ᠭᠤᠣᠯ ᠰᠡᠳᠦᠪ᠄ | ᠤᠷᠠᠨ ᠳᠠᠷᠬᠠᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠬᠦᠴᠦᠨ ᠢ ᠲᠠᠶᠢᠴᠢᠯᠠᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠬᠤ | ᠬᠡᠷᠡᠭᠲᠡᠢ | ᠰᠤᠷᠪᠤᠯᠵᠢᠯᠠᠭᠰᠠᠨ ᠴᠠᠭ᠄ | 2018 ᠣᠨ ᠤ 9 ᠰᠠᠷ᠎ᠠ ᠶᠢᠨ 26 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ | ᠱᠠᠩᠳᠤ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠿᠢ ᠭᠤᠤ | ᠲᠣᠪᠴᠢ ᠲᠡᠮᠳᠡᠭᠯᠡᠯ᠄ | ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠣᠨᠴᠠ | ᠶᠠᠳᠠᠭᠤ ᠬᠦᠴᠢᠷᠳᠡᠯᠲᠡᠢ ᠰᠢᠶᠠᠨ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠰᠠᠭᠤᠷᠢ ᠲᠥᠬᠦᠭᠡᠷᠦᠮᠵᠢ ᠪᠠᠭᠤᠷᠠᠢ | ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠬᠤᠴᠣᠷᠤᠩᠭᠤᠢ ᠪᠠᠶᠢᠬᠤ ᠵᠡᠷᠭᠡ ᠪᠠᠭᠤᠷᠠᠢ ᠲᠠᠯ᠎ᠠ ᠶᠢ ᠬᠡᠷᠬᠢᠨ | ᠢᠯᠠᠨ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠬᠡᠷᠬᠢᠨ ᠴᠢᠨᠠᠷ ᠰᠠᠶᠢᠲᠠᠢ ᠰᠠᠶᠢᠲᠤᠷ ᠬᠢᠬᠦ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠬᠡᠷᠬᠢᠨ ᠣᠯᠬᠤ ᠪᠣᠶ︖ | ᠲᠦᠷᠦᠭᠦᠬᠡᠨ᠂ ᠲᠤᠰ ᠰᠦᠯᠵᠢᠶᠡᠨ ᠤ ᠰᠤᠷᠪᠤᠯᠵᠢᠯᠠᠭᠴᠢ ᠱᠠᠩᠳᠤ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ | ᠤ ᠳᠠᠷᠤᠭ᠎ᠠ ᠵᠠᠩ ᠿᠢ ᠭᠤᠤ ᠨᠥᠬᠦᠷ ᠢ ᠰᠤᠷᠪᠤᠯᠵᠢᠯᠠᠪᠠ᠃ | ᠰᠤᠷᠪᠤᠯᠵᠢᠯᠠᠭᠰᠠᠨ ᠠᠭᠤᠯᠭ᠎ᠠ᠄ | | ᠰᠤᠷᠪᠤᠯᠵᠢᠯᠠᠭᠴᠢ᠄ ᠵᠠᠩ ᠰᠢᠶᠠᠨ ᠤ ᠳᠠᠷᠤᠭ᠎ᠠ ᠲᠠ ᠰᠠᠶᠢᠨᠤ᠂ ᠱᠠᠩᠳᠤ ᠰᠢᠶᠠᠨ ᠤ ᠶᠠᠳᠠᠭᠤ ᠬᠦᠴᠢᠷᠳᠡᠯᠳᠡᠢ ᠪᠠᠶᠢᠳᠠᠯ | ᠢ ᠲᠠᠨᠢᠯᠴᠠᠭᠤᠯᠤᠭᠠᠳ ᠥᠭᠭᠦᠨ᠎ᠡ ᠤᠤ︖ | | ᠵᠠᠩ ᠿᠢ ᠭᠤᠤ᠄ ᠮᠠᠨ ᠤ ᠰᠢᠶᠠᠨ ᠤ ᠶᠡᠷᠦᠩᠬᠡᠶ ᠲᠠᠯᠠᠪᠠᠢ 4353 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 | ᠪᠠᠯᠭᠠᠰᠤ 4 ᠰᠢᠶᠠᠩ᠂ 208 ᠵᠠᠰᠠᠭ ᠵᠠᠬᠢᠷᠭᠠᠨ ᠤ ᠲᠣᠰᠬᠤᠨ᠂ 4 ᠬᠥᠳᠡᠭᠡ ᠲᠣᠰᠬᠤᠨ ᠤ ᠨᠡᠶᠢᠭᠡᠮ ᠲᠣᠭᠤᠷᠢᠭ᠂ | 20 ᠬᠤᠲᠠ ᠪᠠᠯᠭᠠᠰᠤᠨ ᠤ ᠨᠡᠶᠢᠭᠡᠮ ᠲᠣᠭᠤᠷᠢᠭ ᠢ ᠬᠠᠷᠢᠶᠠᠯᠠᠵᠤ᠂ ᠪᠥᠬᠦ ᠬᠥᠮᠥᠨ ᠠᠮᠠ 34 . 2 ᠲᠦᠮᠡ ᠪᠠᠶᠢᠵᠤ | ᠂ ᠡᠭᠦᠨ ᠤ ᠳᠣᠲᠣᠷ᠎ᠠ ᠲᠠᠷᠢᠶᠠᠯᠠᠩ ᠤᠨ ᠬᠥᠮᠥᠨ ᠠᠮᠠ 26 . 3 ᠲᠦᠮᠡ ᠪᠠᠶᠢᠨ᠎ᠠ᠃ 2013 ᠣᠨ ᠤ ᠡᠴᠦᠰ | ᠪᠣᠯᠲᠠᠯ᠎ᠠ᠂ ᠪᠦᠬᠦ ᠰᠢᠶᠠᠨ ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠨᠡᠶᠢᠲᠡ 17813 | ᠡᠷᠦᠬᠡ 42468 ᠬᠥᠮᠥᠨ ᠪᠠᠶᠢᠵᠤ᠂ ᠶᠠᠳᠠᠭᠤ ᠬᠦᠴᠢᠷᠳᠡᠯ ᠤᠨ ᠡᠭᠦᠰᠬᠦ ᠨᠤᠷᠮ᠎ᠠ ᠨᠢ 14 . 95 % ᠲᠤ | ᠬᠦᠷᠴᠡᠢ︔ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ 107 ᠪᠠᠶᠢᠵᠤ᠂ 50 . 47 % ᠢ | ᠡᠵᠡᠯᠡᠵᠦ ᠪᠠᠶᠢᠨ᠎ᠠ᠃ 2017 ᠣᠨ ᠤ ᠡᠴᠦᠰ ᠲᠤ ᠪᠥᠬᠦ ᠰᠢᠶᠠᠨ ᠤ ᠤᠯᠤᠰ ᠤᠨ ᠪᠠᠷᠢᠮᠵᠢᠶᠠᠨ ᠤ ᠱᠤᠭᠤᠮ ᠠᠴᠠ | ᠭᠠᠳᠠᠭᠤᠷᠬᠢ ᠶᠠᠳᠠᠭᠤ ᠬᠦᠴᠢᠷᠳᠡᠯᠲᠡᠶ ᠬᠥᠮᠥᠨ ᠠᠮᠠ 5712 ᠡᠷᠦᠬᠡ 13387 ᠬᠥᠮᠥᠨ ᠪᠠᠶᠢᠵᠤ᠂ ᠶᠠᠳᠠᠭᠤ | ᠬᠦᠴᠢᠷᠳᠡᠯ ᠤᠨ ᠡᠭᠦᠰᠬᠦ ᠨᠣᠷᠮ᠎ᠠ ᠨᠢ 5 . 15 % ᠪᠣᠯᠵᠤ ᠪᠠᠭᠤᠷᠠᠪᠠ︔ ᠶᠠᠳᠠᠭᠤ ᠬᠦᠴᠢᠷᠳᠡᠯᠲᠡᠶ ᠲᠣᠰᠬᠤᠨ | 63 ᠦᠯᠡᠳᠡᠪᠡ᠃ 2018 ᠣᠨ ᠳᠤ 7825 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠪᠠᠷ ᠲᠥᠯᠥᠪᠯᠡᠵᠦ᠂ | ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ 2 . 69 % ᠪᠣᠯᠵᠤ ᠪᠠᠭᠤᠷᠠᠪᠠ︔ 2019 ᠣᠨ ᠳᠤ ᠬᠦᠴᠦᠨ | ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ | ᠴᠤ ᠣᠷᠬᠢᠭᠳᠠᠭᠤᠯᠬᠤ ᠥᠬᠡᠶ ᠪᠠᠶᠢᠵᠤ᠂ ᠦᠯᠡᠳᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠵᠤ᠂ ᠰᠢᠶᠠᠨ ᠢ ᠶᠠᠳᠠᠭᠤ ᠠᠴᠠ | ᠠᠩᠭᠢᠵᠢᠷᠠᠭᠤᠯᠬᠤ᠂ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ ᠬᠥᠮᠦᠨ ᠢ ᠶᠠᠳᠠᠭᠤ ᠠᠴᠠ ᠠᠩᠭᠢᠵᠢᠷᠠᠭᠤᠯᠬᠤ | ᠬᠠᠷᠠᠯᠲᠠ ᠶᠢ ᠪᠡᠶᠡᠯᠡᠭᠦᠯᠦᠨ᠎ᠡ︔ 2020 ᠣᠨ ᠳᠤ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ | | ᠰᠤᠷᠪᠤᠯᠵᠢᠯᠠᠭᠴᠢ᠄ ᠱᠠᠩᠳᠤ ᠰᠢᠶᠠᠨ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠬᠤ ᠶᠢ ᠢᠯᠭᠠᠨ ᠲᠠᠨᠢᠬᠤ ᠳᠤ | ᠬᠥᠳᠡᠯᠦᠩᠭᠦᠶ ᠲᠣᠬᠢᠷᠠᠭᠤᠯᠤᠯᠲᠠ ᠠᠴᠠ ᠤᠬᠤᠷᠢᠨ ᠭᠠᠷᠬᠤ ᠶᠠᠪᠤᠳᠠᠯ ᠢ ᠬᠡᠷᠬᠢᠨ ᠥᠷᠨᠢᠭᠦᠯᠦᠭᠰᠡᠨ ᠪᠤᠢ︖ | | ᠵᠠᠩ ᠿᠢ ᠭᠤᠤ᠄ ᠢᠯᠭᠠᠨ ᠲᠠᠨᠢᠬᠤ ᠳᠡᠰ ᠳᠠᠷᠠᠭᠠᠯᠠᠯ ᠤᠨ ᠶᠢᠰᠦᠨ ᠠᠯᠬᠤᠮ ᠤᠨ ᠠᠷᠭ᠎ᠠ᠂ ᠤᠬᠤᠷᠢᠨ ᠭᠠᠷᠬᠤ ᠳᠡᠰ | ᠳᠠᠷᠠᠭᠠᠯᠠᠯ ᠤᠨ ᠨᠠᠶᠮᠠᠨ ᠠᠯᠬᠤᠮ ᠤᠨ ᠠᠷᠭ᠎ᠠ ᠶᠣᠰᠣᠭᠠᠷ ᠶᠠᠳᠠᠭᠤ ᠬᠦᠴᠢᠷᠳᠡᠯᠲᠡᠶ ᠡᠷᠦᠬᠡ ᠳᠤ ᠬᠥᠳᠡᠯᠦᠩᠭᠦᠶ | ᠲᠣᠬᠢᠷᠠᠭᠤᠯᠤᠯᠲᠠ ᠬᠢᠨ᠎ᠡ᠃ ᠣᠳᠣ ᠪᠣᠯᠲᠠᠯ᠎ᠠ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠪᠥᠬᠦ ᠰᠢᠶᠠᠨ ᠤ ᠶᠠᠳᠠᠭᠤ | ᠠᠴᠠ ᠠᠩᠭᠢᠵᠢᠷᠠᠭᠠᠳᠤᠶ ᠬᠥᠮᠥᠨ ᠠᠮᠠ 7348 ᠡᠷᠦᠬᠡ᠂ 16433 ᠬᠥᠮᠥᠨ ᠪᠠᠶᠢᠨ᠎ᠠ᠃ ᠴᠡᠪᠡᠷ ᠨᠡᠮᠡᠭᠳᠡᠭᠰᠡᠨ ᠨᠢ | 1636 ᠡᠷᠦᠬᠡ᠂ 3046 ᠬᠥᠮᠥᠨ᠃ | | ᠰᠤᠷᠪᠤᠯᠵᠢᠯᠠᠭᠴᠢ᠄ ᠱᠠᠩᠳᠤ ᠰᠢᠶᠠᠨ ᠤ ᠨᠡᠶᠢᠲᠡᠯᠡᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠳ ᠥᠭᠭᠦᠨ᠎ᠡ ᠤᠤ︖ | | ᠵᠠᠩ ᠿᠢ ᠭᠤᠤ᠄ 1 ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠠᠯ᠎ᠠ ᠪᠠᠷ᠃ ︽13 · 5︾ ᠶᠢᠨ | ᠬᠤᠭᠤᠴᠠᠭᠠᠨ ᠳᠤ 5682 ᠬᠥᠮᠦᠨ ᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠪᠡ᠂ ᠡᠭᠦᠨ ᠳᠤ | ᠶᠠᠳᠠᠭᠤ ᠬᠦᠴᠢᠷᠳᠡᠯᠲᠡᠶ 3359 ᠬᠥᠮᠥᠨ ᠪᠠᠶᠢᠵᠤ᠂ 2323 ᠬᠥᠮᠦᠨ ᠢ ᠵᠡᠷᠭᠡᠪᠡᠷ ᠨᠡᠭᠦᠯᠭᠡᠪᠡ᠃ ᠵᠠᠯᠭᠠᠮᠵᠢ ᠠᠵᠤ | ᠦᠢᠯᠡᠰ ᠤᠨ ᠬᠥᠭᠵᠢᠯᠲᠡ᠄ ᠣᠨᠳᠣᠤ ᠭᠠᠵᠠᠷ ᠲᠤ ᠨᠡᠭᠦᠯᠭᠡᠨ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠶᠢᠨ | ᠬᠥᠮᠥᠨ ᠪᠦᠷᠢ 5000 ᠲᠥᠭᠦᠷᠢᠭ ᠤᠨ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠠᠵᠤ | ᠠᠬᠤᠶᠢᠯᠠᠯ ᠪᠤᠶᠤ ᠬᠤᠷᠰᠢᠶ᠎ᠠ ᠳᠤ ᠣᠷᠣᠭᠤᠯᠵᠤ᠂ 12 % ᠤᠨ ᠡᠵᠡᠩᠨᠡᠯᠲᠡ ᠶᠢᠨ ᠠᠰᠢᠭ ᠣᠷᠣᠯᠭ᠎ᠠ ᠪᠠᠷ ᠡᠳ᠋ | ᠬᠥᠷᠥᠩᠭᠡ ᠶᠢᠨ ᠠᠰᠢᠭ ᠣᠷᠣᠯᠭ᠎ᠠ ᠬᠤᠪᠢᠶᠠᠬᠤ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ | ᠵᠢᠯ ᠤᠨ ᠳᠤᠮᠳᠠᠴᠢ ᠠᠰᠢᠭ ᠣᠷᠣᠯᠭ᠎ᠠ ᠨᠢ 600 ᠲᠥᠭᠦᠷᠢᠭ ᠪᠣᠯᠤᠨ᠎ᠠ᠃ | 2 ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠲᠠᠯ᠎ᠠ ᠪᠠᠷ᠃ ᠬᠥᠳᠡᠭᠡ ᠲᠣᠰᠬᠤᠨ ᠤ ᠨᠤᠷᠠᠬᠤ | ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠨᠡᠶᠢᠲᠡ 37448 ᠡᠷᠦᠬᠡ ᠪᠡᠶᠡᠯᠡᠭᠦᠯᠵᠦ᠂ ᠡᠭᠦᠨ ᠤ | ᠳᠣᠲᠣᠷ᠎ᠠ 16489 ᠶᠠᠳᠠᠭᠤ ᠬᠦᠴᠢᠷᠳᠡᠯᠳᠡᠢ ᠡᠷᠦᠬᠡ ᠶᠢᠨ ᠠᠶᠤᠯᠭᠦᠶ ᠣᠷᠣᠨ ᠰᠠᠭᠤᠴᠠ ᠶᠢ ᠰᠢᠶᠳᠪᠦᠷᠢᠯᠡᠪᠡ᠃ | ᠣᠳᠣᠬᠠᠨ ᠳᠤ᠂ ᠪᠥᠬᠦ ᠰᠢᠶᠠᠨ ᠤ 9459 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢᠭᠡᠨᠲᠡ 7562 | ᠡᠷᠦᠬᠡ ᠪᠠᠷᠢᠯᠭ᠎ᠠ ᠡᠬᠢᠯᠡᠭᠦᠯᠵᠦ᠂ 5840 ᠡᠷᠦᠬᠡ ︵ᠣᠨᠳᠣᠣ ᠭᠠᠵᠠᠷ ᠲᠤ ᠨᠡᠭᠦᠯᠭᠡᠬᠦ 987 ᠡᠷᠦᠬᠡ ᠪᠠᠭᠲᠠᠬᠤ | ᠥᠬᠡᠶ︶ ᠶᠢ ᠨᠢᠭᠡᠨᠲᠡ ᠪᠠᠷᠢᠵᠤ ᠳᠠᠭᠤᠰᠬᠠᠪᠠ᠃ 2018 ᠣᠨ ᠳᠤ ᠬᠥᠳᠡᠭᠡ ᠲᠣᠰᠬᠤᠨ ᠤ ᠨᠤᠷᠠᠬᠤ ᠠᠶᠤᠯᠲᠠᠶ | ᠭᠡᠷ ᠪᠠᠶᠢᠰᠢᠩ ᠢ ᠪᠦᠬᠦᠨ ᠢᠶᠠᠷ ᠨᠢ ᠤᠰᠠᠳᠬᠠᠨ᠎ᠠ᠃ | 3 ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠃ ᠵᠠᠰᠠᠮᠠᠯ ᠵᠠᠮ 1747 | ᠺᠢᠯᠤᠮᠧᠲᠷ ᠨᠡᠪᠲᠡᠷᠡᠵᠦ᠂ 212 ᠵᠠᠰᠠᠭ ᠵᠠᠬᠢᠷᠭᠠᠨ ᠤ ᠲᠣᠰᠬᠤᠨ ᠪᠣᠯᠤᠨ 472 ᠪᠠᠶᠢᠭᠠᠯᠢ ᠶᠢᠨ ᠲᠣᠰᠬᠤᠨ ᠳᠤ ︽ | ᠲᠣᠰᠬᠤᠨ ᠪᠣᠯᠭᠠᠨ ᠳᠤ ᠨᠡᠪᠲᠡᠷᠡᠬᠦ︾ ᠶᠢ ᠪᠡᠶᠡᠯᠡᠭᠦᠯᠵᠦ᠂ ᠵᠡᠭᠡᠯᠢ ᠭᠤᠳᠤᠮᠵᠢ ᠳᠤ 1435 ᠺᠢᠯᠤᠮᠧᠲᠷ | ᠬᠠᠲᠠᠭᠤᠷᠠᠵᠤ᠂ ᠠᠶᠤᠯᠭᠦᠢ ᠤᠤᠭᠤᠬᠤ ᠤᠰᠤ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ᠂ ᠥᠷᠭᠡᠨ ᠪᠦᠰᠡ᠂ | ᠷᠠᠳᠢᠣ᠋ ᠲᠧᠯᠧᠰ᠂ ᠠᠷᠠᠳ ᠲᠤ ᠲᠥᠬᠦᠮ ᠦᠵᠡᠭᠦᠯᠬᠦ ᠬᠡᠯᠬᠢᠶ᠎ᠡ ᠬᠡᠲᠦ ᠳᠡᠯᠭᠡᠭᠦᠷ᠂ ᠪᠠᠷᠢᠮᠵᠢᠶᠠᠵᠢᠭᠰᠠᠨ ᠡᠷᠡᠭᠦᠯ | ᠬᠠᠮᠠᠭᠠᠯᠠᠯ ᠤᠨ ᠲᠠᠰᠤᠭ ᠪᠣᠯᠤᠨ ᠰᠣᠶᠣᠯ ᠤᠨ ᠠᠵᠢᠯᠯᠠᠭᠠᠨ ᠤ ᠲᠠᠰᠤᠭ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ | 132 ᠪᠠᠶᠢᠩᠭᠤ ᠰᠠᠭᠤᠭ᠎ᠠ ᠡᠷᠦᠬᠡ ᠶᠢᠨ 30 ᠡᠷᠦᠬᠡ ᠠᠴᠠ ᠳᠣᠷᠣᠭᠰᠢᠬᠢ ᠪᠠᠶᠢᠭᠠᠯᠢ ᠶᠢᠨ ᠲᠣᠰᠬᠤᠨ ᠳᠤ ᠵᠢᠵᠢᠭ | ᠲᠣᠰᠬᠤᠨ ᠢ ᠨᠢᠭᠡᠳᠭᠡᠬᠦ ᠶᠢ ᠬᠡᠷᠡᠭᠵᠢᠭᠦᠯᠪᠡ᠃ | 4 ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠃ ᠡᠨᠡ ᠵᠢᠯ 3012 ᠶᠠᠳᠠᠭᠤ | ᠬᠦᠴᠢᠷᠳᠡᠯᠳᠡᠢ ᠰᠤᠷᠤᠭᠴᠢ ᠶᠢ 703 ᠲᠦᠮᠡᠨ ᠲᠥᠭᠦᠷᠢᠭ ᠲᠤᠰᠠᠯᠠᠭᠰᠠᠨ ᠪᠠᠶᠢᠨ᠎ᠠ᠃ ︵ᠪᠠᠭ᠎ᠠ ᠰᠤᠷᠭᠠᠭᠤᠯᠢ ᠶᠢᠨ | ᠬᠥᠮᠥᠨ ᠨᠢᠭᠡᠪᠦᠷᠢ ᠵᠢᠯ ᠳᠤ 2190 ᠲᠥᠭᠦᠷᠢᠭ ᠲᠤᠰᠠᠯᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠥᠮᠥᠨ ᠨᠢᠭᠡᠪᠦᠷᠢ ᠵᠢᠯ ᠳᠤ 2460 ᠲᠥᠭᠦᠷᠢᠭ ᠲᠤᠰᠠᠯᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠥᠮᠥᠨ ᠨᠢᠭᠡᠪᠦᠷᠢ ᠵᠢᠯ ᠳᠤ 4850 ᠲᠥᠭᠦᠷᠢᠭ ᠲᠤᠰᠠᠯᠠᠵᠤ᠂ ᠲᠤᠰᠢᠶᠠᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠮᠥᠨ ᠨᠢᠭᠡᠪᠦᠷᠢ ᠵᠢᠯ ᠳᠤ 4350 ᠲᠥᠭᠦᠷᠢᠭ ᠲᠤᠰᠠᠯᠠᠵᠤ᠂ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠶᠢᠨ ᠬᠥᠮᠥᠨ ᠨᠢᠭᠡᠪᠦᠷᠢ ᠵᠢᠯ ᠳᠤ 10000 ᠲᠥᠭᠦᠷᠢᠭ ᠲᠤᠰᠠᠯᠠᠨ᠎ᠠ︶᠃ | 5 ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠠᠯ᠎ᠠ ᠪᠠᠷ᠃ ᠪᠥᠬᠦ ᠰᠢᠶᠠᠨ ᠤ ᠡᠪᠡᠳᠴᠢᠨ᠂ ᠵᠡᠮᠳᠡᠭ ᠠᠴᠠ | ᠪᠣᠯᠵᠤ ᠶᠠᠳᠠᠭᠤᠷᠠᠭᠰᠠᠨ ᠨᠢ 8219 ᠬᠥᠮᠥᠨ ᠪᠠᠶᠢᠵᠤ᠂ 50 . 02 % ᠢ ᠡᠵᠡᠯᠡᠵᠦ ᠪᠠᠶᠢᠨ᠎ᠠ᠃ ᠶᠠᠳᠠᠭᠤ | ᠬᠦᠴᠢᠷᠳᠡᠯᠳᠡᠢ ᠬᠥᠮᠥᠨ ᠠᠮᠠ ᠳᠤ 《 2653 》 ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ | ᠲᠤᠬᠠᠶᠢᠯᠠᠪᠠᠯ᠄ 《 ᠬᠤᠶᠠᠷ ᠵᠦᠢᠯ ᠤᠨ ᠨᠥᠬᠦᠪᠥᠷᠢ 》᠂ 《 ᠵᠢᠷᠭᠤᠭᠠᠨ ᠵᠦᠢᠯ ᠤᠨ ᠦᠢᠯᠡᠴᠢᠯᠡᠭᠡ 》᠂ 《 | ᠲᠠᠪᠤᠨ ᠵᠦᠢᠯ ᠤᠨ ᠪᠠᠲᠤᠯᠠᠭ᠎ᠠ 》᠂ 《 ᠭᠤᠷᠪᠠᠨ ᠨᠢᠭᠡ ᠪᠦᠯᠦᠭ 》 ᠢ ᠬᠡᠷᠡᠭᠵᠢᠭᠦᠯᠵᠦ᠂ ᠡᠪᠡᠳᠴᠢᠨ ᠠᠴᠠ | ᠪᠣᠯᠵᠤ ᠶᠠᠳᠠᠭᠤᠷᠠᠭᠰᠠᠨ ᠭᠡᠷ ᠪᠦᠯᠢ ᠶᠢ ᠲᠣᠭᠲᠠᠭᠰᠠᠨ ᠬᠤᠭᠤᠴᠠᠭᠠᠨ ᠳᠤ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠶᠢ ᠦᠨᠡᠨ ᠬᠦ ᠪᠠᠲᠤᠯᠠᠵᠤ᠂ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ | ᠳᠠᠬᠢᠨ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠨ᠎ᠡ᠃ 1 - 8 ᠰᠠᠷ᠎ᠠ ᠳᠤ 112 ᠶᠡᠭᠡ ᠡᠪᠡᠳᠴᠢᠲᠡᠨ᠂ ᠬᠦᠨᠳᠦ | ᠡᠪᠡᠳᠴᠢᠲᠡᠨ 178 ᠬᠥᠮᠦᠨ ᠢ ᠠᠪᠤᠷᠠᠨ ᠵᠠᠰᠠᠵᠠᠶ᠃ | 6 ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠶᠯ ᠢ ᠪᠠᠲᠤᠯᠠᠨ ᠶᠠᠳᠠᠭᠤ ᠶᠢ ᠲᠡᠳᠬᠦᠬᠦ ᠲᠠᠯ᠎ᠠ ᠪᠠᠷ᠃ | ᠶᠠᠳᠠᠭᠤ ᠠᠴᠠ ᠲᠡᠳᠬᠦᠬᠦ ᠠᠵᠢᠯ ᠦᠭᠡᠢ ᠪᠠ ᠶᠠᠳᠠᠭᠤ ᠠᠴᠠ ᠠᠩᠭᠢᠵᠢᠷᠠᠬᠤ ᠴᠢᠳᠠᠯ ᠦᠭᠡᠢ 12982 ᠶᠠᠳᠠᠭᠤ | ᠬᠦᠴᠢᠷᠳᠡᠯᠳᠡᠢ ᠬᠥᠮᠥᠨ ᠠᠮᠠ ᠶᠢ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠨᠢ ᠪᠠᠲᠤᠯᠠᠪᠠ᠃ 3225 | ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ | 7 ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠠᠯ᠎ᠠ ᠪᠠᠷ᠃ 5 ᠦᠶᠯᠡᠳᠪᠦᠷᠢ ᠶᠢᠨ ᠲᠠᠰᠤᠭ ᠢ | ᠪᠠᠶᠢᠭᠤᠯᠵᠤ᠂ 26 ᠶᠠᠳᠠᠭᠤ ᠬᠦᠴᠢᠷᠳᠡᠯᠳᠡᠢ ᠬᠥᠮᠦᠨ ᠢ ᠪᠠᠭᠲᠠᠭᠠᠭᠰᠠᠨ 79 ᠬᠦᠮᠦᠰ ᠢ ᠠᠵᠢᠯ ᠤᠯᠭᠤᠯᠵᠤ᠂ ᠰᠠᠷ᠎ᠠ | ᠶᠢᠨ ᠣᠷᠣᠯᠭ᠎ᠠ ᠨᠢ 3000 ᠲᠥᠭᠦᠷᠢᠭ ᠪᠣᠯᠤᠨ᠎ᠠ᠃ 1699 ᠶᠠᠳᠠᠭᠤ ᠬᠦᠴᠢᠷᠳᠡᠯᠳᠡᠢ ᠬᠥᠮᠥᠨ ᠠᠮᠠ ᠪᠡᠭᠡᠵᠢᠩ᠂ | ᠬᠦᠬᠡᠬᠤᠳᠠ᠂ ᠪᠤᠭᠤᠲᠤ ᠵᠡᠷᠭᠡ ᠭᠠᠵᠠᠷ ᠲᠤ ᠲᠣᠭᠲᠠᠭᠤᠨ ᠠᠵᠢᠯ ᠣᠯᠭᠤᠯᠲᠠ ᠶᠢ ᠪᠡᠶᠡᠯᠡᠭᠦᠯᠪᠡ᠃ ᠱᠠᠩᠳᠤ ᠶᠢᠨ ᠳ᠋ᠠ | ᠲᠠᠩ ᠴᠠᠬᠢᠯᠭᠠᠨ ᠬᠤᠯᠪᠣᠭᠠᠨ ᠤ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠲᠥᠪ 253 ᠬᠥᠮᠥᠨ ᠤ ᠠᠵᠢᠯ | ᠤᠯᠬᠤ ᠶᠢ ᠰᠢᠢᠳᠪᠦᠷᠢᠯᠡᠵᠦ᠂ ᠶᠠᠳᠠᠭᠤ ᠬᠦᠴᠢᠷᠳᠡᠯᠳᠡᠢ ᠬᠥᠮᠥᠨ ᠠᠮᠠ 2 ᠪᠠᠶᠢᠨ᠎ᠠ᠃ ᠠᠵᠤ ᠠᠬᠤᠶᠢᠯᠠᠯ᠂ | ᠬᠤᠷᠰᠢᠶ᠎ᠠ ᠳᠤ ᠤᠯᠠᠷᠢᠯ ᠤᠨ ᠴᠢᠨᠠᠷᠲᠠᠶ ᠪᠠ ᠵᠢᠯ ᠲᠤᠷᠰᠢ ᠠᠵᠢᠯ ᠬᠥᠳᠡᠯᠮᠦᠷᠢ ᠬᠢᠵᠦ ᠪᠠᠶᠢᠭ᠎ᠠ ᠲᠠᠷᠢᠶᠠᠴᠢᠨ | 17570 ᠬᠥᠮᠥᠨ ᠪᠠᠶᠢᠵᠤ᠂ ᠡᠭᠦᠨ ᠤ ᠳᠣᠲᠣᠷ᠎ᠠ ᠶᠠᠳᠠᠭᠤ ᠬᠦᠴᠢᠷᠳᠡᠯᠳᠡᠢ ᠬᠥᠮᠥᠨ ᠠᠮᠠ 3791 ᠬᠥᠮᠥᠨ | ᠪᠠᠶᠢᠵᠤ᠂ ᠬᠥᠮᠥᠨ ᠪᠤᠯᠭᠠᠨ ᠤ ᠳᠤᠮᠳᠠᠴᠢ ᠵᠢᠯ ᠤᠨ ᠣᠷᠣᠯᠭ᠎ᠠ 8000 ᠲᠥᠭᠦᠷᠢᠭ ᠨᠡᠮᠡᠭᠳᠡᠪᠡ᠃ | 8 ᠠᠮᠢ ᠠᠬᠤᠢ ᠶᠢᠨ ᠨᠥᠬᠦᠪᠥᠷᠢ ᠥᠭᠴᠦ ᠶᠠᠳᠠᠭᠤ ᠶᠢ ᠲᠡᠳᠬᠦᠬᠦ ᠲᠠᠯ᠎ᠠ ᠪᠠᠷ᠃ ᠪᠥᠬᠦ ᠰᠢᠶᠠᠨ ᠳᠤ 2278 | ᠣᠢ ᠰᠢᠭᠤᠶ ᠶᠢ ᠬᠠᠮᠠᠭᠠᠯᠠᠨ ᠴᠡᠪᠡᠷᠯᠡᠭᠴᠢ ᠪᠠᠶᠢᠵᠤ᠂ ᠬᠥᠮᠥᠨ ᠪᠦᠷᠢ ᠵᠢᠯ ᠳᠤ 4000 ᠲᠥᠭᠦᠷᠢᠭ ᠤᠨ ᠴᠠᠯᠢᠩ | ᠤᠨ ᠪᠠᠷᠢᠮᠵᠢᠶ᠎ᠠ ᠶᠢ ᠨᠢᠭᠡᠳᠦᠯᠲᠡᠶ ᠬᠡᠷᠡᠭᠵᠢᠭᠦᠯᠪᠡ᠃ ᠪᠥᠬᠦ ᠰᠢᠶᠠᠨ ᠤ ᠠᠮᠢ ᠠᠬᠤᠢ ᠶᠢᠨ ᠣᠢ ᠬᠠᠮᠠᠭᠠᠯᠠᠭᠴᠢ 417 | ᠨᠡᠷᠡᠰ᠂ ᠵᠢᠯ ᠳᠤ 4000 ᠲᠥᠭᠦᠷᠢᠭ ᠤᠨ ᠴᠠᠯᠢᠩ ᠣᠯᠭᠤᠨ᠎ᠠ᠃ | 9 ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠠᠯ᠎ᠠ ᠪᠠᠷ᠃ ᠲᠣᠰᠬᠤᠨ ᠤ ᠲᠡᠰ ᠤᠨ | ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ 91 ᠪᠠᠶᠢᠭᠤᠯᠵᠤ᠂ 81 ᠵᠠᠰᠠᠭ ᠵᠠᠬᠢᠷᠭᠠᠨ ᠤ | ᠲᠣᠰᠬᠤᠨ ᠢ ᠬᠠᠮᠤᠷᠴᠤ᠂ ᠨᠡᠶᠢᠲᠡ 1024 ᠶᠠᠳᠠᠭᠤ ᠬᠦᠴᠢᠷᠳᠡᠯᠲᠡᠢ ᠡᠷᠦᠬᠡ ᠶᠢ ᠲᠠᠶᠢᠴᠢᠯᠠᠵᠤ᠂ ᠲᠠᠷᠢᠶᠠᠯᠠᠩ ᠤᠨ | ᠪᠦᠲᠦᠭᠡᠭᠳᠡᠬᠦᠨ ᠤ ᠳᠡᠭᠡᠭᠰᠢ ᠭᠠᠷᠭᠠᠬᠤ ᠪᠠ ᠠᠵᠤ ᠦᠶᠯᠡᠳᠪᠦᠷᠢ ᠶᠢᠨ ᠦᠢᠯᠡᠳᠬᠦᠨ ᠤ ᠮᠠᠭᠤᠳᠠᠭᠰᠠᠨ ᠢᠶᠠᠷ ᠳᠠᠮᠵᠢᠨ | 28 . 51 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ 578 . | 4 ᠲᠥᠭᠦᠷᠢᠭ ᠨᠡᠮᠡᠭᠳᠡᠪᠡ᠃ | 10 ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠲᠠᠯ᠎ᠠ ᠪᠠᠷ᠃ ᠵᠢᠯ ᠪᠦᠷᠢ 1000 ᠲᠦᠮᠡᠨ | ᠲᠥᠭᠦᠷᠢᠭ ᠲᠣᠬᠢᠷᠠᠭᠤᠯᠵᠤ ᠵᠢᠭᠡᠯᠡᠯᠭᠡ ᠶᠢᠨ ᠲᠦᠭᠰᠢᠭᠦᠷᠢ ᠶᠢᠨ ᠪᠠᠷᠢᠴᠠᠭᠠᠨ ᠤ ᠮᠥᠩᠭᠦ ᠪᠣᠯᠭᠠᠵᠤ᠂ ᠶᠠᠳᠠᠭᠤ ᠶᠢ | ᠲᠡᠳᠬᠦᠬᠦ ᠲᠤᠰᠬᠠᠶ ᠵᠦᠶᠯ ᠤᠨ ᠪᠠᠯᠠ ᠮᠥᠩᠭᠦ ᠶᠢ ᠥᠷᠭᠡᠳᠬᠡᠨ ᠬᠡᠷᠡᠭᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ | ᠪᠠᠯᠠ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠳᠣᠬᠠᠨ ᠪᠣᠯᠲᠠᠯ᠎ᠠ᠂ 1317 ᠶᠠᠳᠠᠭᠤ | ᠬᠦᠴᠢᠷᠳᠡᠯᠲᠡᠢ ᠡᠷᠦᠬᠡ ᠳᠤ 5836 . 3 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠵᠢᠭᠡᠯᠡᠯᠭᠡ ᠶᠢᠨ | ᠶᠠᠳᠠᠭᠤ ᠬᠦᠴᠢᠷᠳᠡᠯᠲᠡᠶ ᠡᠷᠦᠬᠡ ᠶᠢᠨ ᠲᠤᠭ᠎ᠠ ᠨᠡᠶᠢᠲᠡ 4865 ᠡᠷᠦᠬᠡ ᠳᠤ ᠬᠦᠷᠴᠦ᠂ ᠵᠢᠭᠡᠯᠡᠯᠭᠡ ᠶᠢᠨ | ᠦᠯᠡᠳᠡᠪᠦᠷᠢ ᠲᠤᠭ᠎ᠠ 9480.1 ᠲᠦᠮᠡᠨ ᠲᠥᠭᠦᠷᠢᠭ ᠲᠤ ᠬᠦᠷᠴᠡᠶ᠃ | 11 ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠃ 37.625 ᠰᠠᠶ᠎ᠠ ᠸᠠᠲ ᠭᠡᠷᠡᠯ ᠴᠡᠨᠡᠭ ᠤᠨ | ᠴᠠᠬᠢᠯᠭᠠᠨ ᠥᠷᠲᠡᠭᠡ ᠨᠢ ᠨᠢᠭᠡᠨᠲᠡ ᠲᠣᠤᠷ ᠨᠡᠶᠢᠯᠡᠭᠦᠯᠦᠨ ᠴᠠᠬᠢᠯᠭᠠᠨ ᠭᠠᠷᠭᠠᠵᠤ᠂ 1505 ᠶᠠᠳᠠᠭᠤ ᠬᠦᠴᠢᠷᠳᠡᠯᠲᠡᠶ | ᠡᠷᠦᠬᠡ ᠶᠢ ᠬᠠᠮᠤᠷᠴᠤ᠂ ᠡᠷᠦᠬᠡ ᠪᠦᠷᠢ ᠵᠢᠯ ᠪᠦᠷᠢ 3000 ᠲᠥᠭᠦᠷᠢᠭ ᠤᠨ ᠠᠰᠢᠭ ᠣᠷᠣᠯᠭ᠎ᠠ ᠣᠯᠵᠤ᠂ 25 ᠵᠢᠯ | ᠦᠷᠭᠦᠯᠵᠢᠯᠡᠨ ᠲᠡᠳᠬᠦᠪᠡ᠃ 19.301 ᠰᠠᠶ᠎ᠠ ᠸᠠᠲ ᠤᠨ ᠭᠡᠷᠡᠯ ᠴᠡᠨᠡᠭ ᠤᠨ ᠴᠠᠬᠢᠯᠭᠠᠨ ᠥᠷᠲᠡᠭᠡ ᠶᠢᠨ | ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠨᠢᠭᠡᠨᠲᠡ ᠨᠡᠶᠢᠲᠡᠯᠡᠵᠦ᠂ 12 ᠰᠠᠷ᠎ᠠ ᠶᠢᠨ ᠰᠡᠭᠦᠯᠴᠢ ᠠᠴᠠ ᠡᠮᠦᠨ᠎ᠡ | ᠰᠦᠯᠵᠢᠶ᠎ᠡ ᠶᠢ ᠨᠡᠶᠢᠯᠡᠭᠦᠯᠬᠦ ᠪᠠᠷ ᠵᠢᠱᠢᠵᠦ ᠪᠠᠶᠢᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ 5364 ᠶᠠᠳᠠᠭᠤ | ᠬᠦᠴᠢᠷᠳᠡᠯᠲᠡᠶ ᠡᠷᠦᠬᠡ ᠶᠢᠨ ᠵᠢᠯ ᠪᠦᠷᠢ ᠶᠢᠨ ᠳᠤᠮᠳᠠᠴᠢ ᠣᠷᠣᠯᠭ᠎ᠠ ᠶᠢ 1500 ᠲᠥᠭᠦᠷᠢᠭ ᠨᠡᠮᠡᠭᠳᠡᠭᠦᠯᠵᠦ᠂ 25 | ᠵᠢᠯ ᠦᠷᠭᠦᠯᠵᠢᠯᠡᠨ ᠲᠡᠳᠬᠦᠨ᠎ᠡ᠃ | 12 ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠃ ︵1︶ ᠬᠥᠲᠥᠴᠢ ᠠᠵᠤ ᠠᠬᠤᠶᠢᠯᠠᠯ ᠪᠠ | ᠬᠤᠷᠰᠢᠶ᠎ᠠ ᠪᠠᠷ ᠳᠠᠶᠢᠴᠢᠯᠠᠬᠤ᠃ ᠵᠠᠬᠢᠶᠠᠯᠠᠭ᠎ᠠ ᠶᠢᠨ ᠭᠡᠷ᠎ᠡ ᠶᠢᠨ ᠬᠡᠯᠪᠡᠷᠢ᠄ ᠪᠥᠬᠦ ᠰᠢᠶᠠᠨ ᠳᠤ ᠵᠠᠬᠢᠶᠠᠯᠠᠭ᠎ᠠ ᠶᠢᠨ | ᠲᠠᠷᠢᠶᠠᠯᠠᠩ ᠢ 30 ᠲᠦᠮᠡᠨ ᠮᠦ ᠬᠥᠭᠵᠢᠭᠦᠯᠵᠦ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 5 . 41 ᠲᠦᠮᠡᠨ | ᠮᠦ ᠪᠠᠶᠢᠨ᠎ᠠ᠃ ᠪᠦᠬᠦ ᠰᠢᠶᠠᠨ ᠤ 4220 ᠶᠠᠳᠠᠭᠤ ᠬᠦᠴᠢᠷᠳᠡᠯᠲᠡᠢ ᠡᠷᠦᠬᠡ ᠶᠢ ᠲᠠᠶᠢᠴᠢᠯᠠᠵᠤ᠂ ᠬᠥᠮᠥᠨ | ᠪᠦᠷᠢ ᠶᠢᠨ ᠳᠤᠮᠳᠠᠴᠢ ᠣᠷᠣᠯᠭ᠎ᠠ 1820 ᠲᠥᠭᠦᠷᠢᠭ ᠨᠡᠮᠡᠭᠳᠡᠪᠡ᠃ ᠰᠢᠯᠵᠢᠭᠦᠯᠦᠨ ᠤᠷᠢᠵᠤ ᠬᠡᠷᠡᠭᠯᠡᠬᠦ ᠬᠡᠯᠪᠡᠷᠢ᠄ | ᠪᠥᠬᠦ ᠰᠢᠶᠠᠨ ᠳᠤ ᠨᠡᠶᠢᠲᠡ 43 ᠲᠦᠮᠡᠨ ᠮᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ 2393 ᠡᠷᠦᠬᠡ | 5503 ᠶᠠᠳᠠᠭᠤ ᠬᠦᠴᠢᠷᠳᠡᠯᠲᠡᠶ ᠬᠦᠮᠦᠨ ᠳᠤ ᠬᠤᠯᠪᠣᠭᠳᠠᠵᠤ᠂ ᠬᠥᠮᠥᠨ ᠪᠦᠷᠢ ᠶᠢᠨ ᠳᠤᠮᠳᠠᠴᠢ ᠠᠰᠢᠭ ᠣᠷᠣᠯᠭ᠎ᠠ | ᠨᠢ 650 ᠲᠥᠭᠦᠷᠢᠭ ᠪᠣᠯᠤᠨ᠎ᠠ᠃ ︵2︶ ︽ᠲᠣᠪᠶᠤᠭ ᠤᠨ ᠬᠡᠯᠪᠡᠷᠢ︾ ᠶᠢᠨ ᠠᠵᠤ ᠦᠶᠯᠡᠰ ᠢᠶᠠᠷ ᠶᠠᠳᠠᠭᠤ ᠶᠢ | ᠲᠡᠳᠬᠦᠨ᠎ᠡ᠃ ᠬᠥᠳᠡᠯᠮᠦᠷᠢᠯᠡᠬᠦ ᠴᠢᠳᠠᠪᠤᠷᠢ ᠶᠢ ᠨᠢ ᠴᠢᠩᠭᠠᠳᠬᠠᠭᠰᠠᠨ ᠶᠠᠳᠠᠭᠤ ᠬᠦᠴᠢᠷᠳᠡᠯᠲᠡᠶ 5560 ᠡᠷᠦᠬᠡ | 13234 ᠬᠥᠮᠥᠨ ᠪᠠᠶᠢᠵᠤ᠂ 1886 ᠲᠦᠮᠡᠨ ᠲᠥᠭᠦᠷᠢᠭ ᠤᠨ ᠦᠶᠯᠡᠳᠪᠦᠷᠢᠯᠡᠯ ᠤᠨ ᠪᠡᠯᠡᠳᠬᠡᠯ ᠮᠥᠩᠭᠦ | ᠣᠯᠭᠤᠪᠠ︔ ᠪᠠᠭᠤᠷᠠᠶ ᠬᠥᠳᠡᠯᠮᠦᠷᠢ ᠶᠢᠨ ᠴᠢᠳᠠᠪᠤᠷᠢ ᠲᠠᠢ ᠶᠠᠳᠠᠭᠤ ᠬᠦᠴᠢᠷᠳᠡᠯᠲᠡᠶ 5121 ᠡᠷᠦᠬᠡ 11420 | ᠬᠥᠮᠦᠨ ᠳᠤ 768 ᠲᠦᠮᠡᠨ ᠲᠥᠭᠦᠷᠢᠭ ᠤᠨ ᠦᠶᠯᠡᠳᠪᠦᠷᠢᠯᠡᠯ ᠤᠨ ᠪᠡᠯᠡᠳᠬᠡᠯ ᠮᠥᠩᠭᠦ ᠣᠯᠭᠤᠪᠠ︔ | ᠬᠥᠳᠡᠯᠮᠦᠷᠢᠯᠡᠬᠦ ᠴᠢᠳᠠᠪᠤᠷᠢ ᠦᠭᠡᠢ᠂ 2018 ᠣᠨ ᠳᠤ 4128 ᠲᠦᠮᠡᠨ ᠲᠥᠭᠦᠷᠢᠭ ᠣᠷᠣᠭᠤᠯᠤᠨ ᠬᠤᠸᠠ ᠱᠧᠩ | ᠯᠢᠤᠢ ᠨᠧᠩ᠂ ᠤᠤ ᠴᠦᠨ ᠵᠡᠷᠭᠡ ᠠᠵᠤ ᠠᠬᠤᠶᠢᠯᠠᠯ ᠳᠤ ᠬᠤᠪᠢ ᠣᠷᠣᠭᠤᠯᠵᠤ᠂ 4128 ᠶᠠᠳᠠᠭᠤ ᠬᠦᠴᠢᠷᠳᠡᠯᠲᠡᠶ | ᠡᠷᠦᠬᠡ ᠶᠢ ᠳᠠᠶᠢᠴᠢᠯᠠᠨ᠂ 412 . 8 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠵᠤ᠂ ᠡᠷᠦᠬᠡ ᠪᠦᠷᠢ ᠶᠢᠨ | ᠳᠤᠮᠳᠠᠴᠢ ᠠᠰᠢᠭ ᠣᠷᠣᠯᠭ᠎ᠠ ᠨᠢ 1000 ᠲᠥᠭᠦᠷᠢᠭ ᠪᠣᠯᠤᠨ᠎ᠠ᠃ | | ᠰᠤᠷᠪᠤᠯᠵᠢᠯᠠᠭᠴᠢ᠄ ᠱᠠᠩᠳᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠲᠣᠰᠬᠤᠨ ᠤ ᠬᠠᠮᠲᠤ ᠶᠢᠨ ᠠᠵᠤ ᠠᠬᠤᠢ | ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠦᠷᠭᠡᠨ | ᠬᠥᠭᠵᠢᠭᠦᠯᠬᠦ ᠳᠤ ᠶᠠᠮᠠᠷ ᠠᠷᠭ᠎ᠠ ᠬᠡᠮᠵᠢᠶ᠎ᠡ ᠠᠪᠬᠤ ᠪᠣᠶ︖ | | ᠵᠠᠩ ᠿᠢ ᠭᠤᠤ᠄ ᠪᠠᠯᠠ ᠮᠥᠩᠭᠦ ᠶᠢ ᠨᠠᠶᠢᠳᠠᠯᠭ᠎ᠠ ᠪᠠᠷ ᠬᠠᠮᠢᠶᠠᠷᠴᠤ ᠥᠪᠡᠷ ᠤᠨ ᠥᠷᠲᠡᠭ ᠢ ᠪᠠᠲᠤᠯᠠᠨ ᠠᠰᠢᠭ | ᠬᠤᠪᠢᠶᠠᠬᠤ᠂ ᠬᠥᠲᠥᠴᠢ ᠠᠵᠤ ᠠᠬᠤᠶᠢᠯᠠᠯ ᠠᠴᠠ ᠬᠠᠷᠢᠭᠤ ᠲᠡᠵᠢᠭᠡᠬᠦ᠂ ᠲᠣᠰᠬᠤᠨ ᠤ ᠠᠵᠤ ᠠᠬᠤᠶᠢᠯᠠᠯ ᠠᠴᠠ | ᠬᠠᠪᠰᠤᠷᠤᠨ ᠲᠡᠳᠬᠦᠵᠦ ᠬᠠᠮᠵᠢᠯᠴᠠᠬᠤ᠂ ᠡᠬᠢ ᠪᠠᠶᠠᠯᠢᠭ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ | ᠦᠶᠯᠡᠴᠢᠯᠡᠭᠡᠨ ᠤ ᠠᠵᠤ ᠦᠶᠯᠡᠰ ᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ | ᠶᠢᠨ ᠵᠠᠭᠪᠤᠷ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠤᠨ᠎ᠠ᠃ ᠪᠦᠬᠦ ᠰᠢᠶᠠᠨ ᠤ ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ | ᠶᠢᠨ ᠪᠦᠬᠦ ᠣᠷᠣᠯᠭ᠎ᠠ 930 ᠲᠦᠮᠡ ᠰᠢᠬᠠᠮ ᠲᠥᠭᠦᠷᠢᠭ ᠲᠤ ᠬᠦᠷᠴᠦ᠂ ᠭᠠᠴᠠᠭᠠᠨ ᠤ ᠬᠠᠮᠲᠤ ᠶᠢᠨ ᠡᠳ᠋ | ᠬᠥᠷᠥᠩᠭᠡ 4150 ᠲᠦᠮᠡᠨ ᠲᠥᠭᠦᠷᠢᠭ ᠲᠤ ᠬᠦᠷᠴᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ 《 ᠳᠠᠩ | ᠪᠣᠯᠭᠠᠬᠤ 》 ᠬᠠᠷᠠᠯᠲᠠ ᠶᠢ ᠪᠡᠶᠡᠯᠡᠭᠦᠯᠪᠡ᠃ ᠬᠤᠶᠢᠰᠢᠳᠠ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠠᠷᠭ᠎ᠠ | ᠬᠡᠮᠵᠢᠶ᠎ᠡ᠄ 1 ᠲᠣᠭᠲᠠᠭᠤᠨ ᠪᠥᠭᠡᠳ ᠦᠷᠭᠦᠯᠵᠢᠯᠡᠨ ᠬᠥᠭᠵᠢᠭᠦᠯᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ 2 ᠪᠦᠲᠦᠭᠡᠨ ᠪᠠᠶᠢᠭᠤᠯᠬᠤ ᠵᠦᠢᠯᠡᠰ ᠢ ᠨᠥᠭᠡᠴᠡᠯᠡᠵᠦ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ | | ᠰᠤᠷᠪᠤᠯᠵᠢᠯᠠᠭᠴᠢ᠄ ᠱᠠᠩᠳᠤ ᠰᠢᠶᠠᠨ ᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ | ᠲᠡᠳᠬᠦᠬᠦ ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | | ᠵᠠᠩ ᠿᠢ ᠭᠤᠤ᠄ 1 ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠬᠠᠪᠰᠤᠷᠤᠨ | ᠲᠡᠳᠬᠦᠬᠦ ᠪᠠᠯᠠ ᠮᠥᠩᠭᠦ 2347 ᠲᠦᠮᠡᠨ ᠲᠥᠭᠦᠷᠢᠭ᠃ 2 ᠥᠪᠡᠷᠲᠡᠭᠡᠨ ᠵᠠᠰᠠᠬᠤ ᠣᠷᠣᠨ ᠤ 7 ᠲᠢᠩᠬᠢᠮ | ᠲᠣᠪᠴᠢᠶ᠎ᠠ ᠶᠢᠨ ᠨᠢᠭᠡᠴᠡ ᠶᠢᠨ ᠬᠠᠪᠰᠤᠷᠤᠨ ᠲᠡᠳᠬᠦᠬᠦ ᠪᠠᠯᠠ ᠮᠥᠩᠭᠦ 2452 . 64 ᠲᠦᠮᠡᠨ ᠲᠥᠭᠦᠷᠢᠭ ᠬᠦᠷᠴᠡᠶ | ᠃ 3 ᠬᠤᠲᠠ ᠶᠢᠨ ᠰᠢᠭᠤᠳ ᠬᠠᠷᠢᠶ᠎ᠠ 17 ᠨᠢᠭᠡᠴᠡ ᠶᠢᠨ ᠬᠠᠪᠰᠤᠷᠤᠨ ᠲᠡᠳᠬᠦᠬᠦ ᠪᠠᠯᠠ ᠮᠥᠩᠭᠦ 2403 | ᠲᠦᠮᠡᠨ ᠲᠥᠭᠦᠷᠢᠭ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ | ᠬᠠᠮᠲᠤᠷᠠᠯᠴᠠᠭ᠎ᠠ ᠬᠤᠶᠠᠷ ᠭᠠᠵᠠᠷ ᠡᠯ᠎ᠡ ᠲᠥᠷᠥᠯ ᠤᠨ ᠬᠡᠯᠡᠯᠴᠡᠭᠡᠷ 15 ᠲᠣᠭᠲᠠᠭᠠᠪᠠ︔ 35 ᠤᠳᠠᠭ᠎ᠠ ᠭᠦᠨ | ᠳᠠᠪᠬᠤᠷᠭ᠎ᠠ ᠶᠢᠨ ᠵᠣᠯᠭᠠᠯᠴᠠᠭ᠎ᠠ ᠶᠢ ᠥᠷᠨᠢᠭᠦᠯᠪᠡ︔ ᠨᠡᠶᠢᠲᠡ 13 ᠲᠥᠷᠥᠯ ᠵᠦᠶᠯ ᠢ ᠬᠡᠷᠡᠭᠵᠢᠭᠦᠯᠵᠦ᠂ 10849 | ᠲᠦᠮᠡᠨ ᠲᠥᠭᠦᠷᠢᠭ ᠤᠨ ᠪᠠᠯᠠ ᠣᠷᠣᠭᠤᠯᠪᠠ᠃ | | ᠰᠤᠷᠪᠤᠯᠵᠢᠯᠠᠭᠴᠢ᠄ ᠵᠠᠩ ᠰᠢᠶᠠᠨ ᠤ ᠳᠠᠷᠤᠭ᠎ᠠ᠂ ᠲᠠᠨ ᠤ ᠲᠠᠨᠢᠯᠴᠠᠭᠤᠯᠭ᠎ᠠ ᠶᠢ ᠰᠣᠨᠣᠰᠤᠭᠠᠳ᠂ ᠱᠠᠩᠳᠤ ᠰᠢᠶᠠᠨ ᠤ | ᠣᠳᠣᠬᠠᠨ ᠤ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠠᠬᠢᠯᠲᠠ ᠶᠢᠨ ᠪᠠᠶᠢᠳᠠᠯ ᠪᠣᠯᠤᠨ | ᠠᠵᠢᠯ ᠤᠨ ᠦᠷ᠎ᠡ ᠪᠦᠲᠦᠮᠵᠢ ᠶᠢᠨ ᠲᠤᠬᠠᠢ ᠪᠢᠳᠡ ᠠᠩᠬ᠎ᠠ ᠠᠯᠬᠤᠮ ᠤᠨ ᠣᠢᠯᠠᠭᠠᠯᠲᠠ ᠲᠠᠢ ᠪᠣᠯᠪᠠ᠂ ᠱᠠᠩᠳᠤ | ᠰᠢᠶᠠᠨ ᠤ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠳᠠᠷᠠᠭᠠᠴᠢ ᠶᠢᠨ ᠠᠯᠬᠤᠮ ᠤᠨ | ᠲᠥᠯᠥᠪᠯᠡᠭᠡ ᠶᠢ ᠲᠠᠨᠢᠯᠴᠠᠭᠤᠯᠤᠭᠠᠳ ᠥᠭᠭᠦᠨ᠎ᠡ ᠤᠤ︖ | | ᠵᠠᠩ ᠿᠢ ᠭᠤᠤ᠄ ᠤᠯᠤᠰ ᠠᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠠᠯᠢ ᠤᠯᠠᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠥᠭᠵᠢᠭᠦᠯᠬᠦ ᠪᠣᠯ | ᠲᠡᠷᠢᠭᠦᠨ ᠴᠢᠬᠤᠯᠠ ᠡᠭᠦᠷᠭᠡ ᠪᠣᠯᠬᠤ ᠶᠢ ᠢᠮᠠᠭᠲᠠ ᠪᠠᠷᠢᠮᠲᠠᠯᠠᠵᠤ᠂ ᠭᠠᠳᠠᠭᠠᠳᠤ ᠬᠦᠴᠦᠨ ᠢ ᠠᠰᠢᠭᠯᠠᠨ ᠬᠥᠭᠵᠢᠭᠦᠯᠬᠦ | ᠪᠠᠷ ᠴᠢᠷᠮᠠᠶᠢᠬᠤ ᠨᠡᠭᠡᠭᠡᠯᠲᠡᠲᠦ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ | ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢ | ᠠᠳᠬᠤᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠠᠳᠬᠤᠬᠤ ᠲᠠᠯ᠎ᠠ ᠪᠠᠷ ᠬᠥᠲᠥᠯᠥᠨ ᠳᠠᠭᠠᠭᠤᠯᠵᠤ᠂ | 2019 ᠣᠨ ᠪᠣᠯᠬᠤ ᠳᠤ ︽ᠬᠥᠮᠦᠨ ᠢ ᠶᠠᠳᠠᠭᠤ ᠠᠴᠠ ᠠᠩᠭᠢᠵᠢᠷᠠᠭᠤᠯᠬᠤ᠂ ᠲᠣᠰᠬᠤᠨ ᠢ ᠶᠠᠳᠠᠭᠤ ᠠᠴᠠ | ᠠᠩᠭᠢᠵᠢᠷᠠᠭᠤᠯᠬᠤ᠂ ᠰᠢᠶᠠᠨ ᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠵᠢᠴᠢ ᠪᠥᠬᠦ ᠰᠢᠶᠠᠨ ᠤ ᠠᠷᠠᠳ ᠣᠯᠠᠨ ᠳᠤ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠨ᠎ᠠ᠃ | | | | | ᠤᠷᠴᠢᠭᠤᠯᠤᠭᠴᠢ ᠰᠠᠷᠠᠭᠤᠯ |