ᠮᠠᠨ ᠤ ᠬᠤᠲᠠ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠤᠶᠢᠲᠤ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2019-07-23
     ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠲᠥᠯᠥᠪᠵᠢᠭᠦᠯᠪᠡ ᠶᠣᠰᠣᠭᠠᠷ᠂ ᠮᠠᠨ ᠤ ᠬᠤᠲᠠ ᠤᠯᠤᠰ ᠤᠨ ᠲᠡᠰ ᠤᠨ ᠪᠠᠷᠢᠮᠵᠢᠶᠠᠵᠢᠭᠰᠠᠨ ᠰᠢᠨ᠎ᠡ ᠬᠡᠯᠪᠡᠷᠢ ᠶᠢᠨ ᠬᠡᠤᠬᠡᠳ ᠤᠨ ᠴᠡᠴᠡᠷᠯᠢᠭ — ᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠬᠤᠶᠢᠲᠦ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠴᠡᠴᠡᠷᠯᠢᠭ ᠨᠢ ᠵᠢᠨᠢᠩ ᠲᠣᠭᠤᠷᠢᠭ ᠤᠨ ᠴᠠᠩᠫᠢᠩ ᠵᠠᠮ ᠠᠴᠠ ᠵᠡᠭᠦᠨᠰᠢ᠂ ᠺᠠᠩ ᠨᠢᠭ᠋ ᠵᠠᠮ ᠠᠴᠠ ᠪᠠᠷᠠᠭᠤᠨᠰᠢ᠂ ᠨᠥᠬᠦᠷᠯᠡᠯ ᠵᠡᠭᠡᠯᠢ ᠳᠤ ᠪᠠᠶᠢᠷᠢᠯᠠᠵᠤ᠂ ᠣᠶᠢᠷᠠᠯᠴᠠᠭ᠎ᠠ ᠨᠢ ᠪᠠᠶ ᠸᠠᠩ ᠬᠤᠷᠢᠶᠠᠯᠠᠯ᠂ ᠢ ᠬᠠᠢ ᠬᠤᠷᠢᠶᠠᠯᠠᠯ᠂ ᠹᠦ᠋ ᠯᠢ ᠸᠠᠨ᠂ ᠱᠧᠩ ᠱᠢ ᠰᠢᠨ᠎ᠡ ᠬᠤᠲᠠ ᠪᠠ ᠱᠢ ᠶᠤᠸᠠᠨ ᠬᠤᠷᠢᠶᠠᠯᠠᠯ ᠵᠡᠷᠭᠡ ᠪᠠᠶᠢᠨ᠎ᠠ᠃ ᠲᠤᠰ ᠴᠡᠴᠡᠷᠯᠢᠭ  ᠤᠨ ᠶᠡᠷᠦᠩᠬᠡᠶ ᠪᠠᠯᠠ ᠣᠷᠣᠭᠤᠯᠤᠯᠲᠠ ᠨᠢ 3200 ᠲᠦᠮᠡᠨ ᠲᠥᠭᠦᠷᠢᠭ ᠪᠠᠶᠢᠵᠤ᠂ ᠵᠢᠭᠠᠨ ᠰᠤᠷᠭᠠᠯᠲᠠ ᠶᠢᠨ ᠬᠡᠷᠡᠭᠯᠡᠬᠦ ᠭᠠᠵᠠᠷ 13828 ᠲᠡᠭᠰᠢ ᠳᠥᠷᠪᠡᠯᠵᠢᠨ ᠮᠧᠳ᠋ᠷ ᠪᠣᠶ᠃      ᠤᠤᠯ ᠤᠨ ᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠬᠤᠶᠢᠲᠦ ᠴᠡᠴᠡᠷᠯᠢᠭ ︵ᠵᠢᠨᠢᠩ ᠲᠣᠭᠤᠷᠢᠭ ᠤᠨ ᠴᠢᠯᠥᠭᠡᠯᠡᠯᠲᠡ ᠵᠠᠮ ᠤᠨ 137 ᠳ᠋ᠤᠭᠠᠷ ᠨᠣᠮᠧᠷ︶ ᠨᠢ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠶᠠᠯᠠᠭᠳᠠᠵᠤ᠂ 1332 ᠲᠡᠭᠰᠢ ᠳᠥᠷᠪᠡᠯᠵᠢᠨ ᠮᠧᠳ᠋ᠷ ᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ ᠪᠠᠷᠤᠭ 3.3 ᠲᠡᠭᠰᠢ ᠳᠥᠷᠪᠡᠯᠵᠢᠨ ᠮᠧᠳ᠋ᠷ ᠪᠠᠶᠢᠵᠤ᠂ ᠭᠤᠤᠯᠳᠠᠭᠤ ᠵᠢᠨᠢᠩ ᠤᠨ ᠬᠠᠭᠤᠴᠢᠨ ᠲᠣᠭᠤᠷᠢᠭ ᠤᠨ ᠮᠣᠩᠭᠤᠯ ᠦᠨᠳᠦᠰᠦᠲᠡᠨ ᠤ ᠦᠷ᠎ᠡ ᠬᠡᠤᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠡᠭᠦᠷᠭᠡᠯᠡᠵᠦ ᠪᠠᠶᠢᠪᠠ᠃ 1979 ᠣᠨ ᠳᠤ ᠡᠬᠢᠯᠡᠨ ᠪᠠᠶᠢᠭᠤᠯᠵᠤ᠂ ᠤᠳᠠᠭᠠᠨ ᠵᠢᠯ ᠵᠠᠰᠠᠭᠰᠠᠨ ᠦᠭᠡᠢ ᠠᠴᠠ ᠣᠯᠠᠨ ᠤᠳᠠᠭᠠᠨ ᠤ ᠪᠠᠶᠢᠴᠠᠭᠠᠯᠲᠠ ᠪᠠᠷ ᠳᠠᠮᠵᠢᠭᠠᠳ ᠮᠠᠰᠢ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠵᠡᠢ᠂ ᠣᠳᠣᠬᠠᠨ ᠳᠤ ᠨᠤᠷᠠᠭᠠᠵᠤ ᠨᠡᠭᠦᠯᠭᠡᠬᠦ ᠪᠠᠷ ᠲᠦᠯᠦᠪᠵᠢᠭᠦᠯᠵᠦ ᠪᠠᠶᠢᠨ᠎ᠠ᠃                                                  ᠤᠷᠴᠢᠭᠤᠯᠤᠭᠴᠢ᠄ ᠡᠷᠳᠡᠨᠢᠴᠤᠭᠲᠦ                                                  ᠬᠢᠨᠠᠭᠴᠢ᠄ ᠭᠡᠷᠡᠯᠲᠦ                                                  ᠪᠠᠭᠤᠯᠭᠠᠭᠰᠠᠨ ᠨᠢ᠄ ᠰᠠᠷᠠᠭᠤᠯ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2