ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠰᠢᠶᠠᠨ ᠤ ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠪᠠᠬᠢᠵᠢᠭᠦᠯᠵᠦ    ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠴᠢᠷᠮᠠᠶᠢᠨ ᠪᠦᠲᠦᠭᠡᠨ ᠪᠠᠶᠢᠭᠤᠯᠵᠤ    ᠤᠯᠤᠰ ᠤᠨ ᠴᠡᠴᠡᠷᠯᠢᠭ ᠰᠢᠶᠠᠨ ᠢ ᠴᠢᠷᠮᠠᠶᠢᠨ ᠴᠣᠭᠴᠠᠯᠠᠨ᠎ᠠ
ᠨᠡᠶᠢᠲᠡᠯᠡᠭᠰᠡᠨ ᠴᠠᠭ᠄
2019-06-14
     ᠭᠤᠣᠯ ᠰᠡᠳᠦᠪ᠄ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠰᠢᠶᠠᠨ ᠤ ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠪᠠᠬᠢᠵᠢᠭᠦᠯᠵᠦ     ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠴᠢᠷᠮᠠᠶᠢᠨ ᠪᠦᠲᠦᠭᠡᠨ ᠪᠠᠶᠢᠭᠤᠯᠵᠤ      ᠤᠯᠤᠰ ᠤᠨ ᠴᠡᠴᠡᠷᠯᠢᠭ ᠰᠢᠶᠠᠨ ᠢ ᠴᠢᠷᠮᠠᠶᠢᠨ ᠴᠣᠭᠴᠠᠯᠠᠨ᠎ᠠ      ᠴᠠᠭ᠄ 2017 ᠣᠨ ᠤ 7 ᠰᠠᠷ᠎ᠠ ᠶᠢᠨ 11 ᠤ ᠡᠳᠦᠷ      ᠰᠤᠷᠪᠤᠯᠵᠢᠯᠠᠭ᠎ᠠ ᠬᠦᠯᠢᠶᠡᠭᠴᠢ᠄ ᠴᠡᠴᠡᠷᠯᠢᠭ ᠤᠨ ᠲᠣᠪᠴᠢᠶ᠎ᠠ ᠶᠢᠨ ᠳᠠᠷᠤᠭ᠎ᠠ ᠵᠠᠩ ᠶᠧ ᠢᠦᠢ      ᠲᠣᠪᠴᠢ ᠲᠡᠮᠳᠡᠭᠯᠡᠯ᠄ ᠣᠳᠣᠬᠠᠨ ᠳᠤ ᠮᠠᠨ ᠤ ᠰᠢᠶᠠᠨ ᠤ ᠪᠠᠶᠢᠭᠤᠯᠵᠤ ᠪᠦᠲᠦᠭᠡᠭᠰᠡᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠨᠳᠦᠰᠦᠨ ᠪᠠᠶᠢᠳᠠᠯ᠂ 2017 ᠣᠨ ᠳᠤ ᠮᠠᠨ ᠤ ᠰᠢᠶᠠᠨ ᠲᠡᠳᠡᠭᠡᠷ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠭᠰᠡᠨ ᠪᠠ ᠤᠯᠤᠰ ᠤᠨ ᠴᠡᠴᠡᠷᠯᠢᠭ ᠪᠠᠶᠢᠭᠤᠯᠬᠤ ᠰᠢᠶᠠᠨ ᠤ ᠬᠤᠲᠠ  ᠶᠢᠨ ᠪᠠᠷᠢᠮᠵᠢᠶ᠎ᠠ ᠲᠠᠢ  ᠬᠠᠷᠢᠴᠠᠭᠤᠯᠵᠤ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ ᠪᠢᠳᠡ ᠶᠠᠮᠠᠷ ᠶᠠᠮᠠᠷ ᠠᠵᠢᠯ ᠢ ᠬᠢᠬᠦ ᠪᠣᠶ᠃      ᠰᠤᠷᠪᠤᠯᠵᠢᠯᠠᠭᠰᠠᠨ ᠠᠭᠤᠯᠭ᠎ᠠ᠄
     ᠰᠤᠷᠪᠤᠯᠵᠢᠯᠠᠭᠴᠢ᠄ ᠤᠶᠢᠷ᠎ᠠ ᠶᠢᠨ ᠬᠤᠶᠠᠷ ᠵᠢᠯ ᠳᠤ ᠮᠠᠨ ᠤ ᠰᠢᠶᠠᠨ ᠤ ᠴᠡᠴᠡᠷᠯᠢᠭ  ᠤᠨ ᠨᠣᠭᠤᠭᠠᠷᠠᠭᠤᠯᠤᠯᠲᠠ ᠶᠢᠨ ᠦᠶᠯᠡᠰ ᠣᠮᠣᠭᠰᠢᠯᠲᠠᠶ ᠠᠮᠵᠢᠯᠲᠠ ᠣᠯᠪᠠ᠂ ᠵᠠᠩ ᠲᠣᠪᠴᠢᠶᠠᠨ ᠳᠠᠷᠤᠭ᠎ᠠ ᠮᠠᠨ ᠤ ᠰᠢᠶᠠᠨ  ᠤ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠨᠳᠦᠰᠦᠨ ᠪᠠᠶᠢᠳᠠᠯ  ᠢ ᠲᠠᠨᠢᠯᠴᠠᠭᠤᠯᠤᠭᠠᠳ ᠥᠭᠭᠦᠨ᠎ᠡ ᠤᠤ︖      ᠵᠠᠩ ᠶᠧ ᠢᠦᠢ᠄ ᠣᠳᠣᠬᠠᠨ ᠳᠤ᠂ ᠮᠠᠨ ᠤ ᠰᠢᠶᠠᠨ ᠤ ᠪᠠᠶᠢᠭᠤᠯᠤᠭᠰᠠᠨ ᠲᠣᠭᠤᠷᠢᠭ ᠤᠨ ᠲᠠᠯᠠᠪᠠᠢ 17 . 17 ᠲᠡᠭᠰᠢ ᠳᠥᠷᠪᠡᠯᠵᠢᠨ ᠺᠢᠯᠣᠮᠧᠲᠷ᠂ ᠬᠥᠮᠥᠨ ᠠᠮᠠ 10 . 5 ᠲᠦᠮᠡ᠂ ᠨᠣᠭᠤᠭᠠᠷᠠᠭᠤᠯᠤᠯᠲᠠ ᠶᠢᠨ ᠲᠠᠯᠠᠪᠠᠢ 568 . 88 ᠲᠦᠮᠡᠨ ᠲᠡᠭᠰᠢ ᠳᠥᠷᠪᠡᠯᠵᠢᠨ ᠮᠧᠲᠷ᠂ ᠨᠣᠭᠤᠭᠠᠷᠠᠭᠤᠯᠤᠯᠲᠠ ᠶᠢᠨ ᠪᠦᠷᠬᠦᠴᠡ 606 . 44 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠡᠭᠦᠨ ᠳᠤ 4 ᠴᠡᠴᠡᠷᠯᠢᠭ ︵ ᠨᠠᠨ ᠬᠤ᠋ ᠴᠡᠴᠡᠷᠯᠢᠭ᠂ ᠱᠦᠢ ᠰᠢᠶᠤᠸᠠᠨ ᠴᠡᠴᠡᠷᠯᠢᠭ᠂ ᠪᠦᠳᠦᠭᠦᠨ ᠭᠤᠤᠯ ᠴᠡᠴᠡᠷᠯᠢᠭ᠂ ᠠᠷᠠᠳ ᠤᠨ ᠴᠡᠴᠡᠷᠯᠢᠭ︶ ᠤᠨ ᠲᠠᠯᠠᠪᠠᠢ ᠨᠢ 137 . 69 ᠲᠦᠮᠡᠨ ᠲᠡᠭᠰᠢ ᠳᠥᠷᠪᠡᠯᠵᠢᠨ ᠮᠧᠲᠷ᠂ 2 ᠲᠠᠯᠠᠪᠠᠢ ᠪᠠ ᠵᠤᠭᠠᠴᠠᠯ ᠤᠨ ᠬᠦᠷᠢᠶᠡᠯᠡᠩ ︵ᠰᠢᠶᠠᠩ ᠾᠧ ᠲᠠᠯᠠᠪᠠᠢ ᠂ ᠹᠦ᠋ ᠴᠢᠶᠠᠨ ᠶᠢᠤ ᠴᠡᠴᠡᠷᠯᠢᠭ︶  ᠤᠨ ᠲᠠᠯᠠᠪᠠᠢ ᠨᠢ 12 . 44 ᠲᠦᠮᠡᠨ ᠲᠡᠭᠰᠢ ᠳᠥᠷᠪᠡᠯᠵᠢᠨ ᠮᠧᠲᠷ᠂17 ᠵᠤᠷᠪᠤᠰ ᠵᠠᠮ ᠤᠨ ᠲᠠᠯᠠᠪᠠᠢ ᠶᠢᠨ ᠨᠣᠭᠤᠭᠠᠨ ᠭᠠᠵᠠᠷ ᠤᠨ ᠲᠠᠯᠠᠪᠠᠢ ᠨᠢ 23 . 89 ᠲᠦᠮᠡᠨ ᠲᠡᠭᠰᠢ ᠳᠥᠷᠪᠡᠯᠵᠢᠨ ᠮᠧᠲᠷ᠂ 102 ᠨᠢᠭᠡᠴᠢ ᠵᠢᠵᠢᠭ ᠲᠣᠭᠤᠷᠢᠭ ᠤᠨ ᠨᠣᠭᠤᠭᠠᠨ ᠭᠠᠵᠠᠷ ᠤᠨ ᠲᠠᠯᠠᠪᠠᠢ 101 . 16 ᠲᠦᠮᠡᠨ ᠲᠡᠭᠰᠢ ᠳᠥᠷᠪᠡᠯᠵᠢᠨ ᠮᠧᠲᠷ᠂ 7 ᠵᠡᠭᠡᠯᠢ ᠭᠤᠳᠤᠮᠵᠢ ᠶᠢᠨ ᠨᠣᠭᠤᠭᠠᠨ ᠭᠠᠵᠠᠷ ᠤᠨ ᠲᠠᠯᠠᠪᠠᠢ 26 . 16 ᠲᠦᠮᠡᠨ ᠲᠡᠭᠰᠢ ᠳᠥᠷᠪᠡᠯᠵᠢᠨ ᠮᠧᠲᠷ᠂ ᠬᠠᠮᠠᠭᠠᠯᠠᠯᠲᠠ ᠶᠢᠨ ᠨᠣᠭᠤᠭᠠᠨ ᠭᠠᠵᠠᠷ ᠤᠨ 4 ᠭᠠᠵᠠᠷ ︵ᠭᠠᠯᠲᠤ ᠲᠡᠷᠭᠡᠨ ᠥᠷᠲᠡᠭᠡᠨ ᠤ ᠬᠤᠶᠠᠷ ᠬᠠᠵᠠᠭᠤ ᠶᠢᠨ ᠬᠠᠮᠠᠭᠠᠯᠠᠯᠲᠠ ᠶᠢᠨ ᠨᠣᠭᠤᠭᠠᠨ ᠭᠠᠵᠠᠷ᠂ S 105 ᠮᠤᠵᠢ ᠶᠢᠨ ᠵᠠᠮ ᠤᠨ ᠬᠤᠶᠠᠷ ᠬᠠᠵᠠᠭᠤ  ᠶᠢᠨ ᠬᠠᠮᠠᠭᠠᠯᠠᠯᠲᠠ ᠶᠢᠨ ᠨᠣᠭᠤᠭᠠᠨ ᠭᠠᠵᠠᠷ᠂ ᠪᠦᠳᠦᠭᠦᠨ ᠭᠤᠤᠯ ᠤᠨ ᠬᠤᠶᠠᠷ ᠬᠠᠵᠠᠭᠤ ᠶᠢᠨ ᠬᠠᠮᠠᠭᠠᠯᠠᠯᠲᠠ ᠶᠢᠨ ᠨᠣᠭᠤᠭᠠᠨ ᠭᠠᠵᠠᠷ᠂ ᠴᠡᠷᠢᠭ ᠠᠷᠠᠳ ᠬᠠᠮᠲᠤ ᠪᠠᠷ ᠪᠠᠶᠢᠭᠤᠯᠤᠭᠰᠠᠨ ᠬᠠᠮᠠᠭᠠᠯᠠᠯᠲᠠ ᠶᠢᠨ ᠨᠣᠭᠤᠭᠠᠨ ᠭᠠᠵᠠᠷ︶ ᠤᠨ ᠲᠠᠯᠠᠪᠠᠢ ᠨᠢ 215 . 46 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠣᠭᠤᠭᠠᠨ ᠭᠠᠵᠠᠷ ᠤᠨ ᠲᠠᠯᠠᠪᠠᠢ ᠨᠢ 2 ︵ᠪᠦᠳᠦᠭᠦᠨ ᠭᠤᠤᠯ ᠤᠨ ᠴᠢᠬᠢ ᠮᠣᠳᠣᠨ ᠤ ᠬᠦᠷᠢᠶᠡᠯᠡᠩ᠂ ᠨᠠᠨ ᠳ᠋ᠠ ᠵᠢᠩ ᠤᠨ ᠴᠢᠬᠢ ᠮᠣᠳᠣᠨ ᠤ ᠬᠦᠷᠢᠶᠡᠯᠡᠩ︶ ᠤᠨ ᠲᠠᠯᠠᠪᠠᠢ ᠨᠢ 52 . 08 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠤᠰᠤᠳ ᠨᠣᠭᠤᠭᠠᠷᠠᠭᠤᠯᠤᠯᠲᠠ ᠶᠢᠨ ᠭᠠᠵᠠᠷ 2 ︵ᠪᠠᠷᠠᠭᠤᠨ ᠠᠭᠤᠯᠠ ᠶᠢᠨ ᠲᠡᠭᠦᠷᠭᠡ ᠶᠢᠨ ᠴᠡᠴᠡᠷᠯᠢᠭ᠂ ᠪᠦᠳᠦᠭᠦᠨ ᠭᠤᠤᠯ  ᠤᠨ ᠴᠡᠴᠡᠷᠯᠢᠭ︶ ᠤᠨ ᠲᠠᠯᠠᠪᠠᠢ 194 . 9 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠪᠠ ᠬᠥᠮᠥᠨ ᠳᠤᠮᠳᠠᠴᠢ  ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠲᠤᠰ ᠲᠤᠰ 33 . 13 %᠂ 35 . 32 % ᠪᠠ 16 . 79 ᠲᠡᠭᠰᠢ ᠳᠥᠷᠪᠡᠯᠵᠢᠨ ᠮᠧᠲᠷ \ ᠬᠥᠮᠦᠨ ᠳᠤ ᠬᠦᠷᠪᠡ᠃ ᠡᠭᠦᠨ ᠤ ᠲᠤᠯᠠᠳᠠ᠂ ᠮᠠᠨ ᠤ ᠰᠢᠶᠠᠨ 2016 ᠣᠨ ᠤ 12 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠰᠢᠶᠠᠨ ᠤ ᠬᠤᠲᠠ︾ ᠭᠡᠬᠦ ᠢᠷᠠᠭᠤ ᠠᠯᠳᠠᠷ ᠤᠨ ᠴᠣᠯᠠ ᠣᠯᠭᠤᠪᠠ᠃      ᠰᠤᠷᠪᠤᠯᠵᠢᠯᠠᠭᠴᠢ᠄ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠬᠥᠮᠦᠰ ᠤᠨ ᠠᠮᠢᠳᠤᠷᠠᠯ  ᠤᠨ ᠣᠷᠴᠢᠨ ᠨᠥᠬᠦᠴᠡᠯ ᠤᠨ ᠲᠤᠬᠠᠢ ᠱᠠᠭᠠᠷᠳᠠᠯᠭ᠎ᠠ ᠴᠤ ᠲᠠᠰᠤᠷᠠᠯᠲᠠ ᠥᠬᠡᠶ ᠳᠡᠭᠡᠭᠰᠢᠯᠡᠵᠦ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠨᠢ ᠬᠤᠲᠠ ᠶᠢᠨ ᠴᠣᠷ ᠤᠨ ᠭᠠᠭᠴᠠ ᠠᠮᠢ ᠨᠠᠰᠤ ᠪᠦᠬᠦᠢ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠴᠦ ᠤᠯᠠᠮ ᠠᠴᠠ ᠤᠯᠠᠮ ᠴᠢᠬᠤᠯᠠᠴᠢᠯᠠᠭᠳᠠᠵᠤ ᠪᠠᠶᠢᠨ᠎ᠠ᠃ ᠵᠠᠩ ᠲᠣᠪᠴᠢᠶᠠᠨ ᠳᠠᠷᠤᠭ᠎ᠠ 2017 ᠣᠨ ᠳᠤ ᠮᠠᠨ ᠤ ᠰᠢᠶᠠᠨ ᠤ ᠭᠤᠤᠯᠳᠠᠯᠭ᠎ᠠ  ᠲᠠᠢ ᠬᠡᠷᠡᠭᠵᠢᠭᠦᠯᠦᠭᠰᠡᠨ ᠲᠡᠳᠡᠭᠡᠷ ᠢᠨᠵᠧᠨᠧᠷᠢᠩ ᠢ ᠲᠠᠨᠢᠯᠴᠠᠭᠤᠯᠤᠭᠠᠳ ᠥᠭᠭᠦᠨ᠎ᠡ ᠤᠤ︖      ᠵᠠᠩ ᠶᠧ ᠢᠦᠢ᠄ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠰᠢᠶᠠᠨ ᠤ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ 2017 ᠣᠨ ᠳᠤ ᠮᠠᠨ ᠤ ᠰᠢᠶᠠᠨ ᠪᠠᠰᠠ ᠳᠣᠤᠷᠠᠬᠢ ᠬᠡᠳᠦᠨ ᠵᠦᠶᠯ ᠤᠨ ᠠᠵᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠪᠠ᠄ ᠨᠢᠭᠡ ᠳᠤ ᠨᠠᠨ ᠬᠤ᠋ ᠴᠡᠴᠡᠷᠯᠢᠭ ᠢ ᠥᠷᠭᠡᠳᠬᠡᠨ ᠪᠠᠶᠢᠭᠤᠯᠬᠤ ᠢᠨᠵᠧᠨᠧᠷᠢᠩ᠃ ᠨᠠᠨ ᠬᠤ᠋ ᠴᠡᠴᠡᠷᠯᠢᠭ ᠤᠨ ᠵᠡᠭᠦᠨ᠂ ᠪᠠᠷᠠᠭᠤᠨ ᠬᠠᠭᠤᠴᠢᠨ ᠦᠯᠡᠳᠡᠭᠳᠡᠯ ᠤᠢ ᠰᠢᠭᠤᠢ ᠵᠢᠴᠢ ᠬᠤᠭᠤᠰᠣᠨ ᠭᠠᠵᠠᠷ ᠲᠤ ᠥᠭᠡᠷᠡᠴᠢᠯᠡᠯᠲᠡ ᠬᠢᠵᠦ᠂ 10 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠥᠭᠡᠷᠡᠴᠢᠯᠡᠨ ᠪᠠᠶᠢᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 3700 ᠲᠦᠮᠡᠨ ᠲᠥᠭᠦᠷᠢᠭ ᠲᠤ ᠬᠦᠷᠴᠡᠢ᠃ ᠣᠳᠣᠬᠠᠨ ᠳᠤ ᠴᠢᠬᠢ ᠮᠣᠳᠣ ᠵᠠᠶᠢᠯᠠᠬᠤ ᠠᠵᠢᠯ ᠨᠢᠭᠡᠨᠲᠡ ᠳᠠᠭᠤᠰᠴᠤ᠂ ᠵᠠᠮ ᠢ ᠬᠠᠲᠠᠭᠤᠷᠠᠭᠤᠯᠬᠤ ᠢᠨᠵᠧᠨᠧᠷᠢᠩ ᠢ ᠶᠠᠭ ᠬᠡᠷᠡᠭᠵᠢᠭᠦᠯᠵᠦ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠳᠠᠭᠤᠰᠤᠨ᠎ᠠ᠃ ᠬᠤᠶᠠᠷ ᠲᠤ ᠨᠥᠬᠦᠵᠦ ᠲᠠᠷᠢᠵᠤ ᠨᠥᠬᠦᠵᠦ ᠣᠶᠢᠵᠢᠭᠤᠯᠬᠤ ᠢᠨᠵᠧᠨᠧᠷᠢᠩ᠃ 200 ᠲᠦᠮᠡᠨ ᠲᠥᠭᠦᠷᠢᠭ ᠪᠡᠯᠡ ᠣᠷᠣᠭᠤᠯᠵᠤ᠂ ᠪᠠᠢᠭᠤᠯᠤᠭᠰᠠᠨ ᠣᠷᠣᠨ ᠤ ᠳᠣᠲᠣᠷᠠᠬᠢ ᠵᠠᠮ ᠤᠨ ᠮᠣᠳᠣ ᠶᠢ ᠨᠥᠬᠦᠵᠦ ᠲᠠᠷᠢᠵᠤ ᠨᠥᠬᠦᠵᠦ ᠣᠶᠢᠵᠢᠭᠤᠯᠤᠨ᠎ᠠ᠂ ᠡᠭᠦᠨ ᠳᠤ ᠰᠢᠨᠵᠢᠶᠠᠩ ᠤᠨ ᠶᠠᠩ ᠂ ᠶᠦᠨ ᠱᠠᠨ᠂ ᠬᠠᠶᠢᠯᠠᠷ ᠨᠠᠷᠠᠰᠤ ᠵᠡᠷᠭᠡ 2930 ᠰᠠᠭᠤᠷᠢ᠂ ᠨᠣᠭᠤᠭᠠᠨ ᠵᠠᠮᠪᠠ 4000 ᠲᠡᠭᠰᠢ ᠳᠥᠷᠪᠡᠯᠵᠢᠨ ᠮᠧᠲᠷ ᠨᠥᠬᠦᠵᠦ ᠣᠶᠢᠵᠢᠭᠤᠯᠤᠨ᠎ᠠ᠃ ᠭᠤᠷᠪᠠ ᠳᠤ ᠵᠡᠪᠰᠡᠭᠲᠦ ᠬᠦᠴᠦᠨ ᠤ ᠶᠠᠮᠤᠨ ᠤ ᠵᠡᠭᠦᠨ ᠵᠠᠮ ᠤᠨ ᠡᠮᠦᠨ᠎ᠡ ᠦᠵᠦᠭᠦᠷ ᠪᠠ ᠮᠠᠰᠢᠨ ᠲᠡᠷᠭᠡᠨ ᠤ ᠥᠷᠲᠡᠭᠡᠨ ᠤ ᠡᠮᠦᠨᠡᠬᠢ ᠲᠠᠯᠠᠪᠠᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠃ 235 ᠲᠦᠮᠡᠨ ᠲᠥᠭᠦᠷᠢᠭ ᠪᠡᠯᠡ ᠣᠷᠣᠭᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ 6755 ᠲᠡᠭᠰᠢ ᠳᠥᠷᠪᠡᠯᠵᠢᠨ ᠮᠧᠲᠷ ᠪᠣᠯᠪᠠ᠃ ᠳᠥᠷᠪᠡ ᠳᠤ ᠴᠡᠴᠡᠷᠯᠢᠭ ᠢ ᠠᠷᠠᠴᠢᠯᠠᠨ ᠬᠠᠮᠠᠭᠠᠯᠠᠬᠤ ᠢᠨᠵᠧᠨᠧᠷᠢᠩ᠃ ᠪᠥᠬᠦ ᠵᠢᠯ  ᠳᠤ 200 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠣᠭᠤᠷᠢᠭ ᠤᠨ ᠳᠣᠲᠣᠷᠠᠬᠢ ᠪᠤᠢ ᠪᠦᠬᠦᠢ ᠨᠣᠭᠤᠭᠠᠷᠠᠭᠤᠯᠤᠭᠰᠠᠨ ᠭᠠᠵᠠᠷ ᠢ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠪᠠᠷ ᠲᠥᠯᠥᠪᠯᠡᠵᠦ ᠪᠠᠶᠢᠨ᠎ᠠ᠃      ᠰᠤᠷᠪᠤᠯᠵᠢᠯᠠᠭᠴᠢ᠄ ᠤᠶᠢᠷ᠎ᠠ ᠳᠤ᠂ ᠮᠠᠨ ᠤ ᠰᠢᠶᠠᠨ ᠦᠨᠡᠬᠡᠷ ᠬᠤᠲᠠ ᠶᠢᠨ ᠨᠠᠮ ᠤᠨ ᠬᠤᠷᠢᠶ᠎ᠠ᠂ ᠬᠤᠲᠠ  ᠶᠢᠨ ᠵᠠᠰᠠᠭ ᠤᠨ ᠣᠷᠳᠣᠨ ᠤ ︽ᠲᠠᠪᠤᠨ ᠬᠤᠲᠠ ᠶᠢ ᠬᠠᠮᠲᠤᠷᠠᠨ ᠡᠭᠦᠳᠦᠨ ᠪᠠᠶᠢᠭᠤᠯᠬᠤ︾ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠨ᠎ᠠ᠂ ᠮᠠᠨ ᠤ ᠰᠢᠶᠠᠨ ᠤᠯᠤᠰ  ᠤᠨ ᠴᠡᠴᠡᠷᠯᠢᠭᠵᠢᠭᠰᠡᠨ ᠰᠢᠶᠠᠨ ᠤ ᠬᠤᠲᠠ  ᠶᠢ ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ ᠦᠵᠡᠪᠡᠯ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ ᠪᠢᠳᠡ ᠤᠯᠤᠰ ᠤᠨ ᠴᠡᠴᠡᠷᠯᠢᠭᠵᠢᠭᠰᠡᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠳᠤ ᠶᠠᠮᠠᠷ ᠶᠠᠮᠠᠷ ᠠᠵᠢᠯ ᠬᠢᠬᠦ ᠬᠡᠷᠡᠭᠲᠡᠶ ᠪᠤᠢ︖      ᠵᠠᠩ ᠶᠧ ᠢᠦᠢ᠄ ︽ᠤᠯᠤᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠪᠠᠷᠢᠮᠵᠢᠶ᠎ᠠ︾ ᠶᠢᠨ 6 ᠶᠡᠭᠡ ᠲᠥᠷᠥᠯ 46 ᠶᠡᠭᠡ ᠵᠦᠢᠯ 82 ᠪᠠᠭ᠎ᠠ ᠭᠦᠶᠴᠡᠳᠬᠡᠯ ᠲᠤᠭ᠎ᠠ ᠲᠠᠢ ᠬᠠᠷᠢᠴᠠᠭᠤᠯᠵᠤ ᠦᠵᠡᠪᠡᠯ᠂ ᠮᠠᠨ ᠤ ᠰᠢᠶᠠᠨ ᠤ ᠬᠤᠲᠠ ᠶᠢᠨ ᠣᠷᠣᠵᠤ ᠭᠠᠷᠬᠤ ᠭᠠᠵᠠᠷ ᠤᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠢᠨᠵᠧᠨᠧᠷᠢᠩ᠂ ᠬᠠᠭᠤᠴᠢᠨ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠣᠷᠣᠨ ᠰᠠᠭᠤᠴᠠ  ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠲᠣᠭᠤᠷᠢᠭ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠵᠢᠴᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠵᠡᠷᠭᠡ ᠤᠯᠤᠰ  ᠤᠨ ᠴᠡᠴᠡᠷᠯᠢᠭ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠳᠤ ᠬᠤᠯᠪᠣᠭᠳᠠᠬᠤ ᠡᠯ᠎ᠡ ᠵᠦᠶᠯ ᠤᠨ ᠠᠵᠢᠯ ᠢ ᠬᠠᠨᠳᠤᠯᠭᠠᠲᠤ ᠴᠢᠨᠠᠷᠲᠠᠶ ᠪᠠᠷ ᠲᠦᠯᠬᠢᠨ ᠠᠬᠢᠭᠤᠯᠤᠨ᠎ᠠ᠃      ( ᠨᠢᠭᠡ ) ᠬᠤᠳᠠ ᠶᠢᠨ ᠣᠷᠣᠵᠤ ᠭᠠᠷᠬᠤ ᠭᠠᠵᠠᠷ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠨᠢᠭᠡ ᠳᠤ᠂ S 105 ᠮᠤᠵᠢ ᠶᠢᠨ ᠵᠠᠮ ᠤᠨ ᠬᠤᠶᠠᠷ ᠬᠠᠵᠠᠭᠤ ᠶᠢᠨ ︵ᠰᠦᠩ ᠮᠤᠤ ᠪᠠᠭᠤᠳᠠᠯ ᠤᠨ ᠭᠠᠳᠠᠭᠠᠳᠤ ᠭᠠᠷᠭᠠᠯᠲᠠ — — ᠣᠰᠣᠨ ᠰᠠᠬᠢᠭᠤᠯᠰᠤᠨ ᠤᠨᠠᠭ᠎ᠠ︶ ᠨᠣᠭᠤᠭᠠᠷᠠᠭᠤᠯᠤᠯᠲᠠ ᠶᠢᠨ ᠦᠵᠡᠮᠵᠢ ᠶᠢ ᠥᠨᠳᠥᠷ ᠪᠠᠷᠢᠮᠵᠢᠶ᠎ᠠ ᠪᠠᠷ ᠴᠣᠭᠴᠠᠯᠠᠵᠤ᠂ 12 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠠᠶᠢᠭᠤᠯᠤᠨ᠎ᠠ᠃ ᠬᠤᠶᠠᠷ ᠲᠤ S 105 ᠮᠤᠵᠢ ᠶᠢᠨ ᠵᠠᠮ ᠤᠨ ᠳᠤᠮᠳᠠᠬᠢ ᠲᠤᠰᠠᠭᠠᠷᠯᠠᠬᠤ ᠪᠦᠰᠡ ᠶᠢᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ  ᠶᠢᠨ ᠢᠨᠵᠧᠨᠧᠷᠢᠩ ︵ᠰᠦᠩ ᠮᠤᠤ ᠵᠣᠴᠢᠳ ᠤᠨ ᠪᠠᠭᠤᠳᠠᠯ —  ᠪᠦᠳᠦᠭᠦᠨ ᠭᠤᠤᠯ ᠶᠡᠭᠡ ᠬᠥᠭᠦᠷᠭᠡ ᠶᠢᠨ ᠬᠤᠢᠲᠤ ᠲᠣᠰᠣ ᠨᠡᠮᠡᠬᠦ ᠥᠷᠲᠡᠭᠡ︶ ᠢ ᠬᠡᠷᠡᠭᠵᠢᠭᠦᠯᠵᠦ᠂ 1 . 6 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠠᠶᠢᠭᠤᠯᠤᠨ᠎ᠠ᠃ ᠭᠤᠷᠪᠠ ᠳᠤ᠂ ᠬᠠᠭᠤᠴᠢᠨ ᠭᠠᠳᠠᠷ ᠴᠠᠭᠠᠷᠢᠭ ᠵᠠᠮ ᠢ ᠨᠣᠭᠤᠭᠠᠷᠠᠭᠤᠯᠤᠨ ᠥᠭᠡᠷᠡᠴᠢᠯᠡᠬᠦ ᠢᠨᠵᠧᠨᠧᠷᠢᠩ᠂ 9 . 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠠᠶᠢᠭᠤᠯᠤᠨ᠎ᠠ᠃      ( ᠬᠤᠶᠠᠷ ) ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠬᠢᠭᠡᠳ ᠵᠢᠵᠢᠭ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠰᠢᠶᠠᠨ ᠤ ᠬᠤᠲᠠ ᠶᠢᠨ ᠭᠤᠤᠯ ᠵᠠᠮ ᠤᠨ ᠬᠤᠶᠠᠷ ᠬᠠᠵᠠᠭᠤ ᠶᠢᠨ ᠲᠤᠪᠤᠶᠢᠮ᠎ᠠ ᠵᠢᠭᠤᠯᠴᠢᠯᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠬᠢᠵᠦ᠂ ᠵᠠᠮ ᠳᠠᠭᠠᠤ ᠦᠵᠡᠮᠵᠢ ᠶᠢᠨ ᠢᠨᠵᠧᠨᠧᠷᠢᠩ ᠵᠢᠴᠢ ᠵᠠᠩᠭᠢᠯᠠᠭ᠎ᠠ ᠶᠢᠨ ᠴᠢᠭ ᠤᠨ ᠵᠢᠭᠤᠯᠴᠢᠯᠠᠯ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠨᠢᠭᠡ ᠨᠢᠭᠡ ᠵᠤᠷᠪᠤᠰ ᠦᠵᠡᠮᠵᠢ ᠶᠢᠨ ᠶᠡᠭᠡ ᠵᠠᠮ ᠢ ᠪᠤᠢ ᠪᠣᠯᠭᠠᠵᠤ᠂ ᠨᠢᠭᠡ ᠵᠢᠭᠤᠯᠴᠢᠯᠠᠯ ᠤᠨ ᠬᠦᠷᠢᠶᠡᠯᠡᠩ ᠨᠢ ᠬᠤᠲᠠ ᠶᠢᠨ ᠲᠣᠭᠤᠷᠢᠭ ᠤᠨ ᠣᠨᠴᠠᠯᠢᠭ ᠢ ᠰᠠᠴᠤᠷᠠᠭᠤᠯᠤᠨ᠎ᠠ᠃ ᠨᠢᠭᠡ ᠳᠤ᠂ ᠦᠢᠯᠡᠰ ᠬᠤᠷᠠᠮᠳᠤᠭᠤᠯᠬᠤ ᠵᠠᠮ᠂ ᠰᠢᠨ ᠹᠧᠩ ᠵᠡᠭᠦᠨ ᠵᠠᠮ᠂ ᠰᠢᠨ ᠮᠢᠨ ᠵᠡᠭᠦᠨ ᠵᠠᠮ ᠵᠡᠷᠭᠡ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠲᠡᠰ ᠢ ᠳᠡᠭᠡᠭᠰᠢᠯᠡᠭᠦᠯᠵᠦ᠂ ᠪᠦᠲᠦᠭᠡᠨ ᠪᠠᠶᠢᠭᠤᠯᠬᠤ ᠲᠠᠯᠠᠪᠠᠢ ᠨᠢ ᠲᠤᠰ ᠲᠤᠰ 12500 ᠲᠡᠭᠰᠢ ᠳᠥᠷᠪᠡᠯᠵᠢᠨ ᠮᠧᠲᠷ᠂ 26000 ᠲᠡᠭᠰᠢ ᠳᠥᠷᠪᠡᠯᠵᠢᠨ ᠮᠧᠲᠷ᠂ 15000 ᠲᠡᠭᠰᠢ ᠳᠥᠷᠪᠡᠯᠵᠢᠨ ᠮᠧᠲᠷ ᠪᠣᠯᠤᠨ᠎ᠠ᠃ ᠬᠤᠶᠠᠷ ᠲᠤ᠂ ᠴᠢ ᠲᠠᠢ ᠪᠠᠯᠭᠠᠰᠤ ᠶᠢᠨ ᠵᠠᠰᠠᠭ ᠤᠨ ᠣᠷᠳᠣᠨ ᠤ ᠡᠭᠦᠳᠡᠨ ᠡᠮᠦᠨ᠎ᠡ ᠵᠢᠴᠢ ᠰᠢᠦᠳᠠᠨ ᠤ ᠭᠡᠷ ᠪᠦᠯᠢ ᠶᠢᠨ ᠠᠰᠠᠷ ᠤᠨ ᠡᠮᠦᠨᠡᠬᠢ ᠵᠤᠭᠠᠴᠠᠯ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ ᠲᠤᠰ ᠲᠤᠰ 5280 ᠲᠡᠭᠰᠢ ᠳᠥᠷᠪᠡᠯᠵᠢᠨ ᠮᠧᠲᠷ᠂ 1100 ᠲᠡᠭᠰᠢ ᠳᠥᠷᠪᠡᠯᠵᠢᠨ ᠮᠧᠲᠷ ᠪᠣᠯᠤᠨ᠎ᠠ᠃      ︽ᠤᠯᠤᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠪᠠᠷᠢᠮᠵᠢᠶ᠎ᠠ︾ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠪᠡᠯ᠂ ᠴᠡᠴᠡᠷᠯᠢᠭ ᠮᠠᠶ᠋ᠢᠭ ᠤᠨ ᠣᠷᠣᠨ ᠰᠠᠭᠤᠴᠠ ᠶᠢᠨ ᠲᠣᠭᠤᠷᠢᠭ ︵ᠨᠢᠭᠡᠴᠢ︶ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 50 % ᠠᠴᠠ ᠳᠡᠭᠡᠭᠰᠢ ᠪᠠᠶᠢᠵᠤ᠂ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠣᠭᠤᠭᠠᠨ ᠭᠠᠵᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 95 %  ᠠᠴᠠ ᠳᠡᠭᠡᠭᠰᠢ ᠶᠢᠨ ᠱᠠᠭᠠᠷᠳᠠᠯᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠪᠣᠬᠢᠷᠲᠤᠯ ᠥᠬᠡᠶ ᠵᠢᠷᠤᠭ ᠲᠠᠮᠠᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠢᠵᠢ ᠪᠦᠷᠢᠳᠦᠭᠦᠯᠬᠦ ᠨᠣᠭᠤᠭᠠᠷᠠᠭᠤᠯᠤᠯᠲᠠ ᠶᠢᠨ ᠭᠠᠵᠠᠷ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠰᠢᠨ᠎ᠡ ᠪᠠᠷ ᠪᠠᠶᠢᠭᠤᠯᠤᠭᠰᠠᠨ ᠵᠢᠵᠢᠭ ᠲᠣᠭᠤᠷᠢᠭ  ᠤᠨ 30 % ᠠᠴᠠ ᠳᠡᠭᠡᠭᠰᠢ᠂ ᠥᠭᠡᠷᠡᠴᠢᠯᠡᠨ ᠪᠠᠶᠢᠭᠤᠯᠤᠭᠰᠠᠨ 25 % ᠠᠴᠠ ᠳᠡᠭᠡᠭᠰᠢ   ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠠᠭᠤᠴᠢᠨ ᠰᠠᠭᠤᠭᠠᠯᠢ ᠲᠣᠭᠤᠷᠢᠭ ᠲᠤ ᠠᠪᠴᠤ ᠬᠡᠯᠡᠪᠡᠯ᠂ ᠨᠣᠭᠤᠭᠠᠷᠠᠭᠤᠯᠤᠯᠲᠠ ᠠᠴᠠ ᠵᠥᠷᠢᠴᠡᠭᠰᠡᠨ᠂ ᠵᠠᠪᠰᠠᠷ ᠵᠠᠪᠰᠠᠷ  ᠤᠨ ᠨᠣᠭᠤᠭᠠᠨ ᠦᠩᠭᠡ᠂ ᠡᠭᠴᠡ ᠨᠣᠭᠤᠭᠠᠷᠠᠭᠤᠯᠤᠭᠰᠠᠨ᠂ ᠨᠠᠷᠠᠪᠴᠢ ᠳᠡᠭᠡᠷ᠎ᠡ ᠨᠣᠭᠤᠭᠠᠷᠠᠭᠤᠯᠤᠭᠰᠠᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠤᠯ ᠤᠨ ᠰᠠᠭᠤᠷᠢᠨ ᠳᠡᠭᠡᠷ᠎ᠡ ᠨᠣᠭᠤᠭᠠᠷᠠᠭᠤᠯᠤᠯᠲᠠ ᠶᠢᠨ ᠨᠣᠷᠮ᠎ᠠ ᠢᠶᠠᠨ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠤᠨ ᠴᠡᠴᠡᠷᠯᠢᠭ ᠮᠠᠶ᠋ᠢᠭ ᠤᠨ ᠣᠷᠣᠨ ᠰᠠᠭᠤᠴᠠ ᠶᠢᠨ ᠲᠣᠭᠤᠷᠢᠭ ︵ᠨᠢᠭᠡᠴᠢ︶  ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢᠨ 50 % ᠠᠴᠠ ᠳᠡᠭᠡᠭᠰᠢ ᠪᠤᠶᠤ ᠵᠢᠯ ᠳᠤ ᠳᠡᠭᠡᠭᠰᠢᠯᠡᠭᠰᠡᠨ ᠨᠣᠷᠮ᠎ᠠ ᠶᠢᠨ 10 %  ᠠᠴᠠ ᠳᠡᠭᠡᠭᠰᠢ ᠪᠠᠷ ᠳᠡᠭᠡᠭᠰᠢᠯᠡᠭᠦᠯᠦᠨ᠎ᠡ᠃      ( ᠭᠤᠷᠪᠠ ) ᠭᠤᠣᠯᠳᠠᠯᠭ᠎ᠠ ᠲᠠᠢ ᠴᠡᠴᠡᠷᠯᠢᠭ ᠤᠨ ᠨᠣᠭᠤᠭᠠᠨ ᠭᠠᠵᠠᠷ ᠤᠨ ᠪᠦᠲᠦᠭᠡᠨ ᠪᠠᠶᠢᠭᠤᠯᠤᠯᠲᠠ ︽ᠤᠯᠤᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠪᠠᠷᠢᠮᠵᠢᠶ᠎ᠠ︾ ᠳᠤ᠂ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠦᠶᠯᠡᠴᠢᠯᠡᠭᠡᠨ ᠤ ᠷᠠᠳᠢᠤᠰ ᠨᠢ ᠡᠷᠬᠡᠪᠰᠢ 80 % ᠪᠠᠷ ᠪᠦᠷᠬᠦᠬᠦ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠪᠠᠶᠢᠭᠤᠯᠤᠭᠰᠠᠨ ᠣᠷᠣᠨ ᠤ ᠳᠣᠲᠣᠷᠠᠬᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠦᠶᠯᠡᠴᠢᠯᠡᠭᠡᠨ ᠤ ᠷᠠᠳᠢᠤᠰ ᠨᠢ 500 ᠮᠧᠲᠷ ᠪᠠᠶᠢᠬᠤ ᠱᠠᠭᠠᠷᠳᠠᠯᠭ᠎ᠠ ᠶᠣᠰᠣᠭᠠᠷ᠂ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠷᠬᠡ ᠲᠡᠭᠰᠢ ᠵᠦᠶ ᠵᠣᠬᠢᠰᠲᠠᠶ ᠲᠣᠬᠢᠷᠠᠭᠤᠯᠵᠤ᠂ ᠬᠤᠲᠠ ᠶᠢᠨ ᠨᠣᠭᠤᠭᠠᠷᠠᠭᠤᠯᠤᠯᠲᠠ  ᠶᠢᠨ ᠭᠠᠵᠠᠷ ᠤᠨ ᠭᠦᠶᠴᠡᠳᠬᠡᠬᠦ ᠲᠤᠭ᠎ᠠ ᠶᠢ ᠵᠢᠯ ᠳᠠᠷᠠᠭᠠᠯᠠᠨ ᠶᠡᠬᠡᠪᠡᠷ ᠨᠡᠮᠡᠭᠳᠡᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠤᠨ ᠦᠶᠯᠡᠴᠢᠯᠡᠭᠡᠨ ᠤ ᠷᠠᠳᠢᠤᠰ ᠤᠨ ᠪᠦᠷᠬᠦᠴᠡ ᠶᠢ 80 % ᠠᠴᠠ ᠳᠡᠭᠡᠭᠰᠢ  ᠳᠤ ᠬᠦᠷᠦᠭᠦᠯᠦᠨ᠎ᠡ᠃ P P P ᠵᠠᠭᠪᠤᠷ ᠢ ᠬᠡᠷᠡᠭᠯᠡᠨ ᠬᠠᠭᠤᠴᠢᠨ ᠬᠤᠲᠠ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠭᠡᠷ ᠪᠠᠶᠢᠰᠢᠩ ᠢ ᠨᠤᠷᠠᠭᠠᠵᠤ ᠨᠣᠭᠤᠭᠠᠷᠠᠭᠤᠯᠬᠤ ᠠᠷᠭ᠎ᠠ ᠮᠠᠶ᠋ᠢᠭ ᠢᠶᠠᠷ ᠪᠦᠲᠦᠭᠡᠨ ᠪᠠᠶᠢᠭᠤᠯᠤᠨ᠎ᠠ︔ ᠡᠭᠦᠨ ᠤ ᠬᠠᠮᠲᠤ᠂ ᠰᠢᠶᠠᠨ ᠤ ᠡᠮᠨᠡᠯᠭᠡ ᠶᠢᠨ ᠬᠤᠷᠢᠶ᠎ᠠ ᠵᠡᠭᠦᠨᠰᠢ ᠨᠡᠭᠦᠭᠰᠡᠨ ᠤ ᠳᠠᠷᠠᠭ᠎ᠠ ᠂ ᠬᠠᠭᠤᠴᠢᠨ ᠰᠢᠶᠠᠨ ᠤ ᠡᠮᠨᠡᠯᠭᠡ ᠶᠢᠨ ᠬᠤᠷᠢᠶᠠᠨ ᠤ ᠨᠤᠷᠠᠬᠤ ᠠᠶᠤᠯᠲᠠᠶ ᠬᠠᠭᠤᠴᠢᠨ ᠠᠰᠠᠷ ᠢ ᠨᠤᠷᠠᠭᠠᠵᠤ᠂ ᠨᠢᠭᠡᠨ ᠶᠡᠷᠦᠩᠬᠡᠶᠢᠯᠡᠭᠰᠡᠨ ᠴᠢᠨᠠᠷᠲᠠᠶ ᠴᠡᠴᠡᠷᠯᠢᠭ ᠢ ᠲᠥᠯᠥᠪᠵᠢᠭᠦᠯᠦᠨ ᠪᠠᠶᠢᠭᠤᠯᠵᠤ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠪᠡᠶᠡᠯᠡᠭᠦᠯᠵᠦ᠂ ᠲᠤᠳᠠᠭᠳᠠᠯ ᠢ ᠨᠥᠬᠦᠪᠥᠷᠢᠯᠡᠵᠦ᠂ ᠮᠠᠨ ᠤ ᠰᠢᠶᠠᠨ ᠤ ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠴᠡᠴᠡᠷᠯᠢᠭ ᠤᠨ ᠲᠠᠷᠬᠠᠯᠲᠠ ᠲᠡᠭᠰᠢ ᠪᠤᠰᠤ᠂ ᠦᠶᠯᠡᠴᠢᠯᠡᠭᠡᠨ ᠤ ᠷᠠᠳᠢᠥᠰ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠨᠥᠬᠦᠪᠥᠷᠢᠯᠡᠬᠦ ᠳᠤ ᠬᠡᠷᠡᠭᠯᠡᠨ᠎ᠡ︔ ᠪᠠᠷᠠᠭᠤᠨ ᠭᠤᠣᠯ ᠰᠤᠪᠠᠭ ᠲᠠᠬᠢ ᠵᠠᠰᠠᠯᠲᠠ ᠲᠠᠢ ᠤᠶᠠᠯᠳᠤᠭᠤᠯᠤᠨ᠂ ᠪᠠᠷᠠᠭᠤᠨ ᠭᠤᠣᠯ ᠰᠤᠪᠠᠭ ᠲᠠᠬᠢ ᠬᠤᠶᠠᠷ ᠬᠥᠪᠡᠭᠡ ᠶᠢ ᠨᠣᠭᠤᠭᠠᠷᠠᠭᠤᠯᠬᠤ ᠬᠡᠷᠡᠭᠲᠡᠶ᠃      ︵ᠳᠥᠷᠪᠡ︶ ᠢᠯᠴᠢ ᠬᠠᠩᠭᠠᠬᠤ ᠶᠢ ᠬᠡᠮᠵᠢᠵᠦ ᠰᠦᠢᠳᠬᠡᠯ ᠬᠤᠷᠢᠶᠠᠬᠤ ᠬᠠᠷᠢᠴᠠᠯ ᠵᠢᠴᠢ ᠰᠢᠶᠠᠨ ᠤ ᠬᠤᠲᠠ  ᠶᠢᠨ ᠪᠣᠬᠢᠷ ᠤᠰᠤ ᠪᠠ ᠬᠤᠭ ᠨᠣᠪᠰᠢ ᠶᠢ ᠰᠢᠶᠳᠪᠦᠷᠢᠯᠡᠬᠦ ᠨᠣᠷᠮ᠎ᠠ ᠪᠠᠨ ᠳᠡᠭᠡᠭᠰᠢᠯᠡᠭᠦᠯᠦᠨ᠎ᠡ᠃ ︽ᠤᠯᠤᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠪᠠᠷᠢᠮᠵᠢᠶ᠎ᠠ︾ ᠶᠣᠰᠣᠭᠠᠷ᠂ ᠤᠮᠠᠷᠠᠲᠤ ᠣᠷᠣᠨ ᠤ ᠳᠤᠯᠠᠭᠠᠯᠠᠭ᠎ᠠ ᠶᠢᠨ ᠭᠠᠵᠠᠷ ᠣᠷᠣᠨ ᠤ ᠣᠷᠣᠨ ᠰᠠᠭᠤᠴᠠ ᠶᠢᠨ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ ᠬᠤᠷᠢᠶᠠᠬᠤ ᠬᠠᠷᠢᠴᠠᠯ ᠢ 30 % ᠠᠴᠠ ᠳᠡᠭᠡᠭᠰᠢ ᠳᠤ ᠬᠦᠷᠦᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠣᠷᠣᠨ  ᠤ ᠳᠣᠲᠣᠷ᠎ᠠ ᠨᠢᠭᠡᠨᠲᠡ ᠢᠯᠴᠢ ᠬᠠᠩᠭᠠᠬᠤ ᠬᠡᠮᠵᠢᠭᠦᠷ ᠲᠠᠭᠠᠷᠠᠭᠤᠯᠤᠭᠰᠠᠨ ᠵᠢᠵᠢᠭ ᠲᠣᠭᠤᠷᠢᠭ ᠲᠤ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ︔ ᠬᠡᠮᠵᠢᠯᠲᠡ ᠶᠢᠨ ᠬᠦᠰᠦᠨᠦᠭᠲᠦ ᠲᠠᠭᠠᠷᠠᠭᠤᠯᠤᠭᠰᠠᠨ ᠥᠬᠡᠶ ᠮᠥᠷᠲᠡᠭᠡᠨ ᠤᠭᠰᠠᠷᠠᠬᠤ ᠨᠥᠬᠦᠴᠡᠯ ᠲᠠᠢ ᠵᠢᠵᠢᠭ ᠲᠣᠭᠤᠷᠢᠭ ᠨᠢ ᠳᠠᠷᠤᠶ ᠲᠦᠷᠭᠡᠨ ᠤᠭᠰᠠᠷᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ ᠬᠠᠷᠢᠴᠠᠯ ᠤᠨ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠬᠤ ᠬᠡᠷᠡᠭᠲᠡᠶ᠃ ᠡᠭᠦᠨ ᠤ ᠬᠠᠮᠲᠤ ᠬᠤᠲᠠ ᠶᠢᠨ ᠪᠣᠬᠢᠷ ᠤᠰᠤ ᠪᠠ ᠬᠤᠭ ᠨᠣᠪᠰᠢ ᠶᠢ ᠰᠢᠶᠳᠪᠦᠷᠢᠯᠡᠬᠦ ᠡᠷᠴᠢᠮ ᠢ ᠴᠢᠩᠭᠠᠷᠠᠭᠤᠯᠵᠤ᠂ ᠤᠤᠯ ᠤᠨ ᠰᠠᠭᠤᠷᠢᠨ ᠳᠡᠭᠡᠷ᠎ᠡ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠦᠶᠯᠡᠳᠪᠦᠷᠢ ᠵᠡᠷᠭᠡ ᠤᠳᠠᠭ᠎ᠠ ᠦᠨᠡᠯᠡᠨ ᠲᠣᠭᠲᠠᠭᠠᠬᠤ ᠠᠵᠢᠯ ᠢ ᠥᠷᠨᠢᠭᠦᠯᠦᠨ᠎ᠡ᠃      ( ᠲᠠᠪᠤ ) ᠠᠮᠢ ᠠᠬᠤᠶ ᠶᠢ ᠵᠠᠰᠠᠨ ᠰᠡᠷᠭᠦᠭᠡᠬᠦ ᠪᠠ ᠠᠮᠢ ᠠᠬᠤᠢ ᠶᠢᠨ ᠲᠣᠣᠷ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡᠨᠲᠡ ᠬᠤᠬᠢᠷᠠᠭᠰᠠᠨ ᠠᠭᠤᠯᠠᠨ ᠪᠡᠶ᠎ᠡ ᠪᠣᠯᠤᠨ ᠣᠰᠣᠨ ᠴᠣᠭᠴᠠ ᠳᠤ ᠪᠠᠶᠢᠳᠠᠯ ᠢ ᠣᠶᠢᠯᠠᠭᠠᠬᠤ ᠪᠠ ᠠᠮᠢ ᠠᠬᠤᠢ ᠶᠢᠨ ᠦᠨᠡᠯᠡᠨ ᠵᠢᠱᠢᠯᠲᠡ ᠬᠢᠵᠦ᠂ ᠠᠮᠢ ᠠᠬᠤᠢ ᠶᠢ ᠵᠠᠰᠠᠨ ᠰᠡᠷᠭᠦᠭᠡᠬᠦ ᠲᠤᠰᠬᠠᠢ ᠲᠥᠯᠥᠪᠵᠢᠭᠦᠯᠭᠡ ᠶᠢ ᠲᠣᠭᠲᠠᠭᠠᠵᠤ᠂ ᠠᠮᠢᠳᠤ ᠪᠣᠳᠠᠰ᠂ ᠹᠢᠽᠢᠺ᠂ ᠬᠢᠮᠢ ᠵᠡᠷᠭᠡ ᠮᠡᠷᠭᠡᠵᠢᠯ ᠢᠶᠠᠷ ᠬᠤᠳᠠ  ᠶᠢᠨ ᠲᠥᠯᠥᠪᠵᠢᠭᠦᠯᠭᠡ ᠶᠢᠨ ᠲᠣᠭᠤᠷᠢᠭ ᠲᠠᠬᠢ ᠬᠤᠬᠢᠷᠠᠭᠰᠠᠨ ᠠᠭᠤᠯᠠᠨ ᠪᠡᠶ᠎ᠡ᠂ ᠣᠰᠣᠨ ᠴᠣᠭᠴᠠ ᠪᠣᠯᠤᠨ ᠬᠠᠶᠠᠭᠳᠠᠮᠠᠯ ᠭᠠᠵᠠᠷ ᠲᠤ ᠠᠮᠢ ᠠᠬᠤᠢ ᠶᠢ ᠵᠠᠰᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠬᠢᠵᠦ᠂ ᠨᠣᠭᠤᠭᠠᠨ ᠱᠤᠭᠤᠮ᠂ ᠣᠰᠣᠨ ᠴᠣᠭᠴᠠ ᠶᠢᠨ ᠬᠠᠮᠠᠭᠠᠯᠠᠯᠲᠠ ᠶᠢᠨ ᠱᠤᠭᠤᠮ ᠢ ᠵᠠᠭᠠᠭᠯᠠᠨ ᠲᠣᠭᠲᠠᠭᠠᠬᠤ ᠲᠠᠢ ᠤᠶᠠᠯᠳᠤᠭᠤᠯᠤᠨ᠂ ᠨᠣᠭᠤᠭᠠᠨ ᠴᠠᠭᠠᠷᠢᠭ᠂ ᠨᠣᠭᠤᠭᠠᠨ ᠵᠠᠮ᠂ ᠨᠣᠭᠤᠭᠠᠨ ᠬᠤᠩᠭᠢᠯ ᠢ ᠵᠦᠢ ᠵᠣᠬᠢᠰᠲᠠᠢ ᠪᠠᠶᠢᠷᠢᠰᠢᠭᠤᠯᠵᠤ᠂ ᠬᠤᠳᠠ  ᠶᠢᠨ ᠨᠣᠭᠤᠭᠠᠷᠠᠭᠤᠯᠤᠯᠲᠠ ᠶᠢᠨ ᠭᠠᠵᠠᠷ ᠤᠨ ᠰᠢᠰᠲ᠋ᠧᠮ ᠢ ᠬᠤᠳᠠ ᠶᠢᠨ ᠭᠠᠳᠠᠨᠠᠬᠢ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠵᠡᠷᠭᠡ ᠪᠠᠶᠢᠭᠠᠯᠢ ᠶᠢᠨ ᠠᠮᠢ ᠠᠬᠤᠢ ᠶᠢᠨ ᠡᠯᠧᠮᠧᠨ᠋ᠲ ᠲᠠᠢ ᠣᠷᠭᠠᠨᠢᠭ ᠢᠶᠠᠷ ᠬᠤᠯᠪᠣᠵᠤ᠂ ᠪᠠᠶᠢᠭᠠᠯᠢ ᠶᠢᠨ ᠡᠯᠧᠮᠧᠨ᠋ᠲ ᠢ ᠬᠤᠲᠠ ᠳᠤ ᠣᠷᠣᠭᠤᠯᠤᠨ᠎ᠠ᠃                                                          ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2