ᠤᠳᠤ ᠶᠠᠭ ᠰᠠᠶᠢᠬᠠᠨ ᠰᠢᠨ᠎ᠡ ᠰᠣᠷᠭᠤᠭ ᠡᠷᠳᠡᠨᠢ ᠰᠢᠰᠢ ᠶᠡᠬᠡᠪᠡᠷ ᠵᠠᠬ᠎ᠠ ᠳᠡᠯᠭᠡᠭᠦᠷ ᠲᠤ ᠭᠠᠷᠴᠤ᠂ ᠠᠮᠳᠠᠳᠤ | ᠵᠥᠭᠡᠯᠡᠨ ᠡᠷᠳᠡᠨᠢ ᠰᠢᠰᠢ ᠶᠢᠨ ᠠᠩᠬᠢᠯᠤᠮ᠎ᠠ ᠦᠨᠦᠷ ᠬᠠᠨᠭ᠍ᠬᠤᠯᠵᠤ᠂ ᠬᠥᠮᠦᠨ ᠤ ᠢᠳᠡᠰᠢᠨ ᠲᠤᠷᠠᠰᠢᠯ ᠢ ᠬᠦᠳᠡᠯᠭᠡᠨ᠎ᠡ᠃ | ᠡᠷᠳᠡᠨᠢ ᠰᠢᠰᠢ ᠶᠢ ᠠᠮᠠ ᠠᠮᠠ ᠪᠠᠷ ᠢᠳᠡᠬᠦ ᠳᠤ ᠦᠨᠡᠭᠡᠷ ᠰᠠᠨᠠᠭᠠᠨ ᠳᠠᠭᠠᠨ ᠬᠦᠷᠳᠡᠭ ᠪᠢᠯᠡ᠂ ᠭᠡᠪᠡᠴᠦ ᠵᠠᠷᠢᠮ ᠬᠥᠮᠦᠨ | ᠡᠷᠳᠡᠨᠢ ᠰᠢᠰᠢ ᠢᠳᠡᠬᠦ ᠳᠡᠭᠡᠨ ᠠᠳᠡ ᠲᠡᠨᠳᠡ ᠠᠴᠠ ᠨᠢ ᠮᠠᠷᠠᠵᠤ᠂ ᠡᠷᠳᠡᠨᠢ ᠰᠢᠰᠢ ᠶᠢᠨ ᠡᠰᠢᠨ ᠳᠤᠨᠢ ᠮᠠᠰᠢ ᠣᠯᠠᠨ | ᠰᠢᠷᠠᠪᠲᠤᠷ ᠵᠢᠵᠢᠭ ᠨᠠᠬᠢᠶ᠎ᠠ ᠶᠢ ᠦᠯᠡᠳᠡᠭᠡᠳᠡᠭ᠃ ᠡᠳᠡᠭᠡᠷ ᠰᠦᠢᠳᠭᠡᠭᠳᠡᠭᠰᠡᠨ ᠵᠢᠵᠢᠭ ᠨᠠᠬᠢᠶ᠎ᠠ ᠨᠢ ᠦᠨᠡᠨᠳᠡᠭᠡᠨ ᠡᠷᠳᠡᠨᠢ | ᠰᠢᠰᠢ ᠶᠢᠨ ᠬᠠᠮᠤᠭ ᠤᠨ ᠰᠢᠮ᠎ᠡ ᠲᠡᠵᠢᠭᠡᠯ ᠲᠠᠢ ᠨᠠᠬᠢᠶ᠎ᠠ — ᠬᠦᠪᠦᠷᠡᠯ ᠤᠨ ᠨᠠᠬᠢᠶ᠎ᠠ ᠪᠣᠯᠬᠤ ᠶᠤᠮ᠃ | ᠡᠷᠳᠡᠨᠢ ᠰᠢᠰᠢ ᠶᠢᠨ ᠬᠦᠪᠦᠷᠡᠯ ᠤᠨ ᠨᠠᠬᠢᠶ᠎ᠠ ᠪᠣᠯ ᠡᠷᠳᠡᠨᠢ ᠰᠢᠰᠢ ᠶᠢᠨ ᠮᠥᠬᠦᠯᠢᠭ ᠤᠨ ᠳᠣᠲᠣᠷᠠᠬᠢ ᠬᠠᠮᠤᠭ ᠤᠨ | ᠰᠢᠮ᠎ᠡ ᠲᠡᠵᠢᠭᠡᠯ ᠲᠠᠢ ᠬᠡᠰᠡᠭ ᠪᠤᠯᠬᠤ ᠪᠦᠭᠡᠳ ᠡᠷᠳᠡᠨᠢ ᠰᠢᠰᠢ ᠶᠢᠨ ᠥᠰᠥᠯᠲᠡ ᠪᠠ ᠪᠤᠶᠢᠵᠢᠯᠲᠠ ᠶᠢᠨ ᠡᠬᠢᠯᠡᠯᠲᠡ ᠪᠣᠯᠤᠨ᠎ᠠ᠃ | ᠬᠡᠳᠦ᠋ᠢᠪᠡᠷ ᠲᠡᠭᠦᠨ ᠤ ᠬᠠᠷᠢᠴᠠᠯ ᠤᠨ ᠬᠡᠮᠵᠢᠶ᠎ᠡ ᠨᠢ ᠵᠥᠪᠬᠡᠨ ᠡᠷᠳᠡᠨᠢ ᠰᠢᠰᠢ ᠶᠢᠨ ᠮᠥᠬᠦᠯᠢᠭ ᠤᠨ 11 % ~ 14 | % ᠶᠢ ᠡᠵᠡᠯᠡᠳᠡᠭ ᠪᠤᠯᠪᠠᠴᠤ ᠲᠡᠭᠦᠨ ᠤ ᠥᠭᠡᠬᠦ ᠨᠢ ᠶᠡᠷᠦᠩᠬᠡᠶ ᠮᠥᠬᠦᠯᠢᠭ ᠤᠨ ᠲᠤᠳᠤᠷ᠎ᠠ 84 % ᠶᠢ ᠡᠵᠡᠯᠡᠵᠦ᠂ | ᠤᠭᠤᠷᠠᠭ ᠨᠢ 22% ᠢ ᠡᠵᠡᠯᠡᠵᠦ᠂ ᠡᠷᠦᠳᠡᠰᠦᠨ ᠪᠣᠳᠠᠰ ᠨᠢ 83 % ᠶᠢ ᠡᠵᠡᠯᠡᠵᠦ ᠪᠠᠶᠢᠳᠠᠭ᠃ ᠣᠯᠠᠨ ᠤ ᠮᠡᠳᠡᠳᠡᠭ | ᠡᠷᠳᠡᠨᠢ ᠰᠢᠰᠢ ᠶᠢᠨ ᠬᠦᠪᠦᠷᠡᠯ ᠤᠨ ᠨᠠᠬᠢᠶᠠᠨ ᠤ ᠲᠣᠰᠣ ᠪᠣᠯ ᠳᠠᠷᠤᠶ ᠡᠷᠳᠡᠨᠢ ᠰᠢᠰᠢ ᠶᠢᠨ ᠬᠦᠪᠦᠷᠡᠯ ᠤᠨ ᠨᠠᠬᠢᠶ᠎ᠠ ᠠᠴᠠ | ᠪᠣᠯᠪᠠᠰᠤᠷᠠᠭᠤᠯᠤᠨ ᠭᠠᠷᠭᠠᠭᠰᠠᠨ ᠶᠤᠮ᠃ | ᠡᠷᠳᠡᠨᠢ ᠰᠢᠰᠢ ᠶᠢᠨ ᠬᠦᠪᠦᠷᠡᠯ ᠤᠨ ᠨᠠᠬᠢᠶ᠎ᠠ ᠳᠤ ᠲᠣᠰᠣᠨ ᠬᠦᠴᠢᠯ ᠪᠠ ᠳᠤᠲᠠᠭᠤ ᠲᠣᠰᠣᠨ ᠬᠦᠴᠢᠯ ᠡᠯᠪᠡᠭ | ᠠᠭᠤᠯᠤᠭᠳᠠᠵᠦ ᠪᠤᠢ᠂ ᠲᠡᠷᠡ ᠨᠢ ᠴᠢᠰᠦᠨ ᠲᠤᠩᠭᠠᠯᠠᠭ ᠤᠨ ᠺᠤᠯᠧᠰᠳ᠋ᠷᠤᠯ ᠢ ᠪᠠᠭᠤᠷᠠᠭᠤᠯᠬᠤ᠂ ᠢᠰᠦᠯᠳᠦᠬᠦ ᠶᠢ ᠡᠰᠡᠷᠭᠦᠴᠡᠬᠦ᠂ | ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ᠃ ᠡᠭᠦᠨ ᠤ ᠬᠠᠮᠲᠤ ᠲᠡᠷᠡ ᠨᠢ ᠪᠠᠰᠠ ᠥᠭᠡᠬᠦᠨ | ᠳ᠋ᠤ᠋ ᠠᠭᠤᠰᠬᠤ ᠴᠢᠨᠠᠷᠲᠠᠶ ᠸᠢᠲ᠋ᠠᠮᠢᠨ E᠂ ᠥᠨᠳᠡᠭᠡᠨ ᠹᠣᠰᠹᠣᠷᠲᠤ ᠥᠭᠡᠬᠦ ᠪᠣᠯᠤᠨ ᠤᠷᠭᠤᠮᠠᠯ ᠤᠨ ᠭᠤᠨᠠᠨ ᠠᠯᠺᠣᠣᠯ ᠤᠨ | ᠡᠷᠳᠡᠨᠢᠰ ᠤᠨ ᠰᠠᠩ ᠪᠣᠯᠤᠨ᠎ᠠ᠃ ᠡᠷᠳᠡᠨᠢ ᠰᠢᠰᠢ ᠶᠢᠨ ᠬᠦᠪᠦᠷᠡᠯ ᠤᠨ ᠨᠠᠬᠢᠶ᠎ᠠ ᠳᠤ ᠠᠮᠢᠨᠤ᠋ ᠬᠦᠴᠢᠯ ᠤᠨ ᠲᠥᠷᠦᠯ ᠵᠦᠢᠯ | ᠪᠦᠷᠢᠨ ᠭᠦᠢᠴᠡᠳ ᠪᠠᠶᠢᠵᠤ᠂ ᠠᠭᠤᠯᠤᠭᠳᠠᠴᠠ ᠨᠢ ᠬᠠᠷᠢᠴᠠᠩᠭᠤᠢ ᠪᠠᠷ ᠲᠡᠩᠴᠡᠭᠦᠷᠢᠲᠡᠢ ᠪᠠᠶᠢᠳᠠᠭ᠃ ᠡᠷᠳᠡᠨᠢ ᠰᠢᠰᠢ ᠶᠢᠨ | ᠬᠦᠪᠦᠷᠡᠯ ᠤᠨ ᠨᠠᠬᠢᠶ᠎ᠠ ᠳᠤ ᠪᠠᠰᠠ ᠠᠵᠢᠯᠯᠠᠭ᠎ᠠ ᠶᠢᠨ ᠴᠢᠨᠠᠷᠳᠠᠢ ᠨᠥᠯᠥᠭᠡᠯᠡᠭᠴᠢ γ — ᠪᠦᠲ᠋ᠢᠯ ᠬᠦᠴᠢᠯ ᠪᠠ ᠭᠯᠥ᠋ᠲ᠋ᠠᠨᠢᠨ | ᠠᠭᠤᠯᠤᠭᠳᠠᠵᠤ᠂ ᠥᠭᠡᠬᠦᠨ ᠪᠣᠳᠠᠰ ᠤᠨ ᠰᠣᠯᠢᠯᠴᠠᠭ᠎ᠠ ᠶᠢ ᠰᠠᠶᠢᠵᠢᠷᠠᠭᠤᠯᠬᠤ᠂ ᠯᠤᠬᠰᠢᠭᠤᠨ ᠰᠤᠳᠠᠯ ᠤᠨ ᠬᠠᠳᠠᠭᠤᠷᠠᠯ ᠢ | ᠪᠠᠭᠤᠷᠠᠭᠤᠯᠬᠤ᠂ ᠡᠯᠢᠭᠡ ᠶᠢ ᠬᠠᠮᠠᠭᠠᠯᠠᠬᠤ ᠵᠡᠷᠭᠡ ᠲᠠᠯ᠎ᠠ ᠪᠠᠷ ᠢᠯᠡᠳᠲᠡ ᠦᠢᠯᠡᠳᠦᠯ ᠲᠠᠢ ᠪᠠᠶᠢᠳᠠᠭ᠃ ᠢᠳᠡᠭᠡᠨ ᠤ | ᠰᠢᠷᠬᠡᠭᠯᠢᠭ ᠡᠳ᠋ ᠡᠷᠳᠡᠨᠢ ᠰᠢᠰᠢ ᠶᠢᠨ ᠬᠦᠪᠦᠷᠡᠯ ᠤᠨ ᠨᠠᠬᠢᠶ᠎ᠠ ᠳᠣᠲᠣᠷ᠎ᠠ 9 % ᠶᠢ ᠡᠵᠡᠯᠡᠵᠦ᠂ ᠬᠡᠳᠡᠰᠦᠨ ᠤ ᠡᠷᠡᠭᠦᠯ | ᠮᠡᠨᠳᠦ ᠶᠢ ᠪᠠᠲᠤᠯᠠᠬᠤ᠂ ᠬᠤᠷᠭᠤᠰᠣᠯᠠᠬᠤ ᠶᠢ ᠨᠠᠮᠳᠠᠭᠤᠯᠬᠤ᠂ ᠴᠢᠰᠤᠨ ᠰᠢᠬᠢᠷ ᠢ ᠪᠠᠭᠤᠷᠠᠭᠤᠯᠬᠤ ᠵᠡᠷᠭᠡ ᠳᠤ ᠪᠦᠷ ᠲᠤᠰᠠᠳᠠᠢ | ᠪᠠᠶᠢᠳᠠᠭ᠃ | ᠡᠶᠢᠮᠦ ᠠᠴᠠ᠂ ᠣᠯᠠᠨ ᠢᠶᠠᠷ ᠢᠶᠠᠨ ᠡᠷᠳᠡᠨᠢ ᠰᠢᠰᠢ ᠢᠳᠡᠬᠦ ᠳᠤ ᠨᠠᠷᠢᠨ ᠵᠠᠵᠢᠯᠵᠤ᠂ ᠡᠷᠳᠡᠨᠢ ᠰᠢᠰᠢ ᠶᠢᠨ ᠮᠥᠬᠦᠯᠢᠭ ᠢ | ᠬᠡᠮᠬᠡᠷᠡᠲᠡᠯ᠎ᠡ ᠵᠠᠵᠢᠯᠵᠤ᠂ ᠬᠦᠪᠦᠷᠡᠯ ᠤᠨ ᠨᠠᠬᠢᠶ᠎ᠠ ᠶᠢ ᠨᠢ ᠪᠦᠷ ᠢᠳᠡᠵᠦ᠂ ᠰᠢᠮ᠎ᠡ ᠲᠡᠵᠢᠭᠡᠯ ᠲᠠᠢ ᠵᠦᠢᠯ ᠢ ᠨᠢ ᠴᠥᠮ ᠢᠳᠡᠬᠦ | ᠬᠡᠷᠡᠭᠳᠡᠢ᠃ | | | ᠪᠠᠭᠤᠯᠭᠠᠭᠰᠠᠨ ᠨᠢ᠄ ᠰᠠᠷᠠᠭᠤᠯ |