ᠪᠦᠬᠦ ᠬᠤᠳᠠ ᠶᠢᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠨᠠᠶᠢᠷᠠᠭᠤᠯᠤᠭᠴᠢ ︵ᠤᠷᠴᠢᠭᠤᠯᠤᠭᠴᠢ︶ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠠᠩᠬᠢ ᠶᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2019-05-09
     2019 ᠤᠨ ᠤ 5 ᠰᠠᠷ᠎ᠠ ᠶᠢᠨ 7 — 8 ᠤ ᠡᠳᠦᠷ᠂ ᠪᠦᠬᠦ ᠬᠤᠳᠠ ᠶᠢᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠨᠠᠶᠢᠷᠠᠭᠤᠯᠤᠭᠴᠢ ︵ᠤᠷᠴᠢᠭᠤᠯᠤᠭᠴᠢ︶ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠠᠩᠬᠢ ᠶᠢ ᠡᠷᠬᠢᠯᠡᠨ ᠶᠠᠪᠤᠭᠳᠠᠭᠤᠯᠵᠤ᠂ ᠮᠠᠨ ᠤ ᠬᠤᠳᠠ ᠶᠢᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠢ ᠴᠢᠨᠠᠭᠰᠢᠳᠠ ᠴᠢᠩᠭᠠᠳᠬᠠᠵᠤ᠂ ᠰᠦᠯᠵᠢᠶᠡᠨ ᠤ ᠨᠠᠶᠢᠷᠠᠭᠤᠯᠤᠭᠴᠢ ᠤᠷᠴᠢᠭᠤᠯᠤᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠮᠤᠩᠭᠤᠯ ᠤᠷᠴᠢᠭᠤᠯᠭ᠎ᠠ ᠶᠢᠨ ᠤᠨᠤᠯ ᠢ ᠲᠦᠯᠬᠢᠨ ᠠᠬᠢᠭᠤᠯᠪᠠ᠃
               ᠡᠬᠢᠯᠡᠯᠲᠡ ᠶᠢᠨ ᠶᠤᠰᠤᠯᠠᠯ      ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠰᠦᠯᠵᠢᠶᠡᠨ ᠦᠷᠳᠡᠭᠡᠨ ᠤ ᠴᠤᠭᠯᠠᠷᠠᠯ ᠤᠨ ᠪᠠᠶᠢᠭᠤᠯᠤᠯᠳᠠ ᠶᠢᠨ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ ᠳᠡᠳ᠋ ᠳᠠᠷᠤᠭ᠎ᠠ ᠪᠠᠶᠠᠨᠪᠠᠭᠠᠳᠤᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠷᠴᠢᠭᠤᠯᠭ᠎ᠠ ᠶᠢᠨ ᠭᠠᠵᠠᠷ ᠤᠨ ᠪᠠᠶᠢᠴᠠᠭᠠᠨ ᠰᠤᠳᠤᠯᠤᠭᠴᠢ ᠬᠠᠰᠬᠤᠸᠠᠷ᠂ ᠬᠤᠲᠠ ᠶᠢᠨ ᠵᠠᠰᠠᠭ ᠤᠨ ᠤᠷᠳᠤᠨ ᠤ ᠵᠠᠰᠠᠭ ᠤᠨ ᠰᠦᠯᠵᠢᠶᠡᠨ ᠤ ᠬᠠᠷᠢᠭᠤᠴᠠᠯᠭᠠᠳᠠᠨ᠂ ᠬᠤᠲᠠ ᠶᠢᠨ ᠵᠠᠰᠠᠭ ᠤᠨ ᠤᠷᠳᠤᠨ ᠤ ᠤᠷᠴᠢᠭᠤᠯᠬᠤ ᠨᠠᠶᠢᠷᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠳᠠᠯᠪᠢᠪᠠ᠃ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠵᠢᠴᠢ ᠡᠯ᠎ᠡ ᠬᠤᠰᠢᠭᠤ ᠰᠢᠶᠠᠨ ᠬᠤᠳᠠ ᠲᠤᠭᠤᠷᠢᠭ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠬᠠᠷᠢᠭᠤᠴᠠᠯᠭᠠᠳᠠᠨ᠂ ᠨᠠᠶᠢᠷᠠᠭᠤᠯᠤᠭᠴᠢ ᠤᠷᠴᠢᠭᠤᠯᠤᠭᠴᠢ᠂ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠷᠴᠢᠭᠤᠯᠤᠭᠴᠢ ᠨᠠᠶᠢᠷᠠᠭᠤᠯᠤᠭᠴᠢ ᠨᠡᠶᠢᠳᠡ 50 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠪᠠ᠃
            ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠴᠤᠭᠯᠠᠷᠠᠯ ᠤᠨ            ᠪᠠᠶᠢᠭᠤᠯᠤᠯᠳᠠ ᠳᠤ ᠮᠡᠷᠭᠡᠵᠢᠯ ᠤᠨ ᠵᠢᠯᠤᠭᠤᠳᠤᠯᠭ᠎ᠠ ᠬᠢᠵᠦ ᠪᠠᠶᠢᠭ᠎ᠠ ᠨᠢ       ᠲᠤᠰ ᠤᠳᠠᠭᠠᠨ ᠤ ᠪᠤᠯᠪᠠᠰᠤᠷᠠᠭᠤᠯᠤᠯ ᠤᠨ ᠠᠩᠬᠢ ᠶᠢ ᠡᠷᠬᠢᠯᠡᠭᠰᠡᠨ ᠭᠤᠤᠯ ᠵᠤᠷᠢᠯᠭ᠎ᠠ ᠨᠢ᠄ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠳᠤ ᠤᠷᠤᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠰᠦᠯᠵᠢᠶ᠎ᠡ ᠤ ᠳᠠᠷᠠᠭᠠᠴᠢ ᠶᠢᠨ ᠠᠯᠬᠤᠮ ᠤᠨ ᠬᠠᠮᠢᠶᠠᠷᠤᠯᠳᠠ᠂ ᠫᠷᠦᠭᠷᠡᠮ ᠤᠨ ᠲᠤᠬᠢᠷᠠᠭᠤᠯᠤᠯᠳᠠ ᠵᠡᠷᠭᠡ ᠠᠰᠠᠭᠤᠳᠠᠯ ᠢ ᠪᠠᠶᠢᠷᠢᠯᠠᠭᠤᠯᠤᠨ᠂ ᠲᠤᠰᠬᠠᠢ ᠮᠡᠷᠭᠡᠵᠢᠯᠳᠡᠨ ᠢ ᠤᠷᠢᠵᠤ ᠬᠢᠴᠢᠶᠡᠯ ᠳᠠᠶᠢᠯᠪᠤᠷᠢᠯᠠᠭᠤᠯᠬᠤ ᠪᠠᠷ ᠳᠠᠮᠵᠢᠨ᠂ ᠮᠤᠩᠭᠤᠯ ᠰᠦᠯᠵᠢᠶᠡᠨ ᠤ ᠨᠠᠶᠢᠷᠠᠭᠤᠯᠤᠭᠴᠢ ᠤᠷᠴᠢᠭᠤᠯᠤᠭᠴᠢ ᠶᠢᠨ ᠨᠠᠶᠢᠷᠠᠭᠤᠯᠵᠤ ᠤᠷᠴᠢᠭᠤᠯᠬᠤ ᠬᠢᠷᠢ ᠲᠦᠪᠰᠢᠨ ᠢ ᠳᠡᠭᠡᠭᠰᠢᠯᠡᠬᠦᠯᠵᠦ ᠂ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠬᠠᠮᠢᠶᠠᠷᠤᠯᠳᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠬᠦᠯᠬᠦ ᠳᠤ ᠪᠤᠢ ᠭᠡᠵᠦ ᠬᠤᠤ ᠸᠧᠨ ᠶᠤᠸᠠᠢ ᠴᠢᠩᠭᠠᠳᠬᠠᠪᠠ᠃      ᠬᠠᠰᠬᠤᠸᠠᠷ ᠠᠴᠠ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠰᠦᠯᠵᠢᠶᠡᠨ ᠦᠷᠳᠡᠭᠡᠨ ᠤ ᠴᠤᠭᠯᠠᠷᠠᠯ ᠤᠨ ᠡᠬᠢᠯᠡᠵᠦ ᠪᠠᠶᠢᠭᠤᠯᠤᠭᠳᠠᠭᠰᠠᠨ ᠠᠴᠠ ᠨᠠᠰᠢᠬᠢ ᠠᠵᠢᠯ ᠤᠨ ᠪᠠᠶᠢᠳᠠᠯ ᠢ ᠳ᠋ᠦᠩᠨᠡᠵᠦ᠂ ᠤᠷᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠳᠠᠶᠢᠯᠪᠤᠷᠢᠯᠠᠨ ᠶᠠᠷᠢᠵᠤ᠂ ᠮᠤᠩᠭᠤᠯ ᠰᠦᠯᠵᠢᠶᠡᠨ ᠦᠷᠳᠡᠭᠡᠨ ᠤ ᠴᠢᠬᠤᠯᠠ ᠴᠢᠨᠠᠷ ᠢ ᠴᠢᠩᠭᠠᠳᠬᠠᠪᠠ᠃      ᠳᠤᠮᠳᠠᠳᠤ ᠤᠯᠤᠰ ᠤᠨ ᠦᠨᠳᠦᠰᠦᠳᠡᠨ ᠤ ᠬᠡᠯᠡ ᠪᠢᠴᠢᠭ ᠤᠨ ᠤᠷᠴᠢᠭᠤᠯᠭ᠎ᠠ ᠶᠢᠨ ᠳᠤᠪᠴᠢᠶᠠᠨ ᠤ ᠤᠯᠤᠰ ᠤᠨ ᠬᠤᠶᠠᠳᠤᠭᠠᠷ ᠳᠡᠰ ᠤᠨ ᠬᠢᠨᠠᠨ ᠤᠷᠴᠢᠭᠤᠯᠤᠭᠴᠢ᠂ ᠤᠷᠴᠢᠭᠤᠯᠭ᠎ᠠ ᠶᠢᠨ ᠵᠢᠯᠤᠭᠤᠳᠤᠭᠴᠢ ᠪᠠᠭᠰᠢ᠂ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠪᠰᠤᠷᠭᠠᠭᠰᠠᠨ ᠫᠷᠤᠹᠧᠰᠰᠤᠷ᠂ ᠨᠠᠶᠢᠷᠠᠭᠤᠯᠤᠭᠴᠢ ᠶᠢᠨ ᠵᠤᠬᠢᠶᠠᠯᠴᠢ ᠠᠯᠳᠠᠨᠪᠠᠭᠠᠨ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ᠂ ᠦᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠪᠠᠷᠢᠮᠵᠢᠶ᠎ᠠ ᠠᠶᠠᠯᠭᠤ ᠶᠢᠨ ᠠᠵᠢᠯ ᠤᠨ ᠵᠦᠪᠯᠡᠯ ᠤᠨ ᠪᠠᠶᠢᠩᠭᠤ ᠶᠢᠨ ᠬᠡᠰᠢᠬᠦᠨ ᠰᠡᠴᠡᠨᠪᠠᠭᠠᠳᠤᠷ᠂ ᠦᠪᠦᠷ ᠮᠤᠩᠭᠤᠯ ᠤᠨ ᠮᠦᠩᠭᠡᠭᠠᠯ ᠮᠤᠩᠭᠤᠯ ᠰᠤᠶᠤᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠰᠦᠯᠵᠢᠶᠡᠨ ᠤ ᠡᠷᠬᠢᠯᠳᠡ ᠶᠢᠨ ᠬᠠᠮᠠᠭᠠᠯᠠᠯᠳᠠ ᠶᠢᠨ ᠶᠡᠷᠦᠩᠭᠡᠢ ᠬᠢᠨᠠᠭᠴᠢ᠂ ᠮᠡᠷᠭᠡᠵᠢᠯ ᠤᠨ ᠵᠦᠪᠯᠡᠭᠴᠢ ᠰᠡᠴᠡᠨᠳᠤᠯᠭᠠᠭᠤᠷᠢ ᠪᠤᠯᠪᠠᠰᠤᠷᠠᠭᠤᠯᠤᠯ ᠳᠤ ᠲᠤᠰᠬᠠᠢ ᠰᠡᠳᠦᠪ ᠢᠶᠠᠷ ᠳᠠᠶᠢᠯᠤᠮᠵᠢ ᠬᠢᠪᠡ᠃
                 ᠬᠠᠮᠲᠤ ᠶᠢᠨ ᠰᠡᠭᠦᠳᠡᠷ      ᠪᠤᠯᠪᠠᠰᠤᠷᠠᠭᠤᠯᠤᠯ ᠳᠤ ᠮᠤᠩᠭᠤᠯ ᠬᠢᠳᠠᠳ ᠦᠰᠦᠭ ᠪᠢᠴᠢᠭ ᠤᠨ ᠤᠷᠴᠢᠭᠤᠯᠭ᠎ᠠ ᠶᠢᠨ ᠤᠨᠤᠯ ᠪᠠ ᠤᠷ᠎ᠠ ᠮᠡᠷᠭᠡᠵᠢᠯ᠂ ᠨᠠᠮ ᠵᠠᠰᠠᠭ ᠤᠨ ᠠᠯᠪᠠᠨ ᠪᠢᠴᠢᠭ ᠤᠨ ᠤᠷᠴᠢᠭᠤᠯᠭ᠎ᠠ ᠶᠢᠨ ᠭᠤᠤᠯᠳᠠᠯᠭ᠎ᠠ ᠪᠠ ᠬᠦᠴᠢᠷᠳᠡᠯ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠴᠤᠭᠯᠠᠷᠠᠯ ᠤᠨ ᠪᠠᠶᠢᠭᠤᠯᠤᠯᠳᠠ ᠶᠢᠨ ᠤᠨᠤᠯ ᠪᠠ ᠮᠡᠷᠭᠡᠵᠢᠯ ᠤᠨ ᠵᠢᠯᠤᠭᠤᠳᠤᠯᠭ᠎ᠠ ᠵᠢᠴᠢ ᠳ᠋ᠠᠶᠢᠲ᠋ᠠ ᠶᠢᠨ ᠬᠠᠳᠠᠭᠠᠯᠠᠯᠳᠠ ᠳᠠᠩᠰᠠᠯᠠᠯᠳᠠ᠂ ᠳᠠᠩᠰᠠ ᠡᠪᠭᠡᠮᠡᠯ ᠤᠨ ᠲᠦᠷᠢᠮᠵᠢᠯ ᠡᠮᠬᠢᠳᠭᠡᠯ ᠵᠡᠷᠭᠡ ᠬᠢᠴᠢᠶᠡᠯ ᠤᠨ ᠠᠭᠤᠯᠭ᠎ᠠ ᠪᠠᠶᠢᠬᠤ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠬᠤᠳᠠ ᠲᠤᠭᠤᠷᠢᠭ ᠤᠨ ᠮᠤᠩᠭᠤᠯ ᠰᠦᠯᠵᠢᠶᠡᠨ ᠦᠷᠳᠡᠭᠡᠨ ᠤ ᠨᠠᠶᠢᠷᠠᠭᠤᠯᠤᠭᠴᠢ ᠤᠷᠴᠢᠭᠤᠯᠤᠭᠴᠢ ᠨᠠᠷ ᠳᠡᠳᠡᠨ ᠤ ᠤᠨᠴᠠᠯᠢᠭᠳᠤ ᠪᠤᠯᠤᠩ ᠤᠨ ᠪᠠᠶᠢᠳᠠᠯ᠂ ᠤᠷᠤᠰᠢᠵᠤ ᠪᠠᠶᠢᠭ᠎ᠠ ᠠᠰᠠᠭᠤᠳᠠᠯ ᠂ ᠬᠤᠵᠢᠮ ᠤᠨ ᠠᠵᠢᠯ ᠤᠨ ᠪᠠᠶᠢᠷᠢᠯᠠᠭᠤᠯᠤᠯᠳᠠ ᠵᠡᠷᠭᠡ ᠲᠠᠯ᠎ᠠ ᠪᠠᠷ ᠰᠠᠨᠠᠯ ᠢᠶᠠᠨ ᠰᠤᠯᠢᠯᠴᠠᠭᠰᠠᠨ ᠪᠠᠶᠢᠨ᠎ᠠ᠃                               ᠨᠠᠶᠢᠷᠠᠭᠤᠯᠤᠭᠴᠢ᠄ ᠢᠷᠭᠤᠢ ᠡᠷᠳᠡᠨᠢᠴᠤᠭᠲᠦ                               ᠬᠢᠨᠠᠭᠴᠢ᠄ ᠭᠡᠷᠡᠯᠲᠦ                               ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2