ᠥᠪᠥᠷ ᠮᠣᠩᠭᠤᠯ ᠲᠣᠭᠠᠴᠢᠯᠠᠭᠰᠠᠨ ᠳᠤᠮᠳᠠᠳᠤ ᠤᠯᠤᠰ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠲᠣᠮᠣ ᠳ᠋ᠠᠶᠢᠲ᠋ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠠᠭᠤᠯᠤᠨ᠎ᠠ
ᠨᠡᠶᠢᠲᠡᠯᠡᠭᠰᠡᠨ ᠴᠠᠭ᠄
2019-05-16
      ᠥᠪᠥᠷ ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠭᠰᠠᠨ ᠠᠴᠠ ᠨᠠᠭᠠᠰᠢᠬᠢ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠡᠭᠦᠯᠡᠨ ᠳᠡᠭᠡᠷᠡᠬᠢ ᠤᠮᠠᠷᠠᠲᠤ ᠬᠢᠯᠢ ᠶᠢᠨ ᠳᠤᠮᠳᠠᠳᠤ ᠤᠯᠤᠰ ᠤᠨ ᠲᠤᠭᠠᠴᠢ ᠬᠥᠨᠳᠡᠶ︾ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠦᠨᠡᠨ ᠬᠦ ᠥᠷᠭᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ  ᠤ ᠮᠡᠳᠡᠭᠡ ᠵᠠᠩᠭᠢ ᠶᠢᠨ ᠠᠯᠪᠠᠨ ᠭᠡᠷ ᠬᠠᠮᠲᠤᠪᠠᠷ ᠬᠤᠯᠪᠣᠭᠳᠠᠯ ᠪᠦᠬᠦᠢ ᠠᠶᠢᠮᠠᠭ ᠬᠤᠲᠠ᠂ ᠲᠢᠩᠬᠢᠮ ᠲᠣᠪᠴᠢᠶ᠎ᠠ᠂ ᠠᠵᠤ ᠠᠬᠤᠶᠢᠯᠠᠯ ᠵᠡᠷᠭᠡ 22 ᠨᠢᠭᠡᠴᠡ ᠶᠢ ᠵᠣᠬᠢᠶᠠᠨ ᠪᠠᠶᠢᠭᠤᠯᠵᠤ᠂ 5 ᠰᠠᠷ᠎ᠠ ᠶᠢᠨ 5 ᠤ ᠡᠳᠦᠷ ᠹᠦᠵᠢᠶᠠᠨ ᠮᠤᠵᠢ ᠳᠤ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠳᠤ ᠣᠷᠣᠯᠴᠠᠪᠠ᠃      ᠲᠦᠷᠦᠭᠦᠴᠦᠳ ᠤᠨ ᠬᠤᠷᠠᠯ ᠢ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠹᠦᠵᠢᠶᠠᠨ ᠮᠤᠵᠢ ᠶᠢᠨ ᠵᠠᠰᠠᠭ ᠤᠨ ᠣᠷᠳᠣᠨ ᠬᠠᠮᠲᠤᠪᠠᠷ ᠭᠤᠣᠯᠯᠠᠨ ᠡᠷᠬᠢᠯᠡᠪᠡ᠃ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠨᠢ ᠪᠦᠬᠦ ᠤᠯᠤᠰ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠲᠡᠷᠢᠭᠦᠨ ᠤ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠨ ᠳᠡᠯᠭᠡᠷᠡᠭᠦᠯᠵᠦ᠂ ᠤᠯᠤᠰ ᠤᠨ ᠬᠤᠯᠪᠣᠭᠳᠠᠯ ᠪᠦᠬᠦᠢ ᠶᠠᠮᠤᠨ ᠬᠤᠷᠢᠶ᠎ᠠ ᠪᠣᠯᠤᠨ ᠡᠯ᠎ᠡ ᠮᠣᠵᠢ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠪᠦᠯᠬᠦᠮ ᠵᠢᠴᠢ ᠳᠡᠯᠡᠬᠡᠢ᠂ ᠤᠯᠤᠰ ᠤᠨ ᠳᠣᠲᠣᠭᠠᠳᠤ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ  ᠶᠢᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠰᠢᠯᠢᠳᠡᠭ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃      ᠥᠪᠥᠷ ᠮᠣᠩᠭᠤᠯ ᠭᠤᠤᠯ ᠵᠣᠴᠢᠨ ᠮᠤᠵᠢ ᠶᠢᠨ ᠬᠡᠪᠴᠢᠶ᠎ᠡ ᠪᠠᠷ 240 ᠲᠡᠭᠰᠢ ᠳᠥᠷᠪᠡᠯᠵᠢᠨ ᠮᠧᠲᠷ ᠤᠨ ᠦᠵᠡᠭᠦᠯᠦᠯᠭᠡ ᠶᠢᠨ ᠲᠢᠩᠬᠢᠮ ᠪᠠᠶᠢᠭᠤᠯᠵᠤ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠢᠴᠢ ᠬᠤᠷᠢᠨᠭᠡᠷ ᠰᠢᠨ᠎ᠡ ᠲᠣᠭᠤᠷᠢᠭ ᠵᠡᠷᠭᠡ 4 ᠭᠠᠵᠠᠷ ᠣᠷᠣᠨ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠵᠢᠴᠢ ᠮᠧᠩ ᠨᠢᠤ᠂ ᠮᠧᠩ ᠼᠤᠤ ᠵᠡᠷᠭᠡ 10 ᠲᠥᠯᠥᠭᠡᠯᠡᠬᠦ ᠴᠢᠨᠠᠷᠲᠠᠶ ᠠᠵᠤ ᠠᠬᠤᠶᠢᠯᠠᠯ ᠤᠨ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠵᠠᠰᠠᠭ ᠤᠨ ᠣᠷᠳᠣᠨ᠂ ᠤᠶᠤᠨᠲᠤ ᠨᠡᠶᠢᠭᠡᠮ ᠵᠡᠷᠭᠡ ᠬᠦᠷᠢᠶ᠎ᠡ ᠶᠢᠨ ᠣᠯᠤᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠠ ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠲᠤᠰ ᠤᠳᠠᠭ᠎ᠠ ᠶᠢᠨ ᠦᠵᠡᠭᠦᠯᠦᠯᠭᠡ ᠨᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠤᠯᠤᠰ ᠤᠨ ᠠᠷᠠᠳ ᠲᠦᠮᠡᠨ ᠵᠢᠴᠢ ᠬᠤᠯᠪᠣᠭᠳᠠᠯ ᠪᠦᠬᠦᠢ ᠶᠠᠮᠤᠨ ᠵᠥᠪᠯᠡᠯ ᠳᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠢᠭᠤ ᠮᠡᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃                                              ᠤᠷᠴᠢᠭᠤᠯᠤᠭᠴᠢ       ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2