ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠣᠤ ᠵᠢᠶᠠᠨ ᠵᠥᠩ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2019-05-29
ᠭᠤᠣᠯ ᠰᠡᠳᠦᠪ᠄        ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠣᠤ ᠵᠢᠶᠠᠨ ᠵᠥᠩ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠴᠠᠭ᠄        2018 ᠣᠨ ᠤ 10 ᠰᠠᠷ᠎ᠠ ᠶᠢᠨ 29 ᠤ ᠡᠳᠦᠷ ᠰᠤᠷᠪᠤᠯᠵᠢᠯᠠᠭ᠎ᠠ ᠬᠦᠯᠢᠶᠡᠭᠴᠢ᠄        ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠣᠤ ᠵᠢᠶᠠᠨ ᠵᠦᠩ ᠲᠣᠪᠴᠢ ᠲᠡᠮᠳᠡᠭᠯᠡᠯ᠄        ᠣᠳᠣᠬᠠᠨ ᠳᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ᠂ ᠤᠯᠠᠨ ᠤᠯᠤᠰ ᠤᠨ ᠢᠨᠲ᠋ᠧᠷ ᠰᠦᠯᠵᠢᠶ᠎ᠡ ᠶᠢ ᠥᠷᠭᠡᠨ ᠢᠶᠠᠷ ᠬᠡᠷᠡᠭᠯᠡᠬᠦ᠂ ᠠᠵᠤ ᠠᠬᠤᠢ ᠶᠢᠨ ᠳᠡᠯᠡᠬᠡᠶᠢᠴᠢᠯᠡᠬᠦ ᠬᠠᠨᠳᠤᠰᠢ ᠶᠢᠨ ᠡᠳᠦᠷ ᠢᠷᠡᠬᠦᠶ᠎ᠡ ᠢᠯᠡᠷᠬᠡᠶ ᠪᠣᠯᠵᠤ ᠪᠠᠶᠢᠬᠤ ᠪᠠ ᠮᠠᠨ ᠤ ᠤᠯᠤᠰ ᠤᠨ 《 ᠨᠢᠭᠡ ᠪᠦᠰᠡ ᠨᠢᠭᠡ ᠵᠠᠮ 》 ᠤᠨ ᠰᠠᠨᠠᠭᠠᠴᠢᠯᠠᠭ᠎ᠠ ᠶᠢᠨ ᠲᠠᠰᠤᠷᠠᠯᠳᠠ ᠦᠭᠡᠢ ᠠᠬᠢᠬᠤ ᠶᠢ ᠳᠠᠭᠠᠯᠳᠤᠨ᠂ ᠤᠯᠠᠨ ᠤᠯᠤᠰ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠠᠬᠤᠶ ᠪᠠᠶᠢᠳᠠᠯ  ᠤᠨ ᠳᠣᠣᠷ᠎ᠠ᠂ ᠤᠯᠠᠮᠵᠢᠯᠠᠯᠲᠤ ᠨᠢᠭᠤᠴᠠ ᠶᠢ ᠬᠠᠮᠠᠭᠠᠯᠠᠬᠤ ᠠᠵᠢᠯ ᠶᠠᠭ ᠯᠤᠲᠤ ᠶᠡᠭᠡ ᠳᠠᠭᠠᠷᠢᠯᠲᠠ ᠳᠤ ᠤᠴᠠᠷᠠᠵᠤ ᠪᠠᠶᠢᠨ᠎ᠠ᠃ ᠰᠢᠨ᠎ᠡ  ᠪᠠᠶᠢᠳᠠᠯ ᠤᠨ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠬᠡᠷᠬᠢᠨ ᠰᠠᠶᠢᠲᠤᠷ ᠬᠢᠵᠦ ᠴᠢᠳᠠᠬᠤ ᠪᠣᠶ ᠭᠡᠳᠡᠭ ᠪᠣᠯ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠭᠦᠨᠵᠡᠭᠡᠶ ᠪᠣᠳᠣᠯᠬᠢᠯᠠᠭᠤᠰᠢᠲᠠᠶ ᠠᠰᠠᠭᠤᠳᠠᠯ ᠮᠥᠨ᠃ ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠣᠤ ᠵᠢᠶᠠᠨ ᠵᠦᠩ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃ ᠰᠤᠷᠪᠤᠯᠵᠢᠯᠠᠭᠰᠠᠨ ᠠᠭᠤᠯᠭ᠎ᠠ᠄
ᠰᠤᠷᠪᠤᠯᠵᠢᠯᠠᠭᠴᠢ᠄ ᠰᠢᠨ᠎ᠡ ᠴᠠᠭ ᠦᠶ᠎ᠡ ᠳᠤ᠂ ᠮᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠠᠵᠢᠯ ᠶᠠᠮᠠᠷ ᠶᠠᠮᠠᠷ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠪᠤᠢ︖ ᠰᠢᠶᠣᠤ ᠵᠢᠶᠠᠨ ᠵᠥᠩ᠄ ᠣᠳᠣ ᠶᠢᠨ ᠳᠡᠯᠡᠬᠡᠶ ᠶᠢᠷᠲᠢᠨᠴᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠂ ᠡᠨᠡ ᠬᠦ ᠬᠥᠭᠵᠢᠯᠲᠡ ᠶᠢᠨ ᠬᠠᠨᠳᠤᠰᠢ ᠶᠢ ᠤᠯᠤᠰ ᠲᠥᠷᠥ  ᠶᠢᠨ ᠣᠯᠠᠨ ᠲᠤᠶᠢᠯᠰᠢᠷᠠᠯᠲᠠ᠂ ᠠᠵᠤ ᠠᠬᠤᠢ ᠶᠢᠨ ᠲᠡᠯᠡᠬᠡᠶᠢᠴᠢᠯᠡᠯᠲᠡ ᠵᠢᠴᠢ ᠮᠡᠳᠡᠭᠡ ᠵᠠᠩᠭᠢ ᠶᠢᠨ ᠰᠦᠯᠵᠢᠶᠡᠵᠢᠯᠲᠡ ᠭᠡᠵᠦ ᠲᠥᠬᠦᠮ ᠪᠠᠷ ᠬᠤᠷᠢᠶᠠᠩᠭᠤᠶᠢᠯᠠᠵᠤ ᠪᠣᠯᠤᠨ᠎ᠠ᠃ ᠣᠳᠣ ᠶᠢᠨ ᠴᠠᠭ ᠦᠶ᠎ᠡ ᠶᠢ ᠪᠠᠰᠠ 《 ᠮᠡᠳᠡᠭᠡ ᠵᠠᠩᠭᠢ ᠶᠢᠨ ᠴᠠᠭ ᠦᠶ᠎ᠡ 》 ᠭᠡᠳᠡᠭ᠂ ᠶᠡᠭᠡ ᠳᠠᠯᠠᠢ ᠶᠢᠨ ᠲᠡᠷᠲᠡᠭᠡ ᠡᠷᠭᠢ ᠳᠤ ᠡᠭᠦᠰᠦᠭᠰᠡᠨ ᠬᠡᠷᠡᠭ ᠶᠠᠪᠤᠳᠠᠯ ᠢ ᠬᠡᠳᠦᠬᠡᠨ ᠰᠧᠺᠦ᠋ᠨ᠋ᠳ᠋ ᠲᠤ ᠪᠢᠳᠠ ᠳᠠᠷᠤᠶ ᠮᠡᠳᠡᠵᠦ ᠪᠣᠯᠤᠨ᠎ᠠ᠃ ᠳᠤᠮᠳᠠᠳᠤ ᠤᠯᠤᠰ 40 ᠵᠢᠯ ᠤᠨ ᠥᠭᠡᠷᠡᠴᠢᠯᠡᠯᠲᠡ ᠨᠡᠭᠡᠭᠡᠯᠲᠡ  ᠪᠠᠷ ᠳᠠᠮᠵᠢᠨ᠂ ᠠᠯᠬᠤᠮ ᠠᠯᠬᠤᠮ ᠢᠶᠠᠷ ᠳᠡᠯᠡᠬᠡᠢ ᠳ᠋ᠠᠬᠢᠨ ᠲᠠᠢ ᠵᠣᠯᠭᠠᠯᠳᠤᠵᠤ᠂ ᠢᠯᠠᠩᠭᠤᠶ᠎ᠠ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠣᠣᠷᠠᠬᠢ ᠤᠯᠠᠨ ᠤᠯᠤᠰ ᠤᠨ ᠬᠠᠮᠲᠤᠷᠠᠯᠴᠠᠭ᠎ᠠ ᠨᠢ ᠮᠠᠨ ᠤ ᠤᠯᠤᠰ ᠢ ᠤᠯᠠᠮ ᠴᠢᠨᠠᠭᠰᠢᠳᠠ ᠳᠡᠯᠡᠬᠡᠢ ᠳ᠋ᠠᠬᠢᠨ ᠲᠠᠢ ᠠᠭᠤᠰᠤᠯᠴᠠᠭᠤᠯᠵᠠᠢ᠃ ᠡᠨᠡ ᠨᠢ ᠮᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠴᠠᠭ ᠲᠣᠬᠢᠶᠠᠯ ᠭᠡᠳᠡᠭ ᠨᠢ ᠳᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠢᠭᠤᠴᠠ ᠶᠢ ᠬᠠᠮᠠᠭᠠᠯᠠᠬᠤ ᠠᠵᠢᠯ  ᠢ ᠮᠠᠰᠢ ᠶᠡᠭᠡ ᠬᠡᠮᠵᠢᠶ᠎ᠡ ᠪᠠᠷ ᠬᠥᠭᠵᠢᠭᠦᠯᠦᠨ ᠳᠠᠪᠰᠢᠭᠤᠯᠬᠤ ᠶᠠᠪᠤᠳᠠᠯ ᠪᠣᠯᠤᠨ᠎ᠠ︔ ᠥᠷᠢᠰᠥᠯᠳᠦᠭᠡᠨ ᠭᠡᠳᠡᠭ ᠨᠢ ᠳᠠᠷᠤᠶ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠦᠳᠲᠡᠷ ᠲᠦᠷᠭᠡᠨ ᠬᠥᠭᠵᠢᠯᠲᠡ  ᠨᠢ ᠨᠢᠭᠤᠴᠠ ᠶᠢ ᠬᠠᠮᠠᠭᠠᠯᠠᠬᠤ ᠠᠵᠢᠯ ᠤᠨ ᠬᠦᠴᠢᠷᠳᠡᠯ ᠢ ᠨᠡᠮᠡᠭᠳᠡᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠳᠤ ᠰᠢᠨ᠎ᠡ ᠠᠰᠠᠭᠤᠳᠠᠯ ᠢ ᠠᠪᠴᠢᠷᠠᠭᠰᠠᠨ ᠶᠠᠪᠤᠳᠠᠯ ᠪᠣᠯᠤᠨ᠎ᠠ᠃       ᠨᠢᠭᠡ ᠳᠤ ᠨᠢᠭᠤᠴᠠ ᠶᠢ ᠬᠤᠯᠠᠭᠠᠶᠢᠯᠠᠬᠤ ᠪᠠ ᠨᠢᠭᠤᠴᠠ ᠶᠢ ᠬᠤᠯᠠᠭᠠᠶᠢᠯᠠᠬᠤ ᠶᠢ ᠡᠰᠡᠷᠭᠦᠴᠡᠬᠦ ᠲᠡᠮᠡᠴᠡᠯ ᠡᠳᠦᠷ ᠢᠷᠡᠬᠦᠶ᠎ᠡ ᠬᠤᠷᠴᠠ ᠰᠢᠷᠦᠭᠦᠨ ᠪᠣᠯᠵᠤ ᠪᠠᠶᠢᠨ᠎ᠠ᠃ ᠨᠢᠭᠤᠴᠠ ᠶᠢ ᠬᠤᠯᠠᠭᠠᠶᠢᠯᠠᠬᠤ ᠪᠠ ᠨᠢᠭᠤᠴᠠ ᠶᠢ ᠬᠤᠯᠠᠭᠠᠶᠢᠯᠠᠬᠤ ᠶᠢ ᠡᠰᠡᠷᠭᠦᠴᠡᠬᠦ ᠲᠡᠮᠡᠴᠡᠯ ᠶᠡᠷᠦ ᠠᠴᠠ ᠣᠷᠣᠰᠢᠭᠰᠠᠭᠠᠷ ᠢᠷᠡᠭᠰᠡᠨ ᠶᠤᠮ᠃  ᠰᠧᠨᠤᠳᠧᠩ ᠤᠨ ᠬᠡᠷᠡᠭ  ᠨᠢ ᠪᠢᠳᠡᠨ ᠳᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠥᠭᠭᠦᠭᠰᠡᠨ ᠪᠥᠭᠡᠳ ᠣᠳᠣᠬᠠᠨ  ᠤ ᠮᠡᠳᠡᠭᠡ ᠵᠠᠩᠭᠢ ᠶᠢᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠴᠢᠨᠠᠷ ᠢ ᠴᠤ ᠤᠯᠠᠮ ᠨᠢᠭᠡ ᠠᠯᠬᠤᠮ ᠲᠠᠨᠢᠭᠤᠯᠵᠠᠶ᠃ ᠮᠠᠨ ᠤ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠣᠯ ᠣᠳᠣᠬᠠᠨ ᠳᠤ ᠲᠤᠯᠭᠠᠷᠠᠵᠤ ᠪᠠᠶᠢᠭ᠎ᠠ ᠴᠢᠬᠤᠯᠠ ᠠᠰᠠᠭᠤᠳᠠᠯ ᠮᠥᠨ᠃ ᠰᠦᠯᠵᠢᠶᠡᠨ ᠤ ᠣᠷᠣᠨ ᠵᠠᠢ ᠨᠢᠭᠡᠨᠲᠡ ᠡᠯ᠎ᠡ ᠤᠯᠤᠰ  ᠤᠨ ᠮᠦᠷᠤᠶᠢᠴᠡᠭᠡᠨ ᠤ ᠰᠢᠨ᠎ᠡ ᠳᠠᠶᠢᠨ ᠤ ᠲᠠᠯᠠᠪᠤᠷ ᠪᠣᠯᠵᠤ ᠬᠤᠪᠢᠷᠠᠪᠠ᠃ 21 ᠳ᠋ᠦ᠋ᠭᠡᠷ ᠵᠠᠭᠤᠨ ᠳᠤ᠂ ᠢᠨᠲ᠋ᠧᠷ ᠰᠦᠯᠵᠢᠶ᠎ᠡ ᠨᠢ ᠨᠢᠭᠡᠨᠲᠡ ᠳᠡᠯᠡᠬᠡᠶ ᠶᠢᠷᠲᠢᠨᠴᠦ ᠶᠢ ᠬᠤᠪᠢᠷᠠᠭᠤᠯᠬᠤ ᠯᠤᠲᠤ ᠶᠡᠭᠡ ᠬᠦᠴᠦᠨ ᠪᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠠᠬᠢᠷᠬᠤ ᠦᠨᠳᠦᠷ ᠲᠦᠪᠰᠢᠨ ᠪᠣᠯᠵᠤ᠂ ᠳᠡᠯᠡᠬᠡᠶ ᠶᠢᠷᠲᠢᠨᠴᠦ ᠶᠢᠨ ᠬᠤᠪᠢᠷᠠᠯᠲᠠ ᠶᠢ ᠡᠵᠡᠮᠳᠡᠵᠦ ᠪᠠᠶᠢᠨ᠎ᠠ᠃ ᠢᠨᠲ᠋ᠧᠷ ᠰᠦᠯᠵᠢᠶᠡᠨ ᠳᠡᠭᠡᠷᠡᠬᠢ ᠰᠦᠯᠵᠢᠶᠡᠨ ᠤ ᠣᠷᠣᠨ ᠵᠠᠶ ᠪᠣᠯ ᠪᠣᠳᠠᠲᠤ ᠶᠢᠷᠲᠢᠨᠴᠦ ᠶᠢᠨ ᠦᠷᠭᠦᠯᠵᠢᠯᠡᠯ ᠮᠥᠨ᠂ ᠪᠠᠰᠠ ᠴᠤ ᠪᠣᠳᠠᠲᠤ ᠶᠢᠷᠲᠢᠨᠴᠦ ᠶᠢᠨ ᠲᠣᠭᠠᠴᠢᠯᠠᠭᠰᠠᠨ ᠢᠯᠡᠷᠡᠯ ᠮᠥᠨ᠃ ᠰᠦᠯᠵᠢᠶ᠎ᠡ ᠨᠢ ᠨᠢᠭᠡᠨᠲᠡ ᠨᠤᠲᠤᠭ ᠳᠡᠪᠢᠰᠬᠡᠷ᠂ ᠬᠠᠷᠢᠶᠠᠲᠤ ᠳᠠᠯᠠᠢ᠂ ᠬᠠᠷᠢᠶᠠᠲᠤ ᠠᠭᠠᠷ᠂ ᠰᠠᠨᠰᠠᠷ ᠤᠨ ᠳᠠᠷᠠᠭᠠᠬᠢ ᠲᠠᠪᠤᠳᠤᠭᠠᠷ ᠶᠡᠭᠡ ᠨᠤᠲᠤᠭ ᠳᠡᠪᠢᠰᠬᠡᠷ ᠪᠣᠯᠤᠭᠰᠠᠨ ᠪᠠᠶᠢᠨ᠎ᠠ᠃ 《 ᠢᠷᠮᠡᠭ ᠰᠢᠯᠲᠦ 》 ᠶᠢᠨ ᠬᠡᠷᠡᠭ ᠠᠴᠠ ᠦᠵᠡᠪᠡᠯ᠂ ᠢᠨᠲ᠋ᠧᠷ ᠰᠦᠯᠵᠢᠶ᠎ᠡ ᠨᠢ ᠠᠮᠧᠷᠢᠺᠠ ᠳᠤ ᠪᠠᠷᠤᠭ ᠢᠯᠠ ᠲᠣᠳᠣ ᠪᠠᠶᠢᠵᠤ᠂ ᠪᠦᠬᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠠᠮᠤᠭ ᠡᠴᠦᠰ ᠤᠨ ᠭᠤᠣᠯᠯᠠᠬᠤ ᠡᠷᠬᠡ ᠨᠢ ᠢᠮᠠᠭᠲᠠ ᠠᠮᠧᠷᠢᠺᠠ  ᠶᠢᠨ ᠭᠠᠷ ᠲᠤ ᠡᠵᠡᠮᠰᠢᠭᠳᠡᠭᠰᠡᠭᠡᠷ ᠢᠷᠡᠵᠡᠢ᠃ ᠦᠨᠡᠨ ᠳᠡᠭᠡᠨ᠂ ᠠᠮᠧᠷᠢᠺᠠ ᠳᠤ 《 ᠢᠷᠮᠡᠭᠲᠦ ᠰᠢᠯ 》 ᠤᠨ ᠬᠢᠨᠠᠨ ᠰᠣᠨᠣᠰᠬᠤ ᠲᠥᠯᠥᠪᠯᠡᠭᠡ ᠪᠠᠶᠢᠳᠠᠭ᠂ ᠪᠤᠰᠤᠳ ᠤᠯᠤᠰ ᠲᠥᠷᠥ ᠪᠠᠰᠠ ᠵᠣᠬᠢᠴᠠᠩᠭᠤᠶ ᠪᠤᠰᠤᠳ ᠤᠯᠤᠰ ᠪᠤᠶᠤ ᠲᠤᠰ ᠤᠯᠤᠰ ᠤᠨ ᠰᠦᠯᠵᠢᠶᠡᠨ ᠤ ᠬᠢᠨᠠᠨ ᠰᠣᠨᠣᠰᠬᠤ ᠵᠦᠢᠯᠡᠰ ᠪᠠᠶᠢᠳᠠᠭ᠂ ᠵᠢᠱᠢᠶᠡᠯᠡᠪᠡᠯ ᠠᠩᠭ᠍ᠯᠢ ᠶᠢᠨ 《 ᠴᠢᠮᠠᠷᠬᠠᠶ 》 ᠮᠡᠳᠡᠭᠡᠯᠡᠯ ᠤᠨ ᠬᠢᠨᠠᠨ ᠰᠣᠨᠣᠰᠬᠤ ᠵᠦᠢᠯᠡᠰ᠂ ᠹᠷᠠᠨᠼᠢ ᠶᠢᠨ ᠭᠠᠳᠠᠭᠠᠳᠤ ᠶᠠᠪᠤᠳᠠᠯ ᠤᠨ ᠠᠮᠤᠷ ᠲᠦᠪᠰᠢᠨ ᠤ ᠶᠡᠷᠦᠩᠬᠡᠶ ᠲᠣᠪᠴᠢᠶᠠᠨ ᠤ ᠶᠡᠭᠡ ᠬᠡᠪᠴᠢᠶᠡᠨ ᠤ ᠬᠤᠷᠢᠭᠯᠠᠬᠤ ᠳ᠋ᠢᠶᠠᠩᠬᠤᠸᠠ ᠪᠠ ᠳ᠋ᠢᠶᠠᠩᠬᠤᠸᠠ ᠶᠢᠨ ᠲᠤᠭ᠎ᠠ ᠪᠠᠷᠢᠮᠲᠠ᠂ ᠶᠠᠫᠣᠨ ᠤ 《 P C ᠬᠢᠨᠠᠨ ᠪᠠᠶᠢᠴᠠᠭᠠᠬᠤ ᠬᠠᠤᠯᠢ ᠲᠥᠰᠦᠯ 》 ᠨᠢ ᠬᠤᠪᠢ ᠬᠥᠮᠥᠨ ᠪᠠ ᠺᠣᠮᠫᠠᠨᠢ ᠶᠢᠨ ᠰᠦᠯᠵᠢᠶᠡᠨ ᠤ ᠮᠡᠳᠡᠭᠡ ᠵᠠᠩᠭᠢ ᠶᠢ ᠬᠢᠨᠠᠨ ᠡᠵᠡᠮᠳᠡᠵᠦ᠂ ᠡᠨᠡᠳᠬᠡᠭ᠂ ᠭᠧᠷᠮᠠᠨ ᠵᠡᠷᠭᠡ ᠤᠯᠤᠰ ᠴᠤ ᠡᠶᠢᠮᠦᠷᠬᠦ ᠪᠠᠢᠭᠤᠯᠤᠮᠵᠢ ᠢᠨᠲ᠋ᠧᠷ ᠰᠦᠯᠵᠢᠶ᠎ᠡ ᠶᠢ ᠬᠢᠨᠠᠨ ᠡᠵᠡᠮᠳᠡᠵᠦ ᠪᠠᠶᠢᠳᠠᠭ᠃ ᠰᠦᠯᠵᠢᠶᠡᠨ ᠤ ᠣᠷᠣᠨ ᠵᠠᠢ ᠨᠢᠭᠡᠨᠲᠡ ᠳᠡᠯᠡᠬᠡᠢ ᠶᠢᠨ ᠡᠯ᠎ᠡ ᠤᠯᠤᠰ ᠤᠨ ᠮᠦᠷᠦᠶᠢᠴᠡᠭᠡᠨ ᠤ ᠰᠢᠨ᠎ᠡ  ᠲᠠᠶᠢᠨ ᠤ ᠲᠠᠯᠠᠪᠤᠷ ᠪᠣᠯᠵᠤ ᠬᠤᠪᠢᠷᠠᠪᠠ᠃ ᠰᠦᠯᠵᠢᠶᠡᠨ  ᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠦᠷᠳᠡᠭᠦᠯᠦᠯ ᠨᠢ ᠨᠢᠭᠡᠨᠲᠡ ᠪᠢᠳᠡᠨ ᠤ ᠪᠤᠳᠤᠭᠰᠠᠨ ᠠᠴᠠ ᠬᠤᠯᠠ ᠳᠠᠪᠠᠭᠰᠠᠨ ᠪᠠᠶᠢᠨ᠎ᠠ᠃ ᠠᠮᠧᠷᠢᠺᠠ ᠶᠢᠨ ᠨᠢᠭᠤᠴᠠ ᠮᠡᠳᠡᠭᠡᠨ ᠤ ᠪᠠᠶᠢᠭᠤᠯᠤᠮᠵᠢ ᠶᠢᠨ ᠢᠨᠲ᠋ᠧᠷ ᠰᠦᠯᠵᠢᠶ᠎ᠡ ᠶᠢ ᠡᠵᠡᠮᠰᠢᠬᠦ ᠨᠢ ᠨᠢᠭᠡᠨᠲᠡ ᠳᠡᠯᠡᠬᠡᠶ ᠳ᠋ᠠᠬᠢᠨ ᠤ ᠲᠥᠰᠦᠭᠡᠯᠡᠯ ᠠᠴᠠ ᠳᠠᠪᠠᠵᠤ᠂ ᠨᠢᠭᠤᠴᠠ ᠮᠡᠷᠭᠡᠵᠢᠯ ᠢᠶᠠᠷ ᠳᠡᠯᠡᠬᠡᠶ ᠶᠢᠨ ᠡᠯ᠎ᠡ ᠤᠯᠤᠰ ᠢ ᠬᠢᠨᠠᠨ ᠡᠵᠡᠮᠳᠡᠵᠦ᠂ ᠪᠠᠷᠤᠭ ᠬᠥᠮᠥᠨ ᠨᠢᠭᠡᠪᠦᠷᠢ ᠶᠢ ᠬᠢᠨᠠᠨ ᠡᠵᠡᠮᠳᠡᠵᠦ᠂ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠶᠢ ᠡᠵᠡᠮᠳᠡᠵᠦ ᠴᠢᠳᠠᠬᠤ ᠪᠣᠯᠵᠠᠶ᠃ ᠰᠦᠯᠵᠢᠶᠡᠨ ᠳᠡᠭᠡᠷᠡᠬᠢ ᠠᠯᠢᠪᠠ ᠠᠵᠢᠯᠯᠠᠭ᠎ᠠ ᠪᠠ ᠮᠠᠲ᠋ᠧᠷᠢᠶᠠᠯ ᠢ ᠴᠢᠨᠢ ᠪᠦᠷ ᠲᠣᠪ ᠲᠣᠳᠣᠷᠬᠠᠶ ᠪᠠᠶᠢᠴᠠᠭᠠᠵᠤ ᠪᠣᠯᠤᠨ᠎ᠠ᠂ ᠤᠴᠢᠷ ᠨᠢ ᠢᠨᠲ᠋ᠧᠷ ᠰᠦᠯᠵᠢᠶ᠎ᠡ ᠪᠣᠯ ᠲᠡᠳᠡᠨ ᠤ ᠨᠢᠳᠦᠨ  ᠳᠤ ᠢᠯᠠ ᠲᠣᠳᠣ ᠪᠠᠶᠢᠳᠠᠭ᠃ ᠠᠯᠳᠠᠷᠲᠤ 《 ᠮᠢᠺᠷᠤᠰᠤᠹᠲ ᠬᠠᠷ᠎ᠠ ᠳᠡᠯᠭᠡᠴᠡ 》 ᠶᠢᠨ ᠬᠡᠷᠡᠭ ᠨᠢ ᠬᠥᠮᠦᠰ ᠲᠤ W i n d o w s ᠰᠢᠰᠲ᠋ᠧᠮ ᠤᠨ ᠺᠣᠮᠫᠢᠦ᠋ᠲ᠋ᠧᠷ ᠢ ᠡᠵᠡᠮᠰᠢᠨ ᠬᠡᠷᠡᠭᠯᠡᠬᠦ ᠴᠢᠳᠠᠪᠤᠷᠢ ᠲᠠᠢ᠂ ᠬᠡᠷᠡᠭᠯᠡᠭᠴᠢ ᠦᠨᠡᠨ  ᠳᠡᠭᠡᠨ ᠥᠪᠡᠷ ᠤᠨ ᠺᠣᠮᠫᠢᠦ᠋ᠲ᠋ᠧᠷ ᠢᠶᠠᠨ ᠡᠵᠡᠮᠳᠡᠬᠦ ᠡᠷᠬᠡ ᠪᠠᠨ ᠠᠯᠳᠠᠭᠰᠠᠨ ᠨᠢᠭᠡᠨ ᠴᠢᠬᠤᠯᠠ ᠶᠡᠭᠡ ᠪᠣᠳᠠᠲᠤ ᠬᠡᠷᠡᠭ ᠢ ᠢᠯᠡᠷᠡᠭᠦᠯᠦᠭᠰᠡᠨ ᠪᠠᠶᠢᠨ᠎ᠠ᠃ ᠮᠠᠨ ᠤ ᠤᠯᠤᠰ ᠲᠥᠷᠥ ᠲᠤᠯᠭᠠᠷᠠᠵᠤ ᠪᠠᠶᠢᠭ᠎ᠠ ᠮᠡᠳᠡᠭᠡ ᠵᠠᠩᠭᠢ ᠶᠢᠨ ᠠᠮᠤᠷ ᠲᠦᠪᠰᠢᠨ  ᠤ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ᠃ ᠰᠧᠨᠤᠳᠧᠩ ᠠᠮᠧᠷᠢᠺᠠ ᠶᠢᠨ 《 ᠸᠠᠰᠢᠩᠲ᠋ᠣᠨ ᠤ ᠰᠢᠤᠳᠠᠨ ᠰᠣᠨᠢᠨ 》 ᠳᠤ ᠬᠠᠩᠭᠠᠭᠰᠠᠨ ᠨᠢᠭᠤᠴᠠ ᠪᠢᠴᠢᠭ ᠮᠠᠲ᠋ᠧᠷᠢᠶᠠᠯ ᠳᠠᠭᠠᠨ᠂ 2009 ᠣᠨ ᠠᠴᠠ ᠨᠠᠰᠢ ᠠᠮᠧᠷᠢᠺᠠ ᠶᠢᠨ ᠤᠯᠤᠰ  ᠤᠨ ᠠᠮᠤᠷ ᠲᠦᠪᠰᠢᠨ ᠤ ᠲᠣᠪᠴᠢᠶ᠎ᠠ ᠳᠤᠮᠳᠠᠳᠤ ᠤᠯᠤᠰ  ᠤᠨ ᠳᠣᠲᠣᠷ᠎ᠠ ᠭᠠᠵᠠᠷ ᠪᠠ ᠳᠤᠮᠳᠠᠳᠤ ᠤᠯᠤᠰ  ᠤᠨ ᠰᠢᠶᠠᠩᠭᠠᠩ ᠤᠨ ᠺᠣᠮᠫᠢᠦ᠋ᠲ᠋ᠧᠷ ᠤᠨ ᠰᠢᠰᠲ᠋ᠧᠮ ᠳᠤ ᠲᠦᠷᠢᠮᠡᠬᠡᠶᠢᠯᠡᠨ ᠣᠷᠣᠭᠰᠠᠭᠠᠷ ᠢᠷᠡᠵᠡᠢ ᠭᠡᠵᠦ ᠨᠡᠶᠢᠲᠡᠯᠡᠵᠡᠶ ᠃ ᠡᠭᠦᠨ ᠠᠴᠠ ᠭᠠᠳᠠᠨ᠎ᠠ᠂ ᠠᠮᠧᠷᠢᠺᠠ ᠶᠢᠨ ᠤᠯᠤᠰ  ᠤᠨ ᠠᠮᠤᠷ ᠲᠦᠪᠰᠢᠨ ᠤ ᠲᠣᠪᠴᠢᠶᠠᠨ ᠤ ᠳᠣᠤᠷᠠᠬᠢ ︽ᠲᠣᠭᠲᠠᠭᠰᠠᠨ ᠭᠠᠵᠠᠷ ᠲᠤ ᠣᠷᠣᠬᠤ ᠠᠵᠢᠯᠯᠠᠭ᠎ᠠ︾ ᠶᠢᠨ ᠠᠯᠪᠠᠨ ᠭᠡᠷ ︵T A O︶ ᠤᠶᠢᠷ᠎ᠠ ᠶᠢᠨ 15 ᠵᠢᠯ ᠤᠨ ᠲᠤᠷᠰᠢ ᠳᠤᠮᠳᠠᠳᠤ ᠤᠯᠤᠰ ᠤᠨ ᠬᠢᠯᠢ ᠳᠣᠲᠣᠷᠠᠬᠢ ᠺᠣᠮᠫᠢᠦ᠋ᠲ᠋ᠧᠷ ᠪᠠ ᠮᠡᠳᠡᠭᠡ ᠬᠤᠯᠪᠣᠭᠠᠨ ᠤ ᠰᠢᠰᠲ᠋ᠧᠮ ᠳᠤ ᠬᠠᠯᠳᠠᠨ ᠣᠷᠣᠵᠤ ᠰᠦᠯᠵᠢᠶᠡᠨ ᠤ ᠳᠠᠭᠠᠷᠢᠯᠲᠠ ᠬᠢᠬᠦ ᠠᠵᠢᠯ ᠢ ᠬᠢᠭᠰᠡᠭᠡᠷ ᠢᠷᠡᠭᠰᠡᠨ ᠪᠥᠭᠡᠳ ᠡᠭᠦᠨ ᠢᠶᠠᠷ ᠳᠠᠮᠵᠢᠨ ᠳᠤᠮᠳᠠᠳᠤ ᠤᠯᠤᠰ ᠤᠨ ᠲᠤᠬᠠᠢ ᠦᠨ᠎ᠡ ᠥᠷᠲᠡᠭ ᠲᠠᠢ ᠮᠡᠳᠡᠭᠡ ᠵᠠᠩᠭᠢ ᠶᠢ ᠣᠯᠤᠭᠰᠠᠨ  ᠪᠠᠶᠢᠨ᠎ᠠ᠃ ᠮᠠᠨ ᠤ ᠤᠯᠤᠰ ᠲᠥᠷᠥ ᠲᠤᠯᠭᠠᠷᠠᠵᠤ  ᠪᠠᠶᠢᠭ᠎ᠠ ᠮᠡᠳᠡᠭᠡ ᠵᠠᠩᠭᠢ ᠶᠢᠨ ᠠᠮᠤᠷ ᠲᠦᠪᠰᠢᠨ ᠤ  ᠪᠠᠶᠢᠳᠠᠯ ᠦᠨᠡᠬᠡᠷ  ᠲᠦᠢᠯ ᠤᠨ ᠬᠦᠨᠳᠦ ᠨᠣᠴᠢᠲᠠᠶ  ᠪᠠᠶᠢᠨ᠎ᠠ᠃ ᠡᠩ ᠲᠡᠷᠢᠭᠦᠨ ᠳᠤ᠂ ᠮᠠᠨ ᠤ ᠤᠯᠤᠰ  ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠰᠠ ᠮᠠᠰᠢ ᠪᠠᠭᠤᠷᠠᠢ ᠪᠠᠶᠢᠵᠤ᠂ ᠮᠠᠨ ᠤ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠠᠩᠬᠠᠷᠤᠯ ᠤᠨ ᠭᠤᠣᠯᠳᠠᠯᠭ᠎ᠠ ᠨᠢ ᠵᠥᠪᠬᠡᠨ ᠰᠦᠯᠵᠢᠶᠡᠨ ᠤ ᠳᠠᠭᠠᠷᠢᠯᠲᠠ ᠰᠡᠷᠭᠡᠶᠢᠯᠡᠯᠲᠡ ᠪᠣᠯᠤᠨ ᠠᠭᠤᠯᠭ᠎ᠠ ᠶᠢᠨ ᠬᠠᠤᠯᠢ ᠶᠣᠰᠣᠴᠢ ᠴᠢᠨᠠᠷ ᠤᠨ ᠲᠠᠯ᠎ᠠ ᠳᠤ ᠯᠠ ᠵᠣᠭᠰᠣᠩᠭᠤᠶᠢᠷᠠᠵᠤ᠂ ᠮᠡᠳᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠠᠴᠠ ᠪᠣᠯᠤᠭᠰᠠᠨ ᠰᠦᠯᠵᠢᠶᠡᠨ ᠤ ᠨᠡᠶᠢᠭᠡᠮ ᠤᠨ ᠠᠮᠤᠷ ᠲᠦᠪᠰᠢᠨ ᠢ ᠶᠡᠷᠦ  ᠠᠴᠠ ᠭᠦᠢᠴᠡᠳ ᠬᠦᠨᠳᠦᠳᠬᠡᠬᠦ ᠦᠭᠡᠢ  ᠪᠠᠶᠢᠨ᠎ᠠ᠃ ᠮᠠᠨ ᠤ ᠤᠯᠤᠰ  ᠤᠨ ᠲᠣᠣᠷ ᠰᠦᠯᠵᠢᠶᠡᠨ ᠤ ᠮᠡᠳᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢᠨ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠪᠣᠯ ᠪᠠᠷᠤᠭ ᠪᠦᠬᠦᠨ ᠢᠶᠠᠷ  ᠢᠶᠠᠨ ᠭᠠᠳᠠᠭᠠᠳᠤ ᠠᠴᠠ ᠬᠤᠳᠠᠯᠳᠤᠨ ᠠᠪᠤᠭᠰᠠᠨ ᠦᠢᠯᠡᠳᠬᠦᠨ ᠮᠥᠨ᠂ ᠡᠨᠡ ᠨᠢ ᠮᠠᠨ ᠤ ᠤᠯᠤᠰ  ᠤᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠳᠤ ᠯᠤᠲᠤ ᠶᠡᠭᠡ ᠳᠠᠯᠳᠠ ᠬᠡᠮ ᠭᠠᠷᠭᠠᠵᠤ ᠥᠭᠭᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠣᠳᠣᠬᠠᠨ ᠳᠤ ᠮᠠᠨ ᠤ ᠤᠯᠤᠰ  ᠤᠨ ᠠᠷᠠᠳ ᠢᠷᠭᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠮᠠᠰᠢ ᠳᠤᠲᠠᠮᠠᠭ ᠪᠠᠶᠢᠵᠤ᠂ ᠣᠯᠵᠤ ᠬᠠᠷᠠᠬᠤ ᠦᠭᠡᠢ᠂ ᠣᠯᠵᠤ ᠬᠠᠷᠠᠬᠤ ᠦᠭᠡᠢ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠦᠷᠳᠡᠭᠦᠯᠭᠡ ᠠᠴᠠ ᠪᠣᠯᠤᠭᠰᠠᠨ ᠬᠦᠨᠳᠦ ᠨᠣᠴᠢᠲᠠᠶ ᠦᠷ᠎ᠡ ᠳ᠋ᠦᠩ ᠳᠤ ᠭᠦᠢᠴᠡᠳ ᠲᠠᠨᠢᠯᠲᠠ ᠦᠭᠡᠢ ᠪᠠᠶᠢᠨ᠎ᠠ᠃ ᠮᠠᠨ ᠤ ᠤᠯᠤᠰ ᠮᠡᠳᠡᠭᠡ ᠵᠠᠩᠭᠢ  ᠶᠢᠨ ᠠᠮᠤᠷ ᠲᠦᠪᠰᠢᠨ ᠤ ᠰᠠᠨᠠᠭᠠᠴᠢᠯᠠᠭᠠᠲᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠶ᠃ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠤ  ᠪᠠᠶᠢᠭ᠎ᠠ ᠰᠦᠯᠵᠢᠶᠡᠨ ᠤ ᠰᠦᠷᠳᠡᠭᠦᠯᠦᠯ ᠤᠨ ᠡᠮᠦᠨ᠎ᠡ᠂ ᠪᠢᠳᠡ ᠡᠷᠬᠡᠪᠰᠢ ᠵᠣᠷᠢᠭ ᠰᠢᠭᠤᠳᠴᠤ ᠪᠠᠶᠢᠭᠠᠳ ᠮᠠᠨ ᠤ ᠤᠯᠤᠰ  ᠤᠨ ᠰᠦᠯᠵᠢᠶᠡᠨ  ᠤ ᠣᠷᠣᠨ ᠵᠠᠶ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠷ ᠳᠤᠲᠠᠮᠠᠭ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠬᠤ ᠬᠡᠷᠡᠭᠲᠡᠶ᠃ ᠲᠤᠰᠬᠠᠶ ᠮᠡᠷᠭᠡᠵᠢᠯᠲᠡᠨ ᠤ ᠰᠠᠨᠠᠭᠤᠯᠭ᠎ᠠ᠄ ᠮᠠᠨ ᠤ ᠤᠯᠤᠰ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠤᠯᠤᠰ  ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠨ ᠲᠡᠭᠦᠯᠳᠡᠷᠵᠢᠭᠦᠯᠵᠦ᠂ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ ᠳᠡᠰ ᠢ ᠬᠠᠮᠠᠭᠠᠯᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠦᠯᠵᠢᠶ᠎ᠡ ᠪᠠ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠤᠨ ᠵᠡᠷᠭᠡ ᠳᠡᠰ ᠢ ᠬᠠᠮᠠᠭᠠᠯᠠᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠡᠷᠭᠡ ᠳᠡᠰ ᠢ ᠬᠠᠮᠠᠭᠠᠯᠠᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡ  ᠪᠠᠷ᠂ ᠪᠡᠶ᠎ᠡ ᠪᠠᠨ ᠳᠠᠭᠠᠭᠠᠵᠤ ᠭᠤᠣᠯᠯᠠᠬᠤ ᠮᠡᠷᠭᠡᠵᠢᠯ ᠢ ᠨᠡᠭᠡᠭᠡᠨ ᠬᠥᠭᠵᠢᠭᠦᠯᠬᠦ ᠵᠢᠴᠢ ᠦᠢᠯᠡᠳᠬᠦᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠠᠮᠵᠢᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠦᠬᠦᠢ ᠦᠢᠯᠡᠳᠬᠦᠨ ᠪᠠ ᠲᠧᠭᠨᠢᠭ ᠮᠡᠷᠭᠡᠵᠢᠯ ᠢ ᠬᠡᠷᠡᠭᠯᠡᠨ᠂ ᠤᠯᠤᠰ ᠤᠨ ᠰᠠᠭᠤᠷᠢ ᠰᠦᠯᠵᠢᠶ᠎ᠡ ᠪᠠ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠪᠠᠲᠤᠯᠠᠵᠤ᠂ ᠦᠨᠡᠨ ᠬᠦ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠪᠡᠶᠡᠯᠡᠭᠦᠯᠵᠦ᠂ ᠪᠤᠰᠤᠳ ᠲᠤ ᠬᠢᠵᠠᠭᠠᠷᠯᠠᠭᠳᠠᠬᠤ ᠦᠭᠡᠢ ᠪᠠᠶᠢᠵᠤ᠂ ᠳᠤᠮᠳᠠᠳᠤ ᠤᠯᠤᠰ  ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠥᠪᠡᠷ ᠤᠨ ᠭᠠᠷ ᠲᠠᠭᠠᠨ ᠡᠵᠡᠮᠰᠢᠬᠦ ᠬᠡᠷᠡᠭᠲᠡᠶ᠃        ᠬᠤᠶᠠᠷ ᠲᠤ ᠨᠢᠭᠤᠴᠠ ᠶᠢ ᠬᠠᠮᠠᠭᠠᠯᠠᠬᠤ ᠪᠠ ᠰᠣᠯᠢᠯᠴᠠᠬᠤ ᠵᠠᠭᠠᠭ ᠬᠢᠵᠠᠭᠠᠷ ᠢ ᠤᠯᠠᠮ ᠠᠴᠠ ᠤᠯᠠᠮ ᠲᠣᠳᠣᠷᠬᠠᠶ ᠮᠡᠳᠡᠬᠦ ᠥᠬᠡᠶ ᠪᠣᠯᠪᠠ᠃ 《 ᠬᠠᠮᠠᠭᠠᠯᠠᠬᠤ ᠶᠣᠰᠣᠲᠠᠶ ᠶᠢ ᠨᠢ ᠪᠠᠲᠤᠯᠠᠵᠤ᠂ ᠰᠣᠯᠢᠯᠴᠠᠬᠤ ᠶᠣᠰᠣᠲᠠᠶ ᠶᠢ  ᠨᠢ ᠰᠣᠯᠢᠯᠴᠠᠬᠤ ᠬᠡᠷᠡᠭᠲᠡᠶ 》 ᠭᠡᠳᠡᠭ ᠪᠣᠯ ᠨᠢᠭᠤᠴᠠ ᠶᠢ ᠬᠠᠮᠠᠭᠠᠯᠠᠬᠤ ᠠᠵᠢᠯ ᠤᠨ ᠵᠠᠷᠴᠢᠮ  ᠤᠨ ᠨᠢᠭᠡ ᠪᠣᠯᠤᠨ᠎ᠠ᠃ ᠨᠢᠭᠤᠴᠠ ᠶᠢ ᠬᠠᠮᠠᠭᠠᠯᠠᠬᠤ ᠶᠢᠨ ᠲᠥᠯᠥᠭᠡ ᠢᠯᠠ ᠪᠣᠯᠭᠠᠬᠤ ᠦᠭᠡᠢ᠂ ᠰᠣᠯᠢᠯᠴᠠᠬᠤ ᠦᠭᠡᠢ ᠪᠠᠶᠢᠵᠤ ᠪᠣᠯᠬᠤ ᠦᠭᠡᠢ ᠃ ᠨᠢᠭᠤᠴᠠ ᠶᠢ ᠬᠠᠮᠠᠭᠠᠯᠠᠬᠤ ᠪᠣᠯ ᠲᠦᠷ ᠴᠠᠭ  ᠤᠨ᠂ ᠬᠠᠷᠢᠴᠠᠩᠭᠤᠶ ᠪᠠᠶᠢᠳᠠᠭ᠂ ᠢᠯᠠ ᠪᠣᠯᠭᠠᠬᠤ᠂ ᠰᠣᠯᠢᠯᠴᠠᠬᠤ ᠪᠣᠯ ᠬᠠᠷᠢᠴᠠᠯᠠᠰᠢ ᠦᠭᠡᠢ᠂ ᠮᠥᠩᠬᠡ ᠶᠢᠨ ᠪᠠᠶᠢᠳᠠᠭ᠃ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠨᠢ ᠬᠠᠮᠲᠤ ᠪᠠᠷ ᠵᠥᠪᠳᠡᠯᠴᠡᠬᠦ᠂ ᠬᠠᠮᠲᠤ ᠪᠠᠷ ᠡᠳ᠋ᠯᠡᠬᠦ᠂ ᠬᠠᠮᠲᠤ ᠪᠠᠷ ᠪᠠᠶᠢᠭᠤᠯᠬᠤ ᠵᠠᠷᠴᠢᠮ ᠢ ᠪᠠᠷᠢᠮᠲᠠᠯᠠᠨ᠎ᠠ᠃ ᠥᠭᠡᠷᠡᠴᠢᠯᠡᠯᠲᠡ ᠨᠡᠭᠡᠭᠡᠯᠲᠡ ᠬᠢᠬᠦ᠂ 《 ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ  ᠳᠤ ᠣᠷᠣᠬᠤ 》᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠬᠦ ᠵᠢᠴᠢ 《 ᠲᠣᠣᠷ ᠰᠦᠯᠵᠢᠶ᠎ᠡ ᠪᠠᠷ ᠤᠯᠤᠰ ᠤᠨ ᠪᠣᠳᠣᠯᠭ᠎ᠠ ᠶᠢ ᠬᠦᠴᠦᠷᠬᠡᠭᠵᠢᠭᠦᠯᠬᠦ 》 ᠶᠡᠭᠡ ᠠᠬᠤᠶ ᠪᠠᠶᠢᠳᠠᠯ᠂ ᠶᠡᠭᠡ ᠪᠠᠶᠢᠳᠠᠯ ᠨᠢ ᠴᠥᠮ ᠮᠠᠨ ᠤ ᠤᠯᠤᠰ ᠳᠡᠯᠡᠬᠡᠶ ᠶᠢᠨ ᠡᠯ᠎ᠡ ᠤᠯᠤᠰ ᠯᠤᠭ᠎ᠠ ᠶᠢᠨ ᠰᠣᠯᠢᠯᠴᠠᠭ᠎ᠠ ᠪᠠ ᠢᠯᠠ ᠲᠣᠳᠣ ᠪᠠᠨ ᠦᠷᠭᠦᠯᠵᠢᠯᠡᠨ ᠴᠢᠩᠭᠠᠳᠬᠠᠬᠤ ᠶᠢ ᠲᠣᠭᠲᠠᠭᠠᠵᠠᠶ᠂ ᠡᠨᠡ ᠪᠣᠯ ᠭᠤᠣᠯ ᠪᠣᠯᠬᠤ ᠶᠤᠮ᠃ ᠭᠡᠪᠡᠴᠦ ᠢᠯᠠ ᠪᠣᠯᠭᠠᠬᠤ᠂ ᠰᠣᠯᠢᠯᠴᠠᠭᠤᠯᠬᠤ ᠨᠢ ᠨᠢᠭᠤᠴᠠ ᠶᠢ ᠬᠠᠮᠠᠭᠠᠯᠠᠬᠤ ᠦᠭᠡᠢ ᠭᠡᠰᠡᠨ ᠶᠠᠪᠤᠳᠠᠯ ᠪᠢᠰᠢ᠂ ᠬᠠᠷᠢᠨ ᠨᠢᠭᠤᠴᠠ ᠶᠢ ᠬᠠᠮᠠᠭᠠᠯᠠᠬᠤ ᠠᠵᠢᠯ ᠢ ᠨᠠᠩ ᠴᠢᠩᠭᠠᠳᠬᠠᠬᠤ ᠴᠢᠬᠤᠯᠠᠲᠠᠶ ᠶᠤᠮ᠃ ᠡᠨᠡ ᠬᠤᠶᠠᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠳᠤ ᠨᠢᠭᠤᠴᠠ ᠶᠢ ᠬᠠᠮᠠᠭᠠᠯᠠᠬᠤ ᠪᠠ ᠰᠣᠯᠢᠯᠴᠠᠬᠤ ᠶᠢᠨ ᠵᠠᠭᠠᠭ ᠢ ᠵᠠᠪᠠᠯ ᠲᠣᠳᠣᠷᠬᠠᠶ ᠢᠯᠭᠠᠬᠤ ᠬᠡᠷᠡᠭᠲᠡᠶ᠃ ᠭᠡᠲᠡᠯ᠎ᠡ ᠣᠳᠣᠬᠠᠨ ᠤ ᠪᠠᠶᠢᠳᠠᠯ ᠨᠢ ᠡᠨᠡ ᠬᠦ ᠵᠠᠭᠠᠭ ᠱᠤᠭᠤᠮ ᠢ ᠬᠤᠪᠢᠶᠠᠷᠢᠯᠠᠬᠤ ᠳᠤ ᠬᠦᠴᠢᠷ ᠪᠣᠯᠵᠤ ᠪᠠᠶᠢᠨ᠎ᠠ᠂ ᠢᠯᠠᠩᠭᠤᠶ᠎ᠠ ᠠᠵᠤ ᠠᠬᠤᠢ ᠶᠢᠨ ᠬᠦᠷᠢᠶᠡᠨ ᠳᠤ ᠥᠩᠭᠡᠷᠡᠭᠰᠡᠨ ᠵᠢᠯ ᠤᠳ ᠲᠤ ᠨᠢᠭᠤᠴᠠ ᠶᠢ ᠵᠠᠳᠠᠷᠠᠭᠤᠯᠤᠭᠰᠠᠨ ᠬᠡᠷᠡᠭ  ᠪᠠᠶᠢᠨ ᠳᠠᠬᠢᠨ ᠭᠠᠷᠴᠤ ᠪᠠᠶᠢᠨ᠎ᠠ᠂ ᠵᠢᠱᠢᠶᠡᠯᠡᠪᠡᠯ ᠮᠠᠨ ᠤ ᠤᠯᠤᠰ ᠤᠨ ᠤᠯᠠᠮᠵᠢᠯᠠᠯᠲᠤ ᠲᠣᠷᠭᠠᠨ ᠴᠠᠭᠠᠰᠤ ᠬᠢᠬᠦ ᠤᠷᠠᠯᠠᠯ᠂ ᠵᠢᠩ ᠲᠠᠢ ᠯᠠᠨ ᠠᠯᠲᠠᠨ ᠤᠲᠠᠰᠤ ᠰᠢᠭᠢᠳᠬᠡᠭᠰᠡᠨ ᠭᠤᠣᠯᠯᠠᠭᠴᠢ ᠮᠡᠷᠭᠡᠵᠢᠯ ᠨᠢ ᠴᠥᠮ ᠦᠵᠡᠬᠦ ᠳᠤ ᠰᠣᠯᠢᠯᠴᠠᠭ᠎ᠠ ᠬᠢᠬᠦ ᠶᠠᠪᠤᠴᠠ ᠳᠤ ᠭᠠᠳᠠᠭᠠᠳᠤ ᠤᠯᠤᠰ 《 ᠰᠣᠷᠣᠭᠰᠠᠨ 》 ᠶᠤᠮ᠃ ᠡᠭᠦᠨ  ᠠᠴᠠ ᠦᠵᠡᠬᠦ ᠳᠤ᠂ ᠠᠵᠤ ᠠᠬᠤᠢ ᠶᠢᠨ ᠳᠡᠯᠡᠬᠡᠶᠢᠴᠢᠯᠡᠯᠲᠡ ᠶᠢᠨ ᠨᠢᠭᠤᠴᠠ ᠶᠢ ᠬᠠᠮᠠᠭᠠᠯᠠᠬᠤ ᠠᠵᠢᠯ ᠳᠤ ᠤᠴᠠᠷᠠᠭᠤᠯᠤᠭᠰᠠᠨ ᠬᠤᠶᠠᠳᠤᠭᠠᠷ ᠰᠥᠭᠡᠷᠭᠦ ᠲᠠᠯ᠎ᠠ ᠶᠢᠨ ᠨᠥᠯᠥᠭᠡ ᠪᠣᠯ ᠳᠠᠷᠤᠶ ᠨᠢᠭᠤᠴᠠ ᠶᠢ ᠬᠠᠮᠠᠭᠠᠯᠠᠬᠤ ᠪᠠ ᠰᠣᠯᠢᠯᠴᠠᠬᠤ ᠵᠠᠭᠠᠭ ᠢ ᠡᠵᠡᠮᠰᠢᠬᠦ ᠳᠤ ᠪᠡᠷᠬᠡᠲᠡᠶ ᠶᠠᠪᠤᠳᠠᠯ ᠪᠣᠯᠤᠨ᠎ᠠ᠂ ᠡᠨᠡ ᠨᠢ ᠠᠶᠠᠨᠳᠠᠭᠠᠨ ᠨᠢᠭᠤᠴᠠ ᠶᠢ ᠬᠠᠮᠠᠭᠠᠯᠠᠬᠤ ᠠᠵᠢᠯ ᠤᠨ ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃        ᠭᠤᠷᠪᠠ ᠳᠤ ᠮᠡᠳᠡᠭᠡ ᠵᠠᠩᠭᠢ ᠶᠢᠨ ᠠᠮᠤᠷ ᠲᠦᠪᠰᠢᠨ ᠯᠤᠲᠤ ᠶᠡᠭᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠣᠳᠣᠬᠠᠨ ᠤ ᠴᠠᠭ ᠦᠶ᠎ᠡ ᠳᠤ᠂ ᠮᠡᠳᠡᠭᠡ ᠵᠠᠩᠭᠢ ᠶᠢ ᠰᠦᠯᠵᠢᠶᠡᠵᠢᠭᠦᠯᠬᠦ ᠨᠢ ᠮᠡᠳᠡᠭᠡ ᠵᠠᠩᠭᠢ ᠪᠣᠯᠤᠨ ᠠᠮᠤᠷ ᠲᠦᠪᠰᠢᠨ ᠤ ᠬᠠᠷᠢᠴᠠᠭ᠎ᠠ ᠶᠢ ᠤᠯᠠᠮ ᠨᠢᠭᠲᠠ ᠪᠣᠯᠭᠠᠵᠤ ᠪᠠᠶᠢᠨ᠎ᠠ᠃ ᠤᠨᠴᠠᠭᠠᠶᠢᠯᠠᠨ ᠺᠣᠮᠫᠢᠦ᠋ᠲ᠋ᠧᠷ ᠤᠨ ᠥᠷᠭᠡᠨ ᠢᠶᠠᠷ ᠬᠡᠷᠡᠭᠯᠡᠭᠰᠡᠨ ᠠᠴᠠ ᠪᠣᠯᠵᠤ ᠨᠢᠭᠤᠴᠠ ᠶᠢ ᠠᠯᠳᠠᠭᠤᠯᠬᠤ᠂ ᠨᠢᠭᠤᠴᠠ ᠶᠢ ᠵᠠᠳᠠᠷᠠᠭᠤᠯᠬᠤ ᠬᠡᠷᠡᠭ ᠮᠠᠰᠢ ᠤᠯᠠᠨ ᠭᠠᠷᠳᠠᠭ᠃ ᠡᠭᠦᠨ ᠤ ᠲᠤᠯᠠᠳᠠ᠂ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠤᠶᠢᠷ᠎ᠠ ᠶᠢᠨ ᠬᠡᠳᠦᠨ ᠵᠢᠯ ᠳᠤ ᠠᠯᠢ ᠤᠯᠠᠨ ᠲᠣᠭᠲᠠᠭᠠᠯ ᠭᠠᠷᠭᠠᠵᠠᠶ᠂ ᠵᠢᠱᠢᠶᠡᠯᠡᠪᠡᠯ 《 ᠺᠣᠮᠫᠢᠦ᠋ᠲ᠋ᠧᠷ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠦᠷ ᠬᠡᠷᠡᠭᠵᠢᠭᠦᠯᠬᠦ ᠲᠣᠭᠲᠠᠭᠠᠯ 》᠂ 《 ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ 》᠂ 《 ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠢᠨᠲ᠋ᠧᠷ ᠰᠦᠯᠵᠢᠶᠡᠨ ᠤ ᠲᠣᠭᠲᠠᠭᠠᠯ 》 ᠵᠡᠷᠭᠡ ᠪᠣᠯᠤᠨ᠎ᠠ᠂ ᠲᠡᠭᠦᠨ ᠤ ᠵᠣᠷᠢᠯᠭ᠎ᠠ ᠨᠢ ᠳᠠᠷᠤᠶ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠦᠯᠵᠢᠶᠡᠨ ᠤ ᠨᠢᠭᠤᠴᠠ ᠶᠢ ᠬᠠᠮᠠᠭᠠᠯᠠᠬᠤ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠶᠤᠮ᠃        ᠰᠤᠷᠠᠭ ᠵᠠᠩᠭᠢ ᠶᠢ ᠬᠤᠶᠠᠷ ᠶᠡᠭᠡ ᠲᠥᠷᠥᠯ ᠳᠤ ᠠᠩᠭᠢᠯᠠᠵᠤ ᠪᠣᠯᠤᠨ᠎ᠠ᠄ ᠨᠢᠭᠡ ᠲᠥᠷᠥᠯ ᠨᠢ ᠣᠯᠠᠨ ᠨᠡᠶᠢᠲᠡ ᠶᠢᠨ ᠰᠤᠷᠠᠭ ᠵᠠᠩᠭᠢ᠂ ᠲᠤᠬᠠᠶᠢᠯᠠᠪᠠᠯ ᠬᠠᠮᠲᠤ ᠪᠠᠷ ᠡᠳ᠋ᠯᠡᠵᠦ ᠪᠣᠯᠬᠤ᠂ ᠣᠯᠠᠨ ᠨᠡᠶᠢᠲᠡ ᠶᠢᠨ ᠰᠦᠯᠵᠢᠶᠡᠨ ᠳᠡᠭᠡᠷ᠎ᠡ ᠳᠠᠮᠵᠢᠭᠤᠯᠬᠤ ᠰᠤᠷᠠᠭ ᠵᠠᠩᠭᠢ︔ ᠨᠥᠭᠦᠭᠡ ᠨᠢᠭᠡ ᠲᠥᠷᠥᠯ ᠨᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠪᠠᠶᠢᠵᠤ᠂ ᠵᠣᠬᠢᠬᠤ ᠬᠡᠮᠵᠢᠶᠡᠨ ᠤ ᠮᠡᠳᠡᠬᠦ ᠬᠦᠷᠢᠶ᠎ᠡ ᠬᠡᠪᠴᠢᠶ᠎ᠡ ᠲᠠᠢ ᠪᠠᠶᠢᠵᠤ᠂ ᠵᠥᠪᠬᠡᠨ ᠬᠡᠰᠡᠭ ᠬᠡᠪᠴᠢᠶᠡᠨ ᠤ ᠰᠦᠯᠵᠢᠶ᠎ᠡ ᠳᠡᠭᠡᠷ᠎ᠡ ᠯᠠ ᠳᠠᠮᠵᠢᠭᠤᠯᠳᠠᠭ᠃ ᠡᠳᠦᠷ ᠲᠣᠲᠤᠮ ᠤᠨ ᠠᠵᠢᠯ ᠤᠨ ᠳᠤᠮᠳᠠ᠂ ᠺᠣᠮᠫᠢᠦ᠋ᠲ᠋ᠧᠷ ᠥᠷᠭᠡᠨ  ᠢᠶᠠᠷ ᠬᠡᠷᠡᠭᠯᠡᠭᠳᠡᠵᠦ᠂ ᠡᠭᠦᠨ ᠤ ᠳᠣᠲᠣᠷ᠎ᠠ ᠣᠷᠣᠰᠢᠵᠤ ᠪᠠᠶᠢᠭ᠎ᠠ ᠨᠢᠭᠤᠴᠠ ᠶᠢ ᠵᠠᠳᠠᠷᠠᠭᠤᠯᠬᠤ ᠠᠰᠠᠭᠤᠳᠠᠯ ᠢ ᠴᠤ ᠬᠥᠮᠥᠨ ᠪᠦᠬᠦᠨ ᠣᠯᠵᠤ ᠬᠠᠷᠠᠳᠠᠭ᠃ ᠢᠯᠠᠩᠭᠤᠶ᠎ᠠ ᠮᠠᠨ ᠤ ᠤᠯᠤᠰ ᠤᠨ ᠣᠳᠣᠬᠢ ᠱᠠᠲᠤᠨ ᠳᠤ᠂ ᠺᠣᠮᠫᠢᠦ᠋ᠲ᠋ᠧᠷ ᠪᠠ ᠲᠣᠣᠷ ᠰᠦᠯᠵᠢᠶᠡᠨ ᠤ ᠵᠠᠩᠭᠢᠯᠠᠭ᠎ᠠ ᠶᠢᠨ ᠬᠡᠰᠡᠭ ᠤᠨ ᠭᠤᠣᠯᠯᠠᠬᠤ ᠮᠡᠷᠭᠡᠵᠢᠯ ᠢ ᠪᠠᠰᠠ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠪᠣᠯᠬᠤᠷ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠮᠡᠷᠭᠡᠵᠢᠯ ᠤᠨ ᠲᠣᠮᠣ ᠤᠯᠤᠰ ᠨᠢ ᠪᠢᠳᠡᠨ ᠤ ᠮᠡᠳᠡᠬᠦ ᠦᠭᠡᠢ ᠪᠠᠶᠢᠳᠠᠯ ᠳᠣᠣᠷ᠎ᠠ᠂ ᠮᠠᠨ ᠤ ᠭᠠᠳᠠᠭᠠᠳᠤ ᠠᠴᠠ ᠣᠷᠣᠭᠤᠯᠤᠭᠰᠠᠨ ᠰᠦᠯᠵᠢᠶᠡᠨ ᠤ ᠲᠥᠬᠦᠭᠡᠷᠦᠮᠵᠢ ᠳᠡᠭᠡᠷ᠎ᠡ ᠬᠢᠨᠠᠨ ᠰᠣᠨᠣᠰᠬᠤ ᠫᠷᠤᠭ᠍ᠷᠠᠮ ᠤᠭᠰᠠᠷᠠᠵᠤ᠂ ᠡᠭᠦᠨ ᠤ ᠤᠯᠠᠮ ᠠᠴᠠ ᠪᠢᠳᠡᠨ ᠤ ᠰᠦᠯᠵᠢᠶᠡᠨ ᠳᠡᠭᠡᠷ᠎ᠡ ᠳᠠᠮᠵᠢᠭᠤᠯᠵᠤ ᠪᠠᠶᠢᠭ᠎ᠠ ᠨᠢᠭᠤᠴᠠ ᠮᠡᠳᠡᠭᠡ ᠵᠠᠩᠭᠢ ᠶᠢ ᠬᠤᠯᠠᠭᠠᠶᠢᠯᠠᠬᠤ ᠵᠣᠷᠢᠯᠭ᠎ᠠ ᠳᠠᠭᠠᠨ ᠬᠦᠷᠴᠦ ᠴᠢᠳᠠᠨ᠎ᠠ᠃ ᠬᠠᠲᠠᠭᠤ ᠬᠡᠷᠡᠭᠰᠡᠯ ᠤᠨ ᠲᠠᠯ᠎ᠠ ᠪᠠᠷ ᠪᠠᠭᠤᠷᠠᠶ ᠪᠠᠶᠢᠳᠠᠯ ᠣᠷᠣᠰᠢᠵᠤ ᠪᠠᠶᠢᠬᠤ  ᠠᠴᠠ ᠭᠠᠳᠠᠨ᠎ᠠ᠂ ᠣᠳᠣᠬᠠᠨ ᠳᠤ ᠺᠣᠮᠫᠢᠦ᠋ᠲ᠋ᠧᠷ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠵᠤ ᠪᠠᠶᠢᠭ᠎ᠠ ᠨᠢ ᠪᠠᠰᠠ ᠪᠤᠰᠤᠳ ᠮᠠᠰᠢ ᠣᠯᠠᠨ ᠲᠠᠯ᠎ᠠ ᠪᠠᠶᠢᠨ᠎ᠠ᠂ ᠵᠢᠱᠢᠶᠡᠯᠡᠪᠡᠯ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠤᠨ ᠴᠠᠬᠢᠯᠭᠠᠨ ᠰᠣᠷᠢᠨᠵᠢᠨ ᠰᠠᠴᠤᠷᠠᠭ ᠤᠨ ᠳᠣᠬᠢᠶ᠎ᠠ ᠶᠢ ᠴᠤᠭᠯᠠᠭᠤᠯᠬᠤ ᠪᠠᠷ ᠳᠠᠮᠵᠢᠨ᠂ ᠤᠤᠯ ᠨᠢ ᠨᠢᠭᠤᠴᠠ ᠶᠢ ᠬᠤᠯᠠᠭᠠᠶᠢᠯᠠᠨ ᠠᠪᠤᠭᠰᠠᠨ ᠪᠠᠶᠢᠪᠡᠯ᠂ ᠲᠠᠬᠢᠭᠠᠳ 《 ᠵᠥᠭᠡᠯᠡᠨ ᠠᠯᠠᠵᠤ ᠰᠢᠷᠬᠠᠲᠤᠭᠤᠯᠬᠤ 》᠂ ᠸᠢᠷᠦ᠋ᠰ ᠤᠨ ᠬᠠᠯᠳᠠᠪᠤᠷᠢᠯᠠᠯ᠂ ᠡᠯᠧᠺᠲᠷᠤᠨ ᠰᠢᠤᠳᠠᠨ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠸᠢᠷᠦ᠋ᠰ ᠢ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠳᠡᠭᠡᠷ᠎ᠡ ᠬᠦᠷᠭᠡᠵᠦ᠂ ᠪᠦᠬᠦᠶᠢᠯᠡ ᠰᠦᠯᠵᠢᠶ᠎ᠡ ᠶᠢ ᠲᠠᠮᠪᠠᠷᠠᠭᠤᠯᠵᠤ᠂ ᠨᠢᠭᠤᠴᠠ ᠳᠤ ᠬᠤᠯᠪᠣᠭᠳᠠᠬᠤ ᠲᠤᠭ᠎ᠠ ᠪᠠᠷᠢᠮᠲᠠ ᠶᠢ ᠪᠦᠬᠦᠨ ᠢ ᠭᠡᠭᠡᠭᠳᠡᠭᠦᠯᠬᠦ ᠪᠤᠶᠤ ᠳᠠᠮᠵᠢᠭᠤᠯᠵᠤ ᠭᠠᠷᠭᠠᠨ᠎ᠠ᠃ ᠨᠢᠭᠤᠴᠠ ᠶᠢ ᠵᠠᠳᠠᠷᠠᠭᠤᠯᠬᠤ ᠠᠴᠠ ᠰᠡᠷᠭᠡᠶᠢᠯᠡᠬᠦ ᠶᠢᠨ ᠲᠥᠯᠥᠭᠡ ᠨᠡᠮᠡᠵᠦ ᠪᠠᠶᠢᠭᠤᠯᠤᠭᠰᠠᠨ ᠠᠶᠤᠯ ᠠᠴᠠ ᠰᠡᠷᠭᠡᠶᠢᠯᠡᠬᠦ ᠬᠡᠷᠡᠮ ᠨᠢ ᠴᠦ ᠲᠡᠶᠢᠮᠦ ᠨᠠᠶᠢᠳᠠᠪᠤᠷᠢᠲᠠᠶ ᠪᠢᠰᠢ ᠶᠤᠮ᠂ ᠣᠳᠣ ᠬᠡᠳᠦᠶᠢᠪᠡᠷ ᠠᠶᠤᠯ ᠠᠴᠠ ᠰᠡᠷᠭᠡᠶᠢᠯᠡᠬᠦ ᠬᠡᠷᠡᠮ ᠤᠨ ᠦᠢᠯᠡᠳᠬᠦᠨ ᠨᠢ ᠮᠠᠰᠢ ᠤᠯᠠᠨ ᠪᠠᠶᠢᠬᠤ ᠪᠣᠯᠪᠠᠴᠤ ᠮᠠᠰᠢ ᠤᠯᠠᠨ ᠮᠡᠷᠭᠡᠵᠢᠯ ᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠵᠦ ᠪᠠᠶᠢᠨ᠎ᠠ᠂ ᠡᠭᠦᠨ ᠤ ᠳᠡᠭᠡᠷ᠎ᠡ ᠵᠠᠬ᠎ᠠ ᠳᠡᠯᠭᠡᠭᠦᠷ ᠤᠨ ᠬᠠᠮᠢᠶᠠᠷᠤᠯᠲᠠ ᠨᠢ ᠵᠢᠷᠤᠮᠵᠢᠯ ᠦᠭᠡᠢ ᠪᠣᠯᠬᠤᠷ ᠦᠢᠯᠡᠳᠬᠦᠨ ᠤ ᠶᠠᠰᠤ ᠴᠢᠨᠠᠷ ᠨᠢ ᠦᠨᠡᠨ ᠳᠡᠭᠡᠨ ᠨᠠᠶᠢᠳᠠᠪᠤᠷᠢᠲᠠᠶ ᠪᠠᠲᠤᠯᠠᠭ᠎ᠠ ᠦᠭᠡᠢ ᠪᠠᠶᠢᠨ᠎ᠠ᠃ ᠡᠭᠦᠨ ᠠᠴᠠ ᠦᠵᠡᠪᠡᠯ᠂ ᠮᠠᠨ ᠤ ᠤᠯᠤᠰ ᠤᠨ ᠣᠳᠣᠬᠠᠨ ᠤ ᠮᠡᠳᠡᠭᠡ ᠵᠠᠩᠭᠢ ᠶᠢᠨ ᠠᠮᠤᠷ ᠲᠦᠪᠰᠢᠨ ᠶᠡᠷᠦᠩᠬᠡᠶ  ᠳᠡᠭᠡᠨ ᠪᠠᠭᠤᠷᠠᠶ ᠪᠠᠶᠢᠳᠠᠯ ᠳᠤ ᠣᠷᠣᠰᠢᠵᠤ ᠪᠠᠶᠢᠨ᠎ᠠ᠂ ᠭᠡᠪᠡᠴᠦ ᠮᠠᠨ ᠤ ᠠᠵᠢᠯ ᠪᠠᠰᠠ ᠺᠣᠮᠫᠢᠦ᠋ᠲ᠋ᠧᠷ ᠪᠠ ᠲᠣᠣᠷ ᠰᠦᠯᠵᠢᠶ᠎ᠡ ᠠᠴᠠ ᠰᠠᠯᠵᠤ ᠴᠢᠳᠠᠬᠤ ᠦᠭᠡᠢ᠂ ᠳᠡᠯᠡᠬᠡᠶ ᠳ᠋ᠠᠬᠢᠨ ᠲᠠᠢ ᠴᠤ ᠬᠤᠯᠪᠣᠯᠳᠤᠬᠤ ᠦᠭᠡᠢ ᠪᠠᠶᠢᠵᠤ ᠴᠤ ᠴᠢᠳᠠᠬᠤ ᠦᠭᠡᠢ ᠶᠤᠮ᠂ ᠡᠶᠢᠮᠦ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠨᠢ ᠳᠠᠷᠤᠶ ᠪᠠᠴᠢᠮ ᠰᠢᠶᠳᠪᠦᠷᠢᠯᠡᠬᠦ ᠴᠢᠬᠤᠯᠠᠲᠠᠶ ᠲᠣᠮᠣ ᠠᠰᠠᠭᠤᠳᠠᠯ ᠪᠣᠯᠵᠤ ᠪᠠᠶᠢᠨ᠎ᠠ᠂ ᠡᠶᠢᠮᠦᠷᠬᠦᠦ ᠪᠠᠶᠢᠳᠠᠯ ᠨᠢ ᠰᠠᠯᠠᠭ᠎ᠠ ᠮᠥᠴᠢᠷ ᠨᠢᠭᠡᠪᠦᠷᠢ ᠳᠤ ᠴᠥᠮ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠂ ᠲᠤᠬᠠᠶᠢᠯᠠᠪᠠᠯ ᠪᠢᠳᠡᠨ ᠢ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠲᠠᠯ᠎ᠠ ᠪᠠᠷ ᠬᠦᠴᠦᠲᠡᠶ ᠬᠦᠴᠦ ᠣᠷᠣᠭᠤᠯᠵᠤ ᠂ ᠬᠠᠮᠢᠶᠠᠷᠤᠯᠲᠠ ᠶᠢᠨ ᠲᠠᠯ᠎ᠠ ᠪᠠᠷ ᠬᠠᠲᠠᠭᠤ ᠬᠡᠷᠡᠭᠰᠡᠯ ᠤᠨ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠬᠦ ᠬᠡᠷᠡᠭᠲᠡᠶ ᠭᠡᠵᠦ ᠱᠠᠭᠠᠷᠳᠠᠵᠤ ᠪᠠᠶᠢᠨ᠎ᠠ᠃ ᠰᠤᠷᠪᠤᠯᠵᠢᠯᠠᠭᠴᠢ᠄ ᠪᠢᠳᠡ ᠬᠡᠷᠬᠢᠨ ᠣᠳᠣᠬᠠᠨ ᠤ ᠪᠠᠶᠢᠳᠠᠯ ᠲᠠᠢ ᠤᠶᠠᠯᠳᠤᠭᠤᠯᠤᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠤᠢ︖ ᠰᠢᠶᠣᠤ ᠵᠢᠶᠠᠨ ᠵᠦᠩ᠄ ᠮᠢᠨᠦ ᠦᠵᠡᠬᠦ ᠪᠠᠷ ᠳᠣᠣᠷᠠᠬᠢ ᠳᠥᠷᠪᠡᠨ ᠲᠠᠯ᠎ᠠ ᠪᠠᠷ ᠴᠢᠩᠭᠠᠳᠬᠠᠬᠤ ᠬᠡᠷᠡᠭᠲᠡᠶ᠃        ᠨᠢᠭᠡ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠪᠣᠯᠤᠨ ᠬᠡᠪ  ᠤᠨ ᠨᠢᠭᠤᠴᠠ ᠶᠢ ᠬᠠᠮᠠᠭᠠᠯᠠᠬᠤ ᠠᠵᠢᠯ ᠢ ᠬᠤᠶᠠᠷ ᠲᠠᠯ᠎ᠠ ᠪᠠᠷ ᠠᠳᠬᠤᠵᠤ᠂ ᠮᠡᠳᠡᠭᠡ ᠵᠠᠩᠭᠢ ᠶᠢᠨ ᠠᠮᠤᠷ ᠲᠦᠪᠰᠢᠨ  ᠤ ᠨᠢᠭᠤᠴᠠ ᠶᠢ ᠬᠠᠮᠠᠭᠠᠯᠠᠬᠤ ᠠᠵᠢᠯ ᠢ ᠲᠤᠪᠤᠶᠢᠮ᠎ᠠ ᠰᠠᠶᠢᠲᠤᠷ ᠠᠳᠬᠤᠨ᠎ᠠ᠃ ᠺᠣᠮᠫᠢᠦ᠋ᠲ᠋ᠧᠷ᠂ ᠰᠦᠯᠵᠢᠶᠡᠨ ᠤ ᠠᠵᠢᠯ ᠤᠨ ᠳᠤᠮᠳᠠ ᠥᠷᠭᠡᠨ ᠢᠶᠠᠷ ᠬᠡᠷᠡᠭᠯᠡᠭᠳᠡᠬᠦ ᠶᠢ ᠳᠠᠭᠠᠯᠳᠤᠨ᠂ ᠴᠠᠭᠠᠰᠤ ᠦᠭᠡᠢ ᠪᠠᠷ ᠠᠯᠪᠠᠯᠠᠬᠤ ᠨᠢ ᠨᠢᠭᠡᠨᠲᠡ ᠢᠷᠡᠭᠡᠳᠦᠶ ᠶᠢᠨ ᠠᠯᠪᠠᠨ ᠭᠡᠷ ᠤᠨ ᠬᠥᠭᠵᠢᠯᠲᠡ ᠶᠢᠨ ᠬᠠᠨᠳᠤᠰᠢ ᠪᠣᠯᠤᠭᠰᠠᠨ  ᠪᠠᠶᠢᠨ᠎ᠠ᠂ ᠡᠶᠢᠮᠦ ᠠᠴᠠ ᠡᠩ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ᠂ ᠡᠷᠬᠡᠪᠰᠢ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠶ᠃ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠳᠠᠭᠠᠯᠠᠵᠤ ᠪᠠᠶᠢᠭ᠎ᠠ ᠺᠣᠮᠫᠢᠦ᠋ᠲ᠋ᠧᠷ᠂ ᠺᠣᠮᠫᠢᠦ᠋ᠲ᠋ᠧᠷ ᠤᠨ ᠭᠡᠷ ᠪᠠᠶᠢᠰᠢᠩ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠺᠣᠮᠫᠢᠦ᠋ᠲ᠋ᠧᠷ ᠤᠨ ᠨᠢᠭᠤᠴᠠ ᠶᠢ ᠬᠠᠮᠠᠭᠠᠯᠠᠬᠤ ᠳᠦᠷᠢᠮ ᠪᠠ ᠮᠠᠰᠢᠨ ᠤ ᠭᠡᠷ ᠪᠠᠶᠢᠰᠢᠩ ᠤᠨ ᠬᠠᠮᠢᠶᠠᠷᠤᠯᠲᠠ ᠶᠢᠨ ᠳᠦᠷᠢᠮ ᠢ  ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠤᠨ ᠭᠡᠷ ᠨᠢ ᠭᠠᠵᠠᠷ ᠰᠣᠩᠭᠤᠬᠤ ᠳᠠᠭᠠᠨ ᠰᠤᠷᠠᠭ ᠵᠠᠩᠭᠢ ᠯᠡᠪᠡᠷᠡᠬᠦ ᠶᠢ ᠰᠡᠷᠭᠡᠶᠢᠯᠡᠬᠦ ᠪᠣᠯ ᠳᠤᠲᠠᠭᠳᠠᠵᠤ ᠪᠣᠯᠣᠰᠢ ᠦᠭᠡᠢ ᠤᠷᠢᠲᠠᠯ ᠪᠣᠯᠤᠨ᠎ᠠ᠃ ᠲᠤᠰ ᠨᠢᠭᠡᠴᠢ᠂ ᠲᠤᠰ ᠰᠠᠯᠠᠭ᠎ᠠ ᠮᠥᠴᠢᠷ ᠤᠨ ᠢᠶᠠᠨ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠬᠠᠳᠠᠭᠠᠯᠠᠬᠤ ᠺᠣᠮᠫᠢᠦ᠋ᠲ᠋ᠧᠷ ᠪᠣᠯᠤᠨ ᠬᠡᠰᠡᠭ ᠣᠷᠣᠨ ᠤ ᠲᠣᠣᠷ ᠰᠦᠯᠵᠢᠶᠡᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠴᠢᠩᠭ᠎ᠠ ᠳᠦᠷᠢᠮ ᠲᠣᠭᠲᠠᠭᠠᠯ ᠢ ᠪᠠᠢᠭᠤᠯᠬᠤ ᠬᠡᠷᠡᠭᠲᠡᠢ᠃ ᠺᠣᠮᠫᠢᠦ᠋ᠲ᠋ᠧᠷ ᠪᠠ ᠬᠡᠰᠡᠭ ᠬᠡᠪᠴᠢᠶᠡᠨ ᠤ ᠰᠦᠯᠵᠢᠶ᠎ᠡ ᠶᠢ ᠡᠷᠬᠡᠪᠰᠢ ᠲᠤᠰᠬᠠᠶ ᠬᠥᠮᠦᠨ ᠢᠶᠠᠷ ᠬᠠᠮᠢᠶᠠᠷᠤᠭᠤᠯᠵᠤ ᠬᠠᠮᠠᠭᠠᠯᠠᠬᠤ ᠬᠡᠷᠡᠭᠲᠡᠶ᠃ ᠲᠤᠰ ᠨᠢᠭᠡᠴᠢ ᠶᠢᠨ ᠺᠣᠮᠫᠢᠦ᠋ᠲ᠋ᠧᠷ ᠨᠢ ᠮᠡᠳᠡᠭᠡ ᠬᠤᠯᠪᠣᠭᠠᠨ ᠤ ᠱᠤᠭᠤᠮ  ᠢᠶᠠᠷ ᠪᠤᠰᠤᠳ ᠺᠣᠮᠫᠢᠦ᠋ᠲ᠋ᠧᠷ ᠪᠤᠶᠤ ᠰᠦᠯᠵᠢᠶ᠎ᠡ ᠳᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠳᠠᠮᠵᠢᠭᠤᠯᠬᠤ  ᠳᠠᠭᠠᠨ ᠡᠷᠬᠡᠪᠰᠢ ᠨᠢᠭᠤᠴᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠡᠰᠡᠭ ᠬᠡᠪᠴᠢᠶᠡᠨ ᠤ ᠰᠦᠯᠵᠢᠶ᠎ᠡ ᠨᠢ ᠮᠡᠳᠡᠭᠡ ᠬᠤᠯᠪᠣᠭᠠᠨ ᠤ ᠱᠤᠭᠤᠮ ᠢᠶᠠᠷ ᠳᠠᠮᠵᠢᠨ ᠪᠤᠰᠤᠳ ᠺᠣᠮᠫᠢᠦ᠋ᠲ᠋ᠧᠷ ᠪᠤᠶᠤ ᠰᠦᠯᠵᠢᠶ᠎ᠡ ᠲᠠᠢ ᠬᠤᠯᠪᠣᠬᠤ ᠳᠠᠭᠠᠨ ᠠᠶᠤᠯ ᠢ ᠰᠡᠷᠭᠡᠶᠢᠯᠡᠬᠦ ᠬᠡᠷᠡᠮ ᠢ ᠤᠭᠰᠠᠷᠠᠬᠤ ᠵᠡᠷᠭᠡ ᠮᠡᠷᠭᠡᠵᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ︔ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠤᠭᠰᠠᠷᠠᠬᠤ᠂ ᠲᠣᠬᠢᠷᠠᠭᠤᠯᠬᠤ᠂ ᠬᠠᠮᠠᠭᠠᠯᠠᠬᠤ ᠠᠵᠢᠯ ᠢ ᠲᠤᠰ ᠨᠢᠭᠡᠴᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠢᠬᠦ ᠬᠡᠷᠡᠭᠲᠡᠶ᠃ ᠦᠨᠡᠬᠡᠷ ᠭᠠᠳᠠᠷ ᠲᠠᠯ᠎ᠠ ᠶᠢᠨ ᠮᠡᠷᠭᠡᠵᠢᠯ ᠤᠨ ᠠᠵᠢᠯᠲᠠᠨ ᠰᠢᠶᠳᠪᠦᠷᠢᠯᠡᠬᠦ ᠪᠤᠶᠤ ᠭᠠᠳᠠᠷ ᠲᠠᠯ᠎ᠠ ᠳᠤ ᠬᠦᠷᠭᠡᠵᠦ ᠰᠡᠯᠪᠢᠨ ᠵᠠᠰᠠᠭᠤᠯᠬᠤ ᠴᠢᠬᠤᠯᠠᠲᠠᠶ ᠪᠠᠶᠢᠪᠠᠯ᠂ ᠡᠷᠬᠡᠪᠰᠢ ᠰᠡᠯᠪᠢᠨ ᠵᠠᠰᠠᠬᠤ ᠠᠴᠠ ᠡᠮᠦᠨ᠎ᠡ ᠬᠠᠲᠠᠭᠤ ᠲᠠᠪᠠᠭ ᠲᠤ ᠬᠠᠳᠠᠭᠠᠯᠠᠵᠤ ᠪᠠᠶᠢᠭ᠎ᠠ ᠲᠤᠭ᠎ᠠ ᠪᠠᠷᠢᠮᠲᠠ  ᠶᠢ ᠢᠯᠭᠠᠷᠠᠭᠤᠯᠤᠨ ᠲᠢᠭᠯᠡᠵᠦ᠂ ᠬᠡᠷᠡᠭ ᠤᠨ ᠳᠠᠷᠠᠭ᠎ᠠ ᠪᠠᠶᠢᠴᠠᠭᠠᠬᠤ ᠬᠡᠷᠡᠭᠲᠡᠶ︔ ᠲᠠᠰᠤ ᠨᠢᠭᠤᠴᠠ ᠮᠡᠳᠡᠭᠡ ᠵᠠᠩᠭᠢ ᠶᠢ ᠺᠣᠮᠫᠢᠦ᠋ᠲ᠋ᠧᠷ ᠤᠨ ᠬᠠᠲᠠᠭᠤ ᠳ᠋ᠢᠰᠺ ᠲᠤ ᠬᠠᠳᠠᠭᠠᠯᠠᠵᠤ ᠪᠣᠯᠬᠤ ᠥᠬᠡᠶ᠃ ᠨᠢᠭᠤᠴᠠ ᠮᠡᠳᠡᠭᠡ ᠵᠠᠩᠭᠢ ᠶᠢ ᠬᠠᠳᠠᠭᠠᠯᠠᠬᠤ ᠵᠥᠭᠡᠯᠡᠨ ᠳ᠋ᠢᠰᠺ ᠢ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ ᠨᠢᠭᠤᠴᠠ ᠶᠢᠨ ᠲᠠᠰ ᠤᠨ ᠬᠤᠭᠤᠴᠠᠭ᠎ᠠ ᠵᠢᠴᠢ ᠨᠢᠭᠤᠴᠠ ᠶᠢ ᠬᠠᠮᠠᠭᠠᠯᠠᠬᠤ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ ᠴᠠᠭᠠᠰᠤᠨ ᠴᠢᠨᠠᠷᠲᠠᠶ ᠪᠢᠴᠢᠭ ᠮᠠᠲ᠋ᠧᠷᠢᠶᠠᠯ ᠢ ᠱᠠᠲᠤ ᠬᠤᠪᠢᠶᠠᠨ ᠬᠠᠮᠢᠶᠠᠷᠬᠤ ᠪᠠᠷ ᠦᠵᠡᠵᠦ᠂ ᠵᠢᠭᠡᠯᠡᠨ ᠦᠵᠡᠬᠦ᠂ ᠬᠡᠷᠡᠭᠯᠡᠬᠦ᠂ ᠬᠠᠳᠠᠭᠠᠯᠠᠨ ᠬᠠᠮᠢᠶᠠᠷᠬᠤ ᠵᠢᠴᠢ ᠤᠰᠠᠳᠬᠠᠬᠤ ᠳᠦᠷᠢᠮ ᠢ ᠴᠢᠩᠳᠠᠯᠠᠬᠤ ᠬᠡᠷᠡᠭᠲᠡᠶ︔ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ  ᠤᠨ ᠬᠠᠮᠢᠶᠠᠷᠤᠯᠲᠠ᠂ ᠠᠵᠢᠯᠯᠠᠭᠤᠯᠤᠭᠴᠢ ᠶᠢᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠶ᠃ ᠡᠭᠦᠨ ᠤ ᠬᠠᠮᠲᠤ ᠨᠢᠭᠤᠴᠠ ᠶᠢ ᠬᠠᠮᠠᠭᠠᠯᠠᠬᠤ ᠪᠠᠶᠢᠩᠭᠤ ᠶᠢᠨ ᠴᠢᠨᠠᠷᠲᠠᠶ ᠬᠥᠮᠦᠵᠢᠯ ᠬᠢᠵᠦ᠂ ᠨᠢᠭᠤᠴᠠ ᠶᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠤᠯᠤᠰ ᠤᠨ ᠨᠢᠭᠤᠴᠠ ᠶᠢ ᠬᠠᠮᠠᠭᠠᠯᠠᠬᠤ ᠤᠬᠠᠮᠰᠠᠷᠲᠤ ᠴᠢᠨᠠᠷ  ᠢ ᠨᠢ ᠳᠡᠭᠡᠭᠰᠢᠯᠡᠭᠦᠯᠬᠦ ᠬᠡᠷᠡᠭᠲᠡᠶ︔ ᠠᠵᠢᠯ ᠤᠨ ᠬᠡᠷᠡᠭᠴᠡᠭᠡ ᠠᠴᠠ ᠪᠣᠯᠵᠤ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠪᠣᠯᠤᠨ ᠤᠯᠠᠨ ᠤᠯᠤᠰ ᠤᠨ ᠰᠦᠯᠵᠢᠶᠡᠨ ᠳᠤ ᠬᠤᠯᠪᠣᠬᠤ ᠨᠢᠭᠡᠴᠢ ᠪᠦᠬᠦᠨ ᠡᠷᠬᠡᠪᠰᠢ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠪᠥᠭᠡᠳ ᠨᠢᠭᠤᠴᠠ ᠶᠢ ᠬᠠᠮᠠᠭᠠᠯᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠶ︔ ᠺᠣᠮᠫᠢᠦ᠋ᠲ᠋ᠧᠷ  ᠤᠨ ᠰᠢᠰᠲ᠋ᠧᠮ ᠬᠢᠭᠡᠳ ᠤᠯᠠᠨ ᠤᠯᠤᠰ ᠤᠨ ᠰᠦᠯᠵᠢᠶᠡᠵᠢᠭᠰᠡᠨ ᠨᠢᠭᠡᠴᠢ ᠪᠦᠬᠦᠨ ᠡᠷᠬᠡᠪᠰᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠣᠭᠲᠠᠭᠠᠯ  ᠢ ᠴᠢᠩᠭ᠎ᠠ ᠵᠢᠷᠤᠮᠯᠠᠵᠤ᠂ ᠬᠡᠷᠡᠭᠯᠡᠭᠡᠨ ᠤ ᠲᠤᠰᠬᠠᠶ ᠬᠡᠷᠡᠭᠯᠡᠭᠡᠨ ᠤ ᠺᠣᠮᠫᠢᠦ᠋ᠲ᠋ᠧᠷ ᠤᠨ ᠰᠦᠯᠵᠢᠶᠡᠵᠢᠭᠰᠡᠨ ᠪᠠᠶᠢᠬᠤ ᠬᠡᠷᠡᠭᠲᠡᠶ ᠪᠥᠭᠡᠳ ᠲᠤᠰᠬᠠᠶ ᠬᠥᠮᠥᠨ ᠠᠵᠢᠯᠯᠠᠭᠤᠯᠬᠤ ᠬᠡᠷᠡᠭᠲᠡᠶ᠃ ᠺᠣᠮᠫᠢᠦ᠋ᠲ᠋ᠧᠷ ᠤᠨ ᠳᠣᠲᠣᠷ᠎ᠠ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠳᠠᠭᠠᠯᠠᠵᠤ ᠪᠣᠯᠬᠤ ᠦᠭᠡᠢ᠂ ᠡᠭᠦᠨ ᠤ ᠬᠠᠮᠲᠤ ᠬᠡᠷᠡᠭᠯᠡᠬᠦ ᠳᠠᠩᠰᠠᠯᠠᠯ ᠤᠨ ᠳᠦᠷᠢᠮ ᠢ ᠪᠠᠶᠢᠭᠤᠯᠵᠤ᠂ ᠬᠡᠷᠡᠭᠯᠡᠭᠴᠢᠳ ᠤᠨ ᠠᠮᠠᠨ ᠵᠠᠷᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠬᠤ ᠬᠡᠷᠡᠭᠲᠡᠶ︔ ᠬᠡᠪ ᠤᠨ ᠪᠤᠰᠤ ᠡᠯᠧᠲᠷᠤᠨ ᠵᠠᠬᠢᠳᠠᠯ ᠢ ᠬᠤᠷᠢᠶᠠᠨ ᠣᠯᠤᠭᠰᠠᠨ ᠪᠤᠶᠤ ᠰᠦᠯᠵᠢᠶᠡᠨ ᠳᠡᠭᠡᠷᠡᠬᠢ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠡᠷᠬᠡᠪᠰᠢ ᠤᠯᠠᠨ ᠤᠯᠤᠰ ᠤᠨ ᠢᠨᠲ᠋ᠧᠷ ᠰᠦᠯᠵᠢᠶ᠎ᠡ ᠳᠡᠭᠡᠷ᠎ᠡ ᠨᠡᠶᠢᠲᠡᠯᠡᠬᠦ ᠬᠡᠷᠡᠭᠲᠡᠶ ᠮᠡᠳᠡᠭᠡ ᠵᠠᠩᠭᠢ ᠨᠢ ᠵᠥᠪᠬᠡᠨ ᠢᠯᠠ ᠪᠣᠯᠭᠠᠵᠤ ᠪᠣᠯᠬᠤ ᠠᠵᠢᠯ ᠤᠨ ᠮᠡᠳᠡᠭᠡ ᠵᠠᠩᠭᠢ ᠪᠠᠶᠢᠵᠤ᠂ ᠪᠣᠳᠠᠲᠠᠶ ᠠᠭᠤᠯᠭ᠎ᠠ ᠶᠢ ᠡᠷᠬᠡᠪᠰᠢ ᠳᠡᠭᠡᠳᠦ ᠱᠠᠲᠤᠨ ᠤ ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠬᠤ ᠬᠡᠷᠡᠭᠲᠡᠶ᠂ ᠡᠷᠬᠢᠯᠡᠨ ᠬᠠᠮᠢᠶᠠᠷᠬᠤ ᠤᠳᠤᠷᠢᠳᠤᠯᠭ᠎ᠠ ᠵᠥᠪᠰᠢᠶᠡᠷᠡᠪᠡᠯ ᠰᠠᠶ᠋ᠢ ᠰᠦᠯᠵᠢᠶᠡᠨ ᠳᠤ ᠭᠠᠷᠴᠤ ᠪᠣᠯᠤᠨ᠎ᠠ᠃        ᠬᠤᠶᠠᠷ ᠲᠤ ᠨᠢᠭᠤᠴᠠ ᠶᠢ ᠬᠠᠮᠠᠭᠠᠯᠠᠬᠤ ᠠᠵᠢᠯᠲᠠᠨ ᠤ ᠲᠤᠰ ᠪᠡᠶ᠎ᠡ ᠶᠢᠨ ᠬᠡᠪ ᠴᠢᠨᠠᠷ ᠢ ᠬᠥᠮᠦᠵᠢᠭᠦᠯᠬᠦ ᠶᠢ ᠴᠢᠬᠤᠯᠠᠴᠢᠯᠠᠪᠠ᠃ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢ ᠳᠠᠭᠠᠯᠳᠤᠨ᠂ ᠺᠣᠮᠫᠢᠦ᠋ᠲ᠋ᠧᠷ᠂ ᠢᠨᠲ᠋ᠧᠷ ᠰᠦᠯᠵᠢᠶ᠎ᠡ ᠶᠢ ᠦᠢᠯᠡᠳᠪᠦᠷᠢᠯᠡᠯ ᠪᠠ ᠠᠮᠢᠳᠤᠷᠠᠯ ᠤᠨ ᠳᠤᠮᠳᠠ ᠥᠷᠭᠡᠨ ᠢᠶᠠᠷ ᠬᠡᠷᠡᠭᠯᠡᠵᠦ᠂ ᠨᠢᠭᠤᠴᠠ ᠶᠢ ᠬᠠᠮᠠᠭᠠᠯᠠᠬᠤ ᠠᠵᠢᠯᠲᠠᠨ ᠤ ᠲᠤᠰ ᠪᠡᠶ᠎ᠡ ᠶᠢᠨ ᠬᠡᠪ ᠴᠢᠨᠠᠷ ᠤᠨ ᠲᠤᠬᠠᠢ ᠱᠠᠭᠠᠷᠳᠠᠯᠭ᠎ᠠ ᠶᠢ ᠴᠤ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠭᠡᠲᠡᠯ᠎ᠡ ᠣᠳᠣᠬᠠᠨ ᠳᠤ ᠮᠠᠨ ᠤ ᠨᠢᠭᠤᠴᠠ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠣᠶᠢᠯᠠᠭᠠᠭᠳᠠᠬᠤᠨ ᠪᠠ ᠮᠡᠳᠡᠯᠭᠡ ᠶᠢᠨ ᠪᠦᠲᠦᠴᠡ ᠶᠢ ᠴᠥᠮ ᠲᠦᠷᠭᠡᠬᠡᠨ ᠰᠢᠨᠡᠳᠬᠡᠬᠦ ᠴᠢᠬᠤᠯᠠᠲᠠᠶ ᠪᠠᠶᠢᠵᠤ᠂ ᠠᠵᠢᠯᠯᠠᠬᠤ ᠠᠷᠭ᠎ᠠ᠂ ᠠᠵᠢᠯ ᠤᠨ ᠰᠤᠷᠲᠠᠯ ᠨᠢ ᠴᠦ ᠰᠢᠨ᠎ᠡ ᠪᠠᠶᠢᠳᠠᠯ ᠳᠤ ᠪᠦᠷᠢᠮᠦᠰᠦᠨ ᠵᠣᠬᠢᠴᠠᠵᠤ ᠴᠢᠳᠠᠬᠤ ᠦᠭᠡᠢ ᠪᠠᠶᠢᠨ᠎ᠠ᠃ ᠰᠢᠨ᠎ᠡ ᠥᠷᠢᠰᠥᠯᠳᠦᠭᠡᠨ ᠪᠣᠯᠤᠨ ᠰᠢᠨ᠎ᠡ ᠠᠵᠠ ᠲᠣᠬᠢᠶᠠᠯ ᠤᠨ ᠡᠮᠦᠨ᠎ᠡ᠂ ᠬᠡᠷᠬᠢᠨ ᠲᠠᠰᠤᠷᠠᠯᠲᠠ ᠦᠭᠡᠢ ᠬᠥᠭᠵᠢᠨ ᠬᠤᠪᠢᠷᠠᠵᠤ ᠪᠠᠶᠢᠭ᠎ᠠ ᠣᠷᠴᠢᠨ ᠲᠣᠭᠤᠷᠢᠨ ᠳᠤ ᠵᠣᠬᠢᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠵᠤ᠂ ᠨᠢᠭᠤᠴᠠ ᠶᠢ ᠬᠠᠮᠠᠭᠠᠯᠠᠬᠤ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠪᠣᠯ ᠮᠠᠨ ᠤ ᠨᠢᠭᠤᠴᠠ ᠶᠢ ᠬᠠᠮᠠᠭᠠᠯᠠᠬᠤ ᠠᠵᠢᠯᠲᠠᠨ ᠤ ᠡᠮᠦᠨ᠎ᠡ ᠲᠠᠯᠪᠢᠭᠳᠠᠵᠤ ᠪᠠᠶᠢᠭ᠎ᠠ ᠨᠢᠭᠡᠨ ᠪᠣᠳᠠᠲᠠᠢ ᠪᠥᠭᠡᠳ ᠪᠠᠴᠢᠮ ᠲᠤᠯᠭᠠᠮ᠎ᠠ ᠡᠭᠦᠷᠭᠡ ᠪᠣᠯᠤᠨ᠎ᠠ᠃ ᠰᠠᠭᠤᠷᠢ ᠣᠨᠣᠯ ᠤᠨ ᠲᠤᠬᠠᠢ ᠰᠤᠳᠤᠯᠭᠠᠨ ᠢ ᠴᠢᠬᠤᠯᠠᠴᠢᠯᠠᠵᠤ᠂ ᠲᠤᠰᠬᠠᠶ ᠮᠡᠷᠭᠡᠵᠢᠯ ᠤᠨ ᠮᠡᠳᠡᠯᠭᠡ ᠶᠢᠨ ᠭᠦᠨ ᠭᠦᠨᠵᠡᠭᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠠᠵᠢᠯ ᠪᠣᠯ ᠨᠢᠭᠡ ᠵᠦᠢᠯ ᠤᠨ ᠲᠤᠰᠬᠠᠶ ᠠᠵᠢᠯ ᠮᠥᠨ ᠂ ᠦᠩᠭᠡᠷᠡᠭᠰᠡᠨ ᠤ ᠤᠯᠠᠮᠵᠢᠯᠠᠯᠲᠤ ᠨᠢᠭᠤᠴᠠ ᠶᠢ ᠬᠠᠮᠠᠭᠠᠯᠠᠬᠤ ᠠᠵᠢᠯ ᠠᠴᠠ ᠠᠪᠤᠭᠠᠳ ᠥᠨᠥᠳᠦᠷ ᠤᠨ ᠳᠡᠭᠡᠳᠦ ᠮᠡᠷᠭᠡᠵᠢᠯ ᠤᠨ ᠨᠥᠬᠦᠴᠡᠯ ᠳᠣᠣᠷᠠᠬᠢ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠡᠷᠭᠡ ᠬᠦᠷᠲᠡᠯ᠎ᠡ ᠴᠥᠮ ᠪᠦᠷᠢᠨ ᠲᠥᠬᠦᠷ ᠰᠢᠰᠲ᠋ᠧᠮ ᠲᠠᠢ ᠠᠵᠢᠯᠯᠠᠬᠤ ᠠᠷᠭ᠎ᠠ ᠪᠠᠶᠢᠳᠠᠭ᠃ ᠡᠶᠢᠮᠦ ᠠᠴᠠ ᠨᠢᠭᠤᠴᠠ ᠶᠢ ᠬᠠᠮᠠᠭᠠᠯᠠᠬᠤ ᠦᠨᠳᠦᠰᠦᠨ ᠮᠡᠳᠡᠯᠭᠡ᠂ ᠨᠢᠭᠤᠴᠠ ᠶᠢ ᠬᠠᠮᠠᠭᠠᠯᠠᠬᠤ ᠬᠠᠤᠯᠢ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠤᠷᠤᠯᠴᠠᠬᠤ ᠨᠢ ᠨᠢᠭᠤᠴᠠ ᠶᠢ ᠬᠠᠮᠠᠭᠠᠯᠠᠬᠤ ᠠᠵᠢᠯᠲᠠᠨ ᠨᠢᠭᠡᠪᠦᠷᠢ ᠶᠢᠨ ᠴᠢᠬᠤᠯᠠ ᠡᠭᠦᠷᠭᠡ ᠪᠣᠯᠬᠤ ᠶᠣᠰᠣᠲᠠᠶ᠃ ᠰᠤᠷᠤᠯᠴᠠᠬᠤ ᠪᠠᠷ ᠪᠠᠷᠠᠬᠤ ᠦᠭᠡᠢ᠂ ᠪᠠᠰᠠ ᠲᠤᠰᠬᠠᠶᠢᠵᠢᠬᠤ ᠬᠡᠷᠡᠭᠲᠡᠶ᠂ ᠪᠠᠯᠠᠷᠬᠠᠶ ᠤᠬᠠᠭᠳᠠᠬᠤᠨ ᠢ ᠲᠣᠳᠣᠷᠬᠠᠶ ᠪᠣᠯᠭᠠᠵᠤ᠂ ᠨᠣᠮ ᠪᠢᠴᠢᠭ ᠤᠨ ᠮᠡᠳᠡᠯᠭᠡ ᠶᠢ ᠲᠤᠬᠠᠶᠢᠯᠠᠭᠰᠠᠨ ᠠᠵᠢᠯ ᠤᠨ ᠦᠢᠯᠡᠳᠦᠯᠭᠡ ᠲᠠᠢ ᠤᠶᠠᠯᠳᠤᠭᠤᠯᠵᠤ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠶ᠃ 21 ᠳ᠋ᠦ᠋ᠭᠡᠷ ᠵᠠᠭᠤᠨ ᠤ ᠮᠡᠳᠡᠯᠭᠡ ᠶᠢᠨ ᠰᠢᠨᠡᠴᠢᠯᠡᠯᠲᠡ ᠶᠢᠨ ᠦᠶᠡᠯᠡᠯ ᠤᠯᠠᠮ ᠠᠴᠠ ᠤᠯᠠᠮ ᠣᠬᠤᠷ ᠪᠣᠯᠵᠤ᠂ 《 ᠮᠡᠳᠡᠭᠡ ᠵᠠᠩᠭᠢ ᠶᠢᠨ ᠬᠤᠪᠢᠰᠬᠠᠯ 》 ᠦᠳᠲᠡᠷ ᠲᠦᠷᠭᠡᠨ ᠶᠠᠪᠤᠭᠳᠠᠵᠤ᠂ ᠡᠳᠡᠭᠡᠷ  ᠨᠢ ᠴᠥᠮ ᠪᠢᠳᠡᠨ ᠢ ᠰᠤᠷᠤᠯᠴᠠᠯᠭ᠎ᠠ ᠪᠠᠨ ᠴᠢᠩᠭᠠᠳᠬᠠᠵᠤ᠂ ᠮᠡᠳᠡᠯᠭᠡ ᠪᠠᠨ ᠰᠢᠨᠡᠳᠬᠡᠬᠦ ᠪᠣᠯᠭᠠᠵᠠᠶ᠃ ᠣᠳᠣᠬᠠᠨ ᠳᠤ ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ ᠨᠢᠭᠤᠴᠠ ᠶᠢ ᠬᠠᠮᠠᠭᠠᠯᠠᠬᠤ ᠴᠢᠬᠤᠯᠠ ᠰᠠᠯᠠᠭ᠎ᠠ ᠮᠥᠴᠢᠷ ᠨᠢ ᠺᠣᠮᠫᠢᠦ᠋ᠲ᠋ᠧᠷ᠂ ᠳᠦᠷᠰᠦᠲᠦ ᠴᠠᠬᠢᠯᠭᠠᠨ ᠮᠠᠰᠢᠨ ᠢ ᠥᠷᠭᠡᠨ ᠢᠶᠠᠷ ᠬᠡᠷᠡᠭᠯᠡᠵᠦ᠂ ᠡᠯ᠎ᠡ ᠱᠠᠲᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ ᠨᠢ ᠪᠠᠰᠠ ᠵᠠᠷᠢᠮ ᠲᠡᠷᠢᠭᠦᠨ ᠤ ᠨᠢᠭᠤᠴᠠ ᠶᠢ ᠬᠠᠮᠠᠭᠠᠯᠠᠬᠤ ᠮᠡᠷᠭᠡᠵᠢᠯ ᠢ ᠰᠡᠷᠭᠡᠶᠢᠯᠡᠬᠦ ᠪᠠ ᠪᠠᠶᠢᠴᠠᠭᠠᠬᠤ ᠲᠥᠬᠦᠭᠡᠷᠦᠮᠵᠢ ᠲᠠᠢ ᠪᠣᠯᠵᠠᠶ᠂ ᠡᠨᠡ ᠨᠢ ᠮᠠᠨ ᠤ ᠺᠠᠳ᠋ᠷ ᠤᠨ ᠡᠩᠨᠡᠭᠡ ᠳᠤ ᠨᠡᠯᠢᠶᠡᠳ ᠥᠨᠳᠥᠷ ᠤᠯᠤᠰ ᠲᠥᠷᠥ ᠶᠢᠨ ᠬᠡᠪ ᠪᠣᠯᠪᠠᠰᠤᠷᠠᠯ ᠪᠠ ᠨᠢᠭᠤᠴᠠ ᠶᠢ ᠬᠠᠮᠠᠭᠠᠯᠠᠬᠤ ᠦᠢᠯᠡᠰ ᠤᠨ ᠲᠥᠯᠥᠭᠡ ᠠᠮᠢ ᠪᠡᠶ᠎ᠡ  ᠪᠠᠨ ᠵᠣᠷᠢᠭᠤᠯᠬᠤ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠃ ᠪᠠᠰᠠ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠪᠠ ᠦᠨᠳᠦᠰᠦᠨ ᠠᠵᠢᠯᠯᠠᠬᠤ ᠴᠢᠳᠠᠪᠤᠷᠢ ᠶᠢ ᠡᠵᠡᠮᠰᠢᠵᠦ᠂ ᠲᠧᠭᠨᠢᠭ ᠮᠡᠷᠭᠡᠵᠢᠯ ᠤᠨ ᠠᠵᠢᠯᠯᠠᠭ᠎ᠠ ᠪᠠ ᠬᠠᠮᠢᠶᠠᠷᠤᠯᠲᠠ ᠶᠢ ᠬᠢᠵᠦ ᠴᠢᠳᠠᠬᠤ ᠬᠡᠷᠡᠭᠲᠡᠶ᠂ ᠢᠯᠠᠩᠭᠤᠶ᠎ᠠ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠧᠭᠨᠢᠭ ᠮᠡᠷᠭᠡᠵᠢᠯ ᠤᠨ ᠰᠡᠷᠭᠡᠶᠢᠯᠡᠯᠲᠡ ᠪᠠ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠠᠵᠢᠯ ᠢ ᠵᠢᠷᠤᠮᠵᠢᠭᠤᠯᠬᠤ᠂ ᠨᠢᠭᠤᠴᠠ ᠳᠤ ᠬᠤᠯᠪᠣᠭᠳᠠᠬᠤ ᠭᠤᠣᠯᠳᠠᠯᠭ᠎ᠠ ᠲᠠᠢ ᠬᠥᠮᠦᠰ ᠢ ᠰᠤᠷᠭᠠᠨ ᠬᠥᠮᠦᠵᠢᠭᠦᠯᠬᠦ ᠪᠠ ᠬᠠᠮᠢᠶᠠᠷᠬᠤ ᠵᠡᠷᠭᠡ ᠠᠵᠢᠯ ᠤᠨ ᠳᠤᠮᠳᠠ ᠨᠡᠯᠢᠶᠡᠳ ᠥᠨᠳᠥᠷ ᠰᠣᠶᠣᠯ ᠤᠨ ᠮᠡᠳᠡᠯᠭᠡ  ᠲᠠᠢ ᠪᠠᠶᠢᠵᠤ᠂ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠨᠢ ᠲᠤᠷᠰᠢᠯᠭ᠎ᠠ ᠪᠠᠷ ᠢᠶᠠᠨ ᠳᠡᠭᠡᠭᠰᠢᠯᠡᠭᠡᠳ ᠣᠳᠣ ᠦᠶ᠎ᠡ ᠶᠢᠨ ᠬᠠᠮᠢᠶᠠᠷᠤᠯᠲᠠ ᠳᠤ ᠲᠦᠰᠢᠭᠯᠡᠬᠦ ᠪᠣᠯᠵᠠᠶ᠃ ᠨᠢᠭᠤᠴᠠ ᠶᠢ ᠬᠠᠮᠠᠭᠠᠯᠠᠬᠤ ᠠᠵᠢᠯᠲᠠᠨ ᠣᠳᠣ ᠦᠶ᠎ᠡ ᠶᠢᠨ ᠬᠠᠮᠢᠶᠠᠷᠤᠯᠲᠠ ᠶᠢᠨ ᠮᠡᠳᠡᠯᠭᠡ ᠶᠢ ᠡᠷᠬᠡᠪᠰᠢ ᠰᠤᠷᠤᠯᠴᠠᠵᠤ ᠡᠵᠡᠮᠰᠢᠬᠦ ᠬᠡᠷᠡᠭᠲᠡᠶ᠃ ᠰᠢᠰᠲ᠋ᠧᠮ ᠤᠨ ᠤᠨᠤᠯ᠂ ᠮᠡᠳᠡᠭᠡ ᠵᠠᠩᠭᠢ ᠶᠢᠨ ᠤᠨᠤᠯ᠂ ᠡᠵᠡᠮᠰᠢᠯ ᠤᠨ ᠤᠨᠤᠯ ᠵᠢᠴᠢ ᠬᠠᠷᠠᠯᠲᠠᠲᠤ ᠬᠠᠮᠢᠶᠠᠷᠤᠯᠲᠠ ᠵᠡᠷᠭᠡ ᠠᠷᠭ᠎ᠠ ᠶᠢ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠳᠤᠮᠳᠠ ᠳᠡᠯᠭᠡᠷᠡᠭᠦᠯᠦᠨ ᠬᠡᠷᠡᠭᠯᠡᠵᠦ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠵᠦᠶᠯ ᠤᠨ ᠨᠢᠭᠤᠴᠠ ᠶᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ᠂ ᠨᠢᠭᠤᠴᠠ ᠶᠢ ᠬᠠᠮᠠᠭᠠᠯᠠᠬᠤ ᠠᠵᠢᠯᠲᠠᠨ ᠪᠠᠰᠠ ᠦᠢᠯᠡᠳᠦᠯᠭᠡ ᠶᠢᠨ ᠳᠤᠮᠳᠠ ᠨᠢᠭᠤᠴᠠ  ᠶᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠯᠭᠡ ᠶᠢ ᠰᠤᠷᠤᠯᠴᠠᠬᠤ ᠬᠡᠷᠡᠭᠲᠡᠶ᠃ ᠥᠭᠡᠷᠡᠴᠢᠯᠡᠯᠲᠡ ᠶᠢᠨ ᠭᠦᠨᠵᠡᠭᠡᠶᠢᠷᠡᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ  ᠶᠢᠨ ᠠᠵᠢᠯ ᠳᠤ ᠤᠯᠠᠮ ᠠᠴᠠ ᠤᠯᠠᠮ ᠤᠯᠠᠨ ᠰᠢᠨ᠎ᠡ ᠠᠰᠠᠭᠤᠳᠠᠯ ᠲᠤᠯᠭᠠᠷᠠᠬᠤ ᠪᠣᠯᠤᠨ᠎ᠠ᠂ ᠵᠢᠱᠢᠶᠡᠯᠡᠪᠡᠯ ᠨᠢᠭᠤᠴᠠ  ᠳᠤ ᠬᠤᠯᠪᠣᠭᠳᠠᠬᠤ ᠺᠣᠮᠫᠢᠦ᠋ᠲ᠋ᠧᠷ ᠤᠨ ᠬᠠᠮᠢᠶᠠᠷᠤᠯᠲᠠ᠂ ᠭᠤᠣᠯᠳᠠᠯᠭ᠎ᠠ ᠲᠠᠢ ᠨᠢᠭᠤᠴᠠ ᠳᠤ ᠬᠤᠯᠪᠣᠭᠳᠠᠬᠤ ᠬᠥᠮᠦᠰ  ᠤᠨ ᠰᠢᠯᠵᠢᠯᠲᠡ ᠶᠢᠨ ᠬᠠᠮᠢᠶᠠᠷᠤᠯᠲᠠ ᠵᠡᠷᠭᠡ ᠰᠢᠨ᠎ᠡ ᠠᠰᠠᠭᠤᠳᠠᠯ ᠪᠣᠯ ᠲᠡᠳᠡᠨ ᠢ ᠲᠠᠨᠢᠵᠤ ᠰᠢᠶᠳᠪᠦᠷᠢᠯᠡᠬᠦ ᠬᠦᠴᠢᠷᠳᠡᠯ  ᠨᠢ ᠤᠯᠠᠮ ᠠᠴᠠ ᠤᠯᠠᠮ ᠶᠡᠭᠡ ᠪᠣᠯᠤᠨ᠎ᠠ᠂ ᠨᠢᠭᠤᠴᠠ ᠶᠢ ᠬᠠᠮᠠᠭᠠᠯᠠᠬᠤ ᠠᠵᠢᠯᠲᠠᠨ ᠭᠠᠭᠴᠠ ᠬᠦ ᠦᠢᠯᠡᠳᠦᠯᠭᠡ ᠶᠢᠨ ᠳᠤᠮᠳᠠ ᠰᠢᠨ᠎ᠡ ᠮᠡᠳᠡᠯᠭᠡ ᠶᠢ ᠴᠢᠷᠮᠠᠶᠢᠨ ᠰᠤᠷᠤᠯᠴᠠᠵᠤ᠂ ᠰᠢᠨ᠎ᠡ ᠤᠷ᠎ᠠ ᠮᠡᠷᠭᠡᠵᠢᠯ ᠢ ᠡᠵᠡᠮᠰᠢᠨ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠪᠡᠯ ᠰᠠᠶ᠋ᠢ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ ᠴᠢᠳᠠᠨ᠎ᠠ᠃ ᠴᠠᠭ ᠦᠶ᠎ᠡ ᠶᠢᠨ ᠠᠯᠬᠤᠴᠠ ᠶᠢ ᠳᠠᠭᠠᠵᠤ᠂ ᠠᠵᠢᠯᠯᠠᠬᠤ ᠠᠷᠭ᠎ᠠ ᠮᠠᠶ᠋ᠢᠭ ᠢᠶᠠᠨ ᠠᠮᠢᠳᠤᠯᠢᠭ ᠪᠠᠶᠢᠯᠭᠠᠬᠤ ᠬᠡᠷᠡᠭᠲᠡᠶ᠃ ᠠᠯᠢ ᠨᠢᠭᠡᠨ ᠦᠨᠳᠦᠰᠦᠲᠡᠨ ᠪᠣᠯᠤᠨ ᠤᠯᠤᠰ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠶ ᠪᠠᠶᠢᠪᠠᠯ ᠳᠠᠷᠤᠶ ᠠᠮᠢᠵᠢᠷᠠᠯ ᠤᠨ ᠬᠦᠴᠦᠨ ᠢᠶᠠᠷ ᠲᠡᠭᠦᠯᠳᠡᠷ ᠪᠠᠶᠢᠵᠤ᠂ ᠦᠳᠲᠡᠷ ᠲᠦᠷᠭᠡᠨ ᠬᠥᠭᠵᠢᠵᠦ ᠴᠢᠳᠠᠨ᠎ᠠ︔ ᠠᠯᠢ ᠨᠢᠭᠡᠨ ᠦᠨᠳᠦᠰᠦᠲᠡᠨ ᠪᠣᠯᠤᠨ ᠤᠯᠤᠰ ᠨᠢ ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠵᠤ᠂ ᠦᠵᠡᠯ ᠰᠠᠨᠠᠭ᠎ᠠ ᠨᠢ ᠬᠥᠰᠢᠭᠦᠷᠡᠪᠡᠯ ᠳᠠᠷᠤᠶ ᠬᠥᠭᠵᠢᠵᠦ ᠴᠢᠳᠠᠬᠤ ᠦᠭᠡᠢ ᠪᠣᠯᠵᠤ᠂ ᠥᠷᠢᠰᠥᠯᠳᠦᠭᠡᠨ ᠤ ᠳᠤᠮᠳᠠ ᠰᠠᠨᠠᠭᠠᠴᠢᠯᠠᠭᠠᠲᠤ ᠪᠤᠰᠤ ᠪᠠᠷ ᠴᠣᠬᠢᠭᠳᠠᠬᠤ ᠪᠣᠯᠤᠨ᠎ᠠ᠃ ᠡᠶᠢᠮᠦ ᠠᠴᠠ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠤᠯᠠᠮᠵᠢᠯᠠᠯᠲᠤ ᠦᠵᠡᠯᠲᠡ ᠡᠪᠳᠡᠵᠦ᠂ 《 ᠠᠮᠢᠳᠤᠯᠢᠭ ᠪᠣᠯᠭᠠᠬᠤ 》 ᠦᠵᠡᠯ ᠰᠠᠨᠠᠭ᠎ᠠ ᠶᠢ ᠪᠠᠷᠢᠮᠲᠠᠯᠠᠬᠤ ᠬᠡᠷᠡᠭᠲᠡᠶ᠃ ᠭᠡᠪᠡᠴᠦ ᠰᠢᠨ᠎ᠡ ᠶᠢ ᠡᠭᠦᠳᠬᠦ ᠳᠤ ᠡᠷᠬᠡᠪᠰᠢ ᠰᠢᠨᠵᠢᠯᠡᠬᠦ ᠤᠬᠠᠭᠠᠨᠴᠢ ᠠᠷᠭ᠎ᠠ ᠳᠤ ᠲᠦᠰᠢᠭᠯᠡᠬᠦ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢ᠂ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭᠰᠠᠨ ᠮᠠᠰᠢ ᠤᠯᠠᠨ ᠠᠰᠠᠭᠤᠳᠠᠯ ᠪᠣᠯ ᠴᠥᠮ ᠥᠩᠭᠡᠷᠡᠭᠡᠭᠰᠡᠨ ᠳᠤ ᠪᠠᠶᠢᠭᠰᠠᠨ ᠦᠭᠡᠢ ᠶᠤᠮ᠂ ᠵᠠᠷᠢᠮ ᠠᠰᠠᠭᠤᠳᠠᠯ ᠨᠢ ᠣᠳᠣ ᠪᠣᠯᠲᠠᠯ᠎ᠠ ᠬᠠᠷᠢᠭᠤᠯᠲᠠ ᠣᠯᠤᠭᠠᠳᠤᠶ ᠪᠠᠶᠢᠭᠰᠠᠭᠠᠷ᠃ ᠬᠠᠶᠢᠨ ᠰᠦᠪᠡᠭᠴᠢᠯᠡᠯᠲᠡ ᠶᠢᠨ ᠳᠤᠮᠳᠠ ᠯᠠ ᠰᠤᠷᠤᠯᠴᠠᠵᠤ᠂ ᠦᠢᠯᠡᠳᠦᠯᠭᠡ ᠶᠢᠨ ᠳᠤᠮᠳᠠ ᠯᠠ ᠳᠡᠭᠡᠭᠰᠢᠯᠡᠭᠦᠯᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠠᠵᠢᠯᠲᠠᠳ ᠶᠡᠷᠦᠩᠬᠡᠶ ᠱᠦᠵᠢ ᠰᠢ ᠶᠢᠨ ᠫᠢᠩ  ᠤᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ᠂ ᠦᠵᠡᠯᠲᠡ ᠪᠠᠨ ᠰᠢᠨᠡᠳᠬᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠰᠢᠨᠵᠢᠯᠡᠬᠦ ᠤᠬᠠᠭᠠᠨᠴᠢ ᠰᠡᠳᠬᠢᠬᠦ ᠠᠷᠭ᠎ᠠ ᠪᠠ ᠤᠳᠤᠷᠢᠳᠬᠤ ᠠᠷᠭ᠎ᠠ ᠶᠢ ᠡᠵᠡᠮᠰᠢᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠰᠢᠨ᠎ᠡ ᠠᠰᠠᠭᠤᠳᠠᠯ ᠢ ᠠᠵᠢᠭᠯᠠᠬᠤ ᠪᠠ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠭᠠᠭᠴᠠ ᠬᠦ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠵᠣᠷᠢᠭᠲᠠᠶ ᠪᠠᠷ ᠬᠠᠶᠢᠨ ᠰᠦᠪᠡᠭᠴᠢᠯᠡᠯᠲᠡ ᠪᠠ ᠦᠢᠯᠡᠳᠦᠯᠭᠡ ᠬᠢᠪᠡᠯ ᠨᠢᠭᠤᠴᠠ ᠶᠢ ᠬᠠᠮᠠᠭᠠᠯᠠᠬᠤ ᠠᠵᠢᠯ ᠰᠠᠶ᠋ᠢ ᠴᠢᠨᠠᠷ ᠤᠨ ᠦᠰᠦᠷᠦᠯᠲᠡ ᠲᠠᠢ ᠪᠣᠯᠵᠤ ᠴᠢᠳᠠᠨ᠎ᠠ᠃        ᠭᠤᠷᠪᠠ ᠳᠤ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠨᠢᠭᠤᠴᠠ ᠶᠢ ᠬᠠᠮᠠᠭᠠᠯᠠᠬᠤ ᠠᠵᠢᠯ ᠤᠨ ᠰᠠᠶᠢᠨ ᠮᠠᠭᠤ ᠨᠢ ᠶᠡᠬᠡᠩᠬᠢ ᠬᠡᠮᠵᠢᠶᠡᠨ ᠳᠤ ᠵᠠᠷᠤᠳᠠᠯ ᠤᠨ ᠣᠷᠣᠭᠤᠯᠤᠯᠲᠠ ᠪᠠᠷ ᠲᠣᠭᠲᠠᠭᠠᠭᠳᠠᠨ᠎ᠠ᠃ ᠭᠦᠢᠴᠡᠳ ᠵᠠᠷᠤᠳᠠᠯ ᠤᠨ ᠪᠠᠲᠤᠯᠠᠭ᠎ᠠ ᠦᠭᠡᠢ ᠪᠣᠯ ᠨᠢᠭᠤᠴᠠ ᠶᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ ᠴᠢᠳᠠᠬᠤ ᠦᠭᠡᠢ ᠶᠤᠮ᠃ ᠨᠢᠭᠤᠴᠠ ᠶᠢ ᠬᠠᠮᠠᠭᠠᠯᠠᠬᠤ ᠠᠵᠢᠯ ᠤᠨ ᠵᠠᠷᠤᠳᠠᠯ  ᠤᠨ ᠣᠷᠣᠭᠤᠯᠤᠯᠲᠠ ᠶᠢ ᠨᠡᠮᠡᠭᠳᠡᠭᠦᠯᠬᠦ ᠭᠡᠳᠡᠭ ᠨᠢ ᠶᠠᠭᠤᠨ ᠤ ᠡᠮᠦᠨ᠎ᠡ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠲᠡᠷᠢᠭᠦᠨ ᠤ ᠬᠡᠮᠵᠢᠭᠦᠷᠯᠢᠭ ᠲᠥᠬᠦᠭᠡᠷᠦᠮᠵᠢ ᠶᠢ ᠨᠡᠮᠡᠬᠦ ᠬᠡᠷᠡᠭᠲᠡᠶ᠂ ᠡᠨᠡ ᠪᠣᠯ ᠨᠢᠭᠤᠴᠠ ᠶᠢ ᠬᠠᠮᠠᠭᠠᠯᠠᠬᠤ ᠠᠵᠢᠯ ᠢ ᠤᠷᠤᠭᠰᠢᠲᠠᠶ ᠥᠷᠨᠢᠭᠦᠯᠬᠦ ᠶᠢᠨ ᠰᠠᠭᠤᠷᠢ ᠮᠥᠨ᠃ ᠳᠠᠷᠠᠭᠠᠯᠠᠪᠠᠯ ᠨᠢᠭᠤᠴᠠ ᠳᠤ ᠬᠤᠯᠪᠣᠭᠳᠠᠬᠤ ᠬᠥᠮᠦᠰ ᠤᠨ ᠬᠠᠷᠠᠭᠠᠯᠵᠠᠯ ᠢ ᠴᠢᠷᠮᠠᠶᠢᠨ ᠳᠡᠭᠡᠭᠰᠢᠯᠡᠭᠦᠯᠵᠦ᠂ ᠴᠢᠳᠠᠪᠤᠷᠢᠲᠠᠨ ᠤ ᠭᠡᠭᠡᠭᠳᠡᠬᠦ ᠶᠢ ᠰᠡᠷᠭᠡᠶᠢᠯᠡᠬᠦ ᠬᠡᠷᠡᠭᠲᠡᠶ᠃ ᠬᠥᠮᠥᠨ ᠪᠣᠯ ᠨᠢᠭᠤᠴᠠ ᠶᠢ ᠬᠠᠮᠠᠭᠠᠯᠠᠬᠤ ᠠᠵᠢᠯ ᠤᠨ ᠳᠤᠮᠳᠠᠬᠢ ᠬᠠᠮᠤᠭ ᠤᠨ ᠢᠳᠡᠪᠬᠢᠲᠡᠶ ᠦᠨᠳᠦᠰᠦᠨ ᠡᠯᠧᠮᠧᠨ᠋ᠲ ᠮᠥᠨ᠂ ᠨᠢᠭᠤᠴᠠ ᠳᠤ ᠬᠤᠯᠪᠣᠭᠳᠠᠬᠤ ᠬᠥᠮᠥᠨ ᠨᠢ ᠨᠢᠭᠡᠨᠲᠡ ᠨᠢᠭᠤᠴᠠ ᠶᠢ ᠬᠠᠮᠠᠭᠠᠯᠠᠬᠤ ᠠᠵᠢᠯ ᠤᠨ ᠵᠥᠭᠡᠯᠡᠨ ᠡᠬᠢ ᠪᠠᠶᠠᠯᠢᠭ ᠪᠣᠯᠤᠭᠰᠠᠨ ᠪᠠᠶᠢᠨ᠎ᠠ᠃ ᠨᠢᠭᠤᠴᠠ ᠳᠤ ᠬᠤᠯᠪᠣᠭᠳᠠᠬᠤ ᠬᠥᠮᠦᠰ ᠤᠨ ᠬᠠᠷᠠᠭᠠᠯᠵᠠᠯ ᠢ ᠳᠡᠭᠡᠭᠰᠢᠯᠡᠭᠦᠯᠵᠦ᠂ ᠨᠢᠭᠤᠴᠠ ᠳᠤ ᠬᠤᠯᠪᠣᠭᠳᠠᠬᠤ ᠬᠥᠮᠦᠰ ᠤᠨ ᠠᠯᠳᠠᠭᠳᠠᠬᠤ ᠶᠢ ᠰᠡᠷᠭᠡᠶᠢᠯᠡᠬᠦ ᠨᠢ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯᠳᠠᠯᠭ᠎ᠠ ᠲᠠᠢ ᠠᠭᠤᠯᠭ᠎ᠠ ᠪᠣᠯᠵᠠᠶ᠃        ᠳᠥᠷᠪᠡ ᠳᠤ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠡᠳᠦᠷ ᠲᠣᠲᠤᠮ ᠤᠨ ᠠᠵᠢᠯ  ᠢ ᠵᠢᠷᠤᠮᠵᠢᠭᠤᠯᠤᠨ ᠳᠦᠷᠢᠮᠵᠢᠭᠦᠯᠦᠨ᠎ᠡ᠃ ᠨᠢᠭᠡ ᠨᠢᠭᠡᠴᠢ᠂ ᠨᠢᠭᠡ ᠰᠠᠯᠠᠭ᠎ᠠ ᠮᠥᠴᠢᠷ ᠤᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠨᠢᠭᠤᠴᠠ ᠶᠢ ᠬᠠᠮᠠᠭᠠᠯᠠᠬᠤ ᠠᠵᠢᠯᠲᠠᠨ ᠤ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠪᠦᠬᠦ ᠠᠵᠢᠯᠲᠠᠨ ᠤ ᠡᠭᠦᠷᠭᠡ ᠮᠥᠨ᠃ ᠦᠨᠡᠨ ᠳᠡᠭᠡᠨ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠣᠭᠳᠠᠬᠤ ᠬᠦᠷᠢᠶ᠎ᠡ ᠬᠡᠪᠴᠢᠶ᠎ᠡ ᠨᠢ ᠮᠠᠰᠢ ᠥᠷᠭᠡᠨ᠂ ᠨᠢᠭᠡᠨ ᠳᠥᠭᠦᠮᠬᠡᠨ ᠵᠢᠷᠤᠭ ᠴᠠᠭᠠᠰᠤ᠂ ᠨᠢᠭᠡ ᠬᠤᠪᠢ ᠡᠩ  ᠤᠨ ᠪᠢᠴᠢᠭ ᠮᠠᠲ᠋ᠧᠷᠢᠶᠠᠯ ᠳᠤ ᠪᠦᠷ ᠨᠢᠭᠤᠴᠠ ᠳᠤ ᠬᠤᠯᠪᠣᠭᠳᠠᠬᠤ ᠠᠭᠤᠯᠭ᠎ᠠ ᠠᠭᠤᠯᠤᠭᠳᠠᠵᠤ ᠮᠡᠳᠡᠨ᠎ᠡ᠃ ᠡᠶᠢᠮᠦ  ᠠᠴᠠ ᠠᠵᠢᠯᠲᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠬᠥᠮᠦᠵᠢᠭᠦᠯᠵᠦ᠂ ᠲᠡᠳᠡᠨ ᠤ ᠨᠢᠭᠤᠴᠠ ᠶᠢ ᠬᠠᠮᠠᠭᠠᠯᠠᠬᠤ ᠬᠡᠪ ᠴᠢᠨᠠᠷ ᠢ ᠳᠡᠭᠡᠭᠰᠢᠯᠡᠭᠦᠯᠬᠦ ᠨᠢ ᠮᠥᠨ ᠴᠦ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠨᠢᠭᠡ ᠠᠭᠤᠯᠭ᠎ᠠ ᠪᠣᠯᠬᠤ ᠶᠤᠮ᠃ ᠰᠤᠷᠪᠤᠯᠵᠢᠯᠠᠭᠴᠢ᠄  ᠲᠠᠨ ᠤ ᠦᠵᠡᠬᠦ ᠪᠠᠷ ᠮᠠᠨ ᠤ ᠪᠠᠶᠢᠭᠤᠯᠭ᠎ᠠ᠂ ᠨᠢᠭᠡᠴᠢ ᠶᠢᠨ ᠠᠵᠢᠯ ᠤᠨ ᠳᠤᠮᠳᠠ ᠶᠠᠮᠠᠷ ᠶᠠᠮᠠᠷ ᠨᠢᠭᠤᠴᠠ ᠶᠢ ᠬᠠᠮᠠᠭᠠᠯᠠᠬᠤ ᠠᠰᠠᠭᠤᠳᠠᠯ ᠢ ᠠᠩᠬᠠᠷᠪᠠᠯ ᠵᠣᠬᠢᠬᠤ ᠪᠤᠢ︖ ᠰᠢᠶᠣᠤ ᠵᠢᠶᠠᠨ ᠵᠦᠩ᠄ ᠮᠠᠨ ᠤ ᠪᠠᠶᠢᠭᠤᠯᠭ᠎ᠠ ᠨᠢᠭᠡᠴᠢ ᠶᠢᠨ ᠡᠳᠦᠷ ᠲᠣᠲᠤᠮ ᠤᠨ ᠠᠯᠪᠠᠨ ᠠᠵᠢᠯ ᠳᠤ᠂ ᠨᠢᠭᠤᠴᠠ  ᠳᠤ ᠬᠤᠯᠪᠣᠭᠳᠠᠬᠤ ᠬᠥᠮᠦᠰ ᠪᠠ ᠨᠢᠭᠤᠴᠠ ᠳᠤ ᠥᠯᠥ ᠬᠤᠯᠪᠣᠭᠳᠠᠬᠤ ᠬᠥᠮᠦᠰ ᠪᠦᠷ ᠨᠢᠭᠤᠴᠠ ᠶᠢ ᠬᠠᠮᠠᠭᠠᠯᠠᠬᠤ ᠤᠬᠠᠮᠰᠠᠷ ᠲᠠᠢ ᠪᠠᠶᠢᠬᠤ ᠬᠡᠷᠡᠭᠲᠡᠶ᠂ ᠪᠣᠳᠠᠲᠠᠶ ᠪᠠᠷ ᠬᠡᠯᠡᠪᠡᠯ᠂ 《 ᠠᠷᠪᠠᠨ ᠪᠣᠯᠬᠤ ᠦᠭᠡᠢ 》 ᠭᠡᠵᠦ ᠬᠤᠷᠢᠶᠠᠩᠭᠤᠶᠢᠯᠠᠵᠤ ᠪᠣᠯᠤᠨ᠎ᠠ᠂ ᠲᠤᠬᠠᠶᠢᠯᠠᠪᠠᠯ᠄ ᠨᠢᠭᠤᠴᠠ ᠳᠤ ᠬᠤᠯᠪᠣᠭᠳᠠᠬᠤ ᠬᠥᠮᠦᠰ ᠳᠤᠷ᠎ᠠ ᠪᠠᠷ ᠢᠶᠠᠨ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠳᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ︔ ᠨᠢᠭᠤᠴᠠ ᠳᠤ ᠥᠯᠥ ᠬᠤᠯᠪᠣᠭᠳᠠᠬᠤ ᠬᠥᠮᠥᠨ ᠶᠠᠮᠠᠷᠪᠠ ᠰᠢᠯᠲᠠᠭᠠᠨ᠂ ᠠᠷᠭ᠎ᠠ ᠵᠠᠮ ᠢᠶᠠᠷ ᠨᠢᠭᠤᠴᠠ ᠶᠢ ᠬᠠᠤᠯᠢ ᠪᠤᠰᠤ ᠪᠠᠷ ᠮᠡᠳᠡᠵᠦ ᠪᠣᠯᠬᠤ ᠥᠬᠡᠶ︔ ᠭᠠᠷ ᠤᠲᠠᠰᠤ ᠪᠤᠶᠤ ᠡᠩ ᠤᠨ ᠳ᠋ᠢᠶᠠᠩᠬᠤᠸᠠ ᠪᠠᠷ ᠤᠯᠤᠰ ᠤᠨ ᠨᠢᠭᠤᠴᠠ ᠶᠢ ᠶᠠᠷᠢᠯᠴᠠᠵᠤ ᠪᠣᠯᠬᠤ ᠦᠭᠡᠢ︔ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠢᠨᠲ᠋ᠧᠷ ᠰᠦᠯᠵᠢᠶ᠎ᠡ ᠳᠤ ᠵᠠᠯᠭᠠᠨ ᠣᠷᠣᠭᠤᠯᠵᠤ ᠪᠣᠯᠬᠤ ᠥᠬᠡᠶ︔ ᠨᠢᠭᠤᠴᠠ ᠳᠤ ᠬᠤᠯᠪᠣᠭᠳᠠᠬᠤ U ᠳ᠋ᠢᠰᠺ᠂ ᠰᠢᠯᠵᠢᠮᠡᠯ ᠬᠠᠲᠠᠭᠤ ᠳ᠋ᠢᠰᠺ᠂ ᠭᠡᠷᠡᠯ ᠳ᠋ᠢᠰᠺ ᠢ ᠢᠨᠲ᠋ᠧᠷ ᠰᠦᠯᠵᠢᠶ᠎ᠡ ᠲᠠᠢ ᠬᠤᠯᠪᠣᠭᠰᠠᠨ ᠺᠣᠮᠫᠢᠦ᠋ᠲ᠋ᠧᠷ ᠲᠠᠢ ᠵᠠᠯᠭᠠᠵᠤ ᠪᠣᠯᠬᠤ ᠦᠭᠡᠢ︔ ᠢᠨᠲ᠋ᠧᠷ ᠰᠦᠯᠵᠢᠶ᠎ᠡ ᠲᠠᠢ ᠬᠤᠯᠪᠣᠭᠰᠠᠨ ᠺᠣᠮᠫᠢᠦ᠋ᠲ᠋ᠧᠷ ᠳᠡᠭᠡᠷ᠎ᠡ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠰᠢᠶᠳᠪᠦᠷᠢᠯᠡᠵᠦ ᠪᠣᠯᠬᠤ ᠦᠭᠡᠢ︔ ᠤᠲᠠᠰᠤ ᠦᠭᠡᠢ ᠰᠦᠯᠵᠢᠶᠡᠨ ᠳᠤ ᠭᠠᠷᠬᠤ ᠴᠢᠳᠠᠪᠤᠷᠢ ᠲᠠᠢ ᠺᠣᠮᠫᠢᠦ᠋ᠲ᠋ᠧᠷ ᠢ ᠬᠡᠷᠡᠭᠯᠡᠨ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠰᠢᠶᠳᠪᠦᠷᠢᠯᠡᠵᠦ ᠪᠣᠯᠬᠤ ᠦᠭᠡᠢ︔ ᠨᠢᠭᠤᠴᠠ ᠶᠢ ᠬᠠᠮᠠᠭᠠᠯᠠᠬᠤ ᠲᠣᠨᠣᠭᠯᠠᠯ ᠨᠡᠮᠡᠭᠰᠡᠨ ᠦᠭᠡᠢ ᠳᠦᠷᠰᠦᠲᠦ ᠴᠠᠬᠢᠯᠭᠠᠨ ᠮᠠᠰᠢᠨ ᠢ ᠬᠡᠷᠡᠭᠯᠡᠨ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠪᠣᠯᠤᠨ ᠮᠡᠳᠡᠭᠡ ᠵᠠᠩᠭᠢ ᠶᠢ ᠳᠠᠮᠵᠢᠭᠤᠯᠵᠤ ᠪᠣᠯᠬᠤ ᠦᠭᠡᠢ︔ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠳᠤᠷ᠎ᠠ ᠪᠠᠷ ᠢᠶᠠᠨ ᠪᠠᠭᠤᠯᠭᠠᠨ ᠠᠪᠴᠤ᠂ ᠲᠣᠪᠴᠢᠯᠠᠨ ᠬᠠᠭᠤᠯᠵᠤ᠂ ᠤᠰᠠᠳᠬᠠᠬᠤ ᠪᠠ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠵᠤ ᠪᠣᠯᠬᠤ ᠦᠭᠡᠢ︔ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ᠂ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠠᠯᠪᠠᠨ ᠭᠡᠷ ᠪᠤᠶᠤ ᠭᠡᠷ ᠠᠴᠠ ᠪᠠᠨ ᠠᠪᠴᠤ ᠭᠠᠷᠴᠤ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠰᠢᠶᠳᠪᠦᠷᠢᠯᠡᠵᠦ ᠪᠣᠯᠬᠤ ᠥᠬᠡᠶ᠃        ᠨᠢᠭᠤᠴᠠ ᠶᠢ ᠬᠠᠮᠠᠭᠠᠯᠠᠬᠤ ᠠᠵᠢᠯ ᠪᠣᠯ ᠶᠡᠷᠦ ᠠᠴᠠ ᠨᠠᠮ ᠪᠠ ᠤᠯᠤᠰ ᠤᠨ ᠨᠢᠭᠡᠨ ᠴᠢᠬᠤᠯᠠ ᠠᠵᠢᠯ ᠮᠥᠨ ᠂ ᠤᠯᠤᠰ ᠣᠷᠣᠨ ᠤ ᠪᠦᠬᠦᠯᠢ ᠴᠣᠭᠴᠠ ᠶᠢᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠨᠢᠭᠤᠴᠠ ᠶᠢ ᠬᠠᠮᠠᠭᠠᠯᠠᠬᠤ ᠠᠵᠢᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠳᠠᠷᠤᠶ ᠤᠯᠤᠰ ᠤᠨ ᠠᠮᠤᠷ ᠲᠦᠪᠰᠢᠨ ᠢ ᠪᠠᠲᠤᠯᠠᠵᠤ᠂ ᠭᠡᠷ ᠪᠦᠯᠢ ᠶᠢᠨ ᠠᠮᠤᠷ ᠲᠦᠪᠰᠢᠨ ᠢ ᠪᠠᠲᠤᠯᠠᠵᠤ᠂ ᠬᠤᠪᠢ ᠬᠥᠮᠦᠨ ᠤ ᠠᠮᠤᠷ ᠲᠦᠪᠰᠢᠨ ᠢ ᠪᠠᠲᠤᠯᠠᠵᠤ᠂ ᠨᠢᠭᠡᠴᠢ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠥᠮ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ︽ᠶᠡᠷᠦᠩᠬᠡᠢ ᠴᠣᠭᠴᠠ ᠶᠢᠨ ᠤᠯᠤᠰ  ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠳᠤ ᠲᠥᠯᠥᠪᠵᠢᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ︾ ᠵᠠᠷᠴᠢᠮ ᠶᠣᠰᠣᠭᠠᠷ᠂ ᠰᠢᠨ᠎ᠡ  ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ 《 ᠲᠠᠪᠤ ᠶᠢ ᠪᠠᠷᠢᠮᠲᠠᠯᠠᠬᠤ 》 ᠶᠢ ᠪᠣᠳᠠᠲᠠᠶ ᠪᠠᠷ ᠪᠡᠶᠡᠯᠡᠭᠦᠯᠬᠦ ᠬᠡᠷᠡᠭᠲᠡᠶ᠂ ᠲᠤᠬᠠᠶᠢᠯᠠᠪᠠᠯ 《 ᠨᠡᠪᠲᠡᠷᠡᠭᠦᠯᠦᠭᠴᠢ ᠲᠣᠯᠢ 》 ᠪᠠᠷ ᠨᠠᠮᠴᠢ ᠴᠢᠨᠠᠷ ᠢ ᠪᠠᠲᠤᠯᠠᠨ᠂ 《 ᠳᠤᠷᠠᠨ 》 ᠢᠶᠠᠷ ᠨᠢᠭᠤᠴᠠ ᠶᠢ ᠬᠠᠮᠠᠭᠠᠯᠠᠬᠤ ᠪᠠᠶᠢᠳᠠᠯ ᠢ ᠦᠵᠡᠬᠦ ᠶᠢ ᠪᠠᠷᠢᠮᠲᠠᠯᠠᠵᠤ᠂ 《 ᠮᠢᠺᠷᠣᠰᠺᠣᠫ 》 ᠢᠶᠠᠷ ᠠᠰᠠᠭᠤᠳᠠᠯ ᠤᠨ ᠳᠠᠯᠳᠠ ᠭᠡᠮ ᠢ ᠪᠠᠶᠢᠴᠠᠭᠠᠵᠤ᠂ 《 ᠣᠯᠠᠨ ᠢᠷᠮᠡᠭᠲᠦ ᠰᠢᠯ 》 ᠢᠶᠠᠷ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠬᠦ ᠶᠢ ᠪᠠᠷᠢᠮᠲᠠᠯᠠᠵᠤ᠂ 《 ᠲᠣᠮᠣᠷᠠᠭᠤᠯᠤᠭᠴᠢ ᠲᠣᠯᠢ 》 ᠪᠠᠷ ᠨᠢᠭᠤᠴᠠ ᠶᠢ ᠵᠠᠳᠠᠷᠠᠭᠤᠯᠬᠤ ᠬᠤᠣᠷ ᠬᠥᠨᠥᠭᠡᠯ ᠢ ᠦᠵᠡᠬᠦ ᠶᠢ ᠪᠠᠷᠢᠮᠲᠠᠯᠠᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠦᠬᠦ ᠰᠢᠶᠠᠨ ᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠱᠠᠩᠳᠤ ᠶᠢ ᠪᠦᠲᠦᠭᠡᠨ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃                                                     ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2