ᠯᠢ ᠵᠢᠢ ᠾᠧᠩ ᠤᠯᠠᠭᠠᠨᠴᠠᠪ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠠᠭ ᠪᠢᠳᠡᠨ ᠢ ᠬᠦᠯᠢᠶᠡᠬᠦ ᠦᠬᠡᠢ ᠰᠢᠷᠭᠠᠭᠤ ᠬᠠᠲᠠᠭᠤᠵᠢᠯᠲᠠᠢ ᠠᠵᠢᠯᠯᠠᠵᠤ ᠣᠨᠴᠠ ᠶᠠᠳᠠᠭᠤ ᠬᠦᠴᠢᠷᠳᠡᠯ ᠤᠨ ᠪᠠᠬᠢᠯᠡᠯᠲᠡ ᠶᠢ ᠡᠷᠡᠰ ᠲᠠᠭᠠᠷᠢᠬᠤ ᠬᠡᠷᠡᠭᠳᠡᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2019-07-02
     6 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠰᠢᠶᠧ ᠵᠢᠶᠠ ᠹᠠᠩ ᠲᠣᠰᠬᠤᠨ ᠳᠤ ᠭᠦᠨᠵᠡᠭᠡᠶᠢᠷᠡᠵᠦ᠂ ᠠᠶᠢᠯ ᠡᠷᠦᠬᠡ ᠳᠤ ᠬᠦᠷᠴᠦ ᠲᠣᠰᠬᠤᠨ ᠤ ᠠᠷᠠᠳ ᠤᠨ ᠤᠤᠭᠤᠬᠤ ᠤᠰᠤᠨ ᠤ ᠴᠢᠨᠠᠷ ᠤᠨ ᠳᠡᠭᠡᠭᠰᠢᠯᠡᠯᠲᠡ ᠵᠢᠴᠢ ᠤᠰᠤ ᠬᠠᠩᠭᠠᠬᠤ ᠵᠠᠭᠪᠤᠷ ᠤᠨ ᠪᠠᠶᠢᠳᠠᠯ ᠢ ᠪᠠᠶᠢᠴᠠᠭᠠᠨ ᠦᠵᠡᠪᠡ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ       ︵ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠯᠢᠦ ᠰᠢᠶᠣᠤ ᠳ᠋ᠦᠩ︶ 6 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠬᠤᠸᠠᠳᠧ ᠰᠢᠶᠠᠨ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠴᠠᠭ ᠪᠢᠳᠡᠨ ᠢ ᠬᠦᠯᠢᠶᠡᠬᠦ ᠥᠬᠡᠶ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠬᠦᠴᠦᠨ ᠢᠶᠠᠨ ᠲᠥᠪᠯᠡᠷᠡᠭᠦᠯᠦᠨ᠂ ᠤᠨᠢᠨ ᠳᠡᠭᠡᠷ᠎ᠡ ᠨᠢ ᠬᠦᠴᠦᠯᠡᠵᠦ᠂ ᠣᠨᠴᠠ ᠶᠠᠳᠠᠭᠤ ᠬᠦᠴᠢᠷᠳᠡᠯ ᠤᠨ ᠪᠠᠬᠢᠯᠡᠯᠲᠡ ᠶᠢ ᠡᠷᠡᠰ ᠲᠠᠭᠠᠷᠢᠬᠤ ᠬᠡᠷᠡᠭᠲᠡᠶ ᠭᠡᠵᠦ ᠴᠢᠬᠤᠯᠠᠴᠢᠯᠠᠪᠠ᠃      ᠤᠰᠤ ᠤᠮᠳᠠ ᠶᠢᠨ ᠠᠮᠤᠷ ᠲᠦᠪᠰᠢᠨ ᠪᠣᠯ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠨᠢᠭᠡᠨ ᠭᠤᠣᠯᠳᠠᠯᠭ᠎ᠠ ᠮᠥᠨ᠃ ᠯᠢ ᠵᠢᠢ ᠾᠧᠩ ᠪᠠᠶᠠᠨᠲᠠᠯ᠎ᠠ ᠲᠣᠰᠬᠤᠨ᠂ ᠰᠢᠶᠧ ᠵᠢᠶᠠ ᠹᠠᠩ ᠲᠣᠰᠬᠤᠨ᠂ ᠨᠠᠷᠢᠨ ᠲᠣᠰᠬᠤᠨ᠂ ᠮᠠ ᠠᠨ ᠴᠢᠶᠣᠤ ᠲᠣᠰᠬᠤᠨ ᠳᠤ ᠬᠦᠷᠴᠦ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠡᠷᠡᠭᠵᠢᠭᠦᠯᠦᠯᠲᠡ ᠵᠢᠴᠢ ᠲᠥᠪᠯᠡᠷᠡᠭᠦᠯᠦᠨ ᠤᠰᠤ ᠬᠠᠩᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠵᠤ᠂ ᠤᠰᠤᠨ ᠤ ᠴᠢᠨᠠᠷ ᠤᠨ ᠪᠠᠶᠢᠳᠠᠯ᠂ ᠴᠡᠪᠡᠷ ᠤᠰᠤᠨ ᠤ ᠵᠠᠭᠪᠤᠷ᠂ ᠬᠠᠮᠢᠶᠠᠷᠴᠤ ᠬᠠᠮᠠᠭᠠᠯᠠᠬᠤ ᠠᠷᠭ᠎ᠠ ᠶᠢ ᠨᠠᠷᠢᠨ ᠣᠶᠢᠯᠠᠭᠠᠪᠠ᠃ ᠵᠦ ᠬᠤᠩ ᠭᠤᠸᠠᠩ᠂ ᠵᠠᠩ ᠡᠯ ᠮᠤᠤ᠂ ᠯᠢᠦ ᠽᠦᠨ ᠢ ᠵᠡᠷᠭᠡ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ᠂ ᠲᠡᠷᠡ ᠤᠰᠤᠨ ᠤ ᠬᠡᠮᠵᠢᠶ᠎ᠡ ᠶᠢ ᠪᠠᠶᠢᠴᠠᠭᠠᠨ ᠦᠵᠡᠵᠦ᠂ ᠤᠰᠤᠨ ᠤ ᠴᠢᠨᠠᠷ ᠢ ᠣᠶᠢᠯᠠᠭᠠᠵᠤ᠂ ᠤᠰᠤ ᠬᠡᠷᠡᠭᠯᠡᠬᠦ ᠳᠤ ᠲᠥᠬᠦᠮ ᠪᠠᠶᠢᠬᠤ ᠡᠰᠡᠬᠦ᠂ ᠤᠰᠤ ᠬᠠᠩᠭᠠᠬᠤ ᠶᠢ ᠪᠠᠲᠤᠯᠠᠬᠤ ᠨᠤᠷᠮ᠎ᠠ ᠥᠨᠳᠥᠷ ᠡᠰᠡᠬᠦ ᠶᠢ ᠯᠠᠪᠯᠠᠨ ᠠᠰᠠᠭᠤᠪᠠ ᠃ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠦᠨᠳᠦᠰᠦᠨ ᠱᠠᠭᠠᠷᠳᠠᠯᠭ᠎ᠠ ᠪᠣᠯᠤᠨ᠎ᠠ᠂ ᠡᠯ᠎ᠡ ᠭᠠᠵᠠᠷ ᠤᠨ ᠬᠢᠨ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ ᠬᠠᠩᠭᠠᠬᠤ ᠬᠤᠭᠤᠯᠠᠢ ᠲᠣᠣᠷ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠴᠢᠩᠭᠠᠳᠬᠠᠵᠤ᠂ ᠤᠰᠤ ᠬᠠᠩᠭᠠᠬᠤ ᠤᠰᠤᠨ ᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠶᠢ ᠪᠠᠲᠤᠯᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠳᠤ ᠰᠠᠨᠠᠭ᠎ᠠ ᠠᠮᠤᠷ ᠤᠰᠤ᠂ ᠡᠷᠡᠭᠦᠯ ᠤᠰᠤ ᠤᠤᠭᠤᠯᠭᠠᠬᠤ ᠬᠡᠷᠡᠭᠲᠡᠢ ᠭᠡᠵᠦ ᠯᠢ ᠵᠢᠢ ᠡᠾᠧᠩ ᠵᠢᠭᠠᠵᠤ ᠭᠠᠷᠭᠠᠪᠠ᠃       ᠯᠢ ᠵᠢᠢ ᠾᠧᠩ ᠦᠶ᠋ᠯᠡᠳᠪᠦᠷᠢ ᠶᠢᠨ ᠲᠠᠰᠤᠭ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠶᠠᠳᠠᠭᠤ ᠶᠢ ᠳᠠᠭᠠᠭᠤᠯᠤᠭᠰᠠᠨ ᠦᠷ᠎ᠡ ᠪᠦᠲᠦᠮᠵᠢ ᠶᠢ ᠭᠦᠨᠵᠡᠭᠡᠢ ᠰᠢᠨᠵᠢᠯᠡᠨ ᠪᠠᠶᠢᠴᠠᠭᠠᠪᠠ᠃ ᠺᠠᠢ ᠶᠢᠨ ᠺᠣᠮᠫᠠᠨᠢ ᠦᠬᠦᠰᠢᠮᠡᠯ ᠠᠵᠤ ᠠᠬᠤᠶᠢᠯᠠᠯ ᠤᠨ ᠬᠠᠶᠠᠭᠳᠠᠮᠠᠯ ᠦᠶ᠋ᠯᠡᠳᠪᠦᠷᠢ ᠶᠢᠨ ᠭᠡᠷ ᠲᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠵᠤ ᠦᠢᠯᠡᠰ ᠪᠣᠰᠬᠠᠵᠤ᠂ ᠬᠡᠳᠦᠨ ᠵᠠᠭᠤᠨ ᠠᠵᠢᠯ ᠤᠨ ᠪᠠᠶᠢᠷᠢ ᠬᠠᠩᠭᠠᠪᠠ︔ ᠵᠢᠶᠠ ᠿᠦᠩ ᠯᠢ ᠳ᠋ᠠ ᠺᠣᠮᠫᠠᠨᠢ ᠭᠠᠯᠠᠭᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢ ᠠᠵᠢᠯ ᠬᠢᠳᠡᠯ ᠲᠠᠢ ᠪᠤᠯᠭᠠᠵᠤ᠂ ᠵᠣᠭᠤᠰ ᠣᠯᠭᠤᠪᠠ︔ ᠬᠤᠩ ᠢ ᠺᠣᠮᠫᠠᠨᠢ ᠬᠥᠯᠳᠡᠭᠡᠭᠰᠡᠨ ᠢᠳᠡᠭᠡᠨ ᠢ ᠪᠣᠯᠪᠠᠰᠤᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠰᠢᠩᠭᠡᠭᠡᠨ ᠠᠪᠤᠪᠠ︔ ᠬᠤᠸᠠ ᠳ᠋ᠢᠩ ᠺᠣᠮᠫᠠᠨᠢ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠶᠢᠨ ᠦᠶ᠋ᠯᠡᠳᠪᠦᠷᠢᠯᠡᠯ ᠢ ᠶᠡᠷᠦᠩᠬᠡᠶᠢᠯᠡᠨ ᠠᠰᠢᠭᠯᠠᠵᠤ᠂ ᠬᠠᠶᠠᠭᠳᠠᠮᠠᠯ ᠡᠳ᠋ ᠢ ᠡᠷᠳᠡᠨᠢ ᠪᠣᠯᠭᠠᠨ ᠬᠤᠪᠢᠷᠠᠭᠤᠯᠵᠤ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠪᠠ᠂ ᠯᠢ ᠵᠢᠶ ᠾᠧᠩ ᠡᠳᠡᠭᠡᠷ ᠬᠢᠳᠡᠯ ᠪᠠ ᠦᠷ᠎ᠡ ᠪᠦᠲᠦᠮᠵᠢ ᠶᠢ ᠨᠤᠲᠠᠯᠠᠪᠠ᠃ ᠲᠡᠷᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠤᠯᠠᠨ ᠠᠵᠤ ᠠᠬᠤᠶᠢᠯᠠᠯ ᠢ ᠲᠠᠲᠠᠵᠤ ᠰᠠᠭᠤᠷᠢᠨ ᠭᠠᠵᠠᠷ ᠪᠠᠶᠢᠭᠤᠯᠵᠤ ᠂ ᠲᠥᠷᠥᠯ ᠵᠦᠢᠯ ᠭᠠᠷᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠠᠶᠢᠴᠢᠯᠠᠨ ᠲᠣᠭᠲᠠᠭᠤᠨ ᠢᠶᠠᠷ ᠠᠵᠢᠯ ᠣᠯᠭᠤᠵᠤ᠂ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃       ᠰᠢᠨᠡᠤᠰᠤ ᠲᠣᠰᠬᠤᠨ ᠪᠣᠯᠤᠨ ᠬᠥᠬᠡᠪᠦᠷ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠳᠠᠰᠤᠭ ᠲᠤ᠂ ᠬᠤᠸᠠᠩ ᠶᠠᠩ ᠴᠧᠩ ᠬᠤᠲᠠ ᠪᠠᠯᠭᠠᠰᠤ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠥᠷᠲᠡᠭᠡ ᠳᠤ᠂ ᠯᠢ ᠵᠢᠢ ᠾᠧᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠵᠢᠯ ᠣᠯᠭᠤᠯᠲᠠ ᠵᠢᠴᠢ ᠣᠷᠣᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷ ᠢ ᠬᠠᠮᠲᠤ ᠶᠢᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠬᠥᠳᠡᠭᠡ ᠠᠵᠤ ᠠᠬᠤᠢ ᠠᠵᠤ ᠠᠬᠤᠶᠢᠯᠠᠯ ᠤᠨ ᠠᠰᠢᠭ ᠲᠤᠰᠠ ᠶᠢ ᠨᠠᠩ ᠨᠢᠭᠲᠠ ᠴᠢᠩᠭ᠎ᠠ ᠬᠤᠯᠪᠣᠬᠤ ᠬᠡᠷᠡᠭᠲᠡᠢ ᠭᠡᠵᠦ ᠵᠠᠬᠢᠪᠠ᠃ ᠲᠡᠷᠡ ᠪᠠᠰᠠ ᠬᠡᠰᠡᠭ ᠲᠣᠰᠬᠤᠨ ᠤ ︽ᠬᠤᠶᠠᠷ ᠵᠥᠪᠯᠡᠯ︾ ᠪᠣᠯᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠵᠡᠷᠭᠡ ᠳᠤ ᠬᠦᠷᠴᠦ᠂ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠵᠤ᠂ ᠲᠣᠰᠬᠤᠨ ᠳᠤ ᠰᠠᠭᠤᠭ᠎ᠠ ᠺᠠᠳ᠋ᠷ ᠢ ᠪᠣᠯᠭᠤᠭᠠᠨ ᠦᠵᠡᠪᠡ᠃       ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠯᠢ ᠵᠢᠶ ᠾᠧᠩ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠠᠶᠢᠳᠠᠯ ᠡᠭᠦᠷᠭᠡ ᠶᠢ ᠲᠣᠳᠣᠷᠬᠠᠢ ᠲᠠᠨᠢᠵᠤ᠂ ᠨᠠᠩ ᠴᠢᠩᠭ᠎ᠠ ᠡᠭᠦᠷᠭᠡᠲᠦ ᠰᠡᠳᠬᠢᠯᠭᠡ ᠲᠤᠯᠭᠠᠮ᠎ᠠ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ᠂ ᠨᠠᠩ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠠᠩ ᠰᠢᠨᠵᠢᠯᠡᠬᠦ ᠤᠬᠠᠭᠠᠨᠴᠢ ᠪᠦᠲᠦᠮᠵᠢᠲᠡᠢ ᠠᠷᠭ᠎ᠠ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ ᠠᠳᠬᠤᠵᠤ᠂ ᠨᠠᠩ ᠴᠢᠩᠭ᠎ᠠ ᠪᠣᠳᠠᠲᠠᠢ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠠᠵᠢᠯ ᠢ ᠴᠠᠭ ᠢᠮᠠᠭᠲᠠ ᠰᠡᠳᠬᠢᠯ ᠳᠡᠭᠡᠨ ᠪᠣᠳᠣᠵᠤ᠂ ᠭᠠᠷ ᠲᠠᠭᠠᠨ ᠠᠳᠬᠤᠵᠤ᠂ ᠰᠤᠯᠠᠷᠠᠭᠤᠯᠤᠯ ᠦᠭᠡᠢ ᠂ ᠬᠤᠶᠢᠷᠭᠤᠰᠢᠬᠤ ᠦᠭᠡᠢ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠣᠳᠠᠲᠠᠢ ᠶᠢ ᠡᠷᠬᠢᠮᠯᠡᠨ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠣᠯᠬᠤ ᠬᠡᠷᠡᠭᠲᠡᠢ ᠬᠡᠵᠤ ᠳᠡᠷᠡ ᠴᠢᠬᠤᠯᠠᠴᠢᠯᠠᠵᠠᠢ᠃      ᠯᠢ ᠵᠢᠢ ᠾᠧᠩ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠱᠠᠭᠠᠷᠳᠠᠯᠭ᠎ᠠ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ᠃                                                  ᠤᠷᠴᠢᠭᠤᠯᠤᠭᠴᠢ᠄ ᠬᠦᠰᠡᠯ                                                  ᠬᠢᠨᠠᠭᠴᠢ᠄ ᠭᠡᠷᠡᠯᠳᠤ                                                  ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2