2019 ᠣᠨ ᠤ ᠳᠡᠭᠡᠷ᠎ᠡ ᠬᠠᠭᠠᠰ ᠵᠢᠯ ᠤᠨ ᠱᠠᠩᠳᠤ ᠰᠢᠶᠠᠨ ᠤ ᠠᠵᠤ ᠠᠬᠤᠢ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ ᠲᠣᠭᠲᠠᠭᠤᠨ ᠪᠠᠶᠢᠬᠤ ᠶᠢᠨ ᠵᠡᠷᠭᠡ  ᠳᠤ ᠤᠷᠤᠭᠰᠢᠯᠠᠬᠤ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2019-08-27
     ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠲᠤᠭ᠎ᠠ ᠪᠠᠷᠢᠮᠲᠠ  ᠶᠢᠨ ᠬᠠᠷᠢᠭᠤ ᠲᠤᠰᠬᠠᠯ ᠢ ᠦᠨᠳᠦᠰᠦᠯᠡᠪᠡᠯ᠄ ᠪᠦᠬᠦ ᠰᠢᠶᠠᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠠᠷᠤᠩᠬᠡᠢ ᠦᠷᠳᠡᠭ ︵GDP︶ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 1.0 % ᠨᠡᠮᠡᠭᠳᠡᠪᠡ︔ ᠬᠤᠶᠠᠳᠤᠭᠠᠷ ᠠᠵᠤ ᠦᠶᠯᠡᠰ ᠠᠳᠠᠯᠢ ᠬᠤᠭᠤᠴᠠᠭᠠᠨ ᠤ ᠬᠢ  ᠠᠴᠠ 6.8 % ᠨᠡᠮᠡᠭᠳᠡᠪᠡ︔ ᠭᠤᠷᠪᠠᠳᠤᠭᠠᠷ ᠠᠵᠤ ᠦᠶᠯᠡᠰ ᠠᠳᠠᠯᠢ ᠬᠤᠭᠤᠴᠠᠭᠠᠨ ᠤ ᠬᠢ ᠠᠴᠠ 3.9 % ᠨᠡᠮᠡᠭᠳᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 12.6 % ᠪᠣᠯᠪᠠ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ — 15.9 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ 19.83 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.4 % ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 0.99 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ — 2.2 % ᠢᠶᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14167 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9 % ᠪᠠᠷ ᠨᠡᠮᠡᠭᠳᠡᠪᠡ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 3350 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1 % ᠨᠡᠮᠡᠭᠳᠡᠪᠡ᠃                                                     ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2