ᠱᠠᠩᠳᠤ ᠰᠢᠶᠠᠨ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠡᠭᠦᠳᠪᠡ
ᠨᠡᠶᠢᠲᠡᠯᠡᠭᠰᠡᠨ ᠴᠠᠭ᠄
2019-07-03
     ᠱᠠᠩᠳᠤ ᠰᠢᠶᠠᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ 2019 ᠣᠨ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠡᠭᠦᠳᠴᠡᠢ᠃      ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠦᠶᠯᠡᠰ ᠪᠠ ᠲᠣᠮᠣ ᠳ᠋ᠠᠶᠢᠲ᠋ᠠ ᠶᠢᠨ ᠠᠵᠤ ᠦᠶᠯᠡᠰ ᠢ ᠶᠡᠬᠡᠪᠡᠷ ᠬᠥᠭᠵᠢᠭᠦᠯᠦᠨ᠎ᠡ᠃ ᠡᠨᠡ ᠵᠢᠯ ᠬᠥᠳᠡᠭᠡ ᠲᠣᠰᠬᠤᠨ ᠤ  ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠢ ᠪᠠᠶᠢᠭᠤᠯᠤᠨ ᠡᠵᠡᠩᠨᠡᠵᠦ᠂ ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠭᠦᠶᠯᠭᠡᠭᠡ᠂ ᠬᠤᠲᠠ ᠬᠥᠳᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢ ᠬᠥᠭᠵᠢᠭᠦᠯᠦᠨ᠎ᠡ᠃ ᠡᠭᠦᠨ ᠤ ᠬᠠᠮᠲᠤ ᠤᠯᠤᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠠᠰᠢᠭᠲᠠᠢ ᠨᠥᠬᠦᠴᠡᠯ ᠢ ᠠᠳᠬᠤᠵᠤ᠂ ᠳ᠋ᠠ ᠳᠠᠩ ᠴᠠᠬᠢᠯᠭᠠᠨ ᠬᠤᠯᠪᠣᠭ᠎ᠠ ᠶᠢᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠠᠬ᠎ᠠ ᠳᠡᠯᠭᠡᠭᠦᠷ ᠢ ᠪᠤᠵᠠᠭᠠᠶᠢᠷᠠᠭᠤᠯᠬᠤ ᠶᠢ ᠳᠠᠮᠵᠢᠵᠤ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 300 ᠳᠤ ᠬᠦᠷᠭᠡᠨ᠎ᠡ᠃      ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠦᠳᠦᠭᠦᠨ ᠭᠤᠤᠯ ᠤᠨ ᠣᠰᠣᠨ ᠠᠰᠢᠭᠯᠠᠯᠲᠠ  ᠶᠢᠨ ᠦᠵᠡᠮᠵᠢ ᠶᠢᠨ ᠣᠷᠣᠨ᠂ ᠨᠠᠨ ᠬᠤ᠋ ᠠᠮᠢ ᠠᠬᠤᠢ ᠶᠢᠨ ᠬᠦᠷᠢᠶᠡᠯᠡᠩ ᠤᠨ A A A ᠳᠡᠰ ᠤᠨ ᠦᠵᠡᠮᠵᠢ ᠶᠢᠨ ᠣᠷᠣᠨ ᠂ ᠳ᠋ᠠ ᠱᠢ ᠵᠢᠶᠠ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠠ ᠴᠢ ᠼᠠᠢ ᠬᠤ᠋ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠣᠷᠣᠨ ᠢ ᠭᠤᠤᠯᠳᠠᠯᠭ᠎ᠠ ᠲᠠᠢ ᠠᠬᠢᠭᠤᠯᠤᠨ᠎ᠠ︔ ᠰᠢᠶᠠᠨ ᠤ ᠳᠣᠲᠣᠷᠠᠬᠢ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ᠂ ᠣᠨᠴᠠᠯᠢᠭᠲᠤ ᠵᠢᠭᠤᠯᠴᠢᠯᠠᠯ ᠢ ᠬᠥᠭᠵᠢᠭᠦᠯᠦᠨ᠎ᠡ︔ ᠶᠦᠨ ᠳ᠋ᠠᠨ ᠵᠠᠮᠰᠤ ᠶᠢᠨ ᠲᠥᠷᠥᠭᠰᠡᠨ ᠨᠤᠲᠤᠭ — ᠡᠤ ᠲᠠᠢ ᠬᠠᠢ ᠳᠤ ᠲᠦᠰᠢᠭᠯᠡᠵᠦ᠂ ᠲᠠᠯ᠎ᠠ ᠨᠤᠲᠤᠭ  ᠤᠨ ᠵᠠᠩ ᠦᠢᠯᠡ ᠶᠢᠨ ᠵᠤᠭᠠᠴᠠᠯ ᠢ ᠴᠣᠭᠴᠠᠯᠠᠨ᠎ᠠ︔ ᠣᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠲᠠᠷᠢᠶᠠᠴᠢᠨ ᠠᠶᠢᠯ ᠤᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ᠂ ᠮᠠᠯᠴᠢᠨ ᠠᠶᠢᠯ ᠤᠨ ᠵᠤᠭᠠᠴᠠᠯ ᠢ ᠬᠥᠭᠵᠢᠭᠦᠯᠬᠦ ᠬᠡᠷᠡᠭᠲᠡᠢ︔ ᠵᠢᠶᠠᠩᠰᠢ ᠶᠢᠨ ᠬᠤᠳᠠᠯᠳᠤᠭᠠᠴᠢᠳ ᠤᠨ ᠡᠪᠯᠡᠯ ᠤᠨ 4 ᠣᠳᠣᠨ ᠲᠠᠰ ᠤᠨ ᠪᠠᠭᠤᠳᠠᠯ ᠪᠠᠶᠢᠭᠤᠯᠬᠤ  ᠶᠢ ᠳᠠᠮᠵᠢᠵᠤ᠂ ᠵᠢᠤᠢ ᠬᠤᠩ ᠵᠣᠴᠢᠳ ᠤᠨ ᠪᠠᠭᠤᠳᠠᠯ᠂ ᠵᠢᠤᠢ ᠬᠤᠩ 3 D ᠺᠢᠨᠣ᠋ ᠲᠢᠶᠠᠲᠷ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠢᠴᠢ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠨᠡᠪᠴᠢᠭᠦᠯᠬᠦ ᠬᠦᠷᠢᠶᠡᠯᠡᠩ ᠪᠠ ᠵᠢᠤᠢ ᠬᠤᠩ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠵᠡᠩᠨᠡᠯᠲᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠸᠢᠺᠲ᠋ᠣᠷᠢ ᠬᠤᠳᠠᠯᠳᠤᠭᠠᠨ ᠤ ᠳᠡᠯᠭᠡᠭᠦᠷ ᠢ ᠣᠷᠣᠭᠤᠯᠤᠨ ᠠᠪᠴᠢᠷᠠᠵᠤ᠂ ᠪᠦᠬᠦ ᠰᠢᠶᠠᠨ ᠤ ᠬᠤᠨᠤᠭ ᠪᠠᠭᠤᠳᠠᠯ᠂ ᠢᠳᠡᠭᠡᠨ ᠤᠮᠳᠠᠭᠠᠨ ᠪᠠ ᠪᠠᠷᠠᠭ᠎ᠠ ᠬᠤᠳᠠᠯᠳᠤᠨ ᠠᠪᠬᠤ ᠲᠡᠰ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠦᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠮᠥᠩᠭᠦᠨ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠮᠥᠩᠭᠦᠨ ᠭᠦᠢᠯᠭᠡᠭᠡᠨ ᠤ ᠦᠢᠯᠡᠳᠬᠦᠨ ᠢ ᠪᠠᠶᠠᠯᠢᠭᠵᠢᠭᠤᠯᠤᠨ᠂ ᠲᠥᠪ ᠪᠠᠩᠬᠢ ᠰᠢᠶᠠᠨ ᠤ ᠳᠣᠲᠣᠷ᠎ᠠ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠴᠢᠷᠮᠠᠶᠢᠵᠤ᠂ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠲᠣᠣᠷ ᠴᠡᠭ ᠤᠨ ᠰᠢᠶᠠᠩ ᠪᠠᠯᠭᠠᠰᠤ ᠶᠢ ᠨᠡᠶᠢᠳᠡᠮ ᠬᠠᠮᠤᠷᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠢᠨᠵᠧᠨᠧᠷᠢᠩ ᠤᠨ ᠲᠤᠷᠰᠢᠯᠲᠠ ᠶᠢᠨ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠪᠡᠯᠡ ᠲᠣᠬᠢᠷᠠᠭᠤᠯᠬᠤ ᠲᠥᠷᠥᠯ ᠵᠦᠢᠯ ᠤᠨ ᠬᠥᠮᠥᠷᠭᠡ ᠶᠢ ᠲᠠᠰᠤᠷᠠᠯᠳᠠ ᠥᠬᠡᠶ ᠲᠡᠭᠦᠯᠳᠡᠷᠵᠢᠭᠦᠯᠦᠨ ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢ ᠵᠣᠯᠭᠠᠯᠳᠤᠭᠤᠯᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠨ᠎ᠡ᠃ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠮᠥᠩᠭᠦᠨ ᠭᠦᠶᠯᠭᠡᠭᠡᠨ ᠤ ᠰᠠᠯᠠᠭ᠎ᠠ ᠮᠥᠴᠢᠷ ᠤᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠵᠠᠭᠪᠤᠷ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠪᠠᠭ᠎ᠠ ᠲᠣᠭᠠᠨ ᠤ ᠵᠢᠭᠡᠯᠡᠯᠭᠡ ᠪᠠᠷ ᠳᠠᠮᠵᠢᠭᠤᠯᠤᠨ ᠠᠵᠤ ᠦᠶᠯᠡᠰ ᠢ ᠬᠥᠭᠵᠢᠭᠦᠯᠵᠦ᠂ ᠣᠷᠣᠯᠭ᠎ᠠ ᠶᠢ ᠨᠡᠮᠡᠭᠳᠡᠭᠦᠯᠬᠦ ᠶᠢ ᠢᠳᠡᠪᠬᠢᠲᠡᠶ ᠳᠡᠮᠵᠢᠨ᠎ᠡ᠃                                                           ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2