ᠹᠧᠢ ᠳ᠋ᠦᠩ ᠪᠢᠨ ᠱᠠᠩᠳᠦ ᠰᠢᠶᠠᠨ ᠳᠤ ᠪᠠᠶᠢᠴᠠᠭᠠᠨ ᠰᠤᠳᠤᠯᠬᠤ ᠦᠶᠡᠰ ᠲᠤᠬᠠᠢ ᠶᠢᠨ ᠭᠠᠵᠠᠷ ᠤᠷᠤᠨ ᠤ ᠪᠠᠶᠢᠳᠠᠯ  ᠳᠤᠨᠢ ᠲᠤᠬᠢᠷᠠᠭᠤᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠤᠨᠳᠤᠤ ᠭᠠᠵᠠᠷ ᠲᠤ ᠨᠡᠭᠦᠯᠭᠡᠬᠦ ᠵᠡᠷᠭᠡ ᠠᠵᠢᠯ ᠢ ᠰᠠᠶᠢᠳᠤᠷ ᠬᠢᠬᠦ ᠶᠢ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠲᠠᠶᠢᠯᠠᠯᠳᠤᠭᠠᠨ ᠳᠤ ᠵᠠᠪᠡᠯ ᠢᠯᠠᠯᠲᠠ ᠤᠯᠤᠨ᠎ᠠ
ᠨᠡᠶᠢᠲᠡᠯᠡᠭᠰᠡᠨ ᠴᠠᠭ᠄
2019-04-18
      ᠹᠧᠢ ᠳ᠋ᠦᠩ ᠪᠢᠨ ᠱᠠᠩᠳᠦ ᠰᠢᠶᠠᠨ ᠤ ᠠᠮᠤ ᠪᠤᠳᠠᠭᠠᠨ ᠤ ᠨᠦᠬᠡᠴᠡ ᠶᠢᠨ ᠬᠦᠮᠦᠷᠭᠡ ᠶᠢ ᠪᠠᠶᠢᠴᠠᠭᠠᠨ ᠰᠤᠳᠤᠯᠪᠠ      3ᠰᠠᠷ᠎ᠠ ᠶᠢᠨ31 ᠤ ᠡᠳᠦᠷ᠂ ᠬᠤᠳᠠ ᠶᠢᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠹᠧᠢ ᠳ᠋ᠦᠩ ᠪᠢᠨ ᠱᠠᠩᠳᠤ ᠰᠢᠶᠠᠨ ᠳᠤ ᠤᠴᠢᠵᠤ ᠪᠠᠶᠢᠴᠠᠭᠠᠨ ᠰᠤᠳᠤᠯᠪᠠ᠃ ᠲᠠᠷᠡ ᠴᠢᠬᠤᠯᠠᠴᠢᠯᠠᠭᠰᠠᠨ ᠨᠢ᠂ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠪᠠᠬᠢᠯᠡᠯᠲᠡ ᠶᠢ ᠳᠠᠭᠠᠷᠢᠵᠤ ᠬᠦᠴᠢᠷ ᠢ ᠲᠡᠰᠪᠦᠷᠢᠯᠡᠵᠦ᠂ ᠤᠨᠤᠪᠴᠢᠲᠠᠢ ᠠᠷᠭ᠎ᠠ ᠠᠪᠴᠢᠯ ᠢ ᠬᠡᠷᠡᠭᠵᠢᠭᠦᠯᠵᠦ᠂ ︽ ᠲᠡᠭ ᠪᠤᠯᠭᠠᠨ ᠪᠠᠷᠢᠮᠵᠢᠶ᠎ᠠ ᠳᠤ ᠬᠦᠷᠦᠭᠦᠯᠭᠦ︾ ᠬᠦᠳᠡᠯᠭᠡᠭᠡᠨ ᠢ ᠭᠦᠨᠵᠡᠭᠡᠢ ᠦᠷᠨᠢᠭᠦᠯᠵᠦ᠂ ᠲᠤᠬᠠᠢ ᠶᠢᠨ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠤᠨᠳᠤᠤ ᠭᠠᠵᠠᠷ ᠲᠤ ᠨᠡᠭᠦᠯᠭᠡᠬᠦ ᠵᠡᠷᠭᠡ ᠠᠵᠢᠯ ᠢ ᠰᠠᠶᠢᠳᠤᠷ ᠬᠢᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠲᠤᠳᠤᠭᠠᠳᠤ ᠬᠦᠴᠦᠨ ᠢ ᠲᠠᠰᠤᠷᠠᠰᠢ ᠦᠭᠡᠢ ᠲᠦᠷᠦᠭᠦᠯᠵᠤ᠂ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠲᠠᠶᠢᠯᠠᠯᠳᠤᠭᠠᠨ ᠳᠤ ᠵᠠᠪᠡᠯ ᠢᠯᠠᠯᠲᠠ ᠤᠯᠤᠨ᠎ᠠ᠃      ᠹᠧᠢ ᠳ᠋ᠦᠩ ᠪᠢᠨ ᠴᠢ ᠲᠠᠢ ᠪᠠᠯᠭᠠᠰᠤᠨ ᠤ ᠯᠠ ᠮᠠ ᠪᠠᠨ ᠲᠦᠮᠦᠰᠤ ᠦᠷᠡᠵᠢᠭᠦᠯᠦᠨ ᠤᠷᠭᠤᠯᠠᠭᠤᠯᠬᠤ ᠰᠠᠭᠤᠷᠢᠨ ᠭᠠᠵᠠᠷ᠂ ᠰᠢᠨ ᠯᠧᠢ ᠢᠳᠡᠰᠢᠨ ᠨᠤᠭᠤᠭ᠎ᠠ ᠶᠢᠨ ᠲᠤᠰᠬᠠᠢ ᠬᠤᠷᠰᠢᠶ᠎ᠠ ᠳᠤ ᠤᠴᠢᠵᠤ᠂ ᠲᠠᠷᠢᠶᠠᠴᠢᠨ ᠶᠠᠭ ᠬᠠᠪᠤᠷ ᠲᠠᠷᠢᠶᠠᠯᠠᠬᠤ ᠪᠠ ᠲᠠᠷᠢᠶᠠᠯᠠᠬᠤ ᠪᠠᠷ ᠪᠡᠯᠡᠳᠭᠡᠬᠦ ᠳᠤ ᠠᠰᠢᠭᠲᠠᠢ ᠴᠠᠭ ᠲᠤᠬᠢᠶᠠᠯ ᠢ ᠠᠰᠢᠭᠯᠠᠵᠤ ᠪᠠᠶᠢᠭ᠎ᠠ ᠪᠤᠯᠤᠨ ᠬᠦᠯᠡᠮᠵᠢ ᠶᠢᠨ ᠪᠦᠷᠬᠡ ᠪᠠᠨ ᠶᠠᠭᠠᠷᠠᠪᠴᠢᠯᠠᠨ ᠵᠠᠰᠠᠨ ᠰᠡᠯᠪᠢᠵᠦ ᠪᠠᠶᠢᠬᠤ ᠶᠢ ᠤᠯᠵᠤ ᠦᠵᠡᠪᠡ᠃ ᠲᠡᠷᠡ ᠲᠤᠷᠠᠳᠤᠭᠰᠠᠨ ᠨᠢ᠂ ᠭᠠᠵᠠᠷ ᠤᠷᠤᠨ ᠤ ᠡᠬᠢ ᠪᠠᠶᠠᠯᠢᠭ ᠤᠨ ᠪᠠᠶᠢᠳᠠᠯ ᠳᠤ ᠰᠠᠭᠤᠷᠢᠯᠠᠵᠤ᠂ ᠲᠤᠬᠠᠢ ᠶᠢᠨ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠭᠳᠤ ᠠᠵᠤ ᠦᠢᠯᠡᠰ ᠢ ᠬᠦᠭᠵᠢᠭᠦᠯᠵᠦ᠂ ᠶᠠᠳᠠᠭᠤ ᠬᠦᠴᠢᠷᠳᠡᠯᠳᠡᠢ ᠡᠷᠤᠭᠡ ᠶᠢᠨ ᠤᠷᠤᠯᠭ᠎ᠠ ᠲᠤᠭᠳᠠᠭᠤᠨ ᠢᠶᠠᠷ ᠨᠡᠮᠡᠭᠳᠠᠬᠦ ᠶᠢ ᠬᠠᠮᠤᠭ ᠤᠨ ᠶᠡᠭᠡ ᠬᠡᠪᠴᠢᠶ᠎ᠡ ᠪᠠᠷ ᠲᠠᠭᠠᠭᠤᠯᠤᠨ᠎ᠠ︔ ᠶᠠᠳᠠᠭᠤ ᠶᠢ ᠲᠡᠳᠭᠦᠭᠦ ᠠᠵᠤ ᠦᠢᠯᠡᠰ ᠤᠨ ᠬᠡᠯᠬᠢᠶᠡᠰᠦ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠶᠠᠳᠠᠭᠤ ᠶᠢ ᠲᠡᠳᠭᠦᠭᠦ ᠰᠠᠭᠤᠷᠢᠨ ᠭᠠᠵᠠᠷ ᠢ ᠰᠠᠶᠢᠳᠤᠷ ᠪᠠᠶᠢᠭᠤᠯᠵᠤ᠂ ᠠᠰᠢᠭ ᠤᠨ ᠬᠤᠪᠢᠶᠠᠷᠠᠯᠲᠠ ᠶᠢᠨ ᠲᠤᠭᠳᠠᠯᠴᠠᠭ᠎ᠠ ᠶᠢ ᠰᠠᠶᠢᠵᠢᠷᠠᠭᠤᠯᠵᠤ᠂ ᠶᠠᠳᠠᠭᠤ ᠬᠦᠴᠢᠷᠳᠡᠯᠳᠡᠢ ᠡᠷᠤᠭᠡ ᠶᠢᠨ ᠲᠤᠳᠤᠭᠠᠳᠤ ᠭᠦᠴᠦᠨ ᠢ ᠲᠠᠰᠤᠷᠠᠰᠢ ᠦᠭᠡᠢ ᠲᠦᠷᠦᠭᠦᠯᠵᠤ᠂ ᠠᠵᠤ ᠦᠢᠯᠡᠰ ᠬᠦᠭᠵᠢᠬᠦ ᠪᠠ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠬᠤᠤᠰ ᠢᠯᠠᠯᠲᠠ ᠶᠢᠨ ᠠᠬᠤᠢ ᠪᠠᠶᠢᠳᠠᠯ ᠢ ᠪᠦᠷᠢᠯᠳᠦᠭᠦᠯᠦᠨ᠎ᠡ᠃      ᠱᠠᠩᠳᠤ ᠶᠢ ᠤᠯᠤᠰ ᠤᠨ ᠠᠮᠤ ᠪᠤᠳᠠᠭᠠᠨ ᠤ ᠨᠦᠬᠡᠴᠡ ᠶᠢᠨ ᠬᠦᠮᠦᠷᠭᠡ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠶᠢ ᠢᠳᠡᠪᠬᠢᠳᠠᠢ ᠪᠠᠷ ᠲᠡᠮᠵᠢᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠢ ᠬᠤᠯᠪᠤᠭᠠᠯᠠᠬᠤ ᠲᠤᠭᠳᠠᠯᠴᠠᠭ᠎ᠠ ᠶᠢ ᠭᠦᠨᠵᠡᠭᠡᠶᠢᠷᠡᠭᠦᠯᠵᠦ᠂ ᠪᠤᠭᠤᠳᠠᠢ᠂ ᠤᠪᠢᠶᠠᠰᠤ᠂ ᠲᠤᠰᠤᠨ ᠤ ᠤᠷᠭᠤᠮᠡᠯ᠂ ᠡᠯᠳᠡᠪ ᠠᠮᠤ ᠡᠯᠳᠡᠪ ᠪᠤᠷᠴᠠᠭ ᠢᠶᠠᠷ ᠭᠤᠤᠯᠯᠠᠭᠰᠠᠨ ᠴᠢᠯᠠᠭᠤᠨ ᠢᠩ ᠲᠡᠭᠡᠷᠮ᠎ᠡ ᠶᠢᠨ ᠭᠤᠯᠢᠷ ᠤᠨ ᠪᠤᠯᠪᠠᠰᠤᠷᠠᠭᠤᠯᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠪᠦᠬᠦ ᠰᠢᠶᠠᠨ ᠤ ᠳᠠᠩᠰᠠ ᠡᠪᠬᠡᠮᠡᠯ ᠲᠠᠢ ᠶᠠᠳᠠᠭᠤ ᠬᠦᠴᠢᠷᠳᠡᠯᠳᠡᠢ ᠡᠷᠦᠭᠡ ᠲᠠᠢ ᠭᠡᠷ᠎ᠡ ᠪᠠᠶᠢᠭᠤᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠤᠷᠤᠯᠭ᠎ᠠ ᠶᠢᠨ ᠨᠡᠮᠡᠭᠳᠡᠯ ᠢ ᠠᠬᠢᠭᠤᠯᠪᠠ᠃ ᠹᠧᠢ ᠳ᠋ᠦᠩ ᠪᠢᠨ ᠬᠠᠮᠢᠶ᠎ᠠ ᠪᠦᠬᠦᠢ ᠪᠠᠶᠢᠳᠠᠯ ᠢ ᠤᠶᠢᠯᠭᠠᠭᠰᠠᠨ ᠤ ᠰᠡᠭᠦᠯᠡᠷ ᠠᠵᠤ ᠠᠬᠤᠶᠢᠯᠠᠯ ᠢ ᠭᠦᠢᠴᠡᠳ ᠨᠤᠳᠠᠯᠠᠵᠤ᠂ ᠲᠡᠷᠡ ᠲᠤᠷᠠᠳᠤᠭᠰᠠᠨ ᠨᠢ᠂ ᠠᠵᠤ ᠠᠬᠤᠶᠢᠯᠠᠯ ᠪᠡᠭᠡᠵᠢᠩ ᠪᠠ ᠦᠪᠦᠷ ᠮᠤᠩᠭᠤᠯ ᠤᠨ ᠶᠠᠳᠠᠭᠤ ᠶᠢ ᠲᠡᠳᠭᠦᠵᠦ ᠬᠠᠮᠵᠢᠯᠴᠠᠨ ᠠᠵᠢᠯᠯᠠᠬᠤ ᠪᠠᠷ ᠪᠡᠭᠡᠵᠢᠩ ᠯᠤᠭ᠎ᠠ ᠶᠢᠨ ᠦᠢᠯᠡᠳᠭᠦᠨ ᠤ ᠪᠤᠷᠤᠯᠠᠭᠤᠯᠤᠯᠲᠠ ᠶᠢᠨ ᠵᠤᠯᠭᠠᠭᠤᠯᠲᠠ ᠶᠢ ᠴᠢᠨᠠᠭᠰᠢᠲᠠ ᠴᠢᠩᠭᠠᠳᠬᠠᠵᠤ᠂  ᠲᠤᠭᠳᠠᠭᠤᠨ ᠪᠠᠷᠠᠭᠠᠨ ᠤ ᠡᠬᠢ ᠰᠤᠷᠪᠤᠯᠵᠢ ᠪᠠ ᠪᠤᠷᠤᠯᠠᠭᠤᠯᠬᠤ ᠵᠠᠮ ᠢ ᠪᠠᠶᠢᠭᠤᠯᠵᠤ᠂ ᠪᠷᠧᠨ᠋ᠳ᠋ ᠤᠨ ᠦᠷ᠎ᠡ ᠨᠦᠯᠦᠭᠡ ᠶᠢ ᠲᠠᠰᠤᠷᠠᠰᠢ ᠦᠭᠡᠢ ᠪᠦᠷᠢᠯᠳᠦᠭᠦᠯᠵᠦ ᠂ ᠠᠵᠤ ᠠᠬᠤᠶᠢᠯᠠᠯ ᠤᠨ ᠨᠦᠯᠦᠭᠡᠯᠡᠬᠦ ᠬᠦᠴᠦᠨ ᠢ ᠦᠷᠭᠡᠳᠭᠡᠨ᠎ᠡ︔ ᠨᠡᠩ ᠤᠯᠠᠨ ᠶᠠᠳᠠᠭᠤ ᠬᠦᠴᠢᠷᠳᠡᠯᠳᠡᠢ ᠠᠷᠠᠳ ᠤᠯᠠᠨ ᠢ  ᠶᠠᠳᠠᠭᠤ ᠶᠢ ᠲᠡᠳᠭᠦᠭᠦ ᠠᠵᠤ ᠦᠢᠯᠡᠰ ᠤᠨ ᠲᠦᠰᠦᠯ ᠳᠤ ᠢᠳᠡᠪᠬᠢᠳᠡᠢ ᠪᠠᠷ ᠲᠠᠭᠠᠭᠤᠯᠤᠨ ᠤᠷᠤᠭᠤᠯᠵᠤ᠂ ᠵᠠᠬ᠎ᠠ ᠳᠡᠯᠭᠡᠭᠦᠷ ᠢᠶᠠᠷ ᠬᠦᠳᠦᠯᠦᠨ ᠵᠢᠯᠤᠭᠤᠳᠤᠯᠭ᠎ᠠ ᠪᠤᠯᠭᠠᠵᠤ᠂ ᠲᠠᠷᠢᠵᠤ ᠤᠷᠭᠠᠭᠤᠯᠬᠤ ᠪᠦᠳᠦᠴᠡ ᠶᠢ ᠴᠠᠭ ᠲᠤᠬᠠᠢ ᠳᠤᠨᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠪᠦᠳᠦᠭᠡᠭᠳᠡᠭᠦᠨ ᠤ ᠪᠠᠶᠠᠯᠢᠭ ᠤᠯᠠᠨ ᠶᠠᠩᠵᠤ᠂ ᠴᠢᠨᠰᠠᠭ᠎ᠠ ᠰᠠᠶᠢᠳᠠᠢ ᠠᠮᠤᠷ ᠲᠦᠪᠰᠢᠨ᠂ ᠪᠤᠷᠤᠯᠠᠭᠤᠯᠬᠤ ᠳᠤ ᠲᠤᠬᠢᠷᠠᠬᠤ ᠵᠦᠪ ᠵᠠᠮ ᠢ ᠪᠠᠳᠤᠯᠠᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠲᠦᠷᠤ ᠶᠢᠨ ᠪᠤᠳᠤᠯᠭ᠎ᠠ ᠪᠠ ᠪᠡᠯᠡ ᠮᠦᠩᠭᠦ ᠶᠢ ᠳᠠᠭᠠᠭᠤᠯᠬᠤ ᠦᠢᠯᠡᠳᠦᠯ ᠢᠶᠠᠷ ᠴᠢᠩᠭ᠎ᠠ᠂ ᠶᠠᠳᠠᠭᠤ ᠬᠦᠴᠢᠷᠳᠡᠯᠳᠡᠢ ᠬᠦᠮᠦᠰ  ᠲᠠᠢ ᠨᠢᠭᠲᠠ ᠬᠤᠯᠪᠤᠭᠠᠯᠠᠬᠤ ᠲᠤᠭᠳᠠᠯᠴᠠᠭ᠎ᠠ ᠪᠠᠶᠢᠭᠤᠯᠬᠤ ᠠᠵᠤ ᠠᠬᠤᠶᠢᠯᠠᠯ ᠦᠭᠡᠳᠡ ᠢᠯᠡᠭᠦᠦ ᠬᠡᠯᠪᠡᠯᠵᠡᠭᠦᠯᠵᠦ᠂  ᠵᠠᠰᠠᠭ ᠤᠨ ᠤᠷᠳᠤᠨ᠂ ᠠᠵᠤ ᠠᠬᠤᠶᠢᠯᠠᠯ᠂ ᠲᠠᠷᠢᠶᠠᠯᠠᠬᠤ ᠡᠷᠤᠭᠡ ᠶᠢᠨ ᠬᠤᠯᠪᠤᠭᠠᠯᠠᠬᠤ ᠬᠦᠳᠡᠯᠭᠡᠭᠡᠨ ᠢ  ᠴᠢᠩᠭᠠᠷᠠᠭᠤᠯᠵᠤ᠂  ᠤᠨᠢᠨ ᠳᠡᠭᠡᠷ᠎ᠡ ᠨᠢ ᠶᠠᠳᠠᠭᠤ ᠶᠢ ᠲᠡᠳᠭᠦᠭᠦ ︽ᠴᠢᠰᠤ ᠵᠤᠬᠢᠶᠠᠬᠤ ᠴᠢᠳᠠᠪᠤᠷᠢ︾ ᠶᠢ ᠴᠢᠩᠭᠠᠳᠬᠠᠨ᠎ᠠ᠃      ᠶᠠᠳᠠᠭᠤ ᠶᠢ ᠲᠡᠳᠭᠦᠵᠦ ᠤᠨᠳᠤᠤ ᠭᠠᠵᠠᠷ ᠲᠤ ᠨᠡᠭᠦᠯᠭᠡᠬᠦ  ᠪᠤᠯ ᠶᠠᠳᠠᠭᠤ ᠬᠦᠴᠢᠷᠳᠡᠯᠳᠡᠢ ᠡᠷᠦᠭᠡ ᠶᠢᠨ ᠦᠢᠯᠡᠳᠪᠦᠷᠢ᠂ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂  ᠪᠠᠰᠠ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠳᠤᠯᠬᠤ ᠲᠠᠶᠢᠯᠠᠯᠳᠤᠭᠠᠨ ᠳᠤ ᠢᠯᠠᠯᠲᠠ ᠤᠯᠬᠤ ᠴᠢᠬᠤᠯᠠ ᠠᠷᠭ᠎ᠠ ᠠᠪᠴᠢᠯ ᠪᠤᠯᠤᠨ᠎ᠠ᠃ ᠹᠧᠢ ᠳ᠋ᠦᠩ ᠪᠢᠨ ᠱᠦᠨ ᠰᠢᠨ ᠲᠤᠭᠤᠷᠢᠭ ᠲᠤ ᠢᠷᠡᠵᠦ  ᠶᠠᠳᠠᠭᠤ ᠶᠢ ᠲᠡᠳᠭᠦᠵᠦ ᠤᠨᠳᠤᠤ ᠭᠠᠵᠠᠷ ᠲᠤ ᠨᠡᠭᠦᠯᠭᠡᠬᠦ ᠡᠷᠦᠭᠡ ᠶᠢ ᠪᠤᠳᠠᠳᠠᠢ ᠰᠤᠷᠪᠤᠯᠵᠢᠯᠠᠵᠤ᠂ ᠠᠳᠡ ᠰᠠᠭᠤᠭ᠎ᠠ ᠨᠡᠭᠦᠨ ᠢᠷᠡᠭᠰᠡᠨ ᠡᠷᠦᠭᠡ ᠤᠯᠠᠨ ᠨᠡᠶᠢᠲᠡ ᠶᠢᠨ ᠦᠢᠯᠡᠴᠢᠯᠡᠭᠡᠨ ᠪᠠᠳᠤᠯᠠᠪᠤᠷᠢ ᠲᠠᠢ ᠪᠠᠷ ᠪᠠᠷᠠᠬᠤ ᠦᠭᠡᠢ ᠬᠦᠷᠢᠶᠡᠯᠡᠩ ᠲᠤᠭᠤᠷᠢᠭ ᠲᠤ ᠠᠵᠢᠯ ᠤᠯᠭᠤᠬᠤ ᠠᠰᠠᠭᠤᠳᠠᠯ ᠢ ᠨᠢ ᠴᠦ ᠰᠢᠢᠳᠪᠦᠷᠢᠯᠡᠵᠦ ᠳᠡᠶᠢᠯᠬᠦ ᠶᠢ ᠮᠡᠳᠡᠭᠰᠡᠨ ᠤ ᠳᠠᠷᠠᠭ᠎ᠠ᠂ ᠲᠡᠷᠡ ᠪᠠᠶᠠᠷᠯᠠᠨ ᠲᠤᠷᠠᠳᠤᠭᠰᠠᠨ ᠨᠢ᠂  ︽ ᠨᠡᠭᠦᠨ ᠭᠠᠷᠴᠤ ᠳᠡᠶᠢᠯᠬᠦ᠂ ᠯᠠᠪᠳᠠᠭᠤᠨ ᠰᠠᠭᠤᠵᠤ ᠳᠡᠶᠢᠯᠬᠦ᠂ ᠪᠠᠶᠠᠯᠢᠭᠵᠢᠵᠤ ᠳᠡᠶᠢᠯᠬᠦ︾ ᠵᠠᠷᠴᠢᠮ ᠢᠶᠠᠷ᠂ ᠨᠡᠭᠦᠯᠭᠡᠬᠦ ᠪᠠᠶᠢᠷᠢᠰᠢᠯ ᠤᠨ ᠴᠢᠭ ᠪᠠ ᠪᠠᠶᠢᠷᠢᠰᠢᠯᠠᠭᠤᠯᠬᠤ ᠠᠷᠭ᠎ᠠ ᠪᠠᠨ ᠰᠢᠨᠵᠢᠯᠡᠬᠦ ᠤᠬᠠᠭᠠᠨᠴᠢ ᠪᠠᠷ ᠰᠤᠩᠭᠤᠨ᠂ ᠠᠵᠤ ᠦᠢᠯᠡᠰ ᠤᠨ ᠪᠠᠶᠢᠷᠢᠯᠠᠭᠤᠯᠤᠯᠲᠠ ᠶᠢ ᠴᠢᠨᠠᠭᠰᠢᠲᠠ ᠲᠡᠭᠦᠯᠳᠡᠷᠵᠢᠭᠦᠯᠵᠦ᠂ ᠰᠤᠷᠭᠠᠯᠲᠠ ᠪᠠ ᠠᠵᠢᠯ ᠤᠯᠭᠤᠬᠤ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠰᠠᠶᠢᠳᠤᠷ ᠬᠢᠵᠦ᠂ ᠨᠡᠭᠦᠯᠭᠡᠭᠰᠡᠨ ᠠᠷᠠᠳ ᠤᠯᠠᠨ ᠤ ᠠᠮᠢᠵᠢᠷᠠᠭ᠎ᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠦᠪᠡᠷ ᠤᠨ ᠬᠦᠴᠦ ᠪᠠᠷ ᠢᠶᠠᠨ ᠠᠮᠢᠳᠤᠷᠠᠬᠤ ᠶᠢ ᠠᠬᠢᠭᠤᠯᠵᠤ᠂ ᠬᠠᠳᠠᠭᠤᠵᠢᠯ ᠲᠠᠢ ᠬᠦᠳᠡᠯᠮᠦᠷᠢ ᠪᠠᠷ ᠤᠷᠤᠯᠭ᠎ᠠ ᠪᠠᠨ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠡᠨ ᠪᠠᠶᠠᠯᠢᠭᠵᠢᠵᠤ᠂ ᠦᠷᠬᠦᠯᠵᠢᠯᠡᠭᠦᠶᠢᠴᠡ ᠬᠦᠭᠵᠢᠯᠲᠡ ᠶᠢ ᠦᠨᠡᠨ ᠬᠦ  ᠪᠡᠶᠡᠯᠡᠭᠦᠯᠦᠨ᠎ᠡ᠃      ᠳᠡᠳ᠋ ᠬᠤᠳᠠ ᠶᠢᠨ ᠳᠠᠷᠤᠭ᠎ᠠ ᠸᠠᠩ ᠭᠥᠸᠧ ᠰᠢᠶᠠᠩ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃  ︵ᠪᠠᠢ ᠴᠢᠶᠥᠩ   ᠰᠡᠭᠦᠳᠡᠷᠯᠡᠪᠡ︶                                                       ᠤᠷᠴᠢᠭᠤᠯᠤᠭᠴᠢ     ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2