ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    ᠱᠠᠩᠳᠤ ᠰᠢᠶᠠᠨ ᠤ 2019 ᠣᠨ ᠤ ᠲᠠᠷᠢᠶᠠᠯᠠᠩ ᠮᠠᠯ ᠠᠵᠤ ᠠᠬᠤᠶ ︵ᠭᠠᠯᠠᠭᠤ︶ ᠶᠢᠨ ᠠᠵᠤ ᠦᠶᠯᠡᠰ ᠢᠶᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠨᠥᠬᠦᠪᠥᠷᠢ ᠮᠡᠳᠡᠭᠳᠡᠯ ᠢ ᠳᠠᠷᠤᠮᠠᠯᠯᠠᠨ ᠲᠠᠷᠬᠠᠭᠠᠬᠤ ᠲᠤᠬᠠᠶ
ᠨᠡᠶᠢᠲᠡᠯᠡᠭᠰᠡᠨ ᠴᠠᠭ᠄
2019-08-22
ᠱᠠᠩᠳᠤ ᠶᠢᠨ ᠵᠠᠰᠠᠭ ᠤᠨ ᠤᠷᠳᠤᠨ ᠠᠯᠪᠠᠨ ᠲᠠᠷᠬᠠᠭᠠᠭᠰᠠᠨ ﹇2019﹈ 13 ᠳ᠋ᠤᠭᠠᠷ ᠲᠣᠭᠠᠲᠤ                   ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠱᠠᠩᠳᠤ ᠰᠢᠶᠠᠨ ᠤ 2019 ᠣᠨ ᠤ ᠲᠠᠷᠢᠶᠠᠯᠠᠩ ᠮᠠᠯ ᠠᠵᠤ ᠠᠬᠤᠶ ︵ᠭᠠᠯᠠᠭᠤ︶   ᠶᠢᠨ ᠠᠵᠤ ᠦᠶᠯᠡᠰ ᠢᠶᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠨᠥᠬᠦᠪᠥᠷᠢ ᠮᠡᠳᠡᠭᠳᠡᠯ ᠢ ᠳᠠᠷᠤᠮᠠᠯᠯᠠᠨ ᠲᠠᠷᠬᠠᠭᠠᠬᠤ ᠲᠤᠬᠠᠶ     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄      ᠣᠨᠴᠠᠯᠢᠭᠲᠤ ᠠᠵᠤ ᠦᠢᠯᠡᠰ ᠢ ᠬᠡᠪᠴᠢᠶᠡᠵᠢᠭᠦᠯᠦᠨ ᠳᠡᠰ ᠳᠡᠪᠰᠢᠭᠦᠯᠵᠦ᠂ ᠠᠵᠤ ᠦᠢᠯᠡᠰ ᠤᠨ ᠨᠡᠷᠡᠲᠦ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠲᠥᠪᠯᠡᠷᠡᠯ ᠪᠠ ᠠᠵᠤ ᠦᠢᠯᠡᠰ ᠤᠨ ᠤᠷᠲᠤᠳᠬᠠᠯ ᠢ ᠲᠦᠯᠬᠢᠨ ᠠᠬᠢᠭᠤᠯᠵᠤ᠂ ᠠᠵᠤ ᠦᠢᠯᠡᠰ ᠤᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠨᠢᠭᠲᠠᠷᠠᠭᠤᠯᠤᠨ᠎ᠠ᠃ ︽ᠱᠠᠩᠳᠤ ᠰᠢᠶᠠᠨ ᠤ 2019 ᠣᠨ ᠤ ᠠᠵᠤ ᠦᠶᠯᠡᠰ ᠢᠶᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠵᠢᠯᠣᠭᠤᠳᠬᠤ ᠰᠠᠨᠠᠯ︾ ︵ᠱᠠᠩᠳᠤ ᠶᠢᠨ ᠵᠠᠰᠠᠭ ᠤᠨ ᠤᠷᠳᠤᠨ ᠠᠯᠪᠠᠨ ᠲᠠᠷᠬᠠᠭᠠᠭᠰᠠᠨ ﹇2019﹈ 1 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ︽ᠲᠠᠷᠢᠶᠠᠴᠢᠳ ᠤᠨ ᠰᠠᠶᠢᠨ ᠳᠤᠷ᠎ᠠ ᠶᠢᠨ ᠪᠠᠶᠢᠬᠤ︾ ᠪᠠᠷ ᠵᠠᠷᠴᠢᠮ ᠪᠣᠯᠭᠠᠵᠤ᠂ ᠭᠠᠯᠠᠭᠤ ᠶᠢᠨ ᠠᠵᠤ ᠦᠢᠯᠡᠰ ᠤᠨ ᠲᠡᠳᠬᠦᠮᠵᠢ ᠶᠢ ᠨᠡᠮᠡᠭᠳᠡᠭᠦᠯᠬᠦ ᠪᠠᠷ ᠲᠣᠭᠲᠠᠪᠠ᠃ ᠦᠷ᠎ᠡ ᠶᠢᠨ ᠭᠠᠯᠠᠭᠤ᠂ ᠮᠢᠬᠠᠨ ᠭᠠᠯᠠᠭᠤ ᠲᠡᠵᠢᠭᠡᠨ ᠦᠷᠡᠵᠢᠭᠦᠯᠬᠦ  ᠶᠢ ᠬᠥᠭᠵᠢᠭᠦᠯᠬᠦ ᠶᠢ ᠲᠡᠳᠬᠦᠨ ᠳᠠᠮᠵᠢᠵᠤ᠂ ᠪᠣᠳᠠᠲᠠᠶ ᠲᠡᠳᠬᠦᠨ ᠳᠡᠮᠵᠢᠬᠦ ᠪᠠᠷᠢᠮᠵᠢᠶ᠎ᠠ ᠨᠢ ᠳᠣᠤᠷᠠᠬᠢ ᠮᠡᠲᠦ᠄      ᠨᠢᠭᠡ᠂ ᠲᠡᠳᠬᠦᠬᠦ ᠡᠲᠡᠭᠡᠳ       ︵ᠨᠢᠭᠡ︶ 2018 ᠣᠨ ᠤ ᠡᠴᠦᠰ ᠲᠤ ᠰᠢᠰᠲ᠋ᠧᠮ ᠤᠨ ᠬᠥᠳᠡᠯᠮᠦᠷᠢᠯᠡᠬᠦ ᠴᠢᠳᠠᠪᠤᠷᠢ ᠲᠠᠢ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ︔      ( ᠬᠤᠶᠠᠷ ) ᠡᠩ ᠤᠨ ᠲᠠᠷᠢᠶᠠᠴᠢᠨ ᠡᠷᠦᠬᠡ︔      ( ᠭᠤᠷᠪᠠ ) ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠲᠠᠷᠢᠵᠤ ᠲᠡᠵᠢᠭᠡᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠭᠤᠤᠯ ᠴᠣᠭᠴᠠ᠃      ᠬᠤᠶᠠᠷ᠂ ᠨᠥᠬᠦᠪᠥᠷᠢ ᠥᠭᠬᠦ ᠪᠠᠷᠢᠮᠵᠢᠶ᠎ᠠ      ︵ᠨᠢᠭᠡ︶ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠃ ᠪᠣᠳᠠᠲᠤ ᠪᠠᠶᠢᠳᠠᠯ ᠢ ᠦᠨᠳᠦᠰᠦᠯᠡᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠡᠷᠦᠬᠡ ᠪᠦᠷᠢ ᠶᠢᠨ ᠦᠷ᠎ᠡ ᠶᠢᠨ ᠭᠠᠯᠠᠭᠤ 30 ᠥᠳᠥ᠂ ᠮᠢᠬᠠᠨ ᠭᠠᠯᠠᠭᠤ 50 ᠥᠳᠥ᠂ 《 ᠲᠣᠪᠶᠤᠭ ᠮᠠᠶ᠋ᠢᠭ 》 ᠤᠨ ᠬᠡᠯᠪᠡᠷᠢ ᠪᠠᠷ ᠳᠠᠮᠵᠢᠭᠤᠯᠤᠨ ᠦᠷ᠎ᠡ ᠶᠢᠨ ᠭᠠᠯᠠᠭᠤ ᠪᠦᠷᠢ ᠳᠤ 60 ᠲᠥᠭᠦᠷᠢᠭ᠂ ᠮᠢᠬᠠᠨ ᠭᠠᠯᠠᠭᠤ ᠪᠦᠷᠢ ᠳᠤ 30 ᠲᠥᠭᠦᠷᠢᠭ ᠤᠨ ᠨᠥᠬᠦᠪᠥᠷᠢ ᠥᠭᠴᠦ᠂ ᠳᠡᠭᠡᠳᠦ ᠬᠡᠮᠵᠢᠶ᠎ᠡ ᠠᠴᠠ ᠬᠡᠳᠦᠷᠡᠭᠰᠡᠨ ᠢ ᠨᠢ ᠡᠩ ᠤᠨ ᠲᠠᠷᠢᠶᠠᠴᠢᠨ ᠡᠷᠦᠬᠡ ᠪᠠᠷ ᠯᠠᠪᠯᠠᠯᠲᠠ ᠪᠤᠯᠭᠠᠨ ᠬᠠᠪᠰᠤᠷᠤᠨ᠎ᠠ᠃      ( ᠬᠤᠶᠠᠷ ) ᠡᠩ ᠤᠨ ᠲᠠᠷᠢᠶᠠᠴᠢᠨ ᠡᠷᠦᠬᠡ᠃ ᠡᠷᠦᠬᠡ ᠪᠦᠷᠢ ᠦᠷ᠎ᠡ ᠶᠢᠨ ᠭᠠᠯᠠᠭᠤ ᠪᠤᠶᠤ ᠮᠢᠬᠠᠨ ᠭᠠᠯᠠᠭᠤ 50 ᠥᠳᠥ ᠲᠠᠢ᠂ ᠥᠳᠥ ᠪᠦᠷᠢ ᠳᠤ 10 ᠲᠥᠭᠦᠷᠢᠭ ︵ᠥᠳᠥ ᠪᠦᠷᠢ ᠶᠢᠨ 5 ᠲᠥᠭᠦᠷᠢᠭ ᠤᠨ ᠲᠦᠭᠰᠢᠭᠦᠷᠢᠲᠦ ᠮᠥᠩᠭᠦ ᠪᠠᠭᠳᠠᠭᠳᠠᠨ᠎ᠠ︶ ᠨᠥᠬᠦᠪᠥᠷᠢᠯᠡᠨ᠎ᠡ᠃      ( ᠭᠤᠷᠪᠠ ) ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠲᠠᠷᠢᠵᠤ ᠲᠡᠵᠢᠭᠡᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠲᠡᠵᠢᠭᠡᠨ ᠦᠷᠡᠵᠢᠭᠦᠯᠬᠦ᠃ ᠦᠳᠦ ᠪᠦᠷᠢ ᠳᠤ 10 ᠲᠥᠭᠦᠷᠢᠭ ᠨᠥᠬᠦᠪᠥᠷᠢᠯᠡᠨ᠎ᠡ ( ᠦᠳᠦ ᠪᠦᠷᠢ ᠶᠢᠨ 5 ᠲᠥᠭᠦᠷᠢᠭ ᠤᠨ ᠲᠦᠭᠰᠢᠭᠦᠷᠢᠲᠦ ᠮᠥᠩᠭᠦ ᠪᠠᠭᠳᠠᠭᠳᠠᠨ᠎ᠠ )᠃      ( ᠲᠦᠷᠪᠡ ) ᠫᠧᠩ ᠰᠠᠷᠠᠪᠴᠢ ᠲᠦᠷᠢᠶᠡᠰᠦᠯᠡᠬᠦ ᠵᠠᠷᠤᠳᠠᠯ᠃ ᠣᠳᠣ ᠰᠤᠯᠠ ᠲᠠᠯᠪᠢᠵᠤ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢ ᠲᠦᠷᠢᠶᠡᠰᠦᠯᠡᠵᠦ᠂ ᠥᠭᠡᠷᠡᠴᠢᠯᠡᠭᠰᠡᠨ ᠤ ᠳᠠᠷᠠᠭ᠎ᠠ ᠲᠡᠵᠢᠭᠡᠨ ᠠᠷᠠᠴᠢᠯᠠᠭᠰᠠᠨ ᠬᠡᠮᠵᠢᠶ᠎ᠡ ᠨᠢ 10000 ᠦᠳᠤ ᠠᠴᠠ ᠳᠡᠭᠡᠭᠰᠢ ᠪᠠᠶᠢᠪᠠᠯ ᠫᠧᠩ ᠰᠠᠷᠠᠪᠴᠢ ᠲᠦᠷᠢᠶᠡᠰᠦᠯᠡᠬᠦ ᠵᠠᠷᠤᠳᠠᠯ ᠤᠨ ᠨᠥᠬᠦᠪᠥᠷᠢ ᠣᠯᠭᠤᠨ᠎ᠠ᠂ ᠨᠥᠬᠦᠪᠥᠷᠢ ᠥᠭᠬᠦ ᠪᠠᠷᠢᠮᠵᠢᠶ᠎ᠠ ᠨᠢ᠄ ᠲᠦᠷᠢᠶᠡᠰᠦᠯᠡᠭᠰᠡᠨ ᠫᠧᠩ ᠰᠠᠷᠠᠪᠴᠢ ᠨᠢ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠦᠷᠢᠶᠡᠰᠦᠯᠡᠬᠦ ᠵᠠᠷᠤᠳᠠᠯ ᠤᠨ ᠬᠠᠭᠠᠰ ᠢᠶᠠᠷ ᠨᠥᠬᠦᠪᠥᠷᠢ ᠥᠭᠴᠦ᠂ ᠲᠡᠭᠰᠢ ᠳᠥᠷᠪᠡᠯᠵᠢᠨ ᠮᠧᠲᠷ ᠪᠦᠷᠢ ᠳᠤ 7.5 ᠲᠥᠭᠦᠷᠢᠭ ᠠᠴᠠ ᠳᠠᠪᠠᠭᠤᠯᠬᠤ ᠥᠬᠡᠶ᠃      ᠭᠤᠷᠪᠠ᠂ ᠨᠥᠬᠦᠪᠥᠷᠢ ᠥᠭᠬᠦ ᠳᠡᠰ ᠳᠠᠷᠠᠭᠠᠯᠠᠯ      ︵ᠨᠢᠭᠡ︶ ᠶᠠᠳᠠᠭᠤ ᠬᠦᠴᠢᠷᠳᠡᠯᠲᠡᠶ ᠡᠷᠦᠬᠡ᠃ ᠵᠣᠭᠤᠰ ᠲᠤᠰᠢᠶᠠᠭᠰᠠᠨ ᠭᠡᠷᠡᠴᠢ ᠪᠠᠷᠢᠮᠲᠠ᠂ ᠭᠡᠷ᠎ᠡ ᠪᠣᠯᠤᠨ ᠭᠠᠯᠠᠭᠤ ᠶᠢᠨ ᠴᠢᠬᠢ ᠶᠢ ᠠᠪᠬᠤ ᠬᠠᠭᠤᠳᠠᠰᠤ ᠪᠠᠷ ᠭᠠᠴᠠᠭᠠᠨ ᠤ ᠠᠷᠠᠳ ᠤᠨ ᠵᠥᠪᠯᠡᠯ ᠳᠤ ᠨᠥᠬᠦᠪᠥᠷᠢ ᠥᠭᠬᠦ ᠭᠤᠶᠤᠴᠢᠯᠠᠯ ᠭᠠᠷᠭᠠᠵᠤ᠂ ᠭᠠᠴᠠᠭᠠᠨ ᠤ ᠠᠷᠠᠳ ᠤᠨ ᠵᠥᠪᠯᠡᠯ ᠨᠢ ᠶᠠᠳᠠᠭᠤ ᠬᠦᠴᠢᠷᠳᠡᠯᠲᠡᠶ ᠡᠷᠦᠬᠡ ᠶᠢᠨ ᠭᠤᠶᠤᠴᠢᠯᠠᠯ ᠢ ᠦᠨᠳᠦᠰᠦᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠰᠤᠮᠤ ᠭᠠᠴᠠᠭᠠᠨ ᠤ ᠬᠤᠶᠠᠷ ᠱᠠᠲᠤᠨ ᠠᠴᠠ ᠬᠢᠨᠠᠨ ᠵᠥᠪᠰᠢᠶᠡᠷᠡᠭᠦᠯᠬᠦ ᠶᠢᠨ ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠶᠠᠳᠠᠭᠤ ᠬᠦᠴᠢᠷᠳᠡᠯᠲᠡᠶ ᠡᠷᠦᠬᠡ ᠭᠠᠷ ᠤᠨ ᠦᠰᠦᠭ ᠵᠢᠷᠤᠵᠤ 《 ᠪᠦᠬᠦᠨ ᠳᠤ ᠲᠣᠬᠢᠷᠠᠬᠤ ᠺᠠᠷᠲ 》 ᠢᠶᠠᠷ ᠳᠠᠮᠵᠢᠭᠤᠯᠤᠨ ᠨᠥᠬᠦᠪᠥᠷᠢ ᠥᠭᠴᠦ᠂ ᠨᠥᠬᠦᠪᠥᠷᠢ ᠪᠡᠯᠡ ᠮᠥᠩᠭᠦ ᠶᠢ 《 ᠲᠣᠪᠶᠤᠭ ᠮᠠᠶ᠋ᠢᠭ 》 ᠤᠨ ᠠᠵᠤ ᠦᠢᠯᠡᠰ ᠤᠨ ᠲᠡᠳᠬᠦᠨ ᠳᠡᠮᠵᠢᠬᠦ ᠪᠡᠯᠡ ᠮᠥᠩᠭᠦ ᠪᠠᠷ ᠰᠢᠶᠳᠪᠦᠷᠢᠯᠡᠨ᠎ᠡ᠃      ( ᠬᠤᠶᠠᠷ ) ᠡᠩ ᠤᠨ ᠲᠠᠷᠢᠶᠠᠴᠢᠨ ᠡᠷᠦᠬᠡ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠲᠠᠷᠢᠵᠤ ᠲᠡᠵᠢᠭᠡᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠭᠤᠤᠯ ᠴᠣᠭᠴᠠ᠃ ᠲᠤᠰᠢᠶᠠᠬᠤ ᠭᠡᠷᠡᠴᠢ ᠪᠠᠷᠢᠮᠲᠠ᠂ ᠭᠡᠷ᠎ᠡ ᠪᠠ ᠭᠠᠯᠠᠭᠤ ᠶᠢᠨ ᠴᠢᠬᠢ ᠠᠪᠬᠤ ᠬᠠᠭᠤᠳᠠᠰᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠫᠧᠩ ᠰᠠᠷᠠᠪᠴᠢ ᠲᠦᠷᠢᠶᠡᠰᠦᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢ ᠭᠠᠷᠭᠠᠵᠤ ᠥᠭᠭᠦᠭᠰᠡᠨ ᠭᠠᠴᠠᠭᠠᠨ ᠤ ᠠᠷᠠᠳ ᠤᠨ ᠵᠥᠪᠯᠡᠯ ᠳᠤ ᠨᠥᠬᠦᠪᠥᠷᠢ ᠥᠭᠬᠦ ᠭᠤᠶᠤᠴᠢᠯᠠᠯ ᠭᠠᠷᠭᠠᠵᠤ᠂ ᠭᠠᠴᠠᠭᠠᠨ ᠤ ᠠᠷᠠᠳ ᠤᠨ ᠵᠥᠪᠯᠡᠯ ᠬᠤᠷᠢᠶᠠᠩᠭᠤᠶᠢᠯᠠᠭᠰᠠᠨ ᠤ ᠳᠠᠷᠠᠭ᠎ᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠮᠠᠭᠠᠳᠯᠠᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠨᠤᠲᠠᠯᠠᠭᠤᠯᠤᠭᠰᠠᠨ ᠤ ᠳᠠᠷᠠᠭ᠎ᠠ ᠨᠥᠬᠦᠪᠥᠷᠢ ᠥᠭᠭᠦᠨ᠎ᠡ᠃      ᠲᠦᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠭᠠᠯᠠᠭᠤ ᠶᠢᠨ ᠠᠵᠤ ᠦᠢᠯᠡᠰ ᠤᠨ ᠲᠥᠷᠥᠯ ᠵᠦᠶᠯ ᠢ ᠭᠦᠨᠵᠡᠭᠡᠶ ᠠᠬᠢᠭᠤᠯᠬᠤ ᠶᠢᠨ ᠲᠤᠰᠠᠳᠠ᠂ ᠲᠥᠷᠥᠯ ᠵᠦᠶᠯ ᠢ ᠠᠬᠢᠭᠤᠯᠬᠤ ᠲᠤᠭᠤᠶᠢᠯᠠᠩ ᠢ ᠪᠠᠶᠢᠭᠤᠯᠵᠤ᠂ ᠠᠯᠪᠠᠨ ᠭᠡᠷ ᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠵᠤ᠂ ᠡᠳᠦᠷ ᠲᠣᠲᠤᠮ ᠤᠨ ᠠᠵᠢᠯ ᠶᠠᠪᠤᠳᠠᠯ ᠢ ᠬᠠᠷᠢᠭᠤᠴᠠᠭᠤᠯᠤᠨ᠎ᠠ᠃ ᠡᠯ᠎ᠡ ᠰᠢᠶᠠᠩ ᠪᠠᠯᠭᠠᠰᠤ ᠴᠤ ᠵᠣᠬᠢᠴᠠᠩᠭᠤᠶ ᠵᠣᠬᠢᠶᠠᠨ ᠪᠠᠶᠢᠭᠤᠯᠤᠯᠲᠠ ᠪᠠᠶᠢᠭᠤᠯᠵᠤ᠂ ᠲᠥᠷᠥᠯ ᠵᠦᠶᠯ ᠤᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠲᠣᠰᠬᠤᠨ ᠤ 《 ᠬᠤᠶᠠᠷ ᠵᠥᠪᠯᠡᠯ 》 ᠤᠨ ᠪᠠᠭ ᠤᠨ ᠪᠦᠷᠢᠯᠳᠦᠬᠦᠨ ᠤ ᠲᠦᠷᠦᠭᠦᠯᠡᠨ ᠵᠢᠱᠢᠶ᠎ᠡ ᠦᠵᠡᠭᠦᠯᠦᠨ ᠭᠠᠯᠠᠭᠤ ᠲᠡᠵᠢᠭᠡᠵᠦ᠂ ᠶᠠᠳᠠᠭᠤ ᠬᠦᠴᠢᠷᠳᠡᠯᠲᠡᠶ ᠪᠤᠰᠤ ᠡᠷᠦᠬᠡ ᠪᠤᠶᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠣᠯᠭᠤᠮᠵᠢ ᠶᠢ ᠬᠦᠷᠲᠡᠬᠦ ᠶᠢ ᠵᠣᠷᠢᠭᠵᠢᠭᠤᠯᠬᠤ ᠬᠡᠷᠡᠭᠲᠡᠶ᠃      ︵ᠬᠤᠶᠠᠷ︶ ᠵᠠᠬᠢᠶᠠᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ᠎ᠡ ᠲᠣᠭᠲᠠᠭᠠᠬᠤ ᠶᠢ ᠲᠦᠯᠬᠢᠨ ᠠᠬᠢᠭᠤᠯᠵᠤ᠂ ᠭᠡᠷ᠎ᠡ ᠶᠢᠨ ᠡᠯ᠎ᠡ ᠲᠠᠯ᠎ᠠ ᠶᠢᠨ ᠬᠢᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠭᠡᠷ᠎ᠡ ᠶᠢᠨ ᠦᠵᠡᠯ ᠤᠬᠠᠮᠰᠠᠷ ᠢ ᠴᠢᠩᠭᠠᠳᠬᠠᠵᠤ᠂ ᠠᠰᠢᠭ ᠲᠤᠰᠠ ᠶᠢᠨ ᠬᠤᠯᠪᠣᠭ᠎ᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠵᠣᠬᠢᠴᠠᠭᠤᠯᠤᠨ ᠰᠢᠶᠳᠪᠦᠷᠢᠯᠡᠵᠦ᠂ ᠬᠤᠶᠠᠷ ᠲᠠᠯ᠎ᠠ ᠶᠢᠨ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠨ᠎ᠠ᠃ ᠶᠠᠳᠠᠭᠤ ᠬᠦᠴᠢᠷᠳᠡᠯᠲᠡᠶ ᠡᠷᠦᠬᠡ ᠬᠡᠷᠪᠡ ᠲᠡᠵᠢᠭᠡᠨ ᠦᠷᠡᠵᠢᠭᠦᠯᠬᠦ ᠲᠠᠯᠠᠪᠤᠷ ᠦᠭᠡᠢ ᠪᠤᠶᠤ ᠲᠡᠵᠢᠭᠡᠨ ᠦᠷᠡᠵᠢᠭᠦᠯᠬᠦ ᠨᠥᠬᠦᠴᠡᠯ ᠳᠤ ᠬᠦᠷᠬᠦ ᠦᠭᠡᠢ ᠪᠣᠯᠪᠠᠴᠤ ᠲᠡᠵᠢᠭᠡᠨ ᠦᠷᠡᠵᠢᠭᠦᠯᠬᠦ ᠬᠦᠰᠡᠯ ᠡᠷᠡᠮᠡᠯᠵᠡᠯ ᠲᠠᠢ ᠪᠣᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠲᠠᠷᠢᠵᠤ ᠲᠡᠵᠢᠭᠡᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠭᠤᠤᠯ ᠴᠣᠭᠴᠠ ᠳᠤ ᠨᠠᠶᠢᠳᠠᠵᠤ ᠲᠡᠵᠢᠭᠡᠯᠭᠡᠬᠦ ᠪᠤᠶᠤ ᠨᠠᠶᠢᠳᠠᠵᠤ ᠲᠡᠵᠢᠭᠡᠯᠭᠡᠭᠡᠳ᠂ ᠠᠰᠢᠭ ᠣᠯᠵᠠᠪᠤᠷᠢ ᠣᠯᠬᠤ ᠶᠢ ᠵᠣᠷᠢᠭᠵᠢᠭᠤᠯᠬᠤ ᠬᠡᠷᠡᠭᠲᠡᠶ᠃      ( ᠭᠤᠷᠪᠠ ) ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠂ ᠬᠠᠪᠰᠤᠷᠤᠨ ᠲᠡᠳᠬᠦᠬᠦ ᠨᠢᠭᠡᠴᠢ᠂ ᠲᠣᠰᠬᠤᠨ ᠳᠤ ᠰᠠᠭᠤᠭ᠎ᠠ ᠭᠠᠴᠠᠭ᠎ᠠ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠭᠴᠢ ᠨᠢ ᠠᠶᠢᠯ ᠡᠷᠦᠬᠡ ᠳᠤ ᠥᠷᠭᠡᠨ ᠢᠶᠠᠷ ᠭᠦᠨᠵᠡᠭᠡᠶᠢᠷᠡᠨ ᠤᠬᠠᠭᠤᠯᠭ᠎ᠠ ᠬᠢᠵᠦ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠵᠢᠭᠡᠨ ᠦᠷᠡᠵᠢᠭᠦᠯᠬᠦ ᠲᠥᠯᠥᠪᠵᠢᠭᠦᠯᠪᠡ ᠲᠣᠭᠲᠠᠭᠠᠵᠤ᠂ ᠶᠠᠳᠠᠭᠤ ᠬᠦᠴᠢᠷᠳᠡᠯᠲᠡᠶ ᠡᠷᠦᠬᠡ  ᠶᠢᠨ ᠲᠡᠵᠢᠭᠡᠨ ᠦᠷᠡᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠢ ᠰᠢᠶᠳᠪᠦᠷᠢᠯᠡᠬᠦ ᠬᠡᠷᠡᠭᠲᠡᠶ᠃                                        2019 ᠣᠨ ᠤ 7 ᠰᠠᠷ᠎ᠠ ᠶᠢᠨ 4 ᠤ ᠡᠳᠦᠷ                                                       ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2