ᠤᠢ ᠰᠢᠭᠤᠶ ᠶᠢᠨ ᠬᠡᠮ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019-05-23
ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠳᠤ᠄      ᠱᠠᠩᠳᠤ ᠰᠢᠶᠠᠨ ᠤ ᠣᠢ ᠰᠢᠭᠤᠶ ᠶᠢᠨ ᠬᠡᠮ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠰᠢᠶᠠᠨ ᠤ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ ᠱᠠᠩᠳᠤ ᠰᠢᠶᠠᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠶ ᠶᠢᠨ ᠬᠡᠮ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ 2019 ᠣᠨ ᠤ 5 ᠰᠠᠷ᠎ᠠ ᠶᠢᠨ 18 ᠤ ᠡᠳᠦᠷ ᠠᠴᠠ 24 ᠤ ᠡᠳᠦᠷ᠂ ᠨᠡᠶᠢᠲᠡ 7 ᠡᠳᠦᠷ᠂ ᠦᠳᠡ ᠶᠢᠨ ᠡᠮᠦᠨᠡᠬᠢ 5 ᠴᠠᠭ ᠠᠴᠠ 7 ᠴᠠᠭ᠂ ᠦᠳᠡ ᠶᠢᠨ ᠬᠤᠶᠢᠨᠠᠬᠢ 8 ᠴᠠᠭ ᠠᠴᠠ 10 ᠴᠠᠭ ᠪᠣᠯᠲᠠᠯ᠎ᠠ᠂ ᠪᠥᠬᠦ ᠰᠢᠶᠠᠨ ᠤ ᠰᠢᠶᠠᠨ ᠤ ᠬᠤᠲᠠ ᠶᠢᠨ ᠣᠷᠣᠨ ᠪᠦᠰᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ ᠪᠦᠰᠡ᠂ ᠵᠠᠮ ᠤᠨ ᠣᠢ ᠵᠢᠴᠢ ᠡᠯ᠎ᠡ ᠴᠡᠴᠡᠷᠯᠢᠭ ᠤᠨ ᠠᠮᠢᠳᠤ ᠪᠣᠳᠠᠰ ᠤᠨ ᠡᠮ ᠰᠦᠷᠴᠢᠬᠦ ᠠᠷᠭ᠎ᠠ ᠮᠠᠶ᠋ᠢᠭ ᠢᠶᠠᠷ ᠣᠢ ᠰᠢᠭᠤᠶ ᠶᠢᠨ ᠬᠡᠮ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ 2019 ᠣᠨ 5 ᠰᠠᠷ᠎ᠠ  ᠶᠢᠨ 28 ᠤ ᠡᠳᠦᠷ ᠠᠴᠠ ᠡᠬᠢᠯᠡᠨ ᠨᠢᠭᠡ ᠰᠠᠷ᠎ᠠ ᠶᠢᠨ ᠴᠠᠭ ᠢ ᠠᠰᠢᠭᠯᠠᠨ ᠪᠥᠬᠦ ᠰᠢᠶᠠᠨ ᠤ ᠣᠶᠢᠲᠤ ᠭᠠᠵᠠᠷ᠂ ᠠᠵᠤ ᠠᠬᠤᠢ  ᠶᠢᠨ ᠣᠢ ᠵᠢᠴᠢ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ ᠲᠥᠪᠯᠡᠷᠡᠭᠦᠯᠦᠨ ᠰᠡᠷᠭᠡᠶᠢᠯᠡᠨ ᠵᠠᠰᠠᠨ᠎ᠠ᠃
     ᠣᠯᠠᠨ ᠢᠶᠠᠷ ᠢᠶᠠᠨ ᠰᠦᠷᠴᠢᠵᠦ ᠰᠡᠷᠭᠡᠶᠢᠯᠡᠬᠦ ᠦᠶ᠎ᠡ ᠳᠤ ᠭᠡᠷ ᠤᠨ ᠮᠠᠯ ᠢᠶᠠᠨ ᠰᠠᠶᠢᠲᠤᠷ ᠬᠤᠷᠢᠵᠤ᠂ ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠤᠪᠴᠠᠰᠤ ᠬᠤᠨᠠᠷ ᠢᠶᠠᠨ ᠰᠠᠶᠢᠲᠤᠷ ᠬᠤᠷᠢᠶᠠᠵᠤ᠂ ᠬᠡᠦᠬᠡᠳ ᠢᠶᠠᠨ ᠰᠠᠢᠬᠠᠨ ᠬᠠᠷᠠᠭᠠᠷᠠᠶ ︔ ᠴᠡᠴᠡᠷᠯᠢᠭ ᠤᠨ ᠳᠣᠲᠣᠷᠠᠬᠢ ᠵᠢᠭᠤᠯᠴᠢᠯᠠᠭᠴᠢᠳ ᠠᠯᠢ ᠴᠢᠳᠠᠬᠤ ᠪᠠᠷ ᠰᠦᠷᠴᠢᠬᠦ ᠬᠤᠭᠤᠴᠠᠭᠠᠨ ᠳᠤ ᠭᠠᠷᠴᠤ ᠵᠢᠭᠤᠯᠴᠢᠯᠠᠬᠤ ᠠᠴᠠ ᠵᠠᠶᠢᠯᠠᠰᠬᠢᠨ᠎ᠡ︔ ᠰᠦᠷᠴᠢᠬᠦ ᠬᠤᠭᠤᠴᠠᠭ᠎ᠠ ᠵᠢᠴᠢ ᠰᠦᠷᠴᠢᠵᠦ ᠪᠠᠷᠠᠭᠰᠠᠨ ᠤ ᠳᠠᠷᠠᠭ᠎ᠠ ᠶᠢᠨ ᠲᠠᠪᠤ ᠠᠴᠠ ᠳᠣᠯᠣᠭᠠᠨ ᠡᠳᠦᠷ ᠳᠤ ᠰᠦᠷᠴᠢᠭᠰᠡᠨ ᠣᠷᠣᠨ ᠳᠣᠲᠣᠷ᠎ᠠ ᠬᠤᠸᠠᠷ ᠴᠡᠴᠡᠭ᠂ ᠵᠡᠷᠯᠢᠭ ᠨᠣᠭᠤᠭ᠎ᠠ ᠪᠠ ᠵᠢᠮᠢᠰ ᠤᠨ ᠮᠣᠳᠣ ᠲᠡᠭᠦᠵᠦ ( ᠢᠳᠡᠵᠦ ) ᠪᠣᠯᠬᠤ ᠦᠭᠡᠢ᠂ ᠥᠷᠭᠡᠨ ᠤᠯᠠᠨ ᠲᠦᠮᠡᠨ ᠵᠣᠬᠢᠴᠠᠩᠭᠤᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠠᠪᠴᠤ᠂ ᠬᠤᠣᠷᠳᠠᠯ ᠤᠨ ᠬᠡᠷᠡᠭ ᠭᠠᠷᠬᠤ ᠡᠴᠠ‌‍ᠰᠡᠷᠭᠡᠶᠢᠯᠡᠬᠦ ᠬᠡᠷᠡᠭᠲᠡᠢ᠃                                    ᠱᠠᠩᠳᠤ ᠰᠢᠶᠠᠨ ᠤ ᠣᠢ ᠰᠢᠭᠤᠶ ᠶᠢᠨ ᠬᠡᠮ ᠬᠤᠷᠣᠬᠠᠶ ᠶᠢᠨ                                  ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠢᠴᠠᠭᠠᠬᠤ ᠥᠷᠲᠡᠭᠡ                                    2019ᠤᠨ ᠤ5 ᠰᠠᠷ᠎ᠠ ᠶᠢᠨ18 ᠤ ᠡᠳᠤᠷ                                                  ᠤᠷᠴᠢᠭᠤᠯᠤᠭᠴᠢ     ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2