ᠮᠣᠩᠭᠤᠯ ᠠᠳᠤᠭᠤᠨ ᠤ ᠲᠤᠬᠠᠢ ᠡᠶᠢᠮᠦ ᠨᠢᠭᠡᠨ ᠲᠣᠮᠣ ᠠᠵᠢᠯᠯᠠᠭ᠎ᠠ ᠪᠣᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019-04-18
      ︽ᠳᠤᠮᠳᠠᠳᠤ ᠤᠯᠤᠰ ᠤᠨ ᠬᠤᠶᠠᠳᠤᠭᠠᠷ ᠬᠤᠭᠤᠴᠠᠭᠠᠨ ᠤ ᠠᠳᠤᠭᠤᠨ ᠰᠣᠶᠣᠯ ᠤᠨ ᠨᠠᠶᠢᠷ︾ ᠪᠣᠯᠣᠨ ︽ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠣᠯᠠᠨ ᠤᠯᠤᠰ ᠤᠨ ᠠᠳᠤᠭᠤᠨ ᠰᠣᠶᠣᠯ ᠤᠨ ᠦᠵᠡᠰᠬᠦᠯᠡᠩ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ 4 ᠳ᠋ᠦ᠋ᠭᠡᠷ ᠰᠠᠷ᠎ᠠ ᠶᠢᠨ 17 ᠤ ᠦᠳᠡ ᠶᠢᠨ ᠡᠮᠦᠨ᠎ᠡ ᠪᠡᠭᠡᠵᠢᠩ ᠬᠤᠲᠠ ᠳᠤ ᠶᠠᠪᠤᠭᠳᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ᠂ ᠠᠷᠠᠳ ᠤᠨ ᠰᠦᠯᠵᠢᠶᠡᠨ ᠤ ᠬᠡᠷᠡᠭ ᠮᠡᠳᠡᠭᠴᠢᠳ ᠤᠨ ᠲᠠᠷᠤᠭ᠎ᠠ᠂ ᠶᠡᠷᠦᠩᠬᠡᠢ ᠵᠠᠬᠢᠷᠤᠯ᠂ ᠨᠠᠮ ᠤᠨ ᠬᠤᠷᠢᠶᠠᠨ ᠤ ᠱᠦᠵᠢ ᠶᠧ ᠵᠧᠨ ᠵᠧᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ  ᠬᠢᠨ ᠤ ᠬᠤᠯᠪᠣᠭᠠᠨ ᠤ ᠤᠯᠤᠰ ᠤᠨ ᠳᠣᠲᠣᠭᠠᠳᠤ ᠳᠠᠬᠢ ᠬᠠᠷᠢᠯᠴᠠᠬᠤ ᠬᠡᠯᠲᠡᠰ ᠤᠨ ᠡᠷᠬᠢᠯᠡᠭᠴᠢ ᠯᠢᠦ ᠱᠠᠩ ᠵᠢᠶᠦ᠋ᠨ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠵᠢᠶᠠ ᠶᠢᠦ ᠯᠢᠩ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠡᠭᠡᠳᠦ ᠳᠡᠰ ᠤᠨ ᠵᠥᠪᠯᠡᠭᠴᠢ᠂ ᠨᠡᠷᠡᠲᠦ ᠮᠣᠷᠢᠨ ᠬᠤᠭᠤᠷᠴᠢᠨ ᠴᠢ᠊ ᠪᠤᠯᠠᠭ᠂ ᠱᠤᠭ ᠶᠠᠷᠢᠶ᠎ᠠ ᠶᠢᠨ ᠨᠡᠷᠡᠳᠦ ᠲᠤᠬᠯᠠᠬᠴᠢ ᠢᠦᠢ ᠴᠢᠶᠠᠨ ᠵᠡᠷᠭᠡ ᠤᠳᠤᠷᠢᠳᠤᠯᠭ᠎ᠠ ᠪᠠ ᠵᠣᠴᠢᠳ ᠬᠤᠷᠠᠯ ᠳᠤ ᠣᠷᠣᠯᠴᠠᠭᠰᠠᠨ ᠪᠠᠶᠢᠨ᠎ᠠ᠃       ︽ᠳᠤᠮᠳᠠᠳᠤ ᠤᠯᠤᠰ ᠤᠨ ᠬᠤᠶᠠᠳᠤᠭᠠᠷ ᠬᠤᠭᠤᠴᠠᠭᠠᠨ ᠤ ᠠᠳᠤᠭᠤᠨ ᠰᠣᠶᠣᠯ ᠤᠨ ᠨᠠᠶᠢᠷ︾ ᠪᠣᠯᠣᠨ ︽ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠣᠯᠠᠨ ᠤᠯᠤᠰ ᠤᠨ ᠠᠳᠤᠭᠤᠨ ᠰᠣᠶᠣᠯ ᠤᠨ ᠦᠵᠡᠰᠬᠦᠯᠡᠩ︾ ᠨᠢ 6 ᠳ᠋ᠤᠭᠠᠷ ᠰᠠᠷ᠎ᠠ ᠶᠢᠨ 15 ᠤ ᠡᠳᠦᠷ ᠡᠬᠢᠯᠡᠬᠦ ᠪᠣᠯᠣᠨ᠎ᠠ᠃ ᠡᠨᠡ ᠠᠵᠢᠯᠯᠠᠭ᠎ᠠ ᠨᠢ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢᠨ ᠦᠵᠡᠯᠳᠡ ᠪᠠᠷ ᠭᠤᠣᠯᠳᠠᠯᠭ᠎ᠠ ᠪᠣᠯᠭᠠᠵᠦ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠭᠦᠨᠵᠡᠭᠡᠢ ᠠᠭᠤᠳᠠᠯᠤᠨ ᠪᠠᠳᠠᠷᠠᠭᠤᠯᠵᠤ᠂ ᠥᠪᠥᠷ ᠮᠣᠩᠭᠤᠯ ᠤᠨ ᠣᠳᠣ ᠦᠶ᠎ᠡ ᠶᠢᠨ ᠠᠳᠤᠭᠤᠨ ᠤ ᠦᠢᠯᠡᠰ  ᠤᠨ ᠬᠥᠭᠵᠢᠯᠲᠡ ᠶᠢ ᠠᠬᠢᠭᠤᠯᠬᠤ ᠪᠠᠷ ᠵᠤᠷᠢᠯᠳᠠ ᠪᠠᠨ ᠪᠤᠯᠭᠠᠵᠠᠢ᠃ ᠲᠣᠰ ᠠᠵᠢᠯᠯᠠᠭ᠎ᠠ ᠶᠢ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠣᠯᠣᠨ ᠠᠶᠠᠯᠠᠯ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠬᠠᠮᠲᠤᠷᠠᠨ ᠡᠷᠬᠢᠯᠡᠬᠦ ᠪᠣᠯᠣᠨ᠎ᠠ᠃ ᠲᠤᠰ ᠠᠵᠢᠯᠯᠠᠭ᠎ᠠ ᠨᠢ ᠡᠬᠢᠯᠡᠯᠲᠡ ᠶᠢᠨ ᠶᠣᠰᠣᠯᠠᠯ᠂ ᠴᠢᠭᠤᠯᠭ᠎ᠠ ᠠᠭᠤᠯᠵᠠᠯᠳᠠ ᠪᠠ ᠲᠠᠶᠢᠯᠤᠨ᠂ ᠤᠷᠤᠯᠳᠤᠭᠠᠨ ᠮᠦᠷᠦᠶᠢᠴᠡᠬᠡᠨ᠂ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ᠂ ᠵᠣᠬᠢᠶᠠᠯ ᠤᠨ ᠤᠷᠤᠯᠳᠤᠭᠠᠨ᠂ ᠤᠬᠠᠭᠤᠯᠬᠤ ᠲᠠᠪᠴᠠᠩ᠂ ᠭᠤᠤᠯ ᠰᠡᠳᠦᠪᠲᠦ ᠠᠵᠢᠯᠯᠠᠭ᠎ᠠ ᠵᠡᠷᠭᠡ ᠨᠠᠢᠮᠠᠨ ᠲᠥᠷᠥᠯ ᠢᠶᠠᠷ ᠶᠠᠪᠤᠭᠳᠠᠬᠤ ᠪᠣᠯᠣᠨ᠎ᠠ᠃ ᠲᠣᠰ ᠠᠵᠢᠯᠯᠠᠭᠠᠨ ᠤ ᠭᠤᠣᠯ ᠲᠠᠯᠠᠪᠤᠷ ᠢ ᠬᠥᠬᠡᠬᠤᠲᠠ ᠳᠤ ᠭᠠᠷᠭᠠᠵᠦ᠂ ᠰᠢᠯᠢ ᠶᠢᠨ ᠭᠤᠣᠯ ᠠᠶᠢᠮᠠᠭ ᠲᠤ ᠬᠤᠪᠢᠶᠠᠷᠢ ᠲᠠᠯᠠᠪᠤᠷ ᠭᠠᠷᠭᠠᠬᠤ ᠪᠦᠭᠡᠳ ᠪᠤᠰᠤᠳ ᠠᠶᠢᠮᠠᠭ ᠬᠤᠲᠠ ᠳᠤ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠪᠣᠯᠣᠨ᠎ᠠ᠃ 6 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠣᠯᠠᠨ ᠵᠦᠢᠯ ᠤᠨ ᠤᠷᠤᠯᠳᠤᠭᠠᠨ ᠡᠷᠬᠢᠯᠡᠵᠦ᠂ ᠰᠢᠯᠢᠳᠡᠭ ᠠᠳᠤᠭᠤ ᠰᠢᠯᠭᠠᠷᠠᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠬᠡᠪᠯᠡᠯ ᠮᠡᠳᠡᠭᠡᠯᠡᠯ ᠢᠶᠠᠷ ᠳᠠᠮᠵᠢᠭᠤᠯᠤᠨ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ᠂ ︽ᠮᠣᠩᠭᠤᠯ ᠮᠤᠷᠢᠨ ᠤ ᠳᠦᠷᠢ ᠲᠥᠷᠬᠦ︾ ᠶᠢ ᠲᠦᠮᠡᠨ ᠣᠯᠠᠨ ᠳᠤ ᠭᠠᠶᠢᠬᠠᠭᠤᠯᠬᠤ ᠪᠣᠯᠣᠨ᠎ᠠ᠃
                                                ᠨᠠᠶᠢᠷᠠᠭᠤᠯᠤᠭᠴᠢ᠄ ᠰᠡᠴᠡᠨᠲᠤᠩᠭᠠᠯᠠᠭ                                                 ᠬᠢᠨᠠᠭᠴᠢ᠄ ᠬᠡᠬᠡᠨᠵᠤᠯᠠ                                                 ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠠᠳᠢᠤ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2