ᠱᠠᠩᠳᠤ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2019-06-14
      ᠨᠢᠭᠡ ᠲᠠᠯ᠎ᠠ ᠪᠠᠷ᠂ ᠱᠠᠩᠳᠤ ᠰᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠶᠳᠪᠦᠷᠢᠯᠡᠵᠦ ᠥᠭᠬᠦ ᠵᠡᠷᠭᠡ ᠦᠢᠯᠡᠴᠢᠯᠡᠭᠡᠨ ᠤ ᠠᠵᠢᠯᠯᠠᠭ᠎ᠠ ᠪᠠᠨ ᠤᠯᠠᠮ ᠨᠢᠭᠡ ᠠᠯᠬᠤᠮ ᠰᠠᠶᠢᠲᠤᠷ ᠬᠢᠵᠦ᠂ ᠤᠯᠤᠰ ᠤᠨ ᠡᠯ᠎ᠡ ᠵᠦᠢᠯ ᠤᠨ ᠨᠡᠮᠡᠭᠳᠡᠯ ᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠵᠢᠴᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠵᠠᠬ᠎ᠠ ᠳᠡᠯᠭᠡᠭᠦᠷ ᠢ ᠨᠡᠭᠡᠭᠡᠬᠦ᠂ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠨ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠢ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠴᠠᠩ ᠱᠧᠩ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠴᠠᠬᠢᠯᠭᠠᠨ ᠰᠲ᠋ᠠᠨᠼᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠦᠷᠭᠡᠬᠡᠨ ᠪᠦᠲᠦᠭᠡᠨ ᠪᠠᠶᠢᠭᠤᠯᠬᠤ ᠪᠠᠷ ᠪᠦᠬᠦ ᠬᠦᠴᠦ ᠪᠠᠷ ᠢᠶᠠᠨ ᠴᠢᠷᠮᠠᠶᠢᠨ᠎ᠠ᠃ ᠨᠥᠭᠦᠭᠡ ᠲᠠᠯ᠎ᠠ ᠪᠠᠷ᠂ ᠱᠠᠩᠳᠤ ᠰᠢᠶᠠᠨ ᠣᠳᠣᠬᠠᠨ ᠤ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠳᠬᠤᠵᠤ᠂ ᠤᠶᠢᠷ᠎ᠠ ᠶᠢᠨ ᠬᠤᠭᠤᠴᠠᠭᠠᠨ ᠳᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠣᠭᠤᠷᠢᠨ ᠳᠠᠬᠢ ᠲᠣᠬᠢᠷᠠᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠭᠠᠷ ᠭᠦᠢᠴᠡᠳᠬᠡᠯ ᠢ ᠲᠡᠭᠦᠯᠳᠡᠷᠵᠢᠭᠦᠯᠵᠦ᠂ ᠦᠢᠯᠡᠴᠢᠯᠡᠭᠡ ᠪᠠᠨ ᠴᠢᠩᠭᠠᠳᠬᠠᠵᠤ᠂ 3000 ᠲᠦᠮᠡᠨ ᠲᠥᠭᠦᠷᠢᠭ ᠠᠴᠠ ᠳᠡᠭᠡᠭᠰᠢᠬᠢ 30 ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 16 ᠠᠵᠢᠯ ᠡᠬᠢᠯᠡᠭᠦᠯᠦᠭᠡᠳᠦᠢ ᠪᠠᠶᠢᠬᠤ ᠲᠥᠷᠥᠯ ᠵᠦᠢᠯ ᠢ ᠬᠤᠷᠳᠤᠨ ᠠᠵᠢᠯ ᠡᠬᠢᠯᠡᠭᠦᠯᠦᠨ ᠪᠠᠶᠢᠭᠤᠯᠬᠤ ᠶᠢ ᠪᠠᠲᠤᠯᠠᠵᠤ᠂ 14  ᠨᠡᠬᠡᠬᠡᠨ ᠰᠡᠷᠭᠦᠭᠡᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃                                                    ᠤᠷᠴᠢᠭᠤᠯᠤᠭᠴᠢ     ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2