ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 69 % ᠶᠢ ᠡᠵᠡᠯᠡᠪᠡ
ᠨᠡᠶᠢᠲᠡᠯᠡᠭᠰᠡᠨ ᠴᠠᠭ᠄
2019-05-14
    ᠡᠨᠡ ᠵᠢᠯ ᠠᠴᠠ ᠨᠠᠭᠠᠰᠢ᠂ ᠮᠠᠨ ᠤ ᠣᠷᠣᠨ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠬᠠᠮᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠪᠠᠯᠠ ᠣᠷᠣᠭᠤᠯᠤᠯᠲᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠡᠩ  ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠳᠣᠲᠣᠷ᠎ᠠ᠂ ᠠᠷᠠᠳ ᠤᠨ ᠠᠮᠢᠳᠤᠷᠠᠯ ᠳᠤ ᠬᠡᠷᠡᠭᠯᠡᠬᠦ ᠵᠠᠷᠤᠯᠭ᠎ᠠ ᠶᠢᠨ ᠬᠤᠪᠢ ᠶᠢᠨ ᠵᠢᠩ ᠨᠢ ᠪᠠᠷᠤᠭ ᠳᠣᠯᠣᠭᠠᠨ ᠬᠤᠪᠢ ᠶᠢ ᠡᠵᠡᠯᠡᠵᠦ᠂ 69 % ᠳᠤ ᠬᠦᠷᠴᠡᠶ᠃     ᠳᠡᠭᠡᠷ᠎ᠡ ᠳᠤᠷᠠᠳᠤᠭᠰᠠᠨ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠪᠥᠬᠦ ᠣᠷᠣᠨ ᠤ ᠠᠷᠠᠳ  ᠤᠨ ᠠᠮᠢᠳᠤᠷᠠᠯ ᠤᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠠᠴᠠ 0 . 6 ᠵᠠᠭᠤᠨ ᠤ ᠨᠢᠭᠡᠴᠢ ᠳᠡᠭᠡᠭᠰᠢᠯᠡᠵᠡᠶ᠃ ᠡᠭᠦᠨ ᠤ ᠬᠠᠮᠲᠤ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ ᠴᠦ ᠪᠥᠬᠦ ᠣᠷᠣᠨ ᠤ ᠡᠩ ᠤᠨ ᠣᠯᠠᠨ ᠨᠡᠶᠢᠲᠡ  ᠶᠢᠨ ᠲᠥᠰᠦᠪ ᠤᠨ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠡᠭᠦᠨ ᠠᠴᠠ ᠭᠠᠳᠠᠨ᠎ᠠ᠂ ᠡᠨᠡ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠶᠯ ᠤᠨ ᠨᠡᠮᠡᠯᠲᠡ ᠬᠠᠰᠤᠯᠲᠠ ᠬᠢᠬᠦ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠲᠥᠷᠥ ᠶᠢᠨ ᠪᠣᠳᠣᠯᠭ᠎ᠠ ᠶᠢ ᠪᠥᠬᠦ ᠣᠷᠣᠨ ᠳᠤ ᠵᠡᠷᠭᠡ ᠪᠠᠷ ᠬᠡᠷᠡᠭᠵᠢᠭᠦᠯᠵᠦ᠂ ᠮᠠᠨ ᠤ ᠣᠷᠣᠨ ᠤ ᠰᠠᠭᠤᠭᠠᠯᠢ ᠠᠷᠠᠳ ᠤᠨ ᠭᠠᠶᠢᠯᠢ ᠰᠦᠶᠳᠬᠡᠯ ᠤᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ ᠨᠥᠬᠦᠭᠡ ᠨᠢᠭᠡ ᠲᠠᠯ᠎ᠠ ᠠᠴᠠ ᠬᠡᠯᠪᠡᠷᠢ ᠶᠢ ᠨᠢ ᠥᠭᠡᠷᠡᠲᠦᠭᠦᠯᠦᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠪᠠ᠃                                                  ᠤᠷᠴᠢᠭᠤᠯᠤᠭᠴᠢ     ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2