᠢᠭᠤᠯᠤᠨ ᠦᠢᠯᠡᠳᠪᠦᠷᠢᠯᠡᠵᠤ ᠡᠬᠢᠯᠡᠪᠡ᠃ ᠺᠠᠢ ᠶᠢᠨ᠂ ᠾᠧᠩ ᠺᠧ ᠵᠡᠷᠭᠡ ᠯᠢᠲ᠋ᠢ | ᠢᠶᠤᠨᠳᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠰᠦᠯ ᠬᠤᠶᠢᠨ᠎ᠠ ᠬᠤᠶᠢᠨ᠎ᠠ ᠠᠴᠠ ᠪᠠᠨ | ᠦᠢᠯᠡᠳᠪᠦᠷᠢᠯᠡᠨ ᠡᠬᠢᠯᠡᠵᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ4 ᠲᠦᠮᠡᠨ ᠳᠤᠨ ᠳᠤ ᠬᠦᠷᠴᠦ᠂ ᠴᠢ ᠴᠠᠩ | ᠴᠠᠬᠢᠭᠤᠷ ᠬᠦᠴᠢᠯ ᠤᠨ ᠬᠦᠩᠭᠡᠨᠴᠠᠭᠠᠨ ᠱᠠᠭᠠᠵᠠᠩ ᠰᠢᠷᠬᠢᠭᠯᠢᠭ᠂ ᠬᠤᠸᠠ ᠰᠢᠨ ᠦᠨᠳᠦᠷ ᠠᠭᠤᠯᠤᠭᠳᠠᠴᠠ ᠴᠠᠬᠢᠭᠤᠷ | ᠪᠠ ᠬᠤᠸᠠ ᠲᠧᠩ ᠡᠷᠳᠡᠨᠢ ᠶᠢᠨ ᠰᠤᠪᠤᠳ ᠡᠯᠡᠰᠤ ᠵᠡᠷᠭᠡ ᠲᠦᠰᠦᠯ ᠢ ᠪᠠᠶᠢᠭᠤᠯᠤᠨ ᠦᠢᠯᠡᠳᠪᠦᠷᠢᠯᠡᠵᠦ ᠡᠬᠢᠯᠡᠵᠡᠢ᠃ | 5《 ᠭᠡᠭᠦᠷ ᠺᠤᠮᠫᠠᠨᠢ》 ᠶᠢ ᠠᠷᠢᠯᠭᠠᠨ ᠭᠠᠷᠭᠠᠵᠤ᠂723 ᠮᠦ ᠭᠠᠵᠠᠷ ᠰᠢᠷᠤᠢ ᠶᠢ ᠰᠤᠯᠠᠯᠠᠵᠤ ᠦᠭᠴᠦ᠂ | ᠨᠡᠶᠢᠲᠡ2205 ᠮᠦ ᠪᠤᠯᠤᠨ᠎ᠠ᠃ ᠴᠠᠩ ᠱᠧᠩ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠲᠤᠨᠤᠭ | ᠲᠦᠬᠦᠭᠡᠷᠤᠮᠵᠢ ᠳᠤ800 ᠢᠯᠡᠭᠦᠦ ᠲᠦᠮᠡᠨ ᠲᠦᠭᠦᠷᠢᠭ ᠪᠡᠯᠡ ᠤᠷᠤᠭᠤᠯᠬᠤ ᠶᠢ ᠪᠡᠶᠡᠯᠡᠭᠦᠯᠵᠡᠢ᠃ ᠱᠧᠨ ᠬᠤᠩ | ᠨᠡᠭᠦᠷᠡᠰᠤᠮᠡᠭ ᠴᠠᠬᠢᠭᠤᠷ ᠵᠡᠷᠭᠡ3 ᠺᠤᠮᠫᠠᠨᠢ ᠠᠵᠤ ᠦᠢᠯᠡᠰ ᠨᠡᠪᠴᠢᠭᠦᠯᠭᠦ ᠬᠦᠷᠢᠶᠡᠯᠡᠩ ᠳᠤ ᠤᠷᠤᠵᠤ ᠰᠠᠭᠤᠷᠢᠰᠢᠪᠠ᠃ | ᠬᠦᠷᠢᠶᠡᠯᠡᠩ ᠳᠤ 29 ᠰᠢᠨ᠎ᠡ ᠺᠤᠮᠫᠠᠨᠢ ᠤᠷᠤᠵᠤ᠂ ᠨᠡᠶᠢᠲᠡ93 ᠪᠤᠯᠵᠤ᠂ ᠠᠵᠤ ᠦᠢᠯᠡᠰ ᠤᠨ ᠲᠦᠪᠯᠡᠷᠡᠯ ᠤᠨ | ᠴᠢᠳᠠᠪᠤᠷᠢ ᠶᠢ ᠴᠢᠨᠠᠭᠰᠢᠲᠠ ᠴᠢᠩᠭᠠᠳᠬᠠᠵᠠᠢ᠃ ᠪᠦᠬᠦ ᠵᠢᠯ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠶᠢ13.1 ᠳ᠋ᠦᠩᠰᠢᠭᠤᠷ ᠲᠦᠭᠦᠷᠢᠭ ᠢᠶᠠᠷ ᠪᠡᠶᠡᠯᠡᠭᠦᠯᠵᠦ᠂170% ᠨᠡᠮᠡᠭᠳᠡᠵᠡᠢ᠃ ᠨᠡᠮᠡᠭᠳᠡᠯ ᠤᠨ | ᠬᠤᠷᠳᠤᠴᠠ ᠪᠦᠬᠦ ᠬᠤᠳᠠ ᠶᠢᠨ ᠨᠢᠭᠡᠳᠦᠭᠡᠷ ᠲᠤ ᠪᠠᠶᠢᠷᠢᠯᠠᠪᠠ᠃ ᠰᠢᠨ᠎ᠡ ᠮᠠᠨᠳᠤᠬᠤ ᠦᠢᠯᠡᠴᠢᠯᠡᠭᠡᠨ ᠤ ᠦᠢᠯᠡᠰ | ᠲᠦᠷᠭᠡᠨ ᠦᠰᠴᠦ ᠪᠠᠶᠢᠨ᠎ᠠ᠃ ᠬᠤᠶᠠᠳᠤᠭᠠᠷ ᠤᠳᠠᠭᠠᠨ ᠤ ᠲᠤᠮᠳᠠᠳᠤ ᠤᠯᠤᠰ ᠤᠨ ᠱᠠᠩᠳᠦ ᠶᠢᠨ ᠲᠦᠮᠦᠰᠦ ᠶᠢᠨ | ᠠᠮᠳᠠᠳᠤ ᠢᠳᠡᠭᠡᠨ ᠤ ᠡᠳᠦᠷ ᠵᠢᠴᠢ ᠰᠢᠶᠠᠨ ᠪᠠᠶᠢᠭᠤᠯᠤᠭᠳᠠᠭᠰᠠᠨ100 ᠵᠢᠯ ᠤᠨ ᠤᠢ ᠶᠢᠨ ᠬᠦᠳᠡᠯᠭᠡᠭᠡᠨ ᠢ | ᠠᠮᠵᠢᠯᠲᠠ ᠲᠠᠢ ᠪᠠᠷ ᠬᠢᠪᠡ᠃ ᠪᠦᠬᠦ ᠵᠢᠯ ᠳᠤ52 ᠲᠦᠮᠡᠨ ᠵᠢᠭᠤᠯᠴᠢᠨ ᠢ ᠬᠦᠯᠢᠶᠡᠨ ᠠᠪᠴᠦ᠂ ᠵᠢᠭᠤᠯᠴᠢᠯᠠᠯ ᠤᠨ | ᠤᠷᠤᠯᠭ᠎ᠠ1580 ᠭᠠᠷᠤᠢ ᠲᠦᠮᠡᠨ ᠲᠦᠭᠦᠷᠢᠭ ᠪᠠᠶᠢᠵᠤ᠂22% ᠢᠶᠠᠷ ᠨᠡᠮᠡᠭᠳᠡᠪᠡ᠃10 ᠬᠤᠳᠠᠯᠳᠤᠭ᠎ᠠ | ᠠᠷᠠᠯᠵᠢᠶᠠᠨ ᠤ ᠭᠦᠢᠯᠭᠡᠭᠡ ᠶᠢᠨ ᠦᠢᠯᠡᠴᠢᠯᠡᠭᠡᠨ ᠤ ᠦᠢᠯᠡᠰ ᠤᠨ ᠴᠢᠬᠤᠯᠠ ᠲᠦᠰᠦᠯ ᠢ ᠯᠠᠪᠳᠠᠭᠤᠨ ᠪᠠᠳᠤᠳᠠᠢ | ᠠᠬᠢᠭᠤᠯᠵᠤ᠂1.88 ᠳ᠋ᠦᠩᠰᠢᠭᠤᠷ ᠲᠦᠭᠦᠷᠢᠭ ᠪᠡᠯᠡ ᠤᠷᠤᠭᠤᠯᠤᠯᠲᠠ ᠶᠢ ᠪᠡᠶᠡᠯᠡᠭᠦᠯᠵᠡᠢ᠃ | ᠳ᠋ᠠ ᠲᠠᠩ ᠴᠠᠬᠢᠯᠭᠠᠨ ᠬᠤᠯᠪᠤᠭ᠎ᠠ ᠱᠠᠩᠳᠦ ᠶᠢᠨ ᠦᠢᠯᠡᠴᠢᠯᠡᠭᠡ ᠶᠢ ᠭᠠᠳᠠᠭᠰᠢ ᠲᠠᠭᠠᠭᠠᠴᠢᠯᠠᠭᠤᠯᠬᠤ | ᠰᠠᠭᠤᠷᠢᠨ ᠭᠠᠵᠠᠷ ᠤᠨ ᠲᠦᠰᠦᠯ ᠨᠢ ᠨᠤᠳᠤᠭ ᠲᠤ ᠪᠠᠨ ᠪᠤᠴᠠᠭᠰᠠᠨ ᠱᠠᠩᠳᠦ ᠶᠢᠨ ᠡᠷᠦᠭᠡ ᠠᠮᠠ ᠶᠢᠨ ᠬᠠᠷᠢᠶᠠᠯᠠᠯ | ᠲᠠᠢ ᠶᠡᠭᠡ ᠲᠡᠭᠡᠳᠦ ᠰᠤᠷᠭᠠᠭᠤᠯᠢ ᠪᠠ ᠠᠬᠠᠯᠠᠬᠤ ᠲᠤᠰᠬᠠᠢ ᠰᠤᠷᠭᠠᠭᠤᠯᠢ ᠠᠴᠠ ᠳᠡᠭᠡᠭᠰᠢ ᠰᠤᠷᠤᠯᠴᠠᠭᠰᠠᠨ ᠨᠠᠮᠳᠠᠷ | ᠲᠠᠢ ᠤᠶᠤᠳᠠᠨ ᠤ ᠰᠤᠨᠢᠷᠬᠠᠯ ᠢ ᠲᠠᠳᠠᠵᠦ 400 ᠬᠦᠮᠦᠨ ᠠᠵᠢᠯ ᠤᠯᠭᠤᠪᠠ᠃ ᠲᠢᠶᠠᠨᠵᠢᠨ᠂ ᠱᠠᠨᠳᠦ᠋ᠩ᠂ | ᠰᠢᠨᠵᠢᠶᠠᠩ ᠵᠡᠷᠭᠡ ᠭᠠᠵᠠᠷ ᠤᠷᠤᠨ ᠳᠤ ᠬᠠᠨᠳᠤᠭᠰᠠᠨ ᠲᠠᠭᠤᠳᠠᠬᠤ ᠦᠢᠯᠡᠴᠢᠯᠡᠭᠡ ᠶᠢ ᠭᠠᠳᠠᠭᠰᠢ ᠲᠠᠭᠠᠭᠠᠴᠢᠯᠠᠭᠤᠯᠬᠤ | ᠠᠵᠢᠯ ᠢ ᠦᠷᠨᠢᠭᠦᠯᠪᠡ᠃ ᠬᠤᠸᠠ ᠯᠢᠶᠠᠨ ᠬᠤᠳᠠᠯᠳᠤᠭᠠᠨ ᠤ ᠠᠰᠠᠷ᠂ ᠵᠢᠤᠢ ᠬᠤᠩ ᠬᠤᠳᠠᠯᠳᠤᠭᠠᠨ ᠤ ᠶᠠᠪᠠᠭᠠᠨ | ᠵᠡᠭᠡᠯᠢ ᠶᠢᠨ ᠲᠦᠰᠦᠯ ᠡᠬᠢᠯᠡᠨ ᠬᠤᠳᠠᠯᠳᠤᠭᠠᠴᠢᠨ ᠤᠷᠢᠪᠠ᠃ ᠪᠦᠬᠦ ᠵᠢᠯ ᠬᠦᠳᠡᠭᠡ ᠲᠤᠰᠬᠤᠨ ᠤ ᠡᠯᠧᠺᠲ᠋ᠤᠷᠤᠨ | ᠬᠤᠳᠠᠯᠳᠤᠭᠠᠨ ᠤ ᠵᠠᠬᠢᠶᠠᠯᠠᠭ᠎ᠠ1282.13 ᠲᠦᠮᠡᠨ ᠵᠠᠬᠢᠶᠠᠯᠠᠭ᠎ᠠ ᠳᠤ ᠬᠦᠷᠴᠦ᠂ ᠠᠷᠠᠯᠵᠢᠶᠠᠨ ᠤ ᠲᠤᠭ᠎ᠠ2.96 | ᠳ᠋ᠦᠩᠰᠢᠭᠤᠷ ᠲᠦᠭᠦᠷᠢᠭ᠂18% ᠢᠶᠠᠷ ᠨᠡᠮᠡᠭᠳᠡᠵᠡᠢ᠃ | ᠬᠤᠳᠠ ᠬᠦᠳᠡᠭᠡ ᠶᠢᠨ ᠨᠢᠭᠡᠳᠦᠯᠳᠠᠢ ᠬᠦᠭᠵᠢᠯᠲᠡ ᠶᠢ ᠵᠤᠬᠢᠴᠠᠩᠭᠤᠢ ᠠᠬᠢᠭᠤᠯᠪᠠ᠃ ᠬᠤᠳᠠ ᠪᠠᠯᠭᠠᠰᠤᠨ ᠤ | ᠪᠦᠳᠦᠭᠡᠨ ᠪᠠᠶᠢᠭᠤᠯᠤᠯᠲᠠ ᠶᠢᠨ ᠲᠦᠪᠰᠢᠨ ᠦᠷᠭᠦᠯᠵᠢᠯᠡᠨ ᠲᠡᠭᠡᠭᠰᠢᠯᠡᠪᠡ᠃《 ᠴᠢ ᠲᠠᠢ ᠪᠠᠯᠭᠠᠰᠤᠨ ᠤ | ᠡᠵᠡᠮᠰᠢᠯ ᠤᠨ ᠴᠢᠨᠠᠷ ᠪᠦᠬᠦᠢ ᠨᠠᠷᠢᠨ ᠲᠦᠯᠦᠪᠵᠢᠭᠦᠯᠭᠡ》 ᠶᠢ ᠨᠠᠶᠢᠷᠠᠭᠤᠯᠤᠨ ᠵᠤᠬᠢᠶᠠᠬᠤ ᠪᠠ ᠬᠠᠭᠤᠴᠢᠨ | ᠬᠤᠳᠠ ᠶᠢᠨ2 ᠲᠡᠭᠰᠢ ᠲᠦᠷᠪᠡᠯᠵᠢᠨ ᠺᠢᠯᠤᠮᠧᠲᠷ ᠲᠦᠪᠯᠡᠷᠡᠩᠭᠦᠢ ᠨᠤᠷᠭᠠᠨ ᠨᠡᠭᠦᠯᠭᠡᠬᠦ ᠲᠤᠭᠤᠷᠢᠭ᠂ 3 ᠵᠠᠰᠠᠨ | ᠪᠠᠶᠢᠭᠤᠯᠬᠤ ᠴᠢᠨᠠᠷ ᠪᠦᠬᠦᠢ ᠨᠠᠷᠢᠨ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠪᠡ᠃ ᠬᠤᠳᠠ ᠶᠢᠨ | ᠶᠠᠪᠤᠳᠠᠯ ᠤᠨ ᠰᠠᠭᠤᠷᠢ ᠪᠦᠳᠦᠭᠡᠨ ᠪᠠᠶᠢᠭᠤᠯᠤᠯᠲᠠ ᠶᠢᠨ4 ᠭᠤᠤᠯᠳᠤᠯᠭᠠᠳᠤ ᠪᠠᠷᠢᠯᠭ᠎ᠠ ᠪᠠ ᠤᠷᠤᠨ ᠰᠠᠭᠤᠴᠠ ᠶᠢᠨ | ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ 9 ᠶᠢ ᠶᠠᠪᠤᠭᠳᠠᠭᠤᠯᠵᠤ᠂4.58 ᠳ᠋ᠦᠩᠰᠢᠭᠤᠷ ᠲᠦᠭᠦᠷᠢᠭ ᠪᠡᠯᠡ | ᠤᠷᠤᠭᠤᠯᠤᠯᠲᠠ ᠶᠢ ᠪᠡᠶᠡᠯᠡᠭᠦᠯᠪᠡ᠃ ᠴᠢ ᠲᠠᠢ ᠪᠠᠯᠭᠠᠰᠤᠨ ᠤ ᠤᠰᠤ ᠬᠠᠩᠭᠠᠯᠲᠠ ᠶᠢᠨ ᠤᠰᠤᠨ ᠤ ᠶᠠᠰᠤ ᠴᠢᠨᠠᠷ ᠢ | ᠲᠡᠭᠡᠭᠰᠢᠯᠡᠭᠦᠯᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠤᠷᠤᠭᠤᠯᠤᠨ ᠡᠷᠭᠢᠯᠳᠤᠭᠦᠯᠪᠠ᠃ ᠬᠤᠩ ᠰᠢᠩ | ᠵᠡᠭᠡᠯᠢ ᠶᠢᠨ ᠪᠠᠷᠠᠭᠤᠨᠳᠡᠬᠢ᠂ ᠴᠢᠩ ᠶᠦᠨ ᠭᠤᠳᠤᠮᠵᠢ ᠶᠢᠨ ᠬᠤᠶᠢᠨᠠᠬᠢ ᠬᠤᠶᠠᠷ ᠬᠡᠰᠡᠭ ᠭᠠᠵᠠᠷ ᠤᠨ ᠪᠦᠷᠬᠡ ᠭᠡᠷ ᠤᠨ | ᠲᠤᠭᠤᠷᠢᠭ ᠤᠨ ᠰᠢᠨᠡᠳᠭᠡᠨ ᠦᠭᠡᠷᠡᠴᠢᠯᠡᠬᠦ ᠪᠠᠷᠢᠯᠭ᠎ᠠ ᠶᠢ ᠪᠡᠶᠡᠯᠡᠭᠦᠯᠵᠦ᠂2400 ᠡᠷᠦᠭᠡ᠂5800 ᠢᠯᠡᠭᠦᠦ | ᠬᠦᠮᠦᠨ ᠠᠮᠠ ᠠᠰᠢᠭ ᠬᠦᠷᠳᠡᠪᠡ᠃ ᠾᠧᠩ ᠾᠦᠢ ᠢᠯᠴᠢ ᠴᠠᠬᠢᠯᠭᠠᠨ ᠤ ᠲᠦᠰᠦᠯ ᠪᠠᠶᠢᠭᠤᠯᠤᠭᠳᠠᠨ | ᠠᠰᠢᠭᠯᠠᠯᠲᠠ ᠳᠤ ᠤᠷᠤᠪᠠ᠃ ᠢᠯᠴᠢ ᠬᠠᠩᠭᠠᠬᠤ ᠲᠠᠯᠠᠪᠠᠢ240 ᠲᠦᠮᠡᠨ ᠺᠤᠸᠠᠳ᠋ ᠮᠧᠲᠷ ᠲᠤ ᠬᠦᠷᠴᠦ᠂2 | ᠲᠦᠮᠡ ᠢᠯᠡᠭᠦᠦ ᠡᠷᠦᠭᠡ ᠰᠠᠭᠤᠭᠠᠯᠢ ᠠᠷᠠᠳ ᠲᠤ ᠠᠰᠢᠭ ᠢ ᠨᠢ ᠬᠦᠷᠳᠡᠭᠡᠪᠡ᠃ ᠾᠧᠩ ᠲᠠᠢ ᠬᠡᠢ ᠭᠠᠷᠭᠠᠬᠤ | ᠪᠠᠷᠢᠯᠭ᠎ᠠ11 ᠺᠢᠯᠤᠮᠧᠲᠷ ᠰᠢᠨ᠎ᠡ ᠬᠤᠭᠤᠯᠠᠢ ᠶᠢᠨ ᠲᠤᠤᠷ ᠲᠡᠪᠢᠰᠵᠠᠢ᠃ ᠬᠤᠳᠠ ᠪᠠᠯᠭᠠᠰᠤᠨ ᠤ ᠶᠠᠷᠤᠩᠬᠡᠢ ᠬᠠᠤᠯᠢ | ᠬᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠵᠤ᠂ ᠬᠤᠳᠠ ᠲᠤᠭᠤᠷᠢᠭ ᠤᠨ《 ᠠᠷᠪᠠᠨ ᠰᠠᠮᠠᠭᠤᠷᠠᠯ》 ᠤᠨ | ᠦᠵᠡᠭᠳᠡᠯ ᠢ ᠲᠦᠪᠯᠡᠷᠡᠩᠭᠦᠢ ᠵᠠᠰᠠᠨ ᠬᠠᠮᠢᠶᠠᠷᠤᠨ᠎ᠠ᠃ ᠬᠠᠤᠯᠢ ᠠᠴᠠ ᠵᠦᠷᠢᠴᠡᠭᠰᠡᠨ 203 ᠲᠡᠷᠭᠡ ᠶᠢ ᠪᠠᠶᠢᠴᠠᠭᠠᠨ | ᠬᠤᠷᠢᠶᠠᠵᠤ᠂2 ᠵᠠᠳᠠᠭᠠᠢ ᠨᠡᠭᠦᠷᠡᠰᠦᠨ ᠵᠠᠬ᠎ᠠ ᠳᠡᠯᠭᠡᠭᠦᠷ ᠢ ᠬᠦᠴᠦᠨ ᠦᠭᠡᠢ ᠪᠤᠯᠭᠠᠵᠤ᠂1 ᠪᠠᠷᠢᠯᠭ᠎ᠠ ᠶᠢᠨ ᠲᠡᠷᠭᠡ | ᠵᠤᠭᠰᠤᠭᠠᠬᠤ ᠲᠠᠯᠠᠪᠠᠢ ᠶᠢ ᠪᠠᠶᠢᠭᠤᠯᠤᠨ᠂6000 ᠭᠠᠷᠤᠢ ᠺᠤᠸᠠᠳ᠋ ᠮᠧᠲᠷ ᠬᠠᠤᠯᠢ ᠠᠴᠠ ᠵᠦᠷᠢᠴᠡᠭᠰᠡᠨ | ᠪᠠᠷᠢᠯᠭ᠎ᠠ ᠶᠢᠨ ᠪᠤᠳᠠᠰ ᠢ ᠨᠤᠷᠠᠭᠠᠨ ᠠᠷᠢᠯᠭᠠᠪᠠ᠃ ᠦᠵᠡᠰᠭᠦᠯᠡᠩᠳᠦ ᠭᠤᠶᠤ ᠬᠦᠳᠡᠭᠡ ᠲᠤᠰᠬᠤᠨ ᠢ ᠪᠦᠳᠦᠭᠡᠨ | ᠪᠠᠶᠢᠭᠤᠯᠬᠤ ᠰᠢᠨ᠎ᠡ ᠠᠯᠬᠤᠮ ᠢ ᠠᠯᠬᠤᠭᠰᠠᠨ ᠪᠠᠶᠢᠨ᠎ᠠ᠃ ᠤᠨᠴᠠᠯᠢᠭᠳᠤ ᠪᠠᠭ᠎ᠠ ᠪᠠᠯᠭᠠᠰᠤ ᠪᠠ ᠪᠤᠯᠪᠠᠰᠤᠨ ᠲᠤᠰᠬᠤᠨ | ᠪᠠᠯᠭᠠᠰᠤ ᠶᠢ ᠪᠦᠳᠦᠭᠡᠨ ᠪᠠᠶᠢᠭᠤᠯᠬᠤ ᠶᠢ ᠲᠦᠷᠭᠡᠳᠭᠡᠵᠦ᠂ ᠶᠡᠭᠡ ᠬᠠᠰᠢᠶᠠᠳᠦ ᠪᠠᠯᠭᠠᠰᠤᠨ ᠤ ᠤᠨᠴᠠᠯᠢᠭᠳᠤ ᠪᠠᠭ᠎ᠠ | ᠪᠠᠯᠭᠠᠰᠤ ᠶᠢᠨ ᠲᠦᠯᠦᠪᠵᠢᠭᠦᠯᠭᠡ ᠪᠠ ᠰᠢᠶᠤᠤ ᠬᠠᠢ ᠽᠢ ᠪᠠᠯᠭᠠᠰᠤᠨ ᠤ ᠨᠠᠶᠠᠨ ᠲᠠᠪᠤᠳᠤᠭᠠᠷ ᠨᠤᠮᠧᠷ ᠲᠤᠰᠬᠤᠨ ᠤ | ᠦᠵᠡᠰᠭᠦᠯᠡᠩᠳᠦ ᠭᠤᠶᠤ ᠰᠠᠭᠤᠷᠢᠰᠢᠬᠤ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠲᠦᠯᠦᠪᠵᠢᠭᠦᠯᠭᠡ ᠶᠢ | ᠨᠠᠶᠢᠷᠠᠭᠤᠯᠵᠤ ᠲᠡᠭᠦᠰᠪᠡ᠃ ᠳ᠋ᠠ ᠨᠠᠨ ᠹᠠᠩ ᠲᠤᠰᠬᠤᠨ᠂ ᠰᠢ ᠵᠢᠩ ᠽᠢ ᠲᠤᠰᠬᠤᠨ ᠵᠡᠷᠭᠡ12 ᠲᠤᠰᠬᠤᠨ ᠨᠢ | ᠬᠤᠳᠠ ᠶᠢᠨ ᠳᠡᠰ ᠤᠨ ᠪᠤᠯᠪᠠᠰᠤᠨ ᠲᠤᠰᠬᠤᠨ ᠪᠠᠯᠭᠠᠰᠤ ᠪᠠᠷ ᠦᠨᠡᠯᠡᠭᠳᠡᠪᠡ᠃ ᠬᠦᠳᠡᠭᠡ ᠲᠤᠰᠬᠤᠨ ᠤ ᠬᠦᠮᠦᠨ | ᠰᠠᠭᠤᠷᠢᠰᠢᠯ ᠤᠨ ᠤᠷᠴᠢᠨ ᠲᠤᠭᠤᠷᠢᠨ ᠤ ᠴᠡᠭᠴᠡᠯᠡᠨ ᠰᠠᠶᠢᠵᠢᠷᠠᠭᠤᠯᠤᠯᠲᠠ ᠶᠢᠨ ᠭᠤᠷᠪᠠᠨ ᠵᠢᠯ ᠤᠨ ᠠᠵᠢᠯᠠᠯᠭᠠᠨ ᠢ | ᠡᠬᠢᠯᠡᠭᠦᠯᠵᠦ᠂10 ᠲᠦᠮᠡᠨ ᠭᠠᠷᠤᠢ ᠲᠦᠷᠪᠡᠯᠵᠢᠨ ᠮᠧᠲᠷ ᠬᠤᠭ ᠨᠤᠪᠰᠢ ᠶᠢ ᠠᠷᠢᠯᠭᠠᠨ ᠴᠡᠪᠡᠷᠯᠡᠵᠤ᠂5.78 | ᠲᠦᠮᠡᠨ ᠡᠷᠦᠭᠡ ᠬᠦᠳᠡᠭᠡ ᠲᠤᠰᠬᠤᠨ ᠤ ᠠᠶᠤᠯᠳᠠᠢ ᠭᠡᠷ ᠪᠠᠶᠢᠰᠢᠩ᠂40 ᠲᠦᠮᠡᠨ ᠮᠧᠲᠷ ᠤᠷᠳᠦ ᠬᠦᠷᠢᠶ᠎ᠡ ᠬᠡᠷᠡᠮ ᠢ | ᠨᠤᠷᠠᠭᠠᠨ ᠠᠷᠢᠯᠭᠠᠪᠠ᠃560ᠮᠦ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠭᠠᠵᠠᠷ ᠬᠡᠷᠡᠭᠰᠡᠬᠦ ᠲᠠᠬᠢᠨ | ᠬᠠᠭᠠᠯᠪᠤᠷᠢᠯᠠᠬᠤ ᠲᠦᠰᠦᠯ ᠢ ᠪᠡᠶᠡᠯᠡᠭᠦᠯᠵᠦ᠂4000 ᠮᠦ ᠲᠠᠷᠢᠶᠠᠯᠠᠬᠤ ᠭᠠᠵᠠᠷ ᠢ ᠨᠦᠬᠦᠪᠦᠷᠢᠯᠡᠬᠦ ᠬᠦᠮᠦᠷᠭᠡ ᠶᠢᠨ | ᠴᠢᠨᠠᠷ ᠢ ᠰᠠᠶᠢᠵᠢᠷᠠᠭᠤᠯᠬᠤ ᠲᠦᠰᠦᠯ ᠢ ᠬᠡᠷᠡᠭᠵᠢᠭᠦᠯᠪᠡ᠃ ᠤᠨᠴᠠᠯᠢᠭᠳᠤ ᠬᠦᠷᠢᠶ᠎ᠡ ᠬᠠᠰᠢᠶᠠᠨ ᠤ ᠠᠵᠦ ᠠᠬᠤᠢ ᠶᠢᠨ | ᠤᠢ ᠶᠢ2000 ᠮᠦ ᠪᠠᠶᠢᠭᠤᠯᠵᠤ᠂ ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ7. | 06 ᠲᠦᠮᠡᠨ ᠮᠦ ᠰᠢᠨ᠎ᠡ ᠪᠠᠷ ᠨᠡᠮᠡᠭᠳᠡᠵᠦ᠂126 ᠰᠦᠷᠴᠢᠨ ᠤᠰᠤᠯᠠᠬᠤ ᠴᠠᠭᠠᠷᠢᠭ ᠢ ᠬᠦᠴᠦᠨ ᠦᠭᠡᠢ ᠪᠤᠯᠭᠠᠵᠠᠢ᠃ | 11 ᠺᠢᠯᠤᠮᠧᠲᠷ ᠪᠦᠳᠦᠭᠦᠨ ᠭᠤᠤᠯ ᠤᠨ ᠭᠤᠤᠯ ᠤᠨ ᠵᠠᠮ ᠤᠨ ᠵᠠᠰᠠᠯᠲᠠ ᠶᠢᠨ ᠪᠠᠷᠢᠯᠭ᠎ᠠ ᠶᠢ ᠪᠡᠶᠡᠯᠡᠭᠦᠯᠪᠡ᠃223 | ᠱᠤᠭᠤᠮ ᠰᠢᠩ ᠾᠧ ᠠᠴᠠ ᠱᠠᠩᠳᠦ ᠳᠤ ᠬᠦᠷᠬᠦ ᠵᠠᠮ ᠤᠨ ᠰᠠᠭᠤᠷᠢ ᠤᠯᠠ ᠪᠠ ᠬᠦᠬᠦᠷᠭᠡᠨ ᠤ ᠬᠦᠨᠳᠡᠢ ᠶᠢᠨ | ᠪᠠᠷᠢᠯᠭ᠎ᠠ᠂ ᠱᠠᠩᠳᠦ ᠠᠴᠠ ᠵᠠᠩ ᠪᠧᠢ ᠳᠤ ᠬᠦᠷᠬᠦ ᠬᠤᠶᠠᠳᠤᠭᠠᠷ ᠳᠡᠰ ᠤᠨ ᠵᠠᠰᠠᠮᠡᠯ ᠵᠠᠮ ᠤᠨ ᠦᠢᠯᠡᠳᠪᠦᠷᠢ ᠶᠢᠨ | ᠪᠠᠷᠢᠮᠵᠢᠶ᠎ᠠ ᠶᠢ ᠲᠡᠭᠡᠭᠰᠢᠯᠡᠭᠦᠯᠦᠨ ᠦᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠬᠢᠨᠠᠨ ᠲᠦᠯᠦᠪᠯᠡᠯᠭᠡ ᠶᠢᠨ ᠠᠵᠢᠯ ᠢ | ᠪᠡᠶᠡᠯᠡᠭᠦᠯᠵᠦ᠂ ᠱᠠᠩᠳᠦ ᠠᠴᠠ ᠵᠢᠨᠢᠩ ᠳᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠰᠤᠳᠤᠯᠤᠨ ᠲᠦᠷᠦᠯ ᠵᠤᠶᠢᠯ ᠢ | ᠪᠤᠰᠬᠠᠬᠤ ᠱᠠᠳᠤᠨ ᠳᠤ ᠤᠷᠤᠵᠤ᠂ ᠱᠠᠩᠳᠦ ᠠᠴᠠ ᠱᠠᠩ ᠢ ᠦᠨᠳᠦᠷ ᠬᠤᠷᠳᠤᠴᠠᠳᠤ ᠵᠠᠰᠠᠮᠡᠯ ᠵᠠᠮ ᠦᠪᠡᠷᠳᠡᠬᠡᠨ | ᠵᠠᠰᠠᠬᠤ ᠤᠷᠤᠨ ᠤ ᠵᠠᠮ ᠬᠠᠷᠢᠯᠴᠠᠭᠠᠨ ᠤ ᠲᠢᠩᠬᠢᠮ ᠤᠨ《 ᠠᠷᠪᠠᠨ ᠭᠤᠷᠪᠠᠳᠤᠭᠠᠷ ᠲᠠᠪᠤᠨ ᠵᠢᠯ》 ᠤᠨ | ᠲᠦᠯᠦᠪᠵᠢᠭᠦᠯᠭᠡ ᠳᠤ ᠵᠢᠭᠰᠠᠭᠠᠨ ᠤᠷᠤᠭᠤᠯᠵᠠᠢ᠃《 ᠨᠢᠭᠡ ᠡᠷᠦᠭᠡ ᠨᠢᠭᠡ ᠬᠦᠰᠦᠨᠦᠭᠳᠦ》 ᠬᠠᠭᠤᠴᠢᠨ ᠬᠡᠮᠵᠢᠨ | ᠦᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ᠂ ᠭᠦᠩᠭᠡᠨ ᠠᠵᠦ ᠦᠢᠯᠡᠳᠪᠦᠷᠢ ᠬᠦᠷᠢᠶᠡᠯᠡᠩ ᠲᠤᠭᠤᠷᠢᠭ ᠤᠨ ᠴᠠᠬᠢᠯᠭᠠᠨ | ᠦᠷᠳᠡᠭᠡ ᠶᠢᠨ ᠰᠢᠨ᠎ᠡ ᠪᠠᠶᠢᠭᠤᠯᠬᠤ ᠪᠠᠷᠢᠯᠭ᠎ᠠ ᠵᠡᠷᠭᠡ6 ᠲᠦᠷᠦᠯ ᠵᠤᠶᠢᠯ ᠤᠨ ᠬᠤᠳᠠ ᠬᠦᠳᠡᠭᠡ ᠶᠢᠨ ᠴᠠᠬᠢᠯᠭᠠᠨ | ᠲᠤᠤᠷ ᠤᠨ ᠦᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢ ᠬᠡᠷᠡᠭᠵᠢᠭᠦᠯᠵᠡᠢ᠃ | ——ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠡ ᠨᠡᠬᠡᠬᠡᠯᠲᠡ ᠶᠢ ᠭᠦᠨᠵᠡᠭᠡᠢ | ᠬᠡᠷᠡᠭᠵᠢᠭᠦᠯᠵᠡᠢ᠃《 ᠪᠠᠭᠤᠯᠭᠠᠬᠤ ᠬᠠᠮᠢᠶᠠᠷᠬᠤ ᠦᠢᠯᠡᠴᠢᠯᠡᠬᠦ》 ᠦᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠰᠢᠶᠠᠨ ᠤ ᠳᠡᠰ ᠤᠨ ᠡᠷᠭᠡ ᠪᠠ ᠬᠠᠷᠢᠭᠤᠴᠠᠯᠭ᠎ᠠ ᠶᠢᠨ ᠵᠢᠭᠰᠠᠭᠠᠯᠲᠠ6220 ᠶᠢ ᠡᠮᠬᠢᠯᠡᠨ | ᠨᠡᠶᠢᠳᠡᠯᠡᠵᠦ᠂ ᠵᠠᠰᠠᠭ ᠵᠠᠬᠢᠷᠭᠠᠨ ᠤ ᠵᠦᠪᠰᠢᠶᠡᠷᠡᠯ227《 ᠠᠪᠤᠨ ᠲᠤᠤᠷ᠎ᠠ ᠪᠠᠨ ᠭᠦᠢᠴᠡᠳᠭᠡᠬᠦ᠂ ᠤᠶᠢᠷ᠎ᠠ | ᠬᠠᠪᠢ ᠪᠠᠷ ᠭᠦᠢᠴᠡᠳᠭᠡᠬᠦ᠂ ᠨᠢᠭᠡ ᠤᠳᠠᠭ᠎ᠠ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ》 ᠲᠦᠰᠦᠯ ᠤᠨ | ᠵᠢᠭᠰᠠᠭᠠᠯᠲᠠ ᠶᠢ ᠪᠦᠬᠦᠨ ᠢ ᠨᠡᠶᠢᠳᠡᠯᠡᠵᠤ᠂ ᠠᠷᠠᠳ ᠤᠯᠠᠨ ᠬᠡᠷᠡᠭ ᠭᠦᠢᠴᠡᠳᠭᠡᠬᠦ《 ᠵᠠᠭᠤᠨ ᠲᠦᠭᠵᠢᠷᠡᠯ ᠢ ᠲᠠᠷᠬᠠᠨ | ᠰᠢᠢᠳᠪᠦᠷᠢᠯᠠᠬᠤ ᠠᠵᠢᠯᠠᠯᠭ᠎ᠠ》 ᠶᠢ ᠦᠷᠨᠢᠭᠦᠯᠵᠦ᠂ ᠠᠷᠠᠳ ᠤᠯᠠᠨ ᠤ ᠬᠡᠷᠡᠭ ᠭᠦᠢᠴᠡᠳᠭᠡᠬᠦ40 ᠲᠦᠭᠵᠢᠷᠡᠯ | ᠠᠰᠠᠭᠤᠳᠠᠯ ᠢ ᠰᠢᠢᠳᠪᠦᠷᠢᠯᠡᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠵᠤᠶᠢᠯ ᠤᠳ186 ᠠᠴᠠ174 ᠪᠤᠯᠤᠨ | ᠪᠠᠭᠠᠰᠴᠦ᠂ ᠵᠠᠰᠠᠭ ᠵᠠᠬᠢᠷᠭᠠᠨ ᠤ ᠠᠵᠢᠯᠠᠯᠭᠠᠨ ᠤ ᠴᠢᠨᠠᠷ ᠪᠦᠬᠦᠢ ᠵᠤᠭᠤᠰ ᠬᠤᠷᠢᠶᠠᠬᠤ ᠲᠦᠷᠦᠯ ᠵᠤᠶᠢᠯ19 ᠠᠴᠠ16 | ᠪᠤᠯᠤᠨ ᠪᠠᠭᠠᠰᠴᠦ᠂ ᠵᠤᠭᠤᠰ ᠬᠤᠷᠢᠶᠠᠬᠤ ᠰᠠᠯᠠᠭ᠎ᠠ ᠮᠦᠴᠢᠷ᠂ ᠦᠨᠳᠦᠰᠦᠯᠡᠯ ᠪᠤᠯᠤᠨ ᠪᠠᠷᠢᠮᠵᠢᠶ᠎ᠠ ᠪᠠᠷ | ᠶᠠᠪᠤᠭᠳᠠᠭᠤᠯᠬᠤ ᠶᠢ ᠪᠦᠬᠦᠨ ᠢᠶᠠᠷ ᠨᠢ ᠨᠡᠶᠢᠳᠡᠯᠡᠪᠡ᠃《 ᠦᠨᠡᠮᠯᠡᠯ ᠢ ᠴᠦᠭᠡᠳᠭᠡᠨ ᠠᠷᠠᠳ ᠲᠤ ᠲᠦᠭᠦᠮ | ᠦᠵᠡᠭᠦᠯᠭᠦ》 ᠲᠤᠰᠬᠠᠶᠢᠵᠢᠯᠠᠭᠰᠠᠨ ᠠᠵᠢᠯᠠᠯᠭ᠎ᠠ ᠶᠢ ᠦᠷᠨᠢᠭᠦᠯᠵᠦ᠂6 ᠰᠠᠯᠠᠭ᠎ᠠ ᠮᠦᠴᠢᠷ48 ᠵᠠᠰᠠᠭ ᠵᠠᠬᠢᠷᠭᠠᠨ ᠤ | ᠵᠦᠪᠰᠢᠶᠡᠷᠡᠭᠰᠡᠨ ᠦᠨᠡᠮᠯᠡᠯ ᠤᠨ ᠵᠤᠶᠢᠯ ᠢ ᠦᠯᠡᠳᠡᠪᠡ᠃ ᠪᠦᠬᠦ ᠬᠤᠳᠠ ᠶᠢᠨ ᠬᠤᠰᠢᠭᠤ ᠰᠢᠶᠠᠨ ᠤ ᠨᠢᠭᠡᠳᠦᠭᠡᠷ | ᠬᠠᠭᠤᠳᠠᠰᠤ ᠡᠯᠧᠺᠲ᠋ᠤᠷᠤᠨ ᠬᠤᠳᠠᠯᠳᠤᠭ᠎ᠠ ᠦᠢᠯᠡᠴᠢᠯᠡᠭᠡ ᠶᠢᠨ ᠦᠨᠡᠮᠯᠡᠯ ᠢ ᠮᠠᠨ ᠤ ᠰᠢᠶᠠᠨ ᠳᠤ ᠵᠢᠩᠭᠢᠨᠢ ᠪᠠᠷ | ᠤᠯᠭᠤᠪᠠ᠃ ᠬᠤᠳᠠᠯᠳᠤᠭᠠᠨ ᠤ ᠤᠷᠴᠢᠨ ᠢ ᠴᠢᠨᠠᠭᠰᠢᠲᠠ ᠰᠢᠯᠢᠳᠡᠭᠵᠢᠭᠦᠯᠵᠦ᠂ ᠵᠠᠬ᠎ᠠ ᠲᠡᠯᠭᠡᠭᠦᠷ ᠤᠨ ᠪᠡᠶᠡᠴᠢ | ᠴᠤᠭᠴᠠ ᠶᠢᠨ ᠭᠠᠶᠢᠯᠢ ᠶᠢᠨ ᠮᠦᠩᠭᠦ ᠶᠢᠨ ᠲᠠᠷᠤᠭᠠᠰᠤ ᠶᠢ1.33 ᠳ᠋ᠦᠩᠰᠢᠭᠤᠷ ᠲᠦᠭᠦᠷᠢᠭ ᠬᠦᠩᠭᠡᠷᠡᠭᠦᠯᠵᠦ᠂ ᠠᠵᠦ | ᠠᠬᠤᠶᠢᠯᠠᠯ ᠳᠤ ᠬᠠᠪᠰᠤᠷᠤᠮᠵᠢ ᠶᠢᠨ ᠪᠠᠳᠤᠯᠭ᠎ᠠ ᠶᠢᠨ ᠮᠦᠩᠭᠦ1500 ᠲᠦᠮᠡᠨ ᠲᠦᠭᠦᠷᠢᠭ ᠢ ᠲᠠᠯᠪᠢᠨ᠂ ᠵᠠᠬ᠎ᠠ | ᠳᠡᠯᠭᠡᠭᠦᠷ ᠤᠨ ᠪᠡᠶᠡᠴᠢ ᠴᠤᠭᠴᠠ1454 ᠡᠷᠦᠭᠡ ᠰᠢᠨ᠎ᠡ ᠪᠠᠷ ᠨᠡᠮᠡᠭᠳᠡᠪᠡ᠃ ᠭᠦᠳᠡᠭᠡ ᠲᠤᠰᠬᠤᠨ ᠤ ᠲᠦᠪᠯᠡᠷᠡᠩᠭᠦᠢ | ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠡᠯᠲᠡ ᠵᠠᠰᠠᠭ ᠵᠠᠬᠢᠷᠭᠠᠨ ᠤ ᠲᠤᠰᠬᠤᠨ ᠤ ᠦᠮᠴᠢᠯᠡᠬᠦ ᠶᠢ ᠠᠷᠢᠯᠭᠠᠨ | ᠬᠢᠨᠠᠨ ᠪᠤᠳᠤᠬᠤ ᠠᠵᠢᠯ ᠢ ᠪᠡᠶᠡᠯᠡᠭᠦᠯᠪᠡ᠃ ᠭᠠᠵᠠᠷ ᠰᠢᠷᠤᠢ ᠶᠢᠨ ᠡᠷᠬᠡ ᠶᠢ ᠲᠤᠳᠤᠷᠬᠠᠶᠢᠯᠠᠬᠤ ᠪᠠ ᠲᠠᠯ᠎ᠠ ᠨᠤᠳᠤᠭ ᠤᠨ | ᠡᠷᠬᠡ ᠶᠢ ᠲᠤᠳᠤᠷᠬᠠᠶᠢᠯᠠᠨ ᠳᠠᠩᠰᠠᠯᠠᠬᠤ ᠠᠵᠢᠯ ᠦᠨᠳᠦᠰᠦᠨ ᠳᠤ ᠪᠠᠨ ᠪᠡᠶᠡᠯᠡᠭᠳᠡᠪᠡ᠃ ᠲᠤᠰᠬᠤᠨ ᠤ ᠳᠡᠰ ᠤᠨ | ᠨᠠᠮ ᠤᠨ ᠠᠵᠢᠯ᠂ ᠵᠠᠬᠢᠷᠭᠠᠨ ᠤ ᠠᠵᠢᠯ᠂ ᠡᠳ᠋ ᠤᠨ ᠶᠠᠪᠤᠳᠠᠯ《 ᠭᠤᠷᠪᠠᠨ ᠠᠵᠢᠯ》 ᠤᠳ ᠢ ᠢᠯᠡ ᠪᠠᠶᠢᠯᠭᠠᠬᠤ ᠶᠢ | ᠪᠡᠶᠡᠯᠡᠭᠦᠯᠪᠡ᠃ ᠲᠠᠷᠢᠶᠠᠯᠠᠩ ᠤᠨ ᠶᠠᠷᠤᠩᠬᠡᠢ ᠤᠰᠤᠨ ᠤ ᠦᠨ᠎ᠡ ᠶᠢᠨ ᠲᠤᠷᠰᠢᠯᠲᠠ ᠶᠢᠨ ᠴᠢᠭ ᠤᠨ ᠦᠭᠡᠷᠡᠴᠢᠯᠡᠯᠲᠡ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠲᠤᠮᠳᠠ ᠬᠡᠷᠡᠭᠰᠡᠬᠦ ᠤᠰᠤᠨ ᠤ ᠱᠠᠳᠤᠴᠢ ᠦᠨ᠎ᠡ ᠶᠢᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠤᠯᠤᠰ ᠤᠨ ᠭᠠᠶᠢᠯᠢ ᠶᠢᠨ ᠶᠠᠪᠤᠳᠠᠯ ᠤᠨ ᠶᠠᠷᠤᠩᠬᠡᠢ | ᠲᠤᠪᠴᠢᠶ᠎ᠠ ᠱᠠᠩᠳᠦ ᠰᠢᠶᠠᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ | ᠨᠡᠬᠡᠬᠡᠯᠲᠡ ᠬᠦᠭᠵᠢᠯᠲᠡ ᠰᠢᠨ᠎ᠡ ᠬᠢᠷᠢ ᠪᠦᠳᠦᠮᠵᠢ ᠶᠢ ᠤᠯᠪᠠ᠃ ᠬᠤᠳᠠᠯᠳᠤᠭᠠᠴᠢᠨ ᠤᠷᠢᠵᠦ ᠪᠡᠯᠡ ᠲᠠᠳᠠᠬᠤ ᠪᠠ | ᠲᠦᠰᠦᠯ ᠢ ᠪᠦᠳᠦᠭᠡᠨ ᠪᠠᠶᠢᠭᠤᠯᠬᠤ ᠪᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠲᠦᠯᠬᠢᠨ | ᠠᠬᠢᠭᠤᠯᠬᠤ ᠴᠢᠬᠤᠯᠠ ᠬᠦᠳᠡᠯᠭᠡᠭᠦᠷ ᠪᠤᠯᠭᠠᠵᠤ᠂ ᠪᠦᠬᠦ ᠵᠢᠯ23 ᠲᠦᠰᠦᠯ ᠢ ᠲᠠᠲᠠᠨ ᠠᠪᠴᠢᠷᠠᠵᠤ᠂ ᠪᠡᠯᠡ | ᠮᠦᠩᠭᠦ12.2 ᠳ᠋ᠦᠩᠰᠢᠭᠤᠷ ᠲᠦᠭᠦᠷᠢᠭ ᠲᠤ ᠬᠦᠷᠪᠡ᠃23 ᠳ᠋ᠦᠩᠰᠢᠭᠤᠷ ᠲᠦᠭᠦᠷᠢᠭ ᠠᠴᠠ ᠳᠡᠭᠡᠭᠰᠢ | ᠬᠤᠳᠠ ᠶᠢᠨ ᠳᠡᠰ ᠤᠨ ᠭᠤᠤᠯᠳᠠᠯᠭᠠᠳᠤ ᠲᠦᠰᠦᠯ ᠢ ᠠᠮᠵᠢᠯᠲᠠ ᠲᠠᠢ ᠲᠦᠯᠬᠢᠨ ᠠᠬᠢᠭᠤᠯᠵᠤ᠂19.36 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠪᠠ᠃ ᠹᠧᠩ ᠶᠠᠨ ᠵᠢᠶᠤᠤ ᠵᠢᠯ ᠤᠨ | ᠤᠨᠤᠯᠲᠠ11 ᠲᠦᠮᠡᠨ ᠲᠤᠨ ᠪᠠᠯ ᠴᠢᠯᠠᠭᠤᠨ ᠳᠤ ᠨᠡᠭᠦᠷᠡᠰᠦᠳᠦ᠋ᠷᠦᠭᠴᠢ ᠡᠳ᠋ ᠨᠡᠮᠡᠬᠦ ᠪᠠ1 ᠲᠦᠮᠡᠨ ᠲᠤᠨ ᠯᠢᠲ᠋ᠢ | ᠢᠶᠤᠨᠳᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠭᠠᠳᠠᠭᠰᠢ ᠭᠠᠷᠭᠠᠬᠤ ᠪᠤᠷᠤᠯᠠᠭᠤᠯᠤᠯᠲᠠ ᠶᠢᠨ | ᠲᠦᠰᠦᠯ ᠮᠦᠳᠳᠦᠭᠡᠨ ᠪᠡᠯᠡ ᠤᠷᠤᠭᠤᠯᠵᠤ ᠦᠢᠯᠡᠳᠪᠦᠷᠢᠯᠡᠨ᠎ᠡ᠃ | ——ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠵᠡᠢ᠃ | ᠵᠠᠰᠠᠭ ᠤᠨ ᠤᠷᠳᠤᠨ ᠤ ᠦᠷᠢ ᠦᠭᠴᠡᠭᠡ ᠶᠢ ᠰᠡᠷᠭᠡᠶᠢᠯᠡᠨ ᠨᠠᠮᠳᠠᠭᠠᠬᠤ ᠠᠵᠢᠯ ᠤᠨ ᠳᠠᠷᠤᠭᠠᠰᠤ ᠬᠠᠷᠢᠴᠠᠩᠭᠤᠢ ᠪᠠᠷ | ᠶᠡᠭᠡ᠂ ᠡᠳ᠋ ᠤᠨ ᠬᠦᠴᠦᠨ ᠪᠠᠴᠢᠮ ᠪᠠᠶᠢᠳᠠᠯ ᠲᠤᠤᠷ᠎ᠠ᠂ ᠪᠦᠬᠦ ᠵᠢᠯ ᠤᠨ ᠡᠳ᠋ ᠤᠨ ᠵᠠᠰᠠᠭ ᠠᠴᠠ ᠠᠷᠠᠳ ᠤᠨ | ᠠᠮᠢᠳᠤᠷᠠᠯ ᠤᠨ ᠲᠠᠯ᠎ᠠ ᠳᠤ ᠬᠡᠷᠡᠭᠰᠡᠬᠦ ᠵᠠᠷᠤᠯᠭ᠎ᠠ24 ᠳ᠋ᠦᠩᠰᠢᠭᠤᠷ ᠲᠦᠭᠦᠷᠢᠭ᠂ ᠪᠦᠬᠦ ᠵᠠᠷᠤᠯᠭ᠎ᠠ ᠶᠢᠨ83% ᠢ | ᠡᠵᠡᠯᠡᠵᠦ᠂11.4% ᠪᠠᠷ ᠨᠡᠮᠡᠭᠳᠡᠪᠡ᠃ ᠠᠵᠢᠯ ᠤᠶᠢᠯᠡᠰ ᠪᠤᠰᠬᠠᠬᠤ ᠪᠠ ᠠᠵᠢᠯ ᠤᠯᠭᠤᠬᠤ ᠢᠯᠡᠷᠬᠡᠢ ᠠᠮᠵᠢᠯᠲᠠ | ᠪᠦᠳᠦᠮᠵᠢ ᠲᠠᠢ᠃ ᠠᠵᠢᠯ ᠤᠯᠭᠤᠬᠤ ᠲᠦᠷᠦᠭᠦᠨ ᠤ ᠪᠠᠶᠢᠯᠳᠤᠬᠤ ᠪᠤᠳᠤᠯᠭ᠎ᠠ ᠪᠠ ᠢᠳᠡᠪᠬᠢ ᠠᠵᠢᠯ ᠤᠯᠭᠤᠬᠤ | ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤ ᠶᠢᠨ ᠰᠢᠨ᠎ᠡ ᠪᠠᠷ ᠠᠵᠢᠯ ᠤᠯᠭᠤᠭᠰᠠᠨ | ᠬᠦᠮᠦᠨ2065 ᠨᠡᠮᠡᠭᠳᠡᠵᠦ᠂320 ᠬᠤᠳᠠ ᠪᠠᠯᠭᠠᠰᠤ ᠶᠢᠨ ᠠᠵᠢᠯ ᠠᠯᠳᠠᠭᠰᠠᠳ ᠳᠠᠬᠢᠨ ᠠᠵᠢᠯ ᠤᠯᠭᠤᠵᠤ᠂ | ᠬᠤᠳᠠ ᠪᠠᠯᠭᠠᠰᠤ ᠶᠢᠨ ᠠᠵᠢᠯ ᠠᠯᠳᠠᠭᠰᠠᠨ ᠨᠤᠷᠮ᠎ᠠ ᠶᠢᠨ ᠪᠦᠷᠢᠳᠭᠡᠯ ᠢ3.92% ᠤᠨ ᠲᠤᠳᠤᠷ᠎ᠠ ᠬᠢᠵᠠᠭᠠᠷᠯᠠᠨ᠎ᠠ᠃4. | 3 ᠲᠦᠮᠡᠨ ᠬᠦᠳᠡᠭᠡ ᠲᠤᠰᠬᠤᠨ ᠤ ᠬᠦᠳᠡᠯᠮᠦᠷᠢ ᠬᠦᠴᠦ ᠰᠢᠯᠵᠢᠨ ᠠᠵᠢᠯ ᠤᠯᠭᠤᠵᠤ᠂493 ᠲᠦᠮᠡᠨ | ᠲᠦᠭᠦᠷᠢᠭ ᠤᠨ ᠠᠵᠢᠯ ᠦᠢᠯᠡᠰ ᠪᠤᠰᠬᠠᠬᠤ ᠵᠢᠭᠡᠯᠡᠯᠭᠡ ᠲᠠᠯᠪᠢᠵᠠᠢ᠃ ᠨᠡᠶᠢᠭᠡᠮ ᠤᠨ ᠪᠠᠳᠤᠯᠠᠪᠤᠷᠢ ᠶᠢᠨ | ᠦᠢᠯᠡᠴᠢᠯᠡᠭᠡᠨ ᠤ ᠠᠵᠢᠯ ᠢ ᠦᠷᠬᠦᠯᠵᠢᠯᠡᠨ ᠲᠡᠭᠦᠯᠳᠡᠷᠵᠢᠭᠦᠯᠦᠨ᠎ᠡ᠃ ᠨᠠᠰᠤᠵᠢᠯ ᠤᠨ ᠳᠠᠭᠠᠳᠬᠠᠯ ᠤᠨ ᠲᠦᠷᠢᠮ ᠤᠨ | ᠦᠪᠴᠢ ᠪᠦᠷᠬᠦᠬᠦᠯᠲᠡ ᠶᠢ ᠪᠡᠶᠡᠯᠡᠭᠦᠯᠵᠦ᠂ ᠡᠮᠨᠡᠯᠭᠡ᠂ ᠠᠵᠢᠯ ᠠᠯᠳᠠᠬᠤ᠂ ᠠᠵᠢᠯ ᠠᠴᠠ ᠪᠤᠯᠤᠭᠰᠠᠨ ᠭᠡᠮᠳᠤᠯ ᠵᠡᠷᠭᠡ | ᠨᠡᠶᠢᠭᠡᠮ ᠤᠨ ᠳᠠᠭᠠᠳᠬᠠᠯ ᠪᠠᠳᠤᠯᠠᠪᠤᠷᠢ ᠳᠤ ᠤᠷᠤᠭᠤᠯᠬᠤ ᠶᠢ ᠨᠢ ᠠᠯᠢ ᠪᠤᠯᠬᠤ ᠪᠠᠷ ᠤᠷᠤᠭᠤᠯᠬᠤ ᠶᠢ | ᠦᠨᠳᠦᠰᠦᠨ ᠳᠤ ᠪᠠᠨ ᠪᠡᠶᠡᠯᠡᠭᠦᠯᠪᠡ᠃ ᠮᠤᠵᠢ ᠠᠯᠰᠠᠯᠠᠨ ᠭᠠᠳᠠᠷ ᠭᠠᠵᠠᠷ ᠲᠤ ᠡᠮᠨᠡᠬᠦ ᠳᠤ ᠰᠢᠭᠤᠳ ᠳ᠋ᠦᠩᠨᠡᠨ | ᠪᠤᠳᠤᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠦᠯᠦᠰᠦᠨ ᠠᠵᠢᠯᠴᠢᠳ ᠤᠨ ᠴᠠᠯᠢᠩ ᠤᠨ《 ᠬᠤᠶᠠᠷ | ᠮᠦᠩᠭᠦ ᠭᠤᠷᠪᠠᠨ ᠲᠦᠷᠢᠮ》 ᠤᠨ ᠲᠦᠷᠢᠮ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂《 ᠴᠠᠯᠢᠩ | ᠦᠷᠢᠳᠦᠯ ᠢ ᠵᠠᠰᠠᠬᠤ᠂ ᠴᠠᠯᠢᠩ ᠦᠭᠬᠦ ᠶᠢ ᠪᠠᠳᠤᠯᠠᠬᠤ》 ᠡᠷᠴᠢᠮ ᠢ ᠴᠢᠩᠭᠠᠷᠠᠭᠤᠯᠤᠨ᠎ᠠ᠃ ᠬᠤᠳᠠ ᠬᠦᠳᠡᠭᠡ ᠶᠢᠨ | ᠡᠷᠦᠭᠡ ᠲᠠᠷᠤᠨ ᠪᠠᠳᠤᠯᠠᠪᠤᠷᠢ ᠶᠢ ᠬᠡᠷᠡᠭᠵᠢᠭᠦᠯᠭᠦ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠳᠡᠮᠵᠢᠬᠦ | ᠬᠤᠶᠠᠷ ᠲᠦᠷᠢᠮ ᠲᠤᠭᠳᠠᠭᠠᠯ ᠢ ᠵᠤᠯᠭᠠᠯᠳᠤᠭᠤᠯᠬᠤ ᠶᠢ ᠯᠠᠪᠳᠠᠭᠤᠨ ᠪᠠᠳᠤᠳᠠᠢ ᠦᠷᠨᠢᠭᠦᠯᠵᠦ᠂5374 ᠨᠡᠷᠡᠰ | ᠳᠠᠩᠰᠠ ᠡᠪᠬᠡᠮᠡᠯ ᠲᠠᠢ ᠶᠠᠳᠠᠭᠤ ᠬᠦᠴᠢᠷᠳᠡᠯᠳᠡᠢ ᠬᠦᠮᠦᠰ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ | ᠬᠡᠪᠴᠢᠶᠡᠨ ᠳᠤ ᠤᠷᠤᠪᠠ᠃ ᠪᠦᠬᠦ ᠵᠢᠯ59425 ᠬᠦᠮᠦᠨ ᠳᠤ2.14 ᠳ᠋ᠦᠩᠰᠢᠭᠤᠷ ᠲᠦᠭᠦᠷᠢᠭ ᠤᠨ ᠡᠯ᠎ᠡ | ᠵᠤᠶᠢᠯ ᠤᠨ ᠲᠡᠳᠭᠦᠮᠵᠢ ᠶᠢᠨ ᠮᠦᠩᠭᠦ ᠶᠢ ᠲᠠᠯᠪᠢᠵᠠᠢ᠃ ᠰᠤᠷᠭᠠᠨ ᠬᠦᠮᠦᠵᠢᠯ ᠤᠨ ᠠᠵᠢᠯ ᠦᠢᠯᠡᠰ ᠲᠤᠭᠳᠠᠭᠤᠨ | ᠬᠦᠭᠵᠢᠵᠦ ᠪᠠᠶᠢᠨ᠎ᠠ᠃ ᠤᠯᠤᠰ ᠤᠨ ᠳᠡᠰ ᠤᠨ ᠬᠦᠳᠡᠭᠡ ᠲᠤᠰᠬᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠪᠠ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠬᠦᠯᠬᠦ ᠰᠢᠶᠠᠨ ᠢᠶᠠᠷ ᠦᠨᠡᠯᠡᠭᠳᠡᠪᠡ᠃ | ᠢᠯᠡ ᠪᠠᠷ ᠰᠢᠯᠭᠠᠨ ᠠᠪᠬᠤ᠂ ᠡᠯᠰᠡᠨ ᠤᠷᠤᠭᠤᠯᠵᠤ ᠠᠪᠬᠤ ᠵᠡᠷᠭᠡ ᠬᠡᠯᠪᠡᠷᠢ ᠪᠠᠷ86 ᠨᠡᠷᠡᠰ ᠡᠯ᠎ᠡ ᠵᠤᠶᠢᠯ ᠤᠨ | ᠴᠢᠳᠠᠪᠤᠷᠢᠳᠡᠨ ᠢ ᠬᠦᠯᠢᠶᠡᠨ ᠠᠪᠴᠦ᠂ ᠪᠠᠭᠰᠢ ᠶᠢᠨ ᠡᠩᠨᠡᠭᠡ ᠶᠢ ᠴᠢᠨᠠᠭᠰᠢᠲᠠ ᠪᠦᠷᠢᠨ ᠲᠡᠭᠦᠯᠳᠡᠷᠵᠢᠭᠦᠯᠵᠦ | ᠰᠢᠯᠢᠳᠡᠭᠵᠢᠭᠦᠯᠪᠡ᠃ ᠴᠦᠨ ᠮᠢᠩ ᠪᠠᠭ᠎ᠠ ᠰᠤᠷᠭᠠᠭᠤᠯᠢ ᠶᠢᠨ ᠰᠠᠯᠪᠤᠷᠢ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ | ᠨᠡᠶᠢᠳᠡᠮ ᠬᠡᠷᠡᠭᠰᠡᠬᠦ ᠪᠠᠭ᠎ᠠ ᠰᠤᠷᠭᠠᠭᠤᠯᠢ ᠶᠢᠨ ᠬᠡᠢ ᠪᠡᠶᠡᠳᠦ ᠪᠠᠷ ᠵᠤᠬᠢᠶᠠᠭᠰᠠᠨ ᠦᠵᠡᠭᠦᠯᠭᠡ ᠶᠢᠨ ᠭᠠᠵᠠᠷ ᠵᠡᠷᠭᠡ | ᠰᠠᠭᠤᠷᠢ ᠲᠦᠬᠦᠭᠡᠷᠦᠮᠵᠢ ᠠᠰᠢᠭᠯᠠᠯᠲᠠ ᠳᠤ ᠤᠷᠤᠵᠤ᠂ ᠬᠤᠳᠠ ᠬᠦᠳᠡᠭᠡ ᠶᠢᠨ ᠰᠤᠷᠭᠠᠭᠤᠯᠢ ᠶᠢᠨ ᠨᠦᠬᠦᠴᠡᠯ ᠤᠯᠠᠮ | ᠰᠠᠶᠢᠵᠢᠷᠠᠵᠤ᠂ ᠪᠠᠷᠢᠮᠵᠢᠶ᠎ᠠ ᠨᠦᠬᠦᠴᠡᠯ ᠳᠤ ᠲᠤᠬᠢᠷᠠᠬᠤ ᠦᠭᠡᠢ10 ᠬᠡᠤᠬᠡᠳ ᠤᠨ ᠴᠡᠴᠡᠷᠯᠢᠭ ᠢ ᠬᠠᠭᠠᠪᠠ᠃ ᠲᠡᠭᠡᠷ᠎ᠡ | ᠱᠠᠳᠤᠨ ᠤ ᠱᠠᠭᠠᠷᠳᠠᠯᠭ᠎ᠠ ᠪᠠᠷ119 ᠨᠡᠷᠡᠰ ᠢᠷᠭᠡᠨ ᠤ ᠬᠤᠪᠢ ᠶᠢᠨ ᠪᠠᠶᠢᠭᠤᠯᠤᠭᠰᠠᠨ ᠰᠤᠷᠭᠠᠭᠤᠯᠢ ᠶᠢᠨ | ᠪᠠᠭᠰᠢ ᠳᠤ71.13 ᠲᠦᠮᠡᠨ ᠲᠦᠭᠦᠷᠢᠭ ᠤᠭᠴᠤᠷᠠᠭᠤᠯᠤᠭᠰᠠᠨ ᠮᠦᠩᠭᠦ ᠬᠤᠪᠢᠶᠠᠨ ᠦᠭᠪᠡ᠃《 ᠰᠢᠶᠠᠨ ᠤ | ᠲᠠᠷᠤᠭ᠎ᠠ ᠶᠢᠨ ᠬᠤᠨᠳᠤᠭᠠ》 ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠠᠮᠳᠤᠷᠠᠭᠰᠠᠨ ᠳᠡᠮᠡᠴᠡᠭᠡᠨ᠂ | ᠪᠦᠬᠦ ᠰᠢᠶᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠦᠩᠭᠡᠨ ᠠᠲᠯᠧᠲ᠋ᠢᠺ ᠪᠡᠶ᠎ᠡ ᠶᠢᠨ ᠲᠠᠮᠢᠷ ᠤᠨ | ᠬᠦᠳᠡᠯᠭᠡᠭᠡᠨ᠂ ᠬᠤᠶᠠᠳᠤᠭᠠᠷ ᠤᠳᠠᠭᠠᠨ ᠤ ᠬᠡᠤᠬᠡᠳ ᠤᠨ ᠠᠪᠢᠶᠠᠰ ᠴᠢᠳᠠᠪᠤᠷᠢ ᠶᠢᠨ ᠤᠷᠤᠯᠳᠤᠭᠠᠨ ᠵᠡᠷᠭᠡ ᠶᠡᠭᠡ | ᠬᠡᠪᠴᠢᠶᠡᠨ ᠤ ᠰᠤᠶᠤᠯ ᠪᠠᠶ᠎ᠡ ᠲᠠᠮᠢᠷ ᠤᠨ ᠬᠦᠳᠡᠯᠭᠡᠭᠡᠨ ᠢ ᠵᠤᠬᠢᠶᠠᠨ ᠪᠠᠶᠢᠭᠤᠯᠪᠠ᠃ ᠡᠷᠡᠭᠦᠯ ᠬᠠᠮᠠᠭᠠᠯᠠᠯ᠂ ᠡᠷᠡᠭᠦᠯ | ᠮᠡᠨᠳᠦ ᠶᠢᠨ ᠠᠵᠢᠯ ᠦᠢᠯᠡᠰ ᠢ ᠯᠠᠪᠳᠠᠭᠤᠨ ᠪᠠᠳᠤᠳᠠᠢ ᠪᠠᠷ ᠲᠦᠯᠬᠢᠨ ᠠᠬᠢᠭᠤᠯᠤᠨ᠎ᠠ᠃ ᠦᠪᠡᠷᠳᠡᠬᠡᠨ ᠵᠠᠰᠠᠬᠤ | ᠤᠷᠤᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ ᠢ ᠡᠭᠦᠳᠦᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠡᠵᠦ᠂ | 23 ᠲᠦᠮᠡᠨ ᠰᠠᠭᠤᠭᠠᠯᠢ ᠠᠷᠠᠳ ᠡᠷᠡᠭᠦᠯ ᠮᠡᠨᠳᠦ ᠶᠢᠨ ᠳᠠᠩᠰᠠ ᠪᠠᠶᠢᠭᠤᠯᠵᠤ᠂ ᠦᠢᠯᠡᠴᠢᠯᠡᠭᠡᠨ ᠤ ᠪᠦᠬᠦ | ᠬᠦᠮᠦᠨ ᠤ99.82% ᠶᠢ ᠡᠵᠡᠯᠡᠪᠡ᠃336 ᠤᠳᠠᠭ᠎ᠠ ᠡᠷᠡᠭᠦᠯ ᠮᠡᠨᠳᠦ ᠰᠤᠷᠭᠠᠨ ᠬᠦᠮᠦᠵᠢᠯ ᠤᠨ ᠯᠧᠺᠽᠢ ᠶᠢ | ᠵᠤᠬᠢᠶᠠᠨ ᠪᠠᠶᠢᠭᠤᠯᠵᠤ᠂ ᠪᠦᠬᠦ ᠵᠠᠰᠠᠭ ᠵᠠᠬᠢᠷᠭᠠᠨ ᠤ ᠲᠤᠰᠬᠤᠨ ᠢ ᠪᠦᠷᠬᠦᠵᠦ᠂ ᠬᠦᠯᠢᠶᠡᠨ ᠠᠪᠤᠭᠴᠢᠳ3.5 ᠲᠦᠮᠡᠨ | ᠬᠦᠮᠦᠨ ᠳᠤ ᠬᠦᠷᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠴᠢᠨᠠᠭᠰᠢᠲᠠ | ᠭᠦᠨᠵᠡᠭᠡᠶᠢᠷᠡᠭᠦᠯᠵᠦ᠂ ᠡᠪᠡᠳᠴᠢᠨ ᠤ ᠲᠦᠷᠦᠯ ᠢᠶᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠡᠮᠨᠡᠯᠭᠡ ᠶᠢᠨ | ᠦᠢᠯᠡᠴᠢᠯᠡᠭᠡᠨ ᠤ ᠦᠨ᠎ᠡ ᠳᠤ ᠲᠤᠬᠢᠷᠠᠭᠤᠯᠤᠯᠲᠠ ᠬᠢᠵᠦ᠂ ᠡᠮ ᠤᠨ ᠵᠤᠶᠢᠯᠡᠰ ᠢ ᠬᠤᠳᠠᠯᠳᠤᠨ ᠠᠪᠬᠤ《 ᠬᠤᠶᠠᠷ | ᠪᠠᠷᠢᠮᠳᠠ ᠶᠢᠨ ᠲᠦᠷᠢᠮ》 ᠢ ᠬᠡᠷᠡᠭᠵᠢᠭᠦᠯᠵᠦ᠂《 ᠦᠨᠳᠦᠰᠦᠨ ᠱᠠᠳᠤ ᠲᠡᠷᠢᠭᠦᠨ ᠳᠤ ᠡᠮᠨᠡᠬᠦ᠂ ᠬᠤᠶᠠᠷ ᠴᠢᠭᠳᠦ | ᠰᠤᠯᠢᠨ ᠡᠮᠨᠡᠬᠦ᠂ ᠪᠠᠴᠢᠮ ᠠᠭᠠᠵᠢᠮ ᠢ ᠰᠠᠯᠭᠠᠨ ᠡᠮᠨᠡᠬᠦ᠂ ᠲᠡᠭᠡᠷ᠎ᠡ ᠲᠤᠤᠷ᠎ᠠ ᠬᠤᠯᠪᠤᠭᠠᠯᠠᠭᠳᠠᠬᠤ》 ᠵᠡᠷᠭᠡ ᠳᠡᠰ | ᠬᠤᠪᠢᠶᠠᠨ ᠡᠮᠴᠢᠯᠡᠬᠦ ᠲᠦᠷᠢᠮ ᠢ ᠪᠠᠶᠢᠭᠤᠯᠵᠤ᠂ ᠡᠮᠨᠡᠯᠭᠡ ᠶᠢᠨ ᠡᠮᠴᠢᠯᠡᠨ ᠡᠳᠡᠭᠡᠷᠡᠭᠦᠯᠭᠦ ᠲᠦᠪᠰᠢᠨ ᠢ ᠴᠢᠨᠠᠭᠰᠢᠲᠠ | ᠲᠡᠭᠡᠭᠰᠢᠯᠡᠭᠦᠯᠵᠦ᠂ ᠬᠢᠲᠠᠳ ᠡᠮᠨᠡᠯᠭᠡ ᠶᠢᠨ ᠡᠷᠡᠭᠦᠯᠵᠢᠬᠦ ᠲᠦᠪ ᠪᠦᠬᠦ ᠬᠤᠳᠠ ᠶᠢᠨ ᠭᠠᠭᠴᠠ ᠬᠦ ᠦᠪᠡᠷᠳᠡᠬᠡᠨ | ᠵᠠᠰᠠᠬᠤ ᠤᠷᠤᠨ ᠤ ᠭᠤᠤᠯ ᠪᠤᠯᠬᠤ ᠲᠤᠰᠬᠠᠢ ᠮᠤᠩᠭᠤᠯ ᠬᠢᠲᠠᠳ ᠡᠮᠨᠡᠯᠭᠡ ᠪᠤᠯᠬᠤ ᠪᠠᠷ ᠦᠨᠡᠯᠡᠭᠳᠡᠵᠦ᠂ ᠰᠢᠶᠠᠨ ᠤ | ᠡᠮᠨᠡᠯᠭᠡ ᠴᠡᠭᠡᠵᠢ ᠡᠪᠡᠳᠬᠦ ᠲᠦᠪ ᠶᠢ ᠪᠠᠶᠢᠭᠤᠯᠵᠤ᠂ ᠪᠡᠭᠡᠵᠢᠩ ᠤᠨ ᠴᠠᠬᠢᠯᠭᠠᠨ ᠬᠦᠴᠦᠨ ᠤ ᠡᠮᠨᠡᠯᠭᠡ ᠵᠡᠷᠭᠡ | ᠤᠯᠤᠰ ᠤᠨ ᠲᠤᠳᠤᠭᠠᠳᠤ ᠶᠢᠨ ᠵᠠᠭᠤᠨ ᠶᠡᠭᠡ ᠬᠡᠯᠪᠡᠷᠢ ᠶᠢᠨ ᠡᠮᠨᠡᠯᠭᠡ ᠶᠢᠨ ᠪᠠᠶᠢᠭᠤᠯᠤᠮᠵᠢ ᠲᠠᠢ ᠠᠯᠤᠰ ᠠᠴᠠ ᠵᠢᠭᠠᠬᠤ | ᠬᠠᠮᠳᠤᠷᠠᠨ ᠤᠨᠤᠰᠢᠯᠠᠬᠤ ᠶᠢ ᠪᠠᠶᠢᠭᠤᠯᠪᠠ᠃ ᠵᠡᠮᠳᠡᠭᠴᠦᠳ ᠤᠨ ᠦᠨᠡᠮᠯᠡᠯ ᠢ ᠬᠢᠨᠠᠨ ᠪᠠᠶᠢᠴᠠᠭᠠᠨ ᠬᠦᠴᠦᠨ ᠦᠭᠡᠢ | ᠪᠤᠯᠭᠠᠬᠤ ᠠᠵᠢᠯ ᠢ ᠦᠷᠨᠢᠭᠦᠯᠵᠦ᠂《 ᠬᠠᠭᠤᠷᠮᠠᠭ᠂ ᠪᠤᠷᠤᠭᠤ᠂ ᠬᠤᠭᠤᠰᠤᠨ》 ᠦᠨᠡᠮᠯᠡᠯ ᠪᠠᠷᠢᠬᠤ ᠦᠵᠡᠭᠳᠡᠯ ᠢ | ᠡᠷᠡᠰ ᠴᠠᠭᠠᠵᠠᠯᠠᠨ᠎ᠠ᠃ ᠦᠵᠡᠯ ᠰᠠᠨᠠᠭ᠎ᠠ ᠰᠤᠶᠤᠯ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠦᠷᠨᠢᠭᠦᠯᠪᠡ᠃ ᠰᠢ | ᠶᠢᠨ ᠫᠢᠩ ᠶᠠᠷᠤᠩᠬᠡᠢ ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ ᠵᠢᠯᠤᠭᠤᠳᠬᠤ ᠦᠵᠡᠯ | ᠰᠠᠨᠠᠭ᠎ᠠ ᠶᠢ ᠢᠳᠡᠪᠬᠢ ᠨᠠᠶᠢᠳᠠᠪᠤᠷᠢᠵᠢᠭᠤᠯᠵᠤ᠂ ᠤᠯᠠᠭᠠᠨᠮᠦ᠋ᠴᠢᠷ ᠤᠨ ᠪᠦᠳᠦᠭᠡᠨ ᠪᠠᠶᠢᠭᠤᠯᠤᠯᠲᠠ ᠪᠠ ᠬᠦᠭᠵᠢᠯᠲᠡ ᠶᠢ | ᠲᠦᠷᠭᠡᠳᠭᠡᠵᠦ᠂ ᠤᠯᠠᠭᠠᠨᠮᠦ᠋ᠴᠢᠷ ᠳᠡᠳ᠋ ᠬᠡᠯᠳᠡᠰ ᠤᠨ ᠳᠡᠰ ᠤᠨ ᠠᠵᠢᠯ ᠤᠶᠢᠯᠡᠰ ᠤᠨ ᠪᠠᠶᠢᠭᠤᠯᠭ᠎ᠠ ᠪᠤᠯᠪᠠ᠃105 | ᠲᠠᠯᠠᠪᠤᠷ《 ᠵᠠᠭᠤᠨ ᠪᠦᠯᠦᠭ ᠮᠢᠩᠭᠠᠨ ᠲᠠᠯᠠᠪᠤᠷ》 ᠦᠨᠳᠦᠰᠦᠨ ᠱᠠᠳᠤᠨ ᠳᠤ ᠤᠴᠢᠵᠤ ᠠᠷᠠᠳ ᠲᠤ ᠲᠤᠰᠠ | ᠬᠦᠷᠳᠡᠭᠡᠬᠦ ᠲᠤᠭᠯᠠᠯᠲᠠ ᠭᠠᠷᠭᠠᠪᠠ᠃ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ | 《 ᠦᠨᠳᠦᠰᠦ ᠶᠢ ᠨᠢ ᠠᠷᠢᠯᠭᠠᠬᠤ》《 ᠰᠦᠯᠵᠢᠶ᠎ᠡ ᠶᠢ ᠴᠡᠪᠡᠷᠰᠢᠭᠦᠯᠭᠦ》《 ᠨᠠᠬᠢᠶ᠎ᠠ ᠶᠢ ᠬᠠᠮᠠᠭᠠᠯᠠᠬᠤ》《 | ᠨᠠᠮᠤᠷ ᠤᠨ ᠰᠠᠯᠬᠢ》《 ᠬᠢᠯᠢ ᠶᠢ ᠪᠡᠷᠬᠡᠰᠢᠭᠦᠯᠭᠦ》 ᠵᠡᠷᠭᠡ ᠲᠤᠰᠬᠠᠶᠢᠵᠢᠯᠠᠭᠰᠠᠨ ᠬᠦᠳᠡᠯᠭᠡᠭᠡᠨ ᠢ ᠯᠠᠪᠳᠠᠭᠤᠨ | ᠪᠠᠳᠤᠳᠠᠢ ᠦᠷᠨᠢᠭᠦᠯᠪᠡ᠃ ᠪᠦᠬᠦ ᠠᠷᠠᠳ ᠤᠨ ᠪᠡᠶ᠎ᠡ ᠪᠤᠯᠪᠠᠰᠤᠷᠠᠬᠤ ᠬᠦᠳᠡᠯᠭᠡᠭᠡᠨ ᠢ ᠭᠦᠨᠵᠡᠭᠡᠢ ᠦᠷᠨᠢᠭᠦᠯᠵᠦ᠂ ᠪᠦᠬᠦ | ᠬᠤᠳᠠ ᠶᠢᠨ ᠠᠷᠪᠠᠨ ᠲᠦᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠫᠢᠩ ᠫᠠᠩ | ᠪᠦᠮᠪᠦᠭᠡ ᠶᠢᠨ ᠰᠢᠯᠢᠬᠦ ᠤᠷᠤᠯᠳᠤᠭᠠᠨ ᠪᠠ《 ᠠᠩᠬ᠎ᠠ ᠤᠳᠠᠭᠠᠨ ᠤ ᠠᠵᠢᠯᠴᠢᠳ ᠤᠨ ᠫᠢᠩ ᠫᠠᠩ ᠪᠦᠮᠪᠦᠭᠡ᠂ | ᠦᠳᠦᠨ ᠪᠦᠮᠪᠦᠭᠡ》 ᠶᠢᠨ ᠤᠷᠤᠯᠳᠤᠭᠠᠨ ᠢ ᠤᠭᠳᠤᠬᠤ ᠲᠤᠮᠳᠠ ᠲᠤᠰ ᠪᠦᠷᠢ ᠭᠤᠷᠪᠠᠨ ᠪᠦᠯᠦᠭᠯᠡᠯ ᠤᠨ ᠨᠢᠭᠡᠳᠦᠭᠡᠷ | ᠨᠡᠷᠡᠰ ᠢ ᠤᠯᠪᠠ᠃ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠭᠤᠤᠯ ᠪᠤᠯᠬᠤ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠤᠳ ᠢ ᠢᠳᠡᠪᠬᠢᠳᠡᠢ ᠰᠢᠢᠳᠪᠦᠷᠢᠯᠡᠵᠦ᠂ ᠴᠢᠬᠤᠯᠠ ᠬᠤᠭᠤᠴᠠᠭᠠᠨ ᠳᠤ ᠪᠡᠭᠡᠵᠢᠩ ᠳᠤ | ᠤᠴᠢᠵᠤ᠂ ᠦᠪᠡᠷᠳᠡᠬᠡᠨ ᠵᠠᠰᠠᠬᠤ ᠤᠷᠤᠨ ᠳᠤ ᠤᠴᠢᠵᠤ ᠳᠡᠰ ᠠᠯᠠᠰᠤᠯᠠᠨ ᠵᠠᠭᠠᠯᠳᠤᠬᠤ ᠪᠠ ᠤᠯᠠᠨ ᠬᠦᠮᠦᠨ | ᠵᠠᠭᠠᠯᠳᠤᠬᠤ ᠬᠡᠪ ᠤᠨ ᠪᠤᠰᠤ ᠠᠵᠢᠯᠠᠯᠭ᠎ᠠ ᠭᠠᠷᠤᠭᠰᠠᠨ ᠦᠭᠡᠢ᠃ ᠠᠮᠤᠷ ᠲᠦᠪᠰᠢᠨ ᠦᠢᠯᠡᠳᠪᠦᠷᠢᠯᠡᠬᠦ ᠶᠡᠭᠡ | ᠪᠠᠶᠢᠴᠠᠭᠠᠯᠲᠠ ᠪᠠ ᠭᠤᠤᠯ ᠠᠵᠢᠯ ᠲᠦᠷᠦᠯ ᠤᠨ ᠬᠦᠷᠢᠶ᠎ᠡ ᠶᠢᠨ ᠲᠤᠰᠬᠠᠶᠢᠵᠢᠯᠡᠨ ᠵᠠᠰᠠᠬᠤ ᠶᠢ ᠪᠦᠬᠦ ᠲᠠᠯ᠎ᠠ ᠪᠠᠷ | ᠭᠦᠨᠵᠡᠭᠡᠢ ᠦᠷᠨᠢᠭᠦᠯᠵᠦ᠂361 ᠲᠠᠯ᠎ᠠ ᠶᠢᠨ ᠡᠯ᠎ᠡ ᠵᠤᠶᠢᠯ ᠤᠨ ᠠᠮᠤᠷ ᠲᠦᠪᠰᠢᠨ ᠤ ᠳᠠᠯᠲᠠ ᠠᠶᠤᠯ ᠢ ᠪᠠᠶᠢᠴᠠᠭᠠᠨ | ᠠᠷᠢᠯᠭᠠᠪᠠ᠃《 ᠲᠦᠷᠪᠡᠨ ᠬᠠᠮᠤᠭ ᠤᠨ ᠴᠢᠩᠭ᠎ᠠ》 ᠶᠢ ᠪᠠᠷᠢᠮᠳᠠᠯᠠᠵᠤ᠂《 ᠲᠦᠷᠪᠡ ᠪᠠᠶᠢᠬᠤ ᠪᠠ ᠬᠤᠶᠠᠷ | ᠬᠠᠷᠢᠭᠤᠴᠠᠯᠭ᠎ᠠ》 ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠵᠢᠱᠢᠶᠡᠴᠢ ᠶᠢ ᠡᠭᠦᠳᠦᠨ ᠪᠠᠶᠢᠭᠤᠯᠬᠤ | ᠠᠵᠢᠯ ᠢᠶᠠᠷ ᠡᠬᠢᠯᠡᠯᠲᠡ ᠪᠤᠯᠭᠠᠵᠤ᠂ ᠢᠳᠡᠭᠡᠨ ᠤ ᠵᠤᠶᠢᠯ ᠪᠠ ᠡᠮ ᠤᠨ ᠵᠤᠶᠢᠯ ᠤᠨ ᠦᠢᠯᠡᠳᠪᠦᠷᠢᠯᠡᠬᠦ᠂ ᠭᠦᠢᠯᠭᠡᠭᠡ᠂ | ᠬᠤᠭᠤᠯᠠ ᠤᠮᠳᠠ ᠶᠢᠨ ᠡᠯ᠎ᠡ ᠭᠤᠭᠴᠤᠭ᠎ᠠ ᠶᠢᠨ ᠡᠳᠦᠷ ᠲᠤᠳᠤᠮ ᠤᠨ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ | ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠤᠬᠢᠯᠲᠠ ᠦᠭᠬᠦ ᠲᠤᠰᠬᠠᠢ ᠲᠡᠮᠡᠴᠡᠯᠳᠤᠭᠡᠨ ᠢ ᠭᠦᠨᠵᠡᠭᠡᠢ ᠦᠷᠨᠢᠭᠦᠯᠵᠦ᠂ | ᠬᠠᠷᠬᠢᠰ ᠬᠦᠴᠦᠨ ᠲᠠᠢ ᠬᠤᠯᠪᠤᠭᠳᠠᠬᠤ 1 ᠵᠤᠬᠢᠶᠠᠨ ᠪᠠᠶᠢᠭᠤᠯᠤᠯᠲᠠ᠂ ᠬᠠᠷᠬᠢᠰ ᠬᠦᠴᠦᠨ ᠲᠠᠢ ᠬᠤᠯᠪᠤᠭᠳᠠᠬᠤ 4 | ᠪᠦᠯᠦᠭᠯᠡᠯ ᠢ ᠴᠤᠬᠢᠨ ᠤᠨᠠᠭᠠᠵᠤ᠂ ᠬᠠᠷᠬᠢᠰ ᠬᠦᠴᠦᠨ ᠲᠠᠢ ᠬᠤᠯᠪᠤᠭᠳᠠᠬᠤ ᠬᠡᠯᠪᠡᠷᠢ ᠶᠢᠨ13 ᠠᠴᠠ ᠳᠡᠭᠡᠭᠰᠢ | ᠡᠷᠡᠭᠦᠦ ᠶᠢᠨ ᠬᠡᠷᠡᠭ ᠢ ᠰᠢᠢᠳᠪᠦᠷᠢᠯᠡᠵᠦ᠂ ᠬᠠᠤᠯᠢ ᠠᠴᠠ ᠵᠦᠷᠢᠴᠡᠭᠰᠡᠨ ᠬᠡᠮᠳᠦ ᠬᠡᠷᠡᠭ ᠤᠨ ᠰᠡᠵᠢᠭᠳᠡᠨ ᠢ 38 | ᠪᠠᠷᠢᠪᠴᠢᠯᠠᠪᠠ᠃ ᠤᠯᠤᠰ ᠤᠨ ᠬᠠᠮᠠᠭᠠᠯᠠᠯᠲᠠ ᠶᠢᠨ ᠰᠤᠷᠭᠠᠨ ᠬᠦᠮᠦᠵᠢᠯ᠂ ᠤᠯᠤᠰ ᠤᠨ ᠬᠠᠮᠠᠭᠠᠯᠠᠯᠲᠠ ᠶᠢᠨ ᠨᠦᠭᠡᠴᠡ | ᠬᠦᠴᠦᠨ ᠵᠢᠴᠢ ᠠᠷᠠᠳ ᠤᠨ ᠠᠭᠠᠷ ᠠᠴᠠ ᠬᠠᠮᠠᠭᠠᠯᠠᠬᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ | ᠠᠷᠠᠳ ᠠᠭᠤᠰᠤᠯᠴᠠᠨ ᠬᠦᠭᠵᠢᠬᠦ᠂ ᠬᠤᠶᠠᠷ ᠢ ᠲᠡᠳᠬᠦᠬᠦ ᠬᠤᠶᠠᠷ ᠢ ᠬᠦᠷᠢᠶᠡᠯᠡᠬᠦ ᠠᠵᠢᠯ ᠢ ᠦᠷᠬᠦᠯᠵᠢᠯᠡᠨ ᠲᠦᠯᠬᠢᠨ | ᠠᠬᠢᠭᠤᠯᠵᠤ᠂ ᠡᠮᠡᠭᠳᠡᠶᠢᠴᠤᠳ ᠪᠠ ᠬᠡᠤᠬᠡᠳ᠂ ᠵᠡᠮᠳᠡᠭᠴᠤᠳ᠂ ᠤᠯᠠᠭᠠᠨ ᠵᠠᠭᠠᠯᠮᠠᠢ ᠶᠢᠨ ᠨᠡᠶᠢᠭᠡᠮᠯᠢᠭ᠂ ᠡᠨᠡᠷᠢᠩᠭᠦᠢ | ᠦᠢᠯᠡᠰ ᠡᠷᠡᠭᠦᠯ ᠢᠶᠠᠷ ᠬᠦᠭᠵᠢᠪᠡ᠃ | ᠨᠢᠭᠡ ᠵᠢᠯ ᠤᠨ ᠲᠤᠷᠰᠢ᠂ ᠪᠢᠳᠡ ᠤᠯᠤᠰ ᠲᠦᠷᠤ ᠶᠢᠨ ᠪᠠᠶᠢᠭᠤᠯᠤᠯᠲᠠ ᠪᠠᠷ ᠶᠠᠷᠤᠩᠬᠡᠶᠢᠯᠡᠨ | ᠵᠢᠯᠤᠭᠤᠳᠤᠭᠤᠯᠵᠤ᠂ ᠵᠠᠰᠠᠭ ᠤᠨ ᠤᠷᠳᠦᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ᠂ ᠠᠷᠪᠠ ᠶᠢᠰᠤᠳᠤᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠰᠢ ᠶᠢᠨ ᠫᠢᠩ ᠶᠠᠷᠤᠩᠬᠡᠢ ᠱᠦᠵᠢ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠪᠠ ᠦᠪᠦᠷ | ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶᠡᠰ ᠤᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂《 ᠲᠦᠷᠪᠠᠨ ᠤᠬᠠᠮᠰᠡᠷ》 ᠢ ᠪᠠᠬᠢᠵᠢᠭᠦᠯᠦᠨ᠂《 | ᠲᠦᠷᠪᠡᠨ ᠢᠳᠡᠭᠡᠯ》 ᠢ ᠪᠠᠳᠤᠳᠬᠠᠵᠤ᠂《 ᠲᠦᠷᠪᠡᠨ ᠲᠠᠭᠠᠯᠲᠠ》 ᠪᠠ《 ᠬᠤᠶᠠᠷ ᠬᠠᠮᠠᠭᠠᠯᠠᠯᠲᠠ》 ᠶᠢ | ᠦᠪᠡᠷ ᠤᠨ ᠤᠬᠠᠮᠰᠡᠷ ᠠᠴᠠ ᠪᠠᠨ ᠬᠢᠵᠦ᠂ ᠵᠠᠰᠠᠭ ᠤᠨ ᠤᠷᠳᠤᠨ ᠤ ᠰᠢᠰᠲ᠋ᠧᠮ ᠤᠨ ᠦᠵᠡᠯ ᠰᠠᠨᠠᠭᠠᠨ ᠤ ᠬᠡᠯᠪᠡᠷᠢ ᠶᠢᠨ | ᠠᠵᠢᠯ ᠢ ᠴᠢᠩᠭᠠᠳᠬᠠᠨ᠎ᠠ᠃ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠪᠠ | ᠨᠡᠶᠢᠭᠡᠮ ᠤᠨ ᠮᠡᠳᠡᠭᠡᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠪᠤᠯᠤᠨ ᠤᠯᠤᠰ ᠲᠦᠷᠤ ᠶᠢᠨ ᠵᠦᠪᠯᠡᠯᠭᠡᠨ ᠤ ᠭᠡᠰᠢᠭᠦᠳ ᠤᠨ | ᠰᠠᠨᠠᠯ ᠲᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ100% ᠳᠤ ᠬᠦᠷᠪᠡ᠃ | ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠴᠢᠭᠡᠵᠢ ᠵᠠᠰᠠᠭ ᠢ ᠪᠦᠳᠦᠭᠡᠨ ᠪᠠᠶᠢᠭᠤᠯᠬᠤ ᠬᠠᠷᠢᠭᠤᠴᠠᠯᠭᠠᠳᠤ | ᠪᠢᠴᠢᠭ ᠢ ᠪᠠᠶᠢᠭᠤᠯᠤᠨ᠂《 ᠨᠢᠭᠡ ᠪᠠᠶᠢᠷᠢ ᠬᠤᠶᠠᠷ ᠬᠠᠷᠢᠭᠤᠴᠠᠯᠭ᠎ᠠ》 ᠶᠢ ᠬᠢᠨᠠᠮᠠᠭᠠᠢ ᠭᠦᠢᠴᠡᠳᠭᠡᠪᠡ᠃37 | ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠠᠯ ᠢ ᠡᠳ᠋ ᠤᠨ ᠵᠠᠰᠠᠭ ᠤᠨ ᠲᠤᠪᠴᠢᠶ᠎ᠠ ᠶᠢᠨ ᠲᠦᠪᠯᠡᠷᠡᠩᠭᠦᠢ ᠬᠢᠨᠡᠨ | ᠪᠤᠳᠤᠬᠤ ᠲᠦᠪ ᠲᠤ ᠨᠢᠭᠡᠳᠭᠡᠨ ᠤᠷᠤᠭᠤᠯᠪᠠ᠃《 ᠭᠤᠷᠪᠠᠨ ᠴᠢᠬᠤᠯᠠ ᠨᠢᠭᠡ ᠲᠤᠮᠤ》 ᠲᠦᠷᠢᠮ ᠢ ᠴᠢᠨᠠᠭᠰᠢᠲᠠ | ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠳᠦᠨ ᠤ ᠤᠷᠢᠳᠴᠢᠯᠡᠨ ᠪᠤᠳᠤᠬᠤ᠂ ᠪᠠᠶᠢᠭᠤᠯᠭ᠎ᠠ ᠶᠢᠨ ᠤᠷᠢᠳᠴᠢᠯᠡᠨ | ᠪᠤᠳᠤᠬᠤ ᠪᠤᠯᠤᠨ《 ᠭᠤᠷᠪᠠᠨ ᠠᠯᠪᠠᠨ》 ᠤ ᠵᠠᠷᠤᠳᠠᠯ ᠢ ᠨᠡᠶᠢᠭᠡᠮ ᠳᠤ ᠢᠯᠡ ᠪᠤᠯᠭᠠᠨ᠎ᠠ᠃ | ᠦᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠢᠳᠡ ᠠᠵᠦ ᠠᠬᠤᠢ ᠤᠷᠤᠭᠤᠳᠠᠭᠰᠠᠨ ᠲᠠᠷᠤᠯᠳᠠᠳᠤ | ᠬᠦᠴᠦᠨ ᠪᠠ ᠬᠦᠷᠦᠩᠭᠡ ᠬᠦᠴᠦ ᠶᠢᠨ ᠡᠷᠭᠢᠯᠳᠦᠬᠦ ᠶᠢᠨ ᠬᠦᠴᠢᠷᠳᠡᠯ ᠳᠤ ᠢᠳᠡᠪᠬᠢᠳᠡᠢ ᠪᠠᠷ ᠬᠠᠨᠳᠤᠨ᠂ ᠨᠠᠷᠢᠯᠢᠭ | ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠦᠷᠢ ᠦᠭᠴᠡᠭᠡ ᠶᠢ ᠰᠡᠷᠭᠡᠶᠢᠯᠡᠨ ᠨᠠᠮᠳᠠᠭᠠᠬᠤ ᠪᠤᠯᠤᠨ | ᠪᠤᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠷᠭ᠎ᠠ ᠠᠪᠴᠢᠯ ᠢ ᠪᠦᠬᠦ ᠲᠠᠯ᠎ᠠ ᠪᠠᠷ | ᠦᠷᠨᠢᠭᠦᠯᠭᠦ ᠳᠤ᠂ ᠳᠠᠪᠬᠤᠷ ᠳᠠᠪᠬᠤᠷ ᠪᠤᠭᠤᠮᠳᠠ ᠶᠢ ᠳᠠᠪᠠᠪᠠ᠃ ᠡᠳᠡᠭᠡᠷ ᠦᠷ᠎ᠡ ᠪᠦᠳᠦᠮᠵᠢ ᠬᠢᠯᠪᠡᠷ ᠢᠶᠠᠷ | ᠤᠯᠳᠠᠭᠰᠠᠨ ᠪᠢᠰᠢ᠃ ᠡᠨᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠦᠵᠡᠯ | ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ᠂ | ᠬᠤᠳᠠ ᠶᠢᠨ ᠬᠤᠷᠢᠶ᠎ᠠ᠂ ᠵᠠᠰᠠᠭ ᠤᠨ ᠤᠷᠳᠦᠨ ᠪᠠ ᠰᠢᠶᠠᠨ ᠤ ᠬᠤᠷᠢᠶ᠎ᠠ ᠶᠢᠨ ᠡᠷᠡᠰ ᠬᠠᠳᠠᠭᠤ ᠤᠳᠤᠷᠢᠳᠤᠭᠰᠠᠨ ᠤ | ᠦᠷ᠎ᠡ ᠳ᠋ᠦᠩ᠂ ᠪᠠᠰᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ | ᠬᠢᠨᠠᠯᠲᠠ ᠲᠡᠮᠵᠢᠯᠭᠡ ᠶᠢᠨ ᠲᠤᠤᠷ᠎ᠠ᠂ ᠪᠦᠬᠦ ᠰᠢᠶᠠᠨ ᠤ ᠦᠷᠭᠡᠨ ᠤᠯᠠᠨ ᠺᠠᠲᠡᠷᠴᠤᠳ ᠤᠨ ᠰᠢᠷᠭᠠᠭᠤ ᠪᠤᠳᠠᠳᠠᠢ ᠪᠠᠷ | ᠠᠵᠢᠯᠯᠠᠭᠰᠠᠨ ᠤ ᠦᠷ᠎ᠡ ᠳ᠋ᠦᠩ ᠪᠤᠯᠤᠨ᠎ᠠ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠤ | ᠡᠮᠦᠨ᠎ᠡ ᠠᠴᠠ ᠡᠯ᠎ᠡ ᠲᠦᠯᠦᠭᠡᠯᠡᠭᠴᠢᠳ᠂ ᠡᠯ᠎ᠡ ᠭᠡᠰᠢᠭᠦᠳ ᠳᠤ᠂ ᠪᠦᠬᠦ ᠰᠢᠶᠠᠨ ᠤ ᠦᠭᠡᠷᠡᠴᠢᠯᠡᠯᠲᠡ ᠨᠡᠬᠡᠬᠡᠯᠲᠡ ᠪᠠ | ᠤᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠭᠠᠷᠭᠠᠭᠰᠠᠨ ᠨᠦᠬᠦᠳ᠂ ᠱᠠᠩᠳᠦ ᠶᠢᠨ | ᠬᠦᠭᠵᠢᠯᠲᠡ ᠶᠢ ᠬᠠᠯᠠᠮᠵᠢᠯᠡᠨ ᠳᠡᠮᠵᠢᠭᠰᠡᠨ ᠡᠷᠬᠢᠮ ᠤᠬᠠᠭᠠᠨᠳᠡᠳ ᠲᠤ ᠴᠢᠩ ᠰᠡᠳᠭᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠭᠡᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠭᠡᠶ᠎ᠡ︕ | ᠠᠮᠵᠢᠯᠲᠠ ᠪᠠᠨ ᠨᠤᠳᠠᠯᠠᠬᠤ ᠶᠢᠨ ᠲᠠᠭᠠᠤ᠂ ᠬᠦᠭᠵᠢᠯᠲᠡ ᠶᠢᠨ ᠲᠤᠮᠳᠠ ᠳᠡᠩᠴᠡᠭᠦᠷᠢ ᠦᠭᠡᠢ᠂ ᠭᠦᠢᠴᠡᠳ | ᠪᠤᠰᠤ ᠵᠦᠷᠢᠴᠡᠯ ᠮᠦᠨ ᠴᠦ ᠢᠯᠡᠷᠬᠡᠢ ᠪᠠᠶᠢᠭ᠎ᠠ ᠶᠢ ᠪᠢᠳᠡ ᠲᠤᠳᠤᠷᠬᠠᠢ ᠲᠠᠨᠢᠪᠠ᠃ ᠭᠤᠤᠯ ᠢᠯᠡᠷᠡᠯ ᠨᠢ᠄ ᠠᠵᠦ | ᠠᠬᠤᠢ ᠶᠢᠨ ᠬᠦᠭᠵᠢᠯᠲᠡ ᠶᠢᠨ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠴᠢᠬᠤᠯᠠ ᠲᠠᠢ ᠪᠠᠶᠢᠨ᠎ᠠ᠃ ᠲᠠᠷᠢᠵᠤ | ᠲᠡᠵᠢᠭᠡᠬᠦ ᠪᠦᠳᠦᠴᠡ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠤᠨ ᠪᠦᠳᠦᠴᠡ ᠶᠢᠨ | ᠲᠤᠬᠢᠷᠠᠭᠤᠯᠤᠯᠲᠠ ᠭᠦᠢᠴᠡᠳ ᠪᠤᠰᠤ;ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠵᠠᠬ᠎ᠠ ᠲᠡᠯᠭᠡᠭᠦᠷᠵᠢᠯᠡᠭᠰᠡᠨ | ᠂ ᠨᠡᠷᠡᠳᠤ ᠲᠡᠮᠳᠡᠭᠵᠢᠯᠡᠭᠰᠡᠨ ᠦᠷ᠎ᠡ ᠪᠦᠳᠦᠮᠵᠢ ᠨᠢ ᠢᠯᠡᠷᠬᠡᠢ ᠪᠤᠰᠤ; ᠦᠷ᠎ᠡ ᠠᠰᠢᠭ ᠰᠠᠶᠢᠨ᠂ ᠪᠡᠯᠡ ᠤᠷᠤᠭᠤᠯᠤᠯᠲᠠ | ᠶᠡᠭᠡ ᠠᠵᠤ ᠦᠢᠯᠡᠳᠪᠦᠷᠢ ᠶᠢᠨ ᠲᠦᠰᠦᠯ ᠤᠨ ᠲᠤᠯᠭᠠᠭᠤᠷᠢᠯᠠᠬᠤ ᠬᠦᠴᠦᠨ ᠭᠦᠢᠴᠡᠳ ᠪᠤᠰᠤ; ᠬᠤᠳᠠᠯᠳᠤᠭ᠎ᠠ | ᠠᠷᠠᠯᠵᠢᠶ᠎ᠠ ᠪᠠᠷᠠᠭᠠᠨ ᠤ ᠤᠷᠤᠰᠬᠠᠯ ᠤᠨ ᠠᠵᠦ ᠦᠢᠯᠡᠰ ᠤᠨ ᠬᠡᠪᠴᠢᠶ᠎ᠡ ᠨᠢ ᠪᠠᠭ᠎ᠠ᠂ ᠵᠡᠷᠭᠡᠯᠡᠯ ᠨᠢ ᠲᠤᠤᠷ᠎ᠠ ᠭᠡᠬᠦ | ᠮᠡᠳᠦ ᠪᠤᠯᠤᠨ᠎ᠠ᠃ ᠪᠤᠳᠠᠳᠤ ᠴᠤᠭᠴᠠᠳᠤ ᠠᠵᠤ ᠠᠬᠤᠶᠢᠯᠠᠯ ᠡᠷᠭᠢᠯᠳᠦᠬᠦ ᠳᠤ ᠬᠦᠴᠢᠷ᠂ ᠪᠡᠯᠡ ᠲᠤᠬᠢᠷᠠᠭᠤᠯᠬᠤ | ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠡ ᠦᠭᠡᠢ; ᠭᠠᠶᠢᠯᠢ ᠶᠢᠨ ᠰᠠᠭᠤᠷᠢ ᠮᠦᠩᠭᠦ ᠶᠢᠨ ᠢᠷᠡᠯᠲᠡ | ᠲᠠᠩ ᠴᠤᠯᠭᠤᠢ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠬᠦ ᠰᠡᠯᠬᠦᠬᠦ ᠬᠦᠴᠦ ᠭᠦᠢᠴᠡᠳ ᠪᠤᠰᠤ ᠪᠠ | ᠠᠷᠠᠳ ᠤᠨ ᠠᠮᠢᠳᠤᠷᠠᠯ ᠤᠨ ᠪᠠᠳᠤᠯᠠᠪᠤᠷᠢ᠂ ᠰᠠᠭᠤᠷᠢ ᠲᠤᠨᠤᠭ ᠲᠦᠬᠦᠭᠡᠷᠦᠮᠵᠢ ᠶᠢᠨ ᠪᠠᠶᠢᠭᠤᠯᠤᠯᠲᠠ ᠵᠡᠷᠭᠡ ᠴᠢᠩᠳᠡ | ᠵᠠᠷᠤᠯᠭ᠎ᠠ ᠶᠢᠨ ᠨᠡᠮᠡᠭᠳᠡᠯ ᠤᠨ ᠵᠦᠷᠢᠴᠡᠯ ᠡᠳᠦᠷ ᠠᠴᠠ ᠡᠳᠦᠷ ᠰᠢᠷᠤᠭᠦᠰᠴᠦ ᠪᠠᠶᠢᠨ᠎ᠠ᠃ ᠵᠠᠷᠢᠮ ᠨᠢᠭᠡᠴᠢ ᠶᠢᠨ ᠤᠪᠦᠷ | ᠰᠤᠷᠳᠠᠯ ᠬᠠᠰᠢ ᠶᠠᠰᠢ᠂ ᠪᠤᠳᠠᠳᠠᠢ ᠪᠠᠷ ᠠᠵᠢᠯᠯᠠᠬᠤ ᠦᠭᠡᠢ᠂ ᠬᠡᠰᠡᠭ ᠪᠦᠯᠦᠭ ᠺᠠᠳ᠋ᠷᠴᠤᠳ ᠬᠠᠭᠤᠴᠢᠨ ᠢᠶᠠᠨ ᠦᠬᠦᠨ | ᠪᠠᠷᠢᠮᠳᠠᠯᠠᠵᠤ᠂ ᠵᠤᠷᠢᠭᠳᠠᠢ ᠡᠭᠦᠷᠭᠡᠯᠡᠬᠦ ᠦᠭᠡᠢ᠂ ᠲᠤᠷᠠᠳᠠᠢ ᠬᠢᠬᠦ ᠦᠭᠡᠢ᠂ ᠵᠤᠷᠢᠮᠠᠭ ᠠᠵᠢᠯᠠᠯᠬᠤ ᠦᠭᠡᠢ᠂ ᠦᠢᠯᠡᠳᠦᠯ | ᠦᠭᠡᠢ ᠪᠠᠶᠢᠬᠤ ᠦᠵᠡᠭᠳᠡᠯ ᠢ ᠬᠤᠷᠢᠭᠯᠠᠭᠰᠠᠨ ᠪᠤᠯᠪᠠᠴᠦ ᠲᠠᠰ ᠵᠤᠭᠰᠤᠭᠠᠭᠰᠠᠨ ᠦᠭᠡᠢ᠂ ᠰᠢᠨ᠎ᠡ ᠴᠠᠭ ᠦᠶ᠎ᠡ ᠶᠢᠨ | ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠬᠠᠷᠢᠯᠴᠠᠨ ᠵᠤᠬᠢᠴᠠᠬᠤ ᠦᠭᠡᠢ ᠶᠤᠮ᠃ ᠡᠶᠢᠮᠦ ᠠᠴᠠ᠂ ᠪᠢᠳᠡ ᠡᠷᠬᠡᠪᠰᠢ | ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠪᠦᠳᠦᠮᠵᠢᠲᠠᠢ | ᠠᠷᠭ᠎ᠠ ᠬᠡᠮᠵᠢᠶ᠎ᠡ ᠠᠪᠴᠦ᠂ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂2019 ᠤᠨ ᠤ ᠭᠤᠤᠯ ᠡᠭᠦᠷᠭᠡ | 2019 ᠤᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠤᠢ᠂ ᠪᠦᠬᠦ ᠲᠠᠯ᠎ᠠ | ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢᠨ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠤ | ᠵᠠᠩᠭᠢᠯᠠᠭ᠎ᠠ ᠶᠢᠨ ᠵᠢᠯ᠂ ᠪᠠᠰᠠ ᠮᠠᠨ ᠤ ᠰᠢᠶᠠᠨ ᠤ ᠪᠦᠬᠦ ᠲᠠᠯ᠎ᠠ ᠪᠠᠷ ᠶᠠᠳᠠᠭᠤ ᠶᠢ ᠲᠡᠳᠭᠦᠭᠦ ᠪᠡᠷᠬᠡ ᠰᠡᠳᠦᠪ ᠢ | ᠰᠢᠢᠳᠪᠦᠷᠢᠯᠡᠬᠦ ᠳᠠᠶᠢᠨ ᠳᠤ ᠢᠯᠠᠯᠲᠠ ᠤᠯᠬᠤ ᠡᠴᠦᠰ ᠤᠨ ᠵᠢᠯ᠂ ᠡᠯ᠎ᠡ ᠵᠦᠢᠯ ᠤᠨ ᠠᠵᠢᠯ ᠪᠠᠨ ᠰᠠᠶᠢᠲᠤᠷ ᠬᠢᠬᠦ | ᠴᠢᠬᠤᠯᠠ ᠪᠦᠭᠡᠳ ᠠᠯᠤᠰ ᠬᠡᠳᠦ ᠶᠢᠨ ᠭᠦᠨᠵᠡᠭᠡᠢ ᠠᠴᠢ ᠬᠤᠯᠪᠤᠭᠳᠠᠯ ᠲᠠᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠠᠨ ᠪᠤᠯᠭᠠᠨ᠂ ᠲᠦᠪ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠴᠢᠬᠤᠯᠠ ᠰᠢᠢᠳᠪᠦᠷᠢᠲᠦ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠬᠤ ᠪᠠᠷ ᠠᠵᠤ | ᠠᠬᠤᠢ ᠨᠡᠶᠢᠭᠡᠮ ᠤᠨ ᠬᠦᠭᠵᠢᠯᠲᠠ ᠶᠢᠨ ᠶᠡᠷᠦᠩᠬᠡᠢ ᠪᠠᠶᠢᠳᠠᠯ ᠶᠢ ᠬᠠᠮᠢᠶᠠᠷᠴᠤ᠂ ᠬᠤᠳᠠᠯᠳᠤᠭᠠᠴᠢᠨ ᠤᠷᠢᠬᠤ ᠪᠡᠯᠡ | ᠲᠠᠲᠠᠬᠤ ᠪᠠ ᠲᠦᠰᠦᠯ ᠤᠨ ᠪᠦᠲᠦᠭᠡᠨ ᠪᠠᠶᠢᠭᠤᠯᠤᠯᠲᠠ ᠪᠠᠷ ᠪᠠᠷᠢᠴᠠ ᠪᠤᠯᠭᠠᠵᠤ᠂ ᠬᠤᠳᠠᠯᠳᠤᠭᠠᠴᠢᠨ ᠤ ᠤᠷᠴᠢᠨ | ᠲᠤᠭᠤᠷᠢᠨ ᠢ ᠦᠷᠬᠦᠯᠵᠢᠯᠡᠨ ᠰᠢᠯᠢᠳᠡᠭᠵᠢᠭᠦᠯᠵᠦ᠂ ᠪᠤᠬᠢᠷᠲᠤᠯ ᠦᠭᠡᠢ᠂ ᠡᠬᠢ ᠪᠠᠶᠠᠯᠢᠭ᠂ ᠤᠷᠤᠨ ᠪᠠᠶᠢᠷᠢᠰᠢᠯ ︽ | ᠭᠤᠷᠪᠠᠨ ᠨᠡᠷᠡᠲᠤ ᠲᠡᠮᠳᠡᠭ︾ ᠶᠢ ᠰᠠᠶᠢᠲᠤᠷ ᠬᠢᠬᠦ ᠶᠢ ᠪᠠᠷᠢᠮᠳᠠᠯᠠᠵᠤ᠂ ︽ᠨᠢᠭᠡ ᠮᠦᠬᠦᠯᠢᠭ ᠲᠦᠮᠦᠰᠦ᠂ ᠨᠢᠭᠡ | ᠤᠭᠤᠲᠠ ᠰᠢᠬᠢᠷ᠂ ᠨᠢᠭᠡ ᠰᠠᠭᠰᠤ ᠨᠤᠭᠤᠭ᠎ᠠ᠂ ᠨᠢᠭᠡ ᠯᠤᠩᠬᠤ ᠠᠷᠢᠬᠢ᠂ ᠨᠢᠭᠡ ᠲᠤᠯᠤᠭᠠᠢ ᠮᠠᠯ᠂ ᠨᠢᠭᠡ ᠲᠤᠯᠤᠭᠠᠢ | ᠭᠠᠭ᠋ᠠᠢ︾ ︽ᠵᠢᠷᠭᠤᠭᠠᠨ ᠨᠢᠭᠡ︾ ᠶᠢᠨ ᠪᠤᠬᠢᠷᠳᠤᠯ ᠦᠭᠡᠢ ᠲᠠᠷᠢᠶᠠᠯᠠᠩ ᠤᠨ ᠨᠡᠷᠡᠲᠦ ᠠᠵᠤ ᠦᠢᠯᠡᠰ ᠪᠠ ᠨᠡᠷᠡᠲᠤ | ᠲᠡᠮᠳᠡᠭ ᠶᠢ ᠰᠤᠩᠭᠤᠨ ᠪᠠᠶᠠᠯᠢᠭᠵᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ᠂ ᠰᠢᠨ᠎ᠡ ᠦᠢᠯᠡᠴᠢᠯᠡᠭᠡᠨ ᠤ | ᠦᠢᠯᠡᠰ ︽ᠭᠤᠷᠪᠠᠨ ᠲᠤᠮᠤ ᠠᠵᠤ ᠦᠢᠯᠡᠰ︾ ᠢ ᠪᠤᠶᠢᠵᠢᠭᠤᠯᠤᠨ ᠬᠦᠭᠵᠢᠭᠦᠯᠵᠦ᠂ ᠭᠤᠷᠪᠨ ᠲᠤᠮᠤ ᠪᠤᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠴᠢᠨᠰᠠᠭ᠎ᠠ ᠰᠠᠶᠢᠲᠠᠢ ᠬᠦᠭᠵᠢᠯᠲᠠ ᠶᠢ | ᠴᠢᠷᠮᠠᠶᠢᠨ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠰᠢᠢᠳᠪᠦᠷᠢᠳᠦ ᠰᠠᠭᠤᠷᠢ ᠶᠢ ᠪᠤᠢ ᠪᠤᠯᠭᠠᠨ᠎ᠠ᠃ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 6% | ᠪᠠᠷ ᠨᠡᠮᠡᠭᠳᠡᠵᠦ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 10% ᠪᠠᠷ ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 6.5 % ᠪᠠᠷ ᠨᠡᠮᠡᠭᠳᠡᠵᠦ᠂ ᠬᠤᠲᠠ ᠬᠦᠳᠡᠭᠡ ᠶᠢᠨ | ᠰᠠᠭᠠᠭᠤᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰ ᠪᠦᠷᠢ7.5% ᠪᠠ 9% | ᠪᠠᠷ ᠨᠡᠮᠡᠭᠳᠡᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢᠨ ᠪᠦᠷᠢᠳᠭᠡᠯ ᠢ4.1.% ᠶᠢᠨ | ᠳᠤᠲᠤᠷ᠎ᠠ ᠬᠢᠵᠠᠭᠠᠷᠯᠠᠨ᠎ᠠ᠃ ᠳᠡᠭᠡᠷ᠎ᠡ ᠱᠠᠲᠤᠨ ᠤ ᠪᠠᠭᠤᠯᠭᠠᠭᠰᠠᠨ ᠵᠢᠯ ᠤᠨ ᠡᠨᠧᠷᠬᠢ ᠶᠢ ᠠᠷᠪᠢᠯᠠᠵᠤ ᠪᠤᠬᠢᠷᠳᠤᠯ ᠢ | ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠪᠠ ᠡᠭᠦᠷᠭᠡ ᠪᠠᠨ ᠪᠡᠶᠡᠯᠡᠭᠦᠯᠦᠨ᠎ᠡ᠃ | ᠦᠨᠦ ᠵᠢᠯ ᠳᠤᠤᠷᠠᠬᠢ 5 ᠲᠠᠯ᠎ᠠ ᠶᠢᠨ ᠠᠵᠢᠯ ᠤᠳ ᠢ ᠭᠤᠤᠯᠳᠠᠯᠠᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠪᠤᠭᠤᠮᠲᠠ ᠰᠢᠪᠲᠤᠯᠬᠤ ᠭᠤᠷᠪᠠᠨ ᠲᠤᠮᠦ ᠳᠠᠶᠢᠯᠠᠯᠳᠤᠭᠠᠨ ᠢ ᠲᠦᠪᠯᠡᠷᠡᠭᠦᠯᠵᠦ᠂ ᠴᠢᠨᠠᠷ | ᠴᠢᠨᠰᠠᠭ᠎ᠠ ᠰᠠᠶᠢᠲᠠᠢ ᠬᠦᠭᠵᠢᠬᠦ ᠶᠢᠨ ᠪᠤᠭᠤᠮᠠᠢ ᠬᠦᠯᠢᠶᠡᠰᠦᠯᠡᠯ ᠢ ᠬᠦᠴᠦᠯᠡᠨ ᠳᠡᠶᠢᠯᠦᠨ᠎ᠡ᠃ | ᠤᠨᠢᠨ ᠳᠡᠭᠡᠷ᠎ᠡ ᠨᠢ ᠶᠠᠳᠠᠭᠤ ᠶᠢ ᠲᠡᠳᠭᠦᠭᠦ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ | ᠰᠠᠶᠢᠳᠤᠷ ᠬᠢᠨ᠎ᠡ᠃ ᠡᠨᠡ ᠵᠢᠯ ᠪᠤᠯ ᠮᠠᠨ ᠤ ᠰᠢᠶᠠᠨ ᠤ ᠶᠠᠳᠠᠭᠤ ᠶᠢᠨ ᠡᠩᠨᠡᠭᠡᠨ ᠠᠴᠠ ᠠᠩᠭᠢᠵᠢᠷᠠᠵᠤ ᠭᠠᠷᠬᠤ | ᠡᠴᠦᠰ ᠤᠨ ᠳᠠᠶᠢᠯᠠᠯᠳᠤᠭᠠᠨ ᠤ ᠢᠯᠠᠯᠲᠠ ᠤᠯᠬᠤ ᠵᠢᠯ ᠪᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ︽ᠪᠦᠬᠦ | ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠵᠠᠮ ᠳᠤ ᠨᠢᠭᠡ ᠶᠠᠳᠠᠭᠤ ᠠᠷᠠᠳ ᠢ ᠴᠦ ᠡᠩᠨᠡᠭᠡᠨ ᠠᠴᠠ | ᠪᠠᠨ ᠬᠤᠴᠤᠷᠠᠭᠤᠯᠬᠤ ᠦᠭᠡᠢ︾ ᠭᠡᠬᠦ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠ ᠬᠠᠷᠢᠯᠴᠠᠨ ᠤᠶᠠᠯᠳᠤᠬᠤ ᠶᠢ ᠪᠠᠷᠢᠮᠳᠠᠯᠠᠨ ᠶᠠᠪᠤᠭᠳᠠᠭᠤᠯᠵᠤ᠂ ᠬᠤᠷᠢᠭ᠎ᠠ | ᠱᠤᠭᠤᠮ ᠤᠨ ᠰᠡᠳᠬᠢᠴᠡ ᠶᠢ ᠪᠠᠲᠤ ᠪᠠᠬᠢ ᠪᠤᠢ ᠪᠤᠯᠭᠠᠵᠤ᠂ ᠶᠡᠷᠦᠩᠬᠡᠢ ᠰᠢᠪᠲᠤᠯᠬᠤ ᠵᠤᠷᠢᠭ ᠰᠢᠭᠤᠳᠴᠤ᠂ | ᠬᠠᠷᠢᠭᠤᠴᠠᠯᠭ᠎ᠠ ᠶᠢᠨ ᠡᠷᠬᠢ ᠱᠤᠷᠠᠭ ᠶᠢ ᠴᠢᠩᠭᠠᠯᠠᠵᠤ᠂ ᠠᠵᠢᠯ ᠤᠨ ᠡᠷᠴᠢ ᠵᠤᠷᠢᠭ ᠢᠶᠠᠨ ᠳᠠᠶᠢᠴᠢᠯᠠᠵᠤ᠂ ᠵᠢᠯ ᠤᠨ | ᠳᠤᠲᠤᠷ᠎ᠠ ︽ᠬᠦᠮᠦᠨ ᠢ ᠨᠢ ᠶᠠᠳᠠᠭᠤ ᠠᠴᠠ ᠠᠩᠭᠢᠵᠢᠷᠠᠭᠤᠯᠤᠨ᠂ ᠲᠤᠰᠬᠤᠨ ᠢ ᠨᠢ ᠶᠠᠳᠠᠭᠤ ᠶᠢᠨ ᠡᠩᠨᠡᠭᠡ ᠠᠴᠠ | ᠭᠠᠷᠭᠠᠨ᠂ ᠬᠤᠰᠢᠭᠤ ᠶᠢ ᠨᠢ ᠶᠠᠳᠠᠭᠤ ᠶᠢᠨ ᠮᠠᠯᠠᠭᠠᠢ ᠪᠠᠨ ᠲᠠᠶᠠᠭᠳᠠᠭᠤᠯᠬᠤ︾ ᠶᠢ ᠪᠡᠶᠡᠯᠡᠭᠦᠯᠦᠨ᠎ᠡ᠃ ᠡᠭᠦᠷᠭᠡ | ᠬᠠᠷᠠᠯᠲᠠ ᠳᠤ ᠴᠢᠭᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠶᠢ ᠠᠳᠬᠤᠨ᠎ᠠ᠃ ︽ᠬᠤᠶᠠᠷ ᠪᠠᠲᠤᠯᠠᠬᠤ︾ ︽ | ᠬᠤᠶᠠᠷ ᠪᠡᠶᠡᠯᠡᠭᠦᠯᠬᠦ︾ ᠶᠢ ᠲᠤᠭᠤᠷᠢᠨ᠂ ᠲᠦᠪ ᠤᠨ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠬᠤ ᠲᠤᠰᠬᠠᠢ | ᠲᠤᠭᠤᠷᠢᠨ ᠬᠢᠨᠠᠨ ᠪᠠᠶᠢᠴᠠᠭᠠᠭᠰᠠᠨ ᠰᠠᠨᠠᠯ ᠪᠤᠳᠤᠯ ᠢᠶᠠᠷ ᠴᠡᠭᠴᠡᠯᠡᠨ ᠦᠭᠡᠷᠡᠴᠢᠯᠡᠬᠦ ᠶᠢ ᠲᠦᠯᠬᠢᠨ ᠠᠬᠢᠭᠤᠯᠬᠤ ᠪᠠᠷ | ᠠᠨᠢᠰᠤ ᠪᠤᠯᠭᠠᠨ᠂ ᠶᠠᠳᠠᠭᠤ ᠠᠴᠠ ᠠᠩᠭᠢᠵᠢᠷᠠᠵᠤ ᠪᠤᠭᠤᠮᠳᠠ ᠰᠢᠪᠲᠤᠯᠬᠤ ᠠᠷᠪᠠᠨ ᠵᠦᠢᠯ ᠤᠨ ︽ᠲᠡᠭ ᠪᠤᠯᠭᠠᠨ | ᠪᠠᠷᠢᠮᠵᠢᠶ᠎ᠠ ᠳᠤ ᠬᠦᠷᠦᠭᠦᠯᠬᠦ︾ ᠲᠤᠰᠬᠠᠢ ᠬᠦᠳᠡᠯᠭᠡᠭᠡᠨ ᠢᠶᠠᠷ ᠪᠠᠷᠢᠴᠠ ᠪᠤᠯᠭᠠᠨ᠂7 ᠭᠦᠨᠴᠡ ᠶᠠᠳᠠᠭᠤ ᠬᠦᠴᠢᠷᠳᠡᠯᠲᠡᠢ | ᠲᠤᠰᠬᠤᠨ ᠤ ᠶᠠᠳᠠᠭᠤ ᠠᠴᠠ ᠠᠩᠭᠢᠵᠢᠷᠠᠵᠤ ᠪᠤᠭᠤᠮᠳᠠ ᠰᠢᠪᠲᠤᠯᠬᠤ ᠬᠦᠴᠦᠴᠡ ᠶᠢ ᠦᠷᠬᠦᠯᠵᠢᠯᠡᠨ ᠨᠡᠮᠡᠭᠳᠡᠭᠦᠯᠵᠦ᠂ | 9 ᠰᠠᠷ᠎ᠠ ᠶᠢᠨ30 ᠤ ᠡᠳᠦᠷ ᠤᠨ ᠶᠠᠳᠠᠭᠤ ᠶᠢ ᠲᠡᠳᠭᠦᠭᠦ ᠵᠢᠯ ᠤᠨ ᠵᠠᠩᠭᠢᠯᠠᠭ᠎ᠠ ᠴᠡᠭ ᠪᠤᠯᠤᠨ ᠶᠠᠳᠠᠭᠤ ᠠᠴᠠ | ᠠᠩᠭᠢᠵᠢᠷᠠᠵᠤ ᠶᠠᠳᠠᠭᠤ ᠶᠢᠨ ᠮᠠᠯᠠᠭᠠᠢ ᠪᠠᠨ ᠲᠠᠶᠠᠭᠳᠠᠭᠤᠯᠬᠤ ᠶᠢ ᠰᠢᠯᠭᠠᠨ ᠠᠪᠬᠤ ᠴᠠᠭ ᠤᠨ ᠵᠢᠩᠭᠢᠯᠠᠭᠠ ᠴᠡᠭ ᠶᠢ | ᠪᠠᠷᠢᠵᠤ ᠲᠦᠪᠯᠡᠷᠡᠨ ᠳᠠᠶᠢᠯᠠᠯᠳᠤᠬᠤ ᠶᠢ ᠦᠷᠨᠢᠭᠦᠯᠵᠦ᠂ ᠰᠧᠺᠦ᠋ᠨ᠋ᠳ᠋ ᠲᠤᠭᠠᠯᠠᠵᠤ ᠪᠤᠭᠤᠮᠲᠠ ᠰᠢᠪᠳᠤᠯᠬᠤ ᠶᠢ ᠪᠦᠬᠦ | ᠲᠠᠯ᠎ᠠ ᠪᠠᠷ ᠶᠠᠪᠤᠭᠳᠠᠭᠤᠯᠤᠨ᠎ᠠ᠃ | ᠬᠦᠮᠦᠨ ᠢ ᠨᠢ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ︽ ᠨᠢᠭᠡ ᠪᠠᠷᠢᠮᠵᠢᠶ᠎ᠠ ᠬᠦᠷᠬᠦ᠂ ᠬᠤᠶᠠᠷ | ᠲᠤ ᠵᠤᠪᠠᠭ᠋ᠤ ᠦᠭᠡᠢ᠂ ᠭᠤᠷᠪᠠᠨ ᠪᠠᠲᠤᠯᠭ᠎ᠠ ᠲᠠᠢ︾ ᠪᠠᠷ ᠭᠤᠤᠯ ᠦᠨᠡᠯᠡᠬᠦ ᠪᠠᠷᠢᠮᠵᠢᠶ᠎ᠠ ᠪᠠᠨ ᠪᠤᠯᠭᠠᠵᠤ᠂ ᠭᠡᠷ ᠪᠦᠯᠢ | ᠶᠢᠨ ᠵᠢᠯ ᠤᠨ ᠳᠤᠮᠳᠠᠴᠢ ᠴᠡᠪᠡᠷ ᠤᠷᠤᠯᠭ᠎ᠠ3596 ᠲᠦᠭᠦᠷᠢᠭ ᠠᠴᠠ ᠳᠡᠭᠡᠭᠰᠢ ᠳᠤ ᠬᠦᠷᠴᠦ᠂ ᠤᠳᠤ ᠶᠢᠨ ᠶᠠᠳᠠᠭᠤ | ᠬᠦᠴᠢᠷᠳᠡᠯ ᠲᠠᠢ ᠪᠠᠷᠢᠮᠵᠢᠶ᠎ᠠ ᠱᠤᠭᠤᠮ ᠠᠴᠠ ᠳᠤᠷᠤᠭᠰᠢ5465 ᠬᠦᠮᠦᠨ ᠴᠠᠭ ᠶᠤᠰᠤᠭᠠᠷ ᠶᠠᠳᠠᠭᠤ ᠠᠴᠠ | ᠠᠩᠭᠢᠵᠢᠷᠠᠬᠤ ᠶᠢ ᠪᠠᠲᠤᠯᠠᠵᠤ᠂ ᠲᠤᠰᠬᠤᠨ ᠢ ᠨᠢ ᠶᠠᠳᠠᠭᠤ ᠶᠢᠨ ᠡᠩᠨᠡᠭᠡ ᠠᠴᠠ ᠭᠠᠷᠡᠭᠠᠬᠤ ᠲᠠᠯ᠎ᠠ ᠪᠠᠷ᠂ ︽ᠨᠢᠭᠡ | ᠳᠤᠤᠷ᠎ᠠ ᠨᠢᠭᠡ ᠪᠠᠷᠢᠮᠵᠢᠶ᠎ᠠ ᠳᠤ ᠬᠦᠷᠬᠦ ᠬᠤᠶᠠᠷ ᠪᠠᠶᠢᠬᠤ ᠶᠢᠰᠦᠨ ᠪᠠᠲᠤᠯᠠᠭ᠎ᠠ︾ ᠵᠡᠷᠭᠡ13 ᠵᠦᠢᠯ ᠤᠨ ᠦᠨᠡᠯᠡᠬᠦ | ᠵᠢᠭᠠᠯᠲᠠ ᠶᠢ ᠨᠠᠶᠢᠳᠠᠪᠤᠷᠢᠵᠢᠭᠤᠯᠵᠤ᠂33 ᠲᠤᠰᠬᠤᠨ ᠢ ᠶᠠᠳᠠᠭᠤ ᠶᠢᠨ ᠡᠩᠨᠡᠭᠡ ᠠᠴᠠ ᠭᠠᠷᠭᠠᠬᠤ ᠶᠢ ᠪᠠᠲᠤᠯᠠᠵᠤ᠂ | ᠬᠤᠰᠢᠭᠤ ᠶᠢ ᠨᠢ ᠶᠠᠳᠠᠭᠤ ᠶᠢᠨ ᠮᠠᠯᠠᠭᠠᠢ ᠪᠠᠨ ᠲᠠᠶᠠᠭᠳᠠᠭᠤᠯᠬᠤ ᠲᠠᠯ᠎ᠠ ᠪᠠᠷ᠂4 ᠶᠡᠭᠡ ᠲᠦᠷᠦᠯ ᠤᠨ ᠵᠦᠢᠯ ᠤᠨ | ᠵᠢᠭᠠᠯᠲᠠ ᠪᠠᠷ᠂ ᠰᠢᠶᠡᠨ ᠤ ᠪᠦᠬᠦ ᠬᠦᠴᠦ ᠢᠶᠠᠷ ᠢᠶᠠᠨ ᠠᠵᠢᠯᠯᠠᠵᠤ ᠴᠠᠭ ᠲᠤᠬᠠᠢ ᠳᠤᠨᠢ ᠬᠠᠷᠠᠯᠲᠠ ᠪᠠᠨ ᠪᠠᠶᠡᠯᠡᠭᠦᠯᠬᠦ | ᠶᠢ ᠪᠠᠲᠤᠯᠠᠨ᠎ᠠ᠃ | ᠲᠠᠨᠢᠵᠤ ᠤᠬᠤᠷᠢᠨ ᠭᠠᠷᠬᠤ ᠲᠠᠯ᠎ᠠ ᠪᠠᠷ3 ᠵᠦᠢᠯ ᠪᠠᠶᠢᠵᠤ᠄ ᠶᠠᠳᠠᠭᠤ ᠬᠦᠴᠢᠷᠳᠡᠯ ᠲᠠᠢ ᠪᠤᠯᠬᠤ ᠶᠡᠷᠦᠩᠬᠡᠢ | ᠨᠤᠷᠮ᠎ᠠ3% ᠠᠴᠠ ᠳᠤᠤᠷ᠎ᠠ ᠪᠠᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠬᠦᠮᠦᠰ ᠢ ᠪᠤᠷᠤᠭᠤ ᠭᠠᠷᠭᠠᠬᠤ | ᠨᠤᠷᠮ᠎ᠠ2% ᠠᠴᠠ ᠳᠤᠤᠷ᠎ᠠ ᠪᠠᠶᠢᠯᠭᠠᠵᠤ᠂ ᠶᠠᠳᠠᠭᠤ ᠬᠦᠴᠢᠷᠳᠡᠯ ᠲᠠᠢ ᠬᠦᠮᠦᠰ ᠢ ᠠᠯᠳᠠᠭ᠎ᠠ ᠲᠠᠢ ᠦᠨᠡᠯᠡᠬᠦ | ᠨᠤᠷᠮ᠎ᠠ2% ᠠᠴᠠ ᠳᠤᠤᠷ᠎ᠠ ᠪᠠᠶᠢᠯᠭᠠᠨ᠎ᠠ᠃ ᠠᠷᠠᠳ ᠤᠯᠠᠨ ᠤ ᠵᠦᠪᠰᠢᠶᠡᠷᠡᠮᠵᠢ ᠶᠢᠨ ᠲᠠᠯ᠎ᠠ ᠪᠠᠷ1 ᠵᠦᠢᠯ ᠪᠠᠶᠢᠵᠤ᠂ | ᠤᠭ ᠶᠤᠰᠤᠨ ᠳᠤ ᠪᠠᠨ90% ᠠᠴᠠ ᠳᠡᠭᠡᠭᠰᠢ ᠳᠤ ᠬᠦᠷᠦᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡᠨ ᠤ | ᠲᠠᠯ᠎ᠠ ᠪᠠᠷ4 ᠵᠦᠢᠯ ᠪᠠᠶᠢᠵᠤ᠂ ᠳᠠᠷᠤᠢ ᠮᠠᠯᠴᠢᠨ ᠲᠠᠷᠢᠶᠠᠴᠢᠨ ᠠᠮᠤᠷ ᠲᠦᠪᠰᠢᠨ ᠤᠰᠤ ᠤᠤᠭᠤᠵᠤ᠂ ᠠᠯᠪᠠᠨ ᠵᠢᠷᠤᠮ | ᠤᠨ ᠰᠤᠷᠭᠠᠨ ᠬᠦᠮᠦᠵᠢᠯ᠂ ᠦᠨᠳᠦᠰᠦᠨ ᠡᠮᠴᠢᠯᠡᠭᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ | ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠪᠠᠲᠤᠯᠠᠭ᠎ᠠ ᠲᠠᠢ᠃ ᠤᠷᠤᠯᠭ᠎ᠠ ᠶᠢᠨ ᠲᠠᠯ᠎ᠠ ᠪᠠᠷ1 ᠵᠦᠢᠯ ᠪᠠᠶᠢᠵᠤ᠂ | ᠮᠠᠯᠴᠢᠨ ᠲᠠᠷᠢᠶᠠᠴᠢᠨ ᠤ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢᠨ ᠨᠡᠮᠡᠭᠳᠡᠯ ᠪᠦᠬᠦ ᠤᠯᠤᠰ ᠤᠨ | ᠳᠤᠮᠳᠠᠴᠢ ᠨᠡᠮᠡᠭᠳᠡᠯ ᠠᠴᠠ ᠦᠨᠳᠦᠷ ᠪᠠᠶᠢᠯᠭᠠᠨ᠎ᠠ᠃ ︽ᠭᠤᠷᠪᠠᠨ ᠨᠠᠶᠢᠳᠠᠪᠤᠷᠢᠵᠢᠭᠤᠯᠬᠤ︾ ᠶᠠᠳᠠᠭᠤ ᠠᠴᠠ | ᠠᠩᠭᠢᠵᠢᠷᠠᠬᠤ ᠶᠢ ᠪᠠᠲᠤᠯᠠᠨ᠎ᠠ᠃ ᠬᠠᠴᠢᠭᠤᠴᠠᠯᠭᠠ ᠪᠠᠨ ᠨᠠᠶᠢᠳᠠᠪᠤᠷᠢᠵᠢᠭᠤᠯᠬᠤ ᠲᠠᠯ᠎ᠠ ᠪᠠᠷ᠂ ᠨᠢᠭᠡ ᠳᠤ᠂ ᠰᠢᠶᠠᠩ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠤᠰᠬᠤᠨ ᠤ ᠨᠠᠮ ᠤᠨ ᠡᠭᠦᠷ ᠤᠨ ᠬᠠᠷᠢᠴᠠᠭᠤᠯᠭ᠎ᠠ | ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠤᠴᠠᠵᠤ ᠪᠠᠶᠢᠴᠠᠭᠠᠨ ᠦᠵᠡᠨ᠎ᠡ᠃3 ᠵᠢᠯ ᠤᠨ ᠠᠵᠢᠯᠯᠠᠭᠠᠨ ᠤ | ᠵᠢᠯᠤᠭᠤᠳᠤᠯᠭ᠎ᠠ ᠶᠢᠨ ᠰᠠᠨᠠᠯ ᠱᠠᠭᠠᠷᠳᠠᠯᠭ᠎ᠠ ᠪᠠᠷ᠂ ᠰᠠᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠦᠬᠦ | ᠶᠠᠳᠠᠭᠤ ᠡᠷᠦᠬᠡ ᠳᠤ ᠬᠦᠷᠴᠦ ᠠᠰᠠᠭᠤᠨ ᠰᠤᠷᠪᠤᠯᠵᠢᠯᠠᠵᠤ᠂ ᠲᠤᠰᠬᠤᠨ ᠤ ᠨᠠᠮ ᠤᠨ ᠡᠭᠦᠷ ᠤᠨ ᠱᠦᠵᠢ ᠪᠦᠬᠦ | ᠶᠠᠳᠠᠭᠤ ᠪᠠ ᠶᠠᠳᠠᠭᠤ ᠪᠤᠰᠤ ᠡᠷᠦᠬᠡ ᠳᠤ ᠬᠦᠷᠴᠦ ᠠᠰᠠᠭᠤᠨ ᠰᠤᠷᠪᠤᠯᠵᠢᠯᠠᠵᠤ᠂ ᠳᠤᠲᠠᠭᠳᠠᠯ ᠪᠠᠨ ᠨᠦᠬᠦᠪᠦᠷᠢᠯᠡᠨ᠎ᠡ | ᠃ ᠬᠤᠶᠠᠷ ᠲᠤ᠂ ᠡᠯ᠎ᠡ ᠠᠵᠢᠯ ᠲᠦᠷᠦᠯ ᠰᠠᠯᠠᠭ᠎ᠠ ᠮᠦᠴᠢᠷ ᠤᠨ ᠬᠠᠷᠢᠴᠠᠭᠤᠯᠭ᠎ᠠ ᠪᠠᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠪᠤᠴᠠᠵᠤ ᠪᠠᠶᠢᠴᠠᠭᠠᠨ ᠦᠵᠡᠵᠦ᠂ ᠠᠯᠳᠠᠭ᠎ᠠ ᠶᠢ ᠨᠢ ᠪᠠᠶᠢᠴᠠᠭᠠᠨ ᠳᠤᠲᠠᠭᠳᠠᠯ ᠢ ᠨᠢ ᠨᠦᠬᠦᠪᠦᠷᠢᠯᠡᠨ᠎ᠡ᠃ | ᠭᠤᠷᠪᠠ ᠳᠤ᠂ ᠲᠤᠰᠬᠤᠨ ᠳᠤ ᠰᠠᠭᠤᠭ᠎ᠠ ᠬᠤᠤᠰᠯᠠᠨ ᠬᠠᠪᠰᠤᠷᠤᠨ ᠲᠡᠮᠵᠢᠬᠦ ᠬᠠᠷᠢᠴᠠᠭᠤᠯᠭ᠎ᠠ ᠪᠠᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠤᠴᠠᠵᠤ ᠪᠠᠶᠢᠴᠠᠭᠠᠨ ᠦᠵᠡᠵᠦ ᠳᠠᠭᠠᠭᠠᠯᠭᠠᠨ ᠠᠪᠤᠭᠰᠠᠨ ᠲᠤᠰᠬᠤᠨ ᠡᠷᠦᠬᠡ | ᠶᠢᠨ ᠤᠷᠤᠰᠢᠵᠤ ᠪᠠᠶᠢᠭ᠎ᠠ ᠠᠵᠢᠯ ᠤᠨ ᠵᠦᠷᠢᠶ᠎ᠡ ᠶᠢ ᠲᠤᠳᠤᠷᠬᠠᠶᠢᠯᠠᠵᠤ᠂ ᠲᠦᠷᠦᠭᠦᠨ ᠳᠤ ᠨᠢ ᠤᠷᠤᠬᠤ ᠪᠠᠷ | ᠮᠡᠷᠡᠶᠢᠨ᠎ᠡ᠃ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠰᠠᠨ ᠲᠠᠯ᠎ᠠ ᠪᠠᠷ᠂ ᠠᠮᠤᠷ ᠲᠦᠪᠰᠢᠨ ᠤᠰᠤ ᠤᠤᠬᠤᠭᠤ ᠶᠢ | ᠪᠠᠲᠤᠯᠠᠬᠤ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠤᠯᠭᠤᠯᠲᠠ ᠪᠠᠷ ᠶᠠᠳᠠᠭᠤ ᠶᠢ ᠲᠡᠳᠭᠦᠬᠦ᠂ | ᠤᠨᠳᠤᠤ ᠭᠠᠵᠠᠷ ᠲᠤ ᠨᠡᠭᠦᠯᠭᠡᠬᠦ᠂ ᠨᠤᠷᠠᠬᠤ ᠠᠶᠤᠯ ᠲᠠᠢ ᠭᠡᠷ ᠪᠠᠶᠢᠰᠢᠩ ᠢ ᠦᠭᠡᠷᠢᠴᠢᠯᠡᠨ ᠪᠠᠶᠢᠭᠤᠯᠵᠤ᠂ ᠡᠷᠡᠭᠦᠯ | ᠴᠠᠬᠢᠷᠠᠭ ᠢᠶᠠᠷ ᠶᠠᠳᠠᠭᠤ ᠶᠢ ᠲᠡᠳᠭᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠬᠦ᠂ ᠠᠮᠢ ᠠᠬᠤᠢ ᠪᠠᠷ | ᠶᠠᠳᠠᠭᠤ ᠶᠢ ᠲᠡᠳᠭᠦᠬᠦ᠂ ᠮᠦᠩᠭᠦᠨ ᠭᠦᠯᠭᠡᠭᠡ ᠪᠠᠷ ᠶᠠᠳᠠᠭᠤ ᠶᠢ ᠲᠡᠳᠭᠦᠬᠦ᠂ ᠨᠢᠭᠡᠳᠭᠡᠭᠰᠡᠨ ᠪᠠᠲᠤᠯᠠᠪᠤᠷᠢ ᠵᠡᠷᠭᠡ | ᠠᠷᠪᠠᠨ ᠵᠦᠢᠯ ᠤᠨ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠤᠴᠠᠵᠤ ᠪᠠᠶᠢᠴᠠᠭᠠᠨ ᠦᠵᠡᠵᠦ᠂ ᠪᠦᠬᠦ ᠲᠠᠯ᠎ᠠ ᠪᠠᠷ ᠴᠢᠩᠭᠠᠳᠭᠠᠨ᠎ᠠ᠃ ᠠᠵᠢᠯ ᠪᠠᠨ ᠨᠠᠶᠢᠳᠠᠪᠤᠷᠢᠵᠢᠭᠤᠯᠬᠤ ᠲᠠᠯ᠎ᠠ | ᠪᠠᠷ᠂ ᠵᠢᠯ ᠤᠨ ᠶᠠᠳᠠᠭᠤ ᠠᠴᠠ ᠠᠩᠭᠢᠵᠢᠷᠠᠬᠤ ᠪᠤᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ᠂ ᠳᠠᠩᠰᠠ ᠵᠤᠬᠢᠶᠠᠨ ᠺᠠᠷᠲ ᠪᠠᠶᠢᠭᠤᠯᠤᠨ ᠲᠠᠨᠢᠵᠤ ᠭᠠᠷᠭᠠᠭᠰᠠᠨ ᠬᠦᠳᠡᠯᠦᠩᠭᠦᠢ ᠲᠤᠬᠢᠷᠠᠭᠤᠯᠤᠯᠲᠠ ᠶᠢᠨ | ᠠᠵᠢᠯ ᠢ ᠦᠷᠨᠢᠭᠦᠯᠦᠭᠰᠡᠨ ᠪᠠᠶᠢᠳᠠᠯ᠂ ᠶᠠᠳᠠᠭᠤ ᠶᠢ ᠲᠡᠳᠭᠦᠭᠦ ᠪᠡᠯᠡ ᠮᠦᠩᠭᠦ ᠤᠯᠭᠤᠬᠤ᠂ ᠬᠡᠷᠡᠭᠯᠡᠬᠦ᠂ ᠬᠠᠮᠢᠶᠠᠷᠬᠤ | ᠪᠠᠶᠢᠳᠠᠯ᠂ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠬᠤ ᠡᠯ᠎ᠡ ᠵᠦᠢᠯ ᠤᠨ ᠬᠢᠨᠠᠯᠲᠠ ᠲᠠᠯᠪᠢᠨ ᠰᠢᠯᠭᠠᠨ | ᠪᠠᠶᠢᠴᠠᠭᠠᠬᠤ ᠳᠤ ᠤᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠢ ᠪᠤᠴᠠᠵᠤ ᠪᠠᠶᠢᠴᠠᠭᠠᠨ ᠦᠵᠡᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠪᠠᠨ | ᠲᠤᠪᠤᠶᠢᠯᠭᠠᠵᠤ᠂ ᠯᠠᠪᠳᠠᠭᠤᠨ ᠶᠠᠳᠠᠭᠤ ᠠᠴᠠ ᠠᠩᠭᠢᠵᠢᠷᠠᠨ᠎ᠠ᠃ ᠠᠶᠤᠯᠭᠦᠢ ᠤᠷᠤᠨ ᠰᠠᠭᠤᠴᠠ ᠶᠢᠨ ᠲᠠᠯ᠎ᠠ ᠪᠠᠷ᠂ | ᠪᠦᠬᠦ ᠰᠢᠶᠠᠨ ᠤ ᠬᠦᠳᠡᠭᠡ ᠲᠤᠰᠬᠤᠨ ᠤ ᠪᠠᠶᠢᠩᠭᠤ ᠤᠷᠤᠰᠢᠨ ᠰᠠᠭᠤᠬᠤ ᠡᠷᠦᠬᠡ ᠶᠢᠨ ᠤᠷᠤᠨ ᠰᠠᠭᠤᠴᠠ ᠶᠢ ᠤᠨᠢᠨ | ᠳᠡᠭᠡᠷ᠎ᠡ ᠨᠢ ᠪᠠᠶᠢᠳᠠᠯ ᠢ ᠨᠢ ᠤᠶᠢᠯᠭᠠᠬᠤ ᠪᠠ ᠠᠮᠤᠷ ᠲᠦᠪᠰᠢᠨ ᠤ ᠳᠡᠰ ᠤᠨ ᠭᠡᠷᠡᠴᠢᠯᠡᠯᠭᠡ ᠶᠢᠨ ᠰᠠᠭᠤᠷᠢᠨ ᠳᠤ᠂ | ᠰᠤᠯᠢᠬᠤ᠂ ᠵᠠᠰᠠᠬᠤ᠂ ᠰᠢᠨ᠎ᠡ ᠪᠠᠶᠢᠭᠤᠯᠬᠤ ᠵᠡᠷᠭᠡ ᠠᠷᠭ᠎ᠠ ᠠᠪᠴᠢᠯ ᠢᠶᠠᠷ ᠳᠠᠮᠵᠢᠨ ᠬᠦᠳᠡᠭᠡ ᠲᠤᠰᠬᠤᠨ ᠤ | ᠪᠠᠶᠢᠩᠭᠤ ᠤᠷᠤᠰᠢᠨ ᠰᠠᠭᠤᠬᠤ ᠡᠷᠦᠬᠡ ᠶᠢᠨ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ 7 ᠰᠠᠷ᠎ᠠ ᠶᠢᠨ 31 ᠤ ᠡᠳᠦᠷ ᠠᠴᠠ ᠡᠮᠦᠨ᠎ᠡ ᠨᠡᠭᠦᠨ ᠤᠷᠤᠵᠤ ᠰᠠᠭᠤᠬᠤ ᠶᠢ ᠪᠠᠲᠤᠯᠠᠨ᠎ᠠ᠃ | ᠬᠦᠳᠡᠭᠡ ᠲᠤᠰᠬᠤᠨ ᠤ ᠠᠮᠤᠷ ᠲᠦᠪᠰᠢᠨ ᠤᠰᠤ ᠤᠤᠭᠤᠬᠤ ᠲᠠᠯ᠎ᠠ ᠪᠠᠷ᠂ ᠤᠰᠤᠨ ᠤ ᠬᠡᠮᠵᠢᠶ᠎ᠠ᠂ ᠤᠰᠤᠨ ᠤ ᠴᠢᠨᠠᠷ | ᠂ ᠤᠰᠤ ᠬᠡᠷᠡᠭᠯᠡᠬᠦ ᠳᠤ ᠠᠪᠰᠠᠷᠬᠠᠨ ᠬᠡᠮᠵᠢᠶ᠎ᠠ ᠪᠠ ᠤᠰᠤ ᠬᠠᠩᠭᠠᠬᠤ ᠶᠢ ᠪᠠᠲᠤᠯᠠᠬᠤ ᠨᠤᠷᠮ᠎ᠠ ᠵᠡᠷᠭᠡ ᠪᠠᠶᠢᠳᠠᠯ ᠢ | ᠤᠶᠢᠯᠭᠠᠵᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠰᠢᠶᠠᠨ ᠤ | ᠬᠦᠳᠡᠭᠡ ᠲᠤᠰᠬᠤᠨ ᠤ ᠬᠦᠮᠦᠨ ᠠᠮᠠ ᠶᠢᠨ ᠠᠮᠤᠷ ᠲᠦᠪᠰᠢᠨ ᠤᠰᠤ ᠤᠤᠭᠤᠬᠤ ᠶᠢ ᠪᠠᠲᠤᠯᠠᠨ᠎ᠠ᠃ | ᠡᠷᠡᠭᠦᠯ ᠴᠠᠬᠢᠷᠠᠭ ᠢᠶᠠᠷ ᠶᠠᠳᠠᠭᠤ ᠶᠢ ᠲᠡᠳᠭᠦᠬᠦ ᠲᠠᠯ᠎ᠠ ᠪᠠᠷ᠂ ᠳᠠᠩᠰᠠ ᠵᠤᠬᠢᠶᠠᠨ ᠺᠠᠷᠲ ᠪᠠᠶᠢᠭᠤᠯᠤᠭᠰᠠᠨ ᠪᠦᠬᠦ | ᠶᠠᠳᠠᠭᠤ ᠬᠦᠴᠢᠷᠳᠡᠯ ᠲᠠᠢ ᠬᠦᠮᠦᠰ ᠳᠤ ᠭᠡᠷ ᠪᠦᠯᠢ ᠶᠢᠨ ᠡᠮᠴᠢ ᠲᠠᠢ ᠭᠡᠷ᠎ᠡ ᠲᠤᠭᠳᠠᠬᠤ ᠦᠢᠯᠡᠴᠢᠯᠡᠭᠡ ᠶᠢ ᠬᠠᠩᠭᠠᠵᠤ | ᠂ ᠤᠴᠢᠭ ᠡᠪᠡᠳᠴᠢᠨ ᠢᠶᠠᠷ ᠲᠤᠳᠤᠯᠠᠬᠤ ᠳᠤ ᠨᠡᠶᠢᠴᠡᠬᠦ ᠶᠠᠳᠠᠭᠤ ᠬᠦᠴᠢᠷᠳᠡᠯ ᠲᠠᠢ ᠡᠷᠦᠬᠡ ᠶᠢ ᠪᠦᠬᠦᠨ ᠢ ᠨᠢ | ᠲᠤᠳᠤᠯᠠᠵᠤ᠂ ᠤᠴᠢᠭ ᠡᠪᠡᠳᠴᠢᠨ ᠢᠶᠠᠷ ᠦᠨᠡᠯᠡᠭᠳᠡᠭᠰᠡᠨ ᠪᠦᠭᠡᠳ ᠡᠮ ᠬᠦᠷᠭᠡᠬᠦ ᠦᠢᠯᠡᠴᠢᠯᠡᠭᠡ ᠳᠤ ᠨᠡᠶᠢᠴᠡᠭᠰᠡᠳ | ᠳᠤ ᠪᠦᠬᠦᠨ ᠳᠤ ᠨᠢ ᠡᠮ ᠬᠦᠷᠭᠡᠨ᠎ᠡ᠃ ᠬᠤᠳᠠᠯᠳᠤᠭᠠᠨ ᠤ ᠨᠦᠬᠦᠪᠦᠷᠢ ᠳᠠᠭᠠᠳᠬᠠᠯ ᠪᠠ ᠬᠠᠶᠢᠷ᠎ᠠ ᠬᠠᠯᠠᠮᠵᠢ ᠶᠢᠨ | ᠰᠠᠭᠷᠢ ᠮᠦᠩᠬᠦ ᠶᠢᠨ ᠪᠠᠲᠤᠯᠠᠪᠤᠷᠢ ᠶᠢᠨ ᠦᠢᠯᠡᠳᠦᠯ ᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠲᠠᠢ | ᠬᠦᠮᠦᠰ ᠤᠨ ᠡᠪᠡᠳᠴᠢᠨ ᠠᠴᠠ ᠪᠤᠯᠵᠤ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ | ᠰᠢᠶᠠᠨ ᠰᠢᠶᠠᠩ ᠬᠦᠳᠡᠭᠡ ᠶᠢᠨ ᠡᠷᠦᠬᠡ ᠪᠤᠯᠤᠨ ᠤᠨᠴᠠᠭᠠᠢ ᠳᠠᠩᠰᠠ ᠡᠪᠬᠡᠮᠡᠯ ᠤᠨ ᠠᠵᠢᠯ ᠢ | ᠲᠡᠭᠦᠯᠳᠡᠷᠵᠢᠭᠦᠯᠦᠨ᠎ᠡ᠃ ᠰᠢᠶᠠᠨ᠂ ᠰᠢᠶᠠᠩ᠂ ᠬᠦᠳᠡᠭᠡ ᠶᠢᠨ ᠳᠠᠩᠰᠠ ᠡᠪᠬᠡᠮᠡᠯ ᠢ ᠤᠨᠢᠨ ᠳᠡᠭᠡᠷ᠎ᠡ ᠲᠠᠨᠢᠵᠤ᠂ ᠤᠨᠢᠨ | ᠳᠡᠭᠡᠷ᠎ᠡ ᠬᠠᠪᠰᠤᠷᠤᠨ ᠳᠡᠮᠵᠢᠵᠤ᠂ ᠤᠨᠢᠨ ᠳᠡᠭᠡᠷ᠎ᠡ ᠭᠠᠷᠭᠠᠬᠤ ᠪᠠ ᠨᠢᠭᠡᠳᠭᠡᠭᠰᠡᠨ ᠲᠦᠷᠦᠯ ᠵᠡᠷᠭᠡ 4 ᠵᠦᠢᠯ ᠤᠨ | ᠬᠡᠯᠪᠡᠷᠢ ᠪᠠᠷ ᠨᠢᠭᠡᠳᠭᠡᠨ ᠳᠡᠪᠲᠡᠷᠯᠡᠨ᠎ᠡ᠃ ᠡᠷᠦᠬᠡ ᠳᠠᠩᠰᠠ ᠡᠪᠬᠡᠮᠡᠯ ᠢ ︽ᠨᠢᠭᠡ ᠳᠡᠪᠲᠡᠷ ᠨᠢᠭᠡ ᠺᠠᠷᠲ ᠳᠦᠷᠪᠡᠨ | ᠪᠢᠴᠢᠭ ᠬᠤᠶᠠᠷ ᠬᠦᠰᠦᠨᠦᠭᠲᠦ︾ ᠪᠠᠷ ᠡᠮᠬᠢᠯᠡᠨ ᠲᠡᠭᠦᠯᠳᠡᠷᠵᠢᠭᠦᠯᠵᠦ᠂ ᠡᠭᠦᠨ ᠳᠤ ᠲᠦᠷᠦ ᠶᠢᠨ ᠵᠦᠪᠯᠡᠯ ᠤᠨ | ᠶᠠᠳᠠᠭᠤ ᠶᠢ ᠲᠡᠳᠭᠦᠭᠦ ᠭᠠᠷ ᠳᠡᠪᠲᠡᠷ᠂ ᠶᠠᠳᠠᠭᠤ ᠡᠷᠦᠬᠡ ᠶᠢᠨ ᠢᠯᠡ ᠺᠠᠷᠲ ᠪᠠ ᠲᠠᠨᠢᠨ ᠲᠤᠭᠤᠯᠭᠠᠬᠤ ᠪᠢᠴᠢᠭ᠂ | ᠶᠠᠳᠠᠭᠤ ᠠᠴᠠ ᠠᠩᠭᠢᠵᠢᠷᠠᠬᠤ ᠲᠤᠭᠤᠯᠭᠠᠬᠤ ᠪᠢᠴᠢᠭ᠂ ᠠᠶᠤᠯᠭᠦᠢ ᠤᠷᠤᠨ ᠰᠠᠭᠤᠴᠠ ᠶᠢᠨ ᠦᠨᠡᠯᠡᠯᠲᠠ ᠶᠢᠨ ᠪᠢᠴᠢᠭ | ᠂ ᠠᠮᠤᠷ ᠲᠦᠪᠰᠢᠨ ᠤᠰᠤ ᠤᠤᠭᠤᠬᠤ ᠦᠨᠡᠯᠡᠯᠲᠡ ᠶᠢᠨ ᠪᠢᠴᠢᠭ ᠵᠢᠴᠢ ᠶᠠᠳᠠᠭᠤ ᠡᠷᠦᠬᠡ ᠶᠢ ᠬᠢᠨᠠᠨ ᠬᠡᠮᠵᠢᠬᠦ | ᠬᠦᠰᠦᠨᠦᠭᠲᠦ᠂ ᠨᠢᠭᠡ ᠺᠠᠷᠲ ᠪᠠᠷ ᠨᠡᠪᠲᠡᠷᠡᠬᠦ ᠤᠷᠤᠯᠭ᠎ᠠ ᠶᠢᠨ ᠨᠠᠷᠢᠨ ᠵᠢᠭᠰᠠᠭᠠᠯᠲᠠ ᠵᠡᠷᠭᠡ ᠶᠢ ᠪᠠᠭᠲᠠᠭᠠᠨ᠎ᠠ᠃ ᠡᠩ | ᠤᠨ ᠡᠷᠦᠬᠡ ᠳᠠᠩᠰᠠ ᠡᠪᠬᠡᠮᠡᠯ ᠨᠢ ︽ᠨᠢᠭᠡ ᠬᠦᠰᠦᠨᠦᠭᠲᠦ ᠬᠤᠶᠠᠷ ᠪᠢᠴᠢᠭ︾ ᠳᠠᠷᠤᠢ ᠪᠠᠶᠢᠳᠠᠯ ᠢ ᠨᠢ ᠤᠶᠢᠯᠭᠠᠨ | ᠪᠠᠶᠢᠴᠠᠭᠠᠬᠤ ᠴᠢᠮᠡᠭᠡ ᠵᠠᠩᠭᠢ ᠴᠤᠭᠯᠠᠭᠤᠯᠬᠤ ᠬᠦᠰᠦᠨᠦᠭᠲᠦ ᠪᠠ ᠠᠶᠤᠯᠭᠦᠢ ᠤᠷᠤᠨ ᠰᠠᠭᠤᠴᠠ ᠶᠢᠨ ᠦᠨᠡᠯᠡᠯᠲᠠ ᠶᠢᠨ | ᠪᠢᠴᠢᠭ᠂ ᠠᠮᠤᠷ ᠲᠦᠪᠰᠢᠨ ᠤᠰᠤ ᠤᠤᠭᠤᠬᠤ ᠦᠨᠡᠯᠡᠯᠲᠠ ᠶᠢᠨ ᠪᠢᠴᠢᠭ ᠪᠤᠯᠤᠨ᠎ᠠ᠃ ᠤᠨᠴᠠᠭᠠᠢ ᠳᠠᠩᠰᠠ ᠡᠪᠬᠡᠮᠡᠯ | ᠦᠷᠬᠦᠯᠵᠢᠯᠡᠨ ᠰᠤᠷᠪᠤᠯᠵᠢᠯᠠᠨ ᠶᠠᠪᠤᠵᠤ ᠤᠶᠢᠯᠭᠠᠬᠤ ᠪᠠᠷ ᠳᠠᠮᠵᠢᠨ᠂ ᠵᠠᠪᠰᠠᠷ ᠤᠨ ᠡᠷᠦᠬᠡ᠂ ᠬᠦᠨᠳᠦ ᠡᠪᠡᠳᠴᠢᠨ ᠲᠠᠢ | ᠡᠷᠦᠬᠡ᠂ ᠶᠠᠳᠠᠭᠤ ᠠᠴᠠ ᠠᠩᠭᠢᠵᠢᠷᠠᠬᠤ ᠳᠤ ᠲᠦᠷᠦ ᠶᠢᠨ ᠪᠤᠳᠤᠯᠭ᠎ᠠ ᠶᠢ ᠤᠯᠵᠤ ᠬᠦᠷᠲᠡᠬᠦ ᠦᠭᠡᠢ ᠡᠷᠦᠬᠡ ᠵᠡᠷᠭᠡ | ᠤᠨᠴᠠᠭᠠᠢ ᠤᠯᠠᠨ ᠬᠦᠮᠦᠰ ᠢ ᠲᠤᠭᠲᠠᠭᠠᠵᠤ᠂ ᠪᠦᠬᠦᠨ ᠳᠤ ᠨᠢ ᠤᠨᠴᠠᠭᠠᠢ ᠳᠠᠩᠰᠠ ᠡᠪᠬᠡᠮᠡᠯ ᠪᠠᠶᠢᠭᠤᠯᠤᠨ ᠦᠭᠴᠦ᠂ | ᠭᠤᠷᠪᠠᠳᠤᠭᠠᠷ ᠡᠳᠡᠭᠡᠳ ᠤᠨ ᠪᠠᠶᠢᠴᠠᠭᠠᠨ ᠦᠨᠡᠯᠡᠬᠦ ᠳᠤᠭᠤᠶᠢᠯᠠᠩ ᠤᠨ ᠳᠤᠷᠠᠳᠤᠨ ᠭᠠᠷᠭᠠᠭᠰᠠᠨ ︽ᠠᠯᠳᠠᠭ᠎ᠠ ᠲᠠᠢ | ᠦᠨᠡᠯᠡᠬᠦ ᠡᠷᠦᠬᠡ︾ ᠪᠠ ︽ᠪᠤᠷᠤᠭᠤ ᠭᠠᠷᠭᠠᠬᠤ ᠡᠷᠦᠬᠡ︾ ᠶᠢᠨ ᠰᠡᠵᠢᠭᠯᠡᠯᠲᠡᠢ ᠪᠠᠶᠢᠳᠠᠯ ᠳᠤ ᠬᠦᠴᠦᠲᠡᠢ ᠭᠡᠷᠡᠴᠢ | ᠪᠠᠷᠢᠮᠳᠠ ᠶᠢ ᠬᠠᠩᠭᠠᠨ ᠦᠭᠭᠦᠨ᠎ᠡ᠃ | ᠠᠵᠦ ᠦᠢᠯᠡᠰ ᠢ ᠬᠦᠭᠵᠢᠭᠦᠯᠵᠦ ᠶᠠᠳᠠᠭᠤ ᠠᠴᠠ ᠠᠩᠭᠢᠵᠢᠷᠠᠬᠤ ᠶᠢ ᠠᠬᠢᠭᠤᠯᠤᠨ᠎ᠠ᠃ ᠠᠵᠤ ᠦᠢᠯᠡᠰ ᠢᠶᠠᠷ | ᠶᠠᠳᠠᠭᠤ ᠶᠢ ᠲᠡᠳᠭᠦᠬᠦ ᠶᠢ ᠲᠤᠪᠤᠶᠢᠯᠭᠠᠨ ᠠᠳᠬᠤᠵᠤ᠂ ᠤᠨᠳᠤᠤ ᠭᠠᠵᠠᠷ ᠲᠤ ᠨᠡᠭᠦᠯᠭᠡᠭᠰᠡᠨ ᠠᠷᠠᠳ ᠤᠨ ᠬᠤᠶᠢᠰᠢᠲᠠ | ᠶᠢᠨ ᠠᠵᠤ ᠦᠢᠯᠡᠰ ᠪᠠ ᠰᠢᠯᠵᠢᠨ ᠠᠵᠢᠯ ᠤᠯᠭᠤᠬᠤ ᠶᠢ ᠨᠢᠭᠡᠳᠦᠯᠲᠡᠢ ᠰᠠᠶᠢᠲᠤᠷ ᠲᠦᠯᠦᠪᠯᠡᠵᠦ᠂ ᠶᠠᠳᠠᠭᠤ | ᠬᠦᠴᠢᠷᠳᠡᠯ ᠲᠠᠢ ᠨᠡᠭᠦᠯᠭᠡᠭᠰᠡᠨ ᠭᠡᠷ ᠪᠦᠯᠢ ᠶᠢᠨ ᠬᠦᠳᠡᠯᠮᠦᠷᠢ ᠶᠢᠨ ᠬᠦᠴᠦ ᠠᠳᠠᠭ ᠳᠠᠭᠠᠨ ᠨᠢᠭᠡ ᠶᠢ ᠨᠢ ᠲᠤᠭᠲᠠᠭᠤᠨ | ᠠᠵᠢᠯ ᠤᠯᠭᠤᠬᠤ ᠶᠢ ᠪᠠᠲᠤᠯᠠᠨ᠎ᠠ᠃ ᠬᠦᠳᠡᠭᠡ ᠲᠤᠰᠬᠤᠨ ᠤ ︽ᠭᠤᠷᠪᠠᠨ ᠬᠤᠪᠢᠷᠠᠯᠲᠠ ᠦᠭᠡᠷᠡᠴᠢᠯᠡᠯᠲᠠ︾ ᠶᠢ | ᠢᠳᠡᠪᠬᠢ ᠰᠢᠨᠵᠢᠯᠡᠵᠦ᠂ ᠠᠵᠤ ᠠᠬᠤᠶᠢᠯᠠᠯ ᠤᠨ ᠡᠷᠬᠢᠨ ᠬᠠᠪᠰᠤᠷᠬᠤ ᠬᠡᠯᠪᠡᠷᠢ᠂ ᠬᠦᠷᠦᠩᠭᠡ ᠶᠢ ᠡᠷᠬᠢᠯᠲᠡ ᠳᠤ | ᠤᠷᠤᠭᠤᠯᠬᠤ ᠬᠡᠯᠪᠡᠷᠢ᠂ ᠰᠢᠶᠠᠩ ᠬᠦᠳᠡᠭᠡ ᠶᠢᠨ ᠵᠢᠭᠤᠯᠠᠴᠢᠯᠠᠯ ᠤᠨ ᠬᠡᠯᠪᠡᠷᠢ ᠵᠡᠷᠭᠡ ᠪᠠᠷ ᠳᠠᠮᠵᠢᠨ ᠬᠦᠳᠡᠭᠡ ᠶᠢᠨ | ᠲᠦᠪᠯᠡᠷᠡᠩᠭᠦᠢ ᠠᠵᠦ ᠠᠬᠤᠢ ᠶᠢ ᠪᠤᠵᠠᠭᠠᠶᠢᠷᠠᠭᠤᠯᠬᠤ ᠶᠢ ᠵᠤᠷᠢᠭᠵᠢᠭᠤᠯᠵᠤ᠂ ᠪᠦᠬᠦ ᠭᠠᠴᠠᠭᠠᠨ ᠤ ᠢᠷᠭᠡᠳ ᠤᠨ | ᠵᠦᠪᠯᠡᠯ ᠤᠨ ᠲᠦᠪᠯᠡᠷᠡᠩᠭᠦᠢ ᠠᠵᠤ ᠠᠬᠤᠢ ᠶᠢᠨ ᠤᠷᠤᠯᠭ᠎ᠠ5 ᠲᠦᠮᠡᠨ ᠲᠦᠭᠦᠷᠢᠭ ᠠᠴᠠ ᠬᠡᠲᠦᠷᠡᠬᠦ ᠶᠢ ᠪᠠᠲᠤᠯᠠᠨ᠎ᠠ᠃ | ᠲᠡᠷᠢᠭᠦᠯᠡᠭᠰᠡᠨ ᠰᠢᠯᠢᠳᠡᠭ ᠴᠢᠨᠠᠷ ᠲᠠᠢ ᠪᠦᠲᠦᠭᠡᠭᠳᠡᠬᠦᠨ᠂ ᠤᠨᠴᠠᠯᠢᠭ ᠪᠦᠬᠦᠢ ᠠᠵᠤ ᠦᠢᠯᠡᠰ ᠪᠠ ᠶᠡᠭᠡ ᠬᠡᠮᠵᠢᠶᠠᠨ | ᠤ ᠲᠠᠷᠢᠵᠤ ᠲᠡᠵᠢᠭᠡᠬᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠲᠤᠭᠤᠷᠢᠨ ᠳᠤ᠂ ᠪᠠᠶᠢᠳᠠᠯ ᠳᠤᠨᠢ | ᠲᠤᠬᠢᠷᠠᠭᠤᠯᠤᠨ ᠴᠢᠳᠠᠮᠠᠭᠠᠢ ᠪᠠᠷ ᠬᠦᠴᠦ ᠭᠠᠷᠭᠠᠨ᠂ ᠵᠦᠪ ᠵᠠᠯᠠᠵᠤ ᠵᠢᠯᠤᠭᠤᠳᠴᠤ᠂ ᠴᠢᠨᠠᠭᠰᠢᠳᠠ ᠭᠠᠵᠠᠷ ᠤᠷᠤᠨ ᠤ | ᠪᠠᠶᠢᠳᠠᠯ ᠳᠤ ᠨᠢ ᠲᠤᠬᠢᠷᠠᠭᠤᠯᠤᠨ᠂ ᠤᠨᠤᠪᠴᠢᠲᠠᠢ ᠡᠷᠢᠨ ᠵᠦᠪ ᠡᠷᠢᠨ᠂ ᠡᠯ᠎ᠡ ᠰᠢᠶᠠᠩ ᠪᠠᠯᠭᠠᠰᠤᠨ ᠤ ᠡᠯ᠎ᠡ | ᠲᠤᠰᠬᠤᠨ ᠵᠤᠬᠢᠶᠠᠨ ᠪᠠᠶᠢᠭᠤᠯᠤᠯᠲᠠ ᠶᠢᠨ ᠭᠤᠤᠯ ᠵᠢᠯᠤᠭᠤᠳᠬᠤ ᠤᠨᠴᠠᠯᠢᠭ ᠪᠦᠬᠦᠢ ᠠᠵᠦ ᠦᠢᠯᠡᠰ ᠢ ᠡᠮᠬᠢᠳᠭᠡᠨ | ᠲᠡᠭᠦᠯᠳᠡᠷᠵᠢᠭᠦᠯᠵᠦ᠂ ᠭᠤᠷᠪᠠᠳᠤᠭᠠᠷ ᠡᠳᠡᠭᠡᠳ ᠤᠨ ᠦᠨᠡᠯᠡᠨ ᠪᠠᠶᠢᠴᠠᠭᠠᠵᠤ ᠰᠢᠯᠭᠠᠨ ᠠᠪᠬᠤ ᠳᠤ ᠰᠠᠶᠢᠲᠤᠷ ᠰᠠᠭᠤᠷᠢ | ᠶᠢ ᠪᠤᠢ ᠪᠤᠯᠭᠠᠨ᠎ᠠ᠃ ᠠᠵᠤ ᠦᠢᠯᠡᠰ ᠤᠨ ᠶᠠᠳᠠᠭᠤ ᠠᠴᠠ ᠠᠩᠵᠢᠷᠠᠬᠤ ᠪᠤᠭᠤᠮᠲᠠ ᠰᠢᠪᠲᠤᠯᠬᠤ ᠤᠷᠲᠤ | ᠬᠤᠭᠤᠴᠠᠭᠠᠨ ᠤ ᠳᠠᠭᠠᠭᠤᠯᠬᠤ ᠦᠢᠯᠡᠳᠦᠯ ᠢ ᠦᠨᠡᠨ ᠪᠤᠳᠠᠳᠠᠢ ᠪᠠᠷ ᠪᠠᠳᠠᠷᠠᠭᠤᠯᠵᠤ᠂ ︽ᠵᠢᠷᠭᠤᠭᠠᠨ ᠨᠢᠭᠡ︾ | ᠪᠤᠬᠢᠷᠳᠤᠯ ᠦᠭᠡᠢ ᠲᠠᠷᠢᠶᠠᠯᠠᠩ ᠤᠨ ᠨᠡᠷᠡᠳᠤ ᠲᠤᠯᠤᠭᠠᠶᠢᠯᠠᠭᠴᠢ ᠠᠵᠤ ᠠᠬᠤᠶᠢᠯᠠᠯ ᠪᠠ ᠲᠤᠰᠬᠠᠢ ᠬᠤᠷᠰᠢᠶᠠᠵᠢᠯ ᠳᠤ | ᠲᠦᠰᠢᠭᠯᠡᠨ᠂ ︽ᠲᠤᠪᠶ᠋ᠢᠭ ᠮᠠᠶ᠋ᠢᠭ︾᠂ ︽ᠬᠦᠷᠦᠩᠭᠡ ᠶᠢᠨ ᠠᠰᠢᠭ ᠬᠤᠨᠵᠢᠪᠤᠷᠢ︾᠂ ︽ᠵᠠᠩᠭᠢᠯᠠᠭ᠎ᠠ ᠮᠠᠶ᠋ᠢᠭ︾᠂ | ︽ᠳᠠᠭᠠᠳᠬᠠᠯ ᠢᠶᠠᠷ ᠬᠠᠪᠰᠤᠷᠤᠨ ᠲᠦᠯᠬᠢᠬᠦ ᠮᠠᠶ᠋ᠢᠭ︾ ᠪᠠ ︽ᠬᠡᠷᠡᠭᠯᠡᠭᠡ ᠶᠢᠨ ᠮᠠᠶ᠋ᠢᠭ︾ ᠶᠢᠨ ᠳᠡᠮᠵᠢᠯᠭᠡ ᠶᠢ | ᠶᠡᠬᠡᠲᠡ ᠬᠦᠭᠵᠢᠭᠦᠯᠵᠦ᠂ ︽ᠲᠤᠯᠤᠭᠠᠶᠢᠯᠠᠭᠴᠢ ᠠᠵᠤ ᠠᠬᠤᠶᠢᠯᠠᠯ ︵ᠬᠤᠷᠰᠢᠶᠠᠵᠢᠯ︶ + ᠶᠠᠳᠠᠭᠤ ᠬᠦᠴᠢᠷᠳᠡᠯ ᠲᠠᠢ | ᠡᠷᠦᠬᠡ︾ ᠶᠢᠨ ᠲᠠᠷᠢᠶᠠᠯᠠᠩ ᠠᠵᠤ ᠠᠬᠤᠶᠢᠯᠠᠯ ᠤᠨ ᠦᠷ᠎ᠡ ᠠᠰᠢᠭ ᠪᠠᠨ ᠨᠢᠭᠲᠠ ᠬᠤᠯᠪᠤᠬᠤ ᠲᠤᠭᠲᠠᠯᠴᠠᠭ᠎ᠠ ᠶᠢ | ᠪᠦᠷᠢᠯᠳᠦᠭᠦᠯᠵᠦ᠂ ᠶᠠᠳᠠᠭᠤ ᠶᠢ ᠲᠡᠳᠭᠦᠬᠦ ᠠᠵᠦ ᠦᠢᠯᠡᠰ ᠪᠦᠷᠬᠦᠬᠦ ᠶᠢ ᠪᠡᠶᠡᠯᠡᠭᠦᠯᠦᠨ᠎ᠡ᠃︽ᠲᠤᠪᠶ᠋ᠢᠭ ᠮᠠᠶ᠋ᠢᠭ︾ | ᠤᠨ ᠳᠡᠮᠵᠢᠯᠭᠡ᠂ ᠰᠢᠶᠠᠨ ᠤ ᠬᠤᠷᠢᠶ᠎ᠠ ᠶᠢᠨ ᠲᠦᠭᠦᠷᠦᠮᠵᠢᠳᠦ ᠲᠠᠷᠢᠶᠠᠯᠠᠩ᠂ ᠨᠢᠭᠡ ᠲᠦᠮᠦᠰᠦ ᠬᠤᠶᠠᠷ ᠨᠤᠭᠤᠭ᠎ᠠ᠂ | ᠡᠯᠳᠡᠪ ᠠᠮᠦ ᠡᠯᠳᠡᠪ ᠪᠤᠷᠴᠠᠭ ᠵᠢᠴᠢ ᠮᠠᠯ ᠬᠤᠨᠢ ᠶᠢᠨ ᠲᠡᠵᠢᠭᠡᠪᠦᠷᠢ ᠵᠡᠷᠭᠡ ᠤᠨᠴᠠᠯᠢᠭ ᠪᠦᠬᠦᠢ ᠠᠵᠤ ᠦᠢᠯᠡᠰ ᠢ | ᠲᠤᠪᠤᠶᠢᠯᠭᠠᠵᠤ᠂ ᠶᠠᠳᠠᠭᠤ ᠡᠷᠦᠬᠡ ᠠᠵᠦ ᠦᠢᠯᠡᠰ ᠤᠨ ᠳᠡᠮᠵᠢᠯᠭᠡ ᠶᠢᠨ ᠵᠢᠭᠰᠠᠭᠠᠯᠲᠠ ᠪᠠ ᠳᠡᠮᠵᠢᠯᠭᠡ ᠶᠢᠨ ᠮᠦᠩᠭᠦᠨ | ᠤ ᠵᠤᠭᠤᠰᠤᠨ ᠲᠤᠭ᠎ᠠ ᠶᠢᠨ ᠪᠠᠷᠢᠮᠵᠢᠶ᠎ᠠ ᠪᠠᠷ ᠶᠠᠳᠠᠭᠤ ᠠᠴᠠ ᠠᠩᠭᠢᠵᠢᠷᠠᠬᠤ ᠠᠵᠤ ᠦᠢᠯᠡᠰ ᠤᠨ ᠲᠦᠰᠦᠯ ᠢ | ᠦᠪᠡᠷᠳᠡᠭᠡᠨ ᠰᠤᠩᠭᠤᠨ᠎ᠠ᠃ ᠬᠠᠪᠤᠷ ᠲᠠᠷᠢᠶᠠᠯᠠᠬᠤ ᠪᠠ ᠮᠠᠯ ᠬᠤᠳᠠᠯᠳᠤᠨ ᠠᠪᠬᠤ ᠠᠴᠠ ᠡᠮᠦᠨ᠎ᠡ ᠤᠷᠢᠳᠠᠪᠠᠷ | ᠦᠢᠯᠡᠳᠪᠦᠷᠢᠯᠡᠯ ᠤᠨ ᠪᠡᠯᠡᠳᠭᠡᠯ ᠮᠦᠩᠭᠦ ᠶᠢ ᠲᠠᠯᠪᠢᠨ᠂ ᠪᠠᠷᠢᠮᠵᠢᠶ᠎ᠠ ᠨᠢ ᠬᠦᠳᠡᠯᠮᠦᠷᠢᠯᠡᠬᠦ ᠴᠢᠳᠠᠪᠤᠷᠢ ᠲᠠᠢ ᠪᠦᠭᠡᠳ | ᠲᠠᠷᠢᠵᠦ ᠲᠡᠵᠢᠭᠡᠬᠦ ᠦᠢᠯᠡᠰ ᠢ ᠬᠢᠵᠦ ᠪᠠᠶᠢᠭ᠎ᠠ ᠶᠠᠳᠠᠭᠤ ᠬᠦᠴᠢᠷᠳᠡᠯ ᠲᠠᠢ ᠬᠦᠮᠦᠰ ᠬᠦᠮᠦᠨ ᠪᠤᠯᠭᠠᠨ1500 | ᠲᠦᠭᠦᠷᠢᠭ᠂ ᠮᠠᠯᠵᠢᠯ ᠲᠠᠷᠢᠶᠠᠯᠠᠩ ᠤᠨ ᠦᠢᠯᠡᠳᠪᠦᠷᠢᠯᠡᠯ ᠢ ᠬᠢᠵᠦ ᠪᠠᠶᠢᠭ᠎ᠠ ᠬᠦᠳᠡᠯᠮᠦᠷᠢᠯᠡᠬᠦ ᠴᠢᠳᠠᠪᠤᠷᠢ ᠪᠠᠭᠤᠷᠠᠢ | ᠪᠦᠭᠡᠳ ᠭᠡᠷ ᠪᠦᠯᠢ ᠶᠢᠨ ᠬᠦᠮᠦᠨ ᠨᠢ ᠨᠡᠶᠢᠭᠡᠮ ᠤᠨ ᠪᠠᠲᠤᠯᠠᠪᠤᠷᠢ ᠶᠢ ᠬᠦᠷᠲᠡᠵᠦ ᠪᠠᠶᠢᠭ᠎ᠠ ᠶᠠᠳᠠᠭᠤ ᠡᠷᠦᠬᠡ | ᠪᠦᠷᠢ1500 ᠲᠦᠭᠦᠷᠢᠭ ᠪᠤᠯᠤᠨ᠎ᠠ᠃ ᠲᠦᠰᠦᠯ ᠪᠠᠶᠢᠭᠤᠯᠤᠭᠳᠠᠨ ᠬᠦᠯᠢᠶᠡᠨ ᠠᠪᠤᠭᠰᠠᠨ ᠤ ᠰᠡᠭᠦᠯᠡᠷ᠂ ᠡᠷᠦᠬᠡ | ᠪᠤᠯᠭᠠᠨ ᠤ ᠪᠡᠯᠡᠳᠭᠡᠯ ᠮᠦᠩᠬᠦ ᠶᠢᠨ ᠪᠠᠷᠢᠮᠵᠢᠶ᠎ᠠ ᠶᠢᠨ ᠬᠡᠰᠡᠭ ᠠᠴᠠ10% ᠬᠡᠳᠦᠷᠡᠭᠰᠡᠨ ᠮᠦᠩᠭᠦ ᠶᠢ ᠲᠠᠯᠪᠢᠨ᠎ᠠ᠃ ︽ | ᠬᠦᠷᠦᠩᠭᠡ ᠶᠢᠨ ᠠᠰᠢᠭ ᠬᠤᠨᠵᠢᠪᠤᠷᠢ ᠶᠢᠨ ᠮᠠᠶ᠋ᠢᠭ︾ ᠤᠨ ᠳᠡᠮᠵᠢᠯᠭᠡ᠂ ᠬᠦᠷᠦᠩᠭᠡ ᠶᠢᠨ ᠠᠰᠢᠭ ᠬᠤᠨᠵᠢᠪᠤᠷᠢ ᠶᠢᠨ | ᠲᠦᠷᠦᠯ ᠤᠨ ᠶᠠᠳᠠᠭᠤ ᠶᠢ ᠲᠡᠳᠭᠦᠬᠦ ᠲᠦᠰᠦᠯ ᠤᠨ ᠵᠠᠮ ᠢ ᠢᠳᠡᠪᠬᠢ ᠰᠢᠨᠵᠢᠯᠡᠵᠦ᠂ ᠬᠦᠳᠡᠯᠮᠦᠷᠢᠯᠡᠬᠦ ᠴᠢᠳᠠᠪᠤᠷᠢ | ᠦᠭᠡᠢ ᠪᠠ ᠬᠦᠳᠡᠯᠮᠦᠷᠢᠯᠡᠬᠦ ᠴᠢᠳᠠᠪᠤᠷᠢ ᠲᠠᠢ ᠠᠵᠤ ᠦᠢᠯᠡᠰ ᠤᠨ ᠲᠦᠰᠦᠯ ᠦᠭᠡᠢ ᠶᠠᠳᠠᠭᠤ ᠬᠦᠴᠢᠷᠳᠡᠯ ᠲᠠᠢ | ᠬᠦᠮᠦᠨ ᠤ ᠠᠵᠦ ᠦᠢᠯᠡᠰ ᠬᠦᠭᠵᠢᠭᠦᠯᠬᠦ ᠪᠡᠯᠡ ᠮᠦᠩᠬᠦ ᠶᠢ ᠲᠤᠯᠤᠭᠠᠶᠢᠯᠠᠭᠴᠢ ᠠᠵᠤ ᠦᠢᠯᠡᠰ ᠳᠤ ᠤᠷᠤᠭᠤᠯᠤᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠬᠦᠷᠲᠡᠬᠦ ᠡᠰᠡᠬᠦ ᠶᠢᠨ ᠪᠠᠶᠢᠳᠠᠯ ᠢ ᠦᠨᠳᠦᠰᠦᠯᠡᠨ᠂ ᠬᠦᠮᠦᠨ | ᠳᠤᠮᠳᠠᠴᠢ ᠪᠠᠷ1000 ᠲᠦᠭᠦᠷᠢᠭ ᠪᠤᠶᠤ ᠡᠷᠦᠬᠡ ᠳᠤᠮᠳᠠᠴᠢ ᠪᠠᠷ1000 ᠲᠦᠭᠦᠷᠢᠭ ᠤᠨ ᠬᠦᠷᠦᠩᠭᠡ ᠶᠢᠨ ᠠᠰᠢᠭ | ᠬᠤᠨᠵᠢᠪᠤᠷᠢ ᠶᠢ ᠲᠤᠰ ᠪᠦᠷᠢ ᠬᠦᠷᠲᠡᠨ᠎ᠡ᠃ ︽ᠵᠠᠬᠢᠶᠠᠯᠭ᠎ᠠ ᠮᠠᠶ᠋ᠢᠭ︾ ᠤᠨ ᠳᠡᠮᠵᠢᠯᠭᠡ᠂ ︽ ᠵᠠᠬᠢᠶᠠᠯᠭ᠎ᠠ︾ | ᠲᠠᠷᠢᠶᠠᠯᠠᠩ ᠢ ᠶᠡᠬᠡᠪᠷ ᠬᠦᠭᠵᠢᠭᠦᠯᠵᠦ᠂ ︽ᠤᠷᠢᠳᠠᠪᠠᠷ ᠵᠠᠬᠢᠶᠠᠯᠠᠵᠤ ᠬᠤᠶᠢᠨ᠎ᠠ ᠨᠢ ᠨᠦᠬᠦᠪᠦᠷᠢᠯᠷᠬᠦ︾ ᠵᠠᠷᠴᠢᠮ ᠢᠶᠠᠷ᠂ | ᠶᠠᠳᠠᠭᠤ ᠡᠷᠦᠬᠡ ᠪᠠ ᠲᠠᠷᠢᠶᠠᠯᠠᠩ ᠮᠠᠯᠵᠢᠯ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ᠂ | ᠪᠤᠷᠤᠯᠠᠭᠤᠯᠬᠤ ᠺᠤᠮᠫᠠᠨᠢ᠂ ᠠᠵᠤ ᠠᠬᠤᠢ ᠶᠢᠨ ᠬᠦᠮᠦᠨ᠂ ᠦᠢᠯᠡᠳᠪᠦᠷᠢᠯᠡᠬᠦ᠂ ᠬᠤᠳᠠᠯᠳᠤᠨ ᠠᠪᠬᠤ ᠪᠠ | ᠪᠤᠷᠤᠯᠠᠭᠤᠯᠬᠤ ᠭᠡᠷ᠎ᠡ ᠪᠠᠶᠢᠭᠤᠯᠬᠤ ᠶᠢ ᠵᠤᠷᠢᠭᠵᠢᠭᠤᠯᠵᠤ᠂ ᠵᠠᠬᠢᠶᠠᠯᠭ᠎ᠠ ᠶᠢᠨ ᠲᠤᠭ᠎ᠠ ᠬᠡᠮᠵᠢᠶ᠎ᠠ ᠶᠢ ᠦᠨᠳᠦᠰᠦᠯᠡᠵᠦ᠂ | ᠵᠠᠬᠢᠶᠠᠯᠭ᠎ᠠ ᠶᠢᠨ ᠭᠡᠷ᠎ᠡ ᠲᠠᠢ ᠶᠠᠳᠠᠭᠤ ᠡᠷᠦᠭᠡ ᠳᠤ ᠬᠠᠨᠳᠤᠨ᠂ ᠠᠵᠤ ᠦᠢᠯᠡᠰ ᠤᠨ ᠲᠦᠰᠦᠯ ᠤᠨ ᠳᠡᠮᠵᠢᠯᠭᠡ ᠶᠢᠨ | ᠪᠠᠷᠢᠮᠵᠢᠶ᠎ᠠ ᠪᠠᠷ ᠬᠡᠳᠦᠷᠡᠭᠰᠡᠨ ᠬᠡᠰᠡᠭ ᠤᠨ10% ᠶᠢ ᠳᠠᠬᠢᠨ ᠳᠡᠮᠵᠢᠨ᠎ᠡ᠃ ︽ᠳᠠᠭᠠᠳᠬᠠᠯ ᠤᠨ ᠮᠠᠶ᠋ᠢᠭ︾ ᠤᠨ | ᠳᠡᠮᠵᠢᠯᠭᠡ᠂ ᠲᠤᠯᠤᠭᠠᠶᠢᠯᠠᠭᠴᠢ ᠠᠵᠤ ᠠᠬᠤᠶᠢᠯᠠᠯ ︵ᠬᠤᠷᠰᠢᠶᠠᠵᠢᠯ︶ ᠪᠤᠯᠤᠨ ᠶᠠᠳᠠᠭᠤ ᠡᠷᠦᠬᠡ ᠲᠠᠢ ᠬᠤᠳᠠᠯᠳᠤᠨ | ᠠᠪᠬᠤ ᠪᠠ ᠪᠤᠷᠤᠯᠠᠭᠤᠯᠬᠤ ᠶᠢᠨ ᠵᠠᠬᠢᠶᠠᠯᠭ᠎ᠠ ᠭᠡᠷ᠎ᠡ ᠪᠠᠶᠢᠭᠤᠯᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠦᠨ᠎ᠡ | ᠲᠤᠬᠢᠷᠠᠯᠴᠠᠭᠰᠠᠨ ᠬᠠᠷᠠᠯᠲᠠ ᠶᠢᠨ ᠦᠨ᠎ᠡ ᠠᠴᠠ ᠳᠤᠤᠷ᠎ᠠ ᠦᠶᠡᠰ᠂ ᠳᠠᠭᠠᠳᠬᠠᠯ ᠤᠨ ᠺᠤᠮᠫᠠᠨᠢ ᠠᠴᠠ ᠶᠠᠳᠠᠭᠤ ᠡᠷᠦᠬᠡ | ᠳᠤ ᠦᠨ᠎ᠡ ᠶᠢᠨ ᠳᠤᠤᠷ᠎ᠠ ᠦᠶᠡᠰ᠂ ᠳᠠᠭᠠᠳᠬᠠᠯ ᠤᠨ ᠺᠤᠮᠫᠠᠨᠢ ᠠᠴᠠ ᠶᠠᠳᠠᠭᠤ ᠡᠷᠦᠬᠡ ᠳᠤ ᠦᠨ᠎ᠡ ᠶᠢᠨ ᠳᠠᠭᠠᠳᠬᠠᠯ | ᠤᠨ ᠲᠦᠯᠦᠪᠦᠷᠢ ᠦᠭᠭᠦᠨ᠎ᠡ᠃ ︽ᠬᠡᠷᠡᠭᠯᠡᠭᠡ ᠶᠢᠨ ᠮᠠᠶ᠋ᠢᠭ︾ ᠤᠨ ᠳᠡᠮᠵᠢᠯᠭᠡ᠂ ᠵᠠᠰᠠᠭ ᠤᠨ ᠤᠷᠳᠤᠨ ᠬᠦᠳᠦᠯᠦᠨ | ᠳᠠᠭᠠᠭᠤᠯᠵᠤ᠂ ᠨᠡᠶᠢᠭᠡᠮ ᠤᠷᠤᠯᠴᠠᠵᠤ᠂ ᠵᠠᠬ᠎ᠠ ᠳᠡᠯᠭᠡᠭᠦᠷ ᠠᠵᠢᠯᠯᠠᠵᠤ᠂ ᠲᠤᠭᠲᠠᠯᠴᠠᠭ᠎ᠠ ᠶᠢ ᠰᠢᠨ᠎ᠡ ᠪᠠᠷ ᠡᠭᠦᠳᠬᠦ ᠶᠢ | ᠪᠠᠷᠢᠮᠳᠠᠯᠠᠵᠤ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠵᠡᠷᠭᠡ ᠭᠤᠭᠴᠤᠭᠠᠨ ᠲᠤ ᠬᠡᠷᠡᠭᠯᠡᠭᠡ ᠪᠠᠷ ᠶᠠᠳᠠᠭᠤ ᠶᠢ | ᠲᠡᠳᠭᠦᠭᠦ ᠶᠢ ᠬᠢᠵᠠᠭᠠᠷᠯᠠᠵᠤ ᠪᠠᠶᠢᠭ᠎ᠠ ᠭᠠᠰᠢᠭᠤᠳᠠᠯ ᠬᠦᠴᠢᠷᠳᠡᠯ᠂ ᠲᠦᠭᠵᠢᠷᠡᠯ ᠢ ᠨᠡᠪᠲᠡᠷᠡᠭᠦᠯᠦᠨ᠎ᠡ᠃ ᠪᠡᠭᠡᠵᠢᠩ | ᠬᠢᠭᠡᠳ ᠦᠪᠦᠷ ᠮᠤᠩᠭᠤᠯ ᠬᠠᠮᠲᠤᠷᠠᠨ ᠠᠵᠢᠯᠯᠠᠬᠤ ᠲᠠᠢ ᠤᠶᠠᠯᠳᠤᠭᠤᠯᠤᠨ᠂ ᠪᠤᠷᠤᠯᠠᠭᠤᠯᠬᠤ ᠵᠠᠮ ᠪᠠᠨ ᠬᠦᠴᠦ | ᠲᠠᠯᠪᠢᠨ ᠦᠷᠭᠡᠳᠭᠡᠨ ᠨᠡᠭᠡᠭᠡᠵᠦ᠂ ᠮᠠᠨ ᠤ ᠰᠢᠶᠠᠨ ᠤ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠬᠦᠨ ᠪᠡᠭᠡᠵᠢᠩ᠂ ᠲᠢᠶᠠᠨᠵᠢᠨ᠂ ᠡᠾᠧᠪᠸᠢ ᠴᠢᠨᠠᠭᠰᠢᠯᠠᠨ ᠪᠦᠬᠦ ᠤᠯᠤᠰ ᠤᠨ ᠶᠡᠭᠡ ᠵᠠᠬ᠎ᠠ ᠳᠡᠯᠭᠡᠭᠦᠷ ᠳᠤ | ᠤᠷᠤᠬᠤ ᠶᠢ ᠢᠳᠡᠪᠬᠢ ᠲᠦᠯᠬᠢᠨ ᠠᠬᠢᠭᠤᠯᠤᠨ᠎ᠠ᠃ ᠰᠢᠶᠠᠨ ᠤ ᠳᠤᠲᠤᠷ᠎ᠠ ᠭᠠᠳᠠᠷ ᠶᠢᠨ ᠵᠠᠰᠠᠭ ᠵᠠᠬᠢᠷᠭᠠᠨ ᠤ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠᠶᠢᠭᠤᠯᠭ᠎ᠠ ᠶᠢᠨ ᠬᠡᠷᠡᠭᠯᠡᠭᠡ ᠪᠠᠷ ᠶᠠᠳᠠᠭᠤ ᠶᠢ | ᠲᠡᠳᠭᠦᠭᠦ ᠳᠤ ᠤᠷᠤᠯᠴᠠᠬᠤ ᠢᠳᠡᠪᠬᠢ ᠴᠢᠨᠠᠷ ᠢ ᠨᠢ ᠬᠦᠲᠦᠯᠦᠨ ᠳᠠᠭᠠᠭᠤᠯᠤᠨ ᠰᠡᠷᠢᠭᠡᠵᠦ᠂ ᠮᠠᠨ ᠤ ᠰᠢᠶᠠᠨ ᠤ | ᠶᠠᠳᠠᠭᠤ ᠬᠦᠴᠢᠷᠳᠡᠯ ᠲᠠᠢ ᠠᠷᠠᠳ ᠤᠯᠠᠨ ᠤ ᠦᠢᠯᠡᠳᠪᠦᠷᠢᠯᠡᠯ ᠦᠢᠯᠡᠴᠢᠯᠡᠭᠡ ᠶᠢᠨ ᠬᠦᠳᠡᠯᠭᠡᠭᠡᠨ ᠳᠤ ᠭᠦᠨᠵᠡᠭᠡᠢ | ᠤᠷᠤᠯᠴᠠᠵᠤ᠂ ᠬᠡᠷᠡᠭᠯᠡᠭᠡ ᠪᠠᠷ ᠶᠠᠳᠠᠭᠤ ᠶᠢ ᠲᠡᠳᠭᠦᠭᠦ ᠪᠠᠷ ᠳᠠᠮᠵᠢᠨ ᠶᠠᠳᠠᠭᠤ ᠠᠴᠠ ᠠᠩᠭᠢᠵᠢᠷᠠᠵᠤ ᠪᠤᠭᠤᠮᠳᠠ | ᠰᠢᠪᠲᠤᠯᠬᠤ ᠳᠠᠶᠢᠯᠠᠯᠳᠤᠭᠠᠨ ᠤ ᠢᠯᠡᠯᠲᠠ ᠤᠯᠬᠤ ᠳᠤ ᠲᠤᠰᠠ ᠨᠡᠮᠡᠨ᠎ᠠ᠃ ᠨᠡᠶᠢᠭᠡᠮ ᠤᠨ ᠬᠦᠴᠦ ᠶᠢ ᠳᠠᠶᠢᠴᠢᠯᠠᠵᠤ | ᠶᠠᠳᠠᠭᠤ ᠠᠴᠠ ᠠᠩᠭᠢᠵᠢᠷᠠᠬᠤ ᠶᠢ ᠳᠠᠭᠠᠭᠤᠯᠤᠨ᠎ᠠ᠃ ᠪᠡᠭᠡᠵᠢᠩ ᠤᠨ ᠫᠢᠩ ᠫᠥ᠋ ᠲᠤᠭᠤᠷᠢᠭ ᠶᠢᠨ ᠪᠡᠭᠡᠵᠢᠩ ᠬᠢᠭᠡᠳ | ᠦᠪᠦᠷ ᠮᠤᠩᠭᠤᠯ ᠤᠨ ᠶᠠᠳᠠᠭᠤ ᠶᠢ ᠲᠡᠳᠭᠦᠵᠦ ᠬᠠᠮᠲᠤᠷᠠᠨ ᠠᠵᠢᠯᠯᠠᠬᠤ ᠶᠢ ᠭᠦᠨᠵᠡᠭᠡᠢ ᠲᠦᠯᠬᠢᠨ ᠠᠬᠢᠭᠤᠯᠵᠤ᠂ | ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠡᠭᠡᠵᠢᠩ ᠬᠢᠭᠡᠳ ᠦᠪᠦᠷ ᠮᠤᠩᠭᠤᠯ ᠤᠨ ᠬᠠᠮᠳᠤᠷᠠᠨ ᠠᠵᠢᠯᠯᠠᠬᠤ | ᠲᠦᠰᠦᠯ ᠢ ᠡᠷᠲᠡ ᠰᠢᠭ ᠪᠡᠶᠡᠯᠡᠭᠦᠯᠦᠨ᠎ᠡ᠃ | ᠤᠯᠤᠰ ᠤᠨ ᠠᠵᠤ ᠦᠢᠯᠡᠳᠪᠦᠷᠢ ᠰᠤᠷᠠᠭ ᠵᠠᠩᠭᠢᠵᠢᠴᠢᠯᠠᠯᠲᠠ ᠶᠢᠨ ᠶᠠᠮᠤᠨ᠂ ᠳᠤᠮᠳᠠᠳᠤ ᠤᠯᠤᠰ ᠤᠨ | ᠨᠡᠶᠢᠳᠡᠮ ᠬᠡᠷᠡᠭᠯᠡᠭᠡᠨ ᠤ ᠮᠷᠡᠭᠡᠵᠢᠯ ᠤᠨ ᠪᠦᠯᠦᠭᠯᠡᠯ ᠪᠠ24 ᠤᠷᠤᠨ ᠬᠤᠲᠠ ᠶᠢᠨ ᠬᠠᠪᠰᠤᠷᠤᠨ ᠲᠡᠳᠭᠦᠬᠦ ᠨᠢᠭᠡᠴᠢ | ᠪᠠᠶᠢᠭᠤᠯᠭ᠎ᠠ ᠶᠢᠨ ᠵᠤᠯᠭᠠᠭᠤᠯᠤᠨ ᠬᠠᠪᠰᠤᠷᠤᠨ ᠲᠡᠳᠭᠦᠬᠦ ᠶᠢ ᠴᠢᠩᠭᠠᠳᠭᠠᠵᠤ᠂ ᠮᠤᠵᠢ ᠶᠢᠨ ᠳᠡᠰ ᠤᠨ ᠳᠠᠷᠤᠭ᠎ᠠ ᠶᠢᠨ | ᠲᠠᠭᠠᠭᠠᠨ ᠠᠪᠤᠭᠰᠠᠨ ᠳᠤᠬᠢᠶᠠᠯ ᠢ ᠴᠢᠩᠭ᠎ᠠ ᠠᠳᠬᠤᠵᠤ᠂ ᠲᠤᠭᠳᠠᠭᠠᠭᠰᠠᠨ ᠠᠷᠠᠳ ᠤᠨ ᠠᠮᠢᠳᠤᠷᠠᠯ ᠤᠨ ᠲᠦᠰᠦᠯ | ᠬᠤᠷᠳᠤᠨ ᠰᠢᠭ ᠨᠠᠶᠢᠳᠠᠪᠤᠷᠢᠵᠢᠨ ᠬᠡᠷᠡᠭᠵᠢᠭᠦᠯᠬᠦ ᠶᠢ ᠠᠬᠢᠭᠤᠯᠤᠨ᠎ᠠ᠃ ︽ᠲᠦᠮᠡᠨ ᠠᠵᠤ ᠠᠬᠤᠶᠢᠯᠠᠯ ᠲᠦᠮᠡᠨ | ᠲᠤᠰᠬᠤᠨ ᠢ ᠬᠠᠪᠰᠤᠷᠬᠤ︾ ᠬᠦᠳᠡᠯᠭᠡᠭᠡᠨ ᠢ ᠢᠳᠡᠪᠬᠢ ᠦᠷᠨᠢᠭᠦᠯᠵᠦ᠂ 91 ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ︽ᠨᠢᠭᠡ ᠠᠵᠤ ᠠᠬᠤᠶᠢᠯᠠᠯ ᠨᠢᠭᠡ ᠲᠤᠰᠬᠤᠨ ᠢ ᠬᠠᠪᠰᠤᠷᠬᠤ᠂ ᠨᠢᠭᠡ ᠠᠵᠤ ᠠᠬᠤᠶᠢᠯᠠᠯ ᠤᠯᠠᠨ | ᠲᠤᠰᠬᠤᠨ ᠢ ᠬᠠᠪᠰᠤᠷᠬᠤ︾ ᠬᠤᠤᠰᠯᠠᠨ ᠬᠠᠪᠰᠤᠷᠤᠨ ᠳᠡᠮᠵᠢᠬᠦ ᠬᠦᠳᠡᠯᠭᠡᠭᠡᠨ ᠢ ᠲᠦᠯᠬᠢᠨ ᠠᠬᠢᠭᠤᠯᠵᠤ᠂ ᠳᠤᠮᠳᠠᠳᠤ | ᠤᠯᠤᠰ ᠤᠨ ᠹᠠᠨ ᠬᠠᠢ ᠪᠦᠯᠦᠭᠯᠡᠯ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠠᠬᠢᠭᠤᠯᠤᠯᠲᠠ ᠶᠢᠨ | ᠨᠡᠶᠢᠭᠡᠮᠯᠢᠭ ᠪᠠ ᠵᠠᠯᠠᠭᠤᠴᠤᠳ ᠤᠨ ᠰᠠᠭᠤᠷᠢ ᠨᠡᠶᠢᠭᠡᠮᠯᠢᠭ᠂ ᠱᠦᠢ ᠰᠢᠤᠸᠠᠨ ᠰᠠᠶᠢᠨ ᠳᠤᠷᠠᠴᠤᠳ ᠤᠨ ᠨᠡᠶᠢᠭᠡᠮᠯᠢᠭ | ᠵᠡᠷᠭᠡ ᠨᠡᠶᠢᠭᠡᠮ ᠤᠨ ᠪᠦᠯᠬᠦᠮ ᠤᠨ ᠬᠠᠨᠳᠢᠪ ᠡᠷᠭᠦᠵᠦ ᠶᠠᠳᠠᠭᠤ ᠶᠢ ᠲᠡᠳᠭᠦᠬᠦ ᠶᠢ ᠵᠤᠬᠢᠶᠠᠨ ᠪᠠᠶᠢᠭᠤᠯᠤᠨ ᠦᠷᠨᠢᠭᠦᠯᠬᠦ | ᠶᠢ ᠵᠤᠷᠢᠭᠵᠢᠭᠤᠯᠵᠤ᠂ ᠶᠠᠳᠠᠭᠤ ᠠᠴᠠ ᠠᠩᠭᠢᠵᠢᠷᠠᠬᠤ ᠪᠤᠭᠤᠮᠲᠠ ᠰᠢᠪᠳᠤᠯᠬᠤ ︽ᠨᠠᠶᠢᠷᠠᠯ ᠳᠠᠭᠤᠤ︾ ᠶᠢ ᠰᠠᠶᠢᠬᠠᠨ | ᠳᠠᠭᠤᠯᠠᠵᠤ᠂ ᠵᠠᠰᠠᠭ ᠤᠨ ᠤᠷᠳᠤᠨ᠂ ᠠᠵᠤ ᠠᠬᠤᠶᠢᠯᠠᠯ᠂ ᠨᠡᠶᠢᠭᠡᠮ ᠬᠠᠮᠵᠢᠯᠴᠠᠨ ᠠᠬᠢᠭᠤᠯᠤᠭᠰᠠᠨ ᠬᠦᠴᠦ ᠪᠠᠨ | ᠨᠢᠭᠡᠳᠭᠡᠨ ᠬᠠᠮᠲᠤ ᠪᠠᠷ ᠢᠯᠠᠯᠲᠠ ᠤᠯᠬᠤ ᠶᠠᠳᠠᠭᠤ ᠶᠢ ᠲᠡᠳᠭᠦᠬᠦ ᠪᠦᠲᠦᠴᠡ ᠶᠢ ᠪᠠᠶᠢᠭᠤᠯᠤᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠲᠤᠷ | ᠬᠢᠨ᠎ᠡ᠃ ᠰᠠᠶᠢᠨ ᠠᠮᠢ ᠠᠬᠤᠢ ᠶᠢᠨ ᠤᠷᠴᠢᠨ ᠲᠤᠭᠤᠷᠢᠨ ᠪᠤᠯ ᠠᠷᠠᠳ ᠤᠨ ᠠᠮᠢᠳᠤᠷᠠᠯ ᠳᠤ ᠨᠡᠶᠢᠳᠡᠮ ᠬᠦᠷᠳᠡᠭᠡᠭᠰᠡᠨ | ᠵᠤᠯ ᠵᠢᠷᠭᠠᠯ ᠪᠤᠯᠤᠨ᠎ᠠ᠃ ᠪᠤᠬᠢᠷᠳᠤᠯ ᠦᠭᠡᠢ ᠬᠦᠭᠵᠢᠯᠲᠠ ᠶᠢᠨ ᠤᠶᠢᠯᠭᠠᠭᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠦ | ᠂ ᠤᠷᠴᠢᠨ ᠲᠤᠭᠤᠷᠢᠨ ᠤ ︽ᠪᠤᠬᠢᠷᠳᠤᠯ ᠦᠭᠡᠢ ᠬᠡᠮᠵᠢᠶ᠎ᠠ︾ ᠶᠢ ᠨᠡᠮᠡᠭᠳᠡᠭᠦᠯᠵᠦ᠂ ᠬᠦᠭᠵᠢᠯᠲᠠ ᠶᠢᠨ ︽ᠮᠦᠩᠭᠦ | ᠠᠭᠤᠯᠤᠭᠳᠠᠬᠤ ᠬᠡᠮᠵᠢᠶ᠎ᠡ︾ ᠶᠢ ᠳᠡᠭᠡᠭᠰᠢᠯᠡᠭᠦᠯᠦᠨ᠎ᠡ᠃ ᠠᠷᠠᠳ ᠤᠯᠠᠨ ᠤ ᠳᠡᠷᠭᠡᠳᠡᠬᠢ ᠠᠮᠢ ᠠᠬᠤᠢ ᠶᠢᠨ ᠤᠷᠴᠢᠨ | ᠲᠤᠭᠤᠷᠢᠨ ᠤ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠰᠢᠪᠲᠤᠯᠤᠨ᠎ᠠ᠃ ᠪᠠᠬᠢᠯᠡᠯᠲᠡ ᠶᠢᠨ ᠭᠠᠵᠠᠷ ᠪᠠᠨ ᠪᠠᠲᠤ | ᠰᠠᠬᠢᠵᠤ᠂ ᠦᠷ᠎ᠡ ᠪᠦᠲᠦᠮᠵᠢ ᠪᠠᠨ ᠪᠠᠲᠤᠬᠠᠨ ᠪᠠᠬᠢᠵᠢᠭᠦᠯᠵᠦ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ | ᠠᠮᠢ ᠠᠬᠤᠢ ᠶᠢᠨ ᠵᠠᠰᠠᠯᠲᠠ ᠶᠢ ᠨᠢᠭᠡᠳᠦᠯᠲᠠᠢ ᠲᠦᠯᠦᠪᠯᠡᠨ ᠠᠬᠢᠭᠤᠯᠵᠤ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ ᠴᠢᠬᠤᠯᠠ ᠰᠠᠶᠢᠵᠢᠷᠠᠭᠤᠯᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠨ᠎ᠠ᠃ ᠬᠦᠬᠡ ᠲᠡᠭᠷᠢ | ᠪᠠᠨ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠢᠭᠤᠷᠬᠠᠢ ᠬᠢᠵᠦ᠂ ᠢᠯᠠᠯᠲᠠ ᠤᠯᠤᠨ᠂ ᠡᠾᠧᠩ ᠡᠾᠦ᠋ᠢ ᠢᠯᠴᠢ | ᠴᠠᠬᠢᠯᠭᠠᠨ ᠤ ᠲᠦᠰᠦᠯ ᠤᠨ ᠬᠤᠭᠤᠯᠠᠢ ᠶᠢᠨ ᠲᠤᠤᠷ ᠢ ᠰᠤᠩᠭᠠᠬᠤ ᠪᠠ ᠪᠠᠭ᠎ᠠ ᠬᠡᠯᠪᠡᠷᠢ ᠶᠢᠨ ᠢᠯᠴᠢ ᠬᠠᠩᠭᠠᠬᠤ | ᠺᠤᠮᠫᠠᠨᠢ ᠶᠢ ᠢᠯᠴᠢ ᠰᠤᠯᠢᠬᠤ ᠦᠷᠲᠡᠭᠡ ᠪᠤᠯᠭᠠᠨ ᠦᠭᠡᠷᠡᠴᠢᠯᠡᠨ ᠪᠠᠶᠢᠭᠤᠯᠵᠤ ᠠᠵᠢᠯᠯᠠᠭᠤᠯᠬᠤ ᠶᠢ ᠯᠠᠪᠳᠠᠭᠤᠨ | ᠪᠠᠲᠤᠲᠠᠢ ᠪᠠᠷ ᠲᠦᠯᠬᠢᠨ ᠠᠬᠢᠭᠤᠯᠵᠤ᠂ ᠬᠠᠭᠤᠴᠢᠨ ᠲᠤᠭᠤᠷᠢᠭ ᠤᠨ ᠳᠦᠭᠦᠮ ᠪᠦᠲᠦᠴᠡᠳᠦ ᠤᠷᠤᠨ ᠰᠠᠭᠤᠴᠠ ᠶᠢ | ᠦᠭᠡᠷᠡᠴᠢᠯᠡᠨ ᠪᠠᠶᠢᠭᠤᠯᠬᠤ ᠪᠠ ︽ᠨᠡᠭᠦᠷᠡᠰᠦ ᠶᠢ ᠬᠡᠢ ᠪᠤᠯᠭᠠᠨ ᠦᠭᠡᠷᠡᠴᠢᠯᠡᠬᠦ︾ ᠢᠨᠵᠧᠨᠧᠷᠢᠭ ᠶᠢ ᠬᠡᠷᠡᠭᠵᠢᠭᠦᠯᠵᠦ᠂ | ᠬᠤᠲᠠ ᠲᠤᠭᠤᠷᠢᠭ ᠤᠨ10 ᠳᠤᠨ ᠨᠠᠭᠤᠷ ᠪᠤᠶᠤ ᠳᠤᠷᠤᠭᠰᠢ ᠨᠡᠭᠦᠷᠡᠰᠦ ᠰᠢᠲᠠᠭᠠᠬᠤ ᠪᠤᠬᠢᠷᠳᠤᠯ ᠢ ᠪᠦᠲᠦᠮᠵᠢᠲᠡᠢ | ᠪᠠᠭᠠᠰᠭᠠᠨᠠ᠃ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠦᠳᠡᠯᠭᠡᠭᠡᠨ ᠤ ᠲᠦᠯᠦᠪᠯᠡᠯᠭᠡ ᠶᠢ ᠭᠦᠨᠵᠡᠭᠡᠢ | ᠬᠡᠷᠡᠭᠵᠢᠭᠦᠯᠵᠦ᠂ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ ᠲᠠᠲᠠᠭᠰᠠᠨ ᠭᠠᠵᠠᠷ ᠢ ᠨᠢᠭᠡᠳᠭᠡᠨ ᠵᠠᠰᠠᠬᠤ ᠶᠢ | ᠴᠢᠬᠤᠯᠠᠴᠢᠯᠠᠨ ᠲᠦᠯᠬᠢᠨ ᠠᠬᠢᠭᠤᠯᠵᠤ᠂ ᠬᠠᠪᠤᠷ ᠲᠠᠷᠢᠶᠠᠯᠠᠬᠤ ᠠᠴᠠ ᠡᠮᠦᠨ᠎ᠡ ᠤᠳᠤ ᠶᠢᠨ ᠪᠠᠶᠢᠭ᠎ᠠ263 ᠰᠦᠷᠴᠢᠨ | ᠤᠰᠤᠯᠠᠬᠤ ᠴᠠᠭᠠᠷᠢᠭ ᠢ ᠪᠦᠬᠦᠨ ᠢᠶᠠᠷ ᠨᠢ ᠦᠭᠡᠶᠢᠰᠭᠡᠵᠦ᠂8 ᠲᠦᠮᠡᠨ ᠮᠦ ᠦᠨᠳᠦᠷ ᠪᠦᠲᠦᠮᠵᠢᠲᠡᠢ ᠤᠰᠤ | ᠠᠷᠪᠢᠯᠠᠬᠤ ᠤᠰᠤᠵᠢᠭᠤᠯᠬᠤ ᠲᠠᠯᠠᠪᠠᠢ ᠶᠢ ᠦᠭᠡᠷᠡᠴᠢᠯᠡᠨ ᠪᠠᠶᠢᠭᠤᠯᠵᠤ᠂ ᠵᠢᠯ ᠤᠨ ᠳᠠᠷᠤᠯᠲᠠ ᠪᠠᠭᠠᠰᠬᠤ ᠡᠭᠦᠷᠬᠡ ᠶᠢ | ᠪᠠᠶᠡᠯᠡᠭᠦᠯᠬᠦ ᠶᠢ ᠪᠠᠲᠤᠯᠠᠨ᠎ᠠ᠃ ᠴᠢ ᠲᠠᠢ ᠪᠠᠯᠭᠠᠰᠤ ᠶᠢᠨ ᠪᠤᠬᠢᠷᠳᠤᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢ | ᠦᠷᠭᠡᠳᠭᠡᠨ ᠪᠠᠶᠢᠭᠤᠯᠬᠤ ᠢᠨᠵᠧᠨᠧᠷᠢᠭ ᠶᠢ ᠲᠦᠷᠭᠡᠨ ᠬᠡᠷᠡᠭᠵᠢᠭᠦᠯᠵᠦ᠂ ᠬᠤᠲᠠ ᠲᠤᠭᠤᠷᠢᠭ ᠤᠨ ᠪᠤᠬᠢᠷᠳᠤᠯ ᠤᠰᠤ | ᠶᠢ ᠴᠤᠭᠯᠠᠷᠠᠭᠤᠯᠬᠤ ᠪᠠ ᠳᠤᠮᠳᠠ ᠤᠰᠤ ᠶᠢ ᠳᠠᠬᠢᠨ ᠬᠡᠷᠡᠭᠯᠡᠬᠦ ᠬᠤᠭᠤᠯᠠᠢ ᠶᠢᠨ ᠲᠤᠤᠷ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠳᠤᠮᠳᠠ ᠤᠰᠤ ᠶᠢ ᠳᠠᠬᠢᠨ ᠬᠡᠷᠡᠭᠯᠡᠬᠦ ᠨᠤᠷᠮ᠎ᠠ35% ᠠᠴᠠ ᠳᠡᠭᠡᠭᠰᠢ ᠳᠤ | ᠬᠦᠷᠪᠡ᠃ ᠲᠦᠪᠯᠡᠷᠡᠩᠭᠦᠢ ᠬᠡᠯᠪᠡᠷᠢ ᠶᠢᠨ ᠤᠤᠭᠤᠬᠤ ᠤᠰᠤ ᠶᠢᠨ ᠤᠰᠤᠨ ᠰᠤᠷᠪᠤᠯᠵᠢ ᠶᠢᠨ ᠭᠠᠵᠠᠷ ᠤᠨ | ᠬᠠᠮᠢᠶᠠᠷᠤᠯᠲᠠ ᠪᠤᠯᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠭᠠᠵᠤ᠂ ︽ᠭᠤᠤᠯ ᠤᠨ ᠳᠠᠷᠤᠭ᠎ᠠ ᠶᠢᠨ ᠳᠦᠷᠢᠮ︾ | ︽ᠨᠠᠭᠤᠷ ᠤᠨ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠡᠭᠡᠳᠡᠷᠭᠡ ᠶᠢ | ᠠᠷᠢᠯᠭᠠᠬᠤ︾ ᠪᠠ ᠤᠰᠤᠨ ᠵᠠᠮ ᠤᠨ ᠡᠯᠡᠰᠦ ᠬᠠᠶᠢᠷ ᠶᠢ ᠮᠠᠯᠲᠠᠬᠤ ᠴᠡᠭᠴᠡᠯᠡᠨ ᠵᠠᠰᠠᠯᠲᠠ ᠶᠢᠨ ᠬᠦᠳᠡᠯᠭᠡᠭᠡᠨ ᠢ | ᠴᠢᠬᠤᠯᠠᠴᠢᠯᠠᠨ ᠦᠷᠨᠢᠭᠦᠯᠦᠨ᠎ᠡ᠃ ᠪᠠᠷᠢᠮᠵᠢᠶ᠎ᠠ ᠳᠤ ᠬᠦᠷᠬᠦ ᠦᠭᠡᠢ ᠲᠦᠮᠦᠰᠦ ᠦᠢᠯᠡᠳᠪᠦᠷᠢᠯᠡᠬᠦ ᠠᠵᠤ ᠠᠬᠤᠶᠢᠯᠠᠯ | ᠤᠨ ᠠᠵᠢᠯ ᠡᠬᠢᠯᠡᠭᠦᠯᠵᠦ ᠦᠢᠯᠡᠳᠪᠦᠷᠢᠯᠡᠨ ᠪᠤᠬᠢᠷ ᠤᠰᠤ ᠭᠠᠷᠭᠠᠬᠤ ᠶᠢ ᠴᠠᠭᠠᠵᠢᠯᠠᠨ᠎ᠠ᠃ ᠲᠦᠮᠦᠰᠦ | ᠦᠢᠯᠡᠳᠪᠦᠷᠢᠯᠡᠬᠦ ᠠᠵᠤ ᠠᠬᠤᠶᠢᠯᠠᠯ ᠤᠨ ᠴᠠᠷᠳᠠᠭᠤᠯ ᠦᠢᠯᠡᠳᠪᠦᠷᠢᠯᠡᠭᠰᠡᠨ ᠪᠤᠷᠳᠤᠭ᠎ᠠ ᠲᠠᠢ ᠤᠰᠤ ᠶᠢ ᠲᠠᠷᠢᠶᠠᠨ ᠳᠤ | ᠤᠷᠤᠭᠤᠯᠬᠤ ᠮᠡᠷᠭᠡᠵᠢᠯ ᠢ ᠳᠦᠷᠢᠮᠵᠢᠭᠦᠯᠦᠨ ᠬᠡᠷᠡᠭᠵᠢᠭᠦᠯᠬᠦ ᠶᠢ ᠢᠳᠡᠪᠬᠢ ᠲᠦᠯᠬᠢᠨ ᠠᠬᠢᠭᠤᠯᠤᠨ᠎ᠠ᠃ ᠬᠦᠷᠦᠰᠦ | ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠬᠦᠳᠡᠯᠭᠡᠭᠡᠨ ᠤ ᠲᠦᠯᠦᠪᠯᠡᠯᠭᠡ ᠶᠢ ᠭᠦᠨᠵᠡᠭᠡᠢ ᠬᠡᠷᠡᠩᠵᠢᠭᠦᠯᠵᠦ᠂ | ᠵᠢᠶᠠ ᠯᠢ ᠺᠤᠮᠫᠠᠨᠢ ᠶᠢᠨ ᠦᠯᠡᠳᠡᠭᠳᠡᠯ ᠬᠤᠪᠠᠨᠴᠢᠷ ᠪᠦᠷᠬᠦᠪᠴᠢ ᠶᠢ ᠳᠠᠬᠢᠨ ᠬᠤᠷᠢᠶᠠᠨ ᠠᠪᠬᠤ ᠲᠠᠪᠴᠠᠩ ᠢ | ᠭᠦᠢᠴᠡᠳ ᠠᠰᠢᠭᠯᠠᠨ᠂ ᠫᠦ᠋ ᠯᠢ ᠯᠦᠩ ᠨᠡᠶᠢᠯᠡᠮᠡᠯ ᠮᠠᠲ᠋ᠧᠷᠢᠶᠠᠯ ᠤᠨ ᠬᠢᠵᠠᠭᠠᠷᠳᠠᠮᠠᠯ ᠬᠠᠷᠢᠴᠠᠭᠤᠯᠭ᠎ᠠ ᠢ ᠺᠤᠮᠫᠠᠨᠢ | ᠲᠦᠮᠦᠰᠦ ᠶᠢᠨ ᠰᠢᠭᠠᠷᠦ ᠪᠠᠷ ᠵᠠᠳᠠᠷᠠᠳᠠᠭ ᠬᠤᠪᠠᠨᠴᠢᠷ ᠪᠦᠷᠭᠦᠪᠴᠢ ᠶᠢ ᠦᠢᠯᠡᠳᠪᠦᠷᠢᠯᠡᠬᠦ ᠶᠢᠨ ᠮᠡᠷᠭᠡᠵᠢᠯ ᠤᠨ | ᠰᠢᠨᠵᠢᠯᠡᠭᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠲᠠᠯᠠᠪᠠᠢ ᠶᠢᠨ ᠪᠤᠬᠢᠷᠳᠤᠯ ᠶᠢᠨ ᠰᠤᠷᠪᠤᠯᠵᠢ ᠶᠢ | ᠰᠡᠷᠭᠡᠶᠢᠯᠡᠨ ᠵᠠᠰᠠᠬᠤ ᠪᠠ ᠬᠤᠲᠠ ᠶᠢᠨ ᠳᠤᠮᠳᠠᠬᠢ ᠲᠤᠰᠬᠤᠨ᠂ ᠬᠤᠲᠠ ᠶᠢᠨ ᠬᠦᠪᠡᠭᠡᠳᠡᠬᠢ ᠲᠤᠰᠬᠤᠨ ᠤ ᠤᠷᠴᠢᠨ | ᠲᠤᠭᠤᠷᠢᠨ ᠢ ᠡᠮᠬᠢᠳᠭᠡᠨ ᠵᠠᠰᠠᠬᠤ ᠶᠢ ᠴᠢᠩᠭᠠᠳᠬᠠᠨ᠎ᠠ᠃ ᠲᠤᠰᠬᠠᠢ ᠪᠡᠯᠡ ᠮᠦᠩᠬᠦ ᠶᠢ ᠠᠰᠢᠭᠯᠠᠨ ᠪᠦᠬᠦ ᠰᠢᠶᠠᠨ ᠤ | ᠮᠠᠯ ᠵᠢᠭᠦᠷᠲᠡᠨ ᠤ ᠪᠠᠭᠠᠰᠤ ᠶᠢᠨ ᠪᠤᠬᠢᠷᠳᠤᠯ ᠤᠨ ᠡᠬᠢ ᠪᠠᠶᠠᠯᠢᠭᠵᠢᠯᠲᠠ ᠶᠢ ᠠᠰᠢᠭᠯᠠᠨ ᠠᠮᠢ ᠠᠬᠤᠢ ᠶᠢᠨ ᠡᠷᠭᠢᠯᠲᠠ | ᠶᠢᠨ ᠲᠠᠷᠢᠶᠠᠯᠠᠩ ᠤᠨ ᠠᠵᠤ ᠦᠢᠯᠡᠰ ᠶᠢᠨ ᠲᠦᠰᠦᠯ ᠢ ᠲᠦᠯᠬᠢᠨ ᠠᠬᠢᠭᠤᠯᠬᠤ ᠶᠢ ᠬᠡᠷᠡᠭᠵᠢᠭᠦᠯᠦᠨ᠎ᠠ᠃ ᠫᠢᠩ ᠭᠦ᠋ | ᠲᠤᠭᠤᠷᠢᠭ ᠤᠨ ᠠᠭᠤᠷᠬᠠᠢ ᠶᠢ ᠬᠠᠮᠢᠶᠠᠷᠬᠤ ᠲᠤᠷᠰᠢᠯᠭ᠎ᠠ ᠶᠢ ᠲᠤᠯᠢᠳᠠᠵᠤ᠂ ︽ᠰᠢᠶᠠᠩ ᠪᠠᠯᠭᠠᠰᠤ ᠱᠦᠭᠯᠦ | ᠦᠯᠢᠶᠡᠪᠡᠯ ᠰᠠᠯᠠᠭ᠎ᠠ ᠮᠦᠴᠢᠷ ᠴᠤᠭᠯᠠᠷᠠᠬᠤ᠂ ᠨᠢᠭᠡ ᠰᠠᠯᠪᠤᠷᠢ ᠭᠤᠤᠯ ᠬᠠᠷᠢᠴᠠᠭᠤᠯᠭ᠎ᠠ᠂ ᠪᠤᠰᠤᠳ ᠰᠠᠯᠪᠤᠷᠢ | ᠬᠠᠮᠵᠢᠯᠴᠠᠬᠤ᠂ ᠰᠠᠯᠠᠭ᠎ᠠ ᠮᠦᠴᠢᠷ ᠳᠠᠭᠠᠭᠠᠯᠭᠠᠬᠤ᠂ ᠰᠢᠶᠠᠩ ᠪᠠᠯᠭᠠᠰᠤ ᠨᠠᠶᠢᠳᠠᠪᠤᠷᠢᠵᠢᠭᠤᠯᠬᠤᠤ︾ ᠶᠢᠨ ︽ᠭᠤᠷᠪᠠᠨ | ᠬᠠᠮᠲᠤᠷᠠᠨ ᠠᠵᠢᠯᠯᠠᠬᠤ︾ ᠬᠠᠮᠲᠤᠷᠠᠨ ᠬᠠᠤᠯᠢ ᠶᠢ ᠬᠡᠷᠡᠭᠵᠢᠭᠦᠯᠬᠦ ᠬᠡᠪ ᠵᠠᠭᠪᠤᠷ ᠶᠢ ᠢᠳᠡᠪᠬᠢ ᠬᠠᠶᠢᠨ ᠰᠦᠪᠡᠭᠴᠢᠯᠡᠵᠦ | ᠂ ᠳᠠᠯᠳᠠᠭᠤᠷ ᠮᠠᠯᠲᠠᠵᠤ ᠳᠤᠷ᠎ᠠ ᠪᠠᠷ ᠤᠬᠤᠬᠤ ᠳᠤ ᠴᠤᠬᠢᠯᠲᠠ ᠦᠭᠬᠦ ᠠᠭᠤᠷᠬᠠᠢ ᠶᠢᠨ ᠲᠤᠰᠬᠠᠢ ᠬᠦᠳᠡᠯᠭᠡᠭᠡᠨ ᠶᠢ | ᠦᠷᠨᠢᠭᠦᠯᠵᠦ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠲᠠᠢ ᠨᠡᠶᠢᠴᠡᠬᠦ ᠦᠭᠡᠢ ᠲᠤᠭᠤᠰᠬᠠᠨ | ᠦᠢᠯᠡᠳᠪᠦᠷᠢ ᠶᠢ ᠬᠠᠤᠯᠢ ᠶᠤᠰᠤᠭᠠᠷ ᠪᠦᠷᠢᠮᠦᠰᠦᠨ ᠬᠦᠴᠦᠨ ᠦᠭᠡᠢ ᠪᠤᠯᠭᠠᠨ᠎ᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠭᠠᠨ᠎ᠠ᠃ ᠤᠯᠤᠰ ᠤᠨ ᠭᠤᠤᠯᠳᠠᠯᠭᠠᠳᠤ ᠠᠮᠢ ᠠᠬᠤᠢ ᠶᠢᠨ | ᠢᠨᠵᠧᠨᠧᠷᠢᠭ ᠪᠠ ᠭᠤᠤᠯᠳᠠᠯᠭᠠᠳᠤ ᠪᠦᠰᠡ ᠶᠢᠨ ᠨᠤᠭᠤᠭᠠᠷᠠᠯᠲᠠ ᠶᠢ ᠨᠢᠭᠡᠲᠤᠯᠲᠡᠢ ᠲᠦᠯᠦᠪᠯᠡᠬᠦ ᠶᠢ ᠲᠦᠯᠬᠢᠨ | ᠠᠬᠢᠭᠤᠯᠵᠤ᠂ ᠬᠦᠮᠦᠨ ᠤ ᠬᠦᠴᠦ ᠪᠠᠷ ᠤᠢ ᠪᠠᠶᠢᠭᠤᠯᠬᠤ ᠲᠠᠯᠠᠪᠠᠢ0.5 ᠲᠦᠮᠡᠨ ᠮᠦ ᠶᠢ ᠵᠢᠯ ᠤᠨ ᠲᠤᠳᠤᠷ᠎ᠠ | ᠪᠡᠶᠡᠯᠡᠭᠦᠯᠦᠨ᠎ᠡ᠃1000 ᠮᠦ ᠮᠤᠳᠤ ᠵᠠᠶᠢᠯᠠᠵᠤ᠂1.3 ᠲᠦᠮᠡᠨ ᠮᠦ ᠠᠵᠤ ᠠᠬᠤᠢ ᠶᠢᠨ ᠤᠢ ᠶᠢ ᠬᠦᠴᠦᠯᠡᠨ | ᠴᠢᠷᠮᠠᠶᠢᠨ ᠪᠡᠶᠡᠯᠡᠭᠦᠯᠦᠨ᠎ᠡ᠃ ᠰᠢᠶᠤᠤ ᠮᠢᠶᠤᠤ ᠽᠢ ᠤᠰᠤᠨ ᠴᠦᠬᠦᠷᠦᠮ ᠤᠨ ᠲᠦᠭᠰᠢᠭᠦᠷᠢ ᠶᠢ ᠠᠷᠢᠯᠭᠠᠨ | ᠪᠠᠳᠤᠳᠬᠠᠬᠤ ᠢᠨᠵᠧᠨ᠋ᠷᠢᠭ ᠶᠢ ᠬᠡᠷᠡᠭᠵᠢᠭᠦᠯᠵᠦ᠂ ᠲᠢᠶᠠᠨ ᠱᠢ ᠰᠤᠪᠠᠭ ᠭᠤᠤᠯ ᠤᠨ ᠭᠤᠯᠳᠤᠷᠢᠯ ᠤᠨ ᠨᠢᠭᠡᠳᠦᠭᠡᠷ | ᠬᠤᠭᠤᠴᠠᠭ᠎ᠠ ︵ᠪᠠᠷᠠᠭᠤᠨ ᠬᠠᠭᠤᠷᠠᠢ ᠭᠤᠯᠳᠤᠷᠢᠯ︶ ᠪᠤᠯᠤᠨ ᠬᠤᠶᠠᠳᠤᠭᠠᠷ ᠬᠤᠭᠤᠴᠠᠭ᠎ᠠ ︵ᠳᠤᠮᠳᠠ ᠬᠠᠭᠤᠷᠠᠢ | ᠭᠤᠯᠳᠤᠷᠢᠯ︶ ᠶᠢᠨ ᠵᠠᠰᠠᠯᠲᠠ ᠶᠢᠨ ᠢᠨᠵᠧᠨ᠋ᠷᠢᠭ ᠢ ᠪᠡᠶᠡᠯᠡᠭᠦᠯᠵᠦ᠂ ᠲᠢᠶᠠᠨ ᠱᠢ ᠰᠤᠪᠠᠭ ᠤᠨ ᠭᠤᠤᠯ ᠤᠨ ᠤᠷᠤᠰᠬᠠᠯ | ᠤᠨ ᠬᠦᠷᠢᠶ᠎ᠡ ᠪᠠ ᠪᠠᠷᠠᠭᠤᠨ ᠠᠭᠤᠯᠠ ᠶᠢᠨ ᠪᠠᠭ᠎ᠠ ᠤᠷᠤᠰᠬᠠᠯ ᠤᠨ ᠬᠦᠷᠢᠶ᠎ᠡ ᠶᠢ31 ᠳᠦᠷᠪᠡᠯᠵᠢᠨ ᠺᠢᠯᠤᠮᠧᠲᠷ ᠤᠨ | ᠵᠠᠰᠠᠯᠲᠠ ᠶᠢ ᠬᠡᠷᠡᠭᠵᠢᠭᠦᠯᠵᠦ᠂ ᠮᠠᠯᠵᠢᠬᠤ ᠶᠢ ᠬᠤᠷᠢᠭᠯᠠᠬᠤ ᠳᠦᠷᠢᠮ ᠢ ᠡᠷᠡᠰ ᠰᠢᠭᠤᠷᠬᠠᠢ ᠬᠡᠷᠡᠭᠵᠢᠭᠦᠯᠵᠦ᠂ ᠠᠮᠢ | ᠠᠬᠤᠢ ᠶᠢᠨ ᠬᠠᠮᠢᠶᠠᠷᠤᠯᠳᠠ ᠬᠠᠮᠠᠭᠠᠯᠯᠠᠲᠠ ᠶᠢ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠪᠠᠲᠤᠳᠬᠠᠨ᠎ᠠ᠃ ᠲᠤᠮᠤ ᠬᠦᠨᠳᠦ ᠭᠡᠨᠡᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠤᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠲᠤᠷ ᠬᠢᠨ᠎ᠡ᠃ ᠡᠨᠡ ᠵᠢᠯ ᠪᠤᠯ ᠬᠦᠨᠳᠦ ᠭᠡᠨᠡᠨ ᠲᠦᠭᠰᠢᠭᠦᠷᠢ | ᠶᠢ ᠰᠡᠷᠭᠡᠶᠢᠯᠡᠨ ᠠᠷᠢᠯᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠵᠠᠩᠭᠢᠯᠠᠭ᠎ᠠ ᠶᠢᠨ ᠵᠢᠯ | ᠪᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠤᠯ ᠤᠳᠤᠷᠢᠳᠬᠤ ᠺᠠᠲᠠᠷ | ᠬᠢᠵᠠᠭᠠᠷ ᠱᠤᠭᠤᠮ ᠤᠨ ᠰᠡᠳᠭᠢᠬᠦᠢ ᠶᠢ ᠪᠠᠷᠢᠮᠳᠠᠯᠠᠵᠤ ᠲᠤᠮᠤ ᠬᠦᠨᠳᠦ ᠭᠡᠨᠡᠨ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠬᠦᠴᠦ ᠲᠠᠯᠪᠢᠬᠤ ᠲᠤᠰᠬᠠᠢ ᠰᠡᠳᠤᠪ ᠤᠨ ᠰᠤᠳᠤᠯᠤᠨ ᠶᠠᠷᠢᠯᠴᠠᠬᠤ ᠠᠩᠬᠢ ᠶᠢᠨ ᠠᠩᠬᠢ ᠶᠢᠨ | ᠡᠬᠢᠯᠡᠯᠲᠡ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠠᠳᠠᠭᠠᠳᠤ ᠤᠷᠴᠢᠨ ᠲᠤᠭᠤᠷᠢᠨ ᠤ ᠭᠦᠨᠵᠡᠭᠡᠢ ᠬᠤᠪᠢᠷᠠᠯᠲᠠ ᠪᠠ ᠦᠭᠡᠷᠡᠴᠢᠯᠡᠯᠲᠠ | ᠬᠦᠭᠵᠢᠯᠲᠡ ᠶᠢᠨ ᠲᠤᠭᠳᠠᠭᠤᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠰᠢᠨ᠎ᠡ ᠰᠢᠯᠭᠠᠯᠲᠠ | ᠶᠢ ᠭᠦᠨᠵᠡᠭᠡᠢ ᠲᠠᠨᠢᠵᠤ ᠤᠨᠤᠪᠴᠢᠲᠡᠢ ᠡᠵᠡᠮᠳᠡᠵᠦ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠴᠢᠩᠭᠠᠷᠠᠭᠤᠯᠤᠨ᠎ᠠ᠃ | ᠯᠠᠪᠳᠠᠭᠤᠨ ᠢᠶᠠᠷ ᠨᠡᠮᠡᠭᠳᠡᠭᠦᠯᠬᠦ ᠪᠠ ᠭᠡᠨᠡᠨ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ | ᠲᠡᠩᠴᠡᠭᠦᠷᠢᠰᠢᠭᠦᠯᠵᠦ᠂ ᠪᠡᠯᠡᠳᠭᠡᠯ ᠠᠵᠢᠯ ᠢ ᠰᠠᠶᠢᠲᠤᠷ ᠬᠢᠵᠦ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ | ᠲᠤᠬᠢᠲᠠᠢ ᠠᠷᠭᠠᠴᠠᠨ᠂ ᠤᠯᠤᠰ ᠲᠦᠷᠦ᠂ ᠤᠬᠠᠮᠰᠠᠷ ᠤᠨ ᠬᠡᠯᠪᠡᠷᠢ᠂ ᠠᠵᠤ ᠠᠬᠤᠢ᠂ ᠰᠢᠨᠵᠢᠯᠡᠭᠡ ᠮᠡᠷᠭᠡᠵᠢᠯ᠂ | ᠨᠡᠶᠢᠭᠡᠮ᠂ ᠭᠠᠳᠠᠭᠠᠳᠤ ᠶᠢᠨ ᠤᠷᠴᠢᠨ ᠲᠤᠭᠤᠷᠢᠨ ᠵᠢᠴᠢ ᠨᠠᠮ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ | ᠬᠡᠪᠴᠢᠶᠡᠨ ᠤ ᠴᠢᠬᠤᠯᠠ ᠶᠡᠭᠡ ᠭᠡᠨᠡᠨ ᠲᠦᠭᠰᠢᠭᠦᠷᠢ ᠶᠢ ᠴᠢᠬᠤᠯᠠᠴᠢᠯᠠᠨ ᠰᠡᠷᠭᠡᠶᠢᠯᠡᠵᠦ ᠠᠷᠭᠠᠴᠠᠨ ᠠᠷᠢᠯᠭᠠᠨ᠎ᠠ᠃ | ᠦᠪᠡᠷᠲᠡᠭᠡᠨ ᠵᠠᠰᠠᠬᠤ ᠤᠷᠤᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠵᠠᠰᠠᠭ ᠤᠨ ᠤᠷᠳᠤᠨ ᠤ ᠦᠷᠢ ᠦᠭᠴᠡᠭᠡ | ᠶᠢ ᠠᠷᠢᠯᠭᠠᠬᠤ ᠬᠤᠭᠤᠴᠠᠭᠠᠨ ᠤ ᠬᠢᠵᠠᠭᠠᠷ ᠨᠢ2021 ᠤᠨ ᠪᠤᠯᠤᠨ᠎ᠠ᠃ ᠦᠷᠢ ᠦᠭᠴᠡᠭᠡ ᠶᠢ ᠠᠷᠢᠯᠭᠠᠬᠤ ᠵᠢᠯ ᠤᠨ | ᠡᠭᠦᠷᠭᠡ ᠪᠠ ᠦᠷᠢ ᠦᠭᠴᠡᠭᠡ ᠶᠢ ᠠᠷᠢᠯᠭᠠᠬᠤ ᠬᠤᠭᠤᠴᠠᠭᠠᠨ ᠤ ᠬᠢᠵᠠᠭᠠᠷ ᠢ ᠪᠠᠲᠤ ᠲᠤᠭᠲᠠᠭᠠᠵᠤ᠂ ᠡᠳ᠋ ᠤᠨ ᠵᠠᠰᠠᠭ | ᠤᠨ ᠲᠦᠰᠦᠪ ᠶᠢᠨ ᠲᠤᠬᠢᠷᠠᠭᠤᠯᠤᠯᠲᠠ᠂ ᠠᠯᠪᠠᠨ ᠵᠢᠭᠡᠯᠡᠯᠭᠡ ᠶᠢ ᠰᠤᠯᠢᠬᠤ᠂ ᠨᠦᠬᠡᠴᠡ ᠬᠦᠷᠦᠩᠭᠡ ᠶᠢ ᠴᠢᠯᠦᠭᠡᠲᠡᠢ | ᠪᠤᠯᠭᠠᠵᠤ᠂ ᠭᠠᠵᠠᠷ ᠰᠢᠷᠤᠢ ᠶᠢ ᠬᠤᠳᠠᠯᠳᠤᠬᠤ ᠵᠡᠷᠭᠡ ᠠᠷᠭ᠎ᠠ ᠠᠪᠴᠢᠯ ᠢᠶᠠᠷ ᠳᠠᠮᠵᠢᠨ᠂ ᠵᠠᠰᠠᠭ ᠤᠨ ᠤᠷᠳᠤᠨ ᠤ | ᠳᠠᠯᠳᠠ ᠴᠢᠨᠠᠷᠲᠤ ᠦᠷᠢ ᠦᠭᠴᠡᠭᠡ ᠶᠢ ᠴᠠᠭ ᠲᠤᠬᠠᠢ ᠳᠤ ᠨᠢ ᠠᠷᠢᠯᠭᠠᠨ᠂ ᠵᠢᠯ ᠤᠨ ᠵᠠᠰᠠᠭ ᠤᠨ ᠤᠷᠳᠤᠨ ᠤ ᠴᠢᠨᠠᠷ | ᠤᠨ ᠦᠷᠢ ᠦᠭᠴᠡᠭᠡ ᠶᠢ ᠠᠷᠢᠯᠭᠠᠬᠤ ᠡᠭᠦᠷᠭᠡ ᠪᠠ ︽ᠠᠷᠪᠠ ᠶᠢ ᠦᠪᠴᠢ ᠪᠦᠷᠭᠦᠭᠦᠯᠬᠦ︾ ᠢᠨᠵᠨᠧᠷᠢᠭ ᠤᠨ | ᠰᠢᠭᠤᠳ ᠬᠠᠮᠢᠶᠠᠲᠠᠢ ᠲᠦᠰᠦᠯ ᠤᠨ ᠦᠯᠡᠳᠡᠭᠰᠡᠨ ᠦᠷᠢ ᠦᠭᠴᠡᠭᠡ ᠶᠢ ᠪᠡᠶᠡᠯᠡᠭᠦᠯᠬᠦ ᠪᠠᠷ ᠬᠦᠴᠦ ᠲᠠᠯᠪᠢᠨ | ᠪᠠᠲᠤᠯᠠᠨ᠎ᠠ᠃ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠪᠡᠯᠡ ᠶᠢ ᠨᠢ ᠪᠤᠴᠠᠭᠠᠨ ᠬᠦᠦ ᠶᠢ ᠨᠢ ᠲᠦᠯᠦᠬᠦ | ᠵᠠᠷᠤᠯᠭ᠎ᠠ ᠶᠢᠨ ᠮᠦᠩᠬᠦ ᠶᠢ ᠵᠢᠯ ᠤᠨ ᠲᠦᠰᠦᠪ ᠳᠤ ᠵᠢᠭᠰᠠᠭᠠᠨ ᠤᠷᠤᠭᠤᠯᠵᠤ᠂ ᠰᠢᠶᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠭᠤᠤᠯᠳᠠᠯᠭ᠎ᠠ ᠪᠤᠯᠭᠠᠵᠤ᠂ ᠲᠦᠰᠦᠪ ᠠᠴᠠ | ᠭᠠᠳᠠᠨᠠᠬᠢ ᠦᠷᠢ ᠲᠠᠯᠪᠢᠵᠦ ᠪᠡᠯᠡ ᠮᠦᠩᠬᠦ ᠤᠷᠤᠭᠤᠯᠬᠤ ᠶᠢ ᠦᠨᠡᠨ ᠪᠤᠳᠠᠳᠠᠢ ᠪᠠᠷ ᠬᠤᠷᠢᠭᠯᠠᠨ᠎ᠠ᠃ ᠦᠷᠢ ᠲᠠᠯᠪᠢᠵᠤ | ᠪᠡᠯᠡ ᠮᠦᠩᠬᠦ ᠤᠷᠤᠭᠤᠯᠬᠤ ᠪᠠᠷ ᠳᠠᠮᠵᠢᠭᠰᠠᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠰᠦᠯ᠂ ︽ | ᠭᠤᠷᠪᠠᠨ ᠴᠢᠬᠤᠯᠠ ᠨᠢᠭᠡ ᠶᠡᠭᠡ︾ ᠲᠤᠭᠲᠠᠭᠠᠯ ᠢᠶᠠᠷ᠂ ᠰᠢᠶᠠᠨ ᠤ ᠬᠤᠷᠢᠶ᠎ᠠ ᠪᠠᠩᠭᠤ ᠶᠢᠨ ᠬᠤᠷᠢᠶ᠎ᠠ ᠵᠢᠴᠢ ᠰᠢᠶᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠬᠦᠰᠡᠵᠦ᠂ ᠳᠠᠷᠠᠭᠠᠠᠯᠠᠯ ᠪᠠᠷ ᠬᠠᠤᠯᠢ ᠳᠦᠷᠢᠮ | ᠶᠤᠰᠤᠭᠠᠷ ᠬᠢᠨᠠᠨ ᠪᠠᠶᠢᠴᠠᠭᠠᠬᠤ ᠪᠠ ᠬᠢᠨᠠᠨ ᠵᠦᠪᠯᠡᠨ ᠵᠦᠪᠰᠢᠶᠡᠷᠡᠨ᠎ᠡ᠃ ᠳᠠᠯᠳᠠ ᠴᠢᠨᠠᠷ ᠤᠨ ᠦᠷᠢ ᠦᠭᠴᠡᠭᠡ ᠶᠢᠨ | ᠨᠡᠮᠡᠭᠳᠡᠯ ᠢ ᠡᠷᠡᠰ ᠰᠢᠭᠤᠷᠬᠠᠢ ᠬᠤᠷᠢᠭᠯᠠᠨ᠂ ︽ᠭᠤᠷᠪᠠᠨ ᠴᠠᠭᠠᠵᠢᠯᠠᠬᠤ︾ ᠶᠢ ᠬᠢᠵᠦ᠂ ᠳᠠᠷᠤᠢ ᠬᠠᠤᠯᠢ ᠳᠦᠷᠢᠮ ᠢ | ᠵᠦᠷᠢᠴᠡᠵᠦ ᠦᠷᠢ ᠲᠠᠯᠪᠢᠵᠦ ᠪᠡᠯᠡ ᠮᠦᠩᠬᠦ ᠤᠷᠤᠭᠤᠯᠬᠤ ᠪᠠᠲᠤᠯᠭ᠎ᠠ ᠶᠢ ᠴᠠᠭᠠᠵᠢᠯᠠᠵᠤ᠂ ᠢᠨᠵᠧᠨ᠋ᠷᠢᠭ ᠤᠨ | ᠦᠭᠴᠡᠭᠡᠨ ᠤ ᠮᠦᠩᠬᠦ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠢᠯᠠᠵᠤ᠂ ᠵᠠᠰᠠᠭ ᠤᠨ ᠤᠷᠳᠤᠨ ᠪᠠ ᠨᠡᠶᠢᠭᠡᠮ ᠤᠨ | ᠬᠦᠷᠦᠩᠭᠡ ᠤᠨ ᠬᠤᠷᠰᠢᠶᠠᠵᠢᠯ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠨᠡᠷ᠎ᠡ ᠪᠠᠷ | ᠶᠠᠩᠵᠤ ᠪᠠᠨ ᠬᠤᠪᠢᠷᠠᠭᠤᠯᠤᠨ ᠦᠷᠢ ᠲᠠᠯᠪᠢᠬᠤ ᠶᠢ ᠴᠠᠭᠠᠵᠢᠯᠠᠨ᠎ᠠ᠃ ᠵᠠᠰᠠᠭ ᠤᠨ ᠤᠷᠳᠤᠨ ᠤ ᠬᠦᠷᠦᠩᠭᠡ | ᠤᠷᠤᠭᠤᠯᠬᠤ ᠲᠦᠰᠦᠯ ᠪᠠ ᠪᠡᠯᠡ ᠮᠦᠩᠬᠦ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠵᠠᠰᠠᠭ ᠤᠨ ᠤᠷᠳᠤᠨ ᠤ ᠬᠦᠷᠦᠩᠭᠡ | ᠤᠷᠤᠭᠤᠯᠬᠤ ᠲᠦᠰᠦᠯ ᠤᠨ ᠲᠤᠬᠠᠢ ᠬᠠᠮᠢᠶᠠᠷᠤᠯᠲᠠ ᠶᠢ ᠴᠢᠩᠭᠠᠳᠭᠠᠬᠤ ᠲᠤᠭᠲᠠᠭᠠᠯ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠬᠦᠷᠦᠩᠭᠡ ᠤᠷᠤᠭᠤᠯᠬᠤ ᠲᠦᠰᠦᠯ ᠤᠨ ᠪᠦᠲᠦᠭᠡᠨ ᠪᠠᠶᠢᠭᠤᠯᠬᠤ | ᠪᠡᠯᠡ ᠮᠦᠩᠬᠦ᠂ ᠦᠢᠯᠡᠴᠢᠯᠡᠭᠡᠨ ᠤ ᠦᠷᠳᠡᠭ ᠳᠤ ᠡᠳ᠋ ᠤᠨ ᠵᠠᠰᠠᠭ ᠤᠨ ᠳᠠᠭᠠᠭᠠᠬᠤ ᠴᠢᠳᠠᠯ ᠶᠢᠨ ᠨᠢᠭᠡᠳᠭᠡᠨ | ᠦᠨᠡᠯᠡᠨ ᠨᠤᠲᠠᠯᠠᠬᠤ ᠶᠢ ᠦᠷᠨᠢᠭᠦᠯᠵᠦ᠂ ᠲᠦᠰᠦᠯ ᠤᠨ ᠲᠦᠰᠦᠯ ᠪᠠᠶᠢᠭᠤᠯᠤᠨ ᠬᠢᠨᠠᠨ ᠵᠦᠪᠰᠢᠶᠡᠷᠡᠬᠦ ᠶᠢᠨ ᠴᠢᠬᠤᠯᠠ | ᠪᠠᠷᠢᠮᠲᠠ ᠪᠤᠯᠤᠭᠰᠠᠨ ᠤ ᠬᠤᠪᠢ ᠳᠤ᠂ ᠮᠦᠩᠬᠦ ᠪᠤᠴᠠᠭᠠᠬᠤ ᠴᠢᠳᠠᠯ ᠦᠭᠡᠢ ᠲᠦᠰᠦᠯ ᠢ ᠪᠦᠲᠦᠮᠵᠢᠲᠡᠢ ᠬᠤᠷᠢᠭᠯᠠᠨ᠎ᠠ᠃ | ᠪᠡᠯᠡ ᠮᠦᠩᠬᠦ ᠶᠢᠨ ᠢᠷᠡᠯᠲᠡ ᠲᠤᠳᠤᠷᠬᠠᠢ ᠪᠤᠰᠤ ᠪᠠ ᠪᠡᠯᠡ ᠮᠦᠩᠬᠦ ᠶᠢᠨ ᠤᠷᠤᠭᠤᠯᠤᠯᠲᠠ ᠶᠢ ᠲᠡᠩᠴᠡᠭᠦᠷᠢᠰᠢᠭᠦᠯᠬᠦ | ᠲᠦᠯᠦᠪᠯᠡᠯᠭᠡ ᠶᠢ ᠲᠤᠭᠲᠠᠭᠠᠭᠰᠠᠨ ᠲᠦᠰᠦᠯ᠂ ᠪᠦᠬᠦᠳᠡ ᠶᠢ ᠨᠢ ᠬᠢᠨᠠᠨ ᠵᠦᠪᠰᠢᠶᠡᠷᠡᠬᠦ ᠦᠭᠡᠢ᠂ ᠪᠦᠬᠦᠳᠡ ᠶᠢ ᠨᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠦᠭᠡᠢ᠃ ᠡᠯ᠎ᠡ ᠵᠦᠢᠯ ᠤᠨ ᠬᠠᠤᠯᠢ ᠳᠦᠷᠢᠮ ᠢ ᠵᠦᠷᠢᠴᠢᠭᠰᠡᠨ | ᠮᠦᠩᠭᠦᠨ ᠭᠦᠢᠯᠭᠡᠭᠡᠨ ᠤ ᠠᠵᠢᠯᠯᠠᠭᠠᠨ ᠳᠤ ᠬᠦᠴᠦᠲᠡᠢ ᠴᠤᠬᠢᠯᠲᠠ ᠦᠭᠴᠦ᠂ ᠰᠢᠰᠲ᠋ᠧᠮ ᠤᠨ ᠴᠢᠨᠠᠷ ᠲᠠᠢ ᠮᠦᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ︵ᠬᠤᠶᠠᠷ︶ ᠭᠤᠤᠯᠳᠠᠯᠭ᠎ᠠ ᠲᠠᠢ ᠲᠦᠰᠦᠯ ᠤᠨ ᠪᠦᠲᠦᠭᠡᠨ ᠪᠠᠶᠢᠭᠤᠯᠤᠯᠲᠠ ᠶᠢ ᠲᠦᠪᠯᠡᠷᠡᠭᠦᠯᠵᠦ᠂ ᠠᠵᠤ | ᠠᠬᠤᠢ ᠶᠢᠨ ᠴᠢᠨᠰᠠᠭ᠎ᠠ ᠰᠠᠶᠢᠲᠠᠢ ᠬᠦᠭᠵᠢᠯᠲᠠ ᠶᠢ ᠲᠦᠯᠬᠢᠨ ᠠᠬᠢᠭᠤᠯᠤᠨ᠎ᠠ᠃ | ᠠᠵᠤ ᠦᠢᠯᠡᠰ ᠤᠨ ᠬᠦᠭᠵᠢᠯᠲᠠ᠂ ᠲᠦᠰᠦᠯ ᠤᠨ ᠪᠦᠲᠦᠭᠡᠨ ᠪᠠᠶᠢᠭᠤᠯᠤᠯᠲᠠ ᠶᠢ ᠶᠠᠳᠠᠭᠤ ᠠᠴᠠ | ᠠᠩᠭᠢᠵᠢᠷᠠᠵᠤ ᠪᠤᠭᠤᠮᠲᠠ ᠰᠢᠪᠲᠤᠯᠬᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢᠨ | ᠴᠢᠬᠤᠯᠠ ᠪᠠᠷᠢᠴᠠ ᠪᠤᠯᠬᠤ ᠶᠢ ᠪᠠᠷᠢᠮᠳᠠᠯᠠᠵᠤ᠂ ᠬᠦᠭᠵᠢᠯᠲᠠ ᠶᠢ ᠠᠳᠬᠤᠨ ᠶᠠᠳᠠᠭᠤ ᠶᠢ ᠲᠡᠳᠭᠦᠬᠦ ᠶᠢ ᠠᠳᠬᠤᠬᠤ | ᠶᠢᠨ ᠵᠠᠩᠭᠢᠯᠠᠭ᠎ᠠ ᠨᠢ ᠲᠦᠰᠦᠯ ᠢ ᠠᠳᠬᠤᠬᠤ ᠶᠢᠨ ᠤᠬᠠᠮᠰᠠᠷ ᠢ ᠴᠢᠨᠠᠭᠰᠢᠲᠠ ᠴᠢᠩᠭᠠᠷᠠᠭᠤᠯᠵᠤ᠂ ᠪᠤᠬᠢᠷᠳᠤᠯ ᠦᠭᠡᠢ᠂ | ᠡᠬᠢ ᠪᠠᠶᠠᠯᠢᠭ᠂ ᠤᠷᠤᠨ ᠪᠠᠶᠢᠷᠢᠰᠢᠯ ︽ᠭᠤᠷᠪᠠᠨ ᠨᠡᠷᠡᠲᠤ ᠲᠡᠮᠳᠡᠭ︾ ᠢ ᠰᠠᠶᠢᠲᠤᠷ ᠬᠢᠵᠦ᠂ ᠳ᠋ᠦᠩᠰᠢᠭᠤᠷ | ᠲᠦᠭᠦᠷᠢᠭ ᠠᠴᠠ ᠳᠡᠭᠡᠭᠰᠢ ᠬᠦᠷᠦᠩᠭᠡ ᠤᠷᠤᠭᠤᠯᠤᠭᠰᠠᠨ21 ᠲᠦᠰᠦᠯ ᠢ ᠭᠤᠤᠯᠯᠠᠨ ᠲᠦᠯᠬᠢᠨ ᠠᠬᠢᠭᠤᠯᠵᠤ᠂ ᠲᠤᠰ | ᠵᠢᠯ ᠳᠤ34.3 ᠳ᠋ᠦᠩᠰᠢᠭᠤᠷ ᠲᠦᠭᠦᠷᠢᠭ ᠬᠦᠷᠦᠩᠭᠡ ᠶᠢᠨ ᠤᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︽ᠵᠢᠷᠭᠤᠭᠠᠨ ᠨᠢᠭᠡ︾ ᠶᠢᠨ ᠪᠤᠬᠢᠷᠳᠤᠯ ᠦᠭᠡᠢ ᠲᠠᠷᠢᠶᠠᠯᠠᠩ ᠤᠨ ᠨᠡᠷᠡᠳᠦ ᠠᠵᠤ ᠦᠢᠯᠡᠰ ᠵᠢᠴᠢ | ᠬᠡᠯᠬᠢᠶᠡᠵᠢᠯ ᠢ ᠰᠤᠩᠭᠠᠵᠤ᠂ ᠭᠤᠤᠯᠳᠠᠯᠭ᠎ᠠ ᠲᠠᠢ ᠲᠦᠰᠦᠯ ᠢ ᠰᠠᠶᠢᠲᠤᠷ ᠠᠳᠬᠤᠨ᠎ᠠ᠃ ᠵᠦᠩ ᠳ᠋ᠢ ᠬᠤᠶᠠᠳᠤᠭᠠᠷ | ᠬᠤᠭᠤᠴᠠᠭᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠ ᠵᠢᠶᠠ ᠯᠢ ᠵᠦᠩ ᠮᠠᠯ ᠲᠡᠵᠢᠭᠡᠨ ᠦᠷᠡᠵᠢᠭᠦᠯᠬᠦ | ᠲᠦᠰᠦᠯ ᠤᠨ ᠲᠦᠷᠭᠡᠨ ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠱᠠᠭᠠᠷᠳᠠᠵᠤ᠂ ᠿᠦᠩ ᠲᠤᠤ ᠸᠠᠨᠳ᠋ᠸᠦ | ᠶᠢᠨ ᠴᠠᠷᠳᠠᠭᠤᠯ ᠢ ᠪᠤᠷᠤᠯᠠᠭᠤᠯᠬᠤ ᠲᠦᠰᠦᠯ᠂ ᠰᠤᠩ ᠰᠢᠨ ᠲᠠᠷᠢᠶᠠᠯᠠᠩ ᠨᠠᠷᠠᠨ ᠬᠤᠸᠠᠷ ᠤᠨ ᠦᠷ᠎ᠡ ᠶᠢ | ᠪᠤᠷᠤᠯᠠᠭᠤᠯᠬᠤ ᠦᠢᠯᠡᠳᠪᠦᠷᠢᠯᠡᠯ ᠤᠨ ᠱᠤᠭᠤᠮ ᠤᠨ ᠲᠦᠰᠦᠯ᠂ ᠮᠧᠩ ᠳ᠋ᠧ ᠶᠤᠸᠠᠨ10 ᠲᠦᠮᠡᠨ ᠮᠢᠬᠠᠨ ᠬᠤᠨᠢ | ᠨᠢᠳᠤᠯᠤᠨ ᠪᠤᠷᠤᠯᠠᠭᠤᠯᠬᠤ ᠲᠦᠰᠦᠯ ᠢ ᠪᠦᠲᠦᠭᠡᠨ ᠪᠠᠶᠢᠭᠤᠯᠵᠤ ᠦᠢᠯᠡᠳᠪᠦᠷᠢᠯᠡᠯ ᠳᠤ ᠤᠷᠤᠭᠤᠯᠬᠤ ᠶᠢ ᠶᠡᠬᠡᠪᠡᠷ | ᠠᠬᠢᠭᠤᠯᠤᠨ᠎ᠠ᠃ ᠫᠢᠩ ᠭᠦ᠋ ᠸᠧᠢ ᠱᠢ ᠶᠤᠸᠠᠨ ᠺᠤᠮᠫᠠᠨᠢ ᠪᠤᠯᠤᠨ ᠮᠠᠨ ᠤ ᠰᠢᠶᠠᠨ ᠤ ᠳ᠋ᠧ ᠢ ᠢᠳᠡᠭᠡᠨ ᠤ ᠺᠤᠮᠫᠠᠨᠢ | ᠠᠮᠲᠠ ᠤᠷᠤᠭᠤᠯᠵᠤ ᠡᠳ᠋ ᠬᠤᠷᠰᠢᠨ ᠦᠢᠯᠡᠳᠪᠦᠷᠢᠯᠡᠬᠦ ᠲᠦᠰᠦᠯ` ᠤᠨ ᠨᠠᠶᠢᠳᠠᠪᠤᠷᠢᠵᠢᠬᠤ ᠶᠢ ᠬᠠᠪᠰᠤᠷᠤᠨ ᠲᠦᠯᠬᠢᠨ | ᠠᠬᠢᠭᠤᠯᠤᠨ᠎ᠠ᠃ ᠡᠾᠧᠪᠸᠢ ᠴᠢᠶᠠᠨ ᠰᠢᠨ ᠮᠠᠯᠵᠢᠯ ᠤᠨ ᠬᠤᠪᠢᠴᠠᠭᠠᠳᠤ ᠬᠢᠵᠠᠭᠠᠷ ᠲᠠᠢ ᠺᠤᠮᠫᠠᠨᠢ ᠮᠢᠬᠠᠨ ᠲᠠᠬᠢᠶ᠎ᠠ | ᠲᠡᠵᠢᠭᠡᠨ ᠦᠷᠡᠵᠢᠭᠦᠯᠬᠦ᠂ ᠳᠤᠮᠳᠠᠳᠤ ᠤᠯᠤᠰ ᠤᠨ ᠦᠨᠳᠦᠰᠦᠲᠡᠨ ᠤ ᠠᠵᠤ ᠠᠬᠤᠢ ᠶᠢᠨ ᠬᠦᠭᠵᠢᠯᠲᠡ ᠶᠢᠨ | ᠶᠡᠷᠦᠩᠬᠡᠢ ᠺᠤᠮᠫᠠᠨᠢ ︽ᠱᠢ ᠶᠢᠨ ᠴᠠᠬᠠᠷ︾ ᠲᠠᠷᠢᠶᠠᠨ ᠬᠦᠷᠢᠶᠡᠯᠡᠩ ᠤᠨ ᠨᠡᠶᠢᠯᠡᠭ ᠪᠡᠶᠡᠲᠦ ᠵᠡᠷᠭᠡ ᠲᠦᠰᠦᠯ ᠢ | ᠮᠦᠷᠳᠡᠨ᠎ᠡ᠃ | ᠰᠢᠨ᠎ᠡ ᠮᠠᠲ᠋ᠧᠷᠢᠶᠠᠯ ᠠᠵᠤ ᠦᠢᠯᠡᠰ ᠤᠨ ᠭᠤᠤᠯᠳᠠᠭ᠎ᠠ ᠲᠠᠢ ᠲᠦᠰᠦᠯ ᠢ ᠰᠠᠶᠢᠲᠤᠷ ᠠᠳᠬᠤᠨ᠎ᠠ᠃ ᠺᠠᠢ | ᠶᠢᠨ᠂ ᠡᠾᠧᠩ ᠱᠧᠩ᠂ ᠡᠾᠧᠩ ᠺᠧ ᠪᠤᠯᠤᠨ ᠹᠧᠩ ᠶᠠᠨ ᠵᠢᠶᠤᠤ ᠯᠢᠲ᠋ᠠᠢ ᠢᠶᠤᠨᠳᠤ ᠳ᠋ᠢᠶᠠᠨ ᡂᠢ ᠶᠢᠨ ᠪᠢᠯᠢᠭ | ᠲᠦᠢᠯ ᠤᠨ ᠮᠠᠲ᠋ᠧᠷᠢᠶᠠᠯ ᠤᠨ ᠲᠦᠰᠦᠯ ᠢ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠡᠾᠧᠨᠠᠨ ᠤ ᠹᠦ᠋ | ᠰᠢᠶᠠᠩ ᠯᠢᠲ᠋ᠠᠢ ᠢᠶᠤᠨᠲᠤ ᠳ᠋ᠢᠶᠠᠨ ᡂᠢ ᠶᠢᠨ ᠪᠢᠯᠢᠭ ᠲᠦᠷᠦᠯ ᠤᠨ ᠮᠠᠲ᠋ᠧᠷᠢᠶᠠᠯ ᠶᠢᠨ ᠨᠠᠶᠢᠳᠠᠪᠤᠷᠢᠵᠢᠨ ᠪᠦᠲᠦᠭᠡᠨ | ᠪᠠᠶᠢᠭᠤᠯᠤᠭᠳᠠᠬᠤ ᠶᠢ ᠲᠡᠮᠡᠴᠡᠵᠦ᠂ ᠵᠢᠯ ᠤᠨ ᠤᠨᠤᠯᠲᠠ ᠪᠠᠨ8 ᠲᠦᠮᠡᠨ ᠲᠤᠨ ᠠᠴᠠ ᠲᠡᠭᠡᠭᠰᠢ ᠳᠤ ᠬᠦᠷᠭᠡᠬᠦ ᠪᠠᠷ | ᠴᠢᠷᠮᠠᠶᠢᠵᠤ᠂ ᠯᠢᠲ᠋ᠠᠢ ᠢᠶᠤᠨᠲᠤ ᠳ᠋ᠢᠶᠠᠨ ᡂᠢ ᠶᠢᠨ ᠪᠢᠯᠢᠭ ᠲᠦᠷᠦᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠠᠶᠢᠭᠤᠯᠤᠨ᠎ᠠ᠃ ᠲᠤᠩ ᠱᠧᠩ ᠴᠠᠬᠢᠭᠤᠷᠲᠤ ᠬᠦᠴᠢᠯ ᠤᠨ ᠲᠤᠭᠤᠯᠭᠠᠨ ᠰᠢᠷᠬᠡᠭ ᠤᠨ ᠵᠡᠭᠦᠨ | ᠬᠠᠳᠬᠤᠮᠠᠯ ᠳᠠᠩᠰᠠ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠷ ᠳᠤᠯᠠᠭᠠᠨ ᠤ ᠬᠠᠯᠠᠭᠤᠨ ᠠᠴᠠ ᠬᠠᠮᠠᠭᠠᠯᠬᠤ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠶᠢ ᠪᠠᠶᠢᠭᠤᠯᠤᠨ᠎ᠠ᠃ ᠪᠠ ᠲᠠᠢ ᠡᠮᠨᠡᠯᠭᠡ ᠶᠢᠨ ᠲᠦᠭᠦᠷᠦᠮᠵᠢ | ᠂ ᠡᠾᠧᠩ ᠳ᠋ᠧ ᠺᠠᠩ ᠡᠮᠨᠡᠯᠭᠡ ᠶᠢᠨ ᠰᠢᠨᠵᠢᠯᠡᠬᠦ ᠮᠡᠷᠭᠡᠵᠢᠯ᠂ ᠲᠢᠶᠠᠨ ᠬᠤᠩ ᠡᠮ ᠡᠮᠨᠡᠯᠭᠡ ᠵᠡᠷᠭᠡ ᠡᠮᠴᠢᠯᠡᠭᠡᠨ ᠤ | ᠮᠠᠰᠢᠨ ᠪᠠᠭᠠᠵᠢ ᠵᠢᠴᠢ ᠨᠢᠭᠡ ᠤᠳᠠᠭ᠎ᠠ ᠶᠢᠨ ᠪᠺᠲ᠋ᠧᠷᠢ ᠦᠭᠡᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠲᠦᠰᠦᠯ ᠤᠨ | ᠡᠷᠲᠡ ᠰᠢᠭ ᠨᠠᠶᠢᠳᠠᠪᠤᠷᠢᠵᠢᠨ ᠦᠢᠯᠡᠳᠪᠦᠷᠢᠯᠡᠬᠦ ᠶᠢ ᠢᠳᠡᠪᠬᠢ ᠲᠦᠯᠬᠢᠨ ᠠᠬᠢᠭᠤᠯᠵᠤ᠂ ᠡᠮᠴᠢᠯᠡᠭᠡᠨ ᠤ ᠮᠠᠰᠢᠨ | ᠪᠠᠭᠠᠵᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠾᠩ ᠺᠧ ᠴᠡᠷᠢᠭ ᠠᠷᠠᠳ ᠤᠨ ᠬᠤᠶᠠᠷ | ᠬᠡᠷᠡᠭᠯᠡᠭᠡᠨ ᠤ ᠤᠨᠴᠠ ᠲᠦᠷᠦᠯ ᠤᠨ ᠸᠠᠭᠠᠷ ᠱᠠᠭᠠᠵᠠᠩ᠂ ᠬᠤᠸᠠ ᠰᠢᠨ ᠴᠤᠯ ᠴᠠᠬᠢᠭᠤᠷ ᠤᠨ ᠬᠤᠶᠠᠳᠤᠭᠠᠷ | ᠬᠤᠭᠤᠴᠠᠭ᠎ᠠ ᠵᠢᠴᠢ ᠱᠧᠩ ᠴᠢᠩ ᠴᠡᠪᠡᠷᠰᠢᠭᠦᠯᠦᠭᠰᠡᠨ ᠤᠰᠤᠨ ᠤ ᠲᠦᠭᠦᠷᠦᠮᠵᠢ ᠶᠢᠨ ᠲᠦᠰᠦᠯ ᠢ ᠵᠢᠯ ᠤᠨ | ᠳᠤᠲᠤᠷ᠎ᠠ ᠪᠠᠶᠢᠭᠤᠯᠤᠨ ᠦᠢᠯᠡᠳᠪᠦᠷᠢᠯᠡᠬᠦ ᠪᠠᠷ ᠲᠡᠮᠡᠴᠡᠵᠦ᠂ ᠵᠢᠶᠠ ᠲᠠᠢ ᠠᠵᠤ ᠦᠢᠯᠡᠰ ᠤᠨ ᠨᠡᠶᠢᠭᠡᠮ ᠤᠨ | ᠪᠦᠲᠦᠭᠡᠭᠳᠡᠭᠦᠨ ᠦᠢᠯᠡᠳᠪᠦᠷᠢᠯᠡᠬᠦ᠂ ᠼᠤᠤ ᠵᠸᠦ ᠬᠤᠤ ᠮᠠᠨ ᠡᠷᠡᠭᠦᠯ ᠬᠠᠮᠠᠭᠠᠯᠠᠯ ᠤᠨ ᠴᠡᠪᠡᠷ ᠬᠡᠷᠡᠭᠰᠡᠯ ᠵᠡᠷᠭᠡ | ᠲᠦᠰᠦᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠰᠢ ᠵᠢᠶᠠ ᠵᠤᠸᠠᠩ ᠺᠧ | ᠱᠠᠩ ᠸᠠᠭᠠᠷ ᠱᠠᠭᠠᠵᠠᠩ ᠨᠡᠪᠴᠡᠭᠦᠯᠦᠯᠲᠡ ᠶᠢᠨ ᠬᠦᠷᠢᠶᠡᠯᠡᠩ ᠵᠡᠷᠭᠡ ᠲᠦᠰᠦᠯ ᠢ ᠰᠢᠨ᠎ᠡ ᠡᠨᠧᠷᠬᠢ ᠠᠵᠤ ᠦᠢᠯᠡᠰ ᠤᠨ | ᠲᠦᠰᠦᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠰᠠᠯᠬᠢᠨ ᠬᠦᠴᠦᠨ ᠤ ᠴᠠᠬᠢᠯᠭᠠᠨ ᠤ ᠠᠵᠦ | ᠦᠢᠯᠡᠰ ᠢ ᠯᠠᠪᠳᠠᠭᠤᠨ ᠬᠦᠭᠵᠢᠭᠦᠯᠵᠦ᠂ ᠰᠠᠨ ᠰᠢᠶᠠ ᠡᠨᠧᠷᠬᠢ ᠶᠢᠨ50 ᠲᠦᠮᠡᠨ ᠮᠢᠩᠭᠠᠨ ᠸᠠᠲ ᠳᠤᠤᠷ᠎ᠠ ᠦᠨ᠎ᠡ | ᠪᠠᠷ ᠰᠦᠯᠵᠢᠶᠡᠨ ᠳᠤ ᠭᠠᠷᠬᠤ ᠰᠠᠯᠬᠢᠨ ᠬᠦᠴᠦᠨ ᠤ ᠴᠠᠬᠢᠯᠭᠠᠨ ᠤ ᠲᠦᠰᠦᠯ ᠤᠨ ᠨᠠᠶᠢᠳᠠᠪᠤᠷᠢᠵᠢᠨ ᠬᠡᠷᠡᠭᠵᠢᠭᠦᠯᠬᠦ ᠶᠢ | ᠲᠦᠯᠬᠢᠨ ᠠᠬᠢᠭᠤᠯᠵᠤ᠂ ᠤᠯᠠᠭᠠᠨᠴᠠᠪ ᠬᠤᠲᠠ ᠶᠢᠨ200 ᠲᠦᠮᠡᠨ ᠮᠢᠩᠭᠠᠨ ᠸᠠᠲ ᠳᠤᠤᠷ᠎ᠠ ᠦᠨ᠎ᠡ ᠪᠠᠷ | ᠰᠦᠯᠵᠢᠶᠠᠨ ᠳᠤ ᠭᠠᠷᠬᠤ ᠰᠠᠯᠬᠢᠨ ᠬᠦᠴᠦᠨ ᠤ ᠴᠠᠬᠢᠯᠭᠠᠨ ᠤ ᠲᠦᠰᠦᠯ ᠤᠨ ᠮᠠᠨ ᠤ ᠰᠢᠶᠠᠨ ᠤ ᠡᠷᠦᠭᠡ ᠳᠤ | ᠨᠠᠶᠢᠳᠠᠪᠤᠷᠢᠵᠢᠬᠤ ᠶᠢ ᠲᠡᠮᠡᠴᠡᠨ᠎ᠡ᠃ ︽ᠭᠡᠷᠡᠯ ᠸᠤᠯᠲ + ᠲᠠᠷᠢᠶᠠᠯᠠᠩ ᠮᠠᠯ ᠠᠵᠤ ᠠᠬᠤᠢ + ᠶᠠᠳᠠᠭᠤ ᠶᠢ ᠲᠡᠳᠭᠦᠬᠦ | ︾ ᠬᠡᠪ ᠵᠠᠭᠪᠤᠷ ᠶᠢ ᠢᠳᠡᠪᠬᠢ ᠳᠡᠯᠭᠡᠷᠡᠭᠦᠯᠦᠨ ᠠᠬᠢᠭᠤᠯᠵᠤ᠂ ᠲᠤᠰᠬᠤᠨ ᠤ ᠳᠡᠰ ᠤᠨ ᠭᠡᠷᠡᠯ ᠸᠤᠯᠲ ᠶᠠᠳᠠᠭᠤ ᠶᠢ | ᠲᠡᠳᠭᠦᠬᠦ ᠴᠠᠬᠢᠯᠭᠠᠨ ᠦᠷᠳᠡᠭᠡ ᠨᠢᠭᠡᠳᠦᠭᠡᠷ ᠪᠦᠯᠦᠭ19.3 ᠰᠠᠶ᠎ᠠ ᠸᠠᠲ ᠪᠠ ᠬᠤᠶᠠᠳᠤᠭᠠᠷ ᠪᠦᠯᠦᠭ25.36 ᠰᠠᠶ᠎ᠠ | ᠸᠠᠲ ᠲᠦᠰᠦᠯ ᠢ ᠵᠢᠯ ᠤᠨ ᠳᠤᠲᠤᠷ᠎ᠠ ᠪᠠᠶᠢᠭᠤᠯᠤᠨ ᠴᠠᠬᠢᠯᠭᠠᠨ ᠭᠠᠷᠭᠠᠬᠤ ᠶᠢ ᠪᠠᠲᠤᠯᠠᠵᠤ᠂ ᠦᠪᠦᠷ ᠮᠤᠩᠭᠤᠯ ᠤᠨ | ᠱᠠᠨ ᠯᠦ ᠺᠤᠮᠫᠠᠨᠢ100 ᠲᠤᠰᠬᠠᠨ ᠳᠤ500 ᠰᠠᠶ᠎ᠠ ᠸᠠᠲ ᠲᠤᠤᠷ᠎ᠠ ᠦᠨ᠎ᠡ ᠪᠠᠷ ᠰᠦᠯᠵᠢᠶᠡᠨ ᠳᠤ ᠭᠠᠷᠬᠤ ᠭᠡᠷᠡᠯ | ᠸᠤᠯᠲᠠ ᠴᠠᠬᠢᠯᠭᠠᠨ ᠦᠷᠳᠡᠭᠡ ᠶᠢᠨ ᠲᠦᠳᠰᠦᠯ ᠢ ᠪᠠᠶᠢᠭᠤᠯᠬᠤ ᠶᠢ ᠢᠳᠡᠪᠬᠢ ᠲᠦᠯᠬᠢᠨ ᠠᠬᠢᠭᠤᠯᠵᠤ᠂ ᠵᠢᠯ ᠤᠨ | ᠳᠤᠲᠤᠷ᠎ᠠ300 ᠰᠠᠶ᠎ᠠ ᠸᠠᠲ ᠪᠦᠲᠦᠭᠡᠨ ᠪᠠᠶᠢᠭᠤᠯᠬᠤ ᠪᠠᠷ ᠲᠡᠮᠡᠴᠡᠨ᠎ᠡ᠃ ᠡᠭᠦᠨ ᠤ ᠵᠡᠷᠭᠡᠪᠡᠷ᠂ ᠡᠾᠧᠩ ᠡᠾᠦᠢ | ᠴᠠᠬᠢᠯᠭᠠᠨ ᠬᠤᠯᠪᠤᠭᠠᠨ ᠤ ᠦᠢᠯᠡᠳᠪᠦᠷᠢ ᠶᠢᠨ ᠬᠤᠶᠢᠰᠢᠲᠠ ᠶᠢᠨ ᠢᠨᠵᠨᠧᠷᠢᠭ᠂ ᠶᠧ ᠵᠤᠤ ᠠᠭᠤᠷᠬᠠᠢ ᠶᠢᠨ ᠬᠠᠯᠠᠭᠤᠨ | ᠲᠤᠭᠤᠭᠠᠨ ᠤ ᠰᠡᠭᠦᠯ ᠤᠨ ᠬᠢ ᠶᠢ ᠬᠠᠯᠠᠭᠤᠯᠤᠨ ᠳᠠᠬᠢᠨ ᠬᠤᠷᠢᠶᠠᠨ ᠠᠪᠤᠨ ᠬᠡᠷᠡᠭᠯᠡᠬᠦ ᠵᠢᠴᠢ ᠳ᠋ᠠ ᠬᠠᠢ ᠪᠦᠯᠦᠭᠯᠡᠯ | ᠤᠨ ᠭᠡᠷᠡᠯ ᠸᠤᠯᠲ ᠬᠠᠪᠲᠠᠰᠤ ᠶᠢᠨ ᠲᠤᠨᠤᠭ ᠤᠨ ᠦᠢᠯᠡᠳᠪᠦᠷᠢ ᠶᠢᠨ ᠲᠦᠰᠦᠯ ᠢ ᠪᠠᠶᠢᠭᠤᠯᠬᠤ ᠶᠢ ᠰᠠᠶᠢᠲᠤᠷ | ᠠᠳᠬᠤᠵᠤ᠂ ᠵᠢᠯ ᠤᠨ ᠲᠤᠳᠤᠷ᠎ᠠ ᠪᠠᠶᠢᠭᠤᠯᠤᠨ ᠪᠤᠷᠤᠯᠠᠭᠤᠯᠬᠤ ᠪᠠᠷ ᠲᠠᠮᠡᠴᠡᠨᠡ᠃ | ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠤᠨ ᠲᠦᠰᠦᠯ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠰᠤᠶᠤᠯ ᠤᠨ ᠵᠢᠭᠤᠯᠴᠢᠯᠠᠯ ᠪᠦᠳᠦᠭᠦᠨ ᠭᠤᠤᠯ ᠤᠨ ᠤᠰᠤᠨ ᠠᠰᠢᠭᠯᠠᠯᠲᠠ ᠶᠢᠨ ᠦᠵᠡᠮᠵᠢ | ᠶᠢᠨ ᠤᠷᠤᠨ ᠤ ᠶᠡᠭᠡ ᠬᠡᠯᠪᠡᠷᠢ ᠶᠢᠨ ᠵᠤᠭᠠᠯᠠᠬᠤ ᠭᠠᠵᠠᠷ ᠴᠡᠴᠡᠷᠯᠢᠭ ᠤᠨ ᠲᠦᠰᠦᠯ ᠤᠨ ᠪᠦᠲᠦᠭᠡᠨ ᠪᠠᠶᠢᠭᠤᠯᠤᠯᠲᠠ | ᠶᠢ ᠲᠦᠯᠬᠢᠨ ᠠᠬᠢᠭᠤᠯᠵᠤ᠂4A ᠳᠡᠰ ᠤᠨ ᠦᠵᠡᠮᠵᠢ ᠶᠢᠨ ᠤᠷᠤᠨ ᠢ ᠪᠠᠶᠢᠭᠤᠯᠬᠤ ᠪᠠᠷ ᠲᠡᠮᠡᠴᠡᠨ᠎ᠡ᠃ ᠡᠨᠡ ᠬᠤᠤ | ᠠᠮᠢ ᠠᠬᠤᠢ ᠶᠢᠨ ᠬᠦᠷᠢᠶᠡᠯᠡᠩ ᠤᠨ3A ᠳᠡᠰ ᠤᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠶᠢ ᠲᠦᠯᠬᠢᠨ | ᠠᠬᠢᠭᠤᠯᠵᠤ᠂ ᠳ᠋ᠠ ᠱᠢ ᠵᠢᠶᠠ ᠦᠪᠡᠷᠲᠡᠭᠡᠨ ᠵᠠᠰᠠᠬᠤ ᠤᠷᠤᠨ ᠤ ᠳᠡᠰ ᠤᠨ ᠭᠧᠯᠤᠬᠢ ᠤᠨ ᠴᠡᠴᠡᠷᠯᠢᠭ ᠪᠠ ᠴᠢ | ᠲᠠᠢ—— ᠰᠢᠶᠤᠤ ᠬᠠᠢ ᠽᠢ ᠤᠷᠴᠢᠮ ᠤᠨ ᠭᠠᠵᠠᠷ ᠤᠨ ᠢᠯᠴᠢ ᠶᠢᠨ ᠪᠠᠶᠠᠯᠢᠭ ᠨᠦᠬᠡᠴᠡ ᠢ ᠠᠰᠢᠭᠯᠠᠬᠤ | ᠲᠦᠰᠦᠯ ᠢ ᠢᠳᠡᠪᠬᠢ ᠨᠡᠭᠡᠭᠡᠨ᠎ᠡ᠃ ᠤᠨᠴᠠᠯᠢᠭᠲᠤ ᠪᠠᠭ᠎ᠠ ᠪᠠᠯᠭᠠᠰᠤ ᠪᠦᠲᠦᠭᠡᠨ ᠪᠠᠶᠢᠭᠤᠯᠬᠤ ᠳᠤ ᠲᠦᠰᠢᠭᠯᠡᠨ᠂ | ᠰᠢᠶᠠᠩ ᠲᠤᠰᠬᠤᠨ ᠤ ᠵᠢᠭᠤᠯᠠᠴᠢᠯᠠᠯ᠂ ᠮᠠᠯᠴᠢᠨ ᠤ ᠭᠡᠷ ᠤᠨ ᠵᠢᠭᠤᠯᠠᠴᠢᠯᠠᠯ ᠢ ᠴᠢᠷᠮᠠᠶᠢᠨ ᠪᠠᠶᠢᠭᠤᠯᠤᠨ᠎ᠠ᠃ | ᠵᠢᠭᠤᠯᠠᠴᠢᠯᠠᠯ ᠤᠨ ᠤᠬᠠᠭᠤᠯᠭ᠎ᠠ ᠶᠢᠨ ᠡᠷᠴᠢᠮ ᠢ ᠶᠡᠬᠡᠳᠭᠡᠵᠦ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ | ᠱᠠᠩᠳᠤ ᠶᠢᠨ ᠲᠦᠮᠦᠰᠦᠨ ᠠᠮᠲᠠᠲᠤ ᠢᠳᠡᠭᠡᠨ ᠤ ᠬᠦᠳᠡᠯᠭᠡᠭᠡᠨ ᠵᠡᠷᠭᠡ ᠶᠢ ᠰᠠᠶᠢᠲᠤᠷ ᠶᠠᠪᠤᠭᠳᠠᠭᠤᠯᠤᠨ᠎ᠠ᠃ | ᠡᠯᠧᠺᠲᠷᠤᠨ ᠬᠤᠳᠠᠯᠳᠤᠭ᠎ᠠ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠰᠢᠰᠲ᠋ᠧᠮ ᠢ ᠪᠦᠲᠦᠭᠡᠨ | ᠪᠠᠶᠢᠭᠤᠯᠬᠤ ᠲᠦᠰᠦᠯ ᠪᠠᠷ ᠪᠠᠷᠢᠴᠠ ᠪᠤᠯᠭᠠᠨ᠂ ᠡᠯᠧᠺᠲᠷᠤᠨ ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡᠨ ᠤ | ᠲᠦᠪ ᠪᠠ 91 ᠲᠤᠰᠬᠤᠨ ᠤ ᠳᠡᠰ ᠤᠨ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠦᠷᠲᠡᠭᠡ ᠶᠢᠨ | ᠠᠵᠢᠯᠯᠠᠬᠤ ᠴᠢᠨᠰᠠᠭ᠎ᠠ ᠶᠢ ᠴᠢᠨᠠᠭᠰᠢᠲᠠ ᠳᠡᠭᠡᠭᠰᠢᠯᠡᠭᠦᠯᠵᠦ᠂ ᠤᠯᠤᠰ ᠤᠨ ᠡᠯᠧᠺᠲᠷᠤᠨ ᠬᠤᠳᠠᠯᠳᠤᠭ᠎ᠠ ᠬᠦᠳᠡᠭᠡ | ᠲᠤᠰᠬᠤᠨ ᠤ ᠵᠢᠱᠢᠶ᠎ᠡ ᠦᠵᠡᠭᠦᠯᠬᠦ ᠰᠢᠶᠠᠨ ᠳᠤ ᠤᠷᠤᠨ ᠪᠦᠲᠦᠭᠡᠨ ᠪᠠᠶᠢᠭᠤᠯᠬᠤ ᠦᠷ᠎ᠡ ᠪᠦᠲᠦᠮᠵᠢ ᠶᠢ ᠪᠠᠲᠦ ᠪᠠᠬᠢ | ᠳᠡᠭᠡᠭᠰᠢᠯᠡᠭᠦᠯᠦᠨ᠎ᠡ᠃ ᠬᠤᠳᠠᠯᠳᠤᠭ᠎ᠠ ᠠᠷᠠᠯᠵᠢᠶ᠎ᠠ ᠪᠠᠷᠠᠭᠠᠨ ᠤ ᠤᠷᠤᠰᠬᠠᠯ ᠬᠠᠳᠠᠭᠠᠯᠠᠯᠲᠠ ᠶᠢᠨ ᠲᠦᠭᠦᠷᠤᠮᠵᠢ ᠪᠠ | ᠪᠠᠷᠠᠭᠠᠨ ᠤ ᠤᠷᠤᠰᠬᠠᠯ ᠤᠨ ᠰᠤᠩᠭᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠴᠢᠩᠭ᠎ᠠ ᠤᠷᠢᠶᠠᠨ᠂ ᠪᠡᠭᠡᠵᠢᠩ | ᠤᠨ ᠨᠦᠩ ᠲᠸᠦ ᠢᠳᠡᠭᠡᠨ ᠤ ᠮᠠᠲ᠋ᠧᠷᠢᠶᠠᠯ ᠤᠨ ᠰᠤᠷᠭᠤᠭ ᠪᠤᠷᠤᠯᠠᠭᠤᠯᠤᠯᠲᠠ᠂ ᠮᠢᠩ ᠺᠦᠨ ᠨᠢᠭᠡ ᠲᠦᠮᠡᠨ ᠺᠦᠪ | ᠮᠧᠲᠷ ᠲᠤᠰᠤᠨ ᠬᠦᠮᠦᠷᠭᠡ ᠵᠡᠷᠭᠡ7 ᠭᠤᠤᠯᠳᠠᠭ᠎ᠠ ᠲᠠᠢ ᠪᠦᠲᠦᠭᠡᠨ ᠪᠠᠶᠢᠭᠤᠯᠬᠤ ᠲᠦᠰᠦᠯ ᠢ ᠲᠦᠯᠬᠢᠨ ᠠᠬᠢᠭᠤᠯᠵᠤ᠂ | ᠪᠦᠬᠦ3.6 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠲᠤᠰ ᠵᠢᠯ ᠳᠤ2.1 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠬᠦ ᠲᠦᠯᠦᠪᠯᠡᠯᠭᠡ ᠲᠠᠢ᠃ | ︵ᠭᠤᠷᠪᠠ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠲᠦᠪᠯᠡᠷᠡᠭᠦᠯᠵᠦ᠂ ᠴᠢᠨᠰᠠᠭ᠎ᠠ ᠰᠠᠶᠢᠲᠠᠢ ᠬᠦᠭᠵᠢᠯᠲᠡ ᠶᠢᠨ ᠰᠠᠭᠤᠷᠢ ᠶᠢ ᠰᠠᠶᠢᠲᠤᠷ ᠬᠢᠨ᠎ᠡ᠃ | ᠲᠠᠷᠢᠶᠠᠯᠠᠩ ᠮᠠᠯᠵᠢᠯ ᠤᠨ ᠬᠠᠩᠭᠠᠯᠲᠠ ᠶᠢᠨ ᠪᠦᠲᠦᠴᠡ ᠶᠢᠨ ᠴᠢᠨᠠᠷ ᠲᠠᠢ ᠦᠭᠡᠷᠡᠴᠢᠯᠡᠯᠲᠠ ᠶᠢ | ᠭᠦᠨᠵᠡᠭᠡᠶᠢᠷᠡᠭᠦᠯᠦᠨ᠎ᠡ᠃ ᠴᠤᠬᠠᠭ ᠪᠠ ᠪᠤᠬᠢᠷᠳᠤᠯ ᠦᠭᠡᠢ ᠰᠢᠯᠢᠳᠡᠭ ᠴᠢᠨᠰᠠᠭ᠎ᠠ ᠲᠠᠢ ᠲᠠᠷᠢᠶᠠᠯᠠᠩ ᠤᠨ | ᠪᠦᠲᠦᠭᠡᠭᠳᠡᠬᠦᠨ ᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠨ᠂ ᠦᠢᠯᠡᠳᠪᠦᠷᠢᠯᠡᠬᠦ ᠪᠤᠯᠤᠨ ᠵᠠᠬ᠎ᠠ ᠳᠡᠯᠭᠡᠭᠦᠷ ᠤᠨ | ᠬᠠᠷᠢᠴᠠᠭ᠎ᠠ ᠶᠢ ᠵᠤᠬᠢᠰᠲᠠᠢ ᠡᠷᠬᠡᠰᠢᠶᠡᠵᠦ᠂ ᠲᠠᠷᠢᠶᠠᠯᠠᠩ ᠤᠨ ᠲᠠᠷᠢᠵᠤ ᠤᠷᠭᠤᠭᠤᠯᠬᠤ ᠪᠦᠲᠦᠴᠡ ᠶᠢ ᠡᠷᠴᠢᠮᠲᠡᠢ | ᠲᠤᠬᠢᠷᠠᠭᠤᠯᠤᠨ ᠰᠢᠯᠢᠳᠡᠭᠵᠢᠭᠦᠯᠦᠨ᠎ᠡ᠃ ᠰᠡᠯᠭᠦᠵᠦ ᠡᠭᠡᠯᠵᠢᠯᠡᠨ ᠲᠠᠷᠢᠬᠤ ᠲᠦᠰᠦᠯ ᠤᠨ ᠪᠡᠯᠡ ᠮᠦᠩᠭᠦ ᠶᠢ ᠢᠳᠡᠪᠬᠢ | ᠲᠡᠮᠡᠴᠡᠵᠦ᠂ ᠵᠤᠬᠢᠰᠲᠠᠢ ᠰᠤᠩᠭᠤᠨ ᠰᠢᠨᠵᠢᠯᠡᠬᠦ ᠤᠬᠠᠭᠠᠨᠴᠢ ᠡᠬᠡᠯᠵᠢᠯᠡᠨ ᠲᠠᠷᠢᠬᠤ ᠤᠷᠭᠤᠮᠠᠯ ᠤᠨ ᠬᠠᠷᠢᠴᠠᠯ ᠢ | ᠶᠡᠬᠡᠳᠬᠡᠵᠦ᠂ ᠳᠠᠬᠢᠨᠲᠠ ᠡᠭᠡᠯᠵᠢᠯᠡᠨ ᠲᠠᠷᠢᠵᠤ ᠤᠷᠭᠤᠭᠤᠯᠬᠤ ᠲᠠᠯᠠᠪᠠᠢ ᠶᠢ ᠪᠠᠭᠠᠰᠬᠠᠵᠤ᠂ ᠲᠠᠷᠢᠶᠠᠯᠠᠩ ᠮᠠᠯᠵᠢᠯ | ᠰᠢᠨᠵᠢᠯᠡᠭᠡ ᠮᠡᠷᠭᠡᠵᠢᠯ ᠢᠶᠠᠷ ᠳᠡᠯᠭᠡᠷᠡᠭᠦᠯᠬᠦ ᠶᠢ ᠬᠡᠷᠡᠭᠯᠡᠬᠦ ᠡᠷᠴᠢᠮ ᠢ ᠳᠡᠭᠡᠭᠰᠢᠯᠡᠭᠦᠯᠵᠦ᠂ ᠤᠷᠭᠤᠮᠠᠯ ᠤᠨ ᠨᠢᠭᠡᠴᠢ ᠶᠢᠨ | ᠤᠨᠤᠯᠲᠠ ᠪᠠ ᠭᠠᠵᠠᠷ ᠰᠢᠷᠤᠢ ᠶᠢᠨ ᠭᠠᠷᠭᠠᠯᠲᠠ ᠶᠢᠨ ᠪᠦᠲᠦᠭᠡᠮᠵᠢ ᠶᠢ ᠯᠠᠪᠳᠠᠭᠤᠨ ᠳᠡᠭᠡᠭᠰᠢᠯᠡᠭᠦᠯᠦᠨ᠎ᠡ᠃ ᠮᠠᠨ ᠤ | ᠬᠤᠲᠠ ᠶᠢᠨ ᠲᠦᠮᠦᠰᠦ ᠪᠠᠷ ᠭᠤᠤᠯ ᠠᠮᠤ ᠪᠤᠳᠠᠭᠠᠵᠢᠭᠤᠯᠬᠤ ᠪᠦᠬᠦ ᠤᠯᠤᠰ ᠤᠨ ᠲᠤᠷᠰᠢᠯᠲᠡ ᠶᠢᠨ ᠭᠠᠵᠠᠷ | ᠪᠤᠯᠤᠭᠰᠠᠨ ᠤ ᠳᠤᠬᠢᠶᠠᠯ ᠢ ᠵᠠᠪᠳᠤᠵᠤ᠂ ︽ᠳᠤᠮᠳᠠᠳᠤ ᠤᠯᠤᠰ ᠤᠨ ᠲᠦᠮᠦᠰᠦᠨ ᠤ ᠠᠵᠦ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠤᠨ ᠪᠷᠧᠨ᠋ᠳ᠋ ᠤᠨ ᠦᠷ᠎ᠡ ᠨᠦᠯᠦᠭᠡ ᠶᠢ ᠳᠡᠭᠡᠭᠰᠢᠯᠡᠭᠦᠯᠵᠦ᠂ ᠡᠭᠦᠯᠳᠡᠷ ᠰᠤᠩᠭᠤᠨ | ᠪᠤᠶᠢᠵᠢᠭᠤᠯᠬᠤ᠂ ᠳᠡᠯᠭᠡᠷᠡᠭᠦᠯᠦᠨ ᠲᠠᠷᠢᠵᠤ ᠤᠷᠭᠤᠯᠬᠤ᠂ ᠦᠢᠯᠡᠳᠪᠦᠷᠢᠯᠡᠨ ᠪᠤᠷᠤᠯᠠᠭᠤᠯᠬᠤ ᠪᠠ ᠵᠠᠬ᠎ᠠ ᠳᠡᠯᠭᠡᠭᠦᠷ ᠤᠨ | ᠵᠠᠷᠤᠳᠠᠯ ᠵᠡᠷᠭᠡ ᠲᠠᠯ᠎ᠠ ᠪᠠᠷ, ᠲᠦᠮᠦᠰᠦᠨ ᠤ ᠠᠵᠤ ᠦᠢᠯᠡᠰ ᠤᠨ ᠬᠦᠭᠵᠢᠯᠲᠠ ᠶᠢᠨ ᠪᠤᠭᠤᠮᠠᠢ ᠬᠢᠵᠠᠭᠠᠷᠯᠠᠯ ᠢ ᠪᠦᠬᠦ | ᠲᠠᠯ᠎ᠠ ᠪᠠᠷ ᠰᠤᠳᠤᠯᠤᠨ ᠰᠢᠢᠳᠪᠦᠷᠢᠯᠡᠵᠦ᠂ ᠰᠢ ᠱᠧᠨ ᠲᠦᠮᠦᠰᠦᠨ ᠲᠠᠷᠢᠮᠠᠯ ᠤᠨ ᠦᠢᠯᠡᠰ ᠤᠨ ᠬᠢᠵᠠᠭᠠᠷ ᠲᠠᠢ | ᠺᠤᠮᠫᠠᠨᠢ ᠶᠢᠨ ᠤᠳᠤᠬᠢᠴᠢᠯᠠᠯᠲᠠ ᠶᠢᠨ ᠲᠠᠷᠢᠵᠤ ᠤᠶᠢᠵᠢᠭᠤᠯᠬᠤ ᠲᠦᠪ᠂ ᠶᠤᠸᠠᠨ ᠶᠤᠸᠠᠨ ᠲᠠᠷᠢᠵᠤ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠰᠦᠯ ᠪᠠ ᠯᠠᠨ ᠸᠧᠢ ᠰᠢ ᠳ᠋ᠦᠨ ᠵᠢᠱᠢᠶ᠎ᠡ | ᠦᠵᠡᠭᠦᠯᠬᠦ ᠲᠠᠷᠢᠶᠠᠯᠠᠩ ᠤᠨ ᠲᠠᠯᠠᠪᠤᠷ ᠤᠨ ᠲᠦᠰᠦᠯ ᠢ ᠳᠡᠮᠵᠢᠵᠦ᠂ ᠲᠦᠮᠦᠰᠦᠨ ᠤ ᠬᠤᠤᠷ ᠲᠠᠶᠢᠯᠠᠨ ᠲᠦᠮᠦᠰᠦ | ᠲᠠᠷᠢᠬᠤ ᠭᠤᠷᠪᠠᠳᠤᠭᠠᠷ ᠳᠡᠰ ᠤᠨ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠲᠤᠰᠬᠠᠢ ᠬᠡᠷᠡᠭᠯᠡᠭᠡᠨ ᠤ ᠲᠦᠮᠦᠰᠦ ᠶᠢᠨ ᠲᠠᠷᠢᠵᠤ ᠤᠷᠭᠤᠭᠤᠯᠬᠤ ᠬᠠᠷᠢᠴᠠᠯ ᠢ ᠳᠡᠭᠡᠭᠰᠢᠯᠡᠭᠦᠯᠵᠦ᠂ | ᠲᠦᠮᠦᠰᠦ ᠲᠠᠷᠢᠬᠤ ᠪᠠ ᠲᠤᠰᠬᠠᠢ ᠬᠡᠷᠡᠭᠯᠡᠭᠡᠨ ᠤ ᠲᠦᠮᠦᠰᠦ ᠶᠢᠨ ᠲᠤᠰ ᠭᠠᠵᠠᠷ ᠤᠨ ᠪᠠᠲᠤᠯᠠᠪᠤᠷᠢ ᠶᠢᠨ ᠴᠢᠳᠠᠯ ᠢ | ᠴᠢᠨᠠᠭᠰᠢᠲᠠ ᠳᠡᠭᠡᠭᠰᠢᠯᠡᠭᠦᠯᠵᠦ᠂ ᠰᠢ ᠱᠧᠨ᠂ ᠯᠠᠨ ᠸᠧᠢ ᠰᠢ ᠳ᠋ᠦᠨ ᠵᠡᠷᠭᠡ ᠲᠦᠮᠦᠰᠦ ᠦᠢᠯᠡᠳᠪᠦᠷᠢᠯᠡᠨ | ᠪᠤᠷᠤᠯᠠᠭᠤᠯᠬᠤ ᠲᠤᠯᠤᠭᠠᠶᠢᠯᠠᠭᠴᠢ ᠠᠵᠤ ᠠᠬᠤᠶᠢᠯᠠᠯ ᠢ ᠬᠦᠴᠦᠷᠭᠡᠭᠵᠢᠭᠦᠯᠵᠦ ᠰᠢᠯᠢᠳᠡᠭᠵᠢᠭᠦᠯᠦᠨ᠂ ᠲᠦᠮᠦᠰᠦᠨ ᠤ | ᠪᠦᠬᠦ ᠠᠵᠤ ᠠᠬᠤᠶᠢᠯᠠᠯ ᠤᠨ ᠬᠡᠯᠬᠢᠶ᠎ᠡ ᠶᠢ ᠲᠦᠷᠭᠡᠨ ᠪᠤᠢ ᠪᠤᠯᠭᠠᠨ᠎ᠠ᠃ ︽ᠨᠢᠭᠡ ᠲᠦᠮᠦᠰᠦ ᠬᠤᠶᠠᠷ ᠨᠤᠭᠤᠭ᠎ᠠ︾ | ᠶᠢᠨ ᠲᠠᠯᠠᠪᠠᠢ ᠶᠢ ᠲᠤᠭᠳᠠᠪᠤᠷᠢᠵᠢᠭᠤᠯᠵᠤ᠂ ᠤᠪᠢᠶᠠᠰᠤ᠂ ᠰᠠᠭᠠᠳ᠂ ᠸᠠᠨᠳ᠋ᠸᠦ ᠵᠡᠷᠭᠡ ᠪᠠᠷ ᠭᠤᠤᠯ ᠪᠤᠯᠭᠠᠭᠰᠠᠨ | ᠡᠯᠳᠡᠪ ᠠᠮᠦ ᠡᠯᠳᠡᠪ ᠪᠤᠷᠴᠠᠭ ᠤᠨ ᠲᠠᠯᠠᠪᠠᠢ ᠶᠢ ᠦᠷᠭᠡᠳᠭᠡᠨ᠎ᠡ᠃ | ᠬᠦᠮᠦᠨ ᠤ ᠰᠠᠭᠤᠬᠤ ᠤᠷᠴᠢᠨ ᠲᠤᠭᠤᠷᠢᠨ ᠢ ᠴᠡᠴᠡᠭᠯᠡᠨ ᠵᠠᠰᠠᠬᠤ ᠶᠢ ᠲᠤᠪᠤᠶᠢᠯᠭᠠᠨ ᠰᠠᠶᠢᠲᠤᠷ ᠠᠳᠬᠤᠨ᠎ᠠ | ᠃ ᠵᠧᠵᠢᠶᠠᠩ ︽ᠮᠢᠩᠭ᠎ᠠ ᠲᠦᠮᠡᠨ ᠢᠨᠵᠨᠧᠷᠢᠭ︾ ᠤᠨ ᠲᠤᠷᠰᠢᠯᠭ᠎ᠠ ᠶᠢ ᠰᠤᠷᠤᠯᠴᠠᠵᠤ᠂ ᠠᠷᠠᠳ ᠤᠯᠠᠨ ᠤ ᠬᠠᠷᠢᠭᠤ | ᠳᠤᠰᠬᠠᠯ ᠪᠠᠷ ᠬᠠᠮᠤᠭ ᠤᠨ ᠬᠦᠴᠦᠲᠡᠢ ᠱᠠᠭᠠᠷᠳᠠᠯᠭ᠎ᠠ ᠪᠠ ᠬᠠᠮᠤᠭ ᠤᠨ ᠲᠤᠯᠭᠠᠮ᠎ᠠ ᠠᠰᠠᠭᠤᠳᠠᠯ ᠪᠠᠷ ᠪᠠᠷᠢᠴᠠ | ᠪᠤᠯᠭᠠᠨ᠂ ᠮᠠᠨ ᠤ ᠰᠢᠶᠠᠨ ᠤ ᠬᠦᠳᠡᠭᠡ ᠲᠤᠰᠬᠤᠨ ᠮᠠᠯᠵᠢᠯ ᠤᠨ ᠤᠷᠤᠨ ᠤ ᠬᠦᠮᠦᠨ ᠤ ᠰᠠᠭᠤᠬᠤ ᠤᠷᠴᠢᠨ | ᠲᠤᠭᠤᠷᠢᠨ ᠢ ᠴᠡᠴᠡᠭᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠲᠦᠯᠦᠪᠯᠡᠯᠭᠡ ᠪᠠᠷ᠂ ᠵᠠᠰᠠᠭ | ᠵᠠᠬᠢᠷᠭᠠᠨ ᠤ ᠲᠤᠰᠬᠤᠨ ᠤ ᠲᠦᠯᠦᠪᠯᠡᠨ ᠵᠤᠬᠢᠶᠠᠬᠤ ᠠᠵᠢᠯ ᠢ ᠪᠦᠬᠦᠨ ᠢ ᠪᠡᠶᠡᠯᠡᠭᠦᠯᠵᠦ᠂ ︽ᠭᠤᠷᠪᠠ ᠴᠡᠪᠡᠷᠯᠡᠨ | ᠨᠢᠭᠡ ᠦᠭᠡᠷᠡᠴᠢᠯᠡᠬᠦ︾ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ︽ᠵᠤᠷᠯᠤᠩ ᠤᠨ ᠬᠤᠪᠢᠰᠬᠠᠯ︾᠂ ᠬᠤᠭ ᠨᠤᠪᠰᠢ | ᠪᠤᠬᠢᠷᠳᠤᠯ ᠤᠰᠤ ᠶᠢ ᠰᠢᠢᠳᠪᠦᠷᠢᠯᠡᠬᠦ ᠪᠠ ᠲᠤᠰᠬᠤᠨ ᠤ ᠭᠠᠳᠠᠷ ᠳᠦᠷᠰᠦ ᠦᠵᠡᠮᠵᠢ ᠶᠢ ᠳᠡᠭᠡᠭᠰᠢᠯᠡᠭᠦᠯᠬᠦ ᠢᠨᠵᠧᠨ᠋ᠷᠢᠭ | ᠶᠢ ᠢᠳᠡᠪᠬᠢ ᠲᠦᠯᠬᠢᠨ ᠠᠬᠢᠭᠤᠯᠵᠤ᠂ ᠤᠨᠴᠠᠯᠢᠭ ᠪᠦᠬᠦᠢ ᠠᠵᠤ ᠠᠬᠤᠢ ᠶᠢᠨ ᠤᠢ ᠪᠠᠷ ᠭᠤᠤᠯ ᠪᠤᠯᠭᠠᠭᠰᠠᠨ | ᠲᠤᠰᠬᠤᠨ ᠬᠦᠳᠡᠭᠡ ᠶᠢᠨ ᠬᠦᠪᠡᠭᠡᠳᠡᠬᠢ ᠶᠢᠨ ᠨᠤᠭᠤᠭᠠᠷᠠᠭᠤᠯᠤᠯᠲᠠ ᠶᠢ ᠰᠠᠶᠢᠲᠤᠷ ᠠᠳᠬᠤᠵᠤ᠂ ︽ᠶᠡᠭᠡ ᠪᠦᠷᠬᠡ | ᠪᠠᠶᠢᠰᠢᠩ︾ ᠪᠠ ᠳᠤᠷ᠎ᠠ ᠪᠠᠷ ᠪᠠᠷᠢᠵᠤ ᠪᠠᠶᠢᠭᠤᠯᠤᠭᠰᠠᠨ᠂ ᠳᠤᠷ᠎ᠠ ᠪᠠᠷ ᠢᠶᠠᠨ ᠤᠷᠤᠨ ᠰᠠᠭᠤᠴᠠ ᠶᠢᠨ ᠭᠠᠵᠠᠷ ᠢ | ᠬᠦᠷᠢᠶᠡᠯᠡᠨ ᠡᠵᠡᠯᠡᠭᠰᠡᠨ ᠠᠵᠢᠯᠯᠠᠭ᠎ᠠ ᠶᠢᠨ ᠠᠷᠢᠯᠭᠠᠨ ᠴᠡᠴᠡᠭᠯᠡᠨ ᠵᠠᠰᠠᠵᠤ᠂ ᠲᠤᠰᠬᠤᠨ ᠤ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ ᠬᠠᠮᠠᠭᠠᠯᠠᠯᠲᠠ ᠶᠢᠨ ᠲᠤᠭᠲᠠᠯᠴᠠᠭ᠎ᠠ ᠶᠢ ᠴᠢᠨᠠᠭᠰᠢᠲᠠ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠬᠤ | ᠦᠷ᠎ᠡ ᠪᠦᠲᠦᠮᠵᠢ ᠶᠢ ᠪᠠᠲᠤᠳᠬᠠᠵᠤ᠂ ᠦᠵᠡᠰᠭᠦᠯᠡᠩᠲᠦ ᠰᠠᠶᠢᠬᠠᠨ ᠰᠢᠨ᠎ᠡ ᠬᠦᠳᠡᠭᠡ ᠲᠤᠰᠬᠤᠨ ᠶᠢ ᠪᠠᠶᠢᠭᠤᠯᠤᠨ᠎ᠠ᠃ | ᠬᠦᠳᠡᠭᠡ ᠲᠤᠰᠬᠤᠨ ᠤ ᠰᠠᠭᠤᠷᠢ ᠲᠦᠭᠦᠷᠦᠮᠵᠢ ᠶᠢᠨ ᠳᠤᠲᠠᠭᠳᠠᠯ ᠲᠠᠢ ᠲᠠᠯ᠎ᠠ ᠶᠢ ᠲᠦᠷᠭᠡᠨ | ᠨᠦᠬᠦᠪᠦᠷᠢᠯᠡᠨ᠎ᠡ᠃6 ᠰᠠᠷ᠎ᠠ ᠶᠢᠨ ᠡᠴᠦᠰ ᠠᠴᠠ ᠡᠮᠦᠨ᠎ᠡ136 ᠲᠤᠰᠬᠤᠨ ᠠᠮᠤᠷ ᠲᠦᠪᠰᠢᠨ ᠤᠰᠤ ᠤᠤᠭᠤᠬᠤ | ᠵᠢᠴᠢ ᠤᠰᠤᠨ ᠤ ᠴᠢᠨᠠᠷ ᠢ ᠳᠡᠭᠡᠭᠰᠢᠯᠡᠭᠦᠯᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ ︽ᠳᠦᠷᠪᠡᠨ ᠰᠠᠶᠢᠨ | ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂61 ᠺᠢᠯᠤᠮᠧᠲᠷ ᠬᠦᠳᠡᠭᠡ | ᠲᠤᠰᠬᠤᠨ ᠤ ᠵᠠᠰᠠᠮᠠᠯ ᠵᠠᠮ ᠵᠢᠴᠢ ᠬᠡᠲᠦᠷᠬᠡᠢ ᠶᠠᠳᠠᠭᠤ ᠬᠦᠴᠢᠷᠳᠡᠯ ᠲᠠᠢ ᠲᠤᠰᠬᠤᠨ ᠵᠡᠭᠡᠯᠢ ᠭᠤᠳᠤᠮᠵᠢ ᠶᠢ | ᠬᠠᠲᠠᠭᠤᠵᠢᠷᠠᠭᠤᠯᠬᠤ ᠡᠭᠦᠷᠭᠡ ᠶᠢ ᠪᠡᠶᠡᠯᠡᠭᠦᠯᠵᠦ᠂170 ᠺᠢᠯᠤᠮᠧᠲᠷ ᠲᠤᠰᠬᠤᠨ ᠤ ᠳᠤᠮᠳᠠᠬᠢ ᠵᠠᠮ ᠶᠢ | ᠬᠠᠲᠠᠭᠤᠵᠢᠷᠠᠭᠤᠯᠬᠤ ᠪᠠ53 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠵᠢᠷᠠᠭᠤᠯᠬᠤ ᠶᠢ ᠬᠡᠷᠡᠭᠵᠢᠭᠦᠯᠦᠨ᠎ᠡ᠃ ᠱᠠᠩ | ᠳ᠋ᠠ ᠵᠠᠰᠠᠮᠠᠯ ᠵᠠᠮ ᠪᠠ ᠱᠠᠩ ᠵᠠᠩ ᠵᠠᠰᠠᠮᠠᠯ ᠵᠠᠮ ᠤᠨ ᠲᠦᠰᠦᠯ ᠳᠤᠷᠠᠳᠤᠨ ᠦᠭᠡᠷᠡᠴᠢᠯᠡᠨ ᠪᠠᠶᠢᠭᠤᠯᠬᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠲᠦᠯᠬᠢᠨ ᠠᠬᠢᠭᠤᠯᠵᠤ᠂ ᠮᠤᠵᠢ ᠶᠢᠨ ᠬᠤᠭᠤᠷᠤᠨᠳᠤᠬᠢ ᠶᠡᠭᠡ | ᠵᠠᠮ ᠢ ᠦᠭᠡᠷᠡᠴᠢᠯᠡᠨ ᠦᠨᠳᠦᠷ ᠬᠤᠷᠳᠤᠴᠠᠳᠤ ᠪᠤᠯᠭᠠᠨ ᠪᠠᠶᠢᠭᠤᠯᠵᠤ ᠭᠠᠵᠠᠷ ᠳᠦᠷᠢᠶᠡᠰᠦᠯᠡᠨ ᠨᠤᠷᠭᠠᠨ ᠨᠡᠭᠦᠯᠭᠡᠬᠦ | ᠠᠵᠢᠯ ᠢ ᠢᠳᠡᠪᠬᠢ ᠬᠠᠮᠵᠢᠯᠴᠠᠨ ᠰᠠᠶᠢᠲᠤᠷ ᠬᠢᠵᠦ᠂ ᠱᠠᠩ ᠵᠢᠢ ᠨᠢᠭᠡᠳᠦᠭᠡᠷ ᠳᠡᠰ ᠤᠨ ᠵᠠᠰᠠᠮᠠᠯ ᠵᠠᠮ ᠪᠠ ᠱᠠᠩᠳᠤ | ᠠᠴᠠ ᠱᠠᠩ ᠢ ᠳᠤ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤ ᠲᠦᠰᠦᠯ ᠵᠦᠪᠰᠢᠶᠡᠷᠡᠯ ᠤᠯᠬᠤ ᠪᠠᠷ ᠲᠡᠮᠡᠴᠡᠵᠦ | ᠂ ᠠᠵᠢᠯ ᠡᠬᠢᠯᠡᠭᠦᠯᠬᠦ ᠶᠢ ᠪᠦᠬᠦ ᠬᠦᠴᠦᠨ ᠪᠠᠷ ᠲᠦᠯᠬᠢᠨ ᠠᠬᠢᠭᠤᠯᠤᠨ᠎ᠠ᠃ ᠳ᠋ᠢᠵᠢᠲ᠋ᠠᠯ ᠬᠦᠳᠡᠭᠡ ᠲᠤᠰᠬᠤᠨ ᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂4G ᠲᠤᠤᠷ ᠰᠦᠯᠵᠢᠶ᠎ᠡ ᠶᠢ ᠵᠠᠰᠠᠭ ᠵᠠᠬᠢᠷᠭᠠᠨ ᠤ ᠲᠤᠰᠬᠤᠨ ᠪᠠ | ᠨᠦᠬᠦᠴᠡᠯ ᠲᠠᠢ ᠪᠠᠶᠢᠭᠠᠯᠢ ᠲᠤᠰᠬᠤᠨ ᠳᠤ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ᠶᠡᠭᠡ ᠬᠠᠰᠢᠶᠠᠳᠤ ᠪᠠᠯᠭᠠᠰᠤ | ᠶᠢᠨ ᠰᠢ ᠲᠠᠢ ᠹᠠᠩ ᠲᠤᠰᠬᠤᠨ ᠪᠠ ᠨᠠᠨ ᠳ᠋ᠠ ᠡᠦ ᠳ᠋ᠧᠩ ᠲᠤᠰᠬᠤᠨ ᠤ ᠭᠠᠵᠠᠷ ᠰᠢᠷᠤᠢ ᠶᠢ ᠴᠡᠭᠴᠡᠯᠡᠬᠦ ᠲᠦᠰᠦᠯ | ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠭᠤ ᠶᠢ ᠲᠡᠮᠡᠴᠡᠵᠦ᠂ ᠨᠡᠶᠢᠭᠡᠮ ᠤᠨ ᠪᠡᠯᠡ ᠮᠦᠩᠬᠦ ᠶᠢ ᠢᠳᠡᠪᠬᠢ | ᠤᠷᠢᠵᠤ ᠱᠢ ᠪᠠ ᠴᠢᠨ ᠪᠠᠯᠭᠠᠰᠤ ᠶᠢᠨ4000 ᠮᠦ ᠲᠠᠷᠢᠶᠠᠯᠠᠬᠤ ᠭᠠᠵᠠᠷ ᠢ ᠨᠦᠬᠦᠪᠦᠷᠢᠯᠡᠬᠦ ᠬᠦᠮᠦᠷᠭᠡ ᠶᠢᠨ ᠴᠢᠨᠰᠠᠭ᠎ᠠ | ᠶᠢ ᠳᠡᠭᠡᠭᠰᠢᠯᠡᠭᠦᠯᠦᠨ ᠦᠭᠡᠷᠡᠴᠢᠯᠡᠬᠦ ᠲᠦᠰᠦᠯ ᠢ ᠬᠡᠷᠡᠭᠵᠢᠭᠦᠯᠵᠦ᠂500 ᠮᠦ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠬᠡᠷᠡᠭᠰᠡᠬᠦ ᠳᠠᠬᠢᠨ ᠬᠠᠭᠠᠯᠪᠤᠷᠢᠯᠡᠬᠤ ᠲᠦᠰᠦᠯ ᠢ ᠪᠡᠶᠡᠯᠡᠭᠦᠯᠬᠦ ᠪᠠᠷ ᠲᠡᠮᠡᠴᠡᠨ᠎ᠡ᠃ | ᠲᠤᠰᠬᠤᠨ ᠰᠤᠶᠤᠯ ᠢ ᠶᠡᠬᠡᠪᠡᠷ ᠬᠦᠭᠵᠢᠭᠦᠯᠵᠦ᠂ ᠲᠠᠷᠢᠶᠠᠴᠢᠨ ᠤ ᠤᠶᠤᠨ ᠰᠠᠨᠠᠭᠠᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠵᠤ᠂ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠦᠷᠬᠦᠯᠵᠢᠯᠡᠨ ᠠᠬᠢᠭᠤᠯᠵᠤ᠂ ᠬᠦᠳᠡᠭᠡ ᠲᠤᠰᠬᠤᠨ | ᠤ ᠡᠷᠡᠬᠦᠯ ᠪᠤᠰᠤ ᠠᠭᠤᠷ ᠠᠮᠢᠰᠬᠤᠯ ᠢ ᠵᠠᠰᠠᠨ᠎ᠠ᠃ | ᠬᠤᠲᠠ ᠪᠠᠯᠭᠠᠰᠤ ᠶᠢᠨ ᠨᠢᠭᠡᠲᠤᠴᠢᠯᠡᠯᠲᠡ ᠶᠢᠨ ᠬᠦᠭᠵᠢᠯᠲᠡ ᠶᠢ ᠨᠢᠭᠡᠲᠤᠯᠲᠠᠢ ᠲᠦᠯᠦᠪᠯᠡᠬᠦ ᠶᠢ ᠰᠠᠶᠢᠲᠤᠷ | ᠠᠳᠬᠤᠨ᠎ᠠ᠃ ᠲᠦᠯᠦᠪᠯᠡᠨ ᠬᠦᠲᠦᠯᠵᠦ ᠳᠠᠭᠠᠭᠤᠯᠬᠤ ᠶᠢ ᠪᠠᠷᠢᠮᠲᠠᠯᠠᠵᠤ᠂ ᠴᠢᠩ ᠶᠦᠨ ᠭᠤᠳᠤᠮᠵᠢ ᠶᠢᠨ ᠬᠤᠶᠢᠨ᠎ᠠ | ᠲᠠᠯ᠎ᠠ ᠶᠢᠨ ᠲᠦᠭᠦᠮ ᠪᠦᠷᠭᠡᠭᠦᠯᠬᠦ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠦᠭᠡᠷᠡᠴᠢᠯᠡᠯᠲᠠ ᠶᠢᠨ | ᠢᠨᠵᠧᠨ᠋ᠷᠢᠭ ᠢ ᠶᠠᠪᠤᠭᠳᠠᠭᠤᠯᠵᠤ᠂ ᠪᠦᠳᠦᠭᠦᠨ ᠭᠤᠤᠯ ᠤᠨ ᠬᠠᠩᠭᠠᠯᠲᠠ ᠶᠢᠨ ᠤᠰᠤ ᠶᠢᠨ ᠴᠢᠨᠰᠠᠭ᠎ᠠ ᠶᠢ | ᠳᠡᠭᠡᠭᠰᠢᠯᠡᠭᠦᠯᠬᠦ ᠢᠨ᠋ᠵᠧᠷᠢᠭ ᠢ ᠡᠬᠢᠯᠡᠨ ᠪᠠᠶᠢᠭᠤᠯᠬᠤ ᠪᠠᠷ ᠲᠡᠮᠡᠴᠡᠨ᠎ᠡ᠃ ᠴᠢ ᠲᠠᠢ ᠪᠠᠯᠭᠠᠰᠤ10 ᠲᠦᠮᠡᠨ ᠺᠤᠸᠠᠳ᠋ | ᠮᠧᠲᠷ ᠪᠠᠷᠢᠯᠭ᠎ᠠ ᠲᠠᠬᠢ ᠡᠨᠧᠷᠬᠢ ᠶᠢᠨ ᠦᠭᠡᠷᠡᠴᠢᠯᠡᠯᠲᠠ ᠶᠢᠨ ᠢᠨᠵᠧᠨ᠋ᠷᠢᠭ ᠢ ᠵᠢᠯ ᠤᠨ ᠳᠤᠲᠤᠷ᠎ᠠ ᠪᠡᠶᠡᠯᠡᠭᠦᠯᠬᠦ᠂ | ᠳᠦᠭᠦᠮ ᠪᠦᠷᠭᠡᠭᠦᠯᠬᠦ ᠲᠤᠭᠤᠷᠢᠭ ᠤᠨ ᠵᠠᠰᠠᠮᠠᠯ ᠵᠠᠮ ᠤᠨ ᠬᠠᠲᠠᠭᠤᠵᠢᠭᠤᠯᠬᠤ ᠪᠠ ᠨᠤᠭᠤᠭᠠᠷᠠᠭᠤᠯᠬᠤ ᠵᠡᠷᠭᠡ ᠰᠠᠭᠤᠷᠢ | ᠲᠦᠭᠦᠷᠤᠮᠵᠢ ᠵᠢᠨᠢᠨᠵᠧᠨ᠋ᠷᠢᠭ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠵᠢᠯ ᠤᠨ ᠳᠤᠲᠤᠷ᠎ᠠ | ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠨ᠎ᠠ᠃ ᠡᠾᠩ ᠡᠾᠦ᠋ᠢ ᠢᠯᠴᠢ ᠬᠠᠩᠭᠠᠯᠲᠠ ᠪᠠ | ᠡᠾᠩ ᠲᠠᠢ ᠬᠡᠢ ᠬᠠᠩᠭᠠᠯᠲᠠ ᠶᠢᠨ ᠬᠤᠭᠤᠯᠠᠢ ᠳᠡᠪᠢᠰᠬᠦ ᠢᠨᠵᠧᠨ᠋ᠷᠢᠭ ᠢ ᠰᠠᠶᠢᠲᠤᠷ ᠠᠳᠬᠤᠨ᠂ ᠬᠤᠲᠠ ᠶᠢᠨ | ᠲᠤᠭᠤᠷᠢᠭ ᠶᠢᠨ ᠡᠮᠬᠢ ᠵᠠᠮᠪᠠᠷᠠᠭ᠎ᠠ ᠲᠠᠢ ᠴᠢᠨᠠᠷ ᠰᠠᠶᠢᠲᠠᠢ ᠪᠠᠷ ᠢᠯᠴᠢ ᠪᠠ ᠬᠡᠢ ᠬᠠᠩᠭᠠᠬᠤ ᠶᠢ ᠪᠡᠶᠡᠯᠡᠭᠦᠯᠦᠨ᠎ᠡ᠃ | ᠬᠤᠲᠠ ᠶᠢᠨ ᠭᠠᠳᠠᠷ ᠳᠦᠷᠰᠦ ᠦᠵᠡᠮᠵᠢ ᠶᠢ ᠲᠦᠪᠯᠡᠷᠡᠭᠦᠯᠦᠨ᠂ ᠴᠡᠴᠡᠭᠯᠡᠨ ᠵᠠᠰᠠᠬᠤ ᠦᠷ᠎ᠡ ᠪᠦᠲᠦᠮᠵᠢ ᠶᠢ ᠶᠡᠬᠡᠪᠡᠷ | ᠪᠠᠲᠤᠤᠬᠠᠵᠤ᠂ ᠬᠠᠳᠬᠤᠮᠠᠯ ᠤᠨ ᠮᠡᠷᠭᠡᠰᠢᠯ ᠢ ᠭᠦᠢᠴᠡᠳ ᠬᠡᠷᠡᠭᠯᠡᠨ᠂ ᠲᠡᠷᠭᠡ ᠵᠤᠭᠰᠤᠬᠤ᠂ ᠭᠠᠷᠴᠤ ᠶᠠᠪᠤᠬᠤ᠂ ᠬᠤᠭ | ᠨᠤᠪᠰᠢ ᠶᠢ ᠠᠷᠢᠯᠭᠠᠨ ᠲᠡᠭᠡᠭᠡᠪᠤᠷᠢᠯᠡᠬᠦ ᠵᠡᠷᠭᠡ ᠠᠷᠠᠳ ᠤᠯᠠᠨ ᠤ ᠳᠡᠷᠭᠡᠳᠡᠬᠢ ᠠᠰᠠᠭᠤᠳᠠᠯ ᠢ ᠤᠶᠠᠨ ᠴᠢᠳᠠᠯ ᠪᠠᠨ | ᠲᠦᠪᠯᠡᠷᠡᠭᠦᠯᠦᠨ ᠰᠤᠳᠤᠯᠵᠤ ᠰᠢᠢᠳᠪᠦᠷᠢᠯᠡᠨ᠎ᠡ᠃ ︽ᠬᠤᠳᠠ ᠶᠢᠨ ᠬᠠᠮᠢᠶᠠᠷᠤᠯᠲᠠ ᠶᠢᠨ ᠠᠵᠢᠯ ᠲᠤᠭᠤᠷᠢᠭ ᠲᠤ | ᠤᠷᠤᠬᠤ︾ ᠶᠢ ᠪᠦᠬᠦ ᠲᠠᠯ᠎ᠠ ᠪᠠᠷ ᠲᠦᠯᠬᠢᠨ ᠶᠠᠪᠤᠭᠳᠠᠭᠤᠯᠵᠤ᠂ ᡁᠢ ᠬᠦᠢ ᠬᠠᠮᠢᠶᠠᠷᠤᠯᠲᠠ ᠶᠢᠨ ᠲᠠᠪᠴᠠᠩ ᠲᠠᠢ | ᠵᠤᠯᠭᠠᠭᠤᠯᠬᠤ ᠶᠢ ᠰᠠᠶᠢᠲᠤᠷ ᠬᠢᠵᠦ᠂ ᠬᠤᠲᠠ ᠶᠢᠨ ᠰᠦᠯᠵᠢᠶᠡᠵᠢᠯᠡᠯᠲᠡ ᠬᠠᠮᠢᠶᠠᠷᠤᠯᠲᠠ ᠶᠢᠨ ᠲᠦᠪᠰᠢᠨ ᠢ ᠲᠦᠯᠬᠢᠨ | ᠠᠬᠢᠭᠤᠯᠵᠤ᠂ ᠪᠦᠬᠦ ᠰᠢᠶᠠᠨ ᠤ ᠡᠳ᠋ᠯᠡᠩ ᠤᠨ ᠬᠠᠮᠢᠶᠠᠷᠤᠯᠲᠠ ᠶᠢ ᠦᠷᠬᠦᠯᠵᠢᠯᠡᠨ ᠴᠢᠩᠭᠠᠳᠭᠠᠵᠤ᠂ ᠡᠳ᠋ᠯᠡᠩ ᠤᠨ | ᠬᠠᠮᠢᠶᠠᠷᠤᠯᠲᠠ ᠶᠢᠨ ᠡᠮᠬᠢᠳᠭᠡᠭᠰᠡᠨ ᠲᠤᠬᠢᠷᠠᠭᠤᠯᠤᠯᠲᠠ ᠶᠢᠨ ᠲᠤᠭᠲᠠᠯᠴᠠᠭ᠎ᠠ ᠪᠠ ᠲᠤᠰᠬᠠᠶᠢᠵᠢᠯᠠᠯᠲᠠ᠂ | ᠨᠡᠶᠢᠭᠡᠮᠴᠢᠯᠡᠯᠲᠠ᠂ ᠵᠠᠬ᠎ᠠ ᠳᠡᠯᠭᠡᠭᠦᠷᠴᠢᠯᠡᠯᠲᠡ ᠵᠢᠨᠡᠳ᠋ᠯᠡᠩ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠰᠢᠨᠵᠢᠯᠡᠨ | ᠪᠠᠶᠢᠭᠤᠯᠤᠨ᠎ᠠ᠃ | ( ᠳᠦᠷᠪᠡ) ᠦᠭᠡᠷᠡᠴᠢᠯᠡᠯᠲᠡ ᠨᠡᠬᠡᠬᠡᠯᠲᠡ ᠶᠢ ᠭᠦᠨᠵᠡᠭᠡᠢ ᠲᠦᠪᠯᠡᠷᠡᠭᠦᠯᠦᠨ᠂ ᠬᠦᠳᠡᠯᠭᠡᠭᠡᠨ ᠤ ᠡᠨᠧᠷᠬᠢ | ᠶᠢ ᠴᠢᠨᠰᠠᠭ᠎ᠠ ᠰᠠᠶᠢᠲᠠᠢ ᠬᠦᠭᠵᠢᠭᠦᠯᠬᠦ ᠶᠢ ᠴᠢᠩᠭᠠᠳᠬᠠᠨ᠎ᠠ᠃ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠠ ᠶᠢ ᠪᠦᠬᠦ ᠴᠡᠭ ᠪᠠᠷ ᠲᠦᠯᠬᠢᠨ ᠠᠬᠢᠭᠤᠯᠤᠨ᠎ᠠ | ᠃ ︽ᠪᠠᠭᠤᠯᠭᠠᠵᠤ ᠬᠠᠮᠢᠶᠠᠷᠬᠤ ᠦᠢᠯᠡᠴᠢᠯᠡᠬᠦ︾ ᠦᠭᠡᠷᠢᠴᠢᠯᠡᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ | ᠵᠦᠪᠰᠢᠶᠡᠷᠡᠯ ᠤᠨ ᠳᠦᠷᠢᠮ ᠤᠨ ᠦᠭᠡᠷᠡᠴᠢᠯᠡᠯᠲᠠ ᠶᠢᠨ ᠰᠠᠭᠤᠷᠢ ᠵᠢᠭᠰᠠᠭᠠᠯᠲᠠ ᠶᠢᠨ ᠪᠠᠷᠢᠮᠵᠢᠶᠠᠵᠢᠯᠯᠠᠲᠠ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠦᠨᠡᠯᠮᠡᠯ ᠢ | ᠴᠦᠬᠡᠳᠬᠡᠨ ᠠᠷᠠᠳ ᠲᠤ ᠳᠦᠭᠦᠮ ᠦᠵᠡᠭᠦᠯᠬᠦ︾ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠵᠦ᠂ ︽ᠠᠪᠤᠨ | ᠳᠤᠤᠷ᠎ᠠ ᠪᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠤᠶᠢᠷ᠎ᠠ ᠬᠠᠪᠢ ᠪᠠᠷ ᠭᠦᠢᠴᠡᠳᠭᠡᠬᠦ᠂ ᠨᠢᠭᠡ | ᠤᠳᠠᠭ᠎ᠠ ᠭᠦᠢᠴᠡᠳᠭᠡᠬᠦ︾ ᠶᠢ ᠦᠷᠬᠦᠯᠵᠢᠯᠡᠨ ᠲᠦᠯᠬᠢᠨ ᠶᠠᠪᠤᠭᠳᠠᠭᠤᠯᠤᠨ᠎ᠠ᠃ ︽ᠦᠨᠡᠮᠯᠡᠯ ᠪᠠ ᠵᠦᠪᠰᠢᠶᠡᠷᠡᠯ ᠢ | ᠰᠠᠯᠭᠠᠬᠤ︾ ᠦᠭᠡᠷᠡᠴᠢᠯᠡᠯᠲᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠵᠦᠪᠰᠢᠶᠡᠷᠡᠭᠰᠡᠨ ᠤ ᠰᠡᠭᠦᠯᠡᠷ ᠦᠨᠡᠮᠯᠡᠯ ᠢ | ᠪᠠᠭᠠᠰᠬᠠᠬᠤ︾ ᠶᠢ ᠰᠢᠨᠵᠢᠯᠡᠨ ᠲᠦᠯᠬᠢᠨ ᠠᠬᠢᠭᠤᠯᠵᠤ᠂ ︽ᠵᠦᠪᠰᠢᠶᠡᠷᠡᠨ ᠤᠷᠤᠭᠤᠯᠤᠭᠠᠳ ᠡᠵᠡᠩᠨᠡᠬᠦ ᠶᠢ ᠨᠢ | ᠵᠦᠪᠰᠢᠶᠡᠷᠡᠬᠦ ᠦᠭᠡᠢ︾ ᠠᠰᠠᠭᠤᠳᠠᠯ ᠢ ᠰᠢᠢᠳᠪᠦᠷᠢᠯᠡᠨ᠎ᠡ᠃ ᠤᠴᠢᠷ ᠤᠨ ᠳᠤᠮᠳᠠ ᠤᠴᠢᠷ ᠤᠨ ᠬᠤᠶᠢᠨ᠎ᠠ ᠶᠢᠨ | ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠤᠰ ᠳᠤᠬᠢᠶᠠᠯᠳᠤᠯ᠂ ᠨᠢᠭᠡ ᠬᠡᠯᠡ︾ ᠶᠢᠨ ᠬᠢᠨᠡᠨ ᠬᠠᠮᠢᠶᠠᠷᠤᠯᠲᠠ | ᠶᠢ ᠨᠠᠶᠢᠳᠠᠪᠤᠷᠢᠵᠢᠭᠤᠯᠤᠨ᠎ᠠ᠃ ︽ᠢᠨ᠋ᠲ᠋ᠧᠷᠨᠧᠲ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠦᠲᠦᠭᠡᠨ | ᠪᠠᠶᠢᠭᠤᠯᠤᠯᠲᠠ ᠤᠳ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠲᠦᠷᠭᠡᠳᠭᠡᠵᠦ᠂ ᠤᠰᠤᠨ ᠬᠠᠩᠭᠠᠯᠲᠠ᠂ ᠴᠠᠬᠢᠯᠭᠠᠨ | ᠤ ᠬᠠᠩᠭᠠᠯᠲᠠ᠂ ᠬᠡᠢ ᠶᠢᠨ ᠬᠠᠩᠭᠠᠯᠲᠠ ᠵᠡᠷᠭᠡ ᠠᠷᠠᠳ ᠲᠦᠮᠡᠨ ᠲᠠᠢ ᠨᠢᠭᠲᠠ ᠬᠤᠯᠪᠤᠭ᠎ᠠ ᠲᠠᠢ ᠠᠵᠢᠯ ᠦᠢᠯᠡᠰ ᠤᠨ | ᠬᠡᠯᠪᠡᠷᠢ ᠶᠢ ᠠᠷᠠᠳ ᠲᠤ ᠳᠦᠭᠦᠮ ᠦᠵᠡᠭᠦᠯᠬᠦ ᠲᠡᠶᠢᠰᠢ ᠦᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ | ᠤᠷᠳᠤᠨ ᠤ ᠪᠠᠶᠢᠭᠤᠯᠭ᠎ᠠ ᠶᠢᠨ ᠦᠭᠡᠷᠡᠴᠢᠯᠯᠡᠲᠠ ᠶᠢ ᠯᠠᠪᠳᠠᠭᠤᠨ ᠲᠦᠯᠬᠢᠨ ᠠᠬᠢᠭᠤᠯᠵᠤ᠂ ᠡᠨᠡ ᠵᠢᠯ ᠤᠨ3 ᠰᠠᠷ᠎ᠠ | ᠶᠢᠨ ᠰᠡᠭᠦᠯᠴᠢ ᠠᠴᠠ ᠡᠮᠦᠨ᠎ᠡ ᠦᠭᠡᠷᠡᠴᠢᠯᠯᠡᠲᠠ ᠶᠢᠨ ᠡᠭᠦᠷᠭᠡ ᠪᠠᠨ ᠦᠨᠳᠦᠰᠦᠨ ᠳᠤ ᠪᠠᠨ ᠪᠡᠶᠡᠯᠡᠭᠦᠯᠬᠦ ᠶᠢ | ᠪᠠᠲᠤᠯᠠᠨ᠎ᠠ᠃ ᠠᠵᠢᠯ ᠦᠢᠯᠡᠰ ᠤᠨ ᠨᠢᠭᠡᠴᠢ ᠪᠠᠶᠢᠭᠤᠯᠭ᠎ᠠ ᠶᠢᠨ ᠦᠭᠡᠷᠡᠴᠢᠯᠡᠯᠲᠠ ᠶᠢ ᠭᠦᠨᠵᠡᠭᠡᠶᠢᠷᠡᠬᠦᠯᠵᠦ᠂ ᠠᠵᠢᠯ | ᠦᠢᠯᠡᠰ ᠤᠨ ᠨᠢᠭᠡᠴᠢ ᠪᠠᠶᠢᠭᠤᠯᠭ᠎ᠠ ᠶᠢᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠬᠦ | ᠲᠠᠯ᠎ᠠ ᠪᠠᠷ ᠡᠮᠬᠢᠳᠭᠡᠨ ᠠᠷᠢᠯᠭᠠᠵᠤ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠡᠯ᠎ᠡ ᠰᠠᠯᠠᠭ᠎ᠠ ᠮᠦᠴᠢᠷ ᠳᠤ | ᠬᠠᠷᠢᠶᠠᠯᠠᠭᠳᠠᠵᠤ ᠪᠠᠶᠢᠭ᠎ᠠ ᠠᠵᠢᠯ ᠦᠢᠯᠡᠰ ᠤᠨ ᠨᠢᠭᠡᠴᠢ ᠪᠠᠶᠢᠭᠤᠯᠭ᠎ᠠ ᠶᠢ ᠴᠡᠭᠴᠡᠯᠡᠨ ᠡᠮᠬᠢᠳᠭᠡᠵᠦ᠂ ᠠᠵᠢᠯ ᠦᠢᠯᠡᠰ | ᠤᠨ ᠨᠢᠭᠡᠴᠢ ᠪᠠᠶᠢᠭᠤᠯᠭ᠎ᠠ ᠶᠢᠨ ︽ᠲᠠᠪᠤᠨ ᠲᠤᠭᠳᠠᠭᠠᠯ︾ ᠤᠨ ᠲᠦᠯᠦᠪᠯᠡᠯᠭᠡ ᠶᠢ ᠳᠠᠬᠢᠨ ᠲᠤᠭᠲᠠᠭᠠᠨ᠎ᠠ᠃ ᠵᠠᠰᠠᠭ | ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠦᠭᠡᠷᠡᠴᠢᠯᠡᠯᠲᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠨ | ᠪᠠᠶᠢᠴᠠᠭᠠᠯᠲᠠ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ᠂ ᠰᠤᠶᠤᠯ ᠤᠨ ᠵᠠᠬ᠎ᠠ ᠳᠡᠯᠭᠡᠭᠦᠷ᠂ ᠵᠠᠮ | ᠬᠠᠷᠢᠯᠴᠠᠭᠠᠨ ᠤ ᠲᠡᠭᠡᠭᠡᠪᠤᠷᠢ᠂ ᠲᠠᠷᠢᠶᠠᠯᠠᠩ ᠵᠡᠷᠭᠡ5 ᠬᠦᠷᠢᠶ᠎ᠡ ᠴᠠᠷᠠᠭ᠎ᠠ ᠶᠢᠨ ᠬᠠᠤᠯᠢ ᠶᠢ ᠬᠡᠷᠡᠭᠵᠢᠭᠦᠯᠬᠦ ᠨᠡᠶᠢᠯᠡᠮᠡᠯ | ᠳᠤᠭᠤᠶᠢᠯᠠᠩ ᠢ ᠴᠡᠴᠡᠭᠯᠡᠨ ᠨᠢᠭᠡᠳᠭᠡᠵᠦ ᠪᠠᠶᠢᠭᠤᠯᠤᠨ᠎ᠠ᠃ ᠬᠦᠳᠡᠭᠡ ᠲᠤᠰᠬᠤᠨ ᠤ ᠬᠦᠷᠢᠶ᠎ᠡ ᠴᠠᠷᠠᠭ᠎ᠠ ᠶᠢᠨ | ᠦᠭᠡᠷᠡᠴᠢᠯᠡᠯᠲᠠ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠤ ᠨᠡᠶᠢᠲᠡ ᠶᠢᠨ ᠬᠦᠷᠦᠩᠭᠡ ᠶᠢᠨ ᠡᠷᠬᠡ ᠶᠢᠨ | ᠳᠦᠷᠢᠮ ᠤᠨ ᠦᠭᠡᠷᠡᠴᠢᠯᠯᠡᠲᠠ ᠶᠢ ᠴᠢᠨᠠᠭᠰᠢᠲᠠ ᠭᠦᠨᠵᠡᠭᠡᠶᠢᠷᠡᠭᠦᠯᠵᠦ᠂ ᠡᠨᠡ ᠵᠢᠯ ᠤᠨ6 ᠰᠠᠷ᠎ᠠ ᠶᠢᠨ ᠰᠡᠭᠦᠯᠴᠢ ᠠᠴᠠ | ᠡᠮᠦᠨ᠎ᠡ ᠦᠭᠡᠷᠡᠴᠢᠯᠯᠡᠲᠠ ᠶᠢᠨ ᠡᠭᠦᠷᠭᠡ ᠪᠠᠨ ᠪᠡᠶᠡᠯᠡᠭᠦᠯᠦᠨ᠎ᠡ᠃ ᠭᠠᠵᠠᠷ ᠰᠢᠷᠤᠢ ᠶᠢᠨ ᠳᠦᠷᠢᠮ ᠤᠨ ᠦᠭᠡᠷᠡᠴᠢᠯᠯᠡᠲᠠ | ᠶᠢ ᠭᠦᠨᠵᠡᠭᠡᠶᠢᠷᠡᠭᠦᠯᠵᠦ᠂ ᠳᠦᠷᠢᠶᠡᠰᠦᠯᠡᠬᠦ ᠭᠠᠵᠠᠷ ᠤᠨ ᠡᠷᠬᠡ ᠶᠢᠨ ᠪᠠᠲᠤᠯᠠᠪᠤᠷᠢ ᠶᠢ ᠪᠦᠷᠢᠳᠭᠡᠨ᠂ ᠪᠤᠳᠤᠯᠭᠠᠳᠤ | ᠪᠢᠴᠢᠭ ᠬᠤᠪᠢᠶᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠬᠦ ᠰᠠᠭᠤᠷᠢᠨ ᠳᠡᠭᠡᠷ᠎ᠡ᠂ ︽ ᠪᠤᠴᠠᠵᠤ ᠪᠠᠶᠢᠴᠠᠭᠠᠵᠤ | ᠦᠵᠡᠬᠦ︾ ᠶᠢ ᠦᠷᠨᠢᠭᠦᠯᠵᠦ᠂ ᠰᠡᠭᠦᠯ ᠤᠨ ᠠᠵᠢᠯ ᠢ ᠰᠠᠶᠢᠲᠤᠷ ᠬᠢᠨ᠎ᠡ᠃ ᠰᠢᠶᠠᠨ᠂ ᠰᠢᠶᠠᠩ᠂ ᠲᠤᠰᠬᠤᠨ | ᠭᠤᠷᠪᠠᠳᠤᠭᠠᠷ ᠳᠡᠰ ᠤᠨ ᠭᠠᠵᠠᠷ ᠰᠢᠷᠤᠢ ᠶᠢᠨ ᠡᠷᠭᠢᠯᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠤᠭᠴᠠ ᠶᠢᠨ ᠬᠦᠭᠵᠢᠯᠲᠠ ᠶᠢᠨ ᠤᠯᠠᠨ ᠵᠦᠢᠯ ᠤᠨ ᠬᠡᠯᠪᠡᠷᠢ ᠪᠠᠷ | ᠬᠡᠪᠴᠢᠶᠡᠳᠦ ᠲᠦᠯᠦᠪᠯᠡᠯᠭᠡ ᠲᠠᠢ ᠡᠵᠡᠩᠨᠡᠬᠦ ᠶᠢ ᠬᠦᠲᠦᠯᠦᠨ ᠵᠢᠯᠤᠭᠤᠳᠤᠨ᠎ᠠ᠃ | ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠪᠦᠬᠦ ᠬᠦᠴᠦᠨ ᠪᠠᠷ ᠦᠷᠨᠢᠭᠦᠯᠦᠨ᠎ᠡ᠃ ᠬᠠᠨᠳᠤᠯᠭ᠎ᠠ ᠲᠠᠢ | ᠪᠠᠷ ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠰᠤᠩᠭᠤᠬᠤ ᠶᠢ ᠰᠠᠶᠢᠲᠤᠷ ᠦᠷᠨᠢᠭᠦᠯᠦᠨ᠎ᠡ᠃ ︽ | ᠬᠤᠳᠠᠯᠳᠤᠭᠠᠴᠢᠨ ᠤᠷᠢᠵᠤ ᠪᠡᠯᠡ ᠲᠠᠲᠠᠬᠤ ᠰᠢᠪᠲᠤᠯᠤᠯᠲᠠ ᠶᠢᠨ ᠵᠢᠯ︾ ᠪᠠᠷ ᠰᠡᠳᠦᠪ ᠪᠤᠯᠭᠠᠨ᠂ ᠪᠡᠭᠡᠵᠢᠩ | ᠲᠢᠶᠠᠨᠵᠢᠨ ᠡᠾᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ | ᠵᠡᠷᠭᠡ ᠠᠵᠤ ᠦᠢᠯᠡᠰ ᠤᠨ ᠰᠢᠯᠵᠢᠯᠲᠠ ᠶᠢᠨ ᠭᠤᠤᠯᠳᠠᠯᠭᠠᠳᠤ ᠭᠠᠵᠠᠷ ᠤᠷᠤᠨ ᠢ ᠦᠨᠡᠯᠡᠨ᠂ ᠪᠦᠬᠦ ᠴᠢᠭ ᠪᠠᠷ᠂ | ᠤᠯᠠᠨ ᠠᠷᠭ᠎ᠠ ᠵᠠᠮ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠬᠤ ᠰᠤᠷᠠᠭ ᠴᠢᠮᠡᠭᠡ ᠶᠢ ᠴᠤᠭᠯᠠᠷᠠᠭᠤᠯᠤᠨ ᠰᠢᠯᠢᠨ | ᠰᠤᠩᠭᠤᠨ ᠳᠠᠭᠠᠬᠤ ᠠᠵᠢᠯ ᠢ ᠴᠢᠩᠭᠠᠳᠬᠠᠵᠤ᠂ ᠬᠦᠷᠦᠩᠭᠡ ᠶᠢᠨ ᠤᠷᠤᠭᠤᠯᠤᠯᠲᠠ ᠶᠢᠨ ᠴᠢᠭᠯᠡᠯ᠂ ᠤᠤᠯ | ᠮᠠᠲ᠋ᠧᠷᠢᠶᠠᠯ ᠶᠢᠨ ᠴᠢᠭᠯᠡᠯ᠂ ᠠᠵᠤ ᠦᠢᠯᠡᠰ ᠤᠨ ᠰᠢᠯᠵᠢᠯᠲᠠ ᠶᠢᠨ ᠴᠢᠭᠯᠡᠯ ᠶᠢ ᠤᠨᠢᠨ ᠳᠡᠭᠡᠷ᠎ᠡ ᠨᠢ ᠰᠢᠨᠵᠢᠯᠡᠨ | ᠮᠠᠭᠠᠳᠯᠠᠵᠤ ᠡᠵᠡᠮᠰᠢᠨ᠎ᠡ᠃ ᠭᠤᠷᠪᠠᠨ ᠬᠤᠳᠠᠯᠳᠤᠭᠠᠴᠢᠨ ᠤᠷᠢᠬᠤ ᠪᠠᠭ᠎ᠠ ᠳᠤᠭᠤᠶᠢᠯᠠᠩ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠠᠨᠠᠭᠠᠴᠢᠯᠠᠭᠠᠲᠠᠢ ᠳᠠᠭᠠᠷᠢᠯᠲᠠ ᠬᠢᠵᠦ᠂ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠵᠤ᠂ ᠤᠨᠢᠨ | ᠳᠡᠭᠡᠷ᠎ᠡ ᠨᠢ ᠬᠤᠳᠠᠯᠳᠤᠭᠠᠴᠢᠨ ᠤᠷᠢᠬᠤ ᠶᠢ ᠦᠷᠨᠢᠭᠦᠯᠦᠨ᠎ᠡ᠃ ᠡᠭᠦᠨ ᠤ ᠵᠡᠷᠭᠡᠪᠡᠷ ᠮᠠᠨ ᠤ ᠰᠢᠶᠠᠨ ᠳᠤ | ᠪᠠᠶᠢᠭᠤᠯᠤᠭᠰᠠᠨ ᠠᠵᠤ ᠠᠬᠤᠶᠢᠯᠠᠯ᠂ ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠤᠨ ᠬᠤᠷᠠᠯ ᠪᠠ ᠪᠤᠰᠤᠳ | ᠬᠤᠯᠪᠤᠭᠠᠳᠤ ᠠᠵᠤ ᠠᠬᠤᠶᠢᠯᠠᠯ ᠪᠠᠷ ᠳᠠᠮᠵᠢᠨ ᠬᠤᠳᠠᠯᠳᠤᠭᠠᠴᠢᠨ ᠬᠤᠳᠠᠯᠳᠤᠭᠠᠴᠢᠨ ᠤᠷᠢᠬᠤ ᠶᠢ ᠦᠷᠨᠢᠭᠦᠯᠵᠦ᠂ | ᠱᠠᠲᠤ ᠶᠢ ᠰᠠᠨᠠᠭᠠᠴᠢᠯᠠᠭ᠎ᠠ ᠲᠠᠢ ᠤᠬᠠᠭᠤᠯᠤᠨ ᠲᠠᠨᠢᠯᠴᠠᠭᠤᠯᠵᠤ᠂ ᠲᠦᠰᠦᠯ ᠢ ᠤᠷᠢᠵᠤ ᠤᠷᠤᠭᠤᠯᠤᠨ | ᠨᠠᠶᠢᠳᠠᠪᠤᠷᠢᠵᠢᠭᠤᠯᠬᠤ ᠪᠦᠲᠦᠭᠡᠮᠵᠢ ᠶᠢ ᠳᠡᠭᠡᠭᠰᠢᠯᠡᠭᠦᠯᠦᠨ᠎ᠡ᠃ ᠨᠢᠭᠡ ᠪᠦᠯᠦᠭ ᠠᠵᠢᠯ ᠲᠦᠷᠦᠯ ᠤᠨ ᠬᠦᠭᠵᠢᠯᠲᠠ ᠶᠢ | ᠳᠠᠭᠠᠭᠭᠤᠯᠬᠤ᠂ ᠠᠵᠤ ᠦᠢᠯᠡᠰ ᠤᠨ ᠳᠡᠭᠡᠭᠰᠢᠯᠡᠭᠦᠯᠦᠯᠲᠡ ᠶᠢ ᠬᠦᠲᠦᠯᠦᠨ ᠳᠠᠭᠠᠭᠤᠯᠬᠤ᠂ ᠬᠦᠭᠵᠢᠯᠲᠠ ᠶᠢᠨ | ᠳᠤᠲᠠᠮᠠᠭ ᠲᠠᠯ᠎ᠠ ᠶᠢ ᠨᠦᠬᠦᠪᠦᠷᠢᠯᠡᠬᠦ᠂ ᠪᠠᠲᠤᠯᠠᠪᠤᠷᠢ ᠶᠢᠨ ᠴᠢᠳᠠᠯ ᠶᠢ ᠴᠢᠩᠭᠠᠳᠬᠠᠬᠤ ᠶᠡᠭᠡ ᠲᠦᠰᠦᠯ᠂ ᠰᠠᠶᠢᠨ | ᠲᠦᠰᠦᠯ ᠢ ᠲᠦᠪᠯᠡᠷᠡᠭᠦᠯᠦᠨ ᠤᠷᠢᠵᠤ ᠤᠷᠤᠭᠤᠯᠬᠤ ᠪᠠᠷ ᠲᠡᠮᠡᠴᠡᠨ᠎ᠡ᠃ ᠡᠯᠧᠮᠧᠨ᠋ᠲ ᠶᠢ ᠴᠢᠩᠭᠠᠳᠬᠠᠵᠤ᠂ ᠤᠷᠢᠵᠤ | ᠠᠪᠴᠢᠷᠠᠭᠰᠠᠨ ᠲᠦᠰᠦᠯ ᠪᠠᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︽ᠰᠢᠩᠭᠡᠯᠢᠭ ᠳᠡᠭᠦᠯᠢᠵᠦ ᠰᠢᠪᠠᠭᠤ | ᠰᠤᠯᠢᠬᠤ︾ ᠶᠢ ᠦᠷᠬᠦᠯᠵᠢᠯᠡᠨ ᠲᠦᠯᠬᠢᠨ ᠠᠬᠢᠭᠤᠯᠵᠤ᠂ ᠸᠠᠨ ᠰᠢᠶᠠᠩ ᠪᠦᠮᠪᠦᠭᠡᠨ ᠳᠤᠭᠤᠶᠢᠯᠠᠩ᠂ ᠴᠠᠩ ᠱᠧᠩ | ᠨᠢᠶᠧ ᠮᠢᠩ᠂ ᠭᠦᠢ ᠰᠢᠨ ᠬᠢᠮᠢ ᠶᠢᠨ ᠦᠢᠯᠡᠳᠪᠦᠷᠢ᠂ ᠵᠦᠩ ᠪᠠᠩ ᠢ ᠰᠢᠨ ᠵᠡᠷᠭᠡ ︽ᠦᠬᠦᠮᠡᠯ ᠠᠵᠤ ᠠᠬᠤᠶᠢᠯᠠᠯ︾ | ᠤᠨ ᠭᠠᠵᠠᠷ ᠬᠡᠷᠡᠭᠰᠡᠬᠦ ᠶᠢ ᠵᠢᠯ ᠤᠨ ᠳᠤᠲᠤᠷ᠎ᠠ ᠠᠷᠢᠯᠭᠠᠨ ᠭᠠᠷᠭᠠᠬᠤ ᠪᠠᠷ ᠲᠡᠮᠡᠴᠡᠵᠦ᠂ ᠰᠢᠨ᠎ᠡ ᠪᠠᠷ ᠤᠷᠢᠵᠤ | ᠤᠷᠤᠭᠤᠯᠤᠭᠰᠠᠨ ᠲᠦᠰᠦᠯ ᠳᠤ ᠭᠦᠢᠴᠡᠳ ᠤᠷᠤᠨ ᠵᠠᠢ ᠪᠡᠯᠡᠳᠭᠡᠨ ᠦᠭᠭᠦᠨ᠎ᠡ᠃ ᠴᠠᠩ ᠱᠧᠩ ᠦᠢᠯᠡᠳᠪᠦᠷᠢᠯᠡᠯ | ᠤᠨ ᠬᠦᠷᠢᠶᠡᠯᠡᠩ ᠤᠨ ᠲᠤᠭᠤᠷᠢᠭ220 ᠺᠢᠯᠤᠸᠠᠲ ᠴᠢᠬᠢᠯᠭᠠᠨ ᠬᠤᠪᠢᠷᠠᠭᠤᠯᠬᠤ ᠦᠷᠲᠡᠭᠡ ᠶᠢ ᠰᠢᠨ᠎ᠡ ᠪᠠᠷ | ᠪᠠᠶᠢᠭᠤᠯᠬᠤ ᠲᠦᠰᠦᠯ ᠤᠨ ᠲᠦᠷᠭᠡᠨ ᠲᠦᠯᠦᠪᠯᠡᠯᠭᠡ ᠲᠤᠭᠲᠠᠭᠠᠨ ᠪᠦᠲᠦᠭᠡᠨ ᠪᠠᠶᠢᠭᠤᠯᠬᠤ ᠶᠢ ᠪᠦᠬᠦ ᠲᠠᠯ᠎ᠠ ᠪᠠᠷ | ᠲᠡᠮᠡᠴᠡᠨ᠎ᠡ᠃ ᠵᠠᠮ ᠤᠨ ᠰᠦᠯᠵᠢᠶᠡᠨ ᠤ ᠪᠦᠲᠦᠭᠡᠨ ᠪᠢᠠᠭᠤᠯᠤᠯᠲᠠ ᠶᠢ ᠲᠦᠷᠭᠡᠳᠭᠡᠵᠦ᠂ ᠨᠡᠶᠢᠲᠡᠯᠢᠭ ᠬᠡᠷᠡᠭᠯᠡᠬᠦ | ᠨᠢᠰᠭᠡᠯ ᠤᠨ ᠪᠠᠭᠤᠳᠠᠯ ᠤᠨ ᠲᠦᠰᠦᠯ ᠢ ᠲᠤᠭᠲᠠᠭᠠᠬᠤ ᠠᠵᠢᠯ ᠢ ᠢᠳᠡᠪᠬᠢ ᠰᠤᠳᠤᠯᠤᠨ ᠠᠬᠢᠭᠤᠯᠵᠤ᠂ ᠮᠠᠨ ᠤ | ᠰᠢᠶᠠᠨ ᠤ ᠡᠳᠦᠷ ᠠᠴᠠ ᠡᠳᠦᠷ ᠲᠤᠪᠤᠶᠢᠮ᠎ᠠ ᠴᠢᠭᠢᠯᠭᠠᠨ ᠬᠦᠴᠦ ᠴᠠᠬᠢᠯᠭᠠᠨ ᠦᠨ᠎ᠡ ᠶᠢᠨ ᠳᠠᠪᠠᠭᠤᠯᠢᠭ ᠲᠠᠯ᠎ᠠ᠂ | ᠭᠠᠵᠠᠷ ᠰᠢᠷᠤᠢ ᠶᠢᠨ ᠪᠠᠶᠢᠷᠢ ᠶᠢᠨ ᠳᠠᠪᠠᠭᠤᠯᠢᠭ ᠲᠠᠯ᠎ᠠ ᠵᠡᠷᠭᠡ ᠳᠤ ᠲᠦᠰᠢᠭᠯᠡᠨ᠂ ︽ᠨᠢᠭᠡ ᠤᠷᠤᠨ ᠨᠢᠭᠡ ᠪᠦᠰᠡ︾ | ᠵᠢᠴᠢ ᠪᠡᠭᠡᠵᠢᠩ ᠲᠢᠶᠠᠨᠵᠢᠨ ᠡᠾᠧᠪᠸᠢ ᠬᠠᠮᠵᠢᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠲᠠᠢ ᠪᠠᠷ | ᠵᠤᠬᠢᠴᠠᠨ ᠠᠰᠢᠭᠯᠠᠵᠤ ᠬᠦᠭᠵᠢᠨ᠎ᠡ᠃ ᠦᠪᠡᠷᠲᠡᠭᠡᠨ ᠵᠠᠰᠠᠬᠤ ᠤᠷᠤᠨ ᠤ ᠡᠷᠭᠢᠯᠲᠡ ᠶᠢᠨ ᠠᠵᠤ ᠦᠢᠯᠡᠰ ᠤᠨ | ᠬᠦᠷᠢᠶᠡᠯᠡᠩ ᠤᠨ ᠲᠦᠰᠦᠯ ᠢ ᠲᠡᠮᠡᠴᠡᠨ ᠤᠯᠵᠤ᠂ ᠬᠦᠷᠢᠶᠡᠯᠡᠩ ᠲᠤᠭᠤᠷᠢᠭ ᠤᠨ ᠰᠠᠭᠤᠷᠢ ᠲᠦᠭᠦᠷᠦᠮᠵᠢ ᠶᠢᠨ | ᠲᠦᠪᠰᠢᠨ ᠢ ᠴᠢᠨᠠᠭᠰᠢᠲᠠ ᠲᠡᠭᠦᠯᠳᠡᠷᠵᠢᠭᠦᠯᠵᠦ ᠳᠡᠭᠡᠭᠰᠢᠯᠡᠭᠦᠯᠦᠨ᠎ᠡ᠃ ᠲᠦᠰᠦᠯ ᠢ ᠮᠦᠷᠳᠡᠨ ᠨᠠᠶᠢᠳᠠᠪᠤᠷᠢᠵᠢᠭᠤᠯᠬᠤ | ᠠᠵᠢᠯ ᠢ ᠴᠢᠩᠭᠠᠳᠬᠠᠨ᠎ᠠ᠃ ᠬᠠᠩᠭᠠᠭᠰᠠᠨ ᠢᠳᠡᠭᠡᠨ ᠨᠤᠭᠤᠭ᠎ᠠ ᠶᠢ ᠭᠦᠨᠵᠡᠭᠡᠢ ᠦᠢᠯᠡᠳᠪᠦᠷᠢᠯᠡᠬᠦ᠂ ᠡᠮᠨᠡᠯᠭᠡ ᠳᠤ | ᠳᠡᠭᠡᠳᠦ ᠵᠡᠷᠭᠡᠯᠡᠯ ᠦᠩᠭᠡ ᠲᠠᠢ ᠲᠠᠮᠠᠭᠠᠨ ᠴᠠᠭᠠᠰᠤᠨ ᠬᠠᠶᠢᠷᠴᠠᠭ᠂ ᠬᠡᠷᠡᠭᠯᠡᠬᠦ ᠮᠠᠲ᠋ᠧᠷᠢᠶᠠᠯ ᠪᠠ ᠡᠮᠨᠡᠯᠭᠡ ᠶᠢᠨ ᠲᠤᠨᠤᠭ | ᠲᠦᠭᠦᠷᠦᠮᠵᠢ ᠶᠢᠨ ᠦᠢᠯᠡᠳᠪᠦᠷᠢᠯᠡᠯ᠂ ᠪᠠᠷᠢᠯᠭ᠎ᠠ ᠶᠢᠨ ᠮᠠᠲ᠋ᠧᠷᠢᠶᠠᠯ ᠱᠠᠭᠠᠵᠠᠩ ᠵᠡᠷᠭᠡ20 ᠨᠦᠬᠡᠴᠡ ᠲᠦᠰᠦᠯ ᠶᠢ | ᠲᠦᠰᠢᠭᠯᠡᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢ ᠦᠷᠨᠢᠭᠦᠯᠵᠦ᠂ ᠵᠠᠩ ᠵᠢᠶᠠ ᠺᠸᠦ ᠶᠢᠨ ᠺᠧᠨ | ᠱᠠᠩ ᠦᠨᠳᠦᠷ ᠳᠤᠯᠠᠭᠠᠨ ᠠᠴᠠ ᠬᠠᠮᠠᠭᠠᠯᠠᠬᠤ ᠮᠠᠲ᠋ᠧᠷᠢᠶᠠᠯ᠂ ᠵᠢᠩ ᠸᠧᠢ ᠹᠦ᠋ ᠺᠠᠨ ᠲᠠᠷᠢᠵᠤ ᠮᠠᠯ ᠲᠡᠵᠢᠭᠡᠨ | ᠦᠷᠡᠵᠢᠭᠦᠯᠬᠦ ᠵᠡᠷᠭᠡ66 ᠬᠡᠯᠡᠯᠴᠡᠭᠰᠡᠨ ᠲᠦᠰᠦᠯ ᠶᠢ ᠮᠦᠷᠳᠡᠨ ᠨᠠᠶᠢᠳᠠᠪᠤᠷᠢᠵᠢᠭᠤᠯᠤᠨ᠎ᠠ᠃ ᠤᠯᠤᠰ ᠤᠨ ᠠᠵᠤ | ᠦᠢᠯᠡᠰ ᠤᠨ ᠲᠦᠷᠦ ᠶᠢᠨ ᠪᠤᠳᠤᠯᠭ᠎ᠠ ᠪᠠ ᠪᠡᠯᠡ ᠤᠷᠤᠭᠤᠯᠬᠤ ᠴᠢᠭᠯᠡᠯ ᠶᠢ ᠪᠠᠷᠢᠵᠤ᠂ ᠲᠦᠰᠦᠯ ᠤᠨ ᠲᠦᠯᠦᠪᠯᠡᠯᠭᠡ᠂ | ᠨᠦᠬᠡᠴᠡ᠂ ᠮᠡᠳᠡᠭᠦᠯᠦᠯᠲᠡ ᠵᠡᠷᠭᠡ ᠡᠮᠦᠨᠡᠬᠢ ᠠᠵᠢᠯ ᠶᠢ ᠬᠢᠨᠠᠮᠠᠭᠠᠢ ᠰᠠᠶᠢᠲᠤᠷ ᠬᠢᠵᠦ᠂ ᠵᠢᠯ ᠤᠨ ᠳᠤᠲᠤᠷ᠎ᠠ12 | ᠮᠡᠳᠡᠭᠦᠯᠦᠯᠲᠡ ᠶᠢᠨ ᠲᠦᠰᠦᠯ ᠵᠦᠪᠰᠢᠶᠡᠷᠡᠯ ᠤᠯᠵᠤ ᠬᠡᠷᠡᠭᠵᠢᠭᠦᠯᠦᠭᠳᠡᠬᠦ ᠶᠢ ᠲᠡᠮᠡᠴᠡᠨ᠎ᠡ᠃ | ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠠᠷᠠᠳ | ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠠ ᠶᠢᠨ ᠤᠷᠴᠢᠨ ᠲᠤᠭᠤᠷᠢᠨ ᠤ ᠵᠢᠯ ᠶᠢ ᠰᠢᠯᠢᠳᠡᠭᠵᠢᠭᠦᠯᠬᠦ︾ | ᠬᠦᠳᠡᠯᠭᠡᠭᠡᠨ ᠶᠢ ᠦᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠠᠷᠠᠳ ᠤᠨ ᠡᠵᠡᠩᠨᠡᠭᠰᠡᠨ ᠠᠵᠤ ᠠᠬᠤᠶᠢᠯᠠᠯ | ᠤᠨ ᠰᠠᠭᠤᠭ᠎ᠠ ᠬᠤᠷᠠᠯ ᠳᠡᠭᠡᠷ᠎ᠡ ᠳᠤᠷᠠᠳᠤ ᠰᠠᠭᠤᠭᠰᠠᠨ6 ᠲᠠᠯ᠎ᠠ ᠶᠢᠨ ᠲᠦᠷᠦ ᠶᠢᠨ ᠪᠤᠳᠤᠯᠭ᠎ᠠ ᠠᠷᠭ᠎ᠠ ᠠᠪᠴᠢᠯ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ26 ᠵᠤᠷᠪᠤᠰ ᠠᠷᠠᠳ ᠤᠨ ᠡᠵᠡᠩᠨᠡᠭᠰᠡᠨ ᠠᠵᠤ | ᠠᠬᠤᠢ ᠶᠢ ᠳᠡᠮᠵᠢᠵᠤ᠂ ᠴᠢᠨᠰᠠᠭ᠎ᠠ ᠰᠠᠶᠢᠲᠠᠢ ᠬᠦᠭᠵᠢᠭᠦᠯᠬᠦ ᠪᠤᠲᠠᠲᠠᠢ ᠠᠷᠭ᠎ᠠ ᠠᠪᠴᠢᠯ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠤᠯᠤᠰ ᠤᠨ ᠮᠦᠩᠭᠦᠨ ᠭᠦᠢᠯᠭᠡᠭᠡ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ | ᠦᠢᠯᠡᠴᠢᠯᠡᠬᠦ ᠶᠢ ᠴᠢᠩᠭᠠᠳᠬᠠᠬᠤ15 ᠵᠤᠷᠪᠤᠰ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ᠂ ᠲᠠᠷᠢᠶᠠᠯᠠᠩ ᠤᠨ ᠪᠠᠩᠭᠢ᠂ ᠢᠲᠡᠭᠡᠮᠵᠢᠳᠦ ᠬᠤᠯᠪᠤᠭᠠᠨ ᠤ ᠬᠤᠷᠰᠢᠶ᠎ᠠ ᠵᠡᠷᠭᠡ ᠮᠦᠩᠭᠦᠨ ᠭᠦᠢᠯᠭᠡᠭᠡᠨ ᠤ | ᠪᠠᠶᠢᠭᠤᠯᠭ᠎ᠠ ᠶᠢᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠵᠢᠭᠡᠯᠡᠯᠭᠡ ᠦᠭᠴᠦ᠂ ᠰᠠᠨᠠᠭᠠᠴᠢᠯᠠᠭ᠎ᠠ ᠲᠠᠢ ᠪᠠᠷ | ᠵᠢᠭᠡᠯᠡᠨ ᠦᠭᠬᠦ ᠶᠢ ᠬᠦᠲᠦᠯᠦᠨ ᠵᠢᠯᠤᠭᠤᠳᠤᠨ᠎ᠠ᠃ ᠳᠤᠮᠳᠠᠳᠤ ᠤᠯᠤᠰ ᠤᠨ ᠪᠠᠩᠬᠢ ᠵᠡᠷᠭᠡ ᠮᠦᠩᠭᠦᠨ ᠭᠦᠯᠭᠡᠭᠡᠨ ᠤ | ᠪᠠᠶᠢᠭᠤᠯᠭ᠎ᠠ᠂ ᠪᠡᠯᠡ ᠤᠷᠤᠭᠤᠯᠬᠤ ᠪᠠᠶᠢᠭᠤᠯᠭ᠎ᠠ ᠶᠢ ᠢᠳᠡᠪᠬᠢᠲᠡᠢ ᠤᠷᠢᠵᠤ ᠤᠷᠤᠭᠤᠯᠤᠨ᠂ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠪᠠ ᠵᠢᠵᠢᠭ ᠪᠠᠭ᠎ᠠ ᠠᠵᠤ ᠠᠬᠤᠶᠢᠯᠠᠯ ᠤᠨ ᠪᠡᠯᠡ ᠴᠤᠭᠯᠠᠭᠤᠯᠬᠤ ᠱᠠᠭᠠᠷᠳᠠᠯᠭ᠎ᠠ ᠲᠠᠢ ᠤᠨᠤᠪᠴᠢᠲᠡᠢ | ᠵᠤᠯᠭᠤᠭᠠᠨᠠ᠃ ᠮᠠᠨ ᠤ ᠰᠢᠶᠠᠨ ᠤ396 ᠳᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠠᠵᠢᠯᠯᠠᠵᠤ ᠪᠠᠶᠢᠭ᠎ᠠ | ᠪᠠᠶᠢᠳᠠᠯ ᠳᠠᠬᠢ ᠲᠤᠬᠢᠷᠠᠭᠤᠯᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ | ᠰᠠᠨᠠᠭᠠᠴᠢᠯᠠᠭ᠎ᠠ ᠲᠠᠢ ᠪᠠᠷ ᠰᠤᠨᠤᠰᠤᠨ᠂ ᠵᠠᠷᠢᠮ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠨ | ᠦᠭᠴᠦ᠂ ᠪᠦᠬᠦ ᠡᠳᠦᠷ ᠪᠠᠷ ᠬᠦᠯᠢᠶᠡᠬᠦ᠂ ᠪᠦᠬᠦ ᠴᠢᠭ ᠪᠠᠷ ᠦᠢᠯᠡᠴᠢᠯᠡᠬᠦ ᠲᠦᠪᠰᠢᠨ ᠢ ᠦᠨᠡᠨ ᠪᠤᠲᠠᠲᠠᠢ ᠪᠠᠷ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠲᠠᠢ ᠬᠤᠯᠪᠤᠭᠳᠠᠬᠤ ᠪᠠᠶᠢᠴᠠᠭᠠᠬᠤ ᠠᠵᠢᠯᠠᠯᠭ᠎ᠠ ᠶᠢ ᠲᠦᠷᠢᠮᠵᠢᠭᠦᠯᠵᠦ᠂ ᠪᠦᠬᠦ | ᠠᠵᠤ ᠠᠬᠤᠶᠢᠯᠠᠯ ᠲᠠᠢ ᠬᠤᠯᠪᠤᠭᠳᠠᠬᠤ ᠪᠠᠶᠢᠴᠠᠭᠠᠯᠲᠠ ᠶᠢ ᠡᠷᠬᠡᠪᠰᠢ ᠰᠢᠶᠠᠨ ᠤ ᠬᠤᠪᠢᠳᠠᠨ ᠬᠠᠷᠢᠭᠤᠴᠠᠵᠤ ᠪᠠᠶᠢᠭ᠎ᠠ | ᠤᠳᠤᠷᠢᠳᠤᠯᠭ᠎ᠠ ᠶᠢᠨ ᠵᠦᠪᠰᠢᠶᠡᠷᠡᠯ ᠢ ᠤᠯᠬᠤ ᠬᠡᠷᠡᠭᠲᠡᠢ᠃ ᠨᠡᠶᠢᠯᠡᠭᠦᠯᠦᠨ ᠪᠠᠶᠢᠴᠠᠭᠠᠵᠤ ᠲᠡᠶᠢᠯᠬᠦ ᠶᠢ ᠨᠢ ᠪᠦᠬᠦᠨ ᠢ | ᠨᠡᠶᠢᠯᠡᠭᠦᠯᠦᠨ ᠪᠠᠶᠢᠴᠠᠭᠠᠵᠤ᠂ ᠠᠵᠤ ᠠᠬᠤᠶᠢᠯᠠᠯ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠳᠡᠯᠭᠡᠭᠡᠨ ᠢ | ᠬᠠᠷᠰᠢᠯᠠᠬᠤ ᠶᠢ ᠴᠠᠭᠠᠵᠠᠯᠠᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠠᠪᠤᠴᠠ ᠲᠤᠮᠳᠠ ᠢᠯᠡᠷᠡᠭᠰᠡᠨ ︽ | ᠢᠳᠡᠬᠦ ᠳᠤ ᠺᠠᠷᠲ ᠬᠡᠷᠡᠭᠯᠡᠬᠦ︾ ᠪᠠ ᠬᠦᠮᠦᠨ ᠤ ᠵᠤᠬᠢᠶᠠᠭᠰᠠᠨ ︽ ᠰᠢᠯ ᠤᠨ ᠡᠭᠦᠳᠡ︾ ᠶᠢᠨ ᠠᠵᠢᠯᠠᠯᠭ᠎ᠠ ᠶᠢ ᠠᠶ᠎ᠠ | ᠪᠠᠷ ᠨᠢ ᠪᠠᠶᠢᠯᠭᠠᠬᠤ ᠦᠭᠡᠢ᠃ ᠤᠯᠤᠰ ᠤᠨ ᠭᠠᠶᠢᠯᠢ ᠶᠢ ᠪᠠᠭᠠᠰᠬᠠᠵᠤ ᠵᠠᠷᠤᠯᠭ᠎ᠠ ᠶᠢ ᠲᠤᠷᠤᠭᠰᠢᠯᠠᠬᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠯᠡᠭᠡᠨ ᠤ ᠴᠢᠳᠠᠪᠤᠷᠢ᠂ | ᠪᠠᠷᠠᠭᠠᠨ ᠤ ᠤᠷᠤᠰᠬᠠᠯ᠂ ᠠᠵᠢᠯᠲᠡᠨ ᠬᠡᠷᠡᠭᠯᠡᠬᠦ᠂ ᠬᠤᠭᠤᠷᠤᠨᠳᠤᠬᠢ ᠦᠢᠯᠡᠴᠢᠯᠡᠭᠡ ᠵᠡᠷᠭᠡ ᠠᠵᠤ ᠦᠢᠯᠡᠰ ᠤᠨ | ᠡᠵᠡᠩᠨᠡᠯᠲᠡ ᠶᠢᠨ ᠦᠪᠡᠷ ᠤᠨ ᠦᠷᠳᠡᠭ ᠢ ᠪᠠᠭᠠᠰᠬᠠᠵᠤ᠂ ᠠᠷᠠᠳ ᠤᠨ ᠡᠵᠡᠩᠨᠡᠭᠰᠡᠨ ᠠᠵᠤ ᠠᠬᠤᠢ ᠨᠡᠩ ᠰᠠᠶᠢᠨ | ᠨᠡᠩ ᠲᠦᠷᠭᠡᠨ ᠬᠦᠭᠵᠢᠬᠦ ᠶᠢ ᠲᠦᠯᠬᠢᠨ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠵᠤᠯ ᠵᠢᠷᠭᠠᠯ ᠳᠤ ᠲᠦᠪᠯᠡᠷᠡᠭᠦᠯᠦᠨ᠂ ᠦᠨᠳᠦᠷ ᠬᠡᠮᠵᠢᠶᠡᠨ ᠤ | ᠴᠢᠨᠠᠷ ᠴᠢᠨᠰᠠᠭ᠎ᠠ ᠶᠢᠨ ᠬᠦᠭᠵᠢᠯᠲᠠ ᠶᠢ ᠠᠷᠠᠳ ᠤᠯᠠᠨ ᠳᠤ ᠬᠦᠷᠲᠡᠭᠡᠬᠦ ᠶᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠠᠵᠤ ᠦᠢᠯᠡᠰ ᠤᠨ ᠬᠦᠭᠵᠢᠯᠲᠠ ᠶᠢ ᠨᠢᠭᠡᠲᠦᠯᠲᠡᠢ | ᠲᠦᠯᠦᠪᠯᠡᠨ᠎ᠡ᠃ ᠠᠷᠠᠳ ᠤᠨ ᠠᠮᠢᠳᠤᠷᠠᠯ ᠤᠨ ᠦᠨᠳᠦᠰᠦ ᠪᠤᠯᠬᠤ ᠠᠵᠢᠯ ᠤᠯᠭᠤᠯᠲᠠ ᠶᠢ ᠰᠠᠶᠢᠲᠤᠷ ᠠᠳᠬᠤᠨ᠎ᠠ᠃ | ᠠᠵᠢᠯ ᠤᠯᠭᠤᠯᠲᠠ ᠶᠢᠨ ᠤᠷᠢᠳᠴᠢᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠠᠵᠢᠯ ᠤᠯᠭᠤᠯᠲᠠ ᠪᠠᠷ | ᠶᠠᠳᠠᠭᠤ ᠶᠢ ᠲᠡᠳᠭᠦᠬᠦ ᠪᠠ ᠪᠡᠭᠡᠵᠢᠩ ᠦᠪᠦᠷ ᠮᠤᠩᠭᠤᠯ ᠶᠢᠨ ᠬᠦᠳᠡᠯᠮᠦᠷᠢ ᠶᠢᠨ ᠬᠠᠮᠵᠢᠯᠴᠠᠯ ᠵᠡᠷᠭᠡ ᠲᠤᠰᠬᠠᠢ | ᠬᠦᠳᠡᠯᠭᠡᠭᠡᠨ ᠠᠬᠢᠭᠤᠯᠬᠤ ᠶᠢ ᠦᠷᠨᠢᠭᠦᠯᠵᠦ᠂ ᠠᠵᠢᠯ ᠪᠤᠰᠬᠠᠬᠤ ᠪᠠᠲᠤᠯᠭ᠎ᠠ ᠶᠢᠨ ᠵᠢᠭᠡᠯᠡᠯᠭᠡ ᠲᠠᠯᠪᠢᠬᠤ ᠬᠦᠴᠦᠴᠡ ᠶᠢ | ᠴᠢᠩᠭᠠᠳᠬᠠᠨ᠂ ᠶᠡᠭᠡ ᠰᠤᠷᠭᠠᠭᠤᠯᠢ ᠶᠢᠨ ᠤᠶᠤᠲᠠᠨ᠂ ᠲᠠᠷᠢᠶᠠᠴᠢᠨ ᠠᠵᠢᠯᠴᠢᠨ᠂ ᠠᠵᠢᠯ ᠤᠯᠭᠤᠬᠤ ᠳᠤ | ᠬᠦᠴᠢᠷᠲᠡᠯᠳᠡᠢ ᠬᠦᠮᠦᠰ᠂ ᠠᠵᠢᠯ ᠤᠯᠭᠤᠯᠲᠠ ᠳᠠᠬᠢ ᠶᠠᠳᠠᠭᠤ ᠶᠢ ᠲᠡᠳᠭᠦᠬᠦ ᠡᠳᠡᠭᠡᠳ ᠵᠡᠷᠭᠡ ᠭᠤᠤᠯ ᠬᠦᠮᠦᠨ | ᠠᠷᠠᠳ ᠤᠨ ᠠᠵᠢᠯ ᠤᠯᠭᠤᠯᠲᠠ ᠶᠢᠨ ᠠᠵᠢᠯ ᠢ ᠨᠢᠭᠡᠲᠦᠯᠲᠡᠢ ᠲᠦᠯᠦᠪᠯᠡᠵᠦ᠂ ᠵᠢᠯ ᠤᠨ ᠲᠤᠳᠤᠷ᠎ᠠ ᠬᠤᠲᠠ ᠪᠠᠯᠭᠠᠰᠤ | ᠶᠢᠨ ᠠᠵᠢᠯ ᠤᠯᠭᠤᠯᠲᠠ1300 ᠬᠦᠮᠦᠨ ᠰᠢᠨ᠎ᠡ ᠪᠠᠷ ᠨᠡᠮᠡᠭᠳᠡᠬᠦ ᠶᠢ ᠪᠠᠲᠤᠯᠠᠨ᠎ᠠ᠃ ᠨᠡᠶᠢᠭᠡᠮ ᠤᠨ ᠪᠠᠲᠤᠯᠠᠪᠤᠷᠢ ᠶᠢᠨ | ᠰᠢᠰᠲ᠋ᠧᠮ ᠢ ᠴᠢᠨᠠᠭᠰᠢᠲᠠ ᠲᠡᠭᠦᠯᠳᠡᠷᠵᠢᠭᠦᠯᠦᠨ᠎ᠡ᠃ ᠲᠤᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ᠂ ᠳᠤᠮᠳᠠ | ᠪᠠᠭ᠎ᠠ ᠠᠵᠤ ᠠᠬᠤᠶᠢᠯᠠᠯ᠂ ᠠᠮᠢᠳᠤᠯᠢᠭ ᠠᠵᠢᠯ ᠤᠯᠭᠤᠯᠲᠠ ᠶᠢᠨ ᠬᠦᠮᠦᠰ ᠪᠠᠷ ᠭᠤᠤᠯᠳᠠᠯᠭ᠎ᠠ ᠪᠤᠯᠭᠠᠨ᠂ ᠨᠡᠶᠢᠭᠡᠮ | ᠤᠨ ᠪᠠᠲᠤᠯᠠᠪᠤᠷᠢ ᠶᠢᠨ ᠰᠦᠢᠳᠭᠡᠯ ᠬᠤᠷᠢᠶᠠᠬᠤ ᠠᠵᠢᠯ ᠢ ᠴᠢᠩᠭ᠎ᠠ ᠠᠳᠬᠤᠨ᠎ᠠ ᠃ ᠠᠵᠢᠯᠴᠢᠨ ᠲᠠᠷᠢᠶᠠᠴᠢᠨ ᠳᠤ | ᠬᠦᠯᠦᠰᠦᠨ ᠮᠦᠩᠬᠦ ᠦᠷᠢᠳᠦᠬᠦ ᠶᠢ ᠵᠠᠰᠠᠬᠤ ᠬᠦᠴᠦᠯᠡᠴᠡ ᠢᠶᠠᠨ ᠶᠡᠬᠡᠳᠭᠡᠨ᠎ᠡ᠃ ︽ᠬᠤᠶᠠᠷ ᠮᠦᠩᠬᠦ ᠭᠤᠷᠪᠠᠨ | ᠳᠦᠷᠢᠮ︾ ᠭᠡᠬᠦ ᠮᠡᠲᠦ ᠶᠢᠨ ᠠᠵᠢᠯᠴᠢᠨ ᠲᠠᠷᠢᠶᠠᠴᠢᠨ ᠤ ᠬᠦᠯᠦᠰᠦᠨ ᠮᠦᠩᠭᠦ ᠶᠢ ᠪᠤᠳᠤᠵᠤ ᠦᠭᠬᠦ ᠳᠦᠷᠢᠮ ᠢ | ᠨᠠᠷᠢᠨ ᠬᠢᠨᠠᠮᠠᠭᠠᠢ ᠪᠠᠷ ᠲᠤᠭᠤᠰᠢᠯᠠᠭᠤᠯᠤᠨ᠂ ᠪᠠᠷᠢᠵᠤ ᠪᠠᠶᠢᠭ᠎ᠠ ᠢᠨᠵᠧᠨ᠋ᠷᠢᠭ ᠤᠨ ᠬᠦᠳᠡᠯᠮᠦᠷᠢ ᠶᠢᠨ ᠭᠡᠷ᠎ᠡ ᠲᠤᠭᠳᠠᠬᠤ᠂ | ᠪᠠᠩᠭᠢ ᠠᠴᠠ ᠰᠠᠷ᠎ᠠ ᠪᠦᠷᠢ ᠴᠠᠯᠢᠩ ᠢ ᠲᠦᠯᠦᠭᠡᠯᠡᠵᠦ ᠦᠭᠬᠦ᠂ ᠵᠢᠩᠭᠢᠨᠢ ᠨᠡᠷ᠎ᠡ ᠪᠠᠷ ᠬᠠᠮᠢᠶᠠᠷᠬᠤ ᠵᠡᠷᠭᠡ ᠤᠷᠲᠤ | ᠬᠤᠭᠤᠴᠠᠭᠠᠨ ᠤ ᠠᠷᠭ᠎ᠠ ᠠᠪᠴᠢᠯ ᠢᠶᠠᠷ ᠳᠠᠮᠵᠢᠨ ᠬᠠᠷᠠᠯᠲᠠ100% ᠳᠤ ᠬᠦᠷᠬᠦ ᠶᠢ ᠪᠡᠶᠡᠯᠡᠭᠦᠯᠦᠨ᠎ᠡ᠃ ᠰᠤᠷᠭᠠᠨ | ᠬᠦᠮᠦᠵᠢᠯ ᠤᠨ ᠠᠵᠤ ᠦᠢᠯᠡᠰ ᠢ ᠤᠷᠢᠳᠠᠪᠠᠷ ᠬᠦᠭᠵᠢᠭᠦᠯᠦᠨ᠎ᠡ᠃ ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ | ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠰᠢᠶᠠᠨ ᠤ ᠬᠡᠪᠴᠢᠶᠡᠨ ᠲᠤᠳᠤᠷᠠᠬᠢ ᠬᠤᠲᠠ | ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠦᠭᠡᠷᠡᠴᠢᠯᠡᠯᠲᠠ ᠬᠦᠭᠵᠢᠯᠲᠠ ᠶᠢ ᠨᠢᠭᠡᠲᠤᠯᠲᠠᠢ | ᠲᠦᠯᠦᠪᠯᠡᠵᠦ ᠲᠦᠯᠬᠢᠨ ᠠᠬᠢᠭᠤᠯᠵᠤ᠂ ᠪᠠᠭᠰᠢ ᠶᠢᠨ ᠡᠩᠨᠡᠭᠡ ᠳᠤ ᠢᠯᠡ ᠪᠠᠷ ᠡᠯᠰᠡᠬᠦ ᠬᠦᠴᠦᠯᠡᠴᠡ ᠶᠢ | ᠦᠷᠭᠦᠯᠵᠢᠯᠡᠨ ᠴᠢᠩᠭᠠᠳᠭᠠᠨ᠂ ᠬᠦᠳᠡᠭᠡ ᠲᠤᠰᠬᠤᠨ ᠤ ᠰᠤᠷᠭᠠᠭᠤᠯᠢ ᠪᠤᠯᠤᠨ ᠰᠢᠶᠠᠩ ᠪᠠᠯᠭᠠᠰᠤ ᠶᠢᠨ ᠪᠠᠶᠢᠷᠢᠯᠠᠬᠤ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠰᠢᠶᠠᠨ ᠤ ᠬᠡᠪᠴᠢᠶᠡᠨ ᠳᠠᠬᠢ | ᠠᠯᠪᠠᠨ ᠵᠢᠷᠤᠮ ᠤᠨ ᠰᠤᠷᠭᠠᠨ ᠬᠦᠮᠦᠵᠢᠯ ᠳᠤ ᠤᠯᠤᠰ ᠠᠴᠠ ᠰᠤᠩᠭᠤᠵᠤ ᠪᠠᠶᠢᠴᠠᠭᠠᠬᠤ ᠡᠯ᠎ᠡ ᠵᠦᠢᠯ ᠤᠨ ᠪᠡᠯᠡᠳᠭᠡᠯ | ᠠᠵᠢᠯ ᠢ ᠲᠡᠩᠴᠡᠭᠦᠷᠢᠲᠡᠢ ᠬᠦᠭᠵᠢᠭᠦᠯᠬᠦ ᠶᠢ ᠰᠠᠶᠢᠨ ᠬᠢᠨ᠎ᠡ᠃ ᠠᠷᠠᠳ ᠠᠴᠠ ᠪᠠᠶᠢᠭᠤᠯᠤᠭᠰᠠᠨ ᠬᠡᠥᠬᠡᠳ ᠤᠨ | ᠴᠡᠴᠡᠷᠯᠢᠭ ᠤᠨ ᠡᠮᠬᠢ ᠳᠦᠷᠢᠮ ᠢ ᠴᠢᠨᠠᠭᠰᠢᠲᠠ ᠴᠡᠭᠴᠡᠯᠡᠨ ᠳᠦᠷᠢᠮᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ | ᠬᠡᠥᠬᠡᠳ ᠤᠨ ᠴᠡᠴᠡᠷᠯᠢᠭ ᠤᠨ ᠪᠠᠭᠰᠢ ᠡᠯᠰᠡᠬᠦ ᠨᠦᠬᠦᠪᠦᠷᠢᠯᠡᠬᠦ ᠠᠵᠢᠯ ᠢ ᠴᠢᠩᠭᠠᠳᠬᠠᠨ᠂ ᠶᠢᠰᠦᠳᠦᠭᠡᠷ ᠬᠡᠥᠬᠡᠳ ᠤᠨ | ᠴᠡᠴᠡᠷᠯᠢᠭ ᠢ ᠲᠦᠯᠦᠪᠯᠡᠨ ᠰᠢᠨ᠎ᠡ ᠪᠠᠷ ᠪᠠᠶᠢᠭᠤᠯᠤᠨ᠎ᠠ᠃ ᠱᠢ ᠵᠢᠢ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ | ᠶᠢᠨ ᠨᠡᠶᠢᠲᠠ ᠶᠢᠨ ᠠᠰᠠᠷ᠂ ᠲᠤᠩ ᠶᠦᠩ ᠪᠠᠭ᠎ᠠ ᠰᠤᠷᠭᠠᠭᠤᠯᠢ ᠶᠢᠨ ᠨᠡᠶᠢᠲᠠ ᠶᠢᠨ ᠠᠰᠠᠷ ᠵᠡᠷᠭᠡ ᠪᠠᠷᠢᠵᠤ ᠪᠠᠶᠢᠭ᠎ᠠ8 | ᠢᠨᠵᠧᠨ᠋ᠷᠢᠭ ᠢ ᠲᠦᠯᠬᠢᠨ ᠠᠬᠢᠭᠤᠯᠤᠨ᠎ᠠ᠃ ᠰᠤᠷᠭᠠᠭᠤᠯᠢ ᠡᠬᠢᠯᠡᠬᠦ ᠦᠢᠯᠡ ᠠᠵᠢᠯᠯᠠᠭ᠎ᠠ ᠶᠢ ᠴᠢᠨᠠᠭᠰᠢᠲᠠ | ᠳᠦᠷᠢᠮᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠭ᠎ᠠ ᠶᠢᠨ ᠶᠡᠷᠦᠩᠬᠡᠢ ᠵᠠᠰᠠᠯᠲᠠ ᠶᠢ | ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠮᠵᠢᠶ᠎ᠠ ᠠᠴᠠ ᠬᠡᠳᠦᠷᠡᠭᠰᠡᠨ ᠬᠢᠴᠢᠶᠡᠯ ᠤᠨ | ᠭᠠᠳᠠᠨᠠᠬᠢ ᠡᠭᠦᠷᠭᠡ ᠶᠢ ᠪᠠᠭᠠᠰᠬᠠᠨ᠎ᠠ᠃ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠡᠷᠡᠭᠦᠯ ᠮᠡᠨᠳᠦ ᠪᠠᠷ ᠰᠢᠶᠠᠨ ᠤ ᠡᠭᠦᠳᠦᠨ ᠪᠠᠶᠢᠭᠤᠯᠯᠤᠲᠠ ᠶᠢ | ᠠᠬᠢᠭᠤᠯᠬᠤ ᠠᠵᠢᠯ ᠢ ᠦᠷᠬᠦᠯᠵᠢᠯᠡᠨ ᠲᠦᠯᠬᠢᠨ ᠠᠬᠢᠭᠤᠯᠵᠤ᠂ ᠡᠷᠡᠭᠦᠯ ᠮᠡᠨᠳᠦ ᠶᠢᠨ ᠰᠤᠷᠭᠠᠨ ᠬᠦᠮᠦᠵᠢᠯ ᠭᠡᠷ ᠪᠦᠯᠢ | ᠳᠤ ᠤᠷᠤᠬᠤ᠂ ᠬᠦᠳᠡᠭᠡ ᠲᠤᠰᠬᠤᠨ ︵ᠲᠤᠭᠤᠷᠢᠭ︶ ᠲᠤ ᠤᠷᠤᠬᠤ᠂ ᠰᠤᠷᠭᠠᠭᠤᠯᠢ ᠳᠤ ᠤᠷᠤᠬᠤ᠂ ᠡᠮᠨᠡᠯᠭᠡ ᠳᠤ | ᠤᠷᠤᠬᠤ᠂ ᠠᠵᠢᠯ ᠤᠨ ᠪᠠᠶᠢᠭᠤᠯᠭ᠎ᠠ ᠳᠤ ᠤᠷᠤᠬᠤ᠂ ᠨᠡᠶᠢᠲᠡ ᠶᠢᠨ ᠲᠠᠯᠠᠪᠠᠢ ᠳᠤ ᠤᠷᠤᠬᠤ ᠵᠡᠷᠭᠡ ︽6 ᠤᠷᠤᠬᠤ︾ | ᠬᠦᠳᠡᠯᠭᠡᠭᠡᠨ ᠢ ᠦᠷᠨᠢᠭᠦᠯᠦᠨ᠎ᠡ᠃ ᠪᠦᠬᠦ ᠰᠢᠶᠠᠨ ᠤ ᠮᠠᠯᠴᠢᠨ ᠲᠠᠷᠢᠶᠠᠴᠢᠨ ᠤ ᠡᠷᠡᠭᠦᠯ ᠳᠤ ︽ᠡᠯᠧᠺᠲᠷᠤᠨ ᠳᠠᠩᠰᠠ | ᠪᠠᠶᠢᠭᠤᠯᠬᠤ ᠨᠤᠷᠮ᠎ᠠ ᠶᠢ ᠵᠢᠯ ᠤᠨ ᠳᠤᠲᠤᠷ᠎ᠠ90% ᠠᠴᠠ ᠳᠡᠭᠡᠭᠰᠢ ᠬᠦᠷᠭᠡᠨ᠎ᠡ᠃ ᠳᠡᠰ ᠬᠤᠪᠢᠶᠠᠨ ᠡᠮᠨᠡᠨ ᠵᠠᠰᠠᠬᠤ | ᠳᠦᠷᠢᠮ ᠤᠨ ᠪᠠᠶᠢᠭᠤᠯᠤᠯᠲᠠ ᠳᠤ ᠲᠦᠪᠯᠡᠷᠡᠭᠦᠯᠦᠨ᠂ ᠨᠡᠭ᠌ᠲᠠ ᠬᠡᠯᠪᠡᠷᠢ ᠶᠢᠨ ᠰᠢᠶᠠᠨ ᠤ ᠬᠡᠪᠴᠢᠶᠡᠨ ᠳᠠᠬᠢ ᠬᠠᠮᠲᠤ | ᠶᠢᠨ ᠴᠤᠭᠴᠠ ᠶᠢᠨ ᠪᠠᠶᠢᠭᠤᠯᠤᠯᠲᠠ ᠶᠢ ᠴᠢᠩᠭ᠎ᠠ ᠠᠳᠬᠤᠨ᠂ ᠰᠢᠶᠠᠨ ᠤ ᠡᠮᠨᠡᠯᠭᠡ ᠪᠤᠯᠤᠨ ᠬᠢᠲᠠᠳ ᠡᠮᠨᠡᠯᠭᠡ ᠨᠢ | ᠰᠢᠶᠠᠩ ᠪᠠᠯᠭᠠᠰᠤ ᠶᠢᠨ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ ᠴᠤᠭᠴᠠ ᠶᠢ ᠪᠠᠶᠢᠭᠤᠯᠵᠤ᠂ ᠪᠦᠬᠦ | ᠲᠠᠰᠤᠭ ᠤᠨ ᠡᠮᠴᠢ ᠶᠢ ᠡᠬᠡᠯᠵᠢᠯᠡᠨ ᠰᠤᠩᠭᠤᠵᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠦᠵᠡᠯ ᠰᠠᠨᠠᠭᠠᠨ ᠤ ᠰᠤᠶᠤᠯ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠲᠤᠭ ᠪᠠᠷᠢᠨ᠂ ᠠᠷᠠᠳ ᠤᠨ ᠰᠡᠳᠬᠢᠯ ᠢ ᠴᠤᠭᠯᠠᠷᠠᠭᠤᠯᠤᠨ᠂ ᠰᠢᠨ᠎ᠡ ᠬᠦᠮᠦᠨ` | ᠢ ᠬᠦᠮᠦᠵᠢᠭᠦᠯᠦᠨ᠂ ᠰᠤᠶᠤᠯ ᠢᠶᠠᠨ ᠬᠦᠭᠵᠢᠭᠦᠯᠦᠨ᠂ ᠳᠦᠷᠢ ᠳᠦᠷᠬᠦ ᠪᠠᠨ ᠴᠤᠭᠴᠠᠯᠠᠬᠤ ᠦᠵᠡᠯ ᠰᠤᠷᠲᠠᠯ ᠤᠨ | ᠠᠵᠢᠯ ᠤᠨ ᠡᠭᠦᠷᠭᠡ ᠶᠢ ᠰᠠᠶᠢᠨ ᠳᠤᠷ᠎ᠠ ᠠᠴᠠ ᠪᠠᠨ ᠡᠭᠦᠷᠭᠡᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠤᠯᠤᠯᠲᠠ ᠶᠢᠨ | ᠰᠤᠷᠤᠯᠴᠠᠯᠭ᠎ᠠ ᠶᠢ ᠶᠡᠬᠡᠪᠡᠷ ᠦᠷᠨᠢᠭᠦᠯᠵᠦ᠂ ᠺᠠᠳᠠᠷᠴᠤᠳ ᠪᠤᠯᠤᠨ ᠤᠯᠠᠨ ᠲᠦᠮᠡᠨ ᠤ ᠤᠯᠤᠰ ᠲᠦᠷᠦ ᠶᠢᠨ | ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ ᠪᠠ ᠰᠡᠳᠭᠢᠯᠭᠡ ᠶᠢᠨ ᠮᠡᠳᠡᠷᠡᠮᠵᠢ ᠶᠢ | ᠴᠢᠨᠠᠭᠰᠢᠲᠠ ᠴᠢᠩᠭᠠᠳᠬᠠᠨ᠎ᠠ᠃ ᠵᠠᠭᠤᠴᠢᠯᠠᠯᠲᠠ ᠶᠢᠨ ᠴᠠᠭ ᠦᠶ᠎ᠡ ᠳᠠᠬᠢ ᠵᠠᠭᠤᠴᠢ ᠶᠢᠨ ᠨᠡᠶᠢᠯᠡᠨ ᠬᠦᠭᠵᠢᠬᠦ᠂ | ᠶᠡᠬᠡᠪᠡᠷ ᠬᠢᠬᠦ ᠬᠦᠴᠦᠲᠡᠢ ᠬᠢᠬᠦ ᠭᠤᠤᠯ ᠤᠷᠤᠰᠬᠠᠯ ᠶᠢ ᠴᠢᠩᠭᠠᠳᠬᠠᠨ᠎ᠠ᠃ ᠵᠠᠯᠠᠭᠤᠴᠤᠳ ᠪᠠᠭᠠᠴᠤᠳ ᠤᠨ ᠦᠵᠡᠯ | ᠰᠠᠨᠠᠭᠠᠨ ᠤ ᠠᠵᠢᠯ ᠪᠠ ᠢᠨᠲ᠋ᠧᠷᠨ᠋ᠲ ᠠᠴᠠ ᠰᠡᠷᠭᠡᠶᠢᠯᠡᠬᠦ ᠠᠵᠢᠯ ᠢ ᠴᠢᠩᠭᠠᠳᠬᠠᠨ᠂ ᠬᠠᠤᠯᠢ ᠶᠤᠰᠤᠭᠠᠷ ᠰᠦᠯᠵᠢᠶ᠎ᠡ ᠶᠢ | ᠵᠠᠰᠠᠬᠤ ᠶᠢ ᠠᠬᠢᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦᠴᠢᠷ ᠳᠠᠬᠢ ᠵᠢᠭᠠᠪᠤᠷᠢᠯᠠᠬᠤ ᠵᠤᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠯᠢᠳᠡᠭ ᠬᠦᠮᠦᠰ ᠢ ᠰᠤᠩᠭᠤᠨ᠂ ᠰᠢᠨ᠎ᠡ ᠴᠠᠭ ᠦᠶ᠎ᠡ ᠶᠢᠨ ᠱᠠᠩᠳᠤ | ᠶᠢᠨ ᠬᠦᠭᠵᠢᠯᠲᠠ ᠪᠠ ᠠᠷᠠᠳ ᠲᠦᠮᠡᠨ ᠤ ᠵᠤᠯ ᠵᠢᠷᠭᠠᠯᠲᠤ ᠠᠮᠢᠳᠤᠷᠠᠯ ᠢ ᠳᠤᠰᠬᠠᠭᠰᠠᠨ ᠤᠷᠠᠯᠢᠭ ᠤᠨ ᠪᠦᠲᠦᠭᠡᠯ | ᠤᠳ ᠢ ᠡᠭᠦᠳᠦᠨ᠎ᠡ᠃ ᠰᠤᠶᠤᠯ ᠢᠶᠠᠷ ᠠᠷᠠᠳ ᠳᠤ ᠠᠰᠢᠭ ᠬᠦᠷᠲᠡᠭᠡᠬᠦ ᠦᠵᠡᠭᠦᠯᠭᠡ ᠪᠠ ᠲᠤᠰᠬᠤᠨ ᠤ ᠤᠴᠢᠵᠤ ᠰᠢ | ᠲᠤᠭᠯᠠᠬᠤ ᠬᠦᠳᠡᠯᠭᠡᠭᠡᠨ ᠢ ᠦᠷᠨᠢᠭᠦᠯᠵᠦ᠂ ᠤᠯᠠᠭᠠᠨᠮᠦᠴᠢᠷ ᠶᠢᠨ ᠦᠨᠳᠦᠰᠦᠨ ᠱᠠᠲᠤᠨ ᠳᠤ ᠤᠴᠢᠵᠤ ᠦᠵᠡᠭᠦᠯᠭᠡ | ᠭᠠᠷᠭᠠᠭᠰᠠᠨ ᠲᠤᠭ᠎ᠠ ᠨᠢ100 ᠤᠳᠠᠭ᠎ᠠ ᠠᠴᠠ ᠳᠤᠷᠤᠭᠰᠢ ᠪᠢᠰᠢ ᠪᠠᠶᠢᠬᠤ ᠶᠢ ᠪᠠᠲᠤᠯᠠᠵᠤ᠂ ᠦᠪᠡᠷᠲᠡᠭᠡᠨ ᠵᠠᠰᠠᠬᠤ | ᠤᠷᠤᠨ ᠤ ᠰᠢ ᠵᠦᠴᠦᠭᠡ ᠨᠢ ᠬᠦᠳᠡᠭᠡ ᠲᠤᠰᠬᠤᠨ ᠳᠤ ᠤᠷᠤᠬᠤ ᠰᠢᠯᠢᠳᠡᠭ ᠵᠦᠴᠦᠭᠡ ᠶᠢᠨ ᠭᠠᠷᠴᠠᠭ ᠨᠢ60 | ᠤᠳᠠᠭ᠎ᠠ ᠠᠴᠠ ᠳᠤᠷᠤᠭᠰᠢ ᠪᠢᠰᠢ ᠶᠢ ᠪᠠᠲᠤᠯᠠᠨ᠎ᠠ᠃ ᠲᠤᠰᠬᠤᠨ ᠤ ᠳᠡᠰ ᠤᠨ ᠰᠤᠶᠤᠯ ᠤᠨ ᠦᠷᠦᠭᠡ ᠶᠢᠨ | ᠲᠦᠭᠦᠷᠦᠮᠵᠢ ᠶᠢ ᠴᠢᠨᠠᠭᠰᠢᠲᠠ ᠲᠡᠭᠦᠯᠳᠡᠷᠵᠢᠭᠦᠯᠵᠦ᠂ ᠷᠠᠳᠢᠣ᠋ ᠲᠧᠯᠸᠢᠰ ᠶᠢᠨ ᠰᠠᠭᠤᠷᠢ ᠲᠦᠭᠦᠷᠦᠮᠵᠢ ᠶᠢᠨ | ᠪᠠᠶᠢᠭᠤᠯᠤᠯᠲᠠ ᠶᠢᠨ ᠡᠷᠴᠢᠮ ᠶᠢ ᠨᠡᠮᠡᠭᠳᠡᠭᠦᠯᠵᠦ᠂ ᠴᠢ ᠲᠠᠢ ᠪᠠᠯᠭᠠᠰᠤ᠂ ᠱᠢ ᠪᠠ ᠴᠢᠩ ᠪᠤᠯᠤᠨ ᠳ᠋ᠠ ᠺᠦ᠋ ᠯᠦᠨ | ᠳᠠᠬᠢ ᠰᠠᠴᠤᠷᠠᠭᠤᠯᠬᠤ ᠦᠷᠲᠡᠭᠡᠨ ᠤ ᠰᠠᠭᠤᠷᠢ ᠲᠦᠭᠦᠷᠦᠮᠵᠢ ᠶᠢᠨ ᠦᠭᠡᠷᠡᠴᠢᠯᠡᠨ ᠰᠠᠶᠢᠵᠢᠷᠠᠭᠤᠯᠬᠤ ᠢᠨᠵᠧᠨ᠋ᠷᠢᠭ ᠢ | ᠪᠡᠶᠡᠯᠡᠭᠦᠯᠦᠨ᠎ᠡ᠃ ᠲᠡᠥᠭᠡ ᠶᠢᠨ ᠳᠤᠷᠠᠰᠬᠠᠯᠲᠤ ᠵᠦᠢᠯᠡᠰ ᠳᠠᠬᠢ ᠬᠠᠮᠠᠭᠠᠯᠠᠯᠲᠠ ᠪᠠᠨ ᠨᠡᠮᠡᠭᠳᠡᠭᠦᠯᠦᠨ᠂ ᠶᠢᠨ ᠵᠢᠶᠠ | ᠬᠤᠤ ᠤᠯᠤᠰ ᠤᠨ ᠳᠡᠰ ᠤᠨ ᠲᠦᠰᠦᠯ ᠤᠨ ᠬᠠᠮᠠᠭᠠᠯᠯᠠᠲᠠ ᠪᠠ ᠪᠠᠬᠢᠵᠢᠭᠦᠯᠦᠯᠲᠡ ᠶᠢᠨ ᠢᠨᠵᠧᠨ᠋ᠷᠢᠭ ᠢ ᠬᠤᠷᠳᠤᠨ | ᠬᠡᠷᠡᠭᠵᠢᠭᠦᠯᠦᠨ᠎ᠡ᠃ | ᠬᠠᠮᠲᠤᠪᠠᠷ ᠪᠠᠶᠢᠭᠤᠯᠵᠤ᠂ ᠬᠠᠮᠲᠤᠪᠠᠷ ᠵᠠᠰᠠᠵᠤ᠂ ᠬᠠᠮᠲᠤᠪᠠᠷ ᠬᠤᠪᠢᠶᠠᠯᠴᠠᠬᠤ ᠨᠡᠶᠢᠭᠡᠮ ᠤᠨ | ᠪᠠᠶᠢᠷᠢᠯᠠᠭᠤᠯᠤᠯᠲᠠ ᠶᠢ ᠪᠦᠬᠦ ᠬᠦᠴᠦ ᠪᠠᠷ ᠴᠤᠭᠴᠠᠯᠠᠨ ᠪᠠᠶᠢᠭᠤᠯᠤᠨ᠎ᠠ᠃ ᠠᠮᠤᠷ ᠲᠦᠪᠰᠢᠨ ᠱᠠᠩᠳᠤ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠨᠡ ᠵᠢᠯ ᠪᠤᠯ ᠬᠠᠷ᠎ᠠ ᠪᠦᠯᠦᠭᠲᠡᠨ ᠬᠠᠷᠭᠢᠰ ᠬᠦᠴᠦᠨ ᠢ | ᠤᠰᠠᠳᠬᠠᠬᠤ ᠭᠤᠷᠪᠠᠨ ᠵᠢᠯ ᠤᠨ ᠲᠡᠮᠡᠴᠡᠯᠳᠦᠭᠡᠨ ᠤ ᠰᠢᠪᠲᠤᠯᠤᠯᠲᠠ ᠶᠢᠨ ᠵᠢᠯ᠂ ᠬᠠᠷ᠎ᠠ ᠪᠦᠯᠦᠭᠲᠡᠨ ᠬᠠᠷᠬᠢᠰ | ᠬᠦᠴᠦᠨ ᠢ ᠤᠰᠠᠳᠬᠠᠬᠤ ᠲᠡᠮᠡᠴᠡᠯᠳᠦᠭᠡᠨ ᠢ ᠦᠷᠬᠦᠯᠵᠢᠯᠡᠨ ᠦᠷᠨᠢᠭᠦᠯᠵᠦ᠂ ︽ᠨᠢᠭᠡ ᠬᠡᠷᠡᠭ ᠢ ᠭᠤᠷᠪᠠ | ᠪᠠᠶᠢᠴᠠᠭᠠᠬᠤ︾ ᠢ ᠴᠢᠩᠭᠠᠳᠬᠠᠨ᠂ ᠬᠠᠷ᠎ᠠ ᠪᠦᠯᠦᠭᠲᠡᠨ ᠤ ᠬᠠᠮᠠᠭᠠᠯᠠᠯᠲᠠ ᠶᠢᠨ ᠬᠦᠴᠦᠨ ᠢ ᠨᠢᠭᠲᠠ ᠠᠩᠬᠠᠷᠤᠨ᠂ | ᠲᠦᠪᠯᠡᠷᠡᠩᠭᠦᠢ ᠪᠠᠷ ᠪᠤᠭᠤᠮᠲᠠ ᠰᠢᠪᠲᠤᠯᠵᠤ᠂ ᠨᠢᠭᠡᠨᠲᠡ ᠰᠢᠢᠳᠪᠦᠷᠢᠯᠡᠭᠰᠡᠨ ᠬᠡᠷᠡᠭ ᠢ ᠭᠦᠨᠵᠡᠭᠡᠢ ᠪᠠᠶᠢᠴᠠᠭᠠᠨ᠂ ᠬᠠᠷ᠎ᠠ | ᠪᠦᠯᠦᠭᠲᠡᠨ ᠤ ᠰᠦᠷ ᠬᠦᠴᠦ ᠪᠤᠢ ᠪᠤᠯᠵᠤ ᠪᠠᠶᠢᠭ᠎ᠠ ᠬᠦᠷᠦᠰᠦ ᠰᠢᠷᠤᠢ ᠶᠢ ᠨᠢᠭᠡᠮᠰᠦᠨ ᠤᠰᠠᠳᠬᠠᠨ᠎ᠠ᠃ ︽ᠭᠠᠵᠠᠷ | ᠤᠷᠤᠨ ᠤ ᠨᠠᠮ ᠵᠠᠰᠠᠭ ᠤᠨ ᠤᠳᠤᠷᠢᠳᠬᠤ ᠺᠠᠲᠠᠷᠴᠤᠳ ᠤᠨ ᠠᠮᠤᠷ ᠲᠦᠪᠰᠢᠨ ᠢᠶᠠᠷ ᠦᠢᠯᠡᠳᠪᠦᠷᠢᠯᠡᠬᠦ | ᠬᠠᠷᠢᠴᠠᠭᠤᠯᠭ᠎ᠠ ᠶᠢᠨ ᠳᠦᠷᠢᠮ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ ᠤᠨ | ᠤᠳᠤᠷᠢᠳᠬᠤ ᠺᠠᠲᠠᠷᠴᠤᠳ ᠤᠨ ᠠᠮᠤᠷ ᠲᠦᠪᠰᠢᠨ ᠢᠶᠠᠷ ᠦᠢᠯᠡᠳᠪᠦᠷᠢᠯᠡᠬᠦ ᠬᠠᠷᠢᠴᠠᠭᠤᠯᠭ᠎ᠠ ᠶᠢᠨ ᠳᠦᠷᠢᠮ ᠢ | ᠬᠡᠷᠡᠭᠵᠢᠭᠦᠯᠬᠦ ᠨᠠᠷᠢᠨ ᠲᠤᠭᠲᠠᠭᠠᠯ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠴᠢᠬᠤᠯᠠ ᠬᠦᠷᠢᠶ᠎ᠡ ᠬᠡᠪᠴᠢᠶ᠎ᠡ | ᠴᠢᠬᠤᠯᠠ ᠠᠵᠢᠯ ᠲᠦᠷᠦᠯ ᠴᠢᠬᠤᠯᠠ ᠪᠠᠶᠢᠷᠢ ᠶᠢᠨ ᠬᠢᠨᠠᠨ ᠵᠠᠬᠢᠷᠤᠯᠲᠠ ᠶᠢ ᠴᠢᠩᠭᠠᠳᠬᠠᠨ᠂ ᠰᠢᠶᠠᠨ ᠲᠤᠰᠬᠤᠨ ᠤ | ᠬᠢᠨᠡᠨ ᠵᠠᠬᠢᠷᠴᠤ ᠬᠠᠤᠯᠢ ᠶᠢ ᠬᠡᠷᠡᠭᠵᠢᠭᠦᠯᠬᠦ ᠬᠦᠴᠦ ᠪᠠ ᠬᠢᠨᠠᠨ ᠵᠠᠬᠢᠷᠬᠤ ᠡᠷᠴᠢᠮ ᠢ ᠴᠢᠩᠭᠠᠳᠬᠠᠨ᠂ ᠠᠵᠤ | ᠦᠢᠯᠡᠳᠪᠦᠷᠢ ᠶᠢᠨ ᠬᠠᠤᠯᠢ ᠪᠤᠰᠤ ᠪᠠᠷ ᠦᠢᠯᠡᠳᠪᠦᠷᠢᠯᠡᠬᠦ ᠦᠢᠯᠡ ᠠᠵᠢᠯᠯᠠᠭ᠎ᠠ ᠶᠢ ᠶᠡᠬᠡᠪᠡᠷ ᠴᠤᠬᠢᠯᠲᠠ ᠦᠭᠭᠦᠨ᠎ᠡ᠃ | ᠰᠤᠴᠢᠮᠠᠭ ᠡᠭᠦᠰᠬᠦ ᠬᠡᠷᠡᠭ ᠶᠠᠪᠤᠳᠠᠯ ᠢ ᠰᠢᠢᠳᠪᠦᠷᠢᠯᠡᠬᠦ ᠵᠤᠬᠢᠴᠠᠮᠵᠢ ᠶᠢ ᠲᠡᠭᠦᠯᠳᠡᠷᠵᠢᠭᠦᠯᠦᠨ᠂ ᠭᠠᠢ ᠭᠠᠮᠰᠢᠭ ᠤᠨ | ᠪᠠᠶᠢᠳᠠᠯ ᠢ ᠬᠢᠨᠠᠨ ᠦᠵᠡᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠤᠰ | ᠠᠮᠤᠷ ᠨᠢᠭᠡ ᠪᠠᠶᠢᠴᠠᠭᠠᠬᠤ︾ ᠳᠦᠷᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠢᠳᠡᠭᠡᠨ᠂ ᠡᠮ ᠤᠨ ᠴᠢᠨᠠᠷ | ᠴᠢᠨᠰᠠᠭ᠎ᠠ ᠶᠢᠨ ᠠᠮᠤᠷ ᠲᠦᠪᠰᠢᠨ ᠪᠠ ᠦᠢᠯᠡᠳᠪᠦᠷᠢᠯᠡᠨ ᠡᠵᠡᠩᠨᠡᠭᠰᠡᠨ ᠠᠮᠤᠷ ᠲᠦᠪᠰᠢᠨ ᠳᠤ ᠬᠢᠨᠠᠨ ᠪᠠᠶᠢᠴᠠᠭᠠᠬᠤ | ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠬᠦᠨᠳᠦ ᠨᠦᠰᠡᠷ ᠠᠮᠤᠷ ᠲᠦᠪᠰᠢᠨ ᠤ ᠲᠠᠯ᠎ᠠ ᠶᠢᠨ ᠬᠡᠷᠡᠭ ᠤᠴᠢᠷ | ᠭᠠᠷᠬᠤ ᠦᠭᠡᠢ ᠶᠢ ᠪᠠᠲᠤ ᠰᠠᠬᠢᠨ᠎ᠠ᠃ ᠬᠠᠤᠯᠢ ᠪᠠᠷ ᠱᠠᠩᠳᠤ ᠶᠢ ᠵᠠᠰᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ︽ᠳᠤᠯᠤᠭ᠎ᠠ ᠲᠠᠪᠤ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ | ᠪᠠᠲᠤᠲᠠᠢ ᠦᠷᠨᠢᠭᠦᠯᠵᠦ᠂ ᠪᠦᠬᠦ ᠠᠷᠠᠳ ᠤᠨ ᠬᠠᠤᠯᠢ ᠴᠠᠭᠠᠵᠠ ᠶᠢᠨ ᠤᠬᠠᠭᠤᠯᠬᠤ ᠶᠢᠨ ᠰᠤᠷᠭᠠᠨ ᠬᠦᠮᠦᠵᠢᠯ ᠶᠢ | ᠴᠢᠩᠭᠠᠳᠬᠠᠵᠤ᠂ ᠬᠤᠲᠠ ᠬᠦᠳᠡᠭᠡ ᠢ ᠪᠦᠷᠬᠦᠭᠰᠡᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠷᠠᠳ | ᠤᠯᠠᠨ᠂ ᠭᠤᠤᠯᠳᠠᠯᠭ᠎ᠠ ᠲᠠᠢ ᠠᠰᠠᠭᠤᠳᠠᠯ᠂ ᠭᠤᠤᠯᠳᠠᠯᠭ᠎ᠠ ᠲᠠᠢ ᠬᠦᠮᠦᠨ ᠤ ᠵᠠᠬᠢᠳᠠᠯ ᠰᠤᠷᠪᠤᠯᠵᠢᠯᠠᠯᠭ᠎ᠠ ᠶᠢᠨ | ᠵᠦᠷᠢᠴᠡᠯ ᠢ ᠵᠢᠭᠰᠠᠭᠠᠨ ᠪᠠᠶᠢᠴᠠᠭᠠᠨ ᠰᠢᠢᠳᠪᠦᠷᠢᠯᠡᠨᠵᠢᠯᠤᠭᠤᠳᠤᠵᠤ ᠲᠤᠭᠳᠠᠭᠤᠨ ᠪᠠᠷᠢᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠳᠤᠷ ᠬᠢᠵᠦ᠂ ᠪᠡᠭᠡᠵᠢᠩ ᠳᠤ ᠤᠴᠢᠵᠤ᠂ ᠦᠪᠡᠷᠳᠡᠬᠡᠨ ᠵᠠᠰᠠᠬᠤ ᠤᠷᠤᠨ ᠳᠤ ᠤᠴᠢᠵᠤ | ᠳᠡᠰ ᠠᠯᠠᠰᠤᠯᠠᠨ ᠵᠠᠭᠠᠯᠳᠤᠬᠤ ᠪᠠ ᠤᠯᠠᠨ ᠬᠦᠮᠦᠨ ᠵᠠᠭᠠᠯᠳᠤᠬᠤ ᠪᠠᠶᠢᠳᠠᠯ ᠡᠰᠡ ᠡᠭᠦᠰᠬᠦ ᠶᠢ ᠪᠠᠳᠤᠯᠠᠨ᠎ᠠ᠃ ᠨᠡᠶᠢᠭᠡᠮ | ᠲᠤᠭᠤᠷᠢᠭ ᠤᠨ ᠵᠠᠰᠠᠨ ᠬᠠᠮᠢᠶᠠᠷᠤᠯᠲᠠ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠦᠯᠵᠢᠶᠡᠵᠢᠯᠡᠯᠲᠡ ᠶᠢᠨ ᠨᠡᠶᠢᠭᠡᠮ ᠤᠨ ᠵᠠᠰᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠵᠠᠰᠠᠭ ᠤᠨ ᠤᠷᠳᠦᠨ ᠵᠠᠰᠠᠨ ᠬᠠᠮᠢᠶᠠᠷᠬᠤ ᠪᠠ ᠨᠡᠶᠢᠭᠡᠮ ᠤᠨ ᠲᠤᠬᠢᠷᠠᠭᠤᠯᠤᠯᠲᠠ᠂ ᠰᠠᠭᠤᠭᠠᠯᠢ ᠠᠷᠠᠳ ᠤᠨ | ᠦᠪᠡᠷᠳᠡᠬᠡᠨ ᠵᠠᠰᠠᠬᠤ ᠡᠷᠡᠭᠦᠯ ᠢᠶᠠᠷ ᠬᠠᠷᠢᠯᠴᠠᠨ ᠨᠦᠯᠦᠭᠡᠯᠡᠬᠦ ᠶᠢ ᠪᠡᠶᠡᠯᠡᠭᠦᠯᠦᠨ᠎ᠡ᠃ ᠦᠨᠳᠦᠰᠦᠳᠡᠨ ᠤ ᠱᠠᠰᠢᠨ | ᠰᠤᠷᠳᠠᠬᠤᠨ ᠤ ᠠᠵᠢᠯ ᠢ ᠴᠢᠩᠭᠠᠳᠬᠠᠵᠤ᠂ ᠦᠨᠳᠦᠰᠦᠳᠡᠨ ᠤ ᠪᠦᠯᠬᠦᠮᠳᠡᠨ ᠤᠷᠤᠭᠰᠢᠯᠠᠬᠤ ᠰᠤᠷᠭᠠᠨ ᠬᠦᠮᠦᠵᠢᠯ ᠪᠠ | ᠡᠭᠦᠳᠦᠨ ᠪᠠᠶᠢᠭᠤᠯᠬᠤ ᠬᠦᠳᠡᠯᠭᠡᠭᠡᠨ ᠢ ᠭᠦᠨᠵᠡᠭᠡᠢ ᠦᠷᠨᠢᠭᠦᠯᠦᠨ᠎ᠡ᠃ ᠤᠯᠠᠭᠠᠨ ᠵᠠᠭᠠᠯᠮᠠᠢ ᠶᠢᠨ ᠨᠡᠶᠢᠭᠡᠮᠯᠢᠭ᠂ | ᠡᠨᠡᠷᠢᠩᠭᠦᠢ ᠦᠢᠯᠡᠰ᠂ ᠵᠡᠮᠳᠡᠭᠴᠦᠳ᠂ ᠨᠠᠰᠤᠳᠠᠶᠢᠴᠤᠳ ᠤᠨ ᠠᠵᠢᠯ᠂ ᠡᠪᠯᠡᠯ ᠢ ᠴᠢᠬᠤᠯᠠᠴᠢᠯᠡᠨ ᠦᠵᠡᠬᠦ᠂ | ᠵᠠᠯᠠᠭᠤᠴᠤᠳ ᠤᠨ ᠪᠦᠯᠬᠦᠮ ᠪᠤᠯᠤᠨ ᠡᠮᠡᠭᠳᠡᠶᠢᠴᠦᠳ ᠪᠠ ᠬᠡᠤᠬᠡᠳ ᠤᠨ ᠠᠵᠢᠯ ᠢ ᠦᠷᠬᠦᠯᠵᠢᠯᠡᠨ ᠶᠡᠬᠡᠪᠡᠷ | ᠬᠦᠭᠵᠢᠭᠦᠯᠵᠦ᠂ ᠤᠯᠤᠰ ᠤᠨ ᠬᠠᠮᠠᠭᠠᠯᠠᠯᠲᠠ᠂ ᠬᠤᠶᠠᠷ ᠢ ᠲᠡᠳᠭᠦᠭᠦ ᠬᠤᠶᠠᠷ ᠢ ᠬᠦᠷᠢᠶᠡᠯᠡᠬᠦ᠂ ᠭᠠᠳᠠᠭᠠᠳᠤ ᠶᠠᠪᠤᠳᠠᠯ | ᠬᠠᠷᠢᠶᠠᠳᠤ ᠠᠵᠢᠯ᠂ ᠭᠠᠵᠠᠷ ᠤᠷᠤᠨ ᠤ ᠤᠶᠢᠯᠠᠯᠭ᠎ᠠ ᠵᠡᠷᠭᠡ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ | ᠲᠦᠯᠦᠭᠡᠯᠡᠭᠴᠢᠳ ᠡ᠂ ᠰᠢᠨ᠎ᠡ ᠬᠠᠷᠠᠯᠲᠠ ᠰᠢᠨ᠎ᠡ ᠡᠭᠦᠷᠬᠡ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠦᠳᠦᠭᠡᠨ ᠪᠠᠶᠢᠭᠤᠯᠤᠯᠲᠠ ᠳᠤ ᠨᠡᠩ ᠦᠨᠳᠦᠷ ᠰᠢᠨ᠎ᠡ ᠱᠠᠭᠠᠷᠳᠠᠯᠭ᠎ᠠ ᠶᠢ ᠲᠤᠷᠠᠳᠤᠨ ᠭᠠᠷᠭᠠᠵᠠᠢ᠃ ᠵᠠᠰᠠᠭ ᠤᠨ | ᠤᠷᠳᠦᠨ ᠤ ᠵᠤᠬᠢᠶᠠᠨ ᠪᠠᠶᠢᠭᠤᠯᠤᠯᠲᠠ ᠵᠢᠴᠢ ᠠᠵᠢᠯᠴᠢᠨ ︽ᠲᠦᠷᠪᠡᠨ ᠤᠬᠠᠮᠰᠡᠷ︾ ᠢᠶᠠᠨ ᠪᠠᠳᠤ ᠪᠤᠢ ᠪᠤᠯᠭᠠᠵᠤ᠂ ︽ | ᠲᠦᠷᠪᠡᠨ ᠢᠳᠡᠭᠡᠯ︾ ᠢᠶᠠᠨ ᠡᠷᠴᠢᠮᠵᠢᠭᠦᠯᠵᠦ᠂ ᠰᠢ ᠶᠢᠨ ᠫᠢᠩ ᠶᠠᠷᠤᠩᠬᠡᠢ ᠱᠦᠵᠢ ᠶᠢᠨ ᠭᠤᠤᠯᠯᠠᠬᠤ ᠪᠠᠶᠢᠷᠢ ᠶᠢ | ᠡᠷᠡᠰ ᠰᠢᠭᠤᠷᠬᠠᠢ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠬᠦᠨᠳᠦ ᠪᠠ ᠲᠦᠪᠯᠡᠷᠡᠩᠭᠦᠢ ᠨᠡᠭᠡᠳᠦᠯᠳᠡᠢ | ᠤᠳᠤᠷᠢᠳᠤᠯᠭ᠎ᠠ ᠶᠢ ᠡᠷᠡᠰ ᠰᠢᠭᠤᠷᠬᠠᠢ ᠬᠠᠮᠠᠭᠠᠯᠠᠵᠤ᠂ ᠦᠵᠡᠯ ᠰᠠᠨᠠᠭ᠎ᠠ᠂ ᠤᠯᠤᠰ ᠲᠦᠷᠤ᠂ ᠠᠵᠢᠯᠠᠯᠭ᠎ᠠ | ᠳᠡᠭᠡᠷ᠎ᠡ ᠪᠠᠨ ᠬᠡᠵᠢᠶᠡᠲᠡ ᠨᠠᠮ ᠤᠨ ᠲᠦᠪ ᠬᠤᠷᠢᠶ᠎ᠠ ᠲᠠᠢ ᠠᠳᠠᠯᠢ ᠲᠦᠪᠰᠢᠨ ᠳᠤ ᠪᠠᠶᠢᠬᠤ ᠬᠡᠷᠡᠭᠲᠡᠢ᠃ | ᠨᠠᠮ ᠤᠨ ᠤᠯᠤᠰ ᠲᠦᠷᠤ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠨᠠᠮ ᠤᠨ ᠤᠯᠤᠰ ᠲᠦᠷᠤ ᠶᠢᠨ ᠪᠦᠳᠦᠭᠡᠨ ᠪᠠᠶᠢᠭᠤᠯᠤᠯᠲᠠ ᠪᠠᠷ ᠶᠠᠷᠤᠩᠬᠡᠢ ᠵᠢᠯᠤᠭᠤᠳᠤᠯᠭ᠎ᠠ ᠪᠠᠨ ᠪᠤᠯᠭᠠᠵᠤ᠂ ᠤᠯᠤᠰ | ᠲᠦᠷᠤ ᠶᠢᠨ ᠱᠠᠭᠠᠷᠳᠠᠯᠭ᠎ᠠ ᠪᠠ ᠤᠯᠤᠰ ᠲᠦᠷᠤ ᠶᠢᠨ ᠪᠠᠷᠢᠮᠵᠢᠶ᠎ᠠ ᠨᠠᠮ ᠤᠨ ᠦᠵᠡᠯ ᠰᠠᠨᠠᠭ᠎ᠠ ᠪᠦᠳᠦᠭᠡᠨ | ᠪᠠᠶᠢᠭᠤᠯᠤᠯᠲᠠ᠂ ᠵᠤᠬᠢᠶᠠᠨ ᠪᠠᠶᠢᠭᠤᠯᠭ᠎ᠠ ᠶᠢᠨ ᠪᠦᠳᠦᠭᠡᠨ ᠪᠠᠶᠢᠭᠤᠯᠤᠯᠲᠠ᠂ ᠠᠵᠢᠯ ᠰᠤᠷᠳᠠᠯ ᠤᠨ ᠪᠦᠳᠦᠭᠡᠨ | ᠪᠠᠶᠢᠭᠤᠯᠤᠯᠲᠠ᠂ ᠰᠠᠬᠢᠯᠭ᠎ᠠ ᠪᠠᠳᠤ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠨᠡᠪᠳᠡᠷᠡᠭᠦᠯᠦᠨ᠎ᠡ᠃ | ᠠᠰᠠᠭᠤᠳᠠᠯ ᠤᠨ ᠵᠢᠯᠤᠭᠤᠳᠤᠯᠭ᠎ᠠ ᠶᠢᠨ ᠴᠢᠭᠯᠡᠯ ᠢ ᠪᠠᠷᠢᠮᠳᠠᠯᠠᠵᠤ᠂ ᠨᠢᠭᠡ ᠠᠴᠠ ᠭᠤᠷᠪᠠ ᠶᠢ ᠤᠬᠠᠵᠤ ᠮᠡᠳᠡᠬᠦ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ | ᠬᠠᠷᠢᠭᠤ ᠰᠠᠨᠠᠯ ᠢᠶᠠᠷ ᠴᠡᠴᠡᠭᠯᠡᠨ ᠵᠠᠰᠠᠬᠤ ᠠᠵᠢᠯ ᠢ ᠬᠢᠨᠠᠮᠠᠭᠠᠢ ᠰᠠᠶᠢᠳᠤᠷ ᠬᠢᠨ᠎ᠡ᠃ ︽ᠤᠭ ᠰᠠᠨᠠᠭ᠎ᠠ ᠪᠠᠨ ᠦᠯᠦ | ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ︾ ᠭᠤᠤᠯ ᠰᠡᠳᠦᠪᠳᠦ ᠬᠦᠮᠦᠵᠢᠯ ᠢ ᠭᠦᠨᠵᠡᠭᠡᠢ | ᠦᠷᠨᠢᠭᠦᠯᠵᠦ᠂ ︽ ᠬᠤᠶᠠᠷ ᠢ ᠰᠤᠷᠴᠦ ᠨᠢᠭᠡ ᠳᠤ ᠲᠡᠩᠴᠡᠭᠦᠯᠭᠦ︾ ᠶᠢᠨ ᠪᠠᠶᠢᠩᠭᠤᠵᠢᠯᠲᠠ᠂ ᠲᠦᠷᠢᠮᠵᠢᠯᠲᠡ ᠶᠢ | ᠦᠷᠬᠦᠯᠵᠢᠯᠡᠨ ᠲᠦᠯᠬᠢᠨ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠪᠦᠬᠦᠢ ᠨᠡᠶᠢᠭᠡᠮ ᠵᠢᠷᠦᠮᠳᠦ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠠᠷᠤᠩᠬᠡᠢ ᠱᠦᠵᠢ ᠦᠪᠦᠷ ᠮᠤᠩᠭᠤᠯ ᠢ | ᠬᠢᠨᠠᠨ ᠪᠠᠶᠢᠴᠠᠭᠠᠬᠤ ᠪᠠ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠦᠵᠡᠯ ᠰᠠᠨᠠᠭ᠎ᠠ ᠰᠢᠨ᠎ᠡ | ᠤᠶᠢᠯᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠯᠵᠤ᠂ ᠠᠵᠢᠯ ᠢᠶᠠᠨ ᠲᠦᠯᠬᠢᠨ ᠠᠬᠢᠭᠤᠯᠤᠨ᠎ᠠ᠃ ᠨᠠᠮ ᠤᠨ ᠤᠯᠤᠰ ᠲᠦᠷᠤ ᠶᠢᠨ ᠪᠦᠳᠦᠭᠡᠨ | ᠪᠠᠶᠢᠭᠤᠯᠤᠯᠲᠠ ᠶᠢ ᠨᠠᠮ ᠪᠠ ᠤᠯᠤᠰ ᠤᠨ ᠭᠤᠤᠯᠳᠠᠯᠭ᠎ᠠ ᠲᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢᠨ | ᠪᠦᠬᠦ ᠶᠠᠪᠤᠴᠠ ᠳᠤ ᠤᠷᠤᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠬᠡᠷᠡᠭ ᠶᠠᠪᠤᠳᠠᠯ ᠢ ᠡᠰᠢᠯᠡᠬᠦ ᠪᠠ | ᠮᠡᠳᠡᠭᠦᠯᠭᠦ ᠲᠦᠷᠢᠮ ᠢ ᠴᠢᠩᠭ᠎ᠠ ᠶᠠᠪᠤᠭᠳᠠᠭᠤᠯᠵᠤ᠂ ᠵᠠᠰᠠᠭ ᠤᠨ ᠵᠠᠷᠯᠢᠭ ᠰᠠᠭᠠᠳ ᠦᠭᠡᠢ ᠬᠡᠷᠡᠭᠵᠢᠬᠦ ᠶᠢ ᠪᠠᠳᠤᠯᠠᠨ᠎ᠠ᠃ | ᠵᠠᠰᠠᠭ ᠤᠨ ᠤᠷᠳᠤᠨ ᠤ ᠬᠠᠤᠯᠢ ᠪᠠᠷ ᠵᠠᠰᠠᠬᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ ᠬᠠᠤᠯᠢ ᠪᠠᠷ ᠵᠠᠰᠠᠬᠤ ᠰᠡᠳᠭᠢᠭᠦᠢ ᠪᠠ ᠬᠠᠤᠯᠢ ᠶᠤᠰᠤᠭᠠᠷ ᠵᠠᠰᠠᠭ ᠵᠠᠬᠢᠷᠬᠤ ᠶᠢ ᠪᠠᠷᠢᠮᠳᠠᠯᠠᠵᠤ᠂ | ᠰᠠᠨᠠᠭᠠᠴᠢᠯᠠᠭ᠎ᠠ ᠲᠠᠢ ᠪᠠᠷ ᠬᠠᠤᠯᠢ ᠶᠢ ᠵᠢᠷᠤᠮᠯᠡᠨ ᠬᠠᠤᠯᠢ ᠶᠢ ᠰᠤᠷᠴᠦ᠂ ᠬᠠᠤᠯᠢ ᠶᠢ ᠰᠠᠬᠢᠨ ᠬᠠᠤᠯᠢ ᠶᠢ ᠬᠡᠷᠡᠭᠯᠡᠵᠦ᠂ | ᠵᠠᠰᠠᠭ ᠤᠨ ᠤᠷᠳᠦᠨ ᠤ ᠠᠵᠢᠯ ᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠤᠷᠤᠭᠤᠯᠤᠨ᠎ᠠ᠃ ᠠᠷᠠᠳᠴᠢᠯᠠᠯ | ᠲᠦᠪᠯᠡᠷᠡᠯ ᠤᠨ ᠶᠤᠰᠤ ᠶᠢᠨ ᠵᠠᠷᠴᠢᠮ ᠢ ᠪᠠᠷᠢᠮᠳᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ | ᠪᠤᠳᠤᠯᠭ᠎ᠠ ᠶᠢᠨ ᠪᠠᠶᠢᠭᠤᠯᠭ᠎ᠠ ᠶᠢ ᠲᠡᠭᠦᠯᠳᠡᠷᠵᠢᠭᠦᠯᠵᠦ᠂ ᠰᠢᠢᠳᠪᠦᠷᠢᠳᠦ ᠪᠤᠳᠤᠯᠭ᠎ᠠ ᠶᠢᠨ ᠵᠦᠪᠯᠡᠯᠭᠡ ᠠᠪᠬᠤ᠂ | ᠮᠡᠷᠭᠡᠵᠢᠯᠳᠡᠨ ᠤ ᠦᠨᠡᠯᠡᠯᠭᠡ ᠳ᠋ᠦᠩᠨᠡᠯᠲᠡ᠂ ᠢᠯᠡ ᠪᠠᠷ ᠨᠡᠶᠢᠳᠡᠯᠡᠨ ᠭᠡᠷᠡᠴᠢᠯᠡᠯᠲᠡ ᠶᠢ ᠰᠤᠨᠤᠰᠬᠤ ᠵᠡᠷᠭᠡ ᠲᠦᠷᠢᠮ ᠢ | ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠵᠦᠪᠯᠡᠭᠴᠢ ᠵᠦᠪᠯᠡᠯᠭᠡ ᠪᠠᠳᠤᠯᠭᠠᠵᠢᠭᠤᠯᠬᠤ᠂ ᠬᠢᠨᠠᠯᠲᠠ ᠲᠠᠯᠪᠢᠬᠤ | ᠦᠢᠯᠡᠳᠦᠯ ᠢ ᠴᠢᠬᠤᠯᠠᠴᠢᠯᠡᠨ ᠪᠠᠳᠠᠷᠠᠭᠤᠯᠵᠤ᠂ ᠵᠠᠰᠠᠭ ᠤᠨ ᠤᠷᠳᠦᠨ ᠤ ᠰᠢᠢᠳᠪᠦᠷᠢᠳᠦ ᠪᠤᠳᠤᠯᠭ᠎ᠠ ᠶᠢᠨ ᠰᠢᠨᠵᠢᠯᠡᠬᠦ | ᠤᠬᠠᠭᠠᠨᠵᠢᠯᠲᠠ᠂ ᠠᠷᠠᠳᠴᠢᠯᠠᠯᠵᠢᠯᠲᠠ᠂ ᠬᠠᠤᠯᠢᠵᠢᠯᠲᠠ ᠶᠢᠨ ᠲᠦᠪᠰᠢᠨ ᠢ ᠴᠢᠨᠠᠭᠰᠢᠲᠠ ᠳᠡᠭᠡᠭᠰᠢᠯᠡᠭᠦᠯᠦᠨ᠎ᠡ᠃ | ᠵᠠᠰᠠᠭ ᠵᠠᠬᠢᠷᠭᠠᠨ ᠤ ᠡᠷᠭᠡ ᠶᠢᠨ ᠠᠵᠢᠯᠠᠯᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠤ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠦ᠂ ᠠᠷᠠᠳ ᠤᠨ | ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠤ ᠶᠢᠨ ᠵᠦᠪᠯᠡᠯᠭᠡᠨ ᠤ ᠭᠡᠰᠢᠭᠦᠳ ᠤᠨ ᠲᠤᠷᠠᠳᠤᠯᠭ᠎ᠠ ᠶᠢ | ᠦᠨᠡᠨ ᠪᠤᠳᠠᠳᠠᠢ ᠰᠠᠶᠢᠳᠤᠷ ᠭᠦᠢᠴᠡᠳᠭᠡᠨ᠎ᠡ᠃ ᠬᠡᠵᠢᠶᠡᠳᠡ ᠦᠨᠡᠨᠴᠢ ᠢᠳᠡᠭᠡᠮᠵᠢᠳᠠᠢ ᠵᠠᠰᠠᠭ ᠪᠠᠷᠢᠬᠤ ᠶᠢ ᠴᠢᠬᠤᠯᠠ | ᠪᠠᠷᠢᠮᠵᠢᠶ᠎ᠠ ᠪᠤᠯᠭᠠᠵᠤ᠂ ᠠᠮᠠᠯᠠᠭᠰᠠᠨ ᠢᠶᠠᠨ ᠵᠠᠪᠡᠯ ᠪᠡᠶᠡᠯᠡᠭᠦᠯᠭᠦ᠂ ᠦᠨᠡᠨᠴᠢ ᠢᠳᠡᠭᠡᠮᠵᠢᠲᠠᠢ ᠠᠵᠢᠯᠠᠯᠭ᠎ᠠ ᠪᠠᠷ | ᠠᠷᠠᠳ ᠤᠨ ᠢᠳᠡᠭᠡᠯ ᠢ ᠤᠯᠵᠤ᠂ ᠠᠵᠤ ᠠᠬᠤᠶᠢᠯᠠᠯ ᠤᠨ ᠢᠳᠡᠭᠡᠯ ᠢ ᠤᠯᠵᠤ᠂ ᠨᠡᠶᠢᠭᠡᠮ ᠤᠨ ᠢᠳᠡᠭᠡᠯ ᠢ ᠤᠯᠤᠨ᠎ᠠ᠃ | ᠨᠠᠮᠴᠢ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠨᠠᠮ ᠤᠨ ᠲᠦᠷᠢᠮ᠂ ︽ ᠪᠠᠷᠢᠮᠵᠢᠶ᠎ᠠ︾ ︽ᠲᠦᠷᠢᠮ︾ ᠵᠡᠷᠭᠡ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠡ | ᠵᠤᠶᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠤᠳᠤᠭᠠᠳᠤ ᠶᠢᠨ ᠤᠯᠤᠰ ᠲᠦᠷᠤ ᠶᠢᠨ | ᠠᠮᠢᠳᠤᠷᠠᠯ ᠢ ᠲᠦᠪ ᠴᠢᠩᠭ᠎ᠠ ᠪᠠᠶᠢᠯᠭᠠᠵᠤ᠂ ᠨᠠᠮ ᠤᠨ ᠵᠤᠬᠢᠶᠠᠨ ᠪᠠᠶᠢᠭᠤᠯᠤᠯᠲᠠ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠪᠡᠶᠡᠴᠢ ᠴᠤᠭᠴᠠ ᠶᠢᠨ ᠬᠠᠷᠢᠭᠤᠴᠠᠯᠭ᠎ᠠ ᠪᠠ ᠨᠠᠮ ᠤᠨ ᠵᠤᠬᠢᠶᠠᠨ ᠪᠠᠶᠢᠭᠤᠯᠤᠯᠲᠠ ᠶᠢᠨ ᠭᠡᠰᠢᠭᠦᠳ ᠤᠨ ︽ | ᠨᠢᠭᠡ ᠪᠠᠶᠢᠷᠢ ᠬᠤᠤᠰ ᠬᠠᠷᠢᠭᠤᠴᠠᠯᠭ᠎ᠠ︾ ᠶᠢ ᠦᠨᠡᠨ ᠪᠤᠳᠠᠳᠠᠢ ᠪᠠᠷ ᠬᠡᠷᠡᠭᠵᠢᠭᠦᠯᠦᠨ᠎ᠡ᠃ ᠲᠦᠪ ᠬᠤᠷᠢᠶᠠᠨ ᠤ ᠨᠠᠢᠮᠠᠨ | ᠵᠤᠷᠪᠤᠰ ᠲᠤᠭᠳᠠᠭᠠᠯ ᠵᠢᠴᠢ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠡᠷᠡᠰ ᠰᠢᠭᠤᠷᠬᠠᠢ ᠨᠠᠶᠢᠳᠡᠪᠤᠷᠢᠵᠢᠭᠤᠯᠵᠤ᠂ ︽ | ᠲᠦᠷᠪᠡᠨ ᠰᠤᠷᠳᠠᠯ︾ ᠢ ᠵᠠᠯᠠᠷᠠᠭᠤᠯᠵᠤ᠂ ᠰᠢᠨ᠎ᠡ ᠰᠤᠷᠳᠠᠯ ᠢ ᠪᠤᠢ ᠪᠤᠯᠭᠠᠬᠤ ᠶᠢ ᠭᠤᠶᠢᠪᠢᠰᠢ ᠦᠭᠡᠢ ᠪᠠᠷᠢᠮᠳᠠᠯᠠᠨ᠎ᠠ᠃ | ᠨᠡᠶᠢᠲᠡ ᠶᠢᠨ ᠪᠡᠯᠡ ᠮᠦᠩᠭᠦ᠂ ᠤᠯᠤᠰ ᠤᠨ ᠦᠮᠴᠢᠯᠡᠯᠳᠦ ᠡᠳ᠋ ᠬᠦᠷᠦᠩᠭᠡ᠂ ᠨᠡᠶᠢᠲᠡ ᠶᠢᠨ ᠡᠬᠢ ᠪᠠᠶᠠᠯᠢᠭ ᠤᠨ | ᠰᠤᠯᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠭ᠎ᠠ ᠶᠢᠨ ᠠᠵᠢᠯ ᠤᠨ ᠪᠠᠶᠢᠷᠢ ᠶᠢᠨ ᠴᠢᠭᠡᠴᠢ | ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠪᠠ ᠵᠠᠩᠭᠢᠯᠭ᠎ᠠ ᠶᠢᠨ ᠦᠶ᠎ᠡ ᠶᠢᠨ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠠᠷᠠᠳ ᠤᠨ | ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠴᠡᠴᠡᠭᠯᠡᠨ ᠵᠠᠰᠠᠯᠲᠠ ᠶᠢ ᠦᠷᠨᠢᠭᠦᠯᠵᠦ᠂ ᠠᠷᠠᠳ ᠤᠯᠠᠨ ᠤ | ᠡᠮᠭᠡᠨᠢᠯ ᠤᠨ ᠴᠢᠭ ᠵᠤᠪᠠᠨᠢᠯ ᠤᠨ ᠴᠢᠭ ᠢ ᠲᠦᠪᠯᠡᠷᠡᠭᠦᠯᠵᠦ᠂ ᠰᠤᠷᠭᠠᠨ ᠬᠦᠮᠦᠵᠢᠯ ᠤᠨ ᠡᠮᠨᠡᠯᠭᠡ᠂ ᠤᠷᠴᠢᠨ | ᠲᠤᠭᠤᠷᠢᠨ ᠤ ᠬᠠᠮᠠᠭᠠᠯᠠᠯᠲᠠ᠂ ᠢᠳᠡᠭᠡᠨ ᠪᠠ ᠡᠮ ᠤᠨ ᠠᠮᠤᠷ ᠲᠦᠪᠰᠢᠨ ᠵᠡᠷᠭᠡ ᠲᠠᠯ᠎ᠠ ᠪᠠᠷ ᠠᠷᠠᠳ ᠤᠯᠠᠨ ᠤ | ᠠᠰᠢᠭ ᠢ ᠬᠤᠬᠢᠷᠠᠭᠤᠯᠤᠭᠰᠠᠨ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠲᠦᠷᠤ ᠶᠢᠨ ᠰᠠᠬᠢᠯᠭ᠎ᠠ ᠪᠠᠳᠤ᠂ ᠵᠤᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠳᠤ᠂ ᠠᠷᠢᠭᠤᠨ ᠴᠢᠭᠡᠴᠢ ᠶᠢᠨ ᠰᠠᠬᠢᠯᠭ᠎ᠠ ᠪᠠᠳᠤ᠂ ᠤᠯᠠᠨ ᠲᠦᠮᠡᠨ ᠤ ᠰᠠᠬᠢᠯᠭ᠎ᠠ | ᠪᠠᠳᠤ᠂ ᠠᠵᠢᠯ ᠤᠨ ᠰᠠᠬᠢᠯᠭ᠎ᠠ ᠪᠠᠳᠤ ᠪᠠ ᠠᠮᠢᠳᠤᠷᠠᠯ ᠤᠨ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠦᠨᠡᠨᠴᠢ | ᠰᠢᠳᠤᠷᠭᠤ ᠪᠠᠳᠤ ᠢᠳᠡᠭᠡᠯ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠪᠡᠶᠡᠯᠡᠭᠦᠯᠵᠦ᠂ ᠰᠠᠬᠢᠯᠭ᠎ᠠ ᠪᠠᠳᠤ ᠶᠢ ᠰᠠᠬᠢᠨ | ᠬᠠᠤᠯᠢ ᠶᠢ ᠵᠢᠷᠤᠮᠯᠡᠵᠦ᠂ ᠠᠷᠢᠭᠤᠨ ᠴᠢᠭᠡᠴᠢ ᠵᠠᠰᠠᠭ ᠤᠨ ᠤᠷᠳᠤᠨ ᠤ ᠺᠡᠳ᠋ᠷᠴᠤᠳ ᠤᠨ ᠡᠩᠨᠡᠭᠡ ᠶᠢ ᠪᠠᠶᠢᠭᠤᠯᠤᠨ᠎ᠠ᠃ | ᠲᠦᠯᠦᠭᠡᠯᠡᠭᠴᠢᠳ ᠡ᠂ ᠭᠠᠭᠴᠠ ᠬᠦ ᠪᠤᠳᠠᠳᠠᠢ ᠠᠵᠢᠯᠯᠡᠨ ᠬᠠᠷᠢᠭᠤᠴᠠᠪᠡᠯ ᠰᠠᠶ᠋ᠢ ᠭᠢᠯᠠᠯᠵᠠᠭᠰᠠᠨ | ᠠᠮᠵᠢᠯᠲᠠ ᠶᠢ ᠤᠯᠵᠤ ᠲᠡᠶᠢᠯᠤᠨ᠎ᠡ᠃ ᠪᠢᠳᠡ ᠰᠢᠶᠠᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ | ᠲᠤᠤᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ ᠬᠢᠨᠠᠨ | ᠪᠠᠶᠢᠴᠠᠭᠠᠬᠤ ᠪᠠ ᠲᠡᠮᠵᠢᠯᠭᠡ ᠶᠢᠨ ᠲᠤᠤᠷ᠎ᠠ᠂ ᠪᠦᠬᠦ ᠰᠢᠶᠠᠨ ᠤ ᠡᠯ᠎ᠡ ᠦᠨᠳᠦᠰᠦᠳᠡᠨ ᠤ ᠠᠷᠠᠳ ᠲᠦᠮᠡᠨ ᠢ | ᠪᠦᠯᠬᠦᠮᠳᠡᠭᠦᠯᠦᠨ ᠲᠦᠰᠢᠭᠯᠡᠵᠦ᠂ ᠴᠤᠭ ᠪᠠᠳᠠᠷᠠᠩᠭᠤᠢ ᠤᠷᠤᠭᠰᠢ ᠲᠠᠪᠰᠢᠬᠤ ᠵᠤᠷᠢᠭ ᠰᠠᠨᠠᠭ᠎ᠠ᠂ ᠦᠷᠯᠦᠭᠡ ᠦᠳᠡᠰᠢ | ᠲᠡᠮᠡᠴᠡᠬᠦ ᠠᠵᠢᠯᠠᠯᠬᠤ ᠵᠤᠷᠢᠭ᠂ ᠪᠦᠬᠦ ᠰᠡᠳᠭᠢᠯ ᠢᠶᠠᠷ ᠲᠤᠭ ᠢ ᠤᠯᠬᠤ ᠪᠠᠷ ᠮᠡᠷᠡᠶᠢᠬᠦ ᠪᠠᠷᠢᠮᠵᠢᠶ᠎ᠠ ᠪᠠᠷ᠂ ᠰᠡᠳᠭᠢᠯ ᠢᠶᠠᠨ | ᠨᠢᠭᠡᠳᠬᠡᠨ ᠬᠦᠴᠦ ᠪᠠᠨ ᠴᠤᠭᠯᠠᠷᠠᠭᠤᠯᠤᠨ ᠲᠠᠬᠢᠨ ᠤᠷᠤᠭᠰᠢᠯᠠᠵᠤ᠂ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ | ᠲᠠᠪᠰᠢᠯᠲᠠ ᠬᠦᠭᠵᠢᠯᠲᠡ ᠶᠢ ᠪᠡᠶᠡᠯᠡᠭᠦᠯᠭᠦ ᠶᠢᠨ ᠲᠦᠯᠦᠭᠡ ᠴᠢᠷᠮᠠᠶᠢᠨ ᠲᠡᠮᠡᠴᠡᠵᠤ᠂ ᠤᠯᠤᠰ ᠪᠠᠶᠢᠭᠤᠯᠤᠭᠳᠠᠭᠰᠠᠨ70 | ᠵᠢᠯ ᠤᠨ ᠤᠢ ᠶᠢ ᠰᠢᠯᠢᠳᠡᠭ ᠬᠢᠷᠢ ᠪᠦᠳᠦᠮᠵᠢ ᠪᠠᠷ ᠤᠭᠳᠤᠶ᠎ᠠ᠃ | | | ᠤᠷᠴᠢᠭᠤᠯᠤᠭᠴᠢ ᠰᠠᠷᠠᠭᠤᠯ | |